ᠱᠢᠨ᠎ᠡ ᠠᠶᠠᠨ᠎ᠳᠤ ᠠᠷᠠᠳ ᠲᠦᠮᠡᠨ᠎ᠢ ᠳᠡᠭᠡᠳᠦᠯᠡᠬᠦ᠌᠎ᠶ᠋ᠢ ᠡᠷᠬᠡᠪᠰᠢ ᠪᠠᠷᠢᠮᠲᠠᠯᠠᠬᠤ ᠬᠡᠷᠡᠭ᠌ᠲᠡᠢ
2023-02-24 11:28:17
ᠵᠣᠬᠢᠶᠠᠭ᠍ᠴᠢ᠄
ᠰᠢᠶᠸ ᠴᠦᠨ ᠲᠤᠤ
ᠣᠩᠱᠢᠭ᠍ᠰᠠᠨ ᠣᠳᠠᠭ᠎ᠠ᠄
★★★☆☆

ᠲᠥᠷᠥ᠍ ᠭᠦᠷᠦᠨ ᠪᠣᠯ ᠠᠷᠠᠳ ᠲᠦᠮᠡᠨ᠂ ᠠᠷᠠᠳ ᠲᠦᠮᠡᠨ ᠪᠣᠯ ᠲᠥᠷᠥ᠍ ᠭᠦᠷᠦᠨ ᠮᠦᠨ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ 《ᠵᠢᠷᠭᠤᠭ᠎ᠠ᠎ᠶ᠋ᠢ ᠡᠷᠬᠡᠪᠰᠢ ᠪᠠᠷᠢᠮᠲᠠᠯᠠᠬᠤ ᠬᠡᠷᠡᠭ᠌ᠲᠡᠢ》 ᠭᠡᠵᠦ᠍ ᠲᠣᠳᠣᠷᠬᠠᠢ ᠳᠤᠷᠠᠳᠤᠨ ᠭᠠᠷᠭᠠᠪᠠ᠂ ᠡᠭᠦᠨ᠎ᠳᠦ 《ᠠᠷᠠᠳ ᠲᠦᠮᠡᠨ᠎ᠢ ᠳᠡᠭᠡᠳᠦᠯᠡᠬᠦ᠌᠎ᠶ᠋ᠢ ᠡᠷᠬᠡᠪᠰᠢ ᠪᠠᠷᠢᠮᠲᠠᠯᠠᠬᠤ ᠬᠡᠷᠡᠭ᠌ᠲᠡᠢ》 ᠭᠡᠳᠡᠭ᠎ᠢ ᠲᠡᠷᠢᠭᠦᠨ ᠪᠠᠢᠷᠢᠨ᠎ᠳᠤ ᠲᠠᠯᠪᠢᠵᠤ᠂ ᠠᠷᠠᠳᠴᠢ ᠴᠢᠨᠠᠷ ᠪᠣᠯ ᠮᠠᠷᠺᠰ᠎ᠤᠨ ᠦᠵᠡᠯ᠎ᠦᠨ ᠮᠥᠨ ᠴᠢᠨᠠᠷ᠎ᠤᠨ ᠱᠢᠨᠵᠢ ᠮᠥᠨ᠂ ᠠᠷᠠᠳ ᠲᠦᠮᠡᠨ᠎ᠦ ᠪᠦᠲᠦᠭᠡᠯᠴᠢ ᠴᠢᠨᠠᠷᠲᠠᠢ ᠦᠢᠯᠡᠳᠦᠯᠭᠡ ᠪᠣᠯ ᠤᠨᠤᠯ᠎ᠤᠨ ᠱᠢᠨ᠎ᠡ ᠡᠭᠦᠳᠦᠯᠲᠡ᠎ᠶ᠋ᠢᠨ ᠱᠢᠷᠭᠢᠰᠢ ᠦᠭᠡᠢ ᠡᠬᠢ ᠪᠤᠯᠠᠭ ᠮᠥᠨ ᠭᠡᠵᠦ᠍ ᠴᠢᠬᠤᠯᠠᠴᠢᠯᠠᠪᠠ᠃ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ ᠪᠣᠯ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠤᠨ ᠪᠤᠰᠤᠳ ᠲᠦᠷᠦ᠍᠎ᠶ᠋ᠢᠨ ᠨᠠᠮ᠎ᠠᠴᠠ ᠢᠯᠭᠠᠭ᠍ᠳᠠᠬᠤ ᠢᠯᠡᠷᠬᠡᠢ ᠪᠡᠯᠭᠡ ᠲᠡᠮᠳᠡᠭ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠦᠷᠳᠡᠭ᠎ᠦᠨ ᠬᠥᠭᠡᠭᠡᠴᠡᠯᠳᠦᠯ ᠮᠥᠨ᠂ ᠪᠠᠰᠠ ᠴᠤ᠌ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠢ ᠨᠡᠭᠡᠭᠡᠬᠦ᠌ ᠦᠨᠳᠦᠰᠦᠨ ᠵᠢᠷᠤᠮᠯᠠᠯ ᠮᠥᠨ᠃

ᠨᠢᠭᠡ

ᠠᠷᠠᠳ ᠲᠦᠮᠡᠨ᠎ᠢ ᠳᠡᠭᠡᠳᠦᠯᠡᠬᠦ᠌ ᠪᠣᠯ ᠮᠠᠷᠺᠰ᠎ᠤᠨ ᠦᠵᠡᠯ᠎ᠦᠨ ᠡᠭᠦᠰᠦᠯᠳᠠ ᠪᠠ ᠲᠤᠰᠤᠯᠳᠠ ᠮᠥᠨ᠂ ᠠᠷᠠᠳᠴᠢ ᠴᠢᠨᠠᠷ ᠪᠣᠯ ᠮᠠᠷᠺᠰ᠎ᠤᠨ ᠦᠵᠡᠯ᠎ᠦᠨ ᠲᠡᠷᠢᠭᠦᠨ᠎ᠦ ᠴᠢᠨᠠᠷ ᠪᠠ ᠱᠢᠨᠵᠢᠯᠡᠬᠦ᠌ ᠤᠬᠠᠭᠠᠨᠴᠢ ᠴᠢᠨᠠᠷ᠎ᠤᠨ ᠴᠢᠬᠤᠯᠠ ᠢᠯᠡᠷᠡᠯ ᠮᠥᠨ᠃ ᠲᠡᠦᠬᠡ᠎ᠶ᠋ᠢᠨ ᠪᠣᠳᠠᠰᠴᠢ ᠦᠵᠡᠯ᠎ᠳᠦ ᠨᠡᠢᠭᠡᠮ᠎ᠦᠨ ᠬᠠᠷᠢᠴᠠᠭᠠᠨ᠎ᠳᠠᠬᠢ ᠠᠷᠠᠳ ᠤᠯᠠᠨ᠎ᠢ ᠪᠦᠬᠦᠢᠯᠡ ᠱᠢᠨᠵᠢᠯᠡᠬᠦ᠌ ᠤᠬᠠᠭᠠᠨ᠎ᠤ ᠱᠢᠰᠲ᠋ᠧᠮ᠎ᠦᠨ ᠯᠣᠭᠢᠭ᠎ᠤᠨ ᠡᠬᠢᠯᠡᠯᠲᠡ ᠪᠣᠯᠭᠠᠵᠤ᠂ ᠲᠡᠭᠦᠨ᠎ᠢ ᠪᠠᠰᠠ ᠤᠨᠤᠯ᠎ᠤᠨ ᠯᠣᠭᠢᠭ᠎ᠤᠨ ᠲᠤᠰᠤᠯᠳᠠ ᠪᠣᠯᠭᠠᠳᠠᠭ᠃ ᠡᠪ ᠬᠠᠮᠲᠤ ᠶᠣᠰᠣᠨ᠎ᠤ ᠡᠴᠦᠰ᠎ᠦᠨ ᠬᠠᠷᠠᠯᠲᠠ ᠪᠣᠯ ᠳᠠᠷᠤᠢ ᠬᠥᠮᠦᠨ᠎ᠦ ᠡᠷᠬᠡ ᠴᠢᠯᠥᠭᠡ᠎ᠶ᠋ᠢ ᠪᠡᠶᠡᠯᠡᠭᠦᠯᠬᠦ᠌ ᠶᠠᠪᠤᠳᠠᠯ ᠪᠣᠯᠤᠨ᠎ᠠ᠃ ᠠᠷᠠᠳᠴᠢ ᠴᠢᠨᠠᠷ ᠪᠣᠯ ᠮᠠᠷᠺᠰ᠎ᠤᠨ ᠦᠵᠡᠯ᠎ᠦᠨ ᠰᠠᠭᠤᠷᠢ ᠦᠨᠭ᠌ᠭᠡ ᠮᠥᠨ᠂ ᠪᠠᠰᠠ ᠴᠤ᠌ ᠮᠠᠷᠺᠰ᠎ᠤᠨ ᠦᠵᠡᠯ᠎ᠦᠨ ᠮᠥᠩᠬᠡ᠎ᠶ᠋ᠢᠨ ᠠᠮᠢᠵᠢᠷᠠᠯ᠎ᠤᠨ ᠬᠦᠴᠦᠨ᠎ᠦ ᠱᠢᠷᠭᠢᠰᠢ ᠦᠭᠡᠢ ᠡᠬᠢ ᠪᠤᠯᠠᠭ ᠮᠥᠨ᠃

ᠠᠷᠠᠳ ᠲᠦᠮᠡᠨ᠎ᠢ ᠳᠡᠭᠡᠳᠦᠯᠡᠬᠦ᠌ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠪᠢᠷᠠᠰᠢ ᠦᠭᠡᠢ ᠥᠷᠲᠡᠭ᠎ᠦᠨ ᠬᠥᠭᠡᠭᠡᠴᠡᠯᠳᠦᠯ ᠮᠥᠨ᠃ ᠮᠠᠷᠺᠰ᠂ ᠡᠩᠭᠧᠯᠰ 《ᠡᠪ ᠬᠠᠮᠲᠤ ᠨᠠᠮ᠎ᠤᠨ ᠲᠤᠩᠬᠠᠭ》 ᠎ᠲᠠᠭᠠᠨ᠂ ᠦᠭᠡᠭᠦᠦ ᠠᠩᠭᠢ᠎ᠶ᠋ᠢᠨ ᠬᠥᠳᠡᠯᠭᠡᠭᠡᠨ ᠪᠣᠯᠤᠨ ᠥᠩᠭᠡᠷᠡᠭ᠌ᠰᠡᠨ᠎ᠦ ᠠᠯᠢᠪᠠ ᠬᠥᠳᠡᠯᠭᠡᠭᠡᠨ᠎ᠦ ᠮᠥᠨ ᠴᠢᠨᠠᠷ᠎ᠤᠨ ᠢᠯᠭᠠᠭ᠎ᠠ ᠨᠢ ᠵᠣᠩᠬᠢᠯᠠᠬᠤ ᠲᠣᠭᠠᠨ᠎ᠤ ᠬᠥᠮᠦᠰ ᠨᠢ ᠵᠣᠩᠬᠢᠯᠠᠬᠤ ᠲᠣᠭᠠᠨ᠎ᠤ ᠬᠥᠮᠦᠰ ᠲᠡᠭᠡᠨ ᠠᠱᠢᠭ ᠲᠤᠰᠠ᠎ᠬᠦᠷᠳᠡᠭᠡᠭᠦ ᠪᠡᠶ᠎ᠡ᠎ᠪᠡᠨ ᠳᠠᠭᠠᠭᠠᠭ᠍ᠰᠠᠨ ᠬᠥᠳᠡᠯᠭᠡᠭᠡᠨ ᠪᠣᠯᠬᠤ᠎ᠳᠤ ᠣᠷᠣᠱᠢᠨ᠎ᠠ ᠭᠡᠵᠦ᠍ ᠵᠢᠭᠠᠵᠤ ᠭᠠᠷᠭᠠᠵᠠᠢ᠃ ᠦᠭᠡᠭᠦᠦ ᠠᠨᠭᠭᠢ᠎ᠶ᠋ᠢᠨ ᠲᠦᠷᠦ᠍᠎ᠶ᠋ᠢᠨ ᠨᠠᠮ᠎ᠤᠨ ᠬᠥᠷᠥᠩᠭᠡᠲᠡᠨ ᠠᠩᠭᠢ᠎ᠶ᠋ᠢᠨ ᠲᠦᠷᠦ᠍᠎ᠶ᠋ᠢᠨ ᠨᠠᠮ᠎ᠠᠴᠠ ᠢᠯᠭᠠᠭ᠍ᠳᠠᠬᠤ ᠢᠯᠡᠷᠬᠡᠢ ᠱᠢᠨᠵᠢ ᠲᠡᠮᠳᠡᠭ ᠪᠣᠯ ᠳᠠᠷᠤᠢ ᠢᠮᠠᠭ᠍ᠲᠠ ᠠᠷᠠᠳ ᠲᠦᠮᠡᠨ᠎ᠦ ᠵᠣᠭ᠍ᠰᠣᠯᠲᠠ᠎ᠳᠤ ᠪᠠᠲᠤ ᠵᠣᠭ᠍ᠰᠣᠵᠤ᠂ ᠢᠮᠠᠭ᠍ᠲᠠ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠬᠠᠮᠤᠭ᠎ᠤᠨ ᠳᠡᠭᠡᠳᠦ ᠠᠱᠢᠭ ᠲᠤᠰᠠ ᠪᠣᠯᠭᠠᠬᠤ ᠶᠠᠪᠤᠳᠠᠯ ᠪᠣᠯᠤᠨ᠎ᠠ᠃ ᠨᠠᠮ᠎ᠤᠨ ᠬᠣᠶᠠᠳᠤᠭᠠᠷ ᠶᠡᠬᠡ ᠬᠤᠷᠠᠯ᠎ᠠᠴᠠ ᠪᠠᠲᠤᠯᠠᠭ᠍ᠰᠠᠨ 《ᠡᠪ ᠬᠠᠮᠲᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠦᠷᠢᠮ᠎ᠦᠨ ᠲᠤᠬᠠᠶ ᠱᠢᠶ᠋ᠳᠪᠦᠷᠢ》 ᠎ᠳᠦ ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ 《ᠦᠭᠡᠭᠦᠦ ᠤᠯᠠᠨ ᠲᠦᠮᠡᠨ᠎ᠦ ᠲᠥᠯᠥᠭᠡ ᠲᠡᠮᠡᠴᠡᠬᠦ᠌ ᠲᠦᠷᠦ᠍᠎ᠶ᠋ᠢᠨ ᠨᠠᠮ ᠮᠥᠨ》 ᠂ ᠡᠭᠦᠨ᠎ᠡᠴᠡ 《ᠨᠠᠮ᠎ᠤᠨ ᠠᠯᠢᠪᠠ ᠬᠥᠳᠡᠯᠭᠡᠭᠡᠨ ᠡᠷᠬᠡᠪᠰᠢ ᠥᠷᠭᠡᠨ ᠤᠯᠠᠨ ᠲᠦᠮᠡᠨ᠎ᠦ ᠳᠤᠮᠳᠠ ᠭᠦᠨᠵᠡᠭᠡᠢᠷᠡᠬᠦ᠌ ᠬᠡᠷᠡᠭ᠌ᠲᠡᠶ》 ᠭᠡᠵᠦ᠍ ᠵᠢᠭᠠᠵᠤ ᠭᠠᠷᠭᠠᠪᠠ᠃  ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠡᠳᠦᠷ᠎ᠡᠴᠡ᠎ᠪᠡᠨ ᠡᠬᠢᠯᠡᠨ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠰᠠᠨ ᠨᠢ ᠎ᠲᠡᠭᠦᠨ᠎ᠦ ᠢᠯᠡ ᠲᠣᠳᠣ ᠤᠯᠤᠰ ᠲᠦᠷᠦ᠍᠎ᠶ᠋ᠢᠨ ᠬᠡᠪ ᠴᠢᠨᠠᠷ ᠮᠥᠨ᠃

ᠠᠷᠠᠳ ᠲᠦᠮᠡᠨ᠎ᠢ ᠳᠡᠭᠡᠳᠦᠯᠡᠬᠦ᠌ ᠪᠣᠯ ᠮᠠᠷᠺᠰ᠎ᠤᠨ ᠦᠵᠡᠯ᠎ᠦᠨ ᠦᠨᠳᠦᠰᠦᠨ ᠤᠭ ᠶᠣᠰᠣ᠎ᠶ᠋ᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠤᠭ᠍ᠰᠠᠨ ᠴᠠᠭ ᠦᠶ᠎ᠡ᠎ᠶ᠋ᠢᠨ ᠢᠯᠡᠷᠡᠯ ᠮᠥᠨ᠃ ᠳᠤᠮᠳᠠᠳᠤ᠎ᠶ᠋ᠢᠨ ᠪᠣᠯᠪᠠᠰᠤᠨ᠎ᠳᠤ ᠬᠡᠳᠦᠨ ᠮᠢᠩᠭᠠᠨ ᠵᠢᠯ ᠤᠯᠠᠮᠵᠢᠯᠠᠭ᠍ᠳᠠᠭ᠍ᠰᠠᠨ ᠠᠷᠠᠳ᠎ᠢ ᠬᠦᠨᠳᠦᠳᠭᠡᠬᠦ᠌ ᠦᠵᠡᠯ ᠰᠠᠨᠠᠭ᠎ᠠ᠎ᠲᠠᠶ ᠪᠠᠢᠳᠠᠭ᠃ ᠳᠤᠮᠳᠠᠳᠤ ᠤᠯᠤᠰ᠎ᠤᠨ ᠱᠢᠯᠢᠳᠡᠭ ᠤᠯᠠᠮᠵᠢᠯᠠᠯᠲᠤ ᠰᠣᠶᠣᠯ᠎ᠤᠨ ᠵᠠᠯᠭᠠᠮᠵᠢᠯᠠᠭ᠍ᠴᠢ ᠪᠠ ᠪᠠᠳᠠᠷᠠᠭᠤᠯᠤᠭ᠍ᠴᠢ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠠᠷᠠᠳ ᠲᠦᠮᠡᠨ᠎ᠢ ᠰᠡᠳᠭᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠭ᠍ᠰᠠᠭᠠᠷ ᠢᠷᠡᠪᠡ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠮᠠᠷᠺᠰ᠎ᠤᠨ ᠦᠵᠡᠯ᠎ᠦᠨ ᠬᠥᠮᠦᠨ᠎ᠦ ᠤᠬᠠᠭᠠᠨ᠎ᠤ ᠤᠨᠤᠯ᠎ᠢ ᠳᠤᠮᠳᠠᠳᠤ ᠤᠯᠤᠰ᠎ᠤᠨ ᠤᠯᠠᠮᠵᠢᠯᠠᠯᠲᠤ ᠠᠷᠠᠳ᠎ᠢᠶᠠᠷ ᠦᠨᠳᠦᠰᠦ ᠪᠣᠯᠭᠠᠬᠤ ᠦᠵᠡᠯ ᠰᠠᠨᠠᠭ᠎ᠠ᠎ᠲᠠᠶ ᠨᠡᠪᠲᠡᠷᠡᠯᠴᠡᠭᠦᠯᠦᠨ ᠤᠶᠠᠯᠳᠤᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ ᠲᠤᠬᠠᠢ ᠱᠢᠷᠢᠰ ᠴᠢᠬᠤᠯᠠ ᠥᠭᠦᠯᠡᠯᠲᠡ᠎ᠶ᠋ᠢ ᠳᠤᠷᠠᠳᠴᠤ᠌᠂ 《ᠠᠷᠠᠳ ᠲᠦᠮᠡᠨ᠎ᠳᠦ ᠨᠢᠭ᠍ᠲᠠ ᠲᠦᠱᠢᠭ᠌ᠯᠡᠵᠦ᠍᠂ ᠠᠷᠠᠳ ᠲᠦᠮᠡᠨ᠎ᠳᠦ ᠲᠠᠰᠤᠷᠠᠯᠳᠠ ᠦᠭᠡᠢ ᠪᠤᠶᠠᠨ ᠦᠢᠯᠡᠳᠴᠦ᠍᠂ ᠠᠷᠠᠳ ᠲᠦᠮᠡᠨ᠎ᠦ ᠳᠤᠮᠳᠠ ᠪᠠᠲᠤ ᠦᠨᠳᠦᠰᠦᠯᠡᠬᠦ᠌ ᠬᠡᠷᠡᠭ᠌ᠲᠡᠢ》 ᠭᠡᠵᠦ᠍ ᠴᠢᠬᠤᠯᠠᠴᠢᠯᠠᠭ᠍ᠰᠠᠨ ᠨᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠦᠷᠭᠦᠯᠵᠢᠯᠡᠯ ᠪᠠ ᠳᠠᠪᠠᠯᠲᠠ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠮᠠᠷᠺᠰ᠎ᠤᠨ ᠦᠵᠡᠯ᠎ᠦᠨ ᠠᠷᠠᠳ ᠲᠦᠮᠡᠨ᠎ᠦ ᠦᠵᠡᠯᠲᠡ᠎ᠶ᠋ᠢᠨ ᠪᠠᠶᠠᠯᠢᠭ᠍ᠵᠢᠭᠤᠯᠤᠯᠲᠠ ᠪᠠ ᠬᠥᠭ᠌ᠵᠢᠭᠦᠯᠦᠯᠲᠡ ᠪᠣᠯᠤᠨ᠎ᠠ᠃

ᠬᠣᠶᠠᠷ

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡ ᠪᠣᠯ ᠠᠷᠠᠳ ᠲᠦᠮᠡᠨ᠎ᠳᠦ ᠵᠣᠯ ᠵᠢᠷᠭᠠᠯ ᠣᠯᠭᠣᠭ᠍ᠰᠠᠨ ᠲᠡᠦᠬᠡ ᠮᠥᠨ᠂ ᠠᠷᠠᠳ ᠲᠦᠮᠡᠨ᠎ᠲᠡᠶ ᠢᠮᠠᠭ᠍ᠲᠠ ᠴᠢᠰᠤ ᠮᠢᠬᠠᠨ᠎ᠤ ᠬᠠᠷᠢᠴᠠᠭ᠎ᠠ᠎ᠲᠠᠶ ᠪᠠᠢᠭ᠍ᠰᠠᠨ ᠲᠡᠦᠬᠡ ᠮᠥᠨ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠠᠴᠠ ᠪᠠᠲᠤᠯᠠᠭ᠍ᠰᠠᠨ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》 ᠎ᠳ᠋ᠤ ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ ᠪᠣᠯ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠲᠡᠦᠬᠡᠨ ᠲᠤᠷᠱᠢᠯᠭ᠎ᠠ ᠮᠥᠨ ᠬᠡᠵᠦ ᠵᠢᠭᠠᠵᠦ ᠭᠠᠷᠭᠠᠪᠠ᠃ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ᠎ᠳᠤ ᠡᠷᠬᠡᠪᠰᠢ ᠲᠡᠦᠬᠡ᠎ᠶ᠋ᠢᠨ ᠬᠠᠷᠠᠭᠠᠰᠤ ᠡᠴᠡ ᠨᠠᠮ᠎ᠤᠨ ᠠᠷᠠᠳ ᠲᠦᠮᠡᠨ᠎ᠲᠡᠶ ᠦᠬᠦᠵᠦ᠍ ᠰᠡᠭᠡᠬᠦ᠌᠎ᠪᠡᠨ ᠬᠠᠮᠲᠤᠳᠭᠠᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠭ᠍ᠰᠠᠨ ᠴᠢᠰᠤ ᠮᠢᠬᠠᠨ᠎ᠤ ᠬᠠᠷᠢᠴᠠᠭ᠎ᠠ᠎ᠶ᠋ᠢ ᠣᠢᠯᠠᠭᠠᠬᠤ ᠬᠡᠷᠡᠭ᠌ᠲᠡᠢ᠃

ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠮᠠᠭ᠍ᠲᠠ ᠪᠠᠷᠢᠮᠲᠠᠯᠠᠭ᠍ᠰᠠᠭᠠᠷ ᠢᠷᠡᠭ᠌ᠰᠡᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠃ ᠬᠠᠲᠠᠭᠤ ᠪᠡᠷᠬᠡᠱᠢᠶᠡᠯᠲᠡᠢ ᠬᠤᠪᠢᠰᠭᠠᠯ᠎ᠤᠨ ᠴᠠᠭ ᠦᠶ᠎ᠡ᠎ᠳᠦ᠂ ᠮᠠᠤ ᠽᠸ ᠳ᠋ᠦᠩ ᠨᠥᠬᠥᠷ᠄ 《 ᠮᠠᠨ᠎ᠤ ᠡᠨᠡ ᠡᠩᠨᠡᠭᠡ ᠪᠣᠯ ᠪᠦᠷᠢᠮᠦᠰᠦᠨ ᠠᠷᠠᠳ ᠲᠦᠮᠡᠨ᠎ᠢ ᠴᠢᠯᠥᠭᠡᠯᠡᠬᠦ᠌᠎ᠶ᠋ᠢᠨ ᠲᠥᠯᠥᠭᠡ᠂ ᠪᠦᠷᠢᠮᠦᠰᠦᠨ ᠠᠷᠠᠳ ᠲᠦᠮᠡᠨ᠎ᠦ ᠠᠱᠢᠭ ᠲᠤᠰᠠ᠎ᠶ᠋ᠢᠨ ᠲᠥᠯᠥᠭᠡ ᠠᠵᠢᠯᠯᠠᠵᠤ ᠪᠠᠢᠨ᠎ᠠ》 ᠬᠡᠵᠦ ᠵᠢᠭᠠᠵᠦ ᠭᠠᠷᠭᠠᠪᠠ᠃ ᠨᠠᠮ᠎ᠤᠨ ᠳᠣᠯᠣᠳᠤᠭᠠᠷ ᠶᠡᠬᠡ ᠬᠤᠷᠠᠯ᠎ᠠᠴᠠ ᠪᠠᠲᠤᠯᠠᠭ᠍ᠰᠠᠨ ᠨᠠᠮ᠎ᠤᠨ ᠲᠦᠷᠢᠮ᠎ᠳᠦ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠵᠢ ᠮᠠᠨ᠎ᠤ ᠨᠠᠮ᠎ᠤᠨ ᠦᠨᠳᠦᠰᠦᠨ ᠵᠣᠷᠢᠯᠲᠠ ᠪᠣᠯᠭᠠᠭ᠍ᠰᠠᠨ ᠪᠠᠢᠨ᠎ᠠ᠃ ᠬᠦᠴᠢᠷ ᠪᠡᠷᠬᠡᠱᠢᠶᠡᠯᠲᠡᠢ ᠥᠭᠡᠷᠡᠴᠢᠯᠡᠯᠲᠡ᠎ᠶ᠋ᠢᠨ ᠴᠠᠭ ᠦᠶ᠎ᠡ᠎ᠳᠦ᠂ ᠳ᠋ᠧᠩ ᠱᠢᠶᠤᠤ ᠫᠢᠩ ᠨᠥᠬᠥᠷ 《ᠠᠷᠠᠳ ᠲᠦᠮᠡᠨ᠎ᠦ ᠬᠦᠷᠢᠶᠡᠯᠡᠬᠦ᠌ ᠡᠰᠡᠬᠦ᠌᠂ ᠠᠷᠠᠳ ᠲᠦᠮᠡᠨ᠎ᠦ ᠵᠥᠪᠱᠢᠶᠡᠷᠡᠬᠦ᠌ ᠡᠰᠡᠬᠦ᠌᠂ ᠠᠷᠠᠳ ᠲᠦᠮᠡᠨ᠎ᠦ ᠪᠠᠶᠠᠷᠯᠠᠬᠤ ᠡᠰᠡᠬᠦ᠌᠂ ᠠᠷᠠᠳ ᠲᠦᠮᠡᠨ᠎ᠦ ᠵᠥᠪᠱᠢᠶᠡᠷᠡᠬᠦ᠌ ᠡᠰᠡᠬᠦ᠌》 ᠎ᠶ᠋ᠢ ᠨᠠᠮ᠎ᠤᠨ ᠦᠢᠯᠡᠰ᠎ᠦᠨ ᠬᠡᠮᠵᠢᠬᠦᠷ ᠪᠠᠷᠢᠮᠵᠢᠶ᠎ᠠ ᠪᠣᠯᠭᠠᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠱᠢᠨ᠎ᠡ ᠴᠠᠭ ᠦᠶ᠎ᠡ᠎ᠳᠦ  ᠶᠡᠷᠦᠩᠬᠡᠢ ᠱᠦᠵᠢ ᠰᠢ ᠵᠢᠨ ᠫᠢᠩ᠄ 《ᠬᠡᠨ ᠠᠷᠠᠳ ᠲᠦᠮᠡᠨ᠎ᠢ ᠰᠡᠳᠭᠢᠯ᠎ᠳᠡᠭᠡᠨ ᠪᠤᠳᠤᠵᠤ ᠪᠠᠢᠪᠠᠯ ᠠᠷᠠᠳ ᠲᠦᠮᠡᠨ ᠲᠡᠭᠦᠨ᠎ᠢ ᠰᠡᠳᠭᠢᠯ᠎ᠳᠡᠭᠡᠨ ᠪᠤᠳᠤᠬᠤ ᠶᠤᠮ》 ᠭᠡᠵᠦ᠍ ᠴᠢᠬᠤᠯᠠᠴᠢᠯᠠᠪᠠ᠃ ᠵᠠᠭᠤᠨ ᠵᠢᠯ᠎ᠦᠨ ᠲᠡᠮᠡᠴᠡᠯ᠎ᠦᠨ ᠠᠶᠠᠨ᠎ᠢ ᠡᠷᠭᠢᠴᠡᠭᠦᠯᠬᠦᠶ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠠᠷᠠᠳ ᠲᠦᠮᠡᠨ᠎ᠦ ᠵᠣᠭ᠍ᠰᠣᠯᠲᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠲᠥᠯᠥᠭᠡ ᠪᠣᠳᠣᠯᠬᠢᠯᠠᠵᠤ᠂ ᠠᠷᠠᠳ ᠲᠦᠮᠡᠨ᠎ᠦ ᠲᠥᠯᠥᠭᠡ ᠰᠠᠨᠠᠭᠠᠱᠢᠷᠠᠵᠤ᠂ ᠠᠷᠠᠳ ᠲᠦᠮᠡᠨ᠎ᠦ ᠵᠣᠪᠠᠭᠤᠷᠢ ᠵᠦᠳᠡᠭᠦᠷᠢ᠎ᠶ᠋ᠢ ᠱᠢᠢᠳᠪᠦᠷᠢᠯᠡᠭᠰᠡᠨ ᠪᠠᠢᠨ᠎ᠠ᠃ ᠰᠦᠷ ᠳᠠᠯᠠᠢᠴᠠᠲᠠᠢ ᠠᠭᠤᠤ ᠶᠡᠬᠡ ᠲᠡᠮᠡᠴᠡᠯ᠎ᠢ ᠥᠩᠭᠡᠷᠡᠭᠡᠭᠡᠳ᠂ ᠨᠠᠮ᠎ᠠᠴᠠ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠪᠣᠰᠴᠤ᠌ ᠵᠣᠭ᠍ᠰᠣᠭ᠍ᠰᠠᠨ᠂ ᠪᠠᠶᠠᠵᠢᠭ᠍ᠰᠠᠨ᠎ᠠᠴᠠ᠎ᠪᠠᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡᠨ ᠬᠤᠪᠢ ᠵᠠᠶᠠᠭ᠎ᠠ᠎ᠶ᠋ᠢ ᠲᠤᠢᠯᠪᠤᠷᠢᠲᠠᠢ ᠬᠤᠪᠢᠷᠠᠭᠤᠯᠪᠠ᠃ ᠠᠯᠢᠪᠠ ᠪᠦᠬᠦᠨ ᠠᠷᠠᠳ ᠲᠦᠮᠡᠨ᠎ᠦ ᠲᠥᠯᠥᠭᠡ ᠪᠠᠢᠵᠤ᠂ ᠠᠷᠠᠳ ᠲᠦᠮᠡᠨ ᠪᠠ ᠠᠷᠠᠳ ᠲᠦᠮᠡᠨ᠎ᠦ ᠠᠱᠢᠭ ᠲᠤᠰᠠ᠎ᠶ᠋ᠢ ᠢᠮᠠᠭ᠍ᠲᠠ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠮᠵᠢᠯᠲᠠ ᠤᠯᠤᠭᠰᠠᠨ᠎ᠦ ᠵᠠᠩᠭᠢᠯᠠᠭ᠎ᠠ ᠮᠥᠨ᠂ ᠪᠠᠰᠠ ᠴᠤ᠌ ᠡᠨᠡ ᠬᠦ᠌ ᠵᠠᠭᠤᠨ ᠵᠢᠯ᠎ᠦᠨ ᠲᠤᠷᠱᠢᠬᠢ ᠲᠤᠮᠤ ᠨᠠᠮ᠎ᠤᠨ ᠢᠮᠠᠭ᠍ᠲᠠ ᠠᠮᠢᠵᠢᠷᠠᠯ᠎ᠤᠨ ᠬᠦᠴᠦᠨ ᠪᠠ ᠠᠮᠢᠳᠤᠯᠢᠭ ᠬᠦᠴᠦᠨ᠎ᠢᠶᠡᠨ ᠬᠠᠳᠠᠭᠠᠯᠠᠬᠰᠠᠨ᠎ᠦ ᠡᠬᠢ ᠪᠤᠯᠠᠭ ᠮᠥᠨ ᠭᠡᠳᠡᠭ᠎ᠢ ᠲᠡᠦᠬᠡ ᠭᠦᠢᠴᠡᠳ ᠭᠡᠷᠡᠴᠢᠯᠡᠭ᠌ᠰᠡᠨ ᠪᠠᠢᠨ᠎ᠠ᠃

ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠠᠭᠤᠤ ᠦᠢᠯᠡᠰ᠎ᠢ ᠡᠭᠦᠳᠦᠨ ᠪᠦᠲᠦᠭᠡᠬᠦ᠌ ᠬᠦᠴᠦᠨ ᠴᠢᠳᠠᠯ᠎ᠤᠨ ᠡᠬᠢ ᠰᠤᠷᠪᠤᠯᠵᠢ ᠮᠥᠨ᠃ ᠨᠠᠮ᠎ᠤᠨ ᠦᠨᠳᠦᠰᠦ ᠰᠠᠭᠤᠷᠢ ᠠᠷᠠᠳ ᠲᠦᠮᠡᠨ᠎ᠳᠦ ᠪᠤᠢ᠂ ᠠᠮᠢᠨ ᠰᠤᠳᠠᠰᠤ ᠠᠷᠠᠳ ᠲᠦᠮᠡᠨ᠎ᠳᠦ ᠪᠤᠢ᠂ ᠬᠦᠴᠦᠨ ᠴᠢᠳᠠᠯ ᠠᠷᠠᠳ ᠲᠦᠮᠡᠨ᠎ᠳᠦ ᠪᠤᠢ᠃ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠲᠡᠦᠬᠡᠨ ᠠᠬᠢᠴᠠ ᠳᠤᠮᠳᠠ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠲᠡᠦᠬᠡ᠎ᠶ᠋ᠢᠨ ᠭᠣᠣᠯ ᠴᠣᠭ᠍ᠴᠠ ᠪᠣᠯᠭᠠᠵᠤ᠂ ᠠᠷᠠᠳ ᠲᠦᠮᠡᠨ᠎ᠳᠦ ᠴᠢᠩᠭ᠎ᠠ ᠲᠦᠱᠢᠭ᠌ᠯᠡᠵᠦ᠍᠂ ᠢᠮᠠᠭ᠍ᠲᠠ ᠠᠷᠠᠳ ᠤᠯᠠᠨ᠎ᠲᠠᠶ ᠰᠡᠳᠭᠢᠯ ᠵᠢᠷᠦᠬᠡ᠎ᠪᠡᠨ ᠬᠣᠯᠪᠣᠬᠤ᠎ᠶ᠋ᠢ ᠪᠠᠷᠢᠮᠲᠠᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠠᠷᠠᠳ ᠲᠦᠮᠡᠨ᠎ᠲᠡᠶ ᠬᠠᠮᠲᠤ ᠵᠣᠭ᠍ᠰᠣᠵᠤ᠂ ᠬᠠᠮᠲᠤ ᠰᠡᠳᠭᠢᠵᠦ᠍᠂ ᠬᠠᠮᠲᠤ ᠠᠵᠢᠯᠯᠠᠵᠤ᠂ ᠤᠯᠠᠨ ᠲᠦᠮᠡᠨ᠎ᠲᠡᠶ ᠨᠢᠭ᠍ᠲᠠ ᠬᠠᠷᠢᠯᠴᠠᠵᠤ᠂ ᠤᠯᠠᠨ ᠲᠦᠮᠡᠨ ᠳ᠋ᠸ᠋ ᠨᠢᠬᠳᠠ ᠲᠦᠱᠢᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠰᠦᠷᠯᠢᠭ ᠲᠤᠤᠯᠢᠰ᠎ᠢ ᠪᠢᠴᠢᠭ᠌ᠯᠡᠪᠡ᠃ ᠶᠠᠭ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠵᠤ ᠭᠠᠷᠭᠠᠭ᠍ᠰᠠᠨᠴᠢᠯᠠᠨ 《ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠲᠦᠷᠦ᠍᠎ᠶ᠋ᠢ ᠪᠠᠢᠭᠤᠯᠵᠤ᠂ ᠲᠦᠷᠦ᠍᠎ᠶ᠋ᠢ ᠰᠠᠬᠢᠵᠤ᠂ ᠠᠷᠠᠳ ᠲᠦᠮᠡᠨ᠎ᠦ ᠰᠡᠳᠭᠢᠯ᠎ᠢ ᠰᠠᠬᠢᠵᠤ ᠪᠠᠢᠳᠠᠭ》᠃ ᠠᠯᠢᠪᠠ ᠪᠦᠬᠦᠨ᠎ᠳᠦ ᠠᠷᠠᠳ ᠲᠦᠮᠡᠨ᠎ᠳᠤ ᠲᠦᠱᠢᠭ᠌ᠯᠡᠵᠦ᠍᠂ ᠠᠷᠠᠳ ᠤᠯᠠᠨ᠎ᠤ ᠢᠲᠡᠭᠡᠯ ᠳᠡᠮᠵᠢᠯᠭᠡ᠎ᠶ᠋ᠢ ᠤᠯᠤᠭᠰᠠᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠤᠷᠰᠢ ᠬᠠᠷᠰᠢ ᠰᠠᠭᠠᠳ᠎ᠢ ᠢᠯᠠᠨ ᠳᠠᠪᠠᠵᠤ᠂ ᠬᠠᠨᠳᠤᠭ᠍ᠰᠠᠨ ᠵᠦᠭ᠎ᠲᠡᠭᠡᠨ ᠳᠠᠢᠰᠤᠨ ᠦᠭᠡᠢ ᠤᠷᠤᠭ᠍ᠰᠢᠯᠠᠬᠰᠠᠨ᠎ᠦ ᠬᠠᠮᠤᠭ᠎ᠤᠨ ᠴᠢᠬᠤᠯᠠ ᠬᠦᠴᠦᠨ  ᠵᠦᠢᠯ ᠮᠥᠨ ᠭᠡᠳᠡᠭ᠎ᠢ ᠲᠡᠦᠬᠡ ᠭᠦᠢᠴᠡᠳ ᠭᠡᠷᠡᠴᠢᠯᠡᠪᠡ᠃

ᠭᠤᠷᠪᠠ

ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ ᠲᠤᠬᠠᠢ ᠦᠢᠯᠡᠳᠦᠯᠭᠡ᠎ᠶ᠋ᠢᠨ ᠱᠢᠨ᠎ᠡ ᠱᠠᠭᠠᠷᠳᠠᠯᠭ᠎ᠠ ᠳᠤᠷᠠᠳᠪᠠ᠃ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ ᠦᠢᠯᠡᠳᠦᠯᠭᠡ᠎ᠶ᠋ᠢᠨ ᠯᠣᠭᠢᠭ᠎ᠢ ᠭᠦᠨᠵᠡᠭᠡᠢ ᠣᠢᠯᠠᠭᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠬᠠᠮᠠᠭᠠᠯᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠵᠦ᠍᠂ ᠠᠷᠠᠳ ᠲᠦᠮᠡᠨ᠎ᠦ ᠲᠥᠯᠥᠭᠡ ᠬᠥᠭ᠌ᠵᠢᠭᠦᠯᠬᠦ᠌᠂ ᠬᠥᠭ᠌ᠵᠢᠭᠦᠯᠬᠦ᠌᠎ᠳᠦ ᠠᠷᠠᠳ ᠲᠦᠮᠡᠨ᠎ᠳ᠋ᠸ᠋ ᠲᠦᠱᠢᠭ᠌ᠯᠡᠬᠦ᠌᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠡᠳ᠋ᠯᠡᠭᠦᠯᠬᠦ᠌᠎ᠶ᠋ᠢ ᠲᠠᠰᠤᠷᠠᠯᠳᠠ ᠦᠭᠡᠢ ᠪᠡᠶᠡᠯᠡᠭᠦᠯᠵᠦ᠍᠂ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠨᠡᠩ ᠤᠯᠠᠨ ᠨᠡᠩ ᠡᠷᠬᠡ ᠲᠡᠭ᠌ᠰᠢ᠎ᠪᠡᠷ ᠪᠦᠬᠦ᠌ ᠠᠷᠠᠳ ᠲᠦᠮᠡᠨ᠎ᠳᠦ ᠬᠦᠷᠲᠡᠭᠡᠬᠦ᠌ ᠬᠡᠷᠡᠭ᠌ᠲᠡᠢ᠃

ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ᠎ᠳᠤ ᠠᠷᠠᠳ ᠲᠦᠮᠡᠨ᠎ᠦ ᠵᠣᠭ᠍ᠰᠣᠯᠲᠠ᠎ᠪᠠᠨ ᠪᠠᠲᠤᠳᠭᠠᠬᠤ ᠬᠡᠷᠡᠭ᠌ᠲᠡᠢ᠃ ᠨᠢᠭᠡ᠎ᠳᠦ᠂ 《ᠠᠷᠠᠳ ᠲᠦᠮᠡᠨ ᠬᠠᠨᠤᠮᠵᠢᠲᠠᠶ ᠪᠠᠢᠬᠤ》 ᠎ᠪᠠᠷ ᠠᠵᠢᠯ᠎ᠤᠨ ᠪᠠᠷᠢᠮᠵᠢᠶ᠎ᠠ ᠪᠣᠯᠭᠠᠬᠤ ᠬᠡᠷᠡᠭ᠌ᠲᠡᠶ᠃  ᠬᠣᠶᠠᠷ᠎ᠲᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠲᠤ ᠴᠡᠭᠡᠵᠢᠯᠡᠬᠦ᠌ ᠬᠡᠷᠡᠭ᠌ᠲᠡᠢ᠃ ᠭᠤᠷᠪᠠ᠎ᠳᠤ᠂ ᠠᠷᠠᠳ ᠲᠦᠮᠡᠨ᠎ᠦ ᠲᠥᠯᠥᠭᠡ ᠦᠨᠡᠨᠴᠢ ᠱᠢᠳᠤᠷᠭᠤ ᠵᠢᠳᠬᠦᠬᠦ᠌ ᠠᠯᠪᠠᠨ ᠵᠠᠷᠤᠴᠠ᠎ᠶ᠋ᠢᠨ ᠮᠥᠨ ᠴᠢᠨᠠᠷ᠎ᠢᠶᠠᠨ ᠡᠭᠦᠷᠢᠳᠡ ᠬᠠᠳᠠᠭᠠᠯᠠᠬᠤ ᠬᠡᠷᠡᠭ᠌ᠲᠡᠶ᠃

ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ᠎ᠳᠤ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠡᠵᠡᠮᠳᠡᠬᠦ᠌ ᠬᠡᠷᠡᠭ᠌ᠲᠡᠢ᠃ ᠨᠢᠭᠡ᠎ᠳᠦ᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠮᠦᠷᠦᠭᠡᠳᠦᠯ᠎ᠢᠶᠡᠷ ᠲᠡᠮᠡᠴᠡᠬᠦ᠌ ᠬᠠᠷᠠᠯᠲᠠ᠎ᠪᠠᠨ ᠪᠣᠯᠭᠠᠵᠤ᠂ ᠬᠠᠮᠲᠤ᠎ᠪᠠᠷ ᠪᠠᠶᠠᠵᠢᠬᠤ᠌᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠬᠣᠶᠠᠷ᠎ᠲᠤ᠂ ᠠᠷᠠᠳ ᠤᠯᠠᠨ᠎ᠤ ᠪᠠᠴᠢᠮᠳᠠᠵᠦ ᠵᠤᠪᠠᠨᠢᠵᠦ ᠬᠦᠴᠢᠷᠳᠡᠵᠦ ᠬᠦᠰᠡᠵᠦ ᠪᠠᠢᠭ᠎ᠠ ᠠᠰᠠᠭᠤᠳᠠᠯ᠎ᠢ ᠰᠡᠳᠭᠢᠯ ᠲᠠᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦᠯᠡᠨ ᠱᠢᠢᠳᠪᠦᠷᠢᠯᠡᠬᠦ᠌ ᠬᠡᠷᠡᠭ᠌ᠲᠡᠢ᠃

ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ᠎ᠳᠤ ᠂ ᠠᠷᠠᠳ ᠲᠦᠮᠡᠨ᠎ᠦ ᠡᠭᠦᠳᠦᠨ ᠪᠦᠲᠦᠭᠡᠯᠲᠡ᠎ᠶ᠋ᠢ ᠬᠦᠨᠳᠦᠳᠭᠡᠵᠦ᠍᠂ ᠠᠷᠠᠳ ᠲᠦᠮᠡᠨ᠎ᠦ ᠤᠶᠤᠨ ᠤᠬᠠᠭᠠᠨ᠎ᠢ ᠲᠥᠪᠯᠡᠷᠡᠭᠦᠯᠬᠦ᠌ ᠬᠡᠷᠡᠭ᠌ᠲᠡᠢ᠃ ᠨᠢᠭᠡ᠎ᠳᠦ᠂ ᠠᠷᠠᠳ ᠲᠦᠮᠡᠨ᠎ᠦ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠬᠦ᠌ ᠬᠡᠷᠡᠭ᠌ᠲᠡᠢ᠃ ᠬᠣᠶᠠᠷ᠎ᠲᠤ᠂ ᠤᠬᠠᠮᠰᠠᠷ᠎ᠡᠴᠡ᠎ᠪᠠᠨ ᠠᠷᠠᠳ ᠲᠦᠮᠡᠨ᠎ᠢᠶᠡᠷ ᠪᠠᠭ᠍ᠰᠢ ᠪᠠᠷᠢᠬᠤ ᠬᠡᠷᠡᠭ᠌ᠲᠡᠢ᠃ ᠠᠷᠠᠳ ᠲᠦᠮᠡᠨ᠎ᠢᠶᠡᠷ ᠪᠠᠭ᠍ᠰᠢ ᠪᠠᠷᠢᠬᠤ ᠪᠣᠯ ᠦᠵᠡᠯ ᠰᠠᠨᠠᠭ᠎ᠠ ᠲᠠᠨᠢᠯᠲᠠ᠎ᠶ᠋ᠢᠨ ᠠᠰᠠᠭᠤᠳᠠᠯ ᠪᠣᠯᠬᠤ ᠪᠥᠭᠡᠳ ᠪᠠᠰᠠ ᠴᠤ᠌ ᠤᠯᠤᠰ ᠲᠦᠷᠦ᠍᠎ᠶ᠋ᠢᠨ ᠵᠣᠭ᠍ᠰᠣᠯᠲᠠ᠎ᠶ᠋ᠢᠨ ᠠᠰᠠᠭᠤᠳᠠᠯ ᠪᠣᠯᠤᠨ᠎ᠠ᠃ ᠨᠠᠮ᠎ᠤᠨ ᠭᠡᠱᠢᠭᠦᠨ ᠺᠠᠳ᠋ᠷᠴᠤᠳ ᠯᠠᠷᠵᠢᠶ᠎ᠠ ᠶᠠᠩᠪᠠ ᠲᠠᠲᠠᠬᠤ ᠦᠭᠡᠢ᠂ ᠪᠡᠶ᠎ᠡ᠎ᠪᠡᠨ ᠪᠠᠷᠢᠵᠤ᠂ ᠦᠨᠳᠦᠰᠦᠨ ᠱᠠᠲᠤᠨ᠎ᠳᠤ ᠪᠡᠶ᠎ᠡ᠎ᠪᠡᠷ᠎ᠢᠶᠡᠨ ᠣᠴᠢᠬᠤ ᠮᠥᠷᠲᠡᠭᠡᠨ ᠪᠠᠰᠠ ᠤᠯᠠᠨ ᠲᠦᠮᠡᠨ᠎ᠢ 《ᠰᠡᠳᠭᠢᠯ᠎ᠳᠡᠭᠡᠨ ᠪᠤᠳᠤᠵᠤ》 ᠂ ᠬᠠᠢᠷ᠎ᠠ ᠰᠡᠳᠭᠢᠯᠭᠡ᠎ᠶ᠋ᠢᠨ ᠲᠠᠯ᠎ᠠ᠎ᠪᠠᠷ ᠤᠯᠠᠨ ᠲᠦᠮᠡᠨ᠎ᠲᠡᠶ ᠣᠢᠷᠠᠳᠴᠤ᠌᠂ ᠤᠯᠠᠨ ᠲᠦᠮᠡᠨ᠎ᠢ ᠬᠦᠨᠳᠦᠳᠭᠡᠬᠦ᠌ ᠬᠡᠷᠡᠭ᠌ᠲᠡᠢ᠃ ᠡᠨᠡ ᠬᠦ᠌ ᠰᠠᠭᠤᠷᠢᠨ ᠳᠡᠭᠡᠷ᠎ᠡ᠂ ᠠᠷᠠᠳ ᠤᠯᠠᠨ᠎ᠡᠴᠡ ᠳᠠᠷᠤᠤ ᠬᠢᠴᠢᠶᠡᠩᠭᠦᠢ᠎ᠪᠡᠷ ᠰᠤᠷᠤᠯᠴᠠᠵᠤ᠂ ᠦᠢᠯᠡᠳᠦᠯᠭᠡ᠎ᠡᠴᠡ ᠰᠤᠷᠤᠯᠴᠠᠵᠤ᠂ ᠦᠨᠳᠦᠰᠦᠨ ᠱᠠᠲᠤᠨ᠎ᠤ ᠠᠮᠢᠳᠤᠯᠢᠭ ᠪᠣᠳᠠᠲᠠᠢ ᠦᠢᠯᠡᠳᠦᠯᠭᠡ᠎ᠡᠴᠡ ᠠᠵᠢᠯ ᠬᠢᠵᠦ᠍ ᠦᠢᠯᠡᠰ ᠪᠤᠰᠭᠠᠬᠤ ᠤᠶᠤᠨ ᠤᠬᠠᠭᠠᠨ ᠪᠠ ᠬᠦᠴᠦᠨ ᠴᠢᠳᠠᠯ᠎ᠢ ᠱᠢᠩᠭᠡᠭᠡᠨ ᠠᠪᠬᠤ ᠬᠡᠷᠡᠭ᠌ᠲᠡᠢ᠃

(ᠵᠣᠬᠢᠶᠠᠭ᠍ᠴᠢ᠄ ᠲᠥᠪ᠎ᠦᠨ ᠨᠠᠮ᠎ᠤᠨ ᠰᠤᠷᠭᠠᠭᠤᠯᠢ ᠎ᠶ᠋ᠢᠨ ᠨᠠᠮ᠎ᠤᠨ ᠲᠡᠦᠬᠡ᠎ᠶ᠋ᠢᠨ ᠵᠢᠭᠠᠨ ᠰᠤᠳᠤᠯᠬᠤ ᠬᠡᠯᠲᠡᠰ᠎ᠦᠨ ᠯᠧᠺᠲ᠋ᠣᠷ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号