2 ᠰᠠᠷ᠎ᠠ᠎ᠶᠢᠨ 9᠎ᠦ ᠡᠳᠦᠷ᠂ ᠲᠥᠷᠥ᠍᠎ᠶᠢᠨ ᠶᠠᠪᠤᠳᠠᠯ᠎ᠤᠨ
ᠬᠣᠷᠢᠶᠠᠨ᠎ᠤ ᠬᠤᠯᠪᠤᠭᠠᠯᠠᠨ ᠰᠡᠷᠭᠡᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠢᠲᠡᠯᠡᠬᠦ
ᠬᠤᠷᠠᠯ ᠬᠢᠪᠡ᠃
ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ
ᠰᠣᠨᠢᠨ ᠮᠡᠳᠡᠭᠡᠨ᠎ᠦ ᠥᠭᠦᠯᠡᠭᠴᠢ ᠮᠢ ᠹᠧᠩ ᠲᠠᠨᠢᠯᠴᠠᠭᠤᠯᠬᠤ᠎ᠳᠠᠭᠠᠨ᠄ ᠣᠢᠷ᠎ᠠ᠎ᠶᠢᠨ ᠬᠤᠭᠤᠴᠠᠭᠠᠨ᠎ᠳᠤ᠂ ᠪᠥᠬᠥ
ᠤᠯᠤᠰ᠎ᠤᠨ ᠬᠢᠵᠢᠭ᠎ᠦᠨ ᠪᠠᠢᠳᠠᠯ ᠶᠡᠷᠦᠩᠬᠡᠢ᠎ᠳᠡᠭᠡᠨ ᠨᠠᠮᠳᠠᠬᠤ ᠬᠠᠨᠳᠤᠰᠢ ᠲᠠᠢ᠃ ᠣᠳᠣᠬᠠᠨ᠎ᠳᠤ ᠬᠢᠨᠠᠨ ᠬᠡᠮᠵᠢᠯᠲᠡ᠎ᠳᠦ
ᠸᠢᠷᠦ᠋ᠰ᠎ᠦᠨ ᠲᠠᠷᠬᠠᠬᠤ ᠴᠢᠳᠠᠪᠤᠷᠢ᠂ ᠡᠭᠡᠯᠢᠯᠡᠭᠡ᠎ᠡᠴᠡ ᠵᠢᠭᠤᠲᠠᠬᠤ ᠴᠢᠳᠠᠪᠤᠷᠢ ᠪᠠ ᠡᠪᠡᠳᠴᠢᠯᠡᠭᠦᠯᠬᠦ ᠴᠢᠳᠠᠪᠤᠷᠢ
ᠢᠯᠡᠳᠲᠡ ᠴᠢᠩᠭᠠᠷᠠᠭᠰᠠᠨ ᠪᠠᠢᠳᠠᠯ ᠦᠭᠡᠢ᠃
ᠣᠳᠣᠬᠠᠨ᠎ᠳᠤ ᠡᠯ᠎ᠡ ᠭᠠᠵᠠᠷ᠎ᠤᠨ ᠳᠤᠮᠳᠠᠳᠤ ᠪᠠᠭ᠎ᠠ ᠰᠤᠷᠭᠠᠭᠤᠯᠢ
ᠨᠤᠭᠤᠳ ᠰᠤᠷᠤᠯᠭ᠎ᠠ ᠡᠬᠢᠯᠡᠵᠦ᠂ ᠬᠠᠪᠤᠷ᠎ᠤᠨ ᠲᠠᠷᠢᠶᠠᠯᠠᠭᠠᠴᠤ
ᠡᠬᠢᠯᠡᠯ᠎ᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠡᠴᠦᠰ ᠲᠦ᠍ᠨᠢ ᠲᠤᠯᠲᠠᠯ᠎ᠠ ᠬᠢᠴᠢᠶᠡᠨ
ᠰᠠᠢᠲᠤᠷ ᠠᠳᠬᠤᠵᠤ᠂ ᠨᠠᠰᠤᠲᠠᠢᠴᠤᠳ ᠵᠡᠷᠭᠡ ᠭᠣᠣᠯᠳᠠᠯᠭ᠎ᠠ᠎ᠲᠠᠢ ᠬᠥᠮᠥᠰ᠎ᠦᠨ ᠡᠷᠡᠭᠦᠯ ᠮᠡᠨᠳᠦ᠎ᠶᠢᠨ ᠦᠢᠯᠡᠴᠢᠯᠡᠭᠡ᠎ᠶᠢ
ᠦᠷᠭᠦᠯᠵᠢᠯᠡᠨ ᠰᠠᠢᠲᠤᠷ ᠬᠢᠵᠦ᠂ ᠬᠥᠳᠡᠭᠡ ᠲᠣᠰᠬᠣᠨ᠎ᠤ ᠡᠳ᠋ ᠪᠣᠳᠠᠰ᠎ᠤᠨ ᠪᠠᠲᠤᠯᠠᠭ᠎ᠠ᠎ᠶᠢ ᠴᠢᠩᠭᠠᠳᠬᠠᠵᠤ᠂ ᠬᠤᠳᠠ
ᠬᠥᠳᠡᠭᠡ᠎ᠶᠢᠨ ᠨᠡᠢᠭᠡᠮ ᠲᠣᠭᠣᠷᠢᠭ᠋ ᠰᠢᠶᠠᠩ ᠪᠠᠯᠭᠠᠰᠤᠨ᠎ᠤ ᠲᠣᠣᠷᠵᠢᠭᠤᠯᠤᠭᠰᠠᠨ ᠬᠠᠮᠢᠶᠠᠷᠤᠯᠲᠠ᠎ᠶᠢ ᠪᠠᠷᠢᠮᠲᠠᠯᠠᠵᠤ᠂
ᠠᠶᠤᠯ ᠲᠦᠭᠰᠢᠭᠦᠷᠢ᠎ᠲᠠᠢ ᠬᠥᠮᠥᠰ᠎ᠢ ᠴᠠᠭ ᠲᠤᠬᠠᠢ ᠳ᠋ᠤᠨᠢ ᠣᠯᠵᠤ ᠮᠡᠳᠡᠬᠦ᠂ ᠠᠪᠤᠷᠠᠨ ᠵᠠᠰᠠᠬᠤ ᠪᠠ ᠰᠢᠯᠵᠢᠭᠦᠯᠦᠨ
ᠡᠮᠨᠡᠭᠦᠯᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃
ᠬᠤᠳᠠᠯᠳᠤᠭᠠᠨ᠎ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ᠎ᠤᠨ
ᠠᠷᠠᠯᠵᠢᠶᠠᠨ᠎ᠤ ᠵᠠᠬ᠎ᠠ ᠳᠡᠯᠭᠡᠭᠦᠷ ᠵᠡᠷᠭᠡ ᠭᠣᠣᠯᠳᠠᠯᠭ᠎ᠠ᠎ᠲᠠᠢ ᠲᠠᠯᠠᠪᠤᠷ ᠭᠠᠵᠠᠷ᠎ᠤᠨ ᠬᠢᠵᠢᠭ᠎ᠦᠨ ᠪᠠᠢᠳᠠᠯ᠎ᠢ
ᠰᠡᠷᠭᠡᠢᠯᠡᠨ ᠡᠵᠡᠮᠳᠡᠬᠦ᠎ᠶᠢ ᠴᠢᠬᠤᠯᠠᠴᠢᠯᠠᠵᠤ᠂ ᠨᠠᠰᠤᠲᠠᠨ᠎ᠢ ᠠᠰᠠᠷᠠᠬᠤ ᠬᠦᠷᠢᠶᠡᠯᠡᠩ᠂ ᠬᠡᠦᠬᠡᠳ᠎ᠦᠨ ᠠᠰᠠᠷᠠᠮᠵᠢ᠎ᠶᠢᠨ
ᠬᠦᠷᠢᠶᠡᠯᠡᠩ᠂ ᠬᠡᠦᠬᠡᠳ᠎ᠦᠨ ᠴᠡᠴᠡᠷᠯᠢᠭ ᠪᠣᠯᠣᠨ ᠰᠤᠷᠭᠠᠭᠤᠯᠢ ᠵᠡᠷᠭᠡ ᠭᠣᠣᠯᠳᠠᠯᠭ᠎ᠠ᠎ᠲᠠᠢ ᠪᠠᠢᠭᠤᠯᠤᠮᠵᠢ᠎ᠶᠢᠨ
ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠦᠷᠭᠦᠯᠵᠢᠯᠡᠨ ᠪᠠᠷᠢᠮᠲᠠᠯᠠᠵᠤ᠂ ᠬᠠᠮᠢᠶ᠎ᠠ ᠪᠦᠬᠦᠢ ᠬᠥᠮᠥᠰ᠎ᠦᠨ
ᠡᠷᠡᠭᠦᠯ ᠮᠡᠨᠳᠦ᠎ᠶᠢᠨ ᠬᠢᠨᠠᠨ ᠬᠡᠮᠵᠢᠯᠲᠡ᠎ᠶᠢ ᠰᠠᠢᠲᠤᠷ ᠬᠢᠵᠦ᠂ ᠠᠵᠢᠯᠯᠠᠵᠤ ᠪᠠᠢᠭ᠎ᠠ ᠬᠥᠮᠥᠰ᠎ᠦᠨ ᠬᠤᠪᠢ ᠬᠥᠮᠥᠨ᠎ᠦ
ᠬᠠᠮᠠᠭᠠᠯᠠᠯᠲᠠ᠎ᠶᠢ ᠴᠢᠩᠭᠠᠳᠬᠠᠬᠤ ᠬᠡᠷᠡᠭᠲᠡᠢ ᠃
ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ
ᠲᠥᠪ᠎ᠦᠨ ᠲᠠᠬᠤᠯ ᠡᠪᠡᠳᠴᠢᠨ᠎ᠦ ᠰᠤᠳᠤᠯᠤᠯ᠎ᠤᠨ ᠲᠡᠷᠢᠭᠦᠯᠡᠬᠦ ᠲᠤᠰᠬᠠᠢ ᠮᠡᠷᠭᠡᠵᠢᠯᠲᠡᠨ ᠦ᠋ ᠽᠦᠨ ᠶᠢᠤ ᠵᠢᠨ ᠲᠠᠨᠢᠯᠴᠠᠭᠤᠯᠤᠭᠰᠠᠨ᠎ᠢᠶᠠᠷ᠂
ᠮᠠᠨ᠎ᠤ ᠤᠯᠤᠰ ᠰᠠᠶᠢᠬᠠᠨ ᠨᠢᠭᠡ ᠤᠳᠠᠭᠠᠨ᠎ᠤ ᠪᠥᠬᠥ ᠤᠯᠤᠰ᠎ᠤᠨ ᠴᠢᠨᠠᠷᠲᠠᠢ ᠰᠢᠨ᠎ᠡ ᠲᠢᠲᠢᠮᠯᠢᠭ ᠸᠢᠷᠦ᠋ᠰ᠎ᠦᠨ
ᠬᠠᠯᠳᠠᠪᠤᠷᠢᠯᠠᠯ᠎ᠢ ᠥᠩᠭᠡᠷᠡᠭᠦᠯᠵᠦ ᠂ ᠣᠯᠠᠩᠬᠢ ᠨᠢ ᠨᠢᠭᠡᠨᠲᠡ ᠡᠷᠡᠭᠦᠯᠵᠢᠵᠡᠢ᠃ ᠡᠨᠡ ᠬᠦ᠌ ᠬᠤᠭᠤᠴᠠᠭᠠᠨ᠎ᠳᠤ
ᠪᠥᠬᠥ ᠤᠯᠤᠰ᠎ᠤᠨ ᠬᠡᠪᠴᠢᠶᠡᠨ᠎ᠳᠦ ᠬᠥᠮᠥᠰ᠎ᠦᠨ ᠡᠭᠡᠯᠢᠯᠡᠭᠡ᠎ᠶᠢᠨ ᠬᠠᠮᠠᠭᠠᠯᠠᠬᠤ ᠴᠢᠳᠠᠪᠤᠷᠢ ᠨᠡᠯᠢᠶᠡᠳ ᠥᠨᠳᠥᠷ
᠂ ᠡᠢᠮᠦ᠎ᠡᠴᠡ ᠣᠢᠷ᠎ᠠ᠎ᠶᠢᠨ ᠬᠡᠳᠦᠨ ᠰᠠᠷ᠎ᠠ᠎ᠳᠤ ᠬᠢᠵᠢᠭ ᠳᠠᠬᠢᠨ ᠳᠡᠯᠬᠡᠷᠡᠬᠦ ᠪᠣᠯᠣᠮᠵᠢ ᠨᠡᠯᠢᠶᠡᠳ ᠪᠠᠭ᠎ᠠ᠂
ᠡᠭᠦᠨ᠎ᠡᠴᠡ ᠬᠣᠢᠰᠢ ᠡᠨᠡ ᠤᠳᠠᠭ᠎ᠠ ᠳᠠᠢ ᠠᠳᠠᠯᠢᠬᠠᠨ ᠶᠡᠬᠡ ᠬᠡᠪᠴᠢᠶ᠎ᠡ᠎ᠪᠡᠷ ᠳᠡᠯᠭᠡᠷᠡᠬᠦ ᠪᠣᠯᠣᠮᠵᠢ ᠨᠡᠯᠢᠶᠡᠳ
ᠪᠠᠭ᠎ᠠ᠃
ᠮᠠᠨ᠎ᠤ ᠤᠯᠤᠰ᠎ᠤᠨ ᠰᠡᠷᠭᠡᠢᠯᠡᠨ ᠡᠵᠡᠮᠳᠡᠬᠦ ᠲᠦᠷᠦ ᠵᠢᠨ ᠪᠣᠳᠣᠯᠭ᠎ᠠ
ᠬᠢᠬᠡᠳ ᠠᠷᠭ᠎ᠠ ᠬᠡᠮᠵᠢᠶ᠎ᠡ ᠰᠢᠯᠢᠳᠡᠭᠵᠢᠭᠦ᠎ᠶᠢ ᠳᠠᠭᠠᠯᠳᠤᠨ᠂ ᠢᠷᠡᠭᠡᠳᠦᠢ᠎ᠳᠦ ᠬᠡᠰᠡᠭ ᠭᠠᠵᠠᠷ ᠣᠷᠣᠨ᠎ᠤ ᠬᠡᠰᠡᠭ
ᠬᠥᠮᠥᠰ᠎ᠲᠦ ᠬᠡᠰᠡᠭ ᠬᠤᠭᠤᠴᠠᠭᠠᠨ᠎ᠳᠤ ᠬᠢᠵᠢᠭ
ᠬᠠᠯᠳᠠᠪᠤᠷᠢᠯᠠᠬᠤ ᠪᠤᠯᠤᠮᠵᠢ ᠲᠠᠢ ᠃
ᠳᠤᠮᠳᠠᠳᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ
ᠲᠥᠪ᠎ᠦᠨ ᠸᠢᠷᠦ᠋ᠰ᠎ᠦᠨ ᠡᠪᠡᠳᠴᠢᠨ᠎ᠦ ᠰᠤᠳᠤᠯᠭᠠᠨ᠎ᠤ ᠭᠠᠵᠠᠷ᠎ᠤᠨ ᠰᠤᠳᠤᠯᠤᠭ᠍ᠴᠢ ᠴᠧᠨ ᠼᠤᠤ᠎ᠶᠢᠨ ᠲᠠᠨᠢᠯᠴᠠᠭᠤᠯᠤᠭᠰᠠᠨ᠎ᠢᠶᠠᠷ᠂
ᠮᠠᠨ᠎ᠤ ᠤᠯᠤᠰ᠎ᠤᠨ ᠬᠢᠨᠠᠨ ᠬᠡᠮᠵᠢᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠡᠨᠡ ᠵᠢᠯ᠎ᠦᠨ 1
ᠰᠠᠷ᠎ᠠ᠎ᠶᠢᠨ 1᠎ᠦ ᠡᠳᠦᠷ᠎ᠡᠴᠡ ᠨᠠᠭᠠᠰᠢ᠂ ᠪᠥᠬᠥ ᠤᠯᠤᠰ᠎ᠤᠨ ᠡᠯ᠎ᠡ ᠪᠣᠭᠣᠮᠲᠠ᠎ᠶᠢᠨ ᠬᠢᠯᠢ᠎ᠪᠡᠷ ᠣᠷᠣᠵᠤ ᠢᠷᠡᠭᠰᠡᠨ
ᠬᠥᠮᠥᠰ᠎ᠦᠨ ᠳᠣᠲᠣᠷ᠎ᠠ᠎ᠠᠴᠠ 39 ᠵᠦᠢᠯ᠎ᠦᠨ ᠤᠨᠳᠤᠤᠰᠢᠯ᠎ᠤᠨ ᠰᠠᠯᠪᠤᠷᠢ᠎ᠶᠢ ᠪᠠᠢᠴᠠᠭᠠᠨ ᠣᠯᠵᠤ᠂ ᠪᠦᠬᠦᠨ᠎ᠢᠶᠡᠷ᠎ᠢᠶᠡᠨ
ᠤᠮᠢᠺᠷᠤᠨᠤ ᠣᠨᠳᠣᠣᠰᠢᠯ ᠪᠠᠢᠵᠤ᠂ BA.5.2 ᠪᠠ BF.7 ᠵᠢᠴᠢ ᠲᠡᠭᠦᠨ᠎ᠦ ᠤᠨᠳᠤᠤᠰᠢᠯ᠎ᠤᠨ ᠰᠠᠯᠪᠤᠷᠢ ᠵᠢᠴᠢ ᠳᠡᠳ᠋ ᠰᠠᠯᠠᠭ᠎ᠠ᠎ᠪᠠᠷ ᠭᠣᠣᠯᠯᠠᠭᠰᠠᠨ
ᠪᠠᠢᠨ᠎ᠠ᠃ ᠣᠳᠣᠬᠠᠨ᠎ᠳᠤ ᠪᠢᠳᠡ ᠪᠠᠰᠠ ᠲᠠᠷᠬᠠᠬᠤ ᠴᠢᠳᠠᠪᠤᠷᠢ᠂ ᠡᠪᠡᠳᠴᠢᠯᠡᠭᠦᠯᠬᠦ ᠴᠢᠳᠠᠪᠤᠷᠢ᠂ ᠡᠭᠡᠯᠢᠯᠡᠭᠡ᠎ᠡᠴᠡ
ᠵᠢᠭᠤᠲᠠᠬᠤ ᠴᠢᠳᠠᠪᠤᠷᠢ ᠢᠯᠡᠳᠲᠡ ᠨᠡᠮᠡᠭᠳᠡᠭᠰᠡᠨ ᠰᠢᠨ᠎ᠡ ᠬᠡᠯᠪᠡᠷᠢ᠎ᠶᠢᠨ ᠣᠨᠳᠣᠣᠰᠢᠯ᠎ᠤᠨ ᠳᠡᠯᠭᠡᠷᠡᠯᠲᠡ᠎ᠶᠢ
ᠬᠢᠨᠠᠨ ᠬᠡᠮᠵᠢᠵᠦ ᠣᠯᠣᠭᠰᠠᠨ ᠦᠭᠡᠢ᠃
ᠢᠷᠡᠯᠳᠡ ᠄ ᠲᠦᠪ
ᠲᠸᠯᠸᠢᠰ᠎ᠤᠨ ᠰᠤᠨᠢᠨ ᠮᠡᠳᠡᠭᠡ