ᠵᠠᠯᠠᠭᠤᠴᠤᠳ᠎ᠤᠨ ᠯᠧᠺᠲ᠋ᠣᠷ᠎ᠤᠨ ᠪᠦᠯᠬᠦᠮ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠡᠢ
2023-02-22 11:05:29
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

2023 ᠣᠨ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶ᠋ᠢᠨ ᠤᠨ ᠮᠥᠨ᠃ ᠱᠢᠨ᠎ᠡ ᠠᠶᠠᠨ ᠳ᠋ᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠵᠢ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠪᠠᠢᠭᠤᠯᠤᠯᠲᠠ᠎ᠲᠡᠶ ᠤᠶᠠᠯᠳᠤᠭᠤᠯᠬᠤ ᠱᠠᠭᠠᠷᠳᠠᠯᠭ᠎ᠠ ᠶᠤᠰᠤᠭᠠᠷ᠂ ᠲᠦᠷᠦᠬᠦᠬᠡᠨ᠂ ᠣᠷᠣᠨ᠎ᠤ ᠲᠥᠪ᠎ᠦᠨ ᠵᠠᠯᠠᠭᠤᠴᠤᠳ᠎ᠤᠨ ᠯᠧᠺᠲ᠋ᠣᠷ᠎ᠤᠨ  ᠪᠦᠯᠬᠦᠮ ᠬᠦᠬᠡᠬᠤᠳᠠ ᠵᠢᠨ ᠱᠢᠨ᠎ᠡ ᠬᠤᠳᠠ ᠲᠣᠭᠣᠷᠢᠭ᠎ᠤᠨ  ᠱᠢᠨ᠎ᠡ  ᠴᠠᠭ  ᠦᠶ᠎ᠡ᠎ᠶ᠋ᠢᠨ  ᠪᠣᠯᠪᠠᠰᠤᠨ᠎ᠤ   ᠦᠢᠯᠡᠳᠦᠯᠭᠡ᠎ᠶ᠋ᠢᠨ ᠭᠠᠵᠠᠷ᠎ᠲᠤ ᠬᠦᠷᠴᠤ᠂ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠤᠷᠢᠬ ᠰᠠᠨᠠᠭ᠎ᠠ ᠵᠢ ᠰᠤᠷᠤᠯᠴᠠᠵᠦ᠍ ᠡᠭᠦᠷᠢᠳᠡ ᠨᠠᠮ᠎ᠢᠶᠠᠨ ᠳᠠᠭᠠᠵᠤ ᠰᠢᠨ᠎ᠡ ᠠᠶᠠᠨ ᠳ᠋ᠦ ᠡᠷᠡᠮᠡᠬᠡᠢᠯᠡᠨ ᠤᠷᠤᠬᠰᠢᠯᠠᠶ᠎ᠠ》 ᠬᠡᠬᠦ  ᠭᠤᠤᠯ ᠰᠡᠳᠦᠪᠲᠤ ᠤᠬᠠᠭᠤᠯᠤᠨ ᠲᠠᠢᠯᠪᠤᠷᠢᠯᠠᠯᠲᠠ ᠬᠢᠵᠡᠢ᠃

ᠠᠵᠢᠯᠯᠠᠭ᠎ᠠ᠎ᠵᠢᠨ ᠲᠤᠬᠠᠢ ᠵᠢᠨ ᠲᠠᠯᠠᠪᠠᠢ ᠳ᠋ᠦ᠂ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠵᠢᠨ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ》 ᠵᠠᠯᠠᠭᠤᠴᠤᠳ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠤᠷᠤᠨ᠎ᠤ ᠲᠥᠪ᠎ᠦᠨ ᠵᠠᠯᠠᠭᠤᠴᠤᠳ᠎ᠤᠨ ᠯᠧᠺᠲ᠋ᠣᠷ᠎ᠤᠨ ᠪᠦᠯᠬᠦᠮ᠎ᠦᠨ ᠪᠦᠷᠢᠯᠳᠦᠬᠦᠨ᠂ ᠬᠦᠬᠡᠬᠤᠳᠠ ᠵᠢᠨ ᠴᠢᠩ ᠱᠦᠢ ᠾᠧ ᠱᠢᠶᠠᠨ᠎ᠤ ᠨᠠᠮ᠎ᠤᠨ ᠬᠣᠷᠢᠢ᠎ᠠ᠎ᠶ᠋ᠢᠨ ᠨᠠᠮ᠎ᠤᠨ ᠰᠤᠷᠭᠠᠭᠤᠯᠢ᠎ᠶ᠋ᠢᠨ ᠪᠠᠭ᠍ᠰᠢ ᠵᠠᠩ ᠵᠢᠶᠠ ᠯᠢᠩ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠶ᠎ᠠ·᠎ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ》 ᠭᠡᠬᠦ ᠭᠤᠤᠯ ᠰᠡᠳᠦᠪ ᠎ᠢᠶᠡᠷ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠂ ᠱᠢᠨ᠎ᠡ ᠴᠠᠭ ᠦᠶ᠎ᠡ᠎ᠶ᠋ᠢᠨ ᠬᠥᠭ᠌ᠵᠢᠯᠲᠡ ᠪᠠ ᠦᠨᠳᠦᠰᠦᠨ ᠱᠠᠲᠤᠨ᠎ᠤ ᠠᠵᠢᠯ᠎ᠤᠨ ᠤᠨᠴᠠᠯᠢᠬ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠬᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠭᠣᠣᠯ ᠰᠡᠳᠦᠪ ᠪᠠ ᠭᠣᠣᠯ ᠦᠷ᠎ᠡ ᠪᠦᠲᠦᠭᠡᠯ᠂ ᠥᠩᠭᠡᠷᠡᠭ᠌ᠰᠡᠨ 5 ᠵᠢᠯ᠎ᠦᠨ ᠠᠵᠢᠯ ᠪᠠ ᠱᠢᠨ᠎ᠡ ᠴᠠᠭ ᠦᠶ᠎ᠡ᠎ᠶ᠋ᠢᠨ 10 ᠵᠢᠯ᠎ᠦᠨ ᠠᠭᠤᠤ ᠶᠡᠬᠡ ᠬᠤᠪᠢᠰᠤᠯᠲᠠ᠂᠎ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌  ᠵᠡᠷᠭᠡ ᠲᠤᠯᠤᠭᠠᠨ ᠲᠠᠯ᠎ᠠ᠎ᠠᠴᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠳᠤ ᠭᠦᠨᠵᠡᠭᠡᠢ ᠱᠢᠰᠲ᠋ᠧᠮ᠎ᠲᠡᠶ  ᠲᠠᠢᠯᠪᠤᠷᠢᠯᠠᠯᠲᠠ ᠬᠢᠪᠡ᠃

ᠲᠠᠢᠯᠪᠤᠷᠢᠯᠠᠯᠲᠠ ᠵᠢ ᠰᠤᠨᠤᠰᠤᠬᠰᠠᠨ ᠵᠠᠯᠠᠭᠤᠴᠤᠳ᠂ ᠤᠬᠠᠭᠤᠯᠤᠨ ᠲᠠᠢᠯᠪᠤᠷᠢᠯᠠᠯᠲᠠ ᠵᠢᠨ ᠭᠣᠣᠯ ᠰᠡᠳᠦᠪ ᠢᠯᠡ ᠲᠣᠳᠣ᠂ ᠠᠭᠤᠯᠭ᠎ᠠ᠎ᠨᠢ ᠭᠦᠨᠵᠡᠭᠡᠢ ᠣᠢᠯᠠᠭᠠᠮᠵᠢᠲᠠᠢ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠢ ᠣᠢᠯᠠᠭᠠᠬᠤ ᠪᠠ ᠪᠦᠬᠦ᠌ ᠲᠠᠯ᠎ᠠ᠎ᠪᠠᠷ ᠡᠵᠡᠮᠱᠢᠬᠦ᠌᠎ᠳᠦ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠣᠳᠭᠤ ᠠᠴᠢ ᠬᠤᠯᠪᠤᠭᠳᠠᠯ᠎ᠲᠠᠶ ᠭᠡᠵᠦ᠍ ᠰᠠᠨᠠᠯ ᠨᠢᠭᠡᠲᠡᠢ ᠦᠵᠡᠵᠡᠭᠡᠪᠡ᠃ ᠡᠭᠦᠨ᠎ᠦ ᠬᠠᠮᠲᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠦᠵᠡᠯ ᠰᠠᠨᠠᠭ᠎ᠠ ᠦᠢᠯᠡ ᠠᠵᠢᠯᠯᠠᠭ᠎ᠠ ᠳᠤᠮᠳᠠ᠎ᠪᠠᠨ ᠨᠠᠢᠳᠠᠪᠤᠷᠢᠵᠢᠭᠤᠯᠵᠤ᠂ ᠬᠣᠢᠱᠢᠳᠠ ᠲᠤᠬᠠᠢᠯᠠᠭ᠍ᠰᠠᠨ ᠠᠵᠢᠯ᠎ᠳᠠᠭᠠᠨ ᠰᠠᠭᠤᠷᠢᠯᠠᠨ᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ᠂ ᠡᠯ᠎ᠡ ᠵᠦᠢᠯ᠎ᠦᠨ ᠠᠵᠢᠯ᠎ᠢᠶᠠᠨ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠨ᠎ᠡ ᠭᠡᠵᠦ᠍ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号