ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠡᠳᠭᠡᠯ᠎ᠳᠤ᠄ 《ᠴᠢᠨᠠᠷ ᠰᠠᠢᠲᠠᠢ ᠬᠥᠭ᠌ᠵᠢᠬᠦᠯᠬᠦ ᠪᠣᠯ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠲᠡᠷᠢᠭᠦᠨ ᠴᠢᠬᠤᠯᠠ ᠡᠭᠦᠷᠭᠡ ᠮᠥᠨ》 ᠭᠡᠵᠦ᠍ ᠵᠢᠭᠠᠵᠦ᠍ ᠭᠠᠷᠭᠠᠪᠠ᠃ ᠴᠢᠨᠠᠷ ᠰᠠᠢᠲᠠᠢ ᠬᠥᠭ᠌ᠵᠢᠬᠦᠯᠬᠦ᠎ᠨᠢ ᠵᠥᠪᠬᠡᠨ ᠠᠵᠤ ᠠᠬᠤᠢ᠎ᠶ᠋ᠢᠨ ᠱᠠᠭᠠᠷᠳᠠᠯᠭ᠎ᠠ ᠲᠡᠳᠦᠢ ᠪᠢᠰᠢ᠂ ᠬᠠᠷᠢᠨ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠲᠠᠯ᠎ᠠ ᠲᠠᠯ᠎ᠠ᠎ᠶ᠋ᠢᠨ ᠶᠡᠷᠦᠩᠬᠡᠢ ᠱᠠᠭᠠᠷᠳᠠᠯᠭ᠎ᠠ ᠪᠣᠯᠤᠨ᠎ᠠ; ᠵᠥᠪᠬᠡᠨ ᠠᠵᠤ ᠠᠬᠤᠢ ᠬᠥᠭ᠌ᠵᠢᠭ᠌ᠰᠡᠨ ᠭᠠᠵᠠᠷ ᠣᠷᠣᠨ᠎ᠳᠤ ᠲᠠᠯᠪᠢᠬᠤ ᠱᠠᠭᠠᠷᠳᠠᠯᠭ᠎ᠠ ᠪᠢᠰᠢ᠂ ᠬᠠᠷᠢᠨ ᠪᠤᠢ ᠪᠦᠬᠦᠢ ᠭᠠᠵᠠᠷ ᠣᠷᠣᠨ᠎ᠢ ᠬᠦᠭᠵᠢᠬᠦᠯᠬᠦ ᠳ᠋ᠸ᠋ ᠡᠷᠬᠡᠪᠰᠢ ᠲᠤᠭᠤᠱᠢᠯᠠᠭᠤᠯᠬᠤ ᠱᠠᠭᠠᠷᠳᠠᠯᠭ᠎ᠠ ᠪᠣᠯᠤᠨ᠎ᠠ; ᠨᠢᠭᠡ ᠴᠠᠭ᠎ᠤᠨ ᠱᠠᠭᠠᠷᠳᠠᠯᠭ᠎ᠠ ᠪᠢᠰᠢ᠂ ᠬᠠᠷᠢᠨ ᠡᠷᠬᠡᠪᠰᠢ ᠤᠷᠲᠤ ᠬᠤᠭᠤᠴᠠᠭ᠎ᠠ᠎ᠪᠠᠷ ᠪᠠᠷᠢᠮᠲᠠᠯᠠᠬᠤ ᠱᠠᠭᠠᠷᠳᠠᠯᠭ᠎ᠠ ᠮᠥᠨ᠃ ᠭᠠᠵᠠᠷ ᠣᠷᠣᠨ ᠪᠦᠷᠢ ᠴᠥᠮ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ᠂ ᠲᠤᠰ ᠪᠡᠶ᠎ᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ ᠵᠢᠡᠨ ᠡᠷᠢᠵᠦ᠍ ᠤᠯᠬᠤ ᠬᠡᠷᠡᠭ᠌ᠲᠡᠢ᠃ ᠥᠪᠥᠷ ᠮᠣᠩᠭᠤᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ ᠪᠣᠯᠭᠠᠨ ᠪᠥᠲᠥᠭᠡᠨ ᠪᠠᠢᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠴᠣᠭ᠍ᠴᠠᠯᠠᠬᠤ ᠪᠣᠯ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠳᠤ ᠲᠤᠱᠢᠶᠠᠭ᠍ᠰᠠᠨ ᠲᠠᠪᠤᠨ ᠶᠡᠭᠡ ᠡᠭᠦᠷᠭᠡ ᠪᠣᠯᠤᠨ᠎ᠠ᠃ ᠲᠠᠪᠤᠨ ᠶᠡᠭᠡ ᠡᠭᠦᠷᠭᠡ᠎ᠶ᠋ᠢ ᠰᠠᠢᠲᠤᠷ ᠪᠡᠶᠡᠯᠡᠭᠦᠯᠬᠦ᠌ ᠪᠣᠯ ᠥᠪᠥᠷ ᠮᠣᠩᠭᠤᠯ᠎ᠤᠨ ᠱᠢᠨ᠎ᠡ ᠴᠠᠭ ᠦᠶ᠎ᠡ ᠱᠢᠨ᠎ᠡ ᠠᠶᠠᠨ ᠳ᠋ᠡᠬᠢ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯᠬᠤ ᠪᠥᠭᠡᠳ ᠪᠠᠰᠠ ᠴᠤ᠌ ᠥᠪᠥᠷ ᠮᠣᠩᠭᠤᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠳᠤ ᠴᠢᠷᠮᠠᠢᠬᠤ ᠴᠢᠭ᠌ᠯᠡᠯ ᠪᠠ ᠬᠦᠴᠦᠯᠡᠬᠦ᠌ ᠭᠤᠣᠯᠳᠠᠯᠭ᠎ᠠ ᠪᠣᠯᠤᠨ᠎ᠠ᠃
ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠶ᠎ᠠ
ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠡᠳᠭᠡᠯ᠎ᠳᠤ᠄ 《ᠡᠭᠡ ᠪᠠᠢᠭᠠᠯᠢ ᠪᠣᠯ ᠬᠥᠮᠦᠨ ᠲᠥᠷᠥᠯᠬᠢᠲᠡᠨ᠎ᠤ ᠣᠷᠣᠱᠢᠨ ᠲᠣᠭ᠍ᠲᠠᠨᠢᠵᠤ ᠬᠥᠭ᠌ᠵᠢᠬᠦ᠌᠎ᠶ᠋ᠢᠨ ᠦᠨᠳᠦᠰᠦᠨ ᠨᠥᠬᠦᠴᠡᠯ ᠮᠥᠨ᠃ ᠪᠠᠢᠭᠠᠯᠢ᠎ᠶ᠋ᠢ ᠬᠦᠨᠳᠦᠳᠭᠡᠵᠦ᠍᠂ ᠪᠠᠢᠭᠠᠯᠢ᠎ᠲᠠᠢ ᠵᠣᠬᠢᠴᠠᠵᠤ᠂ ᠪᠠᠢᠭᠠᠯᠢ᠎ᠶ᠋ᠢ ᠬᠠᠮᠠᠭᠠᠯᠠᠬᠤ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤᠳᠣᠲᠣᠭᠠᠳᠤ ᠱᠠᠭᠠᠷᠳᠠᠯᠭ᠎ᠠ ᠮᠥᠨ》 ᠭᠡᠵᠦ᠍ ᠵᠢᠭᠠᠵᠦ᠍ ᠭᠠᠷᠭᠠᠪᠠ᠃ ᠰᠠᠢᠨ ᠰᠠᠢᠬᠠᠨ ᠠᠮᠢ ᠠᠬᠤᠢ᠎ᠶ᠋ᠢᠨ ᠣᠷᠴᠢᠨ ᠨᠥᠬᠦᠴᠡᠯ ᠪᠣᠯ ᠬᠥᠮᠦᠨ ᠪᠠ ᠨᠡᠢᠭᠡᠮ᠎ᠤᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠦᠨᠳᠦᠰᠦᠨ ᠰᠠᠭᠤᠷᠢ ᠮᠥᠨ᠂ ᠪᠣᠬᠢᠷᠲᠤᠯ ᠦᠭᠡᠢ ᠬᠥᠭ᠌ᠵᠢᠯᠲᠡ᠎ᠶ᠋ᠢ ᠪᠠᠷᠢᠮᠲᠠᠯᠠᠬᠤ᠎ᠨᠢ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠶᠤᠮ᠂ ᠣᠷᠴᠢᠨ ᠠᠬᠤᠢ᠎ᠶ᠋ᠢ ᠬᠠᠮᠠᠭᠠᠯᠠᠬᠤ᠎ᠨᠢ ᠨᠡᠩ ᠦᠷᠭᠦᠯᠵᠢᠯᠡᠬᠦ᠌ ᠬᠥᠭ᠌ᠵᠢᠯᠲᠡ᠎ᠶ᠋ᠢᠨ ᠲᠥᠯᠥᠭᠡ ᠶᠤᠮ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠡ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ 《ᠲᠠᠪᠤ᠎ᠶ᠋ᠢ ᠨᠢᠭᠡ ᠴᠤᠬ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ 《ᠲᠦᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ ᠵᠢᠨ ᠴᠢᠬᠤᠯᠠ ᠠᠭᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠠᠯᠢ ᠤᠯᠠᠨ ᠦᠨᠳᠦᠰᠦᠨ ᠴᠢᠨᠠᠷᠲᠠᠢ᠂ ᠪᠦᠲᠦᠭᠡᠯᠴᠢ ᠴᠢᠨᠠᠷᠲᠠᠢ᠂ ᠠᠯᠤᠰ ᠬᠡᠳᠤ᠎ᠶ᠋ᠢᠨ ᠴᠢᠨᠠᠷᠲᠠᠢ ᠠᠵᠢᠯ᠎ᠢ ᠥᠷᠨᠢᠭᠦᠯᠦᠭᠡᠳ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠵᠢᠨ ᠲᠤᠬᠠᠢ ᠲᠠᠨᠢᠯᠲᠠ᠎ᠡᠴᠡ ᠦᠢᠯᠡᠳᠦᠯᠭᠡ᠎ᠳᠤ ᠬᠦᠷᠲᠡᠯ᠎ᠡ ᠴᠥᠮ ᠲᠡᠦᠬᠡᠲᠦ ᠴᠢᠨᠠᠷᠲᠠᠢ᠂ ᠡᠷᠭᠢᠯᠲᠡ᠎ᠶ᠋ᠢᠨ ᠴᠢᠨᠠᠷᠲᠠᠢ᠂ ᠪᠦᠬᠦ᠌ ᠲᠠᠯ᠎ᠠ᠎ᠶ᠋ᠢᠨ ᠴᠢᠨᠠᠷᠲᠠᠢ ᠬᠤᠪᠢᠷᠠᠯᠲᠠ ᠭᠠᠷᠴᠠᠢ᠃
ᠣᠢᠷ᠎ᠠ᠎ᠶ᠋ᠢᠨ ᠵᠢᠯ᠎ᠤᠨ ᠲᠤᠷᠰᠢ᠂ ᠥᠪᠥᠷ ᠮᠣᠩᠭᠤᠯ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠭᠦᠨᠵᠡᠭᠡᠶ ᠦᠢᠯᠡᠳᠦᠯᠭᠡᠵᠢᠭᠦᠯᠵᠦ᠍᠂ ᠠᠮᠢ ᠠᠬᠤᠶ ᠣᠷᠴᠢᠨ ᠲᠣᠭᠤᠷᠢᠨ᠎ᠤ ᠬᠠᠮᠠᠭᠠᠯᠠᠯᠲᠠ ᠵᠠᠰᠠᠯᠲᠠ᠎ᠶ᠋ᠢ ᠪᠥᠬᠦ᠌ ᠲᠠᠯ᠎ᠠ᠎ᠪᠠᠷ ᠴᠢᠩᠭᠠᠳᠭᠠᠪᠠ᠃ ᠨᠡᠯᠦᠭᠡᠷ ᠶᠡᠭᠡ ᠱᠢᠭᠤᠢᠲᠤ ᠣᠷᠣᠨ᠎ᠡᠴᠡ ᠥᠷᠭᠡᠨ ᠠᠭᠤᠳᠠᠮ ᠲᠠᠯ᠎ᠠ ᠨᠤᠲᠤᠭ ᠬᠦᠷᠲᠡᠯ᠎ᠡ᠂ ᠬᠥᠬᠡᠮᠳᠦᠭ ᠨᠣᠭᠤᠭᠠᠨ ᠠᠭᠤᠯᠠ ᠤᠰᠤ᠎ᠠᠴᠠ ᠭᠤᠪᠢ ᠴᠦᠯ ᠬᠦᠷᠲᠡᠯ᠎ᠡ᠂ 《ᠤᠮᠠᠷᠠᠲᠤ᠎ᠶ᠋ᠢᠨ ᠭᠤᠷᠪᠠᠨ ᠣᠷᠣᠨ》 ᠢ ᠰᠤᠨᠳᠠᠯᠠᠭ᠍ᠰᠠᠨ ᠥᠪᠥᠷ ᠮᠣᠩᠭᠤᠯ᠎ᠤᠨ ᠠᠮᠢ ᠠᠬᠤᠢ ᠣᠷᠴᠢᠨ ᠲᠣᠭᠤᠷᠢᠨ ᠢᠯᠡᠳᠲᠡ ᠰᠠᠢᠵᠢᠷᠠᠪᠠ᠃ ᠥᠪᠥᠷ ᠮᠣᠩᠭᠤᠯ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠠᠨ ᠪᠠᠲᠤᠯᠠᠵᠦ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠂ ᠤᠯᠤᠰ ᠲᠦᠷᠦ᠍᠎ᠶ᠋ᠢᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠤᠨ ᠪᠠᠢᠭᠤᠯᠤᠯᠲᠠ᠎ᠶ᠋ᠢᠨ ᠡᠯ᠎ᠡ ᠲᠠᠯ᠎ᠠ ᠪᠠ ᠪᠦᠬᠦ᠌ ᠶᠠᠪᠤᠴᠠ᠎ᠳᠤ ᠠᠭᠤᠰᠤᠯᠴᠠᠭᠤᠯᠵᠦ᠍᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠠᠬᠤᠢ᠎ᠶ᠋ᠢ ᠬᠠᠮᠠᠭᠠᠯᠠᠬᠤ ᠤᠯᠤᠰ᠎ᠤᠨ ᠦᠨᠳᠦᠰᠦᠨ ᠪᠤᠳᠤᠯᠭ᠎ᠠ᠎ᠶ᠋ᠢ ᠪᠠᠷᠢᠮᠳᠠᠯᠠᠵᠦ᠂ ᠪᠣᠬᠢᠷᠲᠤᠯ ᠦᠭᠡᠢ ᠬᠥᠭ᠌ᠵᠢᠯᠲᠡ᠂ ᠣᠷᠴᠢᠯᠳᠦ ᠬᠥᠭ᠌ᠵᠢᠯᠲᠡ᠂ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠬᠦᠴᠦᠯᠡᠨ ᠠᠬᠢᠭᠤᠯᠵᠦ᠍᠂ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠢ ᠰᠠᠢᠲᠤᠷ ᠬᠡᠷᠡᠭ᠌ᠵᠢᠬᠦᠯᠵᠦ᠍᠂ ᠠᠮᠢ ᠠᠬᠤᠢ᠎ᠶ᠋ᠢᠨ ᠦᠢᠯᠡᠳᠬᠦᠨ᠎ᠤ ᠦᠢᠯᠡᠳᠪᠦᠷᠢᠯᠡᠬᠦ᠌ ᠴᠢᠳᠠᠪᠤᠷᠢ᠎ᠶ᠋ᠢ ᠨᠡᠮᠡᠭ᠌ᠳᠡᠬᠦᠯᠵᠦ᠍᠂ ᠴᠦᠯᠯᠡᠷᠭᠡᠭ᠌ᠵᠢᠯ᠎ᠢ ᠶᠡᠷᠦᠩᠬᠡᠢᠯᠡᠨ ᠵᠠᠰᠠᠬᠤ᠎ᠶ᠋ᠢ ᠠᠬᠢᠭᠤᠯᠵᠦ᠍᠂ ᠨᠠᠭᠤᠷ ᠴᠥᠭᠦᠷᠥᠮ᠂ ᠨᠤᠭᠤ ᠭᠠᠵᠠᠷ᠎ᠤᠨ ᠲᠡᠯᠡᠪᠡᠢ᠎ᠶ᠋ᠢ ᠦᠷᠭᠡᠳᠭᠡᠵᠦ᠍᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭᠠᠯᠠᠬᠤ ᠬᠡᠷᠡᠭᠳᠡᠢ᠃
ᠡᠬᠡ ᠤᠯᠤᠰ ᠤᠨ ᠤᠮᠠᠷᠠᠲᠤ ᠬᠢᠯᠢ ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠨᠢᠭᠡᠳᠦᠯᠲᠡᠶ ᠲᠥᠯᠥᠪᠵᠢᠭᠦᠯᠦᠨ ᠬᠥᠭ᠌ᠵᠢᠭᠦᠯᠬᠦ᠌ ᠪᠠ ᠠᠮᠤᠷ ᠲᠦᠪᠱᠢᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠦᠶ᠎ᠡ
ᠤᠯᠤᠰ᠎ᠤᠨ ᠶᠡᠷᠦᠩᠬᠡᠢ ᠠᠮᠤᠷ ᠲᠦᠪᠱᠢᠨ᠎ᠤ ᠦᠵᠡᠯᠲᠡ᠎ᠶ᠋ᠢ ᠪᠠᠷᠢᠮᠲᠠᠯᠠᠬᠤ ᠪᠣᠯ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠴᠢᠬᠤᠯᠠ ᠠᠭᠤᠯᠭ᠎ᠠ ᠪᠣᠯᠤᠨ᠎ᠠ᠃ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠯᠡᠨ᠂ ᠰᠠᠨᠠᠭᠠᠱᠢᠷᠠᠨ ᠵᠣᠪᠠᠨᠢᠬᠤ ᠤᠬᠠᠮᠰᠠᠷ᠎ᠢᠶᠠᠨ ᠴᠢᠩᠭᠠᠳᠭᠠᠵᠤ᠂ ᠠᠮᠤᠷ ᠲᠦᠪᠱᠢᠨ ᠪᠠᠢᠬᠤ᠎ᠳᠠᠭᠠᠨ ᠠᠶᠤᠯ ᠲᠦᠭ᠌ᠰᠢᠭᠦᠷᠢ᠎ᠶ᠋ᠢ ᠮᠠᠷᠲᠠᠬᠤ ᠦᠭᠡᠢ ᠪᠠᠢᠬᠤ ᠪᠣᠯ ᠮᠠᠨ᠎ᠤ ᠨᠠᠮ᠎ᠤᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌᠎ᠶ᠋ᠢᠨ ᠨᠢᠭᠡᠨ ᠴᠢᠬᠤᠯᠠ ᠶᠡᠭᠡ ᠵᠠᠷᠴᠢᠮ ᠮᠥᠨ᠃ ᠲᠦᠷᠦ᠍ ᠲᠦᠪᠱᠢᠨ ᠲᠦᠮᠡᠨ ᠠᠮᠤᠭᠤᠯᠠᠩ ᠪᠠᠢᠬᠤ ᠪᠣᠯ ᠠᠷᠠᠳ ᠤᠯᠠᠨ᠎ᠤ ᠬᠠᠮᠤᠭ᠎ᠤᠨ ᠦᠨᠳᠦᠰᠦᠨ᠂ ᠬᠠᠮᠤᠭ᠎ᠤᠨ ᠲᠦᠭᠡᠮᠡᠯ ᠬᠦᠰᠡᠯ ᠡᠷᠡᠮᠡᠯᠵᠡᠯ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠪᠡᠶᠡᠯᠡᠭᠦᠯᠬᠦ᠌᠎ᠳᠤ ᠠᠷᠠᠳ ᠲᠦᠮᠡᠨ᠎ᠤ ᠠᠮᠤᠷ ᠲᠠᠢᠪᠤᠩ ᠠᠵᠤ ᠲᠦᠷᠦᠭᠦ᠎ᠶ᠋ᠢ ᠪᠠᠲᠤᠯᠠᠬᠤ᠎ᠳᠤ ᠤᠯᠤᠰ᠎ᠤᠨ ᠠᠮᠤᠷ ᠲᠦᠪᠱᠢᠨ ᠪᠣᠯ ᠲᠡᠷᠢᠭᠦᠨ ᠴᠢᠬᠤᠯᠠ ᠶᠡᠭᠡ ᠶᠠᠪᠤᠳᠠᠯ ᠮᠥᠨ᠃
ᠥᠪᠥᠷ ᠮᠣᠩᠭᠤᠯ ᠪᠣᠯ ᠡᠬᠡ ᠤᠯᠤᠰ᠎ᠤᠨ 《ᠤᠮᠠᠷᠠᠳᠦ ᠶᠡᠭᠡ ᠬᠠᠭᠠᠯᠭ᠎ᠠ》 ᠪᠠ ᠨᠡᠢᠰᠯᠡᠯ᠎ᠤᠨ 《ᠬᠤᠳᠠ ᠵᠢᠨ ᠬᠠᠮᠠᠭᠠᠯᠠᠯᠳᠠ ᠵᠢᠨ ᠭᠤᠤᠯ》 ᠪᠣᠯᠤᠨ᠎ᠠ᠂ ᠤᠯᠤᠰ᠎ᠤᠨ ᠠᠮᠤᠷ ᠲᠦᠪᠱᠢᠨ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠤᠯ᠎ᠤᠨ ᠴᠢᠬᠤᠯᠠ ᠶᠡᠭᠡ ᠤᠯᠤᠰ ᠲᠥᠷᠥ᠎ᠶ᠋ᠢᠨ ᠬᠠᠷᠢᠭᠤᠴᠠᠯᠭ᠎ᠠ ᠪᠣᠯᠤᠨ᠎ᠠ᠃ ᠦᠨᠳᠦᠰᠦᠲᠡᠨ᠎ᠤ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ ᠮᠥᠨ᠃ ᠭᠠᠭ᠍ᠴᠠ ᠬᠦ᠌ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠵᠦ᠍᠂ ᠦᠨᠳᠦᠰᠦᠲᠡᠨ᠎ᠨᠦᠭᠦᠳ ᠤᠯᠤᠰ᠎ᠤᠨ ᠠᠮᠤᠷ ᠲᠦᠪᠱᠢᠨ ᠪᠠ ᠨᠡᠢᠭᠡᠮ᠎ᠤᠨ ᠲᠣᠭ᠍ᠲᠠᠭᠤᠨ ᠪᠠᠢᠳᠠᠯ᠎ᠢ ᠬᠠᠮᠲᠤ᠎ᠪᠠᠷ ᠰᠠᠢᠲᠤᠷ ᠬᠠᠮᠠᠭᠠᠯᠠᠪᠠᠯ ᠰᠠᠶᠢ ᠦᠨᠳᠦᠰᠦᠲᠡᠨ᠎ᠨᠦᠭᠦᠳ᠎ᠤᠨ ᠦᠨᠳᠦᠰᠦᠨ ᠠᠱᠢᠭ ᠲᠤᠰᠠ᠎ᠶ᠋ᠢ ᠰᠠᠢᠲᠤᠷ ᠪᠡᠶᠡᠯᠡᠭᠦᠯᠵᠦ᠍᠂ ᠰᠠᠢᠲᠤᠷ ᠬᠠᠮᠠᠭᠠᠯᠠᠵᠤ᠂ ᠰᠠᠢᠲᠤᠷ ᠬᠥᠭ᠌ᠵᠢᠭᠦᠯᠵᠦ᠍ ᠴᠢᠳᠠᠨ᠎ᠠ᠃ ᠥᠪᠥᠷ ᠮᠣᠩᠭᠤᠯ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠲᠠᠯ᠎ᠠ᠎ᠪᠠᠷ ᠢᠷᠠᠭᠤ ᠠᠯᠳᠠᠷᠲᠤ ᠤᠯᠠᠮᠵᠢᠯᠠᠯ᠎ᠲᠠᠢ ᠶᠤᠮ᠃ 70 ᠭᠠᠷᠤᠶ ᠵᠢᠯ᠎ᠤᠨ ᠲᠤᠷᠰᠢ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠢᠮᠠᠭ᠍ᠲᠠ ᠨᠠᠮ᠎ᠤᠨ ᠠᠴᠢ ᠡᠨᠡᠷᠢᠯ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠵᠤ᠂ ᠢᠮᠠᠭ᠍ᠲᠠ ᠲᠠ ᠪᠢᠳᠡᠨ᠎ᠤ ᠢᠯᠭᠠᠯ ᠥᠬᠡᠶ᠂ ᠠᠬ᠎ᠠ ᠳᠡᠭᠦᠦ ᠮᠡᠲᠦ ᠳᠣᠲᠣᠨᠣ ᠪᠠᠢᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠣᠯᠤᠭ᠍ᠰᠠᠨ ᠪᠥᠭᠡᠳ ᠣᠷᠳᠣ ᠬᠤᠭᠤᠴᠠᠭ᠎ᠠ᠎ᠪᠠᠷ ᠬᠠᠮᠠᠭᠠᠯᠠᠭ᠍ᠰᠠᠭᠠᠷ ᠢᠷᠡᠵᠡᠶ᠃ ᠢᠷᠡᠭᠡᠳᠦᠶ᠎ᠳᠤ᠂ ᠥᠪᠥᠷ ᠮᠣᠩᠭᠤᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠢ ᠴᠢᠩᠭ᠎ᠠ ᠠᠳᠭᠤᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠤᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠢᠷᠠᠭᠤ ᠠᠯᠳᠠᠷ ᠢᠴᠢᠬᠦᠷᠢ ᠭᠣᠳᠣᠮᠰᠢᠬᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠠᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠣᠶ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠲᠠᠰᠤᠷᠠᠯᠲᠠ ᠥᠬᠡᠶ ᠪᠠᠬᠢᠵᠢᠭᠦᠯᠵᠦ᠍᠂ ᠦᠨᠳᠦᠰᠦᠲᠡᠨ᠎ᠨᠦᠭᠦᠳ᠎ᠤᠨ ᠳᠤᠮᠳᠠᠳᠤ᠎ᠶ᠋ᠢᠨ ᠦᠨᠳᠦᠰᠦᠲᠡᠨ᠎ᠤ ᠶᠡᠭᠡ ᠬᠡᠷ ᠪᠦᠯᠢ᠎ᠳᠤ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠠᠭᠤᠤ ᠶᠡᠭᠡ ᠡᠬᠡ ᠤᠯᠤᠰ᠎ᠢᠶᠠᠨ ᠬᠠᠮᠲᠤ᠎ᠪᠠᠷ ᠪᠥᠲᠥᠭᠡᠨ ᠪᠠᠢᠭᠤᠯᠵᠤ᠂ ᠰᠠᠢᠨ ᠰᠠᠢᠬᠠᠨ ᠠᠮᠢᠳᠤᠷᠠᠯ᠎ᠢᠶᠠᠨ ᠬᠠᠮᠲᠤ᠎ᠪᠠᠷ ᠴᠣᠭ᠍ᠴᠠᠯᠠᠬᠤ᠎ᠶ᠋ᠢ ᠠᠬᠢᠭᠤᠯᠬᠤ ᠬᠡᠷᠡᠭ᠌ᠲᠡᠶ᠃
ᠤᠯᠤᠰ᠎ᠡᠴᠡ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢᠭᠤᠯᠵᠤ᠂ ᠤᠯᠤᠰ᠎ᠦᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠶ᠎ᠠ
ᠣᠳᠣᠬᠠᠨ᠎ᠤ ᠤᠯᠠᠨ ᠤᠯᠤᠰ᠎ᠤᠨ ᠤᠯᠤᠰ ᠲᠦᠷᠦ᠍ ᠠᠵᠤ ᠠᠬᠤᠢ᠎ᠶ᠋ᠢᠨ ᠪᠠᠢᠳᠠᠯ ᠳᠣᠣᠷ᠎ᠠ᠂ ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ᠎ᠨᠢ ᠨᠢᠭᠡᠨᠲᠡ ᠤᠯᠤᠰ᠎ᠤᠨ ᠳᠣᠲᠣᠭᠠᠳᠤ᠎ᠶ᠋ᠢᠨ ᠡᠨᠧᠷᠭᠢ᠎ᠶ᠋ᠢᠨ ᠰᠤᠷᠪᠤᠯᠵᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ ᠠᠵᠤ ᠠᠬᠤᠢ᠎ᠶ᠋ᠢᠨ ᠠᠰᠠᠭᠤᠳᠠᠯ᠎ᠠᠴᠠ ᠤᠯᠤᠰ᠎ᠤᠨ ᠠᠮᠤᠷ ᠲᠦᠪᠱᠢᠨ᠂ ᠤᠯᠤᠰ᠎ᠤᠨ ᠠᠱᠢᠭ ᠲᠤᠰᠠ ᠪᠠ ᠭᠠᠳᠠᠭᠠᠳᠤ ᠪᠠᠢᠯᠳᠤᠬᠤ ᠪᠤᠳᠤᠯᠭ᠎ᠠ᠎ᠳᠤ ᠬᠤᠯᠪᠣᠭ᠍ᠳᠠᠬᠤ ᠤᠯᠠᠨ ᠳᠡᠰ ᠳᠠᠪᠬᠤᠷᠭ᠎ᠠ᠎ᠶ᠋ᠢᠨ ᠤᠯᠤᠰ᠎ᠤᠨ ᠪᠠᠢᠯᠳᠤᠬᠤ ᠪᠤᠳᠤᠯᠭ᠎ᠠ᠎ᠶ᠋ᠢᠨ ᠠᠰᠠᠭᠤᠳᠠᠯ ᠪᠣᠯᠤᠭ᠍ᠰᠠᠨ ᠪᠠᠢᠨ᠎ᠠ᠃ ᠣᠳᠣᠬᠢ ᠱᠠᠲᠤᠨ᠎ᠳᠤ᠂ ᠮᠠᠨ᠎ᠤ ᠤᠯᠤᠰ ᠡᠨᠧᠷᠭᠢ᠎ᠶ᠋ᠢᠨ ᠰᠤᠷᠪᠤᠯᠵᠢ᠎ᠶ᠋ᠢᠨ ᠬᠡᠷᠡᠭ᠌ᠴᠡᠭᠡ᠎ᠶ᠋ᠢᠨ ᠳᠠᠷᠤᠯᠲᠠ ᠯᠤᠲᠤ ᠶᠡᠭᠡ᠂ ᠡᠨᠧᠷᠭᠢ᠎ᠶ᠋ᠢᠨ ᠰᠤᠷᠪᠤᠯᠵᠢ᠎ᠶ᠋ᠢᠨ ᠬᠠᠩᠭᠠᠯᠭ᠎ᠠ᠎ᠶ᠋ᠢᠨ ᠬᠢᠵᠠᠭᠠᠷᠯᠠᠯ ᠨᠡᠯᠢᠶᠡᠳ ᠤᠯᠠᠨ ᠪᠠᠢᠬᠤ ᠵᠡᠷᠭᠡ ᠥᠷᠢᠰᠥᠯᠳᠦᠭᠡᠨ᠎ᠳᠤ ᠲᠤᠯᠭᠠᠷᠠᠵᠤ ᠪᠠᠢᠭ᠎ᠠ ᠪᠣᠯᠬᠤᠷ ᠡᠷᠬᠡᠪᠰᠢ ᠤᠯᠤᠰ᠎ᠤᠨ ᠬᠥᠭ᠌ᠵᠢᠯᠲᠡ ᠪᠠ ᠠᠮᠤᠷ ᠲᠦᠪᠱᠢᠨ᠎ᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ᠎ᠡᠴᠡ ᠴᠠᠭ᠎ᠢ ᠰᠢᠨᠵᠢᠨ ᠪᠠᠢᠳᠠᠯ᠎ᠢ ᠦᠵᠡᠵᠦ᠂ ᠡᠨᠧᠷᠭᠢ᠎ᠶ᠋ᠢᠨ ᠰᠤᠷᠪᠤᠯᠵᠢ᠎ᠶ᠋ᠢᠨ ᠶᠡᠭᠡ ᠬᠠᠨᠳᠤᠰᠢ᠎ᠳᠤ ᠵᠣᠬᠢᠴᠠᠬᠤ ᠵᠠᠮ᠎ᠢ ᠡᠷᠢᠵᠦ᠍ ᠤᠯᠬᠤ ᠬᠡᠷᠡᠭ᠌ᠲᠡᠢ᠃ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ᠂ ᠡᠷᠬᠡᠪᠰᠢ ᠡᠨᠧᠷᠭᠢ᠎ᠶ᠋ᠢᠨ ᠦᠢᠯᠡᠳᠪᠦᠷᠢᠯᠡᠯ ᠪᠣᠯᠤᠨ ᠬᠡᠷᠡᠭ᠌ᠯᠡᠭᠡ ᠵᠢᠨ ᠬᠤᠪᠢᠰᠭᠠᠯ᠎ᠢ ᠠᠬᠢᠭᠤᠯᠵᠤ᠂ ᠤᠯᠤᠰ᠎ᠤᠨ ᠳᠣᠲᠣᠭᠠᠳᠤ᠎ᠳᠤ ᠰᠠᠭᠤᠷᠢᠯᠠᠵᠤ᠂ ᠳᠤᠲᠠᠭᠤᠳᠠᠯ᠎ᠢᠶᠠᠨ ᠨᠥᠬᠦᠪᠥᠷᠢᠯᠡᠵᠦ᠍᠂ ᠤᠯᠠᠨ ᠡᠱᠢᠲᠦ ᠪᠠᠲᠤᠯᠠᠭ᠎ᠠ᠎ᠶ᠋ᠢ ᠪᠠᠲᠤᠯᠠᠵᠤ᠂ ᠨᠥᠭᠡᠴᠡᠯᠡᠯᠲᠡ᠎ᠶ᠋ᠢ ᠴᠢᠩᠭᠠᠳᠭᠠᠵᠤ᠂ ᠦᠢᠯᠡᠳᠪᠦᠷᠢᠯᠡᠯ ᠬᠠᠩᠭᠠᠯᠭ᠎ᠠ ᠨᠥᠭᠡᠴᠡ ᠪᠣᠷᠣᠯᠠᠭᠤᠯᠭ᠎ᠠ᠎ᠶ᠋ᠢᠨ ᠱᠢᠰᠲᠧᠮ᠎ᠢ ᠲᠡᠭᠦᠯᠳᠡᠷᠵᠢᠭᠦᠯᠵᠦ᠍᠂ ᠡᠨᠧᠷᠭᠢ᠎ᠶ᠋ᠢ ᠦᠷᠭᠦᠯᠵᠢᠯᠡᠨ ᠲᠣᠭ᠍ᠲᠠᠭᠤᠨ᠎ᠢᠶᠠᠷ ᠬᠠᠩᠭᠠᠬᠤ ᠪᠠ ᠠᠶᠤᠯ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠴᠢᠳᠠᠪᠤᠷᠢ᠎ᠶ᠋ᠢ ᠴᠢᠩᠭᠠᠳᠭᠠᠬᠤ ᠬᠡᠷᠡᠭ᠌ᠲᠡᠢ᠃
ᠥᠪᠥᠷ ᠮᠣᠩᠭᠤᠯ᠎ᠤᠨ ᠡᠨᠧᠷᠭᠢ᠎ᠶ᠋ᠢᠨ ᠡᠬᠢ ᠪᠠᠶᠠᠯᠢᠭ᠎ᠤᠨ ᠲᠥᠷᠥᠯ ᠵᠦᠢᠯ ᠡᠯᠪᠡᠭ ᠪᠠᠶᠠᠯᠢᠭ ᠪᠠᠢᠵᠤ᠂ ᠨᠡᠭᠦᠷᠡᠰᠦ᠂ ᠪᠠᠢᠭᠠᠯᠢ᠎ᠶ᠋ᠢᠨ ᠱᠢᠲᠠᠮᠠᠬᠠᠶ ᠬᠡᠢ᠂ ᠰᠠᠯᠬᠢᠨ ᠡᠨᠧᠷᠭᠢ ᠵᠢᠴᠢ ᠨᠡᠷᠡᠨ᠎ᠤ ᠡᠨᠧᠷᠭᠢ ᠵᠡᠷᠭᠡ ᠡᠬᠢ ᠪᠠᠶᠠᠯᠢᠭ ᠴᠥᠮ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠤ ᠤᠷᠤᠵᠤ ᠪᠤᠶ᠃ ᠣᠢᠷ᠎ᠠ᠎ᠶ᠋ᠢᠨ ᠵᠢᠯ᠎ᠤᠳ᠎ᠲᠤ᠌᠂ ᠥᠪᠥᠷ ᠮᠣᠩᠭᠤᠯ ᠨᠡᠭᠦᠷᠡᠰᠦ ᠴᠠᠬᠢᠯᠭᠠᠨ ᠴᠢᠯᠠᠭᠤᠨ ᠲᠣᠰᠣ ᠰᠢᠳᠠᠮᠠᠬᠠᠢ ᠬᠡᠶ ᠰᠠᠯᠬᠢᠨ ᠬᠦᠴᠦ ᠬᠡᠷᠡᠯᠴᠢ ᠴᠡᠨᠡᠭ ᠢ ᠵᠡᠷᠭᠡ᠎ᠪᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢ ᠬᠥᠭ᠌ᠵᠢᠭᠦᠯᠦᠨ᠂ ᠭᠠᠳᠠᠭ᠍ᠰᠢ ᠨᠡᠭᠦᠷᠡᠰᠦ ᠪᠠ ᠴᠠᠬᠢᠯᠭᠠᠨᠬᠦᠷᠭᠡᠭ᠌ᠰᠡᠨ ᠬᠡᠮᠵᠢᠶ᠎ᠡ ᠴᠥᠮ ᠪᠥᠬᠦ᠌ ᠤᠯᠤᠰ᠎ᠤᠨ ᠲᠡᠷᠢᠭᠦᠨ᠎ᠳᠤ ᠣᠷᠣᠵᠤ᠂ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠬᠡᠮᠵᠢᠶ᠎ᠡ ᠪᠥᠬᠦ᠌ ᠤᠯᠤᠰ᠎ᠤᠨ ᠲᠡᠷᠢᠭᠦᠨ᠎ᠳᠤ ᠣᠷᠣᠪᠠ᠃ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠵᠤ ᠦᠢᠯᠡᠰ᠎ᠤᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ᠎ᠢ ᠪᠠᠲᠤᠯᠠᠬᠤ ᠲᠠᠯ᠎ᠠ᠎ᠪᠠᠷ ᠂ ᠤᠯᠤᠰ᠎ᠤᠨ ᠡᠨᠧᠷᠭᠢ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠂ ᠪᠥᠬᠦ᠌ ᠤᠯᠤᠰ᠎ᠤᠨ 《ᠬᠤᠤᠰ ᠨᠡᠭᠦᠷᠡᠰᠦᠲᠥ᠋ᠷᠥᠭ᠌ᠴᠢ》 ᠶ᠋ᠢᠨ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ ᠲᠠᠯ᠎ᠠ᠎ᠪᠠᠷ ᠂ ᠥᠪᠥᠷ ᠮᠣᠩᠭᠤᠯ ᠴᠥᠮ ᠴᠢᠬᠤᠯᠠ ᠪᠠᠢᠷᠢ ᠰᠠᠭᠤᠷᠢ ᠪᠠ ᠦᠢᠯᠡᠳᠦᠯ᠎ᠲᠠᠢ ᠶᠤᠮ᠃ ᠢᠷᠡᠭᠡᠳᠦᠢ᠎ᠳᠤ᠂ ᠥᠪᠥᠷ ᠮᠣᠩᠭᠤᠯ᠎ᠢ ᠴᠢᠯᠠᠭᠤᠵᠢᠮᠠᠯ ᠡᠨᠧᠷᠭᠢ᠎ᠶ᠋ᠢᠨ ᠶᠡᠭᠡ ᠣᠷᠣᠨ᠎ᠠᠴᠠ ᠴᠡᠪᠡᠷ ᠡᠨᠧᠷᠭᠢ᠎ᠶ᠋ᠢᠨ ᠶᠡᠭᠡ ᠣᠷᠣᠨ ᠪᠣᠯᠭᠠᠨ ᠬᠤᠪᠢᠷᠠᠭᠤᠯᠬᠤ᠎ᠶ᠋ᠢ ᠬᠦᠴᠦᠯᠡᠨ ᠠᠬᠢᠭᠤᠯᠵᠤ᠂ ᠤᠯᠤᠰ᠎ᠲᠤ ᠨᠡᠩ ᠲᠣᠭ᠍ᠲᠠᠭᠤᠨ᠂ ᠨᠡᠩ ᠠᠮᠤᠷ ᠲᠦᠪᠱᠢᠨ᠂ ᠨᠡᠩ ᠪᠣᠬᠢᠷᠲᠤᠯ ᠦᠭᠡᠢ ᠡᠨᠧᠷᠭᠢ᠎ᠶ᠋ᠢᠨ ᠬᠠᠩᠭᠠᠯᠭ᠎ᠠ ᠬᠠᠩᠭᠠᠬᠤ᠎ᠪᠠᠷ ᠴᠢᠷᠮᠠᠢᠬᠤ ᠬᠡᠷᠡᠭ᠌ᠲᠡᠢ᠃ ᠨᠢᠭᠡ᠎ᠳᠤ᠂ ᠡᠨᠧᠷᠭᠢ᠎ᠶ᠋ᠢᠨ ᠰᠤᠷᠪᠤᠯᠵᠢ᠎ᠶ᠋ᠢᠨ ᠬᠡᠷᠡᠭ᠌ᠯᠡᠭᠡ ᠵᠢᠨ ᠬᠤᠪᠢᠰᠭᠠᠯ᠎ᠢ ᠠᠬᠢᠭᠤᠯᠵᠤ᠂ ᠡᠨᠧᠷᠭᠢ᠎ᠶ᠋ᠢᠨ ᠰᠤᠷᠪᠤᠯᠵᠢ᠎ᠶ᠋ᠢᠨ ᠵᠦᠢ ᠵᠤᠬᠢᠰ ᠦᠭᠡᠢ ᠬᠡᠷᠡᠭ᠌ᠯᠡᠭᠡ᠎ᠶ᠋ᠢ ᠬᠤᠷᠢᠭ᠍ᠯᠠᠨ᠎ᠠ᠃ ᠬᠤᠶᠠᠷ᠎ᠲᠤ᠂ ᠡᠨᠧᠷᠭᠢ᠎ᠶ᠋ᠢᠨ ᠰᠤᠷᠪᠤᠯᠵᠢ᠎ᠶ᠋ᠢᠨ ᠬᠠᠩᠭᠠᠯᠭ᠎ᠠ᠎ᠶ᠋ᠢᠨ ᠬᠤᠪᠢᠰᠭᠠᠯ᠎ᠢ ᠠᠬᠢᠭᠤᠯᠵᠤ᠂ ᠤᠯᠠᠨ ᠡᠱᠢᠲᠦ ᠬᠠᠩᠭᠠᠯᠭ᠎ᠠ᠎ᠶ᠋ᠢᠨ ᠱᠢᠰᠲ᠋ᠧᠮ᠎ᠢ ᠪᠠᠢᠭᠤᠯᠤᠨ᠎ᠠ᠃ ᠭᠤᠷᠪᠠ᠎ᠳᠤ᠂ ᠡᠨᠧᠷᠭᠢ᠎ᠶ᠋ᠢᠨ ᠰᠤᠷᠪᠤᠯᠵᠢ᠎ᠶ᠋ᠢᠨ ᠮᠡᠷᠭᠡᠵᠢᠯ᠎ᠤᠨ ᠬᠤᠪᠢᠰᠭᠠᠯ᠎ᠢ ᠠᠬᠢᠭᠤᠯᠵᠤ᠂ ᠠᠵᠤ ᠦᠢᠯᠡᠰ᠎ᠤᠨ ᠲᠡᠰ ᠳᠡᠪᠱᠢᠬᠦ᠌᠎ᠶ᠋ᠢ ᠲᠠᠢᠴᠢᠯᠠᠨ᠎ᠠ᠃
ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠤᠨ ᠰᠠᠭᠤᠷᠢᠨ᠎ᠢ ᠪᠦᠲᠦᠭᠡᠨ ᠪᠠᠢᠭᠤᠯᠵᠤ᠂ ᠠᠮᠤ ᠪᠤᠳᠠᠭᠠᠨ᠎ᠤ ᠠᠮᠤᠷ ᠲᠦᠪᠱᠢᠨ᠎ᠤ ᠰᠠᠨᠠᠭᠠᠴᠢᠯᠠᠭᠠᠲᠤ ᠡᠷᠬᠡ ᠶ᠋ᠢ ᠪᠠᠲᠤ ᠡᠵᠡᠮᠳᠡᠶ᠎ᠡ
ᠠᠮᠤ ᠪᠤᠳᠠᠭᠠᠨ᠎ᠤ ᠠᠮᠤᠷ ᠲᠦᠪᠱᠢᠨ᠎ᠨᠢ ᠤᠯᠤᠰ᠎ᠤᠨ ᠠᠮᠤᠷ ᠲᠦᠪᠱᠢᠨ᠂ ᠨᠡᠢᠭᠡᠮ᠎ᠤᠨ ᠲᠣᠭ᠍ᠲᠠᠭᠤᠨ᠎ᠲᠠᠢ ᠬᠤᠯᠪᠣᠭ᠍ᠳᠠᠨ᠎ᠠ᠃ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠶ᠋ᠢᠨ ᠵᠠᠩᠭᠢᠯᠠᠭ᠎ᠠ᠎ᠨᠢ ᠠᠮᠤ ᠪᠤᠳᠠᠭᠠᠨ᠎ᠤ ᠬᠠᠩᠭᠠᠯᠭ᠎ᠠ᠎ᠶ᠋ᠢ ᠪᠠᠲᠤᠯᠠᠬᠤ᠎ᠳᠤ ᠭᠠᠵᠠᠷ ᠱᠢᠷᠣᠢ᠎ᠳᠤ ᠲᠦᠱᠢᠭ᠌ᠯᠡᠬᠦ᠂ ᠠᠮᠤ ᠪᠤᠳᠠᠭᠠᠨ᠎ᠤ ᠤᠨᠠᠯᠲᠠ᠎ᠶ᠋ᠢ ᠨᠡᠮᠡᠭ᠌ᠳᠡᠭᠦᠯᠬᠦ᠌᠎ᠳᠤ ᠱᠢᠨᠵᠢᠯᠡᠬᠦ᠌ ᠤᠬᠠᠭᠠᠨ ᠲᠸᠬᠨᠢᠭ ᠮᠡᠷᠭᠡᠵᠢᠯ᠎ᠳᠤ ᠲᠦᠱᠢᠭ᠌ᠯᠡᠬᠦ᠌ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠎ᠳᠤ ᠪᠤᠢ᠂ ᠬᠠᠮᠤᠭ᠎ᠤᠨ ᠵᠠᠩᠭᠢᠯᠠᠭ᠎ᠠ᠎ᠨᠢ ᠲᠠᠷᠢᠶᠠᠨ ᠦᠷ᠎ᠡ ᠪᠠ ᠲᠠᠷᠢᠶᠠᠨ ᠭᠠᠵᠠᠷ᠎ᠲᠤ ᠪᠤᠢ᠃
ᠥᠪᠥᠷ ᠮᠣᠩᠭᠤᠯ᠎ᠤᠨ ᠠᠮᠢ ᠠᠬᠤᠶ᠎ᠶ᠋ᠢᠨ ᠮᠠᠯ ᠠᠵᠤ ᠠᠬᠤᠶ ᠲᠠᠷᠢᠶᠠᠯᠠᠩ ᠤᠨ ᠰᠠᠭᠤᠷᠢ ᠰᠠᠢᠨ᠂ ᠳᠠᠯᠳᠠ ᠬᠦᠴᠦᠨ ᠶᠡᠭᠡ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠤᠨ ᠰᠠᠭᠤᠷᠢᠨ᠎ᠢ ᠰᠠᠢᠲᠤᠷ ᠪᠥᠲᠥᠭᠡᠨ ᠪᠠᠢᠭᠤᠯᠬᠤ ᠪᠣᠯ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠨ ᠠᠭᠤᠰᠤᠯᠴᠠᠬᠤ᠎ᠶ᠋ᠢᠨ ᠵᠠᠩᠭᠢᠯᠠᠭ᠎ᠠ᠎ᠶ᠋ᠢᠨ ᠲᠤᠯᠭᠠᠭᠤᠷᠢᠯᠠᠯ ᠪᠣᠯᠤᠨ᠎ᠠ᠃ ᠢᠷᠡᠭᠡᠳᠦᠢ᠎ᠳᠤ ᠂ ᠥᠪᠥᠷ ᠮᠣᠩᠭᠤᠯ ᠪᠣᠬᠢᠷᠲᠤᠯ ᠦᠭᠡᠢ᠎ᠪᠠᠷ ᠮᠠᠯ ᠠᠵᠤ ᠠᠬᠤᠢ ᠲᠠᠷᠢᠶᠠᠯᠠᠩ᠎ᠢ ᠬᠥᠭ᠌ᠵᠢᠭᠦᠯᠬᠦ᠂ ᠱᠢᠨᠵᠢᠯᠡᠬᠦ᠌ ᠤᠬᠠᠭᠠᠨ ᠲᠸᠬᠨᠢᠭ ᠮᠡᠷᠭᠡᠵᠢᠯ᠎ᠢᠶᠠᠷ ᠮᠠᠯ ᠠᠵᠤ ᠠᠬᠤᠢ ᠲᠠᠷᠢᠶᠠᠯᠠᠩ᠎ᠢ ᠬᠥᠭ᠌ᠵᠢᠭᠦᠯᠬᠦ᠂ ᠶᠠᠰᠤ ᠴᠢᠨᠠᠷ᠎ᠢᠶᠠᠷ ᠮᠠᠯ ᠠᠵᠤ ᠠᠬᠤᠢ ᠲᠠᠷᠢᠶᠠᠯᠠᠩ᠎ᠢ ᠬᠥᠭ᠌ᠵᠢᠭᠦᠯᠬᠦ᠌ ᠵᠠᠮ᠎ᠢᠶᠠᠷ ᠭᠤᠢᠪᠢᠰᠢ ᠦᠭᠡᠢ ᠵᠠᠮᠨᠠᠬᠤ ᠬᠡᠷᠡᠭ᠌ᠲᠡᠢ᠃ ᠨᠢᠭᠡ᠎ᠳᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠬᠦ᠌ ᠬᠡᠷᠡᠭ᠌ᠲᠡᠢ᠃ ᠬᠤᠶᠠᠷ᠎ᠲᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠳᠤ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃ ᠲᠤᠭ᠎ᠠ ᠬᠡᠮᠵᠢᠶ᠎ᠡ᠎ᠶ᠋ᠢ ᠦᠷᠭᠦᠯᠵᠢᠯᠡᠨ ᠬᠦᠴᠦᠯᠡᠨ ᠨᠡᠮᠡᠭᠳᠡᠬᠦᠯᠵᠦ᠂ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠤᠨᠠᠯᠲᠠ᠎ᠶ᠋ᠢ ᠨᠡᠮᠡᠭ᠌ᠳᠡᠭᠦᠯᠵᠦ᠍᠂ ᠠᠮᠤ ᠪᠤᠳᠠᠭᠠᠨ᠎ᠤ ᠠᠮᠤᠷ ᠲᠦᠪᠱᠢᠨ᠎ᠤ ᠰᠠᠭᠤᠷᠢ᠎ᠶ᠋ᠢ ᠪᠦᠬᠦ᠌ ᠲᠠᠯ᠎ᠠ᠎ᠪᠠᠷ ᠪᠠᠬᠢᠵᠢᠭᠦᠯᠬᠦ᠌ ᠬᠡᠷᠡᠭ᠌ᠲᠡᠢ᠃ ᠭᠤᠷᠪᠠ᠎ᠳᠤ᠂ ᠲᠠᠷᠢᠶᠠᠯᠠᠩ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠠᠬᠢᠭᠤᠯᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠲᠠᠷᠢᠶᠠᠯᠠᠩ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢᠨ ᠦᠨᠳᠦᠰᠦᠨ ᠵᠣᠷᠢᠯᠭ᠎ᠠ ᠪᠣᠯ ᠠᠷᠠᠳ ᠤᠯᠠᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠬᠠᠩᠭᠠᠬᠤ᠎ᠶ᠋ᠢᠨ ᠲᠥᠯᠥᠭᠡ ᠶᠤᠮ᠂ ᠭᠤᠣᠯ ᠱᠢᠪᠲᠤᠯᠬᠤ ᠴᠢᠭ᠌ᠯᠡᠯ ᠪᠣᠯ ᠲᠠᠷᠢᠶᠠᠯᠠᠩ᠎ᠤᠨ ᠦᠢᠯᠡᠳᠪᠦᠷᠢᠯᠡᠯ᠎ᠤᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠶᠠᠪᠤᠳᠠᠯ ᠪᠣᠯᠤᠨ᠎ᠠ᠃
ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠬᠢᠯᠡᠯᠲᠡ᠎ᠶ᠋ᠢ ᠴᠣᠭ᠍ᠴᠠᠯᠠᠵᠤ᠂ ᠨᠠᠩ ᠥᠨᠳᠥᠷ ᠭᠠᠷᠤᠭ᠎ᠠ᠎ᠠᠴᠠ ᠥᠭᠡᠷᠡᠴᠢᠯᠡᠯᠲᠡ ᠨᠡᠭᠡᠭᠡᠯᠲᠡ᠎ᠶ᠋ᠢ ᠠᠬᠢᠭᠤᠯᠤᠶ᠎ᠠ
ᠨᠡᠭᠡᠭᠡᠯᠲᠡ ᠲᠠᠢ ᠬᠥᠭ᠌ᠵᠢᠬᠦᠯᠬᠦ ᠪᠣᠯ ᠳᠠᠷᠤᠢ ᠬᠥᠭ᠌ᠵᠢᠯᠲᠡ᠎ᠶ᠋ᠢᠨ ᠳᠣᠲᠣᠭᠠᠳᠤ ᠭᠠᠳᠠᠭᠠᠳᠤ ᠬᠤᠯᠪᠣᠭᠠᠯᠠᠨ ᠬᠥᠳᠡᠯᠦᠯᠴᠡᠬᠦ᠌ ᠠᠰᠠᠭᠤᠳᠠᠯ᠎ᠢ ᠱᠢᠢᠳᠪᠦᠷᠢᠯᠡᠬᠦ᠌ ᠶᠠᠪᠤᠳᠠᠯ ᠪᠣᠯᠤᠨ᠎ᠠ᠂ ᠳᠤᠮᠳᠠᠳᠤ ᠤᠯᠤᠰ᠎ᠤᠨ ᠭᠠᠳᠠᠭᠠᠳᠤ ᠨᠡᠬᠡᠬᠡᠯᠳᠡ᠎ᠨᠢ ᠳᠤᠮᠳᠠᠳᠤ ᠤᠯᠤᠰ ᠪᠣᠯᠤᠨ ᠳᠡᠯᠡᠬᠡᠢ ᠳ᠋ᠠᠬᠢᠨ᠎ᠳᠤ ᠴᠥᠮ ᠠᠵᠠ ᠲᠣᠬᠢᠶᠠᠯ ᠣᠯᠭᠤᠪᠠ᠃ ᠳᠤᠮᠳᠠᠳᠤ ᠤᠯᠤᠰ᠎ᠤᠨ ᠳᠤᠷᠠᠳᠤᠭ᠍ᠰᠠᠨ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢᠭᠤᠯᠬᠤ ᠰᠠᠨᠠᠭᠠᠴᠢᠯᠠᠭ᠎ᠠ ᠪᠣᠯ ᠳᠠᠷᠤᠢ ᠡᠯ᠎ᠡ ᠲᠠᠯ᠎ᠠ᠎ᠶ᠋ᠢᠨ᠎ᠬᠢᠨ᠎ᠲᠠᠢ ᠬᠠᠮᠲᠤ᠎ᠪᠠᠷ ᠤᠯᠠᠨ ᠤᠯᠤᠰ᠎ᠤᠨ ᠬᠠᠮᠲᠤᠷᠠᠯᠴᠠᠭᠠᠨ᠎ᠤ ᠱᠢᠨ᠎ᠡ ᠲᠠᠪᠴᠠᠩ᠎ᠢ ᠪᠠᠢᠭᠤᠯᠵᠤ᠂ ᠳᠡᠯᠡᠬᠡᠢ᠎ᠶ᠋ᠢᠨ ᠬᠠᠮᠲᠤ᠎ᠶ᠋ᠢᠨ ᠬᠥᠭ᠌ᠵᠢᠯᠲᠡ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠬᠦ᠌ ᠶᠠᠪᠤᠳᠠᠯ ᠪᠣᠯᠤᠨ᠎ᠠ᠃
ᠥᠪᠥᠷ ᠮᠣᠩᠭᠤᠯ ᠳᠣᠲᠣᠭᠠᠳᠤ᠎ᠳᠠᠭᠠᠨ ᠨᠠᠢ᠍ᠮᠠᠨ ᠮᠤᠵᠢ᠎ᠲᠠᠢ ᠵᠠᠯᠭᠠᠯᠳᠤᠵᠤ᠂ ᠭᠠᠳᠠᠭ᠍ᠰᠢ᠎ᠪᠠᠨ ᠤᠷᠤᠰ᠂ ᠮᠣᠩᠭᠤᠯ᠎ᠲᠠᠢ ᠵᠠᠯᠭᠠᠯᠳᠤᠵᠤ᠂ ᠣᠷᠣᠨ ᠪᠠᠢᠷᠢ᠎ᠶ᠋ᠢᠨ ᠣᠨᠴᠠᠭᠠᠢ ᠳᠠᠪᠠᠭᠤᠯᠢᠭ᠎ᠲᠠᠢ᠂ ᠲᠡᠦᠬᠡᠨ ᠲᠡᠭᠡᠷᠡᠬᠢ 《ᠲᠠᠯ᠎ᠠ ᠨᠤᠲᠤᠭ᠎ᠤᠨ ᠲᠣᠷᠭᠠᠨ ᠵᠠᠮ》 ᠪᠣᠯᠤᠨ 《ᠲᠦᠮᠡᠨ ᠭᠠᠵᠠᠷ᠎ᠤᠨ ᠴᠠᠢ᠎ᠶ᠋ᠢᠨ ᠵᠠᠮ》᠎ᠤᠨ ᠴᠢᠬᠤᠯᠠ ᠬᠦᠢᠰᠦ ᠪᠠ ᠵᠠᠮ ᠪᠣᠯᠤᠨ᠎ᠠ᠃ ᠣᠢᠷ᠎ᠠ᠎ᠶ᠋ᠢᠨ ᠵᠢᠯ᠎ᠤᠳ᠎ᠲᠤ᠌᠂ ᠥᠪᠥᠷ ᠮᠣᠩᠭᠤᠯ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠠᠭᠤᠰᠤᠯᠴᠠᠬᠤ᠎ᠪᠠᠷ ᠤᠳᠤᠷᠢᠳᠤᠮᠵᠢ ᠪᠣᠯᠭᠠᠵᠤ᠂ ᠳᠣᠲᠣᠭᠠᠳᠤ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠥᠷᠭᠡᠨ᠎ᠢᠶᠠᠷ ᠥᠷᠨᠢᠭᠦᠯᠦᠨ᠂ ᠥᠨᠳᠥᠷ ᠲᠦᠪᠱᠢᠨ ᠪᠥᠬᠦᠶ ᠨᠡᠭᠡᠭᠡᠯᠲᠡ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠴᠢᠷᠮᠠᠢᠨ ᠠᠬᠢᠭᠤᠯᠪᠠ᠃ ᠢᠷᠡᠭᠡᠳᠦᠶ᠎ᠳᠤ ᠥᠪᠥᠷ ᠮᠣᠩᠭᠤᠯ 《ᠨᠢᠭᠡ ᠪᠦᠰᠡ ᠨᠢᠭᠡ ᠵᠠᠮ》 ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠪᠣᠳᠠᠲᠠᠶ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠤᠯᠠᠮ ᠴᠢᠨᠠᠭᠰᠢᠳᠠ ᠰᠤᠳᠤᠯᠤᠨ ᠨᠡᠢᠲᠡᠯᠡᠵᠦ᠍᠂ ᠬᠡᠷᠡᠭ᠌ᠯᠡᠬᠦ᠌ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠢᠵᠢ ᠪᠥᠷᠢᠳᠦᠭ᠌ᠰᠡᠨ ᠦᠢᠯᠡᠴᠢᠯᠡᠭᠡ᠎ᠶ᠋ᠢ ᠲᠡᠭᠦᠯᠳᠡᠷᠵᠢᠭᠦᠯᠦᠨ᠂ ᠰᠠᠭᠤᠷᠢ ᠲᠦᠭᠦᠭᠡᠷᠦᠮᠵᠢ᠎ᠶ᠋ᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠡᠨᠧᠷᠭᠢ᠎ᠶ᠋ᠢᠨ ᠰᠤᠷᠪᠤᠯᠵᠢ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠂ ᠠᠵᠤ ᠠᠬᠤᠶ ᠠᠷᠠᠯᠵᠢᠶ᠎ᠠ ᠠᠵᠤ ᠦᠢᠯᠡᠰ᠎ᠤᠨ ᠬᠠᠮᠲᠤᠷᠠᠯᠴᠠᠭᠠᠨ᠎ᠤ ᠣᠷᠣᠨ᠎ᠤ ᠪᠥᠲᠥᠭᠡᠨ ᠪᠠᠢᠭᠤᠯᠤᠯᠲᠠ᠂ ᠠᠵᠤ ᠦᠢᠯᠡᠰ᠎ᠤᠨ ᠭᠤᠤᠯᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ᠌ ᠲᠤᠯᠭᠠᠭᠤᠷᠢᠯᠠᠯ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠤᠷᠢᠳ ᠵᠢᠡᠷ ᠬᠢᠬᠦ᠌ ᠲᠥᠷᠥᠯ ᠵᠦᠢᠯ᠎ᠢ ᠭᠤᠤᠯᠳᠠᠯᠭ᠎ᠠ᠎ᠲᠠᠢ ᠳᠡᠮᠵᠢᠬᠦ᠌ ᠬᠡᠷᠡᠭ᠌ᠲᠡᠶ᠃
ᠴᠢᠨᠠᠷ ᠰᠠᠢᠲᠠᠶ ᠬᠥᠭ᠌ᠵᠢᠬᠦᠯᠬᠦ ᠪᠣᠯ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠯᠡᠷᠡᠭᠦᠯᠬᠦ᠌ ᠬᠥᠭ᠌ᠵᠢᠯᠲᠡ ᠮᠥᠨ᠂ ᠱᠢᠨ᠎ᠡ᠎ᠶ᠋ᠢ ᠡᠭᠦᠳᠬᠦ᠌᠎ᠪᠠᠷ ᠨᠢᠭᠡᠳᠦᠭᠡᠷ ᠬᠥᠳᠡᠯᠭᠡᠬᠦ᠌ ᠬᠦᠴᠦᠨ ᠪᠣᠯᠭᠠᠵᠤ᠂ ᠡᠶ᠎ᠡ ᠵᠣᠬᠢᠴᠠᠩᠭᠤᠶ᠎ᠪᠠᠷ ᠳᠣᠲᠣᠭᠠᠳᠤ ᠣᠨᠴᠠᠯᠢᠭ ᠪᠣᠯᠭᠠᠵᠤ᠂ ᠪᠣᠬᠢᠷᠲᠤᠯ ᠥᠬᠡᠶ᠎ᠪᠠᠷ ᠲᠦᠭᠡᠮᠡᠯ ᠬᠡᠯᠪᠡᠷᠢ ᠪᠣᠯᠭᠠᠵᠤ᠂ ᠨᠡᠭᠡᠭᠡᠯᠲᠡ ᠬᠢᠬᠦ᠌᠎ᠪᠠᠷ ᠵᠠᠢᠯᠠᠰᠢ ᠥᠬᠡᠶ ᠵᠠᠮ ᠪᠣᠯᠭᠠᠵᠤ᠂ ᠬᠠᠮᠲᠤ᠎ᠪᠠᠷ ᠡᠳ᠋ᠯᠡᠬᠦ᠌᠎ᠪᠠᠷ ᠦᠨᠳᠦᠰᠦᠨ ᠬᠠᠷᠠᠯᠲᠠ ᠪᠣᠯᠭᠠᠬᠤ ᠬᠥᠭ᠌ᠵᠢᠯᠲᠡ ᠮᠥᠨ᠂ 《ᠪᠠᠢᠬᠤ ᠡᠰᠡᠬᠦ᠌》 ᠡᠴᠡ 《ᠰᠠᠢᠨ ᠡᠰᠡᠬᠦ᠌》 ᠳᠠᠢᠰᠢ ᠱᠢᠯᠵᠢᠬᠦ᠌ ᠬᠥᠭ᠌ᠵᠢᠯᠲᠡ ᠮᠥᠨ᠃ ᠥᠪᠥᠷ ᠮᠣᠩᠭᠤᠯ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠥᠬᠦ᠌ ᠲᠠᠯ᠎ᠠ᠎ᠪᠠᠷ ᠲᠤᠭᠤᠱᠢᠯᠠᠭᠤᠯᠵᠤ᠂ ᠲᠠᠪᠤᠨ ᠶᠡᠭᠡ ᠡᠭᠦᠷᠭᠡ᠎ᠶ᠋ᠢ ᠨᠠᠢᠳᠠᠪᠤᠷᠢᠵᠢᠭᠤᠯᠬᠤ᠎ᠵᠢᠨ ᠲᠤᠭᠤᠷᠢᠨ᠎ᠳᠤ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠥᠪᠥᠷ ᠮᠣᠩᠭᠤᠯ᠎ᠤᠨ ᠬᠤᠪᠢ ᠨᠡᠮᠡᠷᠢ᠎ᠪᠠᠨ ᠦᠵᠡᠭᠦᠯᠬᠦ᠌ ᠬᠡᠷᠡᠭ᠌ᠲᠡᠶ ᠃
( ᠵᠣᠬᠢᠶᠠᠭ᠍ᠴᠢ᠄ ᠲᠥᠪ ᠤᠨ ᠨᠠᠮ ᠤᠨ ᠰᠤᠷᠭᠠᠭᠤᠯᠢ ᠵᠢᠨ ᠠᠵᠤ ᠠᠬᠤᠶ᠎ᠶ᠋ᠢᠨ ᠤᠬᠠᠭᠠᠨ᠎ᠤ ᠵᠢᠭᠠᠬᠤ ᠵᠢ ᠰᠤᠳᠤᠯᠬᠤ ᠬᠡᠯᠲᠡᠰ᠎ᠤᠨ ᠳᠡᠳ᠋ ᠫᠷᠤᠹᠸᠰᠰᠤᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠣᠨᠣᠯ᠎ᠤᠨ ᠱᠢᠰᠲ᠋ᠧᠮ᠎ᠤᠨ ᠰᠤᠳᠤᠯᠭᠠᠨ᠎ᠤ ᠲᠥᠪ᠎ᠤᠨ ᠣᠨᠴᠠ ᠤᠷᠢᠭ᠍ᠰᠠᠨ ᠰᠤᠳᠤᠯᠤᠭ᠍ᠴᠢ )