ᠬᠦᠭᠵᠢᠬᠦᠯᠦᠯᠳᠡ ᠪᠣᠯ ᠨᠠᠮ᠎ᠤᠨ ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠬᠤ ᠲᠡᠷᠢᠭᠦᠨ ᠴᠢᠬᠤᠯᠠ ᠡᠭᠦᠷᠭᠡ ᠮᠥᠨ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠱᠢᠨ᠎ᠡ ᠴᠠᠭ ᠦᠶ᠎ᠡ᠎ᠶ᠋ᠢᠨ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠠᠷᠪᠠᠨ ᠵᠢᠯ᠎ᠦᠨ ᠠᠭᠤᠤ ᠶᠡᠬᠡ ᠬᠤᠪᠢᠰᠤᠯᠲᠠ᠎ᠶ᠋ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠮᠥᠨ ᠴᠢᠨᠠᠷ᠎ᠤᠨ ᠱᠠᠭᠠᠷᠳᠠᠯᠭ᠎ᠠ ᠪᠣᠯᠭᠠᠵᠤ ᠂ ᠴᠢᠨᠠᠷ ᠰᠠᠢᠲᠠᠢ ᠬᠥᠭ᠌ᠵᠢᠬᠦᠯᠬᠦ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ ᠭᠡᠵᠦ᠍ ᠳᠤᠷᠠᠳᠴᠤ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠤᠬᠠᠢ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠱᠢᠨ᠎ᠡ ᠠᠶᠠᠨ᠎ᠳᠤ ᠴᠢᠨᠠᠷ ᠰᠠᠢᠲᠠᠢ ᠬᠥᠭ᠌ᠵᠢᠯᠲᠡ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ ᠂ ᠦᠨᠳᠦᠰᠦᠨ ᠵᠢᠷᠤᠮᠯᠠᠯ ᠬᠠᠩᠭᠠᠵᠠᠢ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠬᠰᠠᠨ ᠨᠠᠮ᠎ᠤᠨ ᠲᠥᠪ ᠬᠣᠷᠢᠶ᠎ᠠ᠂ ᠬᠥᠭ᠌ᠵᠢᠭᠦᠯᠬᠦ᠌᠎ᠶ᠋ᠢ ᠢᠮᠠᠭ᠍ᠲᠠ ᠪᠠᠷᠢᠮᠲᠠᠯᠠᠬᠤ ᠪᠣᠯ ᠮᠠᠨ᠎ᠤ ᠤᠯᠤᠰ᠎ᠤᠨ ᠠᠯᠢᠪᠠ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠰᠠᠭᠤᠷᠢ ᠪᠠ ᠵᠠᠩᠭᠢᠯᠠᠭ᠎ᠠ ᠮᠥᠨ᠂ ᠬᠥᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠠᠱᠢᠭ᠎ᠢ ᠳᠡᠭᠡᠭ᠌ᠰᠢᠯᠡᠭᠦᠯᠬᠦ᠌᠎ᠪᠡᠷ ᠭᠣᠣᠯ ᠪᠣᠯᠭᠠᠬᠤ᠎ᠶ᠋ᠢ ᠪᠠᠷᠢᠮᠲᠠᠯᠠᠵᠦ᠂ ᠱᠢᠨ᠎ᠡ᠎ᠶ᠋ᠢ ᠡᠭᠦᠳᠬᠦ᠌᠂ ᠡᠶ᠎ᠡ ᠵᠣᠬᠢᠴᠠᠩᠭᠤᠢ᠂ ᠪᠤᠬᠢᠷᠳᠦᠯ ᠦᠬᠡᠢ᠂ ᠨᠡᠭᠡᠭᠡᠯᠳᠠ ᠳᠠᠢ᠂ ᠬᠠᠮᠲᠤ᠎ᠪᠠᠷ ᠡᠳ᠋ᠯᠡᠬᠦ᠌ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠢ ᠳᠤᠷᠠᠳᠤᠨ ᠲᠤᠭᠤᠰᠢᠯᠠᠭᠤᠯᠵᠦ᠂ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠂ ᠪᠦᠬᠦ᠌ ᠲᠠᠯ᠎ᠠ᠎ᠶ᠋ᠢᠨ ᠠᠴᠢ ᠬᠣᠯᠪᠣᠭ᠍ᠳᠠᠯ ᠪᠦᠬᠦᠢ ᠴᠢᠬᠤᠯᠠ ᠶᠡᠬᠡ ᠣᠷᠣᠨ ᠪᠦᠰᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠲᠣᠭ᠍ᠲᠠᠭᠠᠵᠦ᠂ ᠪᠦᠬᠦ᠌ ᠤᠯᠤᠰ᠎ᠤᠨ ᠬᠦᠴᠦᠨᠴᠢᠳᠠᠯ ᠵᠢᠡᠷ ᠵᠢᠡᠨ ᠶᠠᠳᠠᠭᠤ ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠦ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠡᠦᠬᠡᠲᠦ ᠴᠢᠨᠠᠷᠲᠠᠶ᠂ ᠡᠷᠬᠢᠯᠳᠡ ᠵᠢᠨ ᠴᠢᠨᠠᠷᠳᠠᠢ᠂ ᠪᠦᠬᠦ᠌ ᠲᠠᠯ᠎ᠠ᠎ᠶ᠋ᠢᠨ ᠴᠢᠨᠠᠷᠲᠠᠶ ᠬᠤᠪᠢᠷᠠᠯᠲᠠ ᠵᠢ ᠠᠬᠢᠭᠣᠯᠵᠦ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠸᠬᠨᠢᠭ ᠮᠡᠷᠭᠡᠵᠢᠯ᠎ᠦᠨ ᠪᠣᠳᠠᠲᠤ ᠬᠦᠴᠦᠨ᠂ ᠶᠡᠷᠦᠩᠬᠡᠢᠯᠡᠭᠰᠡᠨ ᠤᠯᠤᠰ᠎ᠤᠨ ᠬᠦᠴᠦᠨ᠂ ᠳᠡᠯᠡᠬᠡᠢ ᠳᠡᠭᠡᠷᠡᠬᠢ ᠨᠥᠯᠥᠭᠡᠯᠡᠬᠦ᠌ ᠬᠦᠴᠦᠨ ᠦᠷᠭᠦᠯᠵᠢᠯᠡᠨ ᠴᠢᠩᠭᠠᠷᠠᠵᠦ᠂ ᠠᠷᠠᠳ ᠲᠦᠮᠡᠨ᠎ᠳᠦ ᠬᠠᠨᠤᠮᠵᠢᠲᠠᠶ᠂ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠬᠰᠠᠨ᠂ ᠲᠡᠦᠬᠡ᠎ᠶ᠋ᠢᠨ ᠬᠠᠭᠤᠳᠠᠰᠤᠨ᠎ᠳᠤ ᠲᠡᠮᠳᠡᠭᠯᠡᠭᠳᠡᠨ ᠦᠯᠡᠳᠡᠬᠦ ᠬᠥᠭ᠌ᠵᠢᠯᠲᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ ᠲᠤᠰᠢᠶᠠᠪᠠ᠃
ᠴᠢᠨᠠᠷ ᠰᠠᠢᠲᠠᠶ ᠬᠥᠭ᠌ᠵᠢᠬᠦᠯᠬᠦ᠎ᠨᠢ ᠡᠷᠬᠡᠪᠰᠢ ᠣᠷᠳᠣ ᠬᠤᠭᠤᠴᠠᠭ᠎ᠠ᠎ᠪᠠᠷ ᠪᠠᠷᠢᠮᠲᠠᠯᠠᠬᠤ ᠱᠠᠭᠠᠷᠳᠠᠯᠭ᠎ᠠ ᠪᠣᠯᠤᠭ᠍ᠰᠠᠨ᠎ᠤ ᠬᠤᠪᠢ᠎ᠳᠤ᠂ ᠴᠥᠬᠥᠷᠡᠰᠢ ᠥᠬᠡᠶ᠂ ᠣᠷᠳᠣ ᠬᠤᠭᠤᠴᠠᠭ᠎ᠠ᠎ᠪᠠᠷ ᠪᠠᠷᠢᠮᠲᠠᠯᠠᠬᠤ ᠴᠢᠬᠤᠯᠠᠲᠠᠶ ᠶᠤᠮ᠃ ᠪᠢᠳᠠ ᠮᠠᠨ᠎ᠤ ᠤᠯᠤᠰ᠎ᠤᠨ ᠬᠥᠭ᠌ᠵᠢᠯᠲᠡ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠠᠮᠵᠢᠯᠲᠠ ᠣᠯᠤᠭ᠍ᠰᠠᠨ᠎ᠢ ᠭᠦᠶ᠋ᠴᠡᠳ ᠨᠤᠲᠠᠯᠠᠬᠤ᠎ᠶ᠋ᠢᠨ ᠬᠠᠮᠲᠤ᠂ ᠱᠢᠨ᠎ᠡ ᠠᠶᠠᠨ ᠳ᠋ᠸ᠋ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠮᠥᠨ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠢᠬᠤ᠎ᠶ᠋ᠢ ᠰᠡᠷᠭᠡᠭ᠎ᠢᠶᠡᠷ ᠣᠯᠵᠤ ᠬᠠᠷᠠᠬᠤ ᠬᠡᠷᠡᠭ᠌ᠲᠡᠶ᠃ ᠮᠠᠨ᠎ᠤ ᠤᠯᠤᠰ᠎ᠤᠨ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠲᠤᠪᠤᠢ᠌ᠮ᠎ᠠ ᠪᠠᠢᠵᠤ ᠂ ᠱᠢᠨᠵᠢᠯᠡᠬᠦ᠌ ᠤᠬᠠᠭᠠᠨ ᠲᠸᠬᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ ᠪᠠᠰᠠ ᠴᠢᠩᠭ᠎ᠠ ᠪᠢᠰᠢ ᠪᠠᠢᠨ᠎ᠠ; ᠠᠮᠤ ᠪᠤᠳᠠᠭ᠎ᠠ ᠂ ᠡᠨᠧᠷᠭᠢ ᠂ ᠠᠵᠤ ᠦᠢᠯᠡᠰ᠎ᠦᠨ ᠬᠡᠯᠬᠢᠶ᠎ᠠ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠨᠠᠢᠳᠠᠪᠤᠷᠢᠲᠠᠢ ᠠᠮᠤᠷ ᠲᠦᠪᠱᠢᠨ᠎ᠢ ᠪᠠᠲᠤᠯᠠᠬᠤ ᠪᠠ ᠮᠥᠩᠭᠥᠨ ᠭᠦᠢᠯᠭᠡᠭᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠳᠦ ᠪᠠᠰᠠ ᠮᠠᠰᠢ ᠤᠯᠠᠨ ᠴᠢᠬᠤᠯᠠ ᠶᠡᠬᠡ ᠠᠰᠠᠭᠤᠳᠠᠯ᠎ᠢ ᠱᠢᠢᠳᠪᠦᠷᠢᠯᠡᠬᠦ᠌ ᠴᠢᠬᠤᠯᠠᠲᠠᠢ ᠪᠠᠢᠨ᠎ᠠ; ᠭᠣᠣᠯᠳᠠᠯᠭ᠎ᠠ᠎ᠲᠠᠶ ᠬᠦᠷᠢᠶᠡᠨ᠎ᠦ ᠥᠭᠡᠷᠡᠴᠢᠯᠡᠯᠲᠡ᠎ᠳᠦ ᠪᠠᠰᠠ ᠴᠥᠭᠡᠨ ᠪᠤᠰᠤ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠴᠢᠬᠤᠯᠠᠲᠠᠢ ᠪᠠᠢᠨ᠎ᠠ; ᠬᠤᠳᠠ ᠬᠥᠳᠡᠭᠡ ᠣᠷᠣᠨ ᠪᠦᠰᠡ᠎ᠶ᠋ᠢᠨ ᠬᠥᠭ᠌ᠵᠢᠯᠲᠡ ᠪᠠ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠵᠦᠷᠢᠶ᠎ᠡ ᠮᠥᠨ ᠯᠡ ᠨᠡᠯᠢᠶᠡᠳ ᠶᠡᠬᠡ ᠪᠠᠢᠨ᠎ᠠ; ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠠᠯ᠎ᠠ᠎ᠪᠠᠷ ᠪᠠᠰᠠ ᠴᠥᠭᠡᠨ ᠪᠤᠰᠤ ᠬᠦᠴᠢᠷ ᠠᠰᠠᠭᠤᠳᠠᠯ ᠲᠤᠯᠭᠠᠷᠠᠵᠤ ᠪᠠᠢᠨ᠎ᠠ; ᠪᠣᠬᠢᠷᠲᠤᠯ ᠦᠭᠡᠢ ᠡᠷᠬᠢᠯᠳᠡᠳᠤ ᠨᠡᠭᠦᠷᠡᠰᠦᠲᠥ᠋ᠷᠥᠭ᠌ᠴᠢ ᠪᠠᠭ᠎ᠠ ᠬᠥᠭ᠌ᠵᠢᠯᠲᠡ᠎ᠶ᠋ᠢ ᠠᠬᠢᠭᠤᠯᠬᠤ ᠡᠭᠦᠷᠭᠡ ᠬᠦᠨᠳᠦ ᠵᠠᠮ ᠬᠤᠯᠠ ᠪᠠᠢᠨ᠎ᠠ᠃
ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠳᠤ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠴᠢᠬᠤᠯᠠᠲᠠᠶ᠃ ᠶᠡᠷᠦᠩᠬᠡᠢ᠎ᠳᠦᠨᠢ ᠠᠪᠴᠤ᠌ ᠦᠵᠡᠪᠡᠯ ᠂ ᠮᠠᠨ᠎ᠤ ᠤᠯᠤᠰ᠎ᠤᠨ ᠬᠥᠭ᠌ᠵᠢᠯᠲᠡ ᠮᠥᠨ ᠬᠦ᠌ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ᠎ᠤᠨ ᠬᠤᠭᠤᠴᠠᠭᠠᠨ᠎ᠳᠤ ᠣᠷᠣᠱᠢᠵᠤ ᠪᠠᠢᠨ᠎ᠠ᠂ ᠭᠡᠪᠡᠴᠦ᠍ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠲᠤᠯᠭᠠᠷᠠᠵᠤ ᠪᠠᠢᠭ᠎ᠠ ᠠᠵᠠ ᠲᠣᠬᠢᠶᠠᠯ ᠪᠣᠯᠤᠨ ᠥᠷᠢᠰᠥᠯᠳᠦᠭᠡᠨ ᠴᠥᠮ ᠱᠢᠨ᠎ᠡ ᠬᠥᠭ᠌ᠵᠢᠯᠲᠡ ᠬᠤᠪᠢᠷᠠᠯᠲᠠ᠎ᠲᠠᠶ ᠪᠠᠢᠵᠤ᠂ ᠠᠵᠠ ᠲᠣᠬᠢᠶᠠᠯ ᠨᠡᠩ ᠢᠯᠡᠭᠦᠦ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠤᠶᠠᠨ ᠬᠠᠳᠠᠨ ᠴᠢᠨᠠᠷᠲᠠᠢ᠂ ᠥᠷᠢᠰᠥᠯᠳᠦᠭᠡᠨ ᠨᠡᠩ ᠢᠯᠡᠭᠦᠦ ᠨᠠᠷᠢᠨ ᠪᠤᠳᠤᠯᠢᠶᠠᠨᠲᠤ ᠴᠢᠨᠠᠷᠲᠠᠢ᠂ ᠪᠦᠬᠦ᠌ ᠲᠠᠯᠠᠶ᠋ᠨ ᠴᠢᠨᠠᠷᠲᠠᠢ ᠪᠤᠯᠵᠠᠢ᠃ ᠡᠢᠮᠦᠷᠬᠦᠦ ᠠᠬᠤᠶ ᠪᠠᠢᠳᠠᠯ ᠳᠤᠤᠷ᠎ᠠ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠂ ᠣᠨᠣᠪᠴᠢᠲᠠᠶ᠂ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢᠨ ᠥᠭᠡᠷᠡᠴᠢᠯᠡᠯᠲᠡ᠎ᠶ᠋ᠢᠨ ᠴᠢᠭ᠌ᠯᠡᠯ᠎ᠢ ᠪᠠᠷᠢᠮᠲᠠᠯᠠᠨ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠪᠠᠷᠢᠮᠲᠠᠯᠠᠵᠤ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠤᠤᠯ ᠴᠣᠭ᠍ᠴᠠ ᠪᠣᠯᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠬᠡᠷᠡᠭ᠌ᠲᠡᠶ᠃
ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ᠎ᠳᠤ ᠪᠠᠢᠯᠳᠤᠬᠤ ᠪᠤᠳᠤᠯᠭ᠎ᠠ᠎ᠶ᠋ᠢᠨ ᠲᠥᠯᠥᠪᠵᠢᠭᠦᠯᠭᠡ ᠪᠣᠯᠤᠨ ᠦᠵᠦ᠍ ᠲᠥᠯᠥᠪᠯᠡᠭᠡ᠎ᠶ᠋ᠢ ᠴᠢᠩᠭᠠᠳᠭᠠᠬᠤ ᠬᠡᠷᠡᠭ᠌ᠲᠡᠢ᠃ ᠨᠢᠭᠡ᠎ᠳᠦ᠂ ᠪᠦᠷᠢᠨ ᠪᠦᠲᠦᠨ ᠳᠣᠲᠣᠭᠠᠳᠤ ᠬᠡᠷᠡᠭ᠌ᠴᠡᠭᠡ᠎ᠶ᠋ᠢᠨ ᠱᠢᠰᠲ᠋ᠧᠮ᠎ᠢ ᠲᠦᠷᠭᠡᠨ ᠪᠣᠢᠵᠢᠭᠤᠯᠵᠤ᠂ ᠤᠯᠤᠰ ᠠᠷᠠᠳ᠎ᠤᠨ ᠠᠵᠤ ᠠᠬᠤᠢ᠎ᠶ᠋ᠢᠨ ᠡᠷᠭᠢᠯᠲᠡ᠎ᠶ᠋ᠢ ᠱᠢᠯᠤᠭᠤᠳᠭᠠᠵᠤ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠬᠤ ᠬᠡᠷᠡᠭ᠌ᠲᠡᠢ᠃ ᠬᠣᠶᠠᠷ᠎ᠲᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠵᠦ᠍᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠵᠤ᠂ ᠮᠠᠨ᠎ᠤ ᠤᠯᠤᠰ᠎ᠤᠨ ᠳᠡᠯᠡᠬᠡᠢ᠎ᠶ᠋ᠢᠨ ᠶᠡᠬᠡ ᠣᠷᠴᠢᠯ᠎ᠳᠠᠬᠢ ᠱᠢᠨ᠎ᠡ ᠳᠠᠪᠠᠭᠤᠯᠢᠭ᠎ᠢ ᠪᠤᠢ ᠪᠣᠯᠭᠠᠬᠤ ᠬᠡᠷᠡᠭ᠌ᠲᠡᠢ᠃ ᠭᠤᠷᠪᠠ᠎ᠳᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠪᠤᠷᠢᠵᠢᠭᠤᠯᠵᠤ᠂ ᠳᠡᠯᠡᠬᠡᠢ᠎ᠶ᠋ᠢᠨ ᠶᠡᠬᠡ ᠣᠷᠴᠢᠯ ᠳᠠᠬᠢ ᠳᠠᠢᠴᠢᠯᠠᠬᠤ ᠴᠢᠳᠠᠪᠤᠷᠢ᠎ᠶ᠋ᠢ ᠴᠢᠩᠭᠠᠳᠭᠠᠬᠤ ᠬᠡᠷᠡᠭ᠌ᠲᠡᠢ᠃ ᠳᠥᠷᠪᠡ᠎ᠳᠦ᠂ ᠲᠠᠷᠢᠶᠠᠯᠠᠩ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠠᠬᠢᠭᠤᠯᠵᠤ᠂ ᠬᠣᠲᠠ ᠬᠥᠳᠡᠭᠡ᠎ᠶ᠋ᠢᠨ ᠠᠵᠤ ᠠᠬᠤᠶ᠎ᠶ᠋ᠢᠨ ᠰᠠᠢᠨ ᠣᠷᠴᠢᠯ᠎ᠢ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠣᠷᠴᠢᠯ᠎ᠤᠨ ᠬᠠᠷᠢᠴᠠᠯ᠎ᠤᠨ ᠡᠷᠡᠭᠦᠯ ᠪᠠᠢᠬᠣ ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠲᠠᠪᠤ᠎ᠳᠤ ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ ᠳᠤᠮᠳᠠ ᠬᠠᠮᠲᠤ᠎ᠪᠠᠷ ᠪᠠᠶᠠᠵᠢᠬᠤ᠌ ᠶ᠋ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭ᠌ᠲᠡᠶ᠃ ᠵᠢᠷᠭᠤᠭ᠎ᠠ᠎ᠳᠤ᠂ ᠠᠮᠤᠷ ᠲᠦᠪᠱᠢᠨ ᠬᠥᠭ᠌ᠵᠢᠯᠲᠡ ᠭᠡᠬᠦ᠌ ᠡᠨᠡ ᠬᠦ᠌ ᠬᠣᠷᠢᠭ᠎ᠠ ᠱᠤᠭᠤᠮ᠎ᠢ ᠪᠠᠲᠤ ᠰᠠᠬᠢᠵᠤ᠂ ᠠᠮᠤᠷ ᠲᠦᠪᠱᠢᠨ ᠬᠥᠭ᠌ᠵᠢᠯᠲᠡ᠎ᠪᠡᠷ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠶ᠋ᠢᠨ ᠪᠠᠢᠪᠠᠰᠤ ᠵᠣᠬᠢᠬᠤ ᠠᠭᠤᠯᠭ᠎ᠠ ᠪᠣᠯᠭᠠᠵᠤ᠂ ᠨᠠᠷᠢᠨ ᠪᠤᠳᠤᠯᠢᠶᠠᠨᠲᠠᠢ ᠣᠷᠴᠢᠨ ᠨᠥᠬᠥᠴᠡᠯ ᠳᠣᠣᠷ᠎ᠠ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠨᠡᠩ ᠰᠠᠢᠲᠤᠷ ᠠᠬᠢᠭᠤᠯᠬᠤ ᠬᠡᠷᠡᠭ᠌ᠲᠡᠢ᠃
ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠠᠵᠢᠯ᠎ᠤᠨ ᠬᠦᠴᠦᠯᠡᠬᠦ᠌ ᠴᠡᠭ᠎ᠢ ᠡᠵᠡᠮᠳᠡᠬᠦ᠌ ᠬᠡᠷᠡᠭ᠌ᠲᠡᠢ᠃ ᠢᠷᠡᠭᠡᠳᠦᠢ᠎ᠶ᠋ᠢᠨ ᠲᠠᠪᠤᠨ ᠵᠢᠯ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠡᠬᠢᠯᠡᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠲᠡᠶ ᠣᠷᠭᠠᠨᠢᠭ ᠢᠶᠠᠷ ᠤᠶᠠᠯᠳᠤᠭᠤᠯᠵᠤ᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠬᠤ ᠬᠡᠷᠡᠭ᠌ᠲᠡᠢ᠃ ᠨᠢᠭᠡ᠎ᠳᠦ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠤᠳᠤᠯᠭ᠎ᠠ᠂ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠤᠳᠤᠯᠭ᠎ᠠ᠂ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍ ᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠭ᠌ᠴᠢ ᠡᠨᠧᠷᠭᠢ ᠱᠢᠨ᠎ᠡ ᠳᠠᠪᠠᠭᠤᠯᠢᠭ᠎ᠢ ᠲᠠᠰᠤᠷᠠᠯᠳᠠ ᠦᠭᠡᠢ ᠪᠤᠢ ᠪᠣᠯᠭᠠᠨ᠎ᠠ᠃ ᠬᠣᠶᠠᠷ᠎ᠲᠤ᠂ ᠡᠬᠢ ᠪᠠᠶᠠᠯᠢᠭ᠎ᠢ ᠲᠤᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠦᠨ ᠱᠢᠢᠳᠪᠦᠷᠢᠯᠡᠭ᠌ᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢ᠌ᠨ ᠪᠠᠳᠠᠷᠠᠭᠤᠯᠵᠤ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠮᠵᠢ᠎ᠶ᠋ᠢ ᠪᠠᠢᠭᠤᠯᠤᠨ᠎ᠠ᠃ ᠭᠤᠷᠪᠠ᠎ᠳᠤ᠂ ᠠᠵᠤ ᠠᠬᠤᠶ᠎ᠶ᠋ᠢ ᠬᠥᠭ᠌ᠵᠢᠭᠦᠯᠬᠦ᠌ ᠬᠦᠴᠦᠯᠡᠬᠦ᠌ ᠴᠡᠭ᠎ᠢ ᠪᠣᠳᠠᠲᠤ ᠴᠣᠭ᠍ᠴᠠ᠎ᠶ᠋ᠢᠨ ᠠᠵᠤ ᠠᠬᠤᠶ ᠳᠡᠭᠡᠷ᠎ᠡ ᠲᠠᠯᠪᠢᠬᠤ᠎ᠶ᠋ᠢ ᠪᠠᠷᠢᠮᠲᠠᠯᠠᠵᠤ᠂ ᠱᠢᠨ᠎ᠡ ᠬᠡᠯᠪᠡᠷᠢ᠎ᠶ᠋ᠢᠨ ᠠᠵᠤ ᠦᠶ᠋ᠯᠡᠳᠪᠦᠷᠢᠵᠢᠯᠲᠡᠶ᠋ᠢ ᠠᠬᠢᠭᠤᠯᠵᠤ᠂ ᠦᠶ᠋ᠯᠡᠳᠬᠦ᠌ ᠦᠶ᠋ᠯᠡᠰ᠎ᠦᠨ ᠬᠦᠴᠦᠷᠬᠡᠭ ᠤᠯᠤᠰ᠂ ᠶᠠᠰᠤ ᠴᠢᠨᠠᠷ᠎ᠤᠨ ᠬᠦᠴᠦᠷᠬᠡᠭ ᠤᠯᠤᠰ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ ᠂ ᠵᠠᠮ ᠬᠠᠷᠢᠯᠴᠠᠭᠠᠨ᠎ᠤ ᠬᠦᠴᠦᠷᠬᠡᠭ ᠤᠯᠤᠰ᠂ ᠰᠦᠯᠵᠢᠶᠡᠨ᠎ᠦ ᠬᠦᠴᠦᠷᠬᠡᠭ ᠤᠯᠤᠰ᠂ ᠲᠤᠭᠠᠴᠢᠯᠠᠭᠰᠠᠨ ᠳᠤᠮᠳᠠᠳᠤ ᠤᠯᠤᠰ᠎ᠢ ᠲᠦᠷᠭᠡᠳᠭᠡᠨ ᠪᠠᠢᠭᠤᠯᠵᠤ᠂ ᠤᠳᠤᠬᠢᠴᠢᠯᠠᠭᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠤᠨ᠎ᠠ᠃ ᠲᠦᠷᠪᠡ᠎ᠳᠦ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠬᠥᠳᠡᠭᠡ ᠠᠵᠤ ᠠᠬᠤᠢ᠎ᠶ᠋ᠢᠨ ᠬᠦᠴᠦᠷᠬᠡᠭ ᠤᠯᠤᠰ᠎ᠢ ᠲᠦᠷᠭᠡᠳᠭᠡᠨ ᠪᠠᠢᠭᠤᠯᠵᠤ᠂ ᠠᠮᠤ ᠪᠤᠳᠠᠭᠠᠨ᠎ᠤ ᠠᠮᠤᠷ ᠲᠦᠪᠱᠢᠨ᠎ᠦ ᠰᠠᠭᠤᠷᠢ᠎ᠶ᠋ᠢ ᠪᠦᠬᠦ᠌ ᠲᠠᠯ᠎ᠠ᠎ᠪᠠᠷ ᠪᠡᠬᠢᠵᠢᠭᠦᠯᠵᠦ᠍᠂ ᠬᠥᠳᠡᠭᠡ ᠲᠣᠰᠭᠣᠨ᠎ᠤ ᠤᠨᠴᠠᠯᠢᠬ᠍ᠳᠤ ᠠᠵᠤ ᠦᠢᠯᠡᠰ᠎ᠢ ᠬᠥᠭ᠌ᠵᠢᠭᠦᠯᠵᠦ᠍ ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ᠃ ᠲᠠᠪᠤ᠎ᠳᠤ᠂ ᠣᠷᠣᠨ ᠪᠦᠰᠡ᠎ᠶ᠋ᠢ ᠵᠣᠬᠢᠴᠠᠩᠭᠤᠢ ᠬᠥᠭ᠌ᠵᠢᠭᠦᠯᠬᠦ᠌ ᠪᠠᠢᠯᠳᠤᠬᠤ ᠪᠤᠳᠤᠯᠭ᠎ᠠ᠂ ᠣᠷᠣᠨ ᠪᠦᠰᠡ᠎ᠶ᠋ᠢᠨ ᠴᠢᠬᠤᠯᠠ ᠶᠡᠬᠡ ᠪᠠᠢᠯᠳᠤᠬᠤ ᠪᠤᠳᠤᠯᠭ᠎ᠠ᠂ ᠭᠣᠣᠯ ᠴᠣᠭ᠍ᠴᠠ᠎ᠶ᠋ᠢᠨ ᠴᠢᠳᠠᠮᠵᠢᠳᠤ ᠣᠷᠣᠨ᠎ᠤ ᠪᠠᠢᠯᠳᠤᠬᠤ ᠪᠤᠳᠤᠯᠭ᠎ᠠ᠂ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ ᠵᠢᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠴᠢᠬᠤᠯᠠ ᠶᠡᠬᠡ ᠦᠢᠯᠡᠳᠪᠦᠷᠢᠯᠡᠯ᠎ᠦᠨ ᠬᠦᠴᠦᠨ᠎ᠦ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠭ᠌ᠰᠡᠨ ᠴᠢᠨᠠᠷ ᠰᠠᠢᠲᠠᠢ ᠬᠥᠭ᠌ᠵᠢᠯᠲᠡ᠎ᠶ᠋ᠢᠨ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠭᠤᠯᠤᠯᠲᠠ ᠪᠣᠯᠤᠨ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢᠨ ᠱᠢᠰᠲᠸᠮ᠎ᠢ ᠪᠠᠢᠭᠤᠯᠵᠤ᠂ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠤᠨ᠎ᠠ᠃ ᠵᠢᠷᠭᠤᠭ᠎ᠠ᠎ᠳᠤ᠂ ᠮᠠᠨ᠎ᠤ ᠤᠯᠤᠰ᠎ᠤᠨ ᠬᠡᠪᠴᠢᠶ᠎ᠡ ᠶᠡᠬᠡ ᠵᠠᠬ᠎ᠠ ᠳᠡᠯᠭᠡᠭᠦᠷ᠎ᠦᠨ ᠳᠠᠪᠠᠭᠤᠯᠢᠭ᠎ᠲᠤ ᠲᠦᠱᠢᠭ᠌ᠯᠡᠨ᠂ ᠪᠥᠬᠥ᠌ ᠪᠥᠮᠪᠥᠷᠴᠡᠭ᠎ᠦᠨ ᠠᠵᠤ ᠦᠶ᠋ᠯᠡᠰ᠎ᠦᠨ ᠠᠵᠢᠯ᠎ᠤᠨ ᠬᠤᠪᠢᠶᠠᠷᠢᠯᠠᠯ ᠪᠠ ᠬᠠᠮᠲᠤᠷᠠᠯᠴᠠᠭ᠎ᠠ᠎ᠳᠤ ᠭᠦᠨᠵᠡᠭᠡᠶ ᠣᠷᠣᠯᠴᠠᠵᠤ᠂ ᠠᠷᠠᠯᠵᠢᠶᠠᠨ᠎ᠤ ᠪᠠᠯᠠ ᠣᠷᠣᠭᠤᠯᠤᠯᠲᠠ᠎ᠶ᠋ᠢᠨ ᠬᠠᠮᠲᠤᠷᠠᠯᠴᠠᠭᠠᠨ᠎ᠤ ᠴᠢᠨᠠᠷ ᠪᠠ ᠲᠦᠪᠱᠢᠨ᠎ᠢ ᠳᠡᠭᠡᠭ᠌ᠰᠢᠯᠡᠭᠦᠯᠵᠦ᠍᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠠᠬᠢᠭᠤᠯᠤᠨ᠎ᠠ᠃ ᠳᠣᠯᠣᠭ᠎ᠠ᠎ᠳᠤ᠂ ᠠᠷᠭ᠎ᠠ ᠬᠡᠯᠪᠡᠷᠢ᠎ᠪᠡᠨ ᠪᠣᠬᠢᠷᠲᠤᠯ ᠥᠬᠡᠶ ᠲᠡᠢᠰᠢ ᠬᠤᠪᠢᠷᠠᠭᠤᠯᠬᠤ᠎ᠶ᠋ᠢ ᠲᠦᠷᠭᠡᠳᠭᠡᠨ ᠬᠥᠭ᠌ᠵᠢᠭᠦᠯᠵᠦ᠍᠂ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠭᠦᠨᠵᠡᠭᠡᠶ ᠠᠬᠢᠭᠤᠯᠵᠤ᠂ ᠠᠮᠢ ᠠᠬᠤᠶ᠎ᠶ᠋ᠢᠨ ᠱᠢᠰᠲ᠋ᠧᠮ᠎ᠦᠨ ᠣᠯᠠᠨ ᠶᠠᠩᠵᠤᠲᠤ ᠴᠢᠨᠠᠷ᠂ ᠲᠣᠭ᠍ᠲᠠᠪᠤᠷᠢᠲᠤ ᠴᠢᠨᠠᠷ᠂ ᠦᠷᠭᠦᠯᠵᠢᠯᠡᠬᠦ᠌ ᠴᠢᠨᠠᠷ᠎ᠢ ᠳᠡᠭᠡᠭ᠌ᠰᠢᠯᠡᠭᠦᠯᠵᠦ᠍᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ᠎ᠳᠦ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ᠎ᠶ᠋ᠢ ᠢᠳᠡᠪᠬᠢᠲᠡᠶ ᠪᠥᠭᠡᠳ ᠯᠠᠪᠳᠠᠭᠤᠨ᠎ᠢᠶᠠᠷ ᠠᠬᠢᠭᠤᠯᠵᠤ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠩᠭᠤᠶ᠎ᠪᠠᠷ ᠬᠠᠮᠲᠤ ᠣᠷᠣᠱᠢᠬᠤ᠎ᠶ᠋ᠢ ᠠᠬᠢᠭᠤᠯᠤᠨ᠎ᠠ᠃ ᠨᠠᠶ᠋ᠮᠠ᠎ᠳᠦ᠂ ᠬᠤᠪᠢᠶᠠᠷᠢᠯᠠᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃
ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠨ ᠠᠭᠤᠰᠤᠯᠴᠠᠬᠤ ᠪᠠᠷ ᠬᠦᠴᠦᠯᠡᠵᠦ᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠠᠰᠤᠷᠠᠯᠳᠠ ᠦᠭᠡᠢ ᠨᠡᠩ ᠶᠡᠬᠡ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠎ᠠ᠃ ᠣᠳᠣᠬᠠᠨ᠎ᠦ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠣᠳᠣᠬᠢᠴᠢᠯᠠᠯᠲᠠ᠎ᠶ᠋ᠢ ᠠᠬᠢᠭᠤᠯᠬᠤ᠎ᠳᠤ᠂ ᠬᠠᠮᠣᠭ᠎ᠤᠨ ᠴᠢᠬᠤᠯᠠ ᠨᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠵᠢᠭᠦᠯᠬᠦ᠌ ᠳᠤᠮᠳᠠ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠴᠢᠷᠮᠠᠢᠨ ᠪᠡᠶᠡᠯᠡᠭᠦᠯᠵᠦ᠍᠂ ᠤᠬᠠᠮᠰᠠᠷ᠎ᠠᠴᠠ᠎ᠪᠠᠨ ᠡᠯ᠎ᠡ ᠵᠦᠶ᠋ᠯ᠎ᠦᠨ ᠠᠵᠢᠯ᠎ᠢ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ ᠳᠤᠮᠳᠠ ᠲᠥᠯᠥᠪᠵᠢᠭᠦᠯᠦᠨ ᠠᠬᠢᠭᠤᠯᠵᠤ᠂ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠶᠡᠬᠡ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠬᠦ᠌᠎ᠪᠡᠷ ᠴᠢᠷᠮᠠᠢᠬᠤ ᠬᠡᠷᠡᠭ᠌ᠲᠡᠶ᠃
ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠬᠡᠮᠵᠢᠶ᠎ᠠ ᠵᠢᠨ ᠵᠣᠬᠢᠰᠲᠠᠶ ᠨᠡᠮᠡᠭ᠌ᠳᠡᠯ᠎ᠢ ᠠᠬᠢᠭᠤᠯᠤᠨ᠎ᠠ᠃ ᠤᠯᠤᠰ᠎ᠤᠨ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ 《ᠲᠠᠪᠤ᠎ᠶ᠋ᠢ ᠲᠤᠢᠯᠪᠤᠷᠢᠳᠠᠢ ᠪᠠᠢᠴᠠᠭᠠᠬᠤ》 ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠪᠣᠬᠢᠷᠲᠤᠯ ᠥᠬᠡᠶ ᠳᠠᠪᠠᠭᠤᠯᠢᠭ ᠣᠲᠣ ᠦᠶ᠎ᠡ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠤ ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠣᠯᠠᠨ ᠲᠥᠪ᠎ᠢᠶᠡᠷ ᠳᠠᠢᠴᠢᠯᠠᠵᠤ᠂ ᠣᠯᠠᠨ ᠲᠠᠰ ᠳᠠᠪᠬᠤᠷᠭ᠎ᠠ᠎ᠪᠠᠷ ᠬᠣᠯᠪᠣᠭᠠᠯᠠᠨ ᠬᠥᠳᠡᠯᠦᠯᠴᠡᠵᠤ᠂ ᠣᠯᠠᠨ ᠭᠣᠭ᠍ᠴᠣᠭ᠎ᠠ᠎ᠪᠠᠷ ᠬᠤᠷᠱᠢᠯᠴᠠᠭ᠍ᠰᠠᠨ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠪᠠᠢᠷᠢᠱᠢᠯ᠎ᠢ ᠲᠦᠷᠭᠡᠳᠭᠡᠨ ᠪᠦᠷᠢᠯᠳᠦᠭᠦᠯᠵᠦ᠍᠂ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠥᠮᠴᠢᠯᠡᠯ᠎ᠦᠨ ᠡᠷᠬᠡ᠎ᠶ᠋ᠢᠨ ᠲᠦᠷᠢᠮ᠎ᠦᠨ ᠥᠭᠡᠷᠡᠴᠢᠯᠡᠯᠲᠡ ᠪᠣᠯᠤᠨ ᠴᠢᠬᠤᠯᠠ ᠡᠯᠧᠮᠧᠨ᠋ᠲ᠎ᠦᠨ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 《ᠨᠢᠭᠡ ᠪᠦᠰᠡ ᠨᠢᠭᠡ ᠵᠠᠮ》 ᠢ ᠬᠠᠮᠲᠤ᠎ᠪᠠᠷ ᠪᠥᠲᠥᠭᠡᠨ ᠪᠠᠢᠭᠤᠯᠬᠤ᠎ᠳᠤ ᠭᠦᠨᠵᠡᠭᠡᠶ ᠠᠭᠤᠰᠤᠯᠴᠠᠵᠤ᠂ ᠬᠥᠭ᠌ᠵᠢᠯᠲᠡ᠎ᠶ᠋ᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠠ᠃
ᠲᠠᠪᠤᠨ ᠶᠡᠬᠡ ᠡᠭᠦᠷᠭᠡ᠎ᠶ᠋ᠢ ᠪᠡᠶᠡᠯᠡᠭᠦᠯᠵᠦ᠍ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠬᠤ ᠳᠤᠮᠳᠠ ᠱᠢᠨ᠎ᠡ ᠡᠭᠦᠷᠭᠡᠯᠡᠯ᠂ ᠱᠢᠨ᠎ᠡ ᠵᠢᠳᠬᠦᠯ ᠴᠢᠷᠮᠠᠢᠯᠭ᠎ᠠ᠎ᠪᠠᠨ ᠢᠯᠡᠷᠡᠭᠦᠯᠬᠦ᠌ ᠬᠡᠷᠡᠭ᠌ᠲᠡᠶ᠃ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ᠎ᠶ᠋ᠢ ᠢᠮᠠᠭ᠍ᠲᠠ ᠳᠡᠢᠯᠦᠩᠭᠦᠢ ᠪᠠᠢᠷᠢᠨ᠎ᠳᠤ ᠲᠠᠯᠪᠢᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠠᠷᠪᠢᠯᠠᠨ ᠡᠷᠴᠢᠮᠵᠢᠭᠦᠯᠬᠦ᠌᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠬᠥᠭ᠌ᠵᠢᠯᠲᠡ᠎ᠶ᠋ᠢ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠪᠡᠬᠢ ᠴᠣᠭ᠍ᠴᠠᠯᠠᠬᠤ ᠬᠡᠷᠡᠭ᠌ᠲᠡᠢ; ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠨᠠᠩ ᠥᠨᠳᠥᠷ ᠲᠦᠪᠱᠢᠨ ᠪᠥᠬᠥᠶ ᠠᠮᠤᠷ ᠠᠮᠤᠭᠤᠯᠠᠩ ᠥᠪᠥᠷ ᠮᠣᠩᠭᠣᠯ᠎ᠢ ᠪᠥᠲᠥᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠡᠨ ᠪᠣᠳᠠᠲᠠᠶ᠎ᠪᠠᠷ ᠪᠠᠲᠤ ᠴᠣᠭ᠍ᠴᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠡᠪᠳᠡᠷᠡᠰᠢ ᠥᠬᠡᠶ ᠪᠠᠲᠤ ᠪᠠᠬᠢ ᠴᠣᠭ᠍ᠴᠠᠯᠠᠨ᠎ᠠ; ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠵᠦ᠍᠂ ᠠᠮᠢ ᠠᠬᠤᠶ᠎ᠶ᠋ᠢᠨ ᠮᠠᠯ ᠠᠵᠤ ᠠᠬᠤᠶ ᠲᠠᠷᠢᠶᠠᠯᠠᠩ᠎ᠢ ᠶᠡᠬᠡᠪᠡᠷ ᠬᠥᠭ᠌ᠵᠢᠭᠦᠯᠵᠦ᠍᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠶ᠋ᠯᠡᠰ᠎ᠦᠨ ᠠᠮᠤᠷ ᠲᠦᠪᠱᠢᠨ᠎ᠢ ᠪᠠᠲᠤᠯᠠᠵᠤ᠂ ᠤᠯᠤᠰ᠎ᠲᠤ ᠨᠠᠩ ᠲᠣᠭ᠍ᠲᠠᠭᠤᠨ᠂ ᠨᠠᠩ ᠠᠮᠤᠷ ᠲᠦᠪᠱᠢᠨ᠂ ᠨᠠᠩ ᠣᠯᠠᠨ ᠪᠣᠬᠢᠷᠲᠤᠯ ᠥᠬᠡᠶ ᠡᠨᠧᠷᠭᠢ᠎ᠶ᠋ᠢᠨ ᠬᠠᠩᠭᠠᠯᠭ᠎ᠠ ᠪᠣᠯᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠬᠠᠩᠭᠠᠵᠤ᠂ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠡᠷᠴᠢᠮᠲᠡᠶ ᠪᠥᠲᠥᠭᠡᠨ ᠪᠠᠢᠭᠤᠯᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠲᠣᠭ᠎ᠠ ᠬᠡᠮᠵᠢᠶ᠎ᠡ᠎ᠪᠡᠷ ᠶᠡᠬᠡ ᠴᠢᠨᠠᠷ ᠰᠠᠢᠲᠠᠶ ᠪᠥᠲᠥᠭᠡᠨ ᠪᠠᠢᠭᠤᠯᠤᠨ᠎ᠠ; ᠭᠠᠳᠠᠭᠠᠳᠤ ᠨᠡᠭᠡᠭᠡᠯᠲᠡ᠎ᠶ᠋ᠢ 《 ᠨᠢᠭᠡ ᠪᠦᠰᠡ ᠨᠢᠭᠡ ᠵᠠᠮ》 ᠳᠠᠭᠠᠤ᠎ᠶ᠋ᠢᠨ ᠤᠯᠤᠰ ᠣᠷᠣᠨ ᠲᠠᠢᠰᠢ ᠤᠷᠲᠤᠳᠭᠠᠬᠤ᠎ᠶ᠋ᠢ ᠢᠳᠡᠪᠬᠢᠲᠡᠶ ᠠᠬᠢᠭᠤᠯᠵᠤ᠂ ᠣᠷᠣᠨ ᠪᠦᠰᠡ᠎ᠶ᠋ᠢᠨ ᠬᠠᠮᠲᠤᠷᠠᠯᠴᠠᠭ᠎ᠠ ᠪᠠ ᠰᠣᠯᠢᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠳᠣᠲᠣᠭᠠᠳᠤ ᠭᠠᠳᠠᠭᠠᠳᠤ᠎ᠶ᠋ᠢ ᠬᠣᠯᠪᠣᠵᠤ᠂ ᠡᠷᠬᠢᠨ ᠲᠣᠭᠣᠷᠢᠨ᠎ᠢ ᠨᠥᠯᠥᠭᠡᠯᠡᠵᠤ᠂ ᠡᠬᠢ ᠪᠠᠶᠠᠯᠢᠭ᠎ᠢ ᠲᠥᠪᠯᠡᠷᠡᠭᠦᠯᠤᠨ ᠲᠠᠷᠬᠠᠭᠠᠵᠤ᠂ ᠴᠢᠬᠤᠯᠠ ᠬᠦᠴᠦᠨ ᠵᠦᠶ᠋ᠯ᠎ᠢ ᠠᠭᠤᠰᠤᠯᠴᠠᠭᠤᠯᠤᠨ ᠨᠡᠪᠲᠡᠷᠡᠯᠴᠡᠭᠦᠯᠦᠭ᠌ᠰᠡᠨ ᠪᠥᠬᠥ᠌ ᠣᠷᠣᠨ ᠪᠦᠰᠡ᠎ᠶ᠋ᠢᠨ ᠨᠡᠭᠡᠭᠡᠯᠲᠡ᠎ᠶ᠋ᠢᠨ ᠲᠠᠪᠴᠠᠩ᠎ᠢ ᠲᠦᠷᠭᠡᠳᠭᠡᠨ ᠪᠠᠢᠭᠤᠯᠬᠤ ᠬᠡᠷᠡᠭᠳᠡᠢ᠃
( ᠵᠣᠬᠢᠶᠠᠭ᠍ᠴᠢ᠄ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠠᠵᠤ ᠠᠬᠤᠢ᠎ᠶ᠋ᠢᠨ ᠤᠬᠠᠭᠠᠨ᠎ᠤ ᠵᠢᠭᠠᠬᠣ ᠵᠢ ᠰᠣᠳᠣᠯᠬᠣ ᠬᠡᠯᠲᠡᠰ ᠂ ᠭᠦᠨ ᠤᠬᠠᠭᠠᠨ᠎ᠤ ᠵᠢᠭᠠᠬᠣ ᠵᠢ ᠰᠤᠳᠤᠯᠬᠤ ᠬᠡᠯᠲᠡᠰ᠎ᠦᠨ ᠫᠷᠤᠹᠸᠰᠰᠤᠷ )