— ᠲᠦᠷᠦ᠍᠎ᠶ᠋ᠢᠨ ᠶᠠᠪᠤᠳᠠᠯ ᠤᠨ ᠬᠣᠷᠢᠶᠠᠨ ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠬᠢᠵᠢᠭ᠎ᠢ ᠰᠡᠷᠭᠡᠢᠯᠡᠬᠦ᠌ ᠠᠵᠢᠯ᠎ᠳᠤ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠪᠡ
ᠣᠢᠷ᠎ᠠ᠎ᠶ᠋ᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠰᠡᠷᠭᠡᠢᠯᠡᠨ ᠡᠵᠡᠮᠳᠡᠬᠦ᠌ ᠪᠠᠢᠳᠠᠯ ᠶᠡᠷᠦᠩᠬᠡᠶ᠎ᠳᠡᠭᠡᠨ ᠰᠠᠢᠵᠢᠷᠠᠵᠤ᠂ 《ᠬᠥᠬᠡᠭ᠌ᠴᠢᠨ ᠲᠥᠷᠥᠯ᠎ᠤᠨ ᠬᠥᠬᠡᠭ᠌ᠴᠢᠨ ᠬᠠᠮᠢᠶᠠᠷᠤᠯᠲᠠ》 ᠵᠢᠨ ᠪᠠᠢ᠌ᠩᠭᠤᠵᠢᠭ᠍ᠰᠠᠨ ᠰᠡᠷᠭᠡᠢᠯᠡᠨ ᠡᠵᠡᠮᠳᠡᠬᠦ᠌ ᠱᠠᠲᠤᠨ᠎ᠳᠤ ᠲᠣᠭ᠍ᠲᠠᠭᠤᠨ᠎ᠢᠶᠠᠷ ᠣᠷᠣᠵᠤ᠂ ᠡᠯ᠎ᠡ ᠭᠠᠵᠠᠷ᠎ᠤᠨ ᠬᠢᠵᠢᠭ᠎ᠦᠨ ᠪᠠᠢᠳᠠᠯ ᠬᠡᠰᠡᠭ ᠭᠠᠵᠠᠷ᠎ᠲᠤ ᠲᠠᠷᠠᠬᠠᠶ ᠪᠤᠲᠠᠷᠬᠠᠶ ᠡᠬᠦᠰᠬᠦ ᠪᠠᠢᠳᠠᠯ ᠢᠯᠡᠷᠡᠪᠡ᠃ ᠲᠤᠰ ᠡᠭᠡᠯᠵᠢ ᠵᠢᠨ ᠬᠢᠵᠢᠭ᠎ᠦᠨ ᠪᠠᠢᠳᠠᠯ ᠳᠠᠭᠤᠰᠤᠭ᠍ᠰᠠᠨ ᠦᠦ? ᠱᠢᠨ᠎ᠡ ᠤᠨᠳᠤᠤᠱᠢᠬᠰᠡᠨ ᠸᠢᠷᠦ᠋ᠰ ᠤ᠋ᠨ ᠰᠠᠭᠤᠷᠢ ᠨᠢ ᠱᠢᠨ᠎ᠡ ᠨᠢᠭᠡ ᠡᠭᠡᠯᠵᠢ᠎ᠶ᠋ᠢᠨ ᠬᠠᠯᠳᠠᠪᠤᠷᠢᠯᠠᠯ᠎ᠤᠨ ᠣᠷᠭᠢᠯ᠎ᠢ ᠡᠭᠦᠰᠭᠡᠬᠦ᠌ ᠪᠣᠯᠤᠯᠴᠠᠭ᠎ᠠ᠎ᠲᠠᠶ ᠦᠦ? ᠲᠠᠷᠠᠭᠠᠴᠢ᠎ᠶ᠋ᠢᠨ ᠠᠯᠬᠤᠮ᠎ᠳᠤ ᠬᠢᠵᠢᠭ᠎ᠦᠨ ᠪᠠᠢᠳᠠᠯ᠎ᠢ ᠬᠢᠨᠠᠨ ᠬᠡᠮᠵᠢᠬᠦ᠌ ᠱᠢᠰᠲ᠋ᠧᠮ ᠪᠣᠯᠤᠨ ᠮᠡᠳᠡᠭᠡ ᠵᠠᠩᠭᠢ᠎ᠶ᠋ᠢ ᠮᠡᠳᠡᠭᠦᠯᠬᠦ᠌ ᠲᠦᠷᠢᠮ᠎ᠢ ᠬᠡᠷᠬᠢᠨ ᠦᠷᠭᠦᠯᠵᠢᠯᠡᠨ ᠪᠦᠷᠢᠨᠱᠢᠬᠦᠯᠬᠦ᠌ ᠪᠤᠢ? ᠣᠯᠠᠨ ᠨᠡᠢᠲᠡ᠎ᠶ᠋ᠢᠨ ᠠᠩᠬᠠᠷᠴᠤ᠌ ᠪᠠᠢᠭ᠎ᠠ ᠬᠠᠯᠠᠮᠰᠢᠯ ᠴᠡᠭ᠎ᠦᠨ ᠲᠣᠭᠣᠷᠢᠨ᠎ᠳᠤ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢᠨ᠎ᠬᠢᠨ 23 ᠤ᠋ ᠡᠳᠦᠷ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠤ ᠬᠠᠷᠢᠭᠤᠯᠳᠠ ᠦᠭᠪᠠ᠃
ᠮᠠᠨ᠎ᠤ ᠤᠯᠤᠰ ᠤ᠋ᠨ ᠲᠤᠰ ᠡᠭᠡᠯᠵᠢ᠎ᠶ᠋ᠢᠨ ᠬᠢᠵᠢᠭ᠎ᠦᠨ ᠪᠠᠢᠳᠠᠯ ᠦᠨᠳᠦᠰᠦᠨ᠎ᠳᠡᠭᠡᠨ ᠳᠠᠭᠤᠰᠪᠠ
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠬᠢᠵᠢᠭ᠎ᠦᠨ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠠᠵᠢᠯ᠎ᠤᠨ ᠤᠳᠤᠷᠢᠳᠭᠤ ᠳᠤᠭᠤᠢᠯᠠᠩ᠎ᠤᠨ ᠳᠠᠷᠤᠭ᠎ᠠ ᠯᠢᠶᠠᠩ ᠸᠠᠨ ᠨᠢᠶᠠᠨ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠲᠠᠯ᠎ᠠ᠎ᠡᠴᠡ ᠦᠵᠡᠪᠡᠯ᠂ ᠬᠢᠵᠢᠭ ᠳᠡᠯᠭᠡᠷᠡᠬᠦ᠌ ᠬᠦᠴᠦᠯᠡᠴᠡ᠎ᠶ᠋ᠢ ᠦᠨᠳᠦᠰᠦᠯᠡᠨ ᠲᠠᠷᠠᠬᠠᠢ ᠪᠤᠳᠠᠷᠬᠠᠢ ᠡᠬᠦᠰᠬᠦ᠂ ᠭᠡᠨᠡᠳᠲᠡ ᠡᠭᠦᠰᠭᠦ᠂ ᠳᠡᠯᠭᠡᠷᠡᠬᠦ᠌᠂ ᠶᠡᠬᠡᠪᠡᠷ ᠳᠡᠯᠭᠡᠷᠡᠬᠦ᠌ ᠭᠡᠵᠦ᠍ ᠳᠥᠷᠪᠡᠨ ᠲᠥᠷᠥᠯ᠎ᠳᠦ ᠬᠤᠪᠢᠶᠠᠵᠤ ᠪᠣᠯᠤᠨ᠎ᠠ᠃ ᠬᠢᠵᠢᠭ᠎ᠦᠨ ᠪᠠᠢᠳᠠᠯ ᠶᠡᠬᠡᠪᠡᠷ ᠳᠡᠯᠭᠡᠷᠡᠭ᠌ᠰᠡᠨ ᠡᠰᠡᠬᠦ᠌᠎ᠶ᠋ᠢ ᠮᠠᠭᠠᠳᠯᠠᠨ ᠲᠣᠭ᠍ᠲᠠᠭᠠᠬᠤ᠎ᠳᠤ ᠭᠤᠤᠯᠳᠠᠭᠤ ᠡᠪᠡᠳᠴᠢᠨ ᠡᠮᠭᠡᠭ ᠬᠠᠯᠳᠠᠪᠤᠷᠢᠯᠠᠭ᠍ᠰᠠᠨ ᠨᠣᠷᠮ᠎ᠠ᠂ ᠬᠥᠮᠦᠰ᠎ᠦᠨ ᠡᠭᠡᠯᠢᠯᠡᠭᠡ᠎ᠶ᠋ᠢᠨ ᠲᠦᠪᠰᠢᠨ᠂ ᠸᠢᠷᠦ᠋ᠰ᠎ᠦᠨ ᠴᠢᠨᠠᠷ᠎ᠤᠨ ᠬᠤᠪᠢᠷᠠᠯᠲᠠ᠎ᠶ᠋ᠢᠨ ᠪᠠᠢᠳᠠᠯ᠂ ᠡᠭᠦᠳᠡᠨ ᠡᠮᠨᠡᠯᠭᠡ᠎ᠶ᠋ᠢᠨ ᠲᠦᠷᠭᠡᠨ ᠡᠮᠨᠡᠯᠭᠡ᠎ᠶ᠋ᠢᠨ ᠣᠨᠣᠱᠢᠯᠠᠨ ᠡᠮᠨᠡᠬᠦ᠌ ᠬᠡᠮᠵᠢᠶ᠎ᠡ ᠪᠠ ᠡᠮᠨᠡᠯᠭᠡ᠎ᠳᠦ ᠰᠠᠭᠤᠭ᠍ᠰᠠᠨ ᠪᠠᠢᠳᠠᠯ ᠵᠢᠴᠢ ᠥᠭᠦᠭ᠌ᠰᠡᠨ ᠪᠠᠢᠳᠠᠯ᠂ ᠰᠡᠷᠭᠡᠢᠯᠡᠨ ᠡᠵᠡᠮᠳᠡᠬᠦ᠌ ᠪᠦᠬᠦᠯᠢ ᠴᠣᠭ᠍ᠴᠠ᠎ᠶ᠋ᠢᠨ ᠴᠢᠳᠠᠪᠤᠷᠢ ᠵᠡᠷᠭᠡ ᠲᠠᠪᠤᠨ ᠴᠢᠬᠤᠯᠠ ᠭᠦᠶ᠋ᠴᠡᠳᠭᠡᠯ ᠲᠣᠭ᠎ᠠ ᠪᠠᠭ᠍ᠲᠠᠨ᠎ᠠ ᠭᠡᠵᠤ ᠲᠠᠨᠢᠯᠴᠠᠭᠤᠯᠪᠠ᠃
ᠡᠮᠴᠢᠯᠡᠭᠡᠨ ᠤ᠋ ᠠᠪᠤᠷᠠᠨ ᠵᠠᠰᠠᠬᠤ ᠠᠵᠢᠯ᠎ᠢ ᠪᠦᠬᠦ᠌ ᠬᠦᠴᠦᠨ᠎ᠢᠶᠡᠷ᠎ᠢᠶᠡᠨ ᠥᠷᠨᠢᠭᠦᠯᠪᠡ
ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠥᠪ᠎ᠦᠨ ᠨᠡᠢᠲᠡᠯᠡᠭ᠌ᠰᠡᠨ ᠲᠣᠭ᠎ᠠ ᠪᠠᠷᠢᠮᠲᠠ᠎ᠶ᠋ᠢ ᠦᠨᠳᠦᠰᠦᠯᠡᠪᠡᠯ᠂ ᠭᠤᠷᠪᠠᠨ ᠵᠢᠯ ᠭᠠᠷᠤᠢ᠎ᠶ᠋ᠢᠨ ᠲᠤᠷᠰᠢ᠂ ᠮᠠᠨ᠎ᠤ ᠤᠯᠤᠰ᠎ᠤᠨ ᠱᠢᠨ᠎ᠡ ᠲᠢᠲᠢᠮᠯᠢᠭ ᠸᠢᠷᠦ᠋ᠰ᠎ᠲᠦ ᠬᠠᠯᠳᠠᠪᠤᠷᠢᠯᠠᠭ᠍ᠳᠠᠭ᠍ᠰᠠᠳᠤᠨ ᠦᠬᠦᠯᠲᠡ᠎ᠶ᠋ᠢᠨ ᠨᠤᠷᠮ᠎ᠠ ᠪᠦᠬᠦ᠌ ᠪᠥᠮᠪᠥᠷᠴᠡᠭ᠎ᠦᠨ ᠬᠠᠮᠤᠭ᠎ᠤᠨ ᠳᠣᠣᠷ᠎ᠠ ᠲᠦᠪᠱᠢᠨ᠎ᠳᠦ ᠪᠠᠢᠬᠤ᠎ᠶ᠋ᠢ ᠪᠠᠲᠤᠯᠠᠪᠠ᠃ ᠢᠯᠠᠩᠭᠤᠶ᠎ᠠ 2022 ᠣᠨ᠎ᠤ 11 ᠰᠠᠷ᠎ᠠ᠎ᠡᠴᠡ ᠨᠠᠭᠠᠰᠢ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ 《ᠡᠷᠡᠭᠦᠯ ᠮᠡᠨᠳᠦ᠍᠎ᠶ᠋ᠢ ᠪᠠᠲᠤᠯᠠᠵᠤ᠂ ᠬᠦᠨᠳᠦ ᠡᠪᠡᠳᠴᠢᠨ᠎ᠢ ᠰᠡᠷᠭᠡᠢᠯᠡᠬᠦ᠌》 ᠶ᠋ᠢᠨ ᠲᠣᠭᠣᠷᠢᠨ᠎ᠳᠤ᠂ ᠡᠮᠴᠢᠯᠡᠭᠡᠨ᠎ᠦ ᠠᠪᠤᠷᠠᠨ ᠵᠠᠰᠠᠬᠤ ᠠᠵᠢᠯ᠎ᠢ ᠪᠥᠬᠥ᠌ ᠬᠦᠴᠦᠨ᠎ᠢᠶᠡᠷ᠎ᠢᠶᠡᠨ ᠥᠷᠨᠢᠭᠦᠯᠪᠡ᠃
ᠭᠤᠤᠯᠳᠠᠯᠭ᠎ᠠ᠎ᠲᠠᠶ ᠶᠠᠮᠠᠷ ᠶᠠᠮᠠᠷ ᠠᠷᠭ᠎ᠠ ᠬᠡᠮᠵᠢᠶ᠎ᠡ ᠠᠪᠤᠭ᠍ᠰᠠᠨ ᠪᠣᠶ? ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠡᠮᠨᠡᠯᠭᠡ᠎ᠶ᠋ᠢᠨ ᠶᠠᠪᠤᠳᠠᠯ᠎ᠤᠨ ᠵᠤᠷᠭᠠᠨ᠎ᠤ ᠳᠡᠳ᠋ ᠳᠠᠷᠤᠭ᠎ᠠ ᠯᠢ ᠳ᠋ᠡ ᠴᠤᠸᠠᠨ᠂ ᠨᠢᠭᠡ᠎ᠳᠦ᠂ ᠭᠤᠤᠯᠳᠠᠯᠭ᠎ᠠ᠎ᠲᠠᠶ ᠬᠥᠮᠦᠰ᠎ᠦᠨ ᠲᠠᠰ ᠬᠤᠪᠢᠶᠠᠭ᠍ᠰᠠᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢ ᠬᠡᠷᠡᠭ᠌ᠵᠢᠭᠦᠯᠪᠠ᠃ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶ᠋ᠢᠨ ᠦᠶ᠋ᠯᠡᠳᠦᠯ᠎ᠢ ᠪᠠᠳᠠᠷᠠᠭᠤᠯᠵᠤ᠂ ᠬᠠᠷᠢᠶ᠎ᠠ ᠣᠷᠣᠨ᠎ᠤ ᠳᠣᠲᠣᠷ᠎ᠠ ᠰᠠᠭᠤᠷᠢ ᠡᠪᠡᠳᠴᠢᠨ ᠡᠮᠭᠡᠭᠲᠠᠪᠬᠤᠴᠠᠬᠰᠡᠨ ᠨᠠᠰᠤᠲᠠᠢᠴᠤᠳ ᠵᠡᠷᠭᠡ ᠲᠦᠭ᠌ᠰᠢᠭᠦᠷᠢ ᠶᠡᠬᠡᠲᠡᠶ ᠬᠥᠮᠦᠰ᠎ᠲᠦ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ ᠬᠢᠵᠦ᠍᠂ ᠡᠷᠡᠭᠦᠯ ᠮᠡᠨᠳᠦ᠍᠎ᠶ᠋ᠢᠨ ᠲᠦᠭ᠌ᠰᠢᠭᠦᠷᠢ᠎ᠶ᠋ᠢᠨ ᠵᠡᠷᠭᠡ ᠳᠡᠰ᠎ᠢ ᠦᠨᠳᠦᠰᠦᠯᠡᠨ ᠲᠠᠰ ᠬᠤᠪᠢᠶᠠᠭ᠍ᠰᠠᠨ ᠡᠷᠡᠭᠦᠯ ᠮᠡᠨᠳᠦ᠍᠎ᠶ᠋ᠢᠨ ᠬᠠᠮᠢᠶᠠᠷᠤᠯᠲᠠ᠎ᠶ᠋ᠢ ᠬᠡᠷᠡᠭ᠌ᠵᠢᠭᠦᠯᠪᠠ᠃ ᠬᠣᠶᠠᠷ᠎ᠲᠤ᠂ ᠡᠮᠴᠢᠯᠡᠭᠡᠨ᠎ᠦ ᠡᠬᠢ ᠪᠠᠶᠠᠯᠢᠭ᠎ᠢ ᠦᠳᠲᠡᠷ ᠲᠦᠷᠭᠡᠨ ᠥᠷᠭᠡᠳᠭᠡᠵᠦ᠍᠂ ᠠᠪᠤᠷᠠᠨ ᠵᠠᠰᠠᠬᠤ ᠬᠡᠷᠡᠭ᠌ᠴᠡᠭᠡ᠎ᠶ᠋ᠢ ᠪᠠᠲᠤᠯᠠᠪᠠ᠃ᠣᠬᠣᠷᠬᠠᠨ ᠬᠤᠭᠤᠴᠠᠭᠠᠨᠳᠤᠲᠤᠷᠠ ᠬᠣᠶᠠᠳᠤᠭᠠᠷ ᠳᠡᠰ᠎ᠡᠴᠡ ᠳᠡᠭᠡᠭ᠌ᠰᠢᠬᠢ ᠡᠮᠴᠢᠯᠡᠭᠡᠨ᠎ᠦ ᠪᠠᠢᠭᠤᠯᠤᠮᠵᠢ᠎ᠶ᠋ᠢᠨ ᠬᠠᠯᠠᠭᠤᠷᠠᠬᠤ ᠡᠭᠦᠳᠡᠨ ᠡᠮᠨᠡᠯᠭᠡ 7337 ᠪᠠᠢᠭ᠍ᠰᠠᠨ᠎ᠢ 1.6 ᠲᠦᠮᠡ ᠪᠣᠯᠭᠠᠨ ᠥᠷᠭᠡᠳᠭᠡᠵᠦ᠍᠂ ᠬᠦᠨᠳᠦ ᠡᠪᠡᠳᠴᠢᠲᠡᠨ᠎ᠦ ᠣᠷᠣ 19.8 ᠲᠦᠮᠡ ᠪᠠᠢᠭ᠍ᠰᠠᠨ᠎ᠢ 40.4 ᠲᠦᠮᠡ ᠪᠣᠯᠭᠠᠨ ᠥᠷᠭᠡᠳᠭᠡᠪᠡ᠃ᠭᠤᠷᠪᠠ᠎ᠳᠤ᠂ ᠬᠥᠳᠡᠭᠡ ᠲᠣᠰᠭᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠵᠦ᠍ ᠠᠪᠤᠷᠠᠨ ᠵᠠᠰᠠᠬᠤ ᠠᠵᠢᠯ᠎ᠢ ᠰᠠᠢᠲᠤᠷ ᠬᠢᠪᠠ᠃ ᠱᠢᠶᠠᠨ᠎ᠢᠶᠠᠷ ᠨᠢᠭᠡᠴᠢ ᠪᠣᠯᠭᠠᠨ ᠱᠢᠶᠠᠨ᠎ᠤ ᠬᠡᠪᠴᠢᠶᠡᠨ᠎ᠦ ᠡᠮᠴᠢᠯᠡᠭᠡᠨ᠎ᠦ ᠬᠠᠮᠲᠤ᠎ᠶ᠋ᠢᠨ ᠴᠣᠭ᠍ᠴᠠ᠎ᠶ᠋ᠢ ᠲᠤᠤᠷᠵᠢᠭᠤᠯᠤᠨ ᠪᠠᠢᠷᠢᠱᠢᠭᠤᠯᠵᠤ᠂ ᠰᠠᠭᠤᠷᠢ ᠡᠪᠡᠳᠴᠢᠨ ᠡᠮᠭᠡᠭ ᠲᠠᠪᠬᠤᠴᠠᠬᠰᠡᠨ ᠨᠠᠰᠤᠲᠠᠢᠴᠤᠳ᠂ ᠬᠡᠦᠬᠡᠳ ᠵᠡᠷᠭᠡ ᠭᠤᠤᠯᠳᠠᠯᠭ᠎ᠠ᠎ᠲᠠᠶ ᠬᠥᠮᠦᠰ᠎ᠢ ᠡᠮᠴᠢᠯᠡᠭᠡᠨ᠎ᠦ ᠬᠣᠯᠪᠣᠭᠠᠲᠤ ᠴᠣᠭ᠍ᠴᠠ᠎ᠶ᠋ᠢᠨ ᠬᠠᠮᠢᠶᠠᠷᠤᠯᠲᠠ᠎ᠳᠤ ᠣᠷᠣᠭᠤᠯᠤᠨ᠂ ᠬᠣᠲᠠ᠎ᠶ᠋ᠢᠨ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠢ ᠱᠢᠶᠠᠨ᠎ᠤ ᠬᠡᠪᠴᠢᠶᠡᠨ᠎ᠳᠦ ᠪᠠᠭᠤᠯᠭᠠᠬᠤ᠎ᠶ᠋ᠢ ᠠᠬᠢᠭᠤᠯᠬᠤ᠎ᠶ᠋ᠢᠨ ᠵᠡᠷᠭᠡ ᠪᠡᠷ ᠬᠥᠳᠡᠭᠡ ᠲᠣᠰᠭᠣᠨ᠎ᠢᠶᠠᠷ ᠲᠣᠭᠣᠷᠢᠨ ᠠᠵᠢᠯᠯᠠᠬᠤ ᠪᠠ ᠲᠣᠭᠣᠷᠢᠨ ᠡᠮᠨᠡᠬᠦ᠌ ᠡᠷᠴᠢᠮ᠎ᠢ ᠴᠢᠩᠭᠠᠷᠠᠭᠤᠯᠪᠠ᠃ᠳᠥᠷᠪᠡ᠎ᠳᠦ᠂ ᠢᠨᠲ᠋ᠧᠷ ᠰᠦᠯᠵᠢᠶᠡᠨ᠎ᠦ ᠡᠮᠴᠢᠯᠡᠭᠡ᠎ᠶ᠋ᠢ ᠶᠡᠬᠡᠪᠡᠷ ᠠᠬᠢᠭᠤᠯᠵᠤ᠂ ᠠᠷᠠᠳ ᠣᠯᠠᠨ᠎ᠤ ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ ᠡᠪᠡᠳᠴᠢᠨ ᠦᠵᠡᠭᠦᠯᠵᠦ᠍ ᠡᠮᠨᠡᠭᠦᠯᠬᠦ᠌ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠪᠠ᠃ ᠲᠠᠪᠤ᠎ᠳᠤ᠂ ᠡᠮᠴᠢᠯᠡᠭᠡ᠎ᠪᠡᠷ ᠠᠪᠤᠷᠠᠨ ᠵᠠᠰᠠᠬᠤ ᠠᠷᠭ᠎ᠠ ᠪᠣᠳᠣᠯᠭ᠎ᠠ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠪᠠᠭᠡᠵᠦ ᠲᠠᠨᠢᠯᠴᠠᠭᠤᠯᠪᠠ᠃
ᠱᠢᠨ᠎ᠡ ᠱᠠᠳᠤ ᠦᠶ᠎ᠡ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠢᠯ᠎ᠦᠨ ᠠᠵᠢᠯ᠎ᠢ ᠦᠷᠭᠦᠯᠵᠢᠯᠡᠨ ᠪᠣᠳᠠᠲᠠᠢ ᠠᠳᠭᠤᠵᠤ ᠨᠠᠷᠢᠯᠢᠭ ᠠᠳᠭᠤᠨ᠎ᠠ
ᠱᠢᠨ᠎ᠡ ᠪᠡᠷ ᠤᠨᠳᠤᠤᠱᠢᠭᠰᠠᠨ ᠸᠢᠷᠦ᠋ᠰ ᠨᠢ ᠱᠢᠨ᠎ᠡ ᠨᠢᠭᠡᠨ ᠡᠭᠡᠯᠵᠢ᠎ᠶ᠋ᠢᠨ ᠬᠠᠯᠳᠠᠪᠤᠷᠢᠯᠠᠯ᠎ᠤᠨ ᠣᠷᠭᠢᠯ᠎ᠢ ᠡᠭᠦᠰᠭᠡᠬᠦ᠌ ᠪᠣᠯᠤᠯᠴᠠᠭ᠎ᠠ᠎ᠲᠠᠶ ᠦᠦ? ᠲᠤᠰᠭᠠᠶ ᠮᠡᠷᠭᠡᠵᠢᠯᠲᠡᠨ᠎ᠦ ᠰᠤᠳᠤᠯᠤᠨ ᠮᠠᠭᠠᠳᠯᠠᠵᠤ ᠵᠠᠳᠠᠯᠤᠭ᠍ᠰᠠᠨ᠎ᠢᠶᠠᠷ᠂ ᠮᠠᠨ᠎ᠤ ᠤᠯᠤᠰ ᠰᠠᠶᠢᠬᠠᠨ ᠬᠢᠵᠢᠭ᠎ᠦᠨ ᠶᠡᠬᠡ ᠳᠡᠯᠭᠡᠷᠡᠯᠲᠡ᠎ᠶ᠋ᠢ ᠥᠩᠭᠡᠷᠡᠭᠡᠵᠦ᠍᠂ ᠬᠥᠮᠦᠰ᠎ᠦᠨ ᠪᠡᠶ᠎ᠡ ᠳᠣᠲᠣᠷ᠎ᠠ ᠦᠯᠡᠳᠡᠵᠦ᠍ ᠪᠠᠢᠭ᠎ᠠ ᠰᠠᠭᠠᠷᠮᠠᠭᠵᠢᠭᠤᠯᠬᠤ ᠠᠨᠲ᠋ᠢᠪᠤᠳᠢ ᠨᠢ ᠣᠬᠣᠷ ᠬᠤᠭᠤᠴᠠᠭᠠᠨ᠎ᠤ ᠳᠣᠲᠣᠷ᠎ᠠ ᠡᠭᠡᠯᠢᠯᠡᠭᠡ᠎ᠶ᠋ᠢᠨ ᠬᠠᠮᠠᠭᠠᠯᠠᠯᠲᠠ ᠬᠠᠩᠭᠠᠵᠤ᠂ ᠣᠢᠷ᠎ᠠ᠎ᠶ᠋ᠢᠨ ᠬᠤᠭᠤᠴᠠᠭᠠᠨ᠎ᠳᠤ ᠱᠢᠨ᠎ᠡ ᠨᠢᠭᠡ ᠡᠭᠡᠯᠵᠢ᠎ᠶ᠋ᠢᠨ ᠬᠡᠪᠴᠢᠶᠡᠲᠦ ᠳᠡᠯᠭᠡᠷᠡᠬᠦ᠌ ᠪᠣᠯᠤᠯᠴᠠᠭ᠎ᠠ ᠨᠡᠯᠢᠶᠡᠳ ᠪᠠᠭ᠎ᠠ ᠪᠠᠢᠨ᠎ᠠ ᠭᠡᠵᠦ ᠦᠵᠡᠪᠠ᠃
ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠎ᠶ᠋ᠢᠨ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠵᠤᠷᠭᠠᠨ᠎ᠤ ᠳᠠᠷᠤᠭ᠎ᠠ ᠶᠠᠩ ᠹᠧᠩ᠂ ᠪᠥᠬᠥ᠌ ᠪᠥᠮᠪᠥᠷᠴᠡᠭ᠎ᠲᠦ ᠬᠢᠵᠢᠭ᠎ᠦᠨ ᠪᠠᠢᠳᠠᠯ ᠮᠥᠨ ᠬᠦ᠌ ᠦᠷᠪᠢᠰᠦᠨ ᠳᠡᠯᠭᠡᠷᠡᠵᠦ᠍᠂ ᠸᠢᠷᠦ᠋ᠰ ᠮᠥᠨ ᠬᠦ᠌ ᠲᠠᠰᠤᠷᠠᠯᠲᠠ ᠥᠬᠡᠶ ᠬᠤᠪᠢᠷᠠᠵᠤ ᠪᠠᠢᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠱᠢᠨ᠎ᠡ ᠱᠠᠲᠤ ᠦᠶ᠎ᠡ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠠᠵᠢᠯ᠎ᠢ ᠦᠷᠭᠦᠯᠵᠢᠯᠡᠨ ᠪᠣᠳᠠᠲᠠᠶ ᠠᠳᠭᠤᠨ ᠨᠠᠷᠢᠯᠢᠭ ᠠᠳᠭᠤᠵᠤ᠂ ᠥᠷᠭᠡᠨ ᠣᠯᠠᠨ ᠠᠷᠠᠳ ᠲᠦᠮᠡᠨ᠎ᠦ ᠦᠷᠭᠦᠯᠵᠢᠯᠡᠨ ᠰᠠᠢᠨ ᠰᠠᠢᠬᠠᠨ ᠡᠷᠡᠭᠦᠯ ᠬᠠᠮᠠᠭᠠᠯᠠᠯ᠎ᠤᠨ ᠳᠠᠳᠭᠠᠯ᠎ᠲᠠᠶ ᠪᠠᠢᠬᠤ᠎ᠶ᠋ᠢ ᠰᠠᠨᠠᠭᠠᠴᠢᠯᠠᠵᠤ᠂ ᠬᠢᠯᠪᠠᠷ ᠪᠤᠰᠤ᠎ᠪᠠᠷ ᠢᠷᠡᠭ᠌ᠰᠡᠨ ᠰᠡᠷᠭᠡᠢᠯᠡᠨ ᠡᠵᠡᠮᠳᠡᠭ᠌ᠰᠡᠨ ᠦᠷ᠎ᠡ ᠪᠦᠲᠦᠭᠡᠯ᠎ᠢᠶᠡᠨ ᠡᠷᠡᠰ ᠪᠡᠬᠢᠵᠢᠭᠦᠯᠬᠦ᠌ ᠬᠡᠷᠡᠭ᠌ᠲᠡᠶ ᠭᠡᠵᠦ ᠰᠠᠨᠠᠭᠤᠯᠪᠠ᠃
ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠴᠢᠨᠠᠭ᠍ᠰᠢᠳᠠ ᠲᠡᠭᠦᠯᠳᠡᠷᠵᠢᠭᠦᠯᠦᠨ᠎ᠡ
ᠤᠷᠢᠳᠴᠢᠯᠠᠨ ᠰᠡᠷᠡᠮᠵᠢᠯᠡᠭᠦᠯᠬᠦ᠌ ᠲᠠᠯ᠎ᠠ᠎ᠪᠠᠷ᠂ ᠬᠢᠵᠢᠭ᠎ᠦᠨ ᠪᠠᠢᠳᠠᠯ᠎ᠢ ᠬᠢᠨᠠᠨ ᠬᠡᠮᠵᠢᠬᠦ᠌ ᠱᠢᠰᠲ᠋ᠧᠮ᠎ᠦᠨ ᠦᠢᠯᠡᠳᠦᠯ᠎ᠢ ᠬᠡᠷᠬᠢᠨ ᠨᠡᠩ ᠪᠦᠲᠦᠮᠵᠢᠲᠡᠢ ᠪᠠᠳᠠᠷᠠᠭᠤᠯᠬᠤ ᠪᠤᠢ? ᠶᠠᠩ ᠹᠸᠩ᠂ ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ᠎ᠤᠨ ᠲᠦᠪᠱᠢᠨ ᠪᠠ ᠬᠤᠪᠢᠷᠠᠯᠲᠠ᠎ᠶ᠋ᠢᠨ ᠬᠠᠨᠳᠤᠰᠢ᠎ᠶ᠋ᠢ ᠬᠥᠳᠡᠯᠦᠩᠭᠦᠶ᠎ᠪᠡᠷ ᠡᠵᠡᠮᠱᠢᠵᠦ᠍᠂ ᠸᠢᠷᠦ᠋ᠰ᠎ᠦᠨ ᠤᠨᠳᠤᠤᠱᠢᠯ ᠵᠢᠴᠢ ᠠᠮᠢᠳᠤ ᠪᠣᠳᠠᠰ᠎ᠤᠨ ᠤᠬᠠᠭᠠᠨ᠎ᠤ ᠥᠪᠡᠷᠮᠢᠴᠡ ᠴᠢᠨᠠᠷ᠎ᠤᠨ ᠬᠤᠪᠢᠷᠠᠯᠲᠠ᠎ᠶ᠋ᠢ ᠴᠠᠭ ᠲᠤᠬᠠᠶ᠎ᠳᠤᠨᠢ ᠬᠢᠨᠠᠨ ᠬᠡᠮᠵᠢᠵᠦ᠍᠂ ᠡᠮᠴᠢᠯᠡᠭᠡᠨ᠎ᠦ ᠡᠬᠢ ᠪᠠᠶᠠᠯᠢᠭ᠎ᠤᠨ ᠳᠠᠭᠠᠭᠠᠴᠠ᠎ᠶ᠋ᠢᠨ ᠪᠠᠢᠳᠠᠯ᠎ᠢ ᠦᠨᠡᠯᠡᠨ ᠵᠢᠱ᠌ᠢᠬᠦ᠌᠎ᠶ᠋ᠢᠨ ᠲᠥᠯᠥᠭᠡ᠂ 2022 ᠣᠨ᠎ᠤ 12 ᠰᠠᠷ᠎ᠠ᠎ᠳᠤ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ᠎ᠡᠴᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠬᠠᠯᠳᠠᠪᠤᠷᠢᠲᠤ ᠡᠪᠡᠳᠴᠢᠨ᠎ᠦ ᠰᠦᠯᠵᠢᠶ᠎ᠡ᠎ᠶ᠋ᠢ ᠱᠢᠭᠤᠳ ᠮᠡᠳᠡᠭᠦᠯᠦᠭ᠌ᠰᠡᠨ ᠰᠠᠭᠤᠷᠢᠨ ᠳᠡᠭᠡᠷ᠎ᠡ᠂ ᠬᠢᠨᠠᠨ ᠬᠡᠮᠵᠢᠬᠦ᠌ ᠠᠷᠭ᠎ᠠ ᠵᠠᠮ᠎ᠢ ᠤᠯᠠᠮ ᠴᠢᠨᠠᠭᠰᠢᠳᠠ ᠥᠷᠭᠡᠳᠭᠡᠵᠦ᠍᠂ ᠬᠢᠨᠠᠨ ᠬᠡᠮᠵᠢᠬᠦ᠌ ᠣᠯᠠᠨ ᠬᠤᠪᠢᠶᠠᠷᠢ ᠱᠢᠰᠲ᠋ᠧᠮ᠎ᠢ ᠪᠦᠷᠢᠯᠳᠦᠭᠦᠯᠵᠠᠢ ᠭᠡᠵᠦ ᠲᠠᠨᠢᠯᠴᠠᠭᠤᠯᠪᠠ᠃
ᠲᠠᠨᠢᠯᠴᠠᠭᠤᠯᠤᠭ᠍ᠰᠠᠨ᠎ᠢᠶᠠᠷ᠂ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠲᠣᠪᠴᠢᠶ᠎ᠠ ᠲᠠᠷᠠᠭᠠᠴᠢ᠎ᠶ᠋ᠢᠨ ᠠᠯᠬᠤᠮ᠎ᠳᠤ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠱᠢᠰᠲ᠋ᠧᠮ᠎ᠢ ᠤᠯᠠᠮ ᠴᠢᠨᠠᠭᠰᠢᠳᠠ ᠪᠦᠷᠢᠨᠱᠢᠭᠦᠯᠵᠦ᠍᠂ ᠬᠢᠵᠢᠭ᠎ᠦᠨ ᠪᠠᠢᠳᠠᠯ᠎ᠢ ᠬᠢᠨᠠᠨ ᠬᠡᠮᠵᠢᠬᠦ᠌ ᠪᠠ ᠤᠷᠢᠳᠴᠢᠯᠠᠨ ᠰᠡᠷᠡᠮᠵᠢᠯᠡᠭᠦᠯᠬᠦ᠌ ᠪᠠᠢᠩᠭᠤᠵᠢᠭᠤᠯᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠡᠭᠦᠨ᠎ᠦ ᠵᠡᠷᠭᠡ᠎ᠪᠡᠷ᠂ ᠬᠠᠯᠳᠠᠪᠤᠷᠢᠲᠤ ᠡᠪᠡᠳᠴᠢᠨ᠎ᠢ ᠰᠦᠯᠵᠢᠶ᠎ᠡ᠎ᠪᠡᠷ ᠱᠢᠭᠤᠳ ᠮᠡᠳᠡᠭᠦᠯᠬᠦ᠌ ᠱᠢᠰᠲ᠋ᠧᠮ᠎ᠦᠨ ᠴᠢᠳᠠᠮᠵᠢ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠲᠣᠭ᠎ᠠ ᠪᠠᠷᠢᠮᠲᠠ ᠴᠤᠭ᠍ᠯᠠᠭᠤᠯᠬᠤ ᠮᠡᠳᠡᠭᠡ ᠵᠠᠩᠭᠢᠵᠢᠯᠲᠠ᠎ᠶ᠋ᠢᠨ ᠲᠦᠪᠱᠢᠨ ᠪᠣᠯᠤᠨ ᠤᠶᠤᠨᠴᠢᠯᠠᠬ᠍ᠰᠠᠨ ᠵᠠᠳᠠᠯᠤᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠶ᠋ᠢᠨ ᠬᠠᠮᠲᠤ ᠱᠢᠨ᠎ᠡ ᠲᠢᠲᠢᠮᠯᠢᠭ ᠸᠢᠷᠦ᠋ᠰ᠎ᠦᠨ ᠬᠠᠯᠳᠠᠪᠤᠷᠢᠯᠠᠯ ᠵᠡᠷᠭᠡ ᠬᠠᠯᠳᠠᠪᠤᠷᠢᠲᠤ ᠡᠪᠡᠳᠴᠢᠨ᠎ᠦ ᠬᠢᠵᠢᠭ᠎ᠦᠨ ᠪᠠᠢᠳᠠᠯ᠎ᠢ ᠮᠡᠳᠡᠭᠦᠯᠬᠦ᠌ ᠲᠤᠰᠭᠠᠶ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠥᠷᠨᠢᠭᠦᠯᠦᠨ᠎ᠡ᠃
(ᠰᠢᠨᠬᠤᠸᠠ ᠬᠤᠷᠢᠶᠠᠨ ᠤ᠋ ᠪᠡᠭᠡᠵᠢᠩ ᠤ᠋ᠨ 2 ᠰᠠᠷ᠎ᠠ ᠵᠢᠨ 23 ᠤ᠋ ᠴᠠᠬᠢᠯᠭᠠᠨ ᠮᠡᠳᠡᠭᠡ ᠡᠴᠡ)