1 ᠰᠠᠷ᠎ᠠ᠎ᠶ᠋ᠢᠨ 8 ᠤ᠋ ᠡᠳᠦᠷ ᠮᠠᠨ᠎ᠤ ᠤᠯᠤᠰ 《ᠬᠥᠬᠡᠭ᠌ᠴᠢᠨ ᠲᠥᠷᠥᠯ᠎ᠦᠨ ᠬᠥᠬᠡᠭ᠌ᠴᠢᠨ ᠬᠠᠮᠢᠶᠠᠷᠤᠯᠲᠠ》 ᠶ᠋ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ᠌ ᠱᠠᠲᠤᠨ᠎ᠳᠤ ᠲᠣᠭ᠍ᠲᠠᠭᠤᠨ᠎ᠢᠶᠠᠷ ᠤᠷᠤᠭ᠍ᠰᠠᠨ᠎ᠡᠴᠡ ᠨᠠᠭᠠᠰᠢ᠂ 2 ᠰᠠᠷ᠎ᠠ᠎ᠶ᠋ᠢᠨ 26 ᠤ᠋ ᠡᠳᠦᠷ ᠪᠣᠯᠲᠠᠯ᠎ᠠ᠂ ᠪᠣᠭᠣᠮᠲᠠ᠎ᠶ᠋ᠢᠨ ᠶᠡᠷᠦᠩᠬᠡᠶ ᠵᠠᠬᠢᠷᠭ᠎ᠠ᠎ᠨᠢ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ᠎ᠲᠡᠶ ᠬᠠᠮᠲᠤᠷᠠᠨ ᠬᠢᠯᠢ᠎ᠶ᠋ᠢᠨ ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠭ᠌ᠰᠡᠨ ᠱᠢᠨ᠎ᠡ ᠲᠢᠲᠢᠮᠯᠢᠭ ᠸᠢᠷᠦ᠋ᠰ᠎ᠦᠨ 30 ᠵᠦᠶ᠋ᠯ᠎ᠤᠨ ᠤᠨᠳᠤᠤᠱᠢᠭ᠍ᠰᠠᠨ ᠸᠢᠷᠦ᠋ᠰ᠎ᠢ ᠪᠠᠢᠴᠠᠭᠠᠨ ᠭᠠᠷᠭᠠᠵᠤ᠂ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ XBB 1.9᠂ XBB 1.9.1 ᠪᠠ XBL ᠵᠡᠷᠭᠡ ᠤᠨᠳᠤᠤᠱᠢᠭ᠍ᠰᠠᠨ ᠸᠢᠷᠦ᠋ᠰ᠎ᠢ ᠪᠠᠢᠴᠠᠭᠠᠨ ᠭᠠᠷᠭᠠᠪᠠ᠃
ᠪᠣᠭᠣᠮᠲᠠ᠎ᠶ᠋ᠢᠨ ᠶᠡᠷᠦᠩᠬᠡᠶ ᠵᠠᠬᠢᠷᠭ᠎ᠠ᠎ᠶ᠋ᠢᠨ ᠡᠷᠡᠭᠦᠯ ᠬᠠᠮᠠᠭᠠᠯᠠᠯ ᠬᠢᠵᠢᠭ᠎ᠢ ᠪᠠᠢᠴᠠᠭᠠᠬᠤ ᠵᠤᠷᠭᠠᠨ᠎ᠤ ᠳᠡᠳ᠋ ᠳᠠᠷᠤᠭ᠎ᠠ ᠯᠢ ᠵᠧᠩ ᠯᠢᠶᠠᠩ 27 ᠤ᠋ ᠡᠳᠦᠷ ᠶᠠᠪᠤᠭ᠍ᠳᠠᠭ᠍ᠰᠠᠨ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠤᠯᠪᠤᠭᠠᠯᠠᠨ ᠰᠡᠷᠭᠡᠢᠯᠡᠵᠦ᠍ ᠬᠤᠯᠪᠤᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠳᠡᠭᠡᠷᠡᠬᠢ ᠲᠤᠭ᠎ᠠ ᠪᠠᠷᠢᠮᠳᠠ᠎ᠶ᠋ᠢ ᠨᠡᠢᠲᠡᠯᠡᠪᠡ᠃
ᠯᠢ ᠵᠧᠩ ᠯᠢᠶᠠᠩ᠂ ᠣᠳᠣᠬᠠᠨ᠎ᠤ ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ᠂ ᠪᠣᠭᠣᠮᠲᠠ᠎ᠡᠴᠡ ᠪᠥᠬᠥ᠌ ᠪᠥᠮᠪᠥᠷᠴᠡᠭ᠎ᠦᠨ ᠬᠢᠵᠢᠭ᠎ᠦᠨ ᠪᠠᠢᠳᠠᠯ᠎ᠢ ᠵᠠᠳᠠᠯᠤᠨ ᠰᠤᠳᠤᠯᠵᠤ ᠮᠠᠭᠠᠳᠯᠠᠬᠤ ᠪᠠ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠬᠤ᠂ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠲᠣᠬᠢᠷᠠᠭᠤᠯᠤᠨ ᠱᠢᠯᠢᠳᠡᠭ᠌ᠵᠢᠭᠦᠯᠬᠦ᠌᠂ 《ᠣᠯᠠᠨ ᠡᠪᠡᠳᠴᠢᠨ᠎ᠢ ᠬᠠᠮᠲᠤ᠎ᠪᠠᠷ ᠰᠡᠷᠭᠡᠢᠯᠡᠬᠦ᠌》 ᠠᠵᠢᠯ᠎ᠢ ᠦᠷᠭᠦᠯᠵᠢᠯᠡᠨ ᠰᠠᠢᠲᠤᠷ ᠬᠢᠬᠦ᠌ᠵᠡᠷᠭᠡ ᠭᠤᠷᠪᠠᠨ ᠲᠠᠯ᠎ᠠ᠎ᠡᠴᠡ ᠭᠤᠤᠯᠳᠠᠯᠭ᠎ᠠ᠎ᠲᠠᠶ ᠭᠠᠷᠳᠠᠵᠤ ᠬᠢᠬᠦ᠌ ᠪᠣᠯᠤᠨ᠎ᠠ᠃ ᠬᠢᠯᠢ᠎ᠶ᠋ᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠬᠦ᠌ ᠲᠠᠯ᠎ᠠ᠎ᠪᠠᠷ᠂ 《ᠤᠰᠤ᠂ ᠬᠠᠭᠤᠷᠠᠶ᠂ ᠠᠭᠠᠷ》 ᠢ᠋ ᠵᠡᠷᠭᠡ᠎ᠪᠡᠷ ᠰᠡᠷᠭᠡᠢᠯᠡᠬᠦ᠌᠎ᠶ᠋ᠢ ᠴᠢᠩᠭᠠᠳᠭᠠᠵᠤ᠂ ᠬᠢᠵᠢᠭ᠎ᠦᠨ ᠪᠠᠢᠴᠠᠭᠠᠯᠲᠠ᠎ᠳᠤ ᠬᠡᠪ᠎ᠦᠨ ᠪᠤᠰᠤ ᠪᠠᠢᠳᠠᠯ ᠢᠯᠡᠷᠡᠭ᠌ᠰᠡᠨ ᠬᠥᠮᠦᠰ᠎ᠲᠦ ᠲᠠᠬᠤᠯ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ᠂ ᠠᠨᠠᠭᠠᠬᠤ ᠤᠬᠠᠭᠠᠨ᠎ᠤ ᠵᠢᠭ᠍ᠰᠠᠭᠠᠨ ᠪᠠᠢᠴᠠᠭᠠᠯᠲᠠ᠂ ᠥᠯᠢᠭᠡᠷ ᠠᠪᠴᠤ᠌ ᠪᠠᠢᠴᠠᠭᠠᠨ ᠬᠡᠮᠵᠢᠬᠦ᠌᠎ᠶ᠋ᠢ ᠴᠢᠩᠭ᠎ᠠ ᠬᠡᠷᠡᠭ᠌ᠵᠢᠭᠦᠯᠵᠦ᠍᠂ ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌ ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ᠎ᠢ ᠪᠠᠢᠭᠤᠯᠪᠠ ᠭᠡᠵᠦ ᠲᠠᠨᠢᠯᠴᠠᠭᠤᠯᠵᠠᠢ᠃
ᠯᠢ ᠵᠧᠩ ᠯᠢᠶᠠᠩ᠂ ᠪᠦᠬᠦ᠌ ᠪᠥᠮᠪᠥᠷᠴᠡᠭ᠎ᠦᠨ ᠬᠢᠵᠢᠭ᠎ᠦᠨ ᠪᠠᠢᠳᠠᠯ ᠮᠥᠨ ᠬᠦ᠌ ᠦᠷᠪᠢᠰᠦᠨ ᠳᠡᠯᠭᠡᠷᠡᠵᠦ᠍᠂ ᠸᠢᠷᠦ᠋ᠰ ᠮᠥᠨ ᠬᠦ᠌ ᠲᠠᠰᠤᠷᠠᠯᠳᠠ ᠦᠭᠡᠢ ᠤᠨᠳᠤᠤᠰᠢᠨ ᠬᠤᠪᠢᠷᠠᠵᠤ ᠪᠠᠢᠨ᠎ᠠ᠃ ᠣᠯᠠᠨ ᠤᠯᠤᠰ᠎ᠤᠨ ᠵᠢᠱᠢᠶᠠᠨ᠎ᠤ ᠨᠢᠰᠭᠡᠯ᠎ᠤᠨ ᠨᠢᠰᠦᠯᠳᠠ ᠠᠭᠠᠵᠢᠮ᠎ᠢᠶᠠᠷ ᠰᠡᠷᠭᠦᠬᠦ᠌᠎ᠶ᠋ᠢ ᠳᠠᠭᠠᠯᠳᠤᠨ᠂ ᠬᠢᠯᠢ᠎ᠶ᠋ᠢᠨ ᠪᠣᠭᠣᠮᠲᠠ ᠵᠠᠯᠭᠠᠭ᠎ᠠ᠎ᠪᠠᠷ ᠨᠡᠪᠲᠡᠷᠡᠵᠦ᠍᠂ ᠳᠣᠲᠣᠷ ᠭᠠᠵᠠᠷ ᠪᠣᠯᠤᠨ ᠱᠢᠶᠠᠩᠭᠠᠩ ᠣᠣᠮᠧᠨ᠎ᠤ ᠬᠥᠮᠦᠰ᠎ᠦᠨ ᠬᠤᠭᠤᠷᠤᠨᠳᠤᠬᠢ ᠶᠠᠪᠤᠯᠴᠠᠭ᠎ᠠ᠎ᠶ᠋ᠢ ᠪᠥᠬᠥ᠌ ᠲᠠᠯ᠎ᠠ᠎ᠪᠠᠷ ᠰᠡᠷᠭᠦᠭᠡᠵᠦ᠍᠂ ᠱᠢᠨ᠎ᠡ ᠲᠢᠲᠢᠮᠯᠢᠭ ᠸᠢᠷᠦ᠋ᠰ᠎ᠦᠨ ᠤᠨᠳᠤᠤᠱᠢᠭᠰᠠᠨ ᠸᠢᠷᠦ᠋ᠰ ᠪᠠ ᠪᠤᠰᠤᠳ ᠬᠠᠯᠳᠠᠪᠤᠷᠢᠲᠤ ᠡᠪᠡᠳᠴᠢᠨ ᠣᠷᠣᠵᠤ ᠢᠷᠡᠬᠦ᠌ ᠠᠶᠤᠯ ᠲᠦᠭ᠌ᠰᠢᠭᠦᠷᠢ ᠨᠡᠮᠡᠭ᠌ᠳᠡᠭ᠌ᠰᠡᠨ ᠡᠴᠡ ᠪᠢᠰᠢ ᠬᠠᠰᠤᠭᠳᠠᠭᠰᠠᠨ ᠦᠭᠡᠢ᠂ ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌ ᠠᠵᠢᠯ ᠮᠥᠨ ᠯᠡ ᠬᠠᠳᠠᠭᠤ ᠱᠢᠯᠭᠠᠯᠲᠠ᠂ ᠥᠷᠢᠰᠥᠯᠳᠦᠭᠡᠨ ᠪᠠ ᠳᠠᠷᠤᠯᠲᠠ᠎ᠳᠤ ᠲᠤᠯᠭᠠᠷᠠᠵᠤ ᠪᠠᠢᠨ᠎ᠠ᠃ ᠡᠭᠦᠨ᠎ᠳᠦ᠂ ᠪᠣᠭᠣᠮᠲᠠ᠎ᠡᠴᠡ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ᠎ᠲᠡᠶ ᠬᠠᠮᠲᠤᠷᠠᠨ ᠬᠢᠯᠢ᠎ᠶ᠋ᠢᠨ ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠭ᠌ᠰᠡᠨ ᠱᠢᠨ᠎ᠡ ᠲᠢᠲᠢᠮᠯᠢᠭ ᠸᠢᠷᠦ᠋ᠰ᠎ᠦᠨ ᠤᠨᠳᠤᠤᠱᠢᠯᠤᠨ ᠬᠢᠨᠠᠨ ᠬᠡᠮᠵᠢᠯᠲᠡ᠎ᠶ᠋ᠢ ᠦᠷᠭᠦᠯᠵᠢᠯᠡᠨ ᠥᠷᠨᠢᠭᠦᠯᠵᠦ᠍᠂ ᠪᠥᠬᠥ᠌ ᠪᠥᠮᠪᠥᠷᠴᠡᠭ᠎ᠦᠨ ᠬᠢᠵᠢᠭ᠎ᠦᠨ ᠪᠠᠢᠳᠠᠯ ᠪᠣᠯᠤᠨ ᠸᠢᠷᠦ᠋ᠰ᠎ᠦᠨ ᠤᠨᠳᠤᠤᠱᠢᠯᠤᠨ ᠪᠠᠢᠳᠠᠯ᠎ᠢ ᠨᠢᠭ᠍ᠲᠠ ᠠᠨᠭᠬᠠᠷᠤᠨᠠ ᠭᠡᠵᠦ ᠢᠯᠡᠳᠭᠡᠪᠡ᠃
(ᠱᠢᠨᠬᠤᠸᠠ ᠬᠣᠷᠢᠶᠠᠨ᠎ᠤ ᠪᠡᠭᠡᠵᠢᠩ᠎ᠦᠨ 2 ᠰᠠᠷ᠎ᠠ᠎ᠶ᠋ᠢᠨ 27 ᠤ᠋ ᠴᠠᠬᠢᠯᠭᠠᠨ ᠮᠡᠳᠡᠭᠡ)