ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠲᠤᠬᠠᠢ ᠱᠢᠰᠲ᠋ᠧᠮ᠎ᠲᠡᠶ ᠪᠥᠭᠡᠳ ᠪᠦᠬᠦ᠌ ᠲᠠᠯ᠎ᠠ᠎ᠪᠠᠷ ᠥᠭᠦᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠥᠮᠦᠨ ᠠᠮᠠ᠎ᠶ᠋ᠢᠨ ᠬᠡᠪᠴᠢᠶ᠎ᠡ᠎ᠪᠡᠷ ᠯᠤᠲᠤ ᠶᠡᠬᠡ ᠣᠳᠣᠬᠢᠴᠢᠯᠠᠯᠲᠠ ᠮᠥᠨ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠣᠳᠣᠬᠢᠴᠢᠯᠠᠯᠲᠠ ᠮᠥᠨ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠢ ᠬᠠᠷᠢᠯᠴᠠᠨ ᠵᠣᠬᠢᠴᠠᠭᠤᠯᠤᠭ᠍ᠰᠠᠨ ᠣᠳᠣᠬᠢᠴᠢᠯᠠᠯᠲᠠ ᠮᠥᠨ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠣᠳᠣᠬᠢᠴᠢᠯᠠᠯᠲᠠ ᠮᠥᠨ᠂ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠣᠳᠣᠬᠢᠴᠢᠯᠠᠯᠲᠠ ᠮᠥᠨ ᠭᠡᠵᠦ᠍ ᠵᠢᠭᠠᠵᠤ ᠭᠠᠷᠭᠠᠪᠠ᠃ ᠨᠠᠮ ᠢᠮᠠᠭ᠍ᠲᠠ ᠠᠷᠠᠳ ᠲᠦᠮᠡᠨ᠎ᠢᠶᠡᠷ ᠭᠣᠣᠯ ᠪᠣᠯᠭᠠᠬᠤ ᠦᠷᠳᠡᠭ᠎ᠦᠨ ᠵᠣᠭ᠍ᠰᠣᠯᠲᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠢ ᠡᠵᠡᠮᠳᠡᠵᠦ᠍᠂ ᠠᠷᠠᠳ ᠲᠦᠮᠡᠨ᠎ᠦ ᠡᠭᠦᠳᠦᠨ ᠪᠦᠲᠦᠭᠡᠯᠲᠡ᠎ᠶ᠋ᠢ ᠬᠦᠨᠳᠦᠳᠭᠡᠵᠦ᠍᠂ ᠠᠷᠠᠳ ᠲᠦᠮᠡᠨ᠎ᠦ ᠤᠶᠤᠨ ᠤᠬᠠᠭᠠᠨ᠎ᠢ ᠲᠥᠪᠯᠡᠷᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠣᠯᠭᠣᠬᠤ᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠶᠠᠪᠤᠴᠠ᠎ᠳᠤ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠢᠯᠡ ᠲᠣᠳᠣ ᠠᠷᠠᠳᠴᠢ ᠴᠢᠨᠠᠷ᠎ᠤᠨ ᠣᠨᠴᠠᠯᠢᠭ ᠱᠢᠨᠵᠢ᠎ᠶ᠋ᠢ ᠢᠯᠡᠷᠡᠭᠦᠯᠪᠡ᠃
ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠦ ᠠᠱᠢᠭ ᠲᠤᠰᠠ᠎ᠶ᠋ᠢ ᠪᠡᠶᠡᠯᠡᠭᠦᠯᠬᠦ᠌᠎ᠶ᠋ᠢ ᠪᠣᠳᠣᠯᠬᠢᠯᠠᠨ᠎ᠠ
ᠠᠷᠠᠳ ᠣᠯᠠᠨ ᠪᠣᠯ ᠲᠡᠦᠬᠡ᠎ᠶ᠋ᠢᠨ ᠡᠭᠦᠳᠦᠨ ᠪᠦᠲᠦᠭᠡᠭ᠌ᠴᠢ ᠮᠥᠨ᠃ ᠮᠠᠷᠺᠰ᠎ᠤᠨ ᠦᠵᠡᠯ᠎ᠦᠨ ᠦᠵᠡᠯᠲᠡ᠎ᠪᠡᠷ ᠬᠡᠯᠡᠪᠡᠯ ᠠᠷᠠᠳ ᠤᠯᠠᠨ ᠪᠣᠯ ᠨᠡᠢᠭᠡᠮ᠎ᠦᠨ ᠪᠣᠳᠠᠰ᠎ᠤᠨ ᠡᠳ᠋ ᠪᠠᠶᠠᠯᠢᠭ ᠪᠠ ᠤᠶᠤᠨ᠎ᠤ ᠡᠳ᠋ ᠪᠠᠶᠠᠯᠢᠭ᠎ᠤᠨ ᠡᠭᠦᠳᠦᠨ ᠪᠦᠲᠦᠭᠡᠭ᠌ᠴᠢ ᠪᠣᠯᠬᠤ᠎ᠪᠠᠷ ᠪᠠᠷᠠᠬᠤ ᠦᠭᠡᠢ ᠪᠠᠰᠠ ᠴᠤ᠌ ᠨᠡᠢᠭᠡᠮ᠎ᠦᠨ ᠬᠤᠪᠢᠰᠤᠯᠲᠠ᠎ᠶ᠋ᠢ ᠠᠬᠢᠭᠤᠯᠬᠤ ᠱᠢᠢᠳᠪᠦᠷᠢᠯᠡᠭ᠌ᠴᠢ ᠴᠢᠨᠠᠷᠲᠠᠢ ᠬᠦᠴᠦᠨ ᠮᠥᠨ᠂ ᠠᠷᠠᠳ ᠤᠯᠠᠨ᠎ᠤ 《ᠪᠣᠳᠠᠲᠤ ᠠᠱᠢᠭ ᠲᠤᠰᠠ》 ᠪᠣᠯ ᠲᠡᠦᠬᠡ᠎ᠶ᠋ᠢᠨ ᠤᠷᠤᠭ᠍ᠰᠢᠯᠠᠯᠲᠠ᠎ᠶ᠋ᠢ ᠠᠬᠢᠭᠤᠯᠬᠤ ᠬᠥᠳᠡᠯᠭᠡᠭ᠌ᠴᠢ ᠬᠦᠴᠦᠨ ᠮᠦᠨ᠃
ᠬᠥᠮᠦᠨ ᠠᠮᠠ᠎ᠶ᠋ᠢᠨ ᠲᠣᠭ᠎ᠠ ᠬᠡᠮᠵᠢᠶ᠎ᠡ ᠯᠤᠲᠤ ᠶᠡᠬᠡ ᠪᠤᠯ ᠪᠢᠳᠡᠨ᠎ᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠬᠠᠮᠤᠭ᠎ᠤᠨ ᠶᠡᠬᠡ ᠤᠯᠤᠰ᠎ᠤᠨ ᠪᠠᠢᠳᠠᠯ ᠪᠣᠯᠤᠨ᠎ᠠ᠃ ᠮᠠᠨ᠎ᠤ ᠤᠯᠤᠰ᠎ᠤᠨ ᠠᠷᠪᠠᠨ ᠲᠦᠷᠪᠡᠨ ᠳ᠋ᠦᠩᠱᠢᠭᠤᠷ ᠭᠠᠷᠤᠢ ᠬᠥᠮᠦᠨ ᠠᠮᠠ ᠶᠡᠷᠦᠩᠬᠡᠢ᠎ᠳᠡᠭᠡᠨ ᠣᠳᠣᠬᠢᠴᠢᠯᠠᠭ᠍ᠰᠠᠨ ᠨᠡᠢᠭᠡᠮ᠎ᠳᠦ ᠲᠠᠪᠱᠢᠨ ᠣᠷᠣᠵᠤ᠂ ᠬᠡᠪᠴᠢᠢ᠎ᠡ ᠨᠢ ᠤᠳᠤ᠎ᠶ᠋ᠢᠨ ᠬᠥᠭ᠌ᠵᠢᠭ᠌ᠰᠡᠨ ᠤᠯᠤᠰ᠎ᠤᠳ᠎ᠤᠨ ᠬᠥᠮᠦᠨ ᠠᠮᠠ᠎ᠶ᠋ᠢᠨ ᠨᠡᠢᠯᠡᠪᠦᠷᠢ᠎ᠡᠴᠡ ᠳᠠᠪᠠᠵᠤ᠂ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ ᠨᠢ ᠤᠷᠢᠳ ᠡᠮᠦᠨ᠎ᠡ ᠪᠠᠢᠭ᠎ᠠ ᠦᠭᠡᠢ ᠪᠥᠭᠡᠳ ᠬᠥᠭ᠌ᠵᠢᠯᠲᠡ᠎ᠶ᠋ᠢᠨ ᠠᠷᠭ᠎ᠠ ᠵᠠᠮ ᠪᠠ ᠠᠬᠢᠭᠤᠯᠬᠤ ᠠᠷᠭ᠎ᠠ ᠮᠠᠶᠢᠭ ᠨᠢ ᠴᠦ᠍ ᠵᠠᠢᠯᠠᠰᠢ ᠦᠭᠡᠢ ᠥᠪᠡᠷ᠎ᠦᠨ ᠣᠨᠴᠠᠯᠢᠭ᠎ᠲᠠᠶ ᠪᠣᠯᠤᠭ᠍ᠰᠠᠨ ᠪᠠᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠤᠯᠤᠰ᠎ᠤᠨ ᠪᠠᠢᠳᠠᠯ᠎ᠠᠴᠠ᠎ᠪᠠᠨ ᠡᠭᠦᠰᠦᠨ ᠠᠰᠠᠭᠤᠳᠠᠯ᠎ᠢ ᠪᠣᠳᠣᠯᠬᠢᠯᠠᠵᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠵᠤ᠂ ᠤᠴᠢᠷ ᠶᠠᠪᠤᠳᠠᠯ ᠪᠦᠲᠦᠭᠡᠬᠦ᠌᠎ᠳᠡᠭᠡᠨ ᠶᠡᠬᠡ᠎ᠶ᠋ᠢ ᠰᠠᠨᠠᠭᠠᠷᠬᠠᠵᠤ ᠪᠣᠯᠬᠤ ᠦᠭᠡᠢ ᠮᠥᠷᠲᠡᠭᠡᠨ ᠪᠠᠰᠠ ᠬᠠᠭᠤᠴᠢᠨ᠎ᠢᠶᠠᠨ ᠪᠠᠷᠢᠮᠲᠠᠯᠠᠵᠤ ᠪᠤᠯᠬᠤ ᠦᠭᠡᠢ᠂ ᠲᠡᠦᠬᠡ᠎ᠶ᠋ᠢᠨ ᠬᠦᠯᠢᠴᠡᠩᠭᠦᠢ ᠣᠪᠣᠷᠵᠢᠡᠷ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠂ ᠠᠯᠬᠤᠮ ᠲᠠᠷᠠᠭᠠᠲᠠᠶᠪᠠᠷ ᠤᠷᠤᠭ᠍ᠰᠢᠯᠠᠬᠤ᠂ ᠦᠷᠭᠦᠯᠵᠢᠯᠡᠨ ᠠᠬᠢᠭᠤᠯᠬᠤ ᠬᠡᠷᠡᠭᠳᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠪᠠᠯᠴᠢᠷᠲᠤᠨᠢ ᠰᠠᠭᠠᠳᠠᠭᠤᠯᠬᠤ ᠭᠠᠵᠠᠷ᠎ᠲᠠᠶ᠂ ᠰᠤᠷᠤᠯᠴᠠᠬᠤ᠎ᠠᠴᠠ ᠰᠤᠷᠭᠠᠭᠤᠯᠢ᠎ᠲᠡᠶ᠂ ᠬᠥᠳᠡᠯᠮᠦᠷᠢᠯᠡᠪᠡᠯ ᠤᠯᠬᠤ ᠣᠷᠣᠯᠭ᠎ᠠ᠎ᠲᠠᠶ᠂ ᠡᠪᠡᠳᠴᠢᠯᠡᠪᠡᠯ ᠦᠵᠡᠭᠦᠯᠬᠦ᠌ ᠡᠮᠨᠡᠯᠭᠡ᠎ᠲᠡᠶ᠂ ᠥᠲᠡᠯᠪᠡᠯ ᠬᠦᠷᠳᠡᠬᠦ᠌ ᠠᠰᠠᠷᠠᠮᠵᠢ᠎ᠲᠠᠶ᠂ ᠰᠠᠭᠤᠬᠤ᠎ᠠᠴᠠ ᠣᠷᠣᠨ ᠰᠠᠭᠤᠴᠠ᠎ᠲᠠᠶ᠂ ᠪᠠᠭᠤᠷᠠᠢ᠌ᠴᠤᠤᠯ ᠨᠢ ᠬᠦᠷᠳᠡᠬᠦ᠌ ᠲᠤᠰᠠᠯᠠᠮᠵᠢ᠎ᠲᠠᠶ ᠪᠠᠢᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠠᠷᠠᠳ᠎ᠤᠨ ᠠᠮᠢᠳᠤᠷᠠᠯ ᠪᠦᠬᠦ᠌ ᠲᠠᠯ᠎ᠠ᠎ᠪᠠᠷ ᠰᠠᠢᠵᠢᠷᠠᠵᠤ᠂ ᠠᠷᠠᠳ ᠤᠯᠠᠨ᠎ᠳᠤ 《ᠪᠣᠳᠠᠲᠤ ᠠᠱᠢᠭ ᠲᠤᠰᠠ》 ᠵᠢ ᠦᠨᠡᠨ ᠪᠣᠳᠠᠲᠠᠢ᠎ᠪᠠᠷ ᠮᠡᠳᠡᠷᠡᠭᠦᠯᠵᠦ᠍᠂ ᠡᠭᠦᠨ᠎ᠦ ᠤᠯᠠᠮ᠎ᠢᠶᠠᠷ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠬᠠᠮᠤᠭ᠎ᠤᠨ ᠬᠥᠭ᠌ᠵᠢᠶᠡᠨᠲᠡᠢ ᠭᠤᠤᠯ ᠬᠦᠴᠦᠨ ᠪᠣᠯᠤᠭ᠍ᠰᠠᠨ ᠪᠠᠢᠨ᠎ᠠ᠃
ᠡᠴᠣᠰ᠎ᠦᠨ ᠡᠴᠦᠰ᠎ᠲᠡᠬᠡᠨ ᠪᠦᠬᠦ᠌ ᠠᠷᠠᠳ ᠲᠦᠮᠡᠨ᠎ᠦ ᠬᠠᠮᠲᠤᠪᠡᠷ ᠪᠠᠶᠠᠵᠢᠬᠤ ᠵᠢ ᠪᠡᠶᠡᠯᠡᠭᠦᠯᠦᠨ᠎ᠡ
ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠪᠡᠶᠡᠯᠡᠭᠦᠯᠬᠦ᠌ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ ᠪᠠ ᠴᠢᠬᠤᠯᠠ ᠣᠨᠴᠠᠯᠢᠭ ᠮᠥᠨ᠂ ᠲᠡᠷᠡ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠨᠡᠢᠭᠡᠮ ᠵᠢᠷᠤᠮ᠎ᠤᠨ ᠱᠢᠨᠵᠢ ᠴᠢᠨᠠᠷ᠎ᠢ ᠢᠯᠡᠷᠡᠭᠦᠯᠪᠡ᠃ ᠱᠢᠨᠵᠢᠯᠡᠬᠦ᠌ ᠤᠬᠠᠭᠠᠨᠴᠢ ᠨᠡᠢᠭᠡᠮ ᠵᠢᠷᠤᠮ᠎ᠤᠨ ᠦᠨᠳᠦᠰᠦᠨ ᠵᠠᠷᠴᠢᠮ᠎ᠢ ᠵᠢᠷᠤᠮᠯᠠᠬᠤ᠎ᠳᠤ᠂ ᠦᠭᠡᠭᠦᠦ ᠠᠩᠬᠢ᠎ᠶ᠋ᠢᠨ ᠲᠦᠷᠦ᠍᠎ᠶ᠋ᠢᠨ ᠨᠠᠮ ᠠᠷᠠᠳ ᠲᠦᠮᠡᠨ᠎ᠢ ᠤᠳᠤᠷᠢᠳᠤᠨ ᠲᠦᠷᠦ᠍᠎ᠶ᠋ᠢᠨ ᠡᠷᠬᠡ᠎ᠶ᠋ᠢ ᠲᠡᠮᠡᠴᠡᠨ ᠣᠯᠤᠭ᠍ᠰᠠᠨ᠎ᠤ ᠳᠠᠷᠠᠭᠠᠬᠢ ᠬᠠᠷᠠᠯᠲᠠ᠎ᠶ᠋ᠢᠨ ᠴᠢᠭ᠌ᠯᠡᠯ᠂ ᠬᠥᠮᠦᠨ᠎ᠦ ᠡᠷᠬᠡ ᠴᠢᠯᠥᠭᠡ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌ ᠦᠷᠳᠡᠭ᠎ᠦᠨ ᠱᠠᠭᠠᠷᠳᠠᠯᠭ᠎ᠠ ᠭᠡᠰᠡᠨ ᠦᠭᠡᠢ᠂ ᠡᠰᠡᠬᠦᠯ᠎ᠡ ᠡᠪ ᠬᠠᠮᠲᠤ ᠨᠡᠢᠭᠡᠮ᠎ᠳᠦ ᠲᠠᠪᠰᠢᠨ ᠣᠷᠣᠬᠤ ᠪᠣᠳᠠᠰ᠎ᠤᠨ ᠨᠥᠬᠥᠴᠡᠯ ᠭᠡᠰᠡᠨ ᠦᠭᠡᠢ ᠴᠥᠮ ᠬᠠᠮᠲᠤ᠎ᠪᠠᠷ ᠪᠠᠶᠠᠵᠢᠬᠤ᠌᠎ᠶ᠋ᠢ ᠪᠡᠶᠡᠯᠡᠭᠦᠯᠬᠦ᠌᠎ᠶ᠋ᠢ ᠱᠠᠭᠠᠷᠳᠠᠳᠠᠭ᠃
ᠬᠠᠮᠲᠤ᠎ᠪᠠᠷ ᠪᠠᠶᠠᠵᠢᠬᠤ ᠪᠣᠯ ᠮᠠᠷᠺᠰ᠎ᠤᠨ ᠦᠵᠡᠯ᠎ᠦᠨ ᠡᠷᠬᠢᠮ ᠳᠡᠭᠡᠳᠦ ᠨᠡᠢᠭᠡᠮ᠎ᠦᠨ ᠬᠦᠰᠡᠯᠡᠩ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠮᠠᠭ᠍ᠲᠠ ᠬᠤᠪᠢᠷᠠᠰᠢ ᠦᠭᠡᠢ ᠲᠡᠮᠡᠴᠡᠯ᠎ᠦᠨ ᠬᠠᠷᠠᠯᠲᠠ ᠮᠥᠨ᠃ ᠨᠠᠮ᠎ᠡᠴᠡ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠮᠦᠷᠦᠭᠡᠳᠦᠯ᠎ᠢ ᠪᠡᠶᠡᠯᠡᠭᠦᠯᠬᠦ᠌᠎ᠪᠡᠷ ᠣᠳᠣᠬᠢᠴᠢᠯᠠᠬᠤ ᠪᠥᠲᠥᠭᠡᠨ ᠪᠠᠢᠭᠤᠯᠤᠯᠲᠠ᠎ᠶ᠋ᠢᠨ ᠡᠭᠦᠰᠦᠯᠳᠡ ᠪᠠ ᠲᠤᠰᠤᠯᠲᠠ ᠪᠣᠯᠭᠠᠬᠤ᠎ᠶ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠲᠥᠷᠥ᠎ᠶ᠋ᠢᠨ ᠪᠣᠳᠣᠯᠭ᠎ᠠ᠎ᠶ᠋ᠢ ᠴᠢᠩᠭᠠᠳᠭᠠᠵᠤ᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠲᠦᠷᠢᠮ᠎ᠢ ᠱᠢᠯᠢᠳᠡᠭ᠌ᠵᠢᠭᠦᠯᠵᠦ᠍᠂ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠴᠢᠨᠠᠷ ᠰᠠᠢᠲᠠᠶ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠌ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠤ᠂ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ᠎ᠳᠤ ᠰᠠᠢᠨ ᠰᠠᠢᠬᠠᠨ ᠨᠥᠬᠥᠴᠡᠯ ᠪᠦᠷᠢᠯᠳᠦᠭᠦᠯᠵᠡᠶ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠠᠷᠠᠳ ᠤᠯᠠᠨ᠎ᠢ ᠪᠦᠯᠬᠦᠮᠳᠡᠭᠦᠯᠦᠨ ᠳᠠᠭᠠᠭᠤᠯᠵᠤ ᠰᠠᠢ᠌ᠨ ᠰᠠᠢᠬᠠᠨ ᠠᠮᠢᠳᠤᠷᠠᠯ᠎ᠢ ᠴᠣᠭ᠍ᠴᠠᠯᠠᠨ ᠪᠠᠢᠭᠤᠯᠵᠤ᠂ ᠬᠠᠮᠲᠤ᠎ᠪᠠᠷ ᠪᠠᠶᠠᠵᠢᠬᠤ ᠶ᠋ᠢ ᠪᠡᠶᠡᠯᠡᠭᠦᠯᠬᠦ᠌᠎ᠶ᠋ᠢᠨ ᠲᠥᠯᠥᠭᠡ ᠦᠷᠭᠦᠯᠵᠢᠯᠡᠨ ᠲᠡᠮᠡᠴᠡᠵᠦ᠍᠂ ᠴᠢᠨᠡᠭᠡᠯᠢᠭ ᠨᠡᠢᠭᠡᠮ᠎ᠢ ᠪᠡᠶᠡᠯᠡᠭᠦᠯᠬᠦ᠌ ᠡᠨᠡ ᠬᠦ᠌ ᠳᠤᠮᠳᠠᠳᠤ᠎ᠶ᠋ᠢᠨ ᠦᠨᠳᠦᠰᠦᠲᠡᠨ᠎ᠦ ᠮᠢᠩᠭᠠᠨ ᠣᠨ᠎ᠤ ᠬᠦᠰᠡᠯ ᠵᠡᠭᠦᠳᠦ᠍᠎ᠶ᠋ᠢ ᠪᠡᠶᠡᠯᠡᠭᠦᠯᠵᠦ᠍᠂ ᠬᠥᠮᠦᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠡᠪᠴᠢᠢ᠎ᠡ᠎ᠪᠡᠷ ᠬᠠᠮᠤᠭ᠎ᠤᠨ ᠶᠡᠬᠡ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠲᠤᠢᠯ᠎ᠤᠨ ᠶᠠᠳᠠᠭᠤ ᠬᠦᠴᠢᠷᠳᠡᠯᠲᠡᠢ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠵᠦ᠍᠂ ᠪᠦᠬᠦ᠌ ᠪᠥᠮᠪᠥᠷᠴᠡᠭ᠎ᠦᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠴᠥᠭᠡᠳᠭᠡᠬᠦ᠌ ᠦᠢᠯᠡᠰ᠎ᠲᠦ ᠴᠢᠬᠤᠯᠠ ᠶᠡᠬᠡ ᠬᠤᠪᠢ ᠨᠡᠮᠡᠷᠢ ᠦᠵᠡᠭᠦᠯᠵᠡᠢ᠃
ᠬᠥᠮᠦᠨ᠎ᠦ ᠡᠷᠬᠡ ᠴᠢᠯᠥᠭᠡ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌᠎ᠪᠡᠷ ᠬᠦᠴᠦᠯᠡᠨ ᠴᠢᠷᠮᠠᠢᠨ᠎ᠠ
ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠌ ᠪᠤᠯ ᠮᠠᠷᠺᠰ᠎ᠤᠨ ᠦᠵᠡᠯ᠎ᠦᠨ ᠬᠥᠭᠡᠭᠡᠴᠡᠯᠳᠦᠵᠦ᠍ ᠪᠠᠢᠭ᠎ᠠ ᠦᠨᠳᠦᠰᠦᠨ ᠦᠷᠳᠡᠭ᠎ᠦᠨ ᠬᠠᠷᠠᠯᠲᠠ ᠮᠥᠨ᠂ ᠪᠠᠰᠠ ᠴᠤ᠌ ᠡᠪ ᠬᠠᠮᠲᠤ ᠶᠣᠰᠣᠨ᠎ᠤ ᠨᠡᠢᠭᠡᠮ᠎ᠦᠨ ᠦᠨᠳᠦᠰᠦᠨ ᠣᠨᠴᠠᠯᠢᠭ ᠮᠥᠨ᠃ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢᠨ ᠲᠤᠬᠠᠢ ᠮᠠᠷᠺᠰ᠎ᠤᠨ ᠦᠵᠡᠯ ᠨᠢ ᠥᠷᠥᠭᠡᠰᠦᠭᠡᠯ ᠬᠥᠭ᠌ᠵᠢᠯᠲᠡ᠂ ᠵᠡᠷᠡᠮᠳᠡᠭ ᠬᠥᠭ᠌ᠵᠢᠯᠲᠡ᠂ ᠴᠢᠯᠥᠭᠡᠲᠡᠢ ᠪᠤᠰᠤ ᠬᠥᠭ᠌ᠵᠢᠯᠲᠡ᠂ ᠭᠦᠢᠴᠡᠳ ᠪᠤᠰᠤ ᠬᠥᠭ᠌ᠵᠢᠯᠲᠡ᠎ᠶ᠋ᠢ ᠴᠢᠬᠤᠯᠠᠴᠢᠯᠠᠳᠠᠭ ᠪᠢᠰᠢ᠂ ᠬᠠᠷᠢᠨ ᠪᠦᠬᠦ᠌ ᠲᠠᠯ᠎ᠠ᠎ᠶ᠋ᠢᠨ ᠬᠥᠭ᠌ᠵᠢᠯᠲᠡ᠂ ᠡᠶ᠎ᠡ ᠵᠣᠬᠢᠴᠠᠯ᠎ᠲᠠᠶ ᠬᠥᠭ᠌ᠵᠢᠯᠲᠡ᠂ ᠴᠢᠯᠥᠭᠡᠲᠡᠢ ᠬᠥᠭ᠌ᠵᠢᠯᠲᠡ᠂ ᠭᠦᠢᠴᠡᠳ ᠬᠥᠭ᠌ᠵᠢᠯᠲᠡ᠎ᠶ᠋ᠢ ᠴᠢᠬᠤᠯᠠᠴᠢᠯᠠᠳᠠᠭ ᠶᠤᠮ᠃ ᠮᠠᠷᠺᠰ᠎ᠤᠨ ᠦᠵᠡᠬᠦ᠌᠎ᠪᠡᠷ᠂ ᠬᠥᠷᠥᠩᠭᠡᠲᠦ ᠨᠡᠢᠭᠡᠮ᠎ᠳᠦ ᠬᠥᠮᠦᠨ᠎ᠦ ᠬᠥᠭ᠌ᠵᠢᠯᠲᠡ ᠪᠣᠯ ᠡᠷᠬᠡ ᠴᠢᠯᠥᠭᠡᠲᠡᠶ ᠪᠥᠭᠡᠳ ᠪᠦᠬᠦ᠌ ᠲᠠᠯ᠎ᠠ᠎ᠶ᠋ᠢᠨ ᠬᠥᠭ᠌ᠵᠢᠯᠲᠡ ᠪᠢᠰᠢ᠂ ᠬᠠᠷᠢᠨ ᠠᠯᠪᠠᠳᠠᠯᠭ᠎ᠠ᠎ᠪᠠᠷ ᠥᠷᠥᠭᠡᠰᠦᠭᠡᠯ᠎ᠢᠶᠡᠷ ᠬᠥᠭ᠌ᠵᠢᠳᠡᠭ᠃ ᠬᠥᠷᠥᠩᠭᠡᠲᠦ ᠶᠣᠰᠣᠨ᠎ᠤ ᠣᠳᠣᠬᠢᠴᠢᠯᠠᠯᠲᠠ᠎ᠶ᠋ᠢᠨ ᠬᠥᠭ᠌ᠵᠢᠯᠲᠡ᠎ᠶ᠋ᠢᠨ ᠵᠠᠭ᠍ᠪᠤᠷ᠎ᠲᠤ᠂ ᠬᠦᠷᠦᠨᠭ᠌ᠭᠡ᠎ᠶ᠋ᠢᠨ ᠯᠣᠭᠢᠭ ᠨᠢ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠤ ᠬᠣᠭᠣᠷᠣᠨᠳᠣ ᠯᠤᠲᠤ ᠶᠡᠬᠡ ᠲᠡᠩᠴᠡᠭᠦᠷᠢ ᠦᠭᠡᠢ ᠪᠠᠢᠳᠠᠯ᠎ᠢ ᠪᠤᠢ ᠪᠣᠯᠭᠠᠵᠤ᠂ ᠬᠥᠮᠦᠨ᠎ᠦ ᠦᠷᠳᠡᠭ᠎ᠦᠨ ᠬᠠᠨᠳᠤᠰᠢ ᠪᠠ ᠥᠪᠡᠷ᠎ᠦᠨ ᠦᠨᠡᠯᠡᠯᠲᠡ᠎ᠶ᠋ᠢ ᠴᠥᠮ ᠬᠦᠷᠦᠨᠭ᠌ᠭᠡ᠎ᠪᠡᠷ ᠤᠳᠤᠷᠢᠳᠤᠮᠵᠢ ᠪᠣᠯᠭᠠᠭ᠍ᠰᠠᠨ᠎ᠤ ᠳ᠋ᠦᠩ᠎ᠳᠦ ᠮᠥᠩᠭᠥ᠌ ᠱᠢᠲᠦᠬᠦ᠌ ᠦᠵᠡᠯ᠂ ᠪᠣᠳᠠᠰ᠎ᠤᠨ ᠦᠵᠡᠯ᠂ ᠬᠡᠳᠦ ᠬᠤᠪᠢᠨᠴᠢᠷ ᠦᠵᠡᠯ ᠰᠠᠮᠠᠭᠤᠷᠠᠬᠤ ᠨᠢ ᠵᠠᠢᠯᠠᠰᠢ ᠦᠭᠡᠢ ᠶᠤᠮ᠃
ᠡᠳ᠋ ᠪᠣᠳᠠᠰ ᠡᠯᠪᠡᠭ ᠳᠡᠯᠪᠡᠭ᠂ ᠤᠶᠤᠨ ᠰᠠᠨᠠᠭ᠎ᠠ ᠪᠠᠶᠠᠨ ᠴᠠᠳᠬᠤᠯᠠᠩ ᠪᠠᠢᠬᠤ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠦᠨᠳᠦᠰᠦᠨ ᠱᠠᠭᠠᠷᠳᠠᠯᠭ᠎ᠠ ᠮᠥᠨ᠃ ᠡᠳ᠋ ᠪᠣᠳᠠᠰ᠎ᠤᠨ ᠲᠠᠯ᠎ᠠ᠎ᠪᠠᠷ ᠶᠠᠳᠠᠭᠤ ᠬᠣᠭᠣᠰᠣᠨ ᠪᠠᠢᠬᠤ ᠨᠢ ᠨᠡᠢᠭᠡᠮ ᠵᠢᠷᠤᠮ ᠪᠢᠰᠢ᠂ ᠤᠶᠦᠠ ᠰᠠᠨᠠᠭᠠᠨ᠎ᠤ ᠲᠠᠯ᠎ᠠ᠎ᠪᠠᠷ ᠶᠠᠳᠠᠭᠤ ᠬᠣᠭᠣᠰᠣᠨ ᠪᠠᠢᠬᠤ ᠨᠢ ᠴᠦ᠍ ᠨᠡᠢᠭᠡᠮ ᠵᠢᠷᠤᠮ ᠪᠢᠰᠢ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠳᠠᠰ᠎ᠤᠨ ᠪᠣᠯᠪᠠᠰᠤᠨ ᠪᠠ ᠣᠶᠣᠨ᠎ᠤ ᠪᠣᠯᠪᠠᠰᠤᠨ᠎ᠤ ᠵᠣᠬᠢᠴᠠᠩᠭᠤᠢ ᠬᠥᠭ᠌ᠵᠢᠯᠲᠡ᠎ᠶ᠋ᠢ ᠢᠮᠠᠭ᠍ᠲᠠ ᠴᠢᠬᠤᠯᠠᠴᠢᠯᠠᠵᠤ᠂ ᠣᠳᠣᠬᠢᠴᠢᠯᠠᠯᠲᠠ᠎ᠶ᠋ᠢᠨ ᠪᠣᠳᠠᠰ᠎ᠤᠨ ᠰᠠᠭᠤᠷᠢ᠎ᠶ᠋ᠢ ᠲᠠᠰᠣᠷᠠᠯᠳᠠ ᠥᠭᠡᠢ ᠪᠡᠬᠢᠵᠢᠭᠦᠯᠵᠦ᠍᠂ ᠠᠷᠠᠳ ᠲᠦᠮᠡᠨ᠎ᠦ ᠵᠣᠯ ᠵᠢᠷᠭᠠᠯᠲᠤ ᠠᠮᠢᠳᠤᠷᠠᠯ᠎ᠤᠨ ᠪᠣᠳᠠᠰ᠎ᠤᠨ ᠨᠥᠬᠥᠴᠡᠯ᠎ᠢ ᠲᠠᠰᠣᠷᠠᠯᠳᠠ ᠥᠭᠡᠢ ᠪᠡᠬᠢᠵᠢᠭᠦᠯᠬᠦ᠌᠎ᠶ᠋ᠢᠨ ᠬᠠᠮᠲᠤ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠬᠥᠭ᠌ᠵᠢᠭᠦᠯᠵᠦ᠍ ᠂ ᠬᠦᠰᠡᠯᠡᠩ ᠢᠲᠡᠭᠡᠯ ᠵᠣᠷᠢᠭ᠎ᠤᠨ ᠬᠥᠮᠦᠵᠢᠯ᠎ᠢ ᠴᠢᠩᠭᠠᠳᠭᠠᠵᠤ᠂ ᠳᠤᠮᠳᠠᠳᠤ᠎ᠶ᠋ᠢᠨ ᠪᠣᠯᠪᠠᠰᠤᠨ᠎ᠢ ᠤᠯᠠᠮᠵᠢᠯᠠᠨ ᠵᠠᠯᠭᠠᠮᠵᠢᠯᠠᠵᠤ᠂ ᠪᠣᠳᠠᠰ᠎ᠤᠨ ᠪᠥᠬᠥ᠌ ᠲᠠᠯ᠎ᠠ᠎ᠪᠠᠷ ᠡᠯᠪᠡᠭᠵᠢᠬᠦ ᠪᠠ ᠬᠥᠮᠦᠨ᠎ᠦ ᠪᠥᠬᠥ᠌ ᠲᠠᠯ᠎ᠠ᠎ᠪᠠᠷ ᠬᠥᠭ᠌ᠵᠢᠬᠦ᠎ᠶ᠋ᠢ ᠠᠬᠢᠭᠤᠯᠤᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ ᠥᠷᠭᠡᠨ᠎ᠢᠶᠡᠷ ᠤᠯᠠᠮᠵᠢᠯᠠᠭ᠍ᠳᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ ᠪᠦᠲᠦᠭᠡᠯᠴᠢ ᠴᠢᠨᠠᠷᠲᠠᠢ᠎ᠪᠠᠷ ᠬᠤᠪᠢᠷᠠᠵᠤ᠂ ᠱᠢᠨ᠎ᠡ᠎ᠶ᠋ᠢ ᠡᠭᠦᠳᠬᠦ᠌ ᠴᠢᠨᠠᠷᠲᠠᠢ᠎ᠪᠠᠷ ᠬᠥᠭ᠌ᠵᠢᠵᠦ᠍᠂ ᠰᠣᠶᠣᠯ᠎ᠤᠨ ᠦᠢᠯᠡᠰ ᠡᠳᠦᠷ ᠢᠷᠡᠬᠦᠶ᠎ᠡ ᠴᠡᠴᠡᠭ᠌ᠯᠡᠨ ᠬᠥᠭ᠌ᠵᠢᠵᠦ᠍᠂ ᠰᠦᠯᠵᠢᠶᠡᠨ᠎ᠦ ᠠᠮᠢ ᠠᠬᠤᠢ ᠦᠷᠭᠦᠯᠵᠢᠯᠡᠨ ᠰᠠᠢᠵᠢᠷᠠᠵᠤ᠂ ᠵᠠᠯᠠᠭᠤ ᠨᠢᠭᠡ ᠦᠶ᠎ᠡ᠎ᠶ᠋ᠢᠨ ᠬᠢᠨ ᠨᠡᠩ ᠢᠳᠡᠪᠬᠢᠲᠡᠢ᠎ᠪᠡᠷ ᠥᠭᠡᠳᠡᠯᠡᠨ ᠲᠠᠪᠱᠢᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠣᠶᠣᠯ᠎ᠤᠨ ᠢᠲᠡᠭᠡᠯ ᠢᠯᠡᠳᠲᠡ ᠴᠢᠩᠭᠠᠷᠠᠵᠤ᠂ ᠤᠶᠤᠨ ᠰᠠᠨᠠᠭᠠᠨ᠎ᠤ ᠳᠦᠷᠰᠦ ᠪᠠᠢᠳᠠᠯ ᠨᠡᠩ ᠴᠤᠭ ᠪᠠᠳᠠᠷᠠᠩᠭᠤᠢ ᠪᠣᠯᠪᠠ᠃
ᠬᠥᠮᠦᠨ ᠬᠢᠭᠡᠳ ᠪᠠᠢᠭᠠᠯᠢ ᠵᠢᠨ ᠡᠶ᠎ᠡ ᠵᠤᠬᠢᠴᠠᠩᠭᠤᠢ ᠬᠠᠮᠲᠤ ᠣᠷᠣᠱᠢᠬᠤ᠎ᠶ᠋ᠢ ᠠᠬᠢᠭᠤᠯᠣᠨ᠎ᠠ
ᠰᠠᠢᠨ ᠰᠠᠢᠬᠠᠨ ᠠᠮᠢ ᠠᠬᠤᠶ᠎ᠶ᠋ᠢᠨ ᠣᠷᠴᠢᠨ ᠲᠣᠭᠣᠷᠢᠨ ᠪᠣᠯ ᠠᠷᠠᠳ ᠣᠯᠠᠨ᠎ᠤ ᠲᠤᠯᠭᠠᠮ ᠱᠠᠭᠠᠷᠳᠠᠵᠤ ᠪᠠᠢᠭ᠎ᠠ ᠣᠯᠠᠨ ᠨᠡᠢᠲᠡ᠎ᠶ᠋ᠢᠨ ᠪᠦᠲᠦᠭᠡᠭ᠌ᠳᠡᠬᠦᠨ ᠮᠥᠨ᠂ ᠨᠢᠭᠡ ᠤᠯᠤᠰ ᠪᠠ ᠦᠨᠳᠦᠰᠦᠲᠡᠨ᠎ᠦ ᠥᠨᠢᠳᠡ᠎ᠶ᠋ᠢᠨ ᠬᠥᠭ᠌ᠵᠢᠯᠲᠡ᠎ᠶ᠋ᠢᠨ ᠴᠢᠬᠤᠯᠠ ᠨᠥᠬᠥᠴᠡᠯ ᠮᠥᠨ᠃ ᠱᠢᠨ᠎ᠡ ᠴᠠᠭ ᠦᠶ᠎ᠡ᠎ᠳᠦ ᠤᠷᠤᠭ᠍ᠰᠠᠨ᠎ᠤ ᠳᠠᠷᠠᠭ᠎ᠠ᠂ ᠪᠢᠳᠡ ᠴᠢᠨᠡᠭᠡᠯᠢᠭ ᠨᠡᠢᠭᠡᠮ᠎ᠢ ᠪᠥᠬᠥ᠌ ᠲᠠᠯ᠎ᠠ᠎ᠪᠠᠷ ᠪᠠᠢᠭᠤᠯᠤᠨ ᠪᠦᠲᠦᠭᠡᠬᠦ᠌ ᠲᠡᠦᠬᠡᠲᠦ ᠡᠭᠦᠷᠭᠡ᠎ᠪᠡᠨ ᠨᠢᠭᠡᠨᠲᠡ ᠪᠡᠶᠡᠯᠡᠭᠦᠯᠵᠦ᠍᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠪᠠᠨ ᠪᠡᠶᠡᠯᠡᠭᠦᠯᠪᠡ᠂ ᠠᠷᠠᠳ ᠣᠯᠠᠨ᠎ᠤ ᠪᠣᠳᠠᠰ᠎ᠤᠨ ᠠᠮᠢᠳᠤᠷᠠᠯ᠎ᠤᠨ ᠲᠦᠪᠱᠢᠨ ᠲᠤᠢᠯ᠎ᠤᠨ ᠶᠡᠬᠡᠪᠡᠷ ᠳᠡᠭᠡᠭ᠌ᠰᠢᠯᠡᠬᠦ᠌᠎ᠶ᠋ᠢ ᠳᠠᠭᠠᠯᠳᠤᠨ᠂ ᠰᠠᠢᠨ ᠰᠠᠢᠬᠠᠨ ᠠᠮᠢ ᠠᠬᠤᠶ᠎ᠶ᠋ᠢᠨ ᠣᠷᠴᠢᠨ ᠨᠥᠬᠥᠴᠡᠯ ᠨᠢᠭᠡᠨᠲᠡ ᠬᠠᠮᠤᠭ᠎ᠤᠨ ᠲᠦᠭᠡᠮᠡᠯ ᠬᠠᠷᠠᠭᠠᠯᠵᠠᠯᠲᠤ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠪᠣᠯᠵᠣ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ ᠨᠢᠭᠡᠨᠲᠡ ᠠᠷᠠᠳ ᠣᠯᠠᠨ᠎ᠤ ᠲᠤᠯᠭᠠᠮ ᠬᠦᠰᠡᠯ ᠡᠷᠡᠮᠡᠯᠵᠡᠯ ᠪᠣᠯᠤᠭ᠍ᠰᠠᠨ ᠪᠠᠢᠨ᠎ᠠ᠃ ᠡᠢᠮᠦ᠍᠎ᠡᠴᠡ ᠬᠥᠮᠦᠨ ᠬᠢᠬᠡᠳ ᠪᠠᠢᠭᠠᠯᠢ᠎ᠶ᠋ᠢᠨ ᠡᠶ᠎ᠡ ᠵᠤᠬᠢᠴᠠᠩᠭᠤᠢ ᠬᠠᠮᠲᠤ ᠣᠷᠣᠱᠢᠬᠤ᠎ᠶ᠋ᠢ ᠠᠬᠢᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠤᠬᠢᠴᠠᠩᠭᠤᠢ ᠬᠠᠮᠲᠤ ᠣᠷᠣᠱᠢᠬᠤ ᠣᠳᠣᠬᠢᠴᠢᠯᠠᠯᠲᠠ᠎ᠶ᠋ᠢᠨ ᠤᠷᠤᠭ᠍ᠰᠢᠯᠠᠯᠲᠠ᠎ᠶ᠋ᠢᠨ ᠴᠢᠭ᠌ᠯᠡᠯ ᠪᠠ ᠦᠷᠳᠡᠭ᠎ᠦᠨ ᠣᠢᠯᠠᠭᠠᠭ᠍ᠳᠠᠬᠤᠨ᠎ᠢ ᠢᠮᠠᠭ᠍ᠲᠠ ᠴᠢᠬᠤᠯᠠᠴᠢᠯᠠᠳᠠᠭ᠃ ᠢᠯᠠᠩᠭᠤᠶ᠎ᠠ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠶᠡᠬᠡᠪᠡᠷ ᠠᠬᠢᠭᠤᠯᠪᠠ᠃ ᠪᠤᠬᠢᠷᠳᠤᠯ ᠦᠬᠡᠢ᠂ ᠡᠷᠭᠢᠯᠲᠡ᠎ᠳᠦ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠥᠭ᠌ᠵᠢᠯᠲᠡ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠠᠮᠢ ᠠᠬᠤᠢ᠎ᠶ᠋ᠢᠨ ᠣᠷᠴᠢᠨ ᠨᠥᠬᠥᠴᠡᠯ᠎ᠦᠨ ᠬᠠᠮᠠᠭᠠᠯᠠᠯᠲᠠ ᠲᠡᠦᠬᠡᠲᠦ ᠴᠢᠨᠠᠷᠲᠠᠢ᠂ ᠡᠷᠭᠢᠯᠳᠠ ᠵᠢᠨ ᠴᠢᠨᠠᠷᠳᠠᠢ᠂ ᠪᠦᠬᠦ᠌ ᠲᠠᠯ᠎ᠠ᠎ᠶ᠋ᠢᠨ ᠴᠢᠨᠠᠷᠲᠠᠶ ᠬᠤᠪᠢᠷᠠᠯᠲᠠ ᠲᠠᠢ ᠪᠤᠯᠪᠠ᠃ ᠱᠢᠨ᠎ᠡ ᠴᠠᠭ ᠦᠶ᠎ᠡ᠎ᠶ᠋ᠢᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠴᠢᠬᠤᠯᠠ ᠶᠡᠬᠡ ᠣᠨᠣᠯ ᠪᠠ ᠦᠶ᠋ᠯᠡᠳᠦᠯᠭᠡ᠎ᠶ᠋ᠢᠨ ᠱᠢᠨ᠎ᠡ ᠡᠭᠦᠳᠦᠯᠲᠡ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠭᠤᠯᠤᠭ᠍ᠳᠠᠬᠤᠨ᠎ᠢ ᠪᠠᠶᠠᠯᠢᠭ᠍ᠵᠢᠭᠤᠯᠤᠨ ᠥᠷᠭᠡᠳᠭᠡᠪᠡ᠃
ᠬᠥᠮᠦᠨ ᠲᠥᠷᠥᠯᠬᠢᠲᠡᠨ᠎ᠦ ᠠᠰᠠᠭᠤᠳᠠᠯ᠎ᠢ ᠱᠢᠢᠳᠪᠦᠷᠢᠯᠡᠬᠦ᠌᠎ᠳᠦ ᠣᠶᠤᠨᠴᠢ ᠲᠥᠰᠦᠯ ᠬᠠᠩᠭᠠᠨ᠎ᠠ
ᠣᠳᠣᠬᠠᠨ᠎ᠳᠤ᠂ ᠵᠠᠭᠤᠨ ᠵᠢᠯ᠎ᠦᠨ ᠬᠤᠪᠢᠰᠤᠯᠲᠠ ᠪᠠ ᠵᠠᠭᠤᠨ ᠵᠢᠯ᠎ᠦᠨ ᠬᠢᠵᠢᠭ᠎ᠦᠨ ᠪᠠᠢᠳᠠᠯ ᠬᠠᠷᠢᠯᠴᠠᠨ ᠰᠣᠯᠪᠢᠴᠠᠵᠤ᠂ ᠳᠡᠯᠡᠬᠡᠢ᠎ᠶ᠋ᠢᠨ ᠠᠵᠤ ᠠᠬᠤᠢ᠎ᠶ᠋ᠢᠨ ᠰᠡᠷᠭᠦᠯᠲᠡ ᠵᠢᠨ ᠬᠦᠴᠦᠨ ᠮᠡᠬᠦᠰᠳᠡᠵᠦ᠍᠂ ᠬᠡᠰᠡᠭ ᠲᠠᠯ᠎ᠠ᠎ᠶ᠋ᠢᠨ ᠮᠥᠷᠭᠥᠯᠳᠦᠭᠡᠨ ᠪᠠ ᠦᠢᠮᠡᠭᠡᠨ ᠳᠡᠪᠵᠢᠶᠡᠨ ᠣᠯᠠᠨᠲᠠ ᠡᠭᠦᠰᠴᠦ᠍᠂ ᠪᠦᠬᠦ᠌ ᠪᠥᠮᠪᠥᠷᠴᠡᠭ᠎ᠦᠨ ᠴᠢᠨᠠᠷᠲᠠᠢ ᠠᠰᠠᠭᠤᠳᠠᠯ ᠱᠢᠷᠦᠭᠦᠰᠴᠦ᠍᠂ ᠳᠡᠯᠡᠬᠡᠢ ᠶᠢᠷᠲᠢᠨᠴᠦ᠍ ᠱᠢᠨ᠎ᠡ ᠤᠷᠪᠠᠭᠠᠨ ᠬᠥᠷᠪᠡᠭᠡᠨ᠎ᠲᠡᠶ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠪᠠ᠃ 《ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠣᠳᠣᠬᠢᠴᠢᠯᠠᠯᠲᠠ》 ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠴᠢᠬᠤᠯᠠ ᠣᠨᠴᠠᠯᠢᠭ ᠪᠣᠯᠤᠭ᠍ᠰᠠᠨ᠎ᠤ ᠬᠤᠪᠢ᠎ᠳᠤ᠂ 《ᠪᠣᠯᠪᠠᠰᠤᠨ᠎ᠤ ᠮᠥᠷᠭᠥᠯᠳᠦᠭᠡᠨ᠎ᠦ ᠤᠨᠤᠯ》 ᠪᠣᠯᠤᠨ 《ᠤᠯᠤᠰ ᠬᠦᠴᠦᠷᠬᠡᠭ᠌ᠵᠢᠪᠡᠯ ᠯᠠᠪᠲᠠᠢ ᠡᠵᠡᠷᠬᠡᠬᠦ᠌ ᠤᠨᠤᠯ》 ᠤᠨ ᠲᠥᠭᠡᠷᠢᠭ᠌ᠳᠡᠯ᠎ᠢ ᠬᠦᠴᠦᠲᠡᠢ ᠨᠢᠴᠤᠭᠠᠵᠤ᠂ ᠬᠥᠮᠦᠨ ᠲᠥᠷᠥᠯᠬᠢᠲᠡᠨ᠎ᠳᠦ ᠲᠤᠯᠭᠠᠷᠠᠵᠤ ᠪᠠᠢᠭ᠎ᠠ ᠬᠠᠮᠲᠤ᠎ᠶ᠋ᠢᠨ ᠠᠰᠠᠭᠤᠳᠠᠯ᠎ᠢ ᠱᠢᠢᠳᠪᠦᠷᠢᠯᠡᠬᠦ᠌᠎ᠳᠦ ᠳᠤᠮᠳᠠᠳᠤ ᠤᠯᠤᠰ᠎ᠤᠨ ᠤᠶᠤᠨ ᠤᠬᠠᠭᠠᠨ ᠪᠣᠯᠤᠨ ᠳᠤᠮᠳᠠᠳᠤ ᠤᠯᠤᠰ᠎ᠤᠨ ᠲᠥᠰᠦᠯ᠎ᠢ ᠬᠠᠩᠭᠠᠪᠠ᠃
ᠨᠠᠮ ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠡᠯᠡᠬᠡᠢ᠎ᠶ᠋ᠢᠨ ᠠᠷᠠᠳ ᠲᠦᠮᠡᠨ᠎ᠦ ᠬᠠᠮᠲᠤ᠎ᠶ᠋ᠢᠨ ᠠᠱᠢᠭ ᠲᠤᠰᠠ᠎ᠡᠴᠡ ᠡᠭᠦᠰᠴᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠢᠳᠡᠪᠬᠢᠲᠡᠢ ᠰᠠᠨᠠᠭᠠᠴᠢᠯᠠᠪᠠ᠃ ᠤᠯᠤᠰ ᠲᠦᠷᠦ᠍᠎ᠶ᠋ᠢᠨ ᠲᠠᠯ᠎ᠠ᠎ᠪᠠᠷ᠂ ᠬᠠᠷᠢᠯᠴᠠᠨ ᠬᠦᠨᠳᠦᠳᠭᠡᠬᠦ᠌᠂ ᠡᠷᠬᠡ ᠲᠡᠭ᠌ᠰᠢ᠎ᠪᠡᠷ ᠵᠥᠪᠳᠡᠯᠴᠡᠬᠦ᠌᠎ᠶ᠋ᠢ ᠰᠠᠨᠠᠭᠠᠴᠢᠯᠠᠵᠤ᠂ ᠬᠦᠢᠳᠡᠨ ᠲᠠᠢ᠌ᠨ᠎ᠦ ᠰᠡᠳᠭᠢᠬᠦᠢ ᠪᠠ ᠬᠦᠴᠦᠷᠬᠡᠭ᠌ᠯᠡᠯ᠎ᠦᠨ ᠤᠯᠤᠰ ᠲᠦᠷᠦ᠍᠎ᠶ᠋ᠢ ᠲᠠᠶᠠᠭ᠍ᠳᠠᠵᠤ᠂ ᠶᠠᠷᠢᠯᠴᠠᠭ᠎ᠠ ᠬᠢᠬᠦ᠌᠎ᠡᠴᠡ ᠪᠢᠰᠢ ᠡᠰᠡᠷᠭᠦᠴᠡᠯᠳᠦᠬᠦ᠌ ᠦᠭᠡᠢ᠂ ᠬᠠᠨᠢᠲᠠᠨ ᠪᠣᠯᠬᠤ᠎ᠠᠴᠠ ᠪᠢᠰᠢ ᠬᠣᠯᠪᠣᠭ᠎ᠠ ᠦᠯᠦ᠍ ᠪᠠᠢᠭᠤᠯᠬᠤ ᠤᠯᠤᠰ ᠬᠢᠭᠡᠳ ᠤᠯᠤᠰ᠎ᠤᠨ ᠬᠣᠭᠣᠷᠣᠨᠳᠣᠬᠢ ᠬᠠᠷᠢᠯᠴᠠᠭᠠᠨ᠎ᠤ ᠱᠢᠨ᠎ᠡ ᠵᠠᠮ᠎ᠢᠶᠠᠷ ᠵᠠᠮᠨᠠᠪᠠ; ᠠᠵᠤ ᠠᠬᠤᠢ᠎ᠶ᠋ᠢᠨ ᠲᠠᠯ᠎ᠠ᠎ᠪᠠᠷ᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠬᠤ᠎ᠶ᠋ᠢ ᠰᠠᠨᠠᠭᠠᠴᠢᠯᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ᠎ᠶ᠋ᠢᠨ ᠴᠢᠯᠥᠭᠡᠵᠢᠯᠲᠡ ᠳᠥᠭᠥᠮᠴᠢᠯᠡᠯᠲᠡ᠎ᠶ᠋ᠢ ᠠᠬᠢᠭᠤᠯᠵᠤ᠂ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢᠨ ᠨᠡᠩ ᠨᠡᠭᠡᠭᠡᠯᠲᠡᠲᠡᠢ᠂ ᠪᠠᠭ᠍ᠲᠠᠭᠠᠮᠵᠢᠲᠠᠢ᠂ ᠲᠦᠭᠡᠮᠡᠯ ᠬᠠᠷᠠᠭᠠᠯᠵᠠᠯ᠎ᠲᠠᠶ᠂ ᠲᠡᠩᠴᠡᠭᠦᠷᠢᠲᠡᠢ᠂ ᠬᠠᠮᠲᠤ᠎ᠪᠠᠷ ᠠᠱᠢᠭ ᠬᠦᠷᠳᠡᠬᠦ᠌ ᠴᠢᠭ᠌ᠯᠡᠯ᠎ᠢᠶᠡᠷ ᠬᠥᠭ᠌ᠵᠢᠬᠦ᠌᠎ᠶ᠋ᠢ ᠠᠬᠢᠭᠤᠯᠪᠠ; ᠰᠣᠶᠣᠯ᠎ᠤᠨ ᠲᠠᠯ᠎ᠠ᠎ᠪᠠᠷ᠂ ᠳᠡᠯᠡᠬᠡᠢ᠎ᠶ᠋ᠢᠨ ᠪᠣᠯᠪᠠᠰᠤᠨ᠎ᠤ ᠤᠯᠠᠨ ᠶᠠᠩᠵᠤᠲᠤ ᠴᠢᠨᠠᠷ᠎ᠢ ᠬᠦᠨᠳᠦᠳᠭᠡᠬᠦ᠌᠎ᠶ᠋ᠢ ᠰᠠᠨᠠᠭᠠᠴᠢᠯᠠᠵᠤ᠂ ᠪᠣᠯᠪᠠᠰᠤᠨ᠎ᠤ ᠰᠣᠯᠢᠯᠴᠠᠭ᠎ᠠ᠎ᠪᠠᠷ ᠪᠣᠯᠪᠠᠰᠤᠨ᠎ᠤ ᠵᠠᠪᠰᠠᠷᠳᠠᠯ᠎ᠢ ᠳᠠᠪᠠᠵᠤ᠂ ᠪᠣᠯᠪᠠᠰᠤᠨ᠎ᠢᠶᠠᠨ ᠬᠠᠷᠢᠯᠴᠠᠨ ᠲᠤᠯᠢᠳᠠᠬᠤ᠎ᠪᠠᠷ ᠪᠣᠯᠪᠠᠰᠤᠨ᠎ᠤ ᠮᠥᠷᠭᠥᠯᠳᠦᠭᠡᠨ᠎ᠢ ᠳᠠᠪᠠᠵᠤ᠂ ᠪᠣᠯᠪᠠᠰᠤᠨ ᠬᠠᠮᠲᠤ᠎ᠪᠠᠷ ᠣᠷᠣᠱᠢᠬᠤ᠎ᠪᠠᠷ ᠪᠣᠯᠪᠠᠰᠤᠨ᠎ᠤ ᠳᠠᠪᠠᠭᠤᠯᠢᠭ᠎ᠢ ᠳᠠᠪᠠᠵᠤ ᠪᠠᠢᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ ᠢᠮᠠᠭ᠍ᠲᠠ ᠳᠡᠯᠡᠬᠡᠢ᠎ᠶ᠋ᠢᠨ ᠬᠠᠷᠠᠴᠠ᠎ᠪᠠᠷ ᠬᠥᠮᠦᠨ ᠲᠥᠷᠥᠯᠬᠢᠲᠡᠨ᠎ᠦ ᠢᠷᠡᠭᠡᠳᠦᠢ ᠬᠤᠪᠢ ᠵᠠᠶᠠᠭ᠎ᠠ᠎ᠶ᠋ᠢ ᠠᠩᠬᠠᠷᠴᠤ᠌᠂ ᠬᠥᠮᠦᠨ ᠲᠥᠷᠥᠯᠬᠢᠲᠡᠨ᠎ᠦ ᠬᠥᠭ᠌ᠵᠢᠯᠲᠡ᠎ᠶ᠋ᠢᠨ ᠶᠡᠬᠡ ᠤᠷᠤᠰᠭᠠᠯ᠂ ᠳᠡᠯᠡᠬᠡᠢ᠎ᠶ᠋ᠢᠨ ᠬᠤᠪᠢᠷᠠᠯᠲᠠ᠎ᠶ᠋ᠢᠨ ᠶᠡᠬᠡ ᠪᠠᠢᠷᠢᠱᠢᠯ᠂ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠡᠦᠬᠡ᠎ᠶ᠋ᠢᠨ ᠦᠨᠳᠤᠷᠴᠡ ᠡᠴᠡ ᠭᠠᠳᠠᠭᠠᠳᠤ ᠶᠢᠷᠲᠢᠨᠴᠦ᠍ᠯᠦᠭᠡᠶ᠋ᠢᠨ ᠬᠠᠷᠢᠴᠠᠭ᠎ᠠ᠎ᠶ᠋ᠢ ᠵᠥᠪ᠎ᠢᠶᠡᠷ ᠲᠠᠨᠢᠨ ᠱᠢᠢᠳᠪᠦᠷᠢᠯᠡᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠮᠥᠷᠲᠡᠭᠡᠨ ᠪᠠᠰᠠ ᠬᠥᠮᠦᠨ ᠲᠥᠷᠥᠯᠬᠢᠲᠡᠨ᠎ᠦ ᠲᠠᠪᠱᠢᠯᠳᠠ᠎ᠶ᠋ᠢ ᠪᠣᠳᠣᠯᠬᠢᠯᠠᠵᠤ᠂ ᠳᠡᠯᠡᠬᠡᠢ ᠳ᠋ᠠᠬᠢᠨ᠎ᠤ ᠡᠪ ᠨᠢᠭᠡᠳᠦᠯ᠎ᠢ ᠪᠣᠳᠣᠯᠬᠢᠯᠠᠵᠤ ᠂ ᠲᠡᠦᠬᠡ᠎ᠶ᠋ᠢᠨ ᠵᠥᠪ ᠲᠠᠯ᠎ᠠ᠎ᠳᠤ ᠵᠣᠭ᠍ᠰᠣᠵᠤ᠂ ᠬᠥᠮᠦᠨ ᠲᠥᠷᠥᠯᠬᠢᠲᠡᠨ᠎ᠦ ᠲᠠᠪᠱᠢᠯᠳᠠ᠎ᠶ᠋ᠢᠨ ᠲᠠᠯ᠎ᠠ᠎ᠳᠤ ᠵᠣᠭ᠍ᠰᠣᠵᠤ᠂ ᠥᠪᠡᠷ᠎ᠢ᠎ᠪᠡᠨ ᠬᠥᠭ᠌ᠵᠢᠭᠦᠯᠬᠦ᠌ ᠮᠥᠷᠲᠡᠭᠡᠨ ᠳᠡᠯᠡᠬᠡᠢ ᠳ᠋ᠠᠬᠢᠨ᠎ᠳᠤ ᠪᠤᠶᠠᠨ ᠦᠢᠯᠡᠳᠬᠦ᠌ ᠣᠳᠣᠬᠢᠴᠢᠯᠠᠯᠲᠠ᠎ᠶ᠋ᠢᠨ ᠵᠠᠮ᠎ᠢ ᠠᠮᠵᠢᠯᠲᠠ᠎ᠲᠠᠶ ᠨᠡᠭᠡᠭᠡᠭ᠌ᠰᠡᠨ ᠪᠠᠢᠨ᠎ᠠ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠪᠦᠬᠦ᠌ ᠠᠷᠠᠳ ᠲᠦᠮᠡᠨ᠎ᠦ ᠣᠳᠣᠬᠢᠴᠢᠯᠠᠯᠲᠠ ᠮᠥᠨ᠂ ᠠᠷᠠᠳ ᠲᠦᠮᠡᠨ᠎ᠢᠶᠡᠷ ᠭᠣᠣᠯ ᠪᠣᠯᠭᠠᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠣᠳᠣᠬᠢᠴᠢᠯᠠᠯᠲᠠ ᠮᠥᠨ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠠᠷᠠᠳ ᠲᠦᠮᠡᠨ᠎ᠦ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠲᠥᠯᠥᠭᠡ ᠬᠥᠭ᠌ᠵᠢᠭᠦᠯᠬᠦ᠌᠂ ᠠᠷᠠᠳ ᠲᠦᠮᠡᠨ᠎ᠳᠦ ᠲᠦᠱᠢᠭᠯᠡᠨ ᠬᠦᠭᠵᠢᠬᠦᠯᠬᠦ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ᠌᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠢ᠃
(ᠵᠣᠬᠢᠶᠠᠭ᠍ᠴᠢ᠄ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠤᠯᠤᠰ ᠲᠦᠷᠦ᠍᠎ᠶ᠋ᠢᠨ ᠤᠬᠠᠭᠠᠨ᠎ᠤ ᠵᠢᠭᠠᠨ ᠰᠤᠳᠤᠯᠬᠤ ᠬᠡᠯᠲᠡᠰ᠎ᠦᠨ ᠳᠡᠳ᠋ ᠫᠷᠤᠹᠸᠰᠰᠤᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠤᠨᠤᠯ᠎ᠤᠨ ᠱᠢᠰᠲᠸᠮ ᠦᠨ ᠰᠣᠳᠣᠯᠭᠠᠨᠦ ᠲᠦᠪ᠎ᠦᠨ ᠰᠣᠳᠣᠯᠣᠭᠴᠢ)