ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠤᠨ᠎ᠠ ᠭᠡᠵᠦ᠍ ᠲᠣᠳᠣᠷᠬᠠᠢ ᠳᠤᠷᠠᠳᠪᠠ᠃ ᠥᠪᠥᠷ ᠮᠣᠩᠭᠣᠯ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠂ ᠬᠥᠭ᠌ᠵᠢᠯᠲᠡ᠎ᠶ᠋ᠢᠨ ᠠᠵᠠ ᠲᠣᠬᠢᠶᠠᠯ ᠤᠯᠠᠨ ᠪᠠᠢᠳᠠᠭ᠃ ᠱᠢᠨ᠎ᠡ ᠲᠡᠦᠬᠡ᠎ᠶ᠋ᠢᠨ ᠭᠠᠷᠤᠭ᠎ᠠ ᠳᠡᠭᠡᠷ᠎ᠡ ᠵᠣᠭ᠍ᠰᠣᠵᠤ᠂ ᠪᠢᠳᠡ ᠠᠤᠭ᠎ᠠ ᠰᠠᠨᠠᠭ᠎ᠠ ᠡᠷᠡᠯᠬᠡᠭ ᠵᠣᠷᠢᠭ᠎ᠢ ᠪᠤᠢ ᠪᠣᠯᠭᠠᠵᠤ᠂ ᠤᠶᠤᠨ ᠴᠢᠳᠠᠯ᠎ᠢᠶᠠᠨ ᠬᠥᠭ᠌ᠵᠢᠯᠲᠡ᠎ᠶ᠋ᠢ ᠲᠦᠷᠭᠡᠳᠭᠡᠬᠦ᠌ ᠳᠡᠭᠡᠷ᠎ᠡ ᠲᠥᠪᠯᠡᠷᠡᠭᠦᠯᠵᠦ᠍᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠬᠠᠷᠢᠭᠤᠴᠠᠯᠭ᠎ᠠ ᠡᠬᠦᠷᠬᠡᠯᠡᠨ ᠵᠢᠤᠨᠬᠦᠯ ᠭᠠᠷᠭᠠᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ᠃
ᠠᠵᠤ ᠠᠬᠤᠶ᠎ᠶ᠋ᠢᠨ ᠴᠢᠨᠠᠷᠰᠠᠢᠳᠠᠢ ᠬᠦᠭ᠌ᠵᠢᠬᠦ᠌ ᠵᠢ ᠠᠬᠢᠭᠤᠯᠤᠨ᠎ᠠ
ᠥᠪᠥᠷ ᠮᠣᠩᠭᠣᠯ᠎ᠤᠨ ᠣᠳᠣᠬᠠᠨ᠎ᠤ ᠠᠵᠤ ᠠᠬᠤᠶ᠎ᠶ᠋ᠢᠨ ᠪᠠᠢᠳᠠᠯ᠎ᠠᠴᠠ ᠦᠵᠡᠪᠡᠯ ᠂ ᠠᠵᠤ ᠦᠢᠯᠡᠰ ᠠᠵᠤ ᠠᠬᠤᠶ ᠵᠢ ᠬᠦᠭ᠌ᠵᠢᠬᠦᠯᠬᠦ᠌ ᠦᠬᠡᠢ᠂ ᠠᠷᠠᠳ᠎ᠤᠨ ᠠᠮᠢᠳᠤᠷᠠᠯ᠎ᠤᠨ ᠠᠰᠠᠭᠤᠳᠠᠯ᠂ ᠨᠡᠢᠭᠡᠮ᠎ᠦᠨ ᠠᠰᠠᠭᠤᠳᠠᠯ᠎ᠢ ᠱᠢᠢᠳᠪᠦᠷᠢᠯᠡᠬᠦ᠌ ᠦᠭᠡᠶ ᠪᠣᠯ ᠵᠠᠰᠠᠭ᠎ᠤᠨ ᠣᠷᠳᠣᠨ᠎ᠤ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠴᠢᠳᠠᠪᠤᠷᠢ ᠪᠣᠯᠤᠨ ᠲᠦᠪᠰᠢᠨ ᠴᠦ᠍ ᠪᠦᠲᠦᠮᠵᠢᠲᠡᠶ ᠳᠡᠭᠡᠭ᠌ᠰᠢᠯᠡᠬᠦ᠌᠎ᠳᠦ ᠪᠡᠷᠬᠡ ᠪᠤᠯᠤᠨ᠎ᠠ ᠃ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ 2400 ᠭᠠᠷᠤᠶ ᠲᠦᠮᠡᠨ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ ᠪᠣᠯᠤᠨ ᠲᠡᠩᠴᠡᠭᠦᠷᠢ ᠦᠭᠡᠶ ᠭᠦᠢᠴᠡᠳ ᠦᠭᠡᠶ ᠬᠥᠭ᠌ᠵᠢᠯᠲᠡ᠎ᠶ᠋ᠢᠨ ᠬᠣᠭᠣᠷᠣᠨᠳᠣᠬᠢ ᠵᠥᠷᠢᠴᠡᠯ᠎ᠢ ᠮᠦᠨ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠯᠡᠬᠦ᠌ ᠴᠢᠬᠤᠯᠠᠲᠠᠶ ᠪᠠᠢᠨ᠎ᠠ᠃ ᠥᠪᠥᠷ ᠮᠣᠩᠭᠣᠯ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠶᠠᠪᠤᠴᠠ᠎ᠶ᠋ᠢ ᠡᠷᠭᠢᠴᠡᠭᠦᠯᠪᠡᠯ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ 《 ᠠᠩᠬᠠᠳᠤᠭᠠᠷ ᠲᠠᠪᠤᠨ ᠵᠢᠯ》᠎ᠤᠨ ᠬᠤᠭᠤᠴᠠᠭᠠᠨ᠎ᠳᠤ ᠠᠵᠤ ᠦᠶ᠋ᠯᠡᠳᠪᠦᠷᠢᠵᠢᠯᠲᠡ᠎ᠶ᠋ᠢᠨ ᠠᠬᠢᠴᠠ᠎ᠪᠠᠨ ᠡᠬᠢᠯᠡᠭᠦᠯᠵᠦ᠍᠂ ᠳᠠᠯᠠᠭᠠᠳ ᠣᠨ᠎ᠤ ᠡᠬᠢ᠎ᠪᠡᠷ᠂ ᠬᠣᠶᠠᠳᠤᠭᠠᠷ ᠠᠵᠤ ᠦᠶ᠋ᠯᠡᠰ᠎ᠦᠨ ᠨᠡᠮᠡᠭ᠌ᠳᠡᠯ ᠥᠷᠲᠡᠭ ᠨᠢᠭᠡᠳᠦᠭᠡᠷ ᠠᠵᠤ ᠦᠶ᠋ᠯᠡᠰ ᠡᠴᠡ ᠳᠠᠪᠠᠪᠠ ; ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠡᠴᠡ ᠨᠠᠭᠠᠰᠢ᠂ ᠥᠪᠥᠷ ᠮᠣᠩᠭᠣᠯ ᠮᠠᠯ ᠠᠵᠤ ᠠᠬᠤᠶ ᠲᠠᠷᠢᠶᠠᠯᠠᠩ᠎ᠦᠨ ᠥᠪᠡᠷᠲᠡᠭᠡᠨ ᠬᠠᠩᠭᠠᠬᠤ ᠨᠠᠲ᠋ᠤᠷᠠᠯ ᠠᠵᠤ ᠠᠬᠤᠶ᠎ᠡᠴᠡ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ ᠤ᠋ᠨ ᠲᠠᠸᠠᠷ᠎ᠤᠨ ᠠᠵᠤ ᠠᠬᠤᠶ ᠲᠡᠢᠰᠢ ᠱᠢᠯᠵᠢᠬᠦ᠌᠎ᠶ᠋ᠢ ᠪᠡᠶᠡᠯᠡᠭᠦᠯᠵᠦ᠍᠂ ᠠᠵᠤ ᠦᠶ᠋ᠯᠡᠳᠪᠦᠷᠢ᠎ᠶ᠋ᠢᠨ ᠭᠤᠤᠯᠯᠠᠬᠤ ᠪᠠᠢᠷᠢ ᠰᠠᠭᠤᠷᠢ ᠦᠷᠭᠦᠯᠵᠢᠯᠡᠨ ᠪᠡᠬᠢᠵᠢᠪᠡ ; ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠪᠡᠨ ᠬᠤᠪᠢᠷᠠᠭᠤᠯᠵᠤ᠂ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠶᠡᠬᠡᠪᠡᠷ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠪᠠ᠃ ᠥᠪᠥᠷ ᠮᠣᠩᠭᠣᠯ ᠪᠠᠷᠠᠭᠤᠨ ᠣᠷᠣᠨ᠂ ᠬᠢᠯᠢ ᠬᠢᠵᠠᠭᠠᠷ ᠣᠷᠣᠨ᠂ ᠬᠣᠵᠢᠭᠤ ᠬᠥᠭ᠌ᠵᠢᠭ᠌ᠰᠡᠨ ᠣᠷᠣᠨ ᠪᠣᠯᠤᠭ᠍ᠰᠠᠨ᠎ᠤ ᠬᠤᠪᠢ᠎ᠳᠤ ᠡᠷᠬᠡᠪᠰᠢ ᠶᠠᠰᠤ ᠴᠢᠨᠠᠷ᠎ᠤᠨ ᠳᠡᠭᠡᠭ᠌ᠰᠢᠯᠡᠯᠲᠡ᠎ᠳᠦ ᠲᠦᠱᠢᠭ᠌ᠯᠡᠨ ᠲᠣᠭ᠎ᠠ ᠬᠡᠮᠵᠢᠶᠡᠨ᠎ᠦ ᠨᠡᠮᠡᠭ᠌ᠳᠡᠯ᠎ᠳᠦ ᠦᠷᠭᠦᠯᠵᠢᠯᠡᠨ ᠬᠥᠳᠡᠯᠭᠡᠬᠦ᠌ ᠬᠦᠴᠦᠨ ᠬᠠᠩᠭᠠᠵᠤ᠂ ᠲᠣᠭ᠎ᠠ ᠬᠡᠮᠵᠢᠶᠡᠨ᠎ᠦ ᠨᠡᠮᠡᠭ᠌ᠳᠡᠯ᠎ᠳᠦ ᠲᠦᠱᠢᠭ᠌ᠯᠡᠨ ᠶᠠᠰᠤ ᠴᠢᠨᠠᠷ᠎ᠤᠨ ᠳᠡᠭᠡᠭ᠌ᠰᠢᠯᠡᠯᠲᠡ᠎ᠳᠦ ᠴᠢᠬᠤᠯᠠ ᠰᠠᠭᠤᠷᠢ ᠬᠠᠩᠭᠠᠬᠤ ᠬᠡᠷᠡᠭ᠌ᠲᠡᠶ᠃ ᠱᠢᠨ᠎ᠡ ᠴᠠᠭ ᠦᠶ᠎ᠡ ᠱᠢᠨ᠎ᠡ ᠠᠶᠠᠨ ᠳᠦ᠂ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠵᠤ ᠭᠠᠷᠭᠠᠭ᠍ᠰᠠᠨ 《ᠡᠷᠬᠡᠪᠰᠢ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠬᠤ ᠬᠡᠷᠡᠭ᠌ᠲᠡᠢ᠂ ᠬᠥᠭ᠌ᠵᠢᠭᠦᠯᠦᠯᠲᠡ᠎ᠶ᠋ᠢ ᠪᠠᠷᠢᠮᠲᠠᠯᠠᠬᠤ ᠪᠣᠯ ᠨᠠᠮ᠎ᠤᠨ ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ》 ᠭᠡᠬᠦ᠌ ᠡᠨᠡ ᠬᠦ᠌ ᠴᠢᠬᠤᠯᠠ ᠥᠭᠦᠯᠡᠯᠲᠡ ᠵᠢ ᠬᠦᠨᠵᠡᠭᠡᠢ ᠤᠢᠯᠠᠭᠠᠵᠦ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠳᠤᠷᠠᠳᠤᠭ᠍ᠰᠠᠨ 《ᠪᠣᠳᠠᠰ᠎ᠤᠨ ᠪᠠ ᠮᠡᠷᠭᠡᠵᠢᠯ᠎ᠦᠨ ᠪᠠᠲᠤ ᠰᠠᠭᠤᠷᠢ ᠦᠭᠡᠢ ᠪᠤᠯ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠵᠤ ᠴᠢᠳᠠᠬᠤ ᠦᠭᠡᠢ》 ᠭᠡᠬᠦ᠌ ᠱᠢᠨᠵᠢᠯᠡᠬᠦ᠌ ᠤᠬᠠᠭᠠᠨᠴᠢ ᠨᠤᠲᠠᠯᠠᠯᠲᠠ ᠵᠢ ᠪᠤᠳᠠᠳᠠᠢ ᠤᠬᠠᠮᠰᠠᠷᠯᠠᠵᠦ᠂ ᠬᠥᠭ᠌ᠵᠢᠯᠲᠡ᠎ᠪᠡᠨ ᠲᠦᠷᠭᠡᠳᠭᠡᠬᠦ᠂ ᠬᠥᠭ᠌ᠵᠢᠯᠲᠡ᠎ᠶ᠋ᠢ ᠶᠡᠬᠡ ᠪᠡᠷ ᠠᠳᠭᠤᠬᠤ ᠣᠢᠯᠠᠭᠠᠭ᠍ᠳᠠᠬᠤᠨ᠎ᠢ ᠪᠤᠢ ᠪᠣᠯᠭᠠᠵᠦ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠣᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠬᠤ ᠭᠡᠷᠡᠭ᠌ᠳᠡᠢ᠃
ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠢᠳᠡᠪᠬᠢᠲᠡᠶ ᠦᠢᠯᠡᠴᠢᠯᠡᠵᠦ᠍ ᠠᠭᠤᠰᠤᠯᠴᠠᠨ᠎ᠠ
ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠤᠤᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠪᠣᠯ ᠨᠠᠮ᠎ᠤᠨ ᠲᠥᠪ ᠬᠣᠷᠢᠶ᠎ᠠ᠎ᠡᠴᠡ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠱᠠᠲᠤ ᠦᠶ᠎ᠡ᠂ ᠣᠷᠴᠢᠨ ᠲᠣᠭᠣᠷᠢᠨ᠂ ᠨᠥᠬᠥᠴᠡᠯ᠎ᠦᠨ ᠬᠤᠪᠢᠷᠠᠯᠲᠠ᠎ᠶ᠋ᠢ ᠦᠨᠳᠦᠰᠦᠯᠡᠨ ᠭᠠᠷᠭᠠᠭ᠍ᠰᠠᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠮᠥᠨ᠂ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠌᠎ᠶ᠋ᠢᠨ ᠤᠷᠢᠲᠠᠯ ᠮᠥᠨ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠱᠢᠨ᠎ᠡ ᠱᠠᠲᠤ ᠦᠶ᠎ᠡ᠎ᠶ᠋ᠢᠨ ᠪᠠᠢᠳᠠᠯ᠎ᠳᠤ ᠵᠣᠬᠢᠴᠠᠬᠤ᠂ ᠣᠯᠠᠨ ᠤᠯᠤᠰ᠎ᠤᠨ ᠬᠠᠮᠲᠤᠷᠠᠯᠴᠠᠭ᠎ᠠ ᠪᠠ ᠥᠷᠢᠰᠥᠯᠳᠦᠭᠡᠨ᠎ᠦ ᠱᠢᠨ᠎ᠡ ᠳᠠᠪᠠᠭᠤᠯᠢᠭ᠎ᠢ ᠪᠣᠶ ᠪᠣᠯᠭᠠᠬᠤ᠎ᠶ᠋ᠢᠨ ᠵᠠᠢᠯᠠᠰᠢ ᠥᠬᠡᠶ ᠱᠠᠭᠠᠷᠳᠠᠯᠭ᠎ᠠ ᠮᠥᠨ᠃ ᠥᠪᠥᠷ ᠮᠣᠩᠭᠣᠯ ᠨᠤᠲᠤᠭ ᠳᠡᠪᠢᠰᠭᠡᠷ ᠥᠷᠭᠡᠨ ᠠᠭᠤᠳᠠᠮ᠂ ᠣᠷᠣᠨ ᠪᠠᠢᠷᠢ᠎ᠶ᠋ᠢᠨ ᠳᠠᠪᠠᠭᠤᠯᠢᠭ ᠥᠪᠡᠷᠮᠢᠴᠡ ᠪᠠᠢᠵᠤ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠳᠤ ᠬᠦᠴᠦᠨ ᠨᠡᠮᠡᠷᠢᠯᠡᠬᠦ᠌ ᠴᠢᠬᠤᠯᠠ ᠭᠤᠤᠯ ᠴᠣᠭ᠍ᠴᠠ ᠮᠥᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠱᠢᠯᠤᠭᠤᠳᠭᠠᠬᠤ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ᠃
ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ ᠶᠠᠪᠤᠴᠠ᠎ᠳᠤ᠂ ᠥᠪᠥᠷ ᠮᠣᠩᠭᠣᠯ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠬᠠᠮᠠᠭᠠᠯᠠᠬᠤ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠃ ᠣᠯᠠᠨ ᠵᠢᠯ᠎ᠦᠨ ᠲᠤᠷᠰᠢ᠂ ᠮᠠᠨ᠎ᠤ ᠣᠷᠣᠨ᠎ᠤ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠪᠠᠢᠷᠢᠱᠢᠯ᠎ᠳᠠᠬᠢ ᠪᠠᠢᠷᠢ ᠰᠠᠭᠤᠷᠢ ᠳᠡᠭᠡᠭ᠌ᠰᠢᠯᠡᠵᠦ᠍ ᠪᠠᠢᠨ᠎ᠠ᠃
ᠮᠠᠨ᠎ᠤ ᠣᠷᠣᠨ᠎ᠤ ᠨᠡᠭᠦᠷᠡᠰᠦᠨ᠎ᠦ ᠦᠢᠯᠡᠳᠪᠦᠷᠢᠯᠡᠬᠦ᠌ ᠴᠢᠳᠠᠪᠤᠷᠢ ᠪᠣᠯᠤᠨ ᠭᠠᠳᠠᠭ᠍ᠰᠢ ᠲᠡᠭᠡᠭᠡᠪᠦᠷᠢᠯᠡᠬᠦ᠌ ᠬᠡᠮᠵᠢᠶ᠎ᠡ᠂ ᠴᠠᠬᠢᠯᠭᠠᠨ ᠭᠠᠷᠭᠠᠬᠤ ᠬᠡᠮᠵᠢᠶ᠎ᠡ ᠪᠣᠯᠤᠨ ᠭᠠᠳᠠᠭ᠍ᠰᠢ ᠬᠦᠷᠭᠡᠬᠦ᠌ ᠴᠠᠬᠢᠯᠭᠠᠨ᠎ᠤ ᠬᠡᠮᠵᠢᠶ᠎ᠡ ᠴᠥᠮ ᠪᠦᠬᠦ᠌ ᠤᠯᠤᠰ᠎ᠤᠨ ᠲᠡᠷᠢᠭᠦᠨ᠎ᠳᠦ ᠣᠷᠣᠵᠤ᠂ ᠲᠦᠭᠦᠬᠡᠶ ᠨᠡᠭᠦᠷᠡᠰᠦ ᠪᠣᠯᠤᠨ ᠪᠠᠢᠭᠠᠯᠢ᠎ᠶ᠋ᠢᠨ ᠱᠢᠲᠠᠮᠠᠬᠠᠶ ᠬᠡᠢ᠎ᠶ᠋ᠢᠨ ᠭᠠᠷᠤᠯᠲᠠ ᠪᠦᠬᠦ᠌ ᠤᠯᠤᠰ᠎ᠤᠨ ᠲᠡᠷᠢᠭᠦᠨ᠎ᠳᠦ ᠣᠷᠣᠵᠤ᠂ ᠡᠨᠧᠷᠭᠢ᠎ᠶ᠋ᠢᠨ ᠠᠵᠤ ᠦᠢᠯᠡᠳᠪᠦᠷᠢᠬᠡᠪᠴᠢᠶᠡᠵᠢᠯᠡᠴᠡ ᠳᠡᠭᠡᠭ᠌ᠰᠢᠬᠢ ᠠᠵᠤ ᠦᠢᠯᠡᠳᠪᠦᠷᠢ᠎ᠶ᠋ᠢᠨ 50% ᠡᠴᠡ ᠳᠡᠭᠡᠭ᠌ᠰᠢᠬᠢ᠎ᠵᠢ ᠡᠵᠡᠯᠡᠵᠦ᠍᠂ ᠪᠦᠬᠦ᠌ ᠣᠷᠣᠨ᠎ᠤ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ 1.6 ᠳ᠋ᠦ᠋ᠩᠰᠢᠭᠤᠷ ᠺᠢᠯᠦᠸᠠᠲ᠎ᠢ ᠳᠠᠪᠠᠵᠤ᠂ ᠨᠡᠭᠦᠷᠡᠰᠦ ᠪᠠᠷ ᠭᠠᠷᠭᠠᠬᠤ ᠴᠠᠬᠢᠯᠭᠠᠨ 60% ᠵᠢ ᠳᠠᠪᠠᠵᠤ᠂ ᠰᠠᠯᠬᠢᠨ ᠬᠦᠴᠦ᠍ ᠭᠡᠷᠡᠯᠴᠢ ᠴᠡᠨᠡᠭ 39% ᠡᠴᠡ ᠳᠡᠭᠡᠭ᠌ᠰᠢᠬᠢ᠎ᠶ᠋ᠢ ᠡᠵᠡᠯᠡᠪᠡ᠃ ᠶᠡᠷᠦᠩᠬᠡᠶᠳᠦᠨᠢ ᠠᠪᠴᠤ᠌ ᠦᠵᠡᠪᠡᠯ᠂ ᠥᠪᠥᠷ ᠮᠣᠩᠭᠣᠯ ᠪᠥᠬᠥ᠌ ᠤᠯᠤᠰ᠎ᠤᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠪᠠᠲᠤᠯᠠᠬᠤ ᠪᠠ ᠲᠡᠭᠡᠳᠦ ᠤᠷᠤᠰᠭᠠᠯ ᠦᠨ ᠠᠵᠤ ᠦᠶ᠋ᠯᠡᠰ᠎ᠢ ᠲᠣᠭ᠍ᠲᠠᠭᠤᠨ ᠪᠠᠢᠯᠭᠠᠬᠤ᠎ᠳᠤ ᠲᠣᠪᠣᠢᠮ᠎ᠠ ᠬᠤᠪᠢ ᠨᠡᠮᠡᠷᠢ ᠦᠵᠡᠭᠦᠯᠵᠤ ᠪᠤᠢ᠃ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ ᠂ ᠪᠢᠳᠡ ᠤᠤᠯ᠎ᠤᠨ ᠳᠠᠪᠠᠭᠤᠯᠢᠭ᠎ᠲᠠᠭᠠᠨ ᠲᠦᠱᠢᠭ᠌ᠯᠡᠵᠦ᠍᠂ ᠵᠠᠬ᠎ᠠ ᠳᠡᠯᠭᠡᠭᠦᠷ᠎ᠦᠨ ᠵᠠᠷᠴᠢᠮ᠎ᠢ ᠵᠢᠷᠤᠮᠯᠠᠬᠤ᠂ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠂ ᠨᠡᠭᠡᠭᠡᠨ ᠬᠥᠭ᠌ᠵᠢᠭᠦᠯᠬᠦ᠌ ᠦᠷ᠎ᠡ ᠠᠱᠢᠭ᠎ᠢ ᠳᠡᠭᠡᠭ᠌ᠰᠢᠯᠡᠭᠦᠯᠬᠦ᠌ ᠤᠷᠢᠲᠠᠯ ᠳᠣᠣᠷ᠎ᠠ᠂ ᠤᠯᠤᠰ ᠣᠷᠣᠨ᠎ᠳᠠᠭᠠᠨ ᠦᠷᠭᠦᠯᠵᠢᠯᠡᠨ ᠢᠯᠡᠭᠦᠬᠡᠨ ᠬᠤᠪᠢ ᠨᠡᠮᠡᠷᠢ ᠦᠵᠡᠭᠦᠯᠵᠦ᠍᠂ ᠲᠤᠰ ᠪᠡᠶ᠎ᠡ᠎ᠶ᠋ᠢᠨ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠶᠠᠪᠤᠴᠠ᠎ᠳᠤ ᠪᠦᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠬᠦᠴᠦᠨ ᠨᠡᠮᠡᠷᠢᠯᠡᠬᠦ᠌ ᠪᠦᠬᠡᠤᠨ ᠪᠠᠰᠠ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠤᠨ ᠳᠤᠮᠳᠠ ᠲᠤᠰ ᠪᠡᠶ᠎ᠡ᠎ᠶ᠋ᠢᠨ ᠬᠥᠭ᠌ᠵᠢᠯᠲᠡ᠎ᠪᠡᠨ ᠪᠡᠶᠡᠯᠡᠭᠦᠯᠬᠦ᠌ ᠬᠡᠷᠡᠭ᠌ᠲᠡᠢ᠃
ᠪᠦᠬᠦ᠌ ᠡᠯᠧᠮᠧᠨ᠋ᠲ᠎ᠦᠨ ᠦᠢᠯᠡᠳᠪᠦᠷᠢᠯᠡᠯ᠎ᠦᠨ ᠨᠤᠷᠮ᠎ᠠ᠎ᠶ᠋ᠢ ᠬᠦᠴᠦᠯᠡᠨ ᠳᠡᠭᠡᠭ᠌ᠰᠢᠯᠡᠭᠦᠯᠦᠨ᠎ᠡ
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠴᠢᠬᠤᠯᠠᠴᠢᠯᠠᠭ᠍ᠰᠠᠨ 《 ᠪᠦᠬᠦ᠌ ᠡᠯᠧᠮᠧᠨ᠋ᠲ᠎ᠦᠨ ᠦᠢᠯᠡᠳᠪᠦᠷᠢᠯᠡᠯ᠎ᠦᠨ ᠨᠤᠷᠮ᠎ᠠ》ᠭᠡᠳᠡᠭ ᠨᠢ ᠡᠯᠧᠮᠧᠨ᠋ᠲ᠎ᠦᠨ ᠪᠡᠯᠡ ᠣᠷᠣᠭᠤᠯᠤᠯᠲᠠ᠎ᠶ᠋ᠢ ᠭᠠᠷᠤᠯᠳᠠ ᠵᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ᠎ᠶ᠋ᠢ ᠵᠢᠭᠠᠵᠤ᠂ ᠠᠵᠤ ᠠᠬᠤᠢ᠎ᠶ᠋ᠢᠨ ᠠᠭᠤᠯᠤᠭ᠍ᠳᠠᠬᠤᠨ᠎ᠤ ᠬᠡᠯᠪᠡᠷᠢ᠎ᠶ᠋ᠢᠨ ᠬᠥᠭ᠌ᠵᠢᠯᠲᠡ᠎ᠶ᠋ᠢᠨ ᠲᠦᠪᠰᠢᠨ ᠪᠠ ᠲᠠᠯᠳᠠ ᠨᠡᠮᠡᠭ᠌ᠳᠡᠯ᠎ᠦᠨ ᠨᠤᠷᠮ᠎ᠠ᠎ᠶ᠋ᠢᠨ ᠶᠡᠬᠡ ᠪᠠᠭ᠎ᠠ᠎ᠶ᠋ᠢ ᠲᠣᠭ᠍ᠲᠠᠭᠠᠵᠤ᠂ ᠮᠡᠷᠭᠡᠵᠢᠯ᠂ ᠴᠢᠳᠠᠪᠤᠷᠢᠲᠠᠨ ᠵᠡᠷᠭᠡ ᠦᠢᠯᠡᠳᠪᠦᠷᠢᠯᠡᠯ᠎ᠦᠨ ᠡᠯᠧᠮᠧᠨ᠋ᠲ᠎ᠦᠨ ᠶᠠᠰᠤ ᠴᠢᠨᠠᠷ ᠪᠠ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢᠨ ᠦᠷ᠎ᠡ ᠪᠦᠲᠦᠮᠵᠢ᠎ᠶ᠋ᠢᠨ ᠶᠡᠬᠡ ᠪᠠᠭ᠎ᠠ᠎ᠶ᠋ᠢ ᠬᠡᠮᠵᠢᠵᠦ᠍ ᠪᠠᠢᠨ᠎ᠠ᠃ ᠪᠡᠯᠡ ᠮᠥᠩᠭᠥ᠌᠂ ᠭᠠᠵᠠᠷ ᠱᠢᠷᠣᠢ᠂ ᠬᠥᠳᠡᠯᠮᠦᠷᠢ ᠬᠦᠴᠦ᠍ ᠵᠡᠷᠭᠡ ᠪᠡᠯᠡ ᠣᠷᠣᠭᠤᠯᠤᠯᠲᠠ ᠬᠤᠪᠢᠷᠠᠬᠤ ᠦᠭᠡᠢ ᠪᠠᠢᠳᠠᠯ ᠳᠣᠣᠷ᠎ᠠ ᠪᠡᠶᠡᠯᠡᠭᠦᠯᠦᠭ᠌ᠰᠡᠨ ᠭᠠᠷᠤᠯᠲᠠ᠎ᠶ᠋ᠢᠨ ᠨᠡᠮᠡᠭ᠌ᠳᠡᠯ ᠨᠢ ᠴᠥᠮ ᠪᠦᠬᠦ᠌ ᠡᠯᠧᠮᠧᠨ᠋ᠲ᠎ᠦᠨ ᠦᠢᠯᠡᠳᠪᠦᠷᠢᠯᠡᠯ᠎ᠦᠨ ᠨᠤᠷᠮ᠎ᠠ᠎ᠶ᠋ᠢᠨ ᠳᠡᠭᠡᠭ᠌ᠰᠢᠯᠡᠯᠲᠡ᠎ᠶ᠋ᠢᠨ ᠦᠷ᠎ᠡ ᠪᠦᠳᠦᠮᠵᠢ ᠶᠤᠮ᠃ ᠲᠦᠬᠦᠮ᠎ᠢᠶᠡᠷ ᠬᠡᠯᠡᠪᠡᠯ᠂ ᠪᠦᠬᠦ᠌ ᠡᠯᠧᠮᠧᠨ᠋ᠲ᠎ᠦᠨ ᠦᠢᠯᠡᠳᠪᠦᠷᠢᠯᠡᠯ᠎ᠦᠨ ᠨᠤᠷᠮ᠎ᠠ ᠨᠢ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠦᠪᠱᠢᠨ᠎ᠢ ᠢᠯᠡᠷᠡᠭᠦᠯᠵᠦ᠍ ᠪᠠᠢᠨ᠎ᠠ᠃
ᠮᠠᠨ᠎ᠤ ᠣᠷᠣᠨ ᠱᠢᠨ᠎ᠡ᠎ᠶ᠋ᠢ ᠡᠭᠦᠳᠬᠦ᠌᠎ᠪᠡᠷ ᠳᠠᠮᠵᠢᠨ ᠪᠥᠬᠥ᠌ ᠡᠯᠧᠮᠧᠨ᠋ᠲ᠎ᠦᠨ ᠦᠶ᠋ᠯᠡᠳᠪᠦᠷᠢᠯᠡᠯ᠎ᠦᠨ ᠨᠣᠷᠮ᠎ᠠ᠎ᠶ᠋ᠢ ᠳᠡᠭᠡᠭ᠌ᠰᠢᠯᠡᠭᠦᠯᠵᠦ᠍᠂ ᠣᠷᠣᠨ ᠪᠦᠰᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠡᠷᠬᠡᠪᠰᠢ ᠳᠤᠤᠷᠠᠬᠢ ᠠᠰᠠᠭᠤᠳᠠᠯ᠎ᠤᠳ᠎ᠢ ᠰᠠᠢᠲᠤᠷ ᠱᠢᠶ᠋ᠳᠪᠦᠷᠢᠯᠡᠬᠦ᠌ ᠬᠡᠷᠡᠭ᠌ᠲᠡᠶ᠃ ᠨᠢᠭᠡ᠎ᠳᠦ᠂ ᠰᠢᠨ᠎ᠡ ᠵᠢ ᠡᠬᠦᠳᠬᠦ ᠡᠬᠢ ᠪᠠᠶᠠᠯᠢᠭ ᠬᠣᠪᠣᠷ ᠴᠤᠬᠠᠭ ᠪᠠᠢᠬᠤ ᠠᠰᠠᠭᠤᠳᠠᠯ᠃ ᠬᠠᠮᠢᠶ᠎ᠠ ᠪᠦᠬᠦᠢ ᠪᠦᠷᠢᠳᠭᠡᠯ᠎ᠡᠴᠡ ᠦᠵᠡᠪᠡᠯ᠂ ᠪᠦᠬᠦ᠌ ᠣᠷᠣᠨ᠎ᠤ ᠴᠢᠳᠠᠪᠤᠷᠢᠲᠠᠨ᠎ᠤ ᠶᠡᠷᠦᠩᠬᠡᠶ ᠬᠡᠮᠵᠢᠶ᠎ᠡ 280 ᠲᠦᠮᠡ ᠣᠷᠴᠢᠮ ᠪᠠᠢᠵᠤ᠂ ᠡᠭᠦᠨ᠎ᠳᠦ ᠰᠤᠷᠭᠠᠨ ᠬᠥᠮᠦᠵᠢᠯ ᠡᠷᠡᠭᠦᠯ ᠬᠠᠮᠠᠭᠠᠯᠠᠯ᠎ᠤᠨ ᠬᠦᠷᠢᠶᠡᠨ᠎ᠦ ᠲᠤᠰᠭᠠᠶ ᠮᠡᠷᠭᠡᠵᠢᠯ᠎ᠦᠨ ᠠᠵᠢᠯᠲᠠᠨ᠎ᠤ ᠬᠠᠷᠢᠴᠠᠯ 75% ᠶ᠋ᠢ ᠳᠠᠪᠠᠵᠤ᠂ ᠪᠤᠰᠤᠳ ᠨᠢ ᠮᠠᠯ᠎ᠤᠨ ᠠᠱᠢᠭ ᠱᠢᠮ᠎ᠡ ᠲᠠᠷᠢᠶᠠᠯᠠᠩ᠎ᠦᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠪᠠ ᠡᠨᠧᠷᠭᠢ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶᠡᠨ᠎ᠳᠦ ᠲᠥᠪᠯᠡᠷᠡᠵᠦ᠍ ᠪᠠᠢᠨ᠎ᠠ᠃ ᠪᠦᠬᠦ᠌ ᠣᠷᠣᠨ᠎ᠤ ᠳᠡᠭᠡᠳᠦ ᠳᠡᠰ ᠳᠠᠪᠬᠤᠷᠭ᠎ᠠ᠎ᠶ᠋ᠢᠨ ᠴᠢᠳᠠᠪᠤᠷᠢᠲᠠᠨ᠎ᠤ 60% ᠡᠴᠡ ᠳᠡᠭᠡᠭ᠌ᠰᠢᠬᠢ ᠨᠢ ᠬᠥᠬᠡᠬᠣᠲᠠ ᠪᠤᠭᠤᠲᠤ ᠣᠷᠳᠣᠰ᠎ᠲᠤ ᠲᠥᠪᠯᠡᠷᠡᠵᠦ᠍᠂ ᠲᠤᠰᠭᠠᠶ ᠮᠡᠷᠭᠡᠵᠢᠯ᠎ᠦᠨ ᠴᠢᠳᠠᠪᠤᠷᠢᠲᠠᠨ᠎ᠤ 40%᠂ ᠢᠨᠵᠧᠨᠧᠷᠢᠩ᠎ᠦᠨ ᠮᠡᠷᠭᠡᠵᠢᠯ᠎ᠦᠨ ᠠᠵᠢᠯᠲᠠᠨ᠎ᠤ 60% ᠨᠢ ᠪᠤᠭᠤᠲᠤ ᠬᠣᠲᠠ᠎ᠳᠤ ᠲᠥᠪᠯᠡᠷᠡᠵᠦ᠍᠂ 70% ᠶ᠋ᠢᠨ ᠳᠡᠭᠡᠳᠦ ᠰᠤᠷᠭᠠᠭᠤᠯᠢ ᠂ 40% ᠶ᠋ᠢᠨ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠂ 30% ᠶ᠋ᠢᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠨᠢ ᠬᠥᠬᠡᠬᠣᠲᠠ᠎ᠳᠤ ᠲᠥᠪᠯᠡᠷᠡᠵᠦ᠍ ᠪᠠᠢᠨ᠎ᠠ᠃ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠳᠦ᠂ 2025 ᠣᠨ ᠪᠣᠯᠬᠤ᠎ᠳᠤ ᠪᠥᠬᠥ᠌ ᠣᠷᠣᠨ᠎ᠤ ᠴᠢᠳᠠᠪᠤᠷᠢᠲᠠᠨ᠎ᠤ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ᠎ᠶ᠋ᠢ 350 ᠲᠦᠮᠡᠨ ᠬᠥᠮᠦᠨ᠎ᠳᠦ ᠬᠦᠷᠭᠡᠨ᠎ᠠ ᠭᠡᠵᠦ᠍ ᠱᠠᠭᠠᠷᠳᠠᠪᠠ᠃ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ ᠡᠷᠬᠡᠪᠰᠢ ᠶᠡᠬᠡ ᠬᠦᠴᠦ᠍ ᠣᠷᠣᠭᠤᠯᠵᠤ ᠪᠠᠢᠭᠠᠳ ᠴᠢᠳᠠᠪᠤᠷᠢᠲᠠᠨ ᠤᠷᠢᠬᠤ᠂ ᠬᠥᠮᠦᠵᠢᠭᠦᠯᠬᠦ᠌᠂ ᠬᠡᠷᠡᠭ᠌ᠯᠡᠬᠦ᠌᠂ ᠦᠯᠡᠳᠡᠭᠡᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠨᠡᠢᠭᠡᠮ ᠲᠣᠭᠣᠷᠢᠭ᠎ᠤᠨ ᠦᠢᠯᠡᠴᠢᠯᠡᠭᠡ᠂ ᠨᠡᠢᠭᠡᠮ᠎ᠦᠨ ᠠᠮᠤᠷ ᠲᠦᠪᠱᠢᠨ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠢᠳᠡᠭᠡᠨ᠎ᠦ ᠠᠮᠤᠷ ᠲᠦᠪᠱᠢᠨ᠂ ᠣᠷᠴᠢᠨ ᠲᠣᠭᠣᠷᠢᠨ᠎ᠤ ᠵᠠᠰᠠᠯᠲᠠ᠂ ᠬᠠᠤᠯᠢ ᠴᠠᠭᠠᠵᠠ᠎ᠶ᠋ᠢᠨ ᠲᠥᠪ ᠭᠣᠣᠯᠴᠢ᠂ ᠵᠠᠰᠠᠭ᠎ᠤᠨ ᠣᠷᠳᠣᠨ᠎ᠤ ᠦᠢᠯᠡᠴᠢᠯᠡᠭᠡ᠂ ᠰᠣᠶᠣᠯ᠎ᠤᠨ ᠠᠮᠢᠳᠤᠷᠠᠯ᠂ ᠨᠡᠢᠭᠡᠮ᠎ᠦᠨ ᠪᠠᠲᠤᠯᠠᠭ᠎ᠠ ᠪᠣᠯᠤᠨ ᠠᠰᠠᠷᠠᠮᠵᠢ᠂ ᠰᠠᠭᠤᠷᠢ ᠲᠥᠬᠥᠭᠡᠷᠦᠮᠵᠢ᠂ ᠠᠮᠢᠳᠤᠷᠠᠯ᠎ᠤᠨ ᠥᠪᠡᠷ᠎ᠦᠨ ᠦᠷᠳᠡᠭ᠂ ᠡᠮ ᠡᠮᠨᠡᠯᠭᠡ ᠪᠣᠯᠤᠨ ᠨᠠᠰᠤᠵᠢᠯ᠎ᠤᠨ ᠠᠰᠠᠷᠠᠮᠵᠢ ᠵᠡᠷᠭᠡ ᠲᠠᠯ᠎ᠠ᠎ᠪᠠᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠠᠵᠢᠯ᠎ᠢ ᠴᠥᠬᠥᠷᠡᠰᠢ ᠦᠭᠡᠢ ᠰᠠᠢᠲᠤᠷ ᠬᠢᠵᠦ᠍᠂ ᠴᠢᠳᠠᠪᠤᠷᠢᠲᠠᠨ᠎ᠢ ᠲᠠᠲᠠᠵᠤ ᠦᠯᠡᠳᠡᠭᠡᠬᠦ᠌ ᠬᠡᠷᠡᠭ᠌ᠲᠡᠢ᠃ ᠬᠣᠶᠠᠷ᠎ᠲᠤ᠌᠂ ᠱᠢᠨ᠎ᠡ᠎ᠶ᠋ᠢ ᠡᠭᠦᠳᠬᠦ᠌ ᠣᠷᠣᠭᠤᠯᠤᠯᠲᠠ ᠬᠦᠷᠦᠯᠴᠡᠬᠦ᠌ ᠦᠭᠡᠢ ᠠᠰᠠᠭᠤᠳᠠᠯ᠃ ᠣᠳᠣᠬᠠᠨ᠎ᠳᠤ ᠮᠠᠨ᠎ᠤ ᠣᠷᠣᠨ᠎ᠤ ᠠᠵᠤ ᠦᠢᠯᠡᠰ᠎ᠦᠨ ᠪᠦᠲᠦᠴᠡ ᠨᠢ ᠰᠤᠳᠤᠯᠤᠨ ᠨᠡᠭᠡᠭᠡᠬᠦ᠌ ᠪᠡᠯᠡ ᠮᠥᠩᠭᠥ᠎ᠶ᠋ᠢᠨ ᠴᠢᠨᠠᠬᠰᠢᠳᠠ ᠣᠷᠣᠭᠤᠯᠤᠯᠲᠠ᠎ᠶ᠋ᠢ ᠬᠢᠵᠠᠭᠠᠷᠯᠠᠵᠤ ᠪᠠᠢᠨ᠎ᠠ᠃ ᠨᠡᠭᠦᠷᠡᠰᠦ᠎ᠪᠡᠷ ᠲᠥᠯᠥᠭᠡᠯᠡᠭᠦᠯᠦᠭ᠌ᠰᠡᠨ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠰᠡᠯ ᠡᠷᠡᠮᠡᠯᠵᠡᠯ ᠪᠠ ᠱᠢᠨ᠎ᠡ᠎ᠶ᠋ᠢ ᠡᠭᠦᠳᠬᠦ᠌ ᠪᠡᠯᠡ ᠣᠷᠣᠭᠤᠯᠤᠯᠲᠠ ᠨᠢ ᠣᠳᠣ ᠦᠶ᠎ᠡ᠎ᠶ᠋ᠢᠨ ᠦᠢᠯᠡᠳᠬᠦ᠌ ᠦᠢᠯᠡᠰ᠎ᠡᠴᠡ ᠳᠣᠣᠷ᠎ᠠ ᠪᠠᠢᠨ᠎ᠠ᠂ ᠡᠨᠡ ᠬᠦ᠌ ᠠᠰᠠᠭᠤᠳᠠᠯ᠎ᠢ ᠠᠵᠤ ᠦᠢᠯᠡᠰ᠎ᠦᠨ ᠳᠡᠰ ᠳᠡᠪᠱᠢᠬᠦ᠌᠎ᠳᠦ ᠲᠦᠱᠢᠭ᠌ᠯᠡᠨ ᠱᠢᠶ᠋ᠳᠪᠦᠷᠢᠯᠡᠬᠦ᠌ ᠬᠡᠷᠡᠭ᠌ᠲᠡᠶ᠃ ᠭᠤᠷᠪᠠ᠎ᠳᠤ᠂ 《ᠢᠷᠡᠭᠡᠳᠦᠢ᠎ᠶ᠋ᠢᠨ ᠠᠵᠤ ᠦᠢᠯᠡᠰ》᠎ᠲᠦ ᠴᠢᠭᠯᠡᠬᠦᠯᠵᠦ ᠱᠢᠨ᠎ᠡ᠎ᠶ᠋ᠢ ᠡᠭᠦᠳᠬᠦ᠌ ᠬᠡᠯᠬᠢᠶ᠎ᠡ᠎ᠵᠢ ᠪᠠᠢᠷᠢᠰᠢᠭᠤᠯᠬᠤ ᠠᠰᠠᠭᠤᠳᠠᠯ᠃ 《ᠠᠩᠬᠠᠳᠤᠭᠠᠷ ᠲᠠᠪᠤᠨ ᠵᠢᠯ》 ᠡᠴᠡ ᠨᠠᠭᠠᠰᠢ᠂ ᠮᠠᠨ᠎ᠤ ᠣᠷᠣᠨ ᠱᠢᠨᠵᠢᠯᠡᠬᠦ᠌ ᠤᠬᠠᠭᠠᠨ᠎ᠤ ᠰᠤᠳᠤᠯᠤᠯ᠎ᠤᠨ ᠭᠤᠤᠯᠳᠠᠯᠭ᠎ᠠ᠎ᠪᠠᠨ ᠮᠠᠯ ᠠᠵᠤ ᠠᠬᠤᠶ᠂ ᠮᠠᠯ ᠡᠮᠨᠡᠯᠭᠡ᠂ ᠲᠠᠷᠢᠶᠠᠯᠠᠩ᠂ ᠣᠶ ᠱᠢᠭᠤᠶ᠂ ᠪᠣᠯᠣᠳ ᠲᠡᠮᠦᠷ᠂ ᠬᠥᠮᠦᠨ ᠮᠠᠯ᠎ᠳᠤ ᠲᠤᠰᠳᠠᠭ ᠡᠪᠡᠳᠴᠢᠨ ᠬᠡᠮ᠎ᠢ ᠡᠮᠨᠡᠨ ᠵᠠᠰᠠᠬᠤ ᠵᠡᠷᠭᠡ ᠬᠦᠷᠢᠶᠡᠨ᠎ᠳᠦ ᠲᠠᠯᠪᠢᠪᠠ᠃ ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠡᠴᠡ ᠨᠠᠭᠠᠰᠢ᠂ ᠪᠥᠬᠥ᠌ ᠣᠷᠣᠨ᠎ᠤ ᠴᠢᠬᠤᠯᠠ ᠶᠡᠬᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠨᠢ ᠭᠤᠤᠯᠳᠠᠭᠤ ᠬᠤᠷᠤᠭᠤ ᠱᠢᠯ᠎ᠦᠨ ᠦᠬᠡᠷ ᠬᠣᠨᠢ᠂ ᠰᠠᠢᠨ ᠡᠭᠦᠯᠳᠡᠷ᠎ᠦᠨ ᠮᠠᠯ᠂ ᠲᠡᠵᠢᠭᠡᠯ ᠪᠣᠷᠳᠣᠭ᠎ᠠ ᠵᠡᠷᠭᠡ ᠲᠠᠯ᠎ᠠ᠎ᠪᠠᠷ ᠢᠯᠡᠷᠡᠵᠦ᠍ ᠪᠠᠢᠨ᠎ᠠ᠃ ᠱᠢᠨ᠎ᠡ ᠵᠠᠭᠤᠨ ᠳᠦ ᠣᠷᠣᠬ᠍ᠰᠠᠨ ᠡᠴᠡ ᠨᠠᠭᠠᠰᠢ᠂ ᠮᠠᠨ᠎ᠤ ᠣᠷᠣᠨ᠎ᠤ ᠰᠤᠳᠤᠯᠤᠨ ᠨᠡᠭᠡᠭᠡᠬᠦ᠌ ᠵᠠᠷᠤᠳᠠᠯ᠎ᠤᠨ ᠵᠣᠩᠬᠢᠯᠠᠬᠤ ᠲᠣᠭ᠎ᠠ᠎ᠶ᠋ᠢ ᠬᠢᠮᠢ᠎ᠶ᠋ᠢᠨ ᠠᠵᠤ ᠦᠶ᠋ᠯᠡᠳᠪᠦᠷᠢ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠬᠦ᠌᠂ ᠲᠡᠮᠦᠷᠯᠢᠭ ᠬᠠᠢᠯᠤᠭᠤᠯᠵᠤ ᠪᠤᠯᠪᠠᠰᠤᠷᠠᠭᠤᠯᠬᠤ ᠵᠡᠷᠭᠡ ᠤᠯᠠᠮᠵᠢᠯᠠᠯᠲᠤ ᠠᠵᠤ ᠦᠶ᠋ᠯᠡᠰ᠎ᠦᠨ ᠬᠦᠷᠢᠶᠡᠨ᠎ᠳᠦ ᠣᠷᠣᠭᠤᠯᠵᠠᠶ᠃ ᠣᠳᠣᠬᠠᠨ᠎ᠳᠤ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》᠎ᠶ᠋ᠢ ᠠᠬᠢᠭᠤᠯᠵᠤ᠂ ᠪᠥᠬᠥ᠌ ᠣᠷᠣᠨ᠎ᠤ ᠰᠤᠳᠤᠯᠤᠨ ᠨᠡᠭᠡᠭᠡᠬᠦ᠌ ᠭᠤᠤᠯᠳᠠᠯᠭ᠎ᠠ᠎ᠪᠠᠨ ᠬᠣᠪᠣᠷ ᠱᠢᠷᠣᠶ᠎ᠶ᠋ᠢᠨ ᠬᠡᠷᠡᠭ᠌ᠯᠡᠭᠡᠨ᠂ ᠪᠠᠯ ᠴᠢᠯᠠᠭᠤ (ᠠᠯᠺᠧᠨ) ᠶ᠋ᠢᠨ ᠱᠢᠨ᠎ᠡ ᠮᠠᠲ᠋ᠧᠷᠢᠶᠠᠯ᠂ ᠡᠨᠧᠷᠭᠢ ᠬᠠᠳᠠᠭᠠᠯᠠᠬᠤ ᠮᠡᠷᠭᠡᠵᠢᠯ᠂ ᠳᠡᠭᠡᠳᠦ ᠮᠤᠯᠸᠺᠦ᠋ᠯᠲᠤ ᠨᠡᠢᠯᠡᠮᠡᠯ ᠮᠠᠲ᠋ᠧᠷᠢᠶᠠᠯ᠂ ᠮᠣᠩᠭᠣᠯ ᠬᠢᠲᠠᠳ ᠡᠮ ᠡᠮᠨᠡᠯᠭᠡ᠂ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶ᠎ᠡ ᠵᠡᠷᠭᠡ ᠬᠦᠷᠢᠶᠡᠨ᠎ᠳᠦ ᠲᠠᠯᠪᠢᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠬᠤ ᠱᠠᠭᠠᠷᠳᠠᠯᠭ᠎ᠠ᠎ᠳᠤ ᠨᠡᠢᠴᠡᠵᠦ᠍ ᠪᠠᠢᠭ᠎ᠠ ᠪᠣᠯᠪᠠᠴᠤ᠌ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠲᠣᠭᠣᠷᠢᠨ᠎ᠳᠤ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠢᠷᠢᠱᠢᠭᠤᠯᠬᠤ ᠠᠰᠠᠭᠤᠳᠠᠯ᠎ᠢ ᠬᠠᠷᠠᠬᠠᠨ ᠱᠢᠶ᠋ᠳᠪᠦᠷᠢᠯᠡᠭᠡᠳᠦᠶ ᠪᠠᠢᠭ᠍ᠰᠠᠭᠠᠷ᠃
ᠬᠤᠳᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠤᠨ᠎ᠠ
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠬᠤᠳᠠ ᠬᠥᠳᠡᠭᠡ᠎ᠶ᠋ᠢᠨ ᠠᠭᠤᠰᠤᠯᠴᠠᠯ ᠪᠠ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠬᠦᠴᠦᠯᠡᠨ ᠠᠬᠢᠭᠤᠯᠤᠨ᠎ᠠ ᠭᠡᠵᠦ᠍ ᠳᠤᠷᠠᠳᠪᠠ᠃ 2021 ᠣᠨ᠎ᠳᠤ ᠮᠠᠨ᠎ᠤ ᠣᠷᠣᠨ᠎ᠤ ᠮᠠᠯ ᠠᠵᠤ ᠠᠬᠤᠶ ᠲᠠᠷᠢᠶᠠᠯᠠᠩ᠎ᠤᠨ ᠭᠠᠵᠠᠷ ᠣᠷᠣᠨ᠎ᠤ ᠠᠵᠤ ᠠᠬᠤᠶ᠎ᠳᠠᠬᠢ ᠡᠵᠡᠯᠡᠬᠦ᠌ ᠬᠠᠷᠢᠴᠠᠯ 10.8% ᠪᠠᠢᠵᠤ᠂ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠵᠠᠭᠤᠨ᠎ᠤ ᠬᠠᠷᠢᠴᠠᠯ᠎ᠢᠶᠠᠷ 3.5 ᠬᠤᠪᠢ ᠥᠨᠳᠥᠷ ᠪᠣᠯᠵᠠᠶ ; 2020 ᠣᠨ᠎ᠳᠤ ᠨᠢᠭᠡᠳᠦᠭᠡᠷ ᠠᠵᠤ ᠦᠶ᠋ᠯᠡᠰ᠎ᠦᠨ ᠠᠵᠢᠯ ᠣᠯᠭᠣᠯᠲᠠ᠎ᠶ᠋ᠢᠨ ᠬᠠᠷᠢᠴᠠᠯ 35.7%᠎ᠳ᠋ᠤ ᠬᠦᠷᠴᠦ᠍᠂ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠵᠠᠭᠤᠨ᠎ᠦ ᠬᠠᠷᠢᠴᠠᠯ ᠵᠢᠡᠷ 8.7 ᠬᠤᠪᠢ ᠥᠨᠳᠥᠷ ᠪᠣᠯᠪᠠ᠃ ᠮᠠᠯ ᠠᠵᠤ ᠠᠬᠤᠶ ᠲᠠᠷᠢᠶᠠᠯᠠᠩ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠮᠥᠨ ᠬᠦ᠌ ᠡᠭᠦᠷᠭᠡ ᠬᠦᠨᠳᠦ ᠵᠠᠮ ᠬᠣᠯᠠ ᠪᠠᠢᠨ᠎ᠠ᠃ ᠣᠳᠣᠬᠠᠨ᠎ᠳᠤ ᠪᠢᠳᠡ ᠭᠠᠵᠠᠷ ᠠᠭᠤᠳᠠᠮ ᠬᠥᠮᠦᠨ ᠴᠥᠭᠡᠨ᠂ ᠮᠠᠯ ᠠᠵᠤ ᠠᠬᠤᠶ ᠲᠠᠷᠢᠶᠠᠯᠠᠩ ᠬᠤᠤᠰᠯᠠᠭ᠍ᠰᠠᠨ ᠣᠷᠣᠨ᠎ᠤ ᠪᠠᠢᠳᠠᠯ᠎ᠲᠠᠶ ᠤᠶᠠᠯᠳᠤᠭᠤᠯᠤᠨ᠂ ᠣᠨᠣᠪᠴᠢᠲᠠᠶ ᠲᠥᠰᠦᠭᠡᠯᠡᠵᠦ᠍ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠵᠠᠰᠠᠭ᠎ᠤᠨ ᠣᠷᠳᠣᠨ ᠪᠣᠯᠤᠨ ᠵᠠᠬ᠎ᠠ ᠳᠡᠯᠭᠡᠭᠦᠷ᠎ᠦᠨ ᠬᠠᠮᠲᠤᠷᠠᠯ ᠬᠦᠴᠦᠨ᠎ᠦ ᠦᠶ᠋ᠯᠡᠳᠦᠯ᠎ᠢ ᠪᠠᠳᠠᠷᠠᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠠᠬᠢᠭᠤᠯᠬᠤ ᠬᠡᠷᠡᠭ᠌ᠲᠡᠶ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠠᠰᠤᠷᠠᠯᠲᠠ ᠥᠬᠡᠶ ᠲᠦᠷᠭᠡᠳᠬᠦ᠌᠎ᠶ᠋ᠢ ᠳᠠᠭᠠᠯᠳᠤᠨ᠂ ᠬᠣᠲᠠ᠎ᠶ᠋ᠢᠨ ᠬᠣᠭᠣᠷᠣᠨᠳᠣᠬᠢ ᠰᠣᠯᠢᠯᠴᠠᠭ᠎ᠠ ᠬᠠᠷᠢᠯᠴᠠᠭ᠎ᠠ ᠴᠤ᠌ ᠡᠳᠦᠷ ᠢᠷᠡᠬᠦᠶ᠎ᠡ ᠨᠢᠭ᠍ᠲᠠᠷᠠᠵᠤ᠂ ᠲᠥᠪ ᠬᠣᠲᠠ ᠪᠣᠯᠤᠨ ᠬᠣᠲᠠ᠎ᠶ᠋ᠢᠨ ᠰᠦᠷᠦᠭ᠌ᠵᠢᠯ ᠨᠢ ᠶᠠᠭ ᠬᠥᠭ᠌ᠵᠢᠯᠲᠡ᠎ᠶ᠋ᠢᠨ ᠬᠦᠴᠦᠨ ᠵᠦᠶ᠋ᠯ᠎ᠢ ᠠᠴᠢᠶᠠᠯᠠᠬᠤ ᠭᠤᠤᠯ ᠬᠡᠯᠪᠡᠷᠢ ᠪᠣᠯᠵᠣ᠂ ᠬᠣᠲᠠ᠎ᠶ᠋ᠢᠨ ᠰᠦᠷᠦᠭ᠌ᠵᠢᠯ᠎ᠢᠶᠡᠷ ᠭᠤᠤᠯ ᠠᠴᠢᠶᠠᠯᠠᠭ᠍ᠴᠢ ᠪᠣᠯᠭᠠᠨ ᠲᠣᠮᠣ ᠳᠤᠮᠳᠠ ᠵᠢᠵᠢᠭ ᠬᠣᠲᠠ ᠵᠢᠴᠢ ᠵᠢᠵᠢᠭ ᠬᠣᠲᠠ ᠪᠠᠯᠭᠠᠰᠤ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠪᠡᠶᠡᠯᠡᠭᠦᠯᠵᠦ᠍᠂ ᠨᠢᠭᠡᠨᠲᠡ ᠨᠡᠢᠳᠡᠮ ᠮᠡᠳᠡᠷᠡᠭ᠌ᠳᠡᠭ᠌ᠰᠡᠨ ᠬᠣᠲᠠ ᠪᠠᠯᠭᠠᠰᠤᠵᠢᠯᠲᠠ᠎ᠶ᠋ᠢᠨ ᠵᠠᠮ ᠪᠣᠯᠤᠭ᠍ᠰᠠᠨ ᠪᠠᠢᠨ᠎ᠠ᠃ ᠮᠠᠨ᠎ᠤ ᠣᠷᠣᠨ ᠱᠢᠨ᠎ᠡ ᠮᠠᠶᠢᠭ᠎ᠤᠨ ᠬᠣᠲᠠ ᠪᠠᠯᠭᠠᠰᠤᠵᠢᠯᠲᠠ᠎ᠶ᠋ᠢᠨ ᠡᠯ᠎ᠡ ᠵᠦᠶ᠋ᠯ᠎ᠦᠨ ᠠᠵᠢᠯ᠎ᠢ ᠦᠷᠭᠦᠯᠵᠢᠯᠡᠨ ᠪᠦᠲᠦᠮᠵᠢᠲᠡᠶ ᠠᠬᠢᠭᠤᠯᠵᠤ᠂ ᠬᠣᠲᠠ ᠪᠠᠯᠭᠠᠰᠤᠵᠢᠯᠲᠠ᠎ᠶ᠋ᠢᠨ ᠲᠦᠪᠱᠢᠨ ᠪᠠ ᠶᠠᠰᠤ ᠴᠢᠨᠠᠷ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠥᠩᠭᠡᠷᠡᠭ᠌ᠰᠡᠨ ᠲᠠᠪᠤᠨ ᠵᠢᠯ᠎ᠳᠦ ᠬᠣᠲᠠ ᠪᠠᠯᠭᠠᠰᠤᠵᠢᠯᠲᠠ᠎ᠶ᠋ᠢᠨ ᠨᠣᠷᠮ᠎ᠠ 64.6% ᠪᠠᠢᠭ᠍ᠰᠠᠨ᠎ᠠᠴᠠ᠎ᠪᠠᠨ ᠳᠡᠭᠡᠭ᠌ᠰᠢᠯᠡᠭᠡᠳ 69% ᠱᠢᠬᠠᠮ ᠪᠣᠯᠵᠠᠶ᠃ ᠣᠲᠣ᠎ᠶ᠋ᠢᠨ ᠬᠡᠷᠡᠭ᠌ᠵᠢᠭᠦᠯᠵᠦ᠍ ᠪᠠᠢᠭ᠎ᠠ ᠲᠥᠯᠥᠪᠵᠢᠭᠦᠯᠭᠡ ᠶᠣᠰᠣᠭᠠᠷ ᠂ 2035 ᠣᠨ ᠪᠣᠯᠬᠤ᠎ᠳᠤ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭᠠᠰᠤᠵᠢᠯᠲᠠ᠎ᠶ᠋ᠢ ᠪᠣᠯᠪᠠᠰᠤᠷᠠᠩᠭᠤᠶ ᠬᠤᠭᠤᠴᠠᠭᠠᠨ᠎ᠳᠤ ᠣᠷᠣᠭᠤᠯᠵᠤ᠂ ᠪᠥᠬᠥ᠌ ᠤᠯᠤᠰ᠎ᠲᠠᠶ ᠬᠠᠮᠲᠤ᠎ᠪᠠᠷ ᠬᠣᠲᠠ ᠪᠠᠯᠭᠠᠰᠤᠵᠢᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠵᠦ᠍᠂ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠣᠲᠠ ᠪᠠᠯᠭᠠᠰᠤᠵᠢᠯᠲᠠ᠎ᠶ᠋ᠢᠨ ᠨᠣᠷᠮ᠎ᠠ᠎ᠶ᠋ᠢ 72% ᠣᠷᠴᠢᠮ᠎ᠳᠤ ᠬᠦᠷᠭᠡᠨ᠎ᠡ᠃
ᠥᠪᠥᠷ ᠮᠣᠩᠭᠣᠯ᠎ᠦᠨ ᠭᠠᠵᠠᠷ ᠣᠷᠣᠨ᠎ᠤ ᠬᠣᠭᠣᠷᠣᠨᠳᠣᠬᠢ ᠬᠥᠭ᠌ᠵᠢᠯᠲᠡ ᠲᠡᠩᠴᠡᠭᠦᠷᠢ ᠥᠬᠡᠶ ᠵᠣᠬᠢᠴᠠᠩᠭᠤᠶ ᠪᠤᠰᠤ ᠪᠠᠢᠬᠤ ᠪᠣᠯ ᠣᠷᠣᠨ᠎ᠤ ᠦᠨᠳᠦᠰᠦᠨ ᠪᠠᠢᠳᠠᠯ ᠪᠣᠯᠤᠨ᠎ᠠ᠃ ᠶᠡᠷᠦᠩᠬᠡᠶᠳᠦᠨᠢ ᠠᠪᠴᠤ᠌ ᠦᠵᠡᠪᠡᠯ᠂ ᠮᠠᠨ᠎ᠤ ᠣᠷᠣᠨ᠎ᠤ ᠡᠯ᠎ᠡ ᠠᠢᠮᠠᠭ ᠬᠣᠲᠠ᠎ᠶ᠋ᠢᠨ ᠠᠵᠤ ᠠᠬᠤᠶ᠎ᠶ᠋ᠢᠨ ᠬᠥᠭ᠌ᠵᠢᠯᠲᠡ ᠲᠡᠩᠴᠡᠭᠦᠷᠢ ᠦᠭᠡᠶ ᠪᠠᠢᠬᠤ᠎ᠶ᠋ᠢᠨ ᠬᠠᠮᠲᠤ ᠣᠷᠣᠨ ᠪᠦᠰᠡ᠎ᠶ᠋ᠢᠨ ᠳᠣᠲᠣᠷ᠎ᠠ ᠨᠥᠯᠥᠭᠡᠯᠡᠨ ᠳᠠᠢᠴᠢᠯᠠᠬᠤ ᠦᠢᠯᠡᠳᠦᠯ᠎ᠢᠶᠡᠷ ᠴᠢᠩᠭ᠎ᠠ ᠶᠡᠬᠡ ᠬᠣᠲᠠ ᠳᠤᠲᠠᠭ᠍ᠳᠠᠵᠤ ᠪᠠᠢᠨ᠎ᠠ᠃ ᠬᠥᠬᠡᠬᠣᠲᠠ ᠪᠤᠭᠤᠲᠤ ᠣᠷᠳᠣᠰ ᠭᠠᠵᠠᠷ ᠣᠷᠣᠨ᠎ᠤ ᠠᠵᠤ ᠠᠬᠤᠶ᠎ᠶ᠋ᠢᠨ ᠬᠡᠮᠵᠢᠶ᠎ᠡ ᠬᠠᠷᠢᠴᠠᠩᠭᠤᠶ᠎ᠪᠠᠷ ᠨᠡᠯᠢᠶᠡᠳ ᠶᠡᠬᠡ ᠪᠣᠯᠪᠠᠴᠤ᠌ ᠬᠥᠬᠡᠬᠣᠲᠠ ᠮᠥᠨ ᠯᠡ 《 ᠪᠠᠭᠤᠷᠠᠶ ᠮᠤᠵᠢ᠎ᠶ᠋ᠢᠨ ᠲᠥᠪ》᠎ᠲᠤ ᠬᠠᠷᠢᠶᠠᠯᠠᠭ᠍ᠳᠠᠵᠤ ᠪᠠᠢᠨ᠎ᠠ; ᠪᠤᠭᠤᠲᠤ ᠬᠣᠲᠠ᠎ᠶ᠋ᠢᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠪᠥᠬᠥ᠌ ᠤᠯᠤᠰ᠎ᠤᠨ ᠬᠣᠲᠠ᠎ᠶ᠋ᠢᠨ ᠨᠡᠷᠡᠰ᠎ᠦᠨ ᠵᠢᠭ᠍ᠰᠠᠭᠠᠯᠲᠠ᠎ᠳᠤ ᠲᠦᠷᠦᠬᠦᠨ ᠦ ᠬᠢ ᠡᠴᠡ ᠪᠠᠨ ᠪᠠᠭᠤᠷᠠᠪᠠ ; ᠣᠷᠳᠣᠰ ᠬᠣᠲᠠ ᠬᠠᠲᠤᠨ ᠭᠤᠤᠯ᠎ᠤᠨ ᠳᠤᠮᠳᠠ ᠳᠡᠭᠡᠳᠦ ᠤᠷᠤᠰᠭᠠᠯ᠎ᠳᠤ ᠪᠠᠢᠷᠢᠯᠠᠵᠤ᠂ ᠬᠠᠲᠤᠨ ᠭᠤᠤᠯ᠎ᠤᠨ ᠤᠭᠠᠯᠵᠠᠨ ᠲᠤᠬᠤᠢ ᠵᠢᠨ ᠲᠤᠳᠤᠷ ᠭᠠᠵᠠᠷ ᠪᠠᠢᠷᠢᠯᠠᠵᠦ᠍ ᠪᠠᠢᠳᠠᠭ᠂ ᠣᠷᠳᠣᠰ ᠬᠣᠲᠠ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠡᠭᠦᠷᠭᠡ ᠨᠡᠯᠢᠶᠡᠳ ᠬᠦᠨᠳᠦ ᠪᠠᠢᠨ᠎ᠠ᠃ ᠵᠡᠭᠦᠨ ᠬᠡᠰᠡᠭ᠎ᠦᠨ ᠠᠢᠮᠠᠭ ᠬᠣᠲᠠ᠎ᠶ᠋ᠢᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ 《ᠬᠤᠤᠰ 70 ᠬᠤᠤᠰ 80》᠎ᠶ᠋ᠢᠨ ᠣᠨᠴᠠᠯᠢᠭ᠎ᠲᠠᠶ᠂ ᠲᠤᠬᠠᠢᠯᠠᠪᠠᠯ ᠶᠠᠳᠠᠭᠤ᠎ᠠᠴᠠ ᠠᠩᠭᠢᠵᠢᠷᠠᠭᠤᠯᠬᠤ᠎ᠠᠴᠠ ᠡᠮᠦᠨ᠎ᠡ 70% ᠶ᠋ᠢᠨ ᠶᠠᠳᠠᠭᠤ ᠬᠦᠴᠢᠷᠳᠡᠯᠲᠡᠶ ᠬᠥᠮᠦᠨ ᠠᠮᠠ᠂ 80% ᠡᠴᠡ ᠳᠡᠭᠡᠭ᠌ᠰᠢᠬᠢ ᠴᠥᠭᠡᠨ ᠲᠣᠭᠠᠲᠤ ᠦᠨᠳᠦᠰᠦᠲᠡᠨ᠎ᠦ ᠬᠥᠮᠦᠨ ᠠᠮᠠ᠎ᠨᠢ ᠵᠡᠭᠦᠨ ᠬᠡᠰᠡᠭ᠎ᠦᠨ ᠠᠢᠮᠠᠭ ᠬᠣᠲᠠ᠎ᠳᠤ ᠪᠠᠢᠵᠦ᠍᠂ ᠪᠥᠬᠥ᠌ ᠣᠷᠣᠨ᠎ᠤ 70 % ᠡᠴᠡ ᠳᠡᠭᠡᠭ᠌ᠰᠢᠬᠢ ᠮᠠᠯ ᠤᠨᠤᠭ᠎ᠠ ᠪᠣᠯᠤᠨ ᠮᠢᠬᠠᠨ᠎ᠤ ᠵᠦᠶ᠋ᠯ᠎ᠦᠨ ᠭᠠᠷᠤᠯᠲᠠ᠂ 80 % ᠡᠴᠡ ᠳᠡᠭᠡᠭ᠌ᠰᠢᠬᠢ ᠠᠮᠤ ᠪᠤᠳᠠᠭᠠᠨ᠎ᠤ ᠭᠠᠷᠤᠯᠲᠠ᠎ᠨᠢ ᠵᠡᠭᠦᠨ ᠬᠡᠰᠡᠭ᠎ᠦᠨ ᠠᠢᠮᠠᠭ ᠬᠣᠲᠠ᠎ᠡᠴᠡ ᠢᠷᠡᠯᠲᠡ᠎ᠲᠡᠶ ᠶᠤᠮ᠃ ᠭᠡᠪᠡᠴᠦ᠍ ᠵᠡᠭᠦᠨ ᠬᠡᠰᠡᠭ᠎ᠦᠨ ᠠᠢᠮᠠᠭ ᠬᠣᠲᠠ᠎ᠶ᠋ᠢᠨ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠢᠯᠡᠳᠪᠦᠷᠢ ᠨᠢ ᠵᠥᠪᠬᠡᠨ ᠪᠦᠬᠦ᠌ ᠣᠷᠣᠨ᠎ᠤ 1/4 ᠣᠷᠴᠢᠮ᠎ᠢ ᠡᠵᠡᠯᠡᠵᠦ᠍᠂ ᠠᠵᠤ ᠦᠢᠯᠡᠳᠪᠦᠷᠢᠵᠢᠯᠲᠡ᠎ᠶ᠋ᠢᠨ ᠠᠬᠢᠴᠠ ᠬᠠᠷᠢᠴᠠᠩᠭᠤᠶ ᠬᠣᠴᠣᠷᠴᠤ᠌᠂ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠨᠥᠯᠥᠭᠡᠯᠡᠬᠦ᠌ ᠦᠭᠡᠶ ᠪᠠᠢᠬᠤ ᠤᠷᠢᠲᠠᠯ ᠳᠣᠣᠷ᠎ᠠ ᠬᠣᠶᠠᠷ᠂ ᠭᠤᠷᠪᠠᠳᠤᠭᠠᠷ ᠠᠵᠤ ᠦᠢᠯᠡᠰ᠎ᠦᠨ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ ᠬᠡᠷᠡᠭ᠌ᠳᠡᠢ᠃ ᠬᠤᠳᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠨᠡᠩ ᠥᠨᠳᠥᠷ ᠲᠦᠪᠱᠢᠨ ᠲᠡᠢᠰᠢ ᠠᠬᠢᠭᠤᠯᠬᠤ᠎ᠳᠤ᠂ ᠤᠯᠤᠰ᠎ᠤᠨ ᠣᠷᠣᠨ ᠪᠦᠰᠡ᠎ᠶ᠋ᠢᠨ ᠴᠢᠬᠤᠯᠠ ᠶᠡᠬᠡ ᠪᠠᠢᠯᠳᠤᠬᠤ ᠪᠤᠳᠤᠯᠭ᠎ᠠ ᠪᠣᠯᠤᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠣᠷᠣᠨ ᠪᠦᠰᠡ᠎ᠶ᠋ᠢᠨ ᠬᠡᠰᠡᠭ᠌ᠯᠡᠯ᠎ᠢ ᠴᠢᠨᠠᠭ᠍ᠰᠢᠳᠠ ᠡᠪᠳᠡᠵᠦ᠍᠂ ᠣᠷᠣᠨ ᠪᠦᠰᠡ᠎ᠶ᠋ᠢᠨ ᠬᠠᠮᠲᠤᠷᠠᠯᠴᠠᠭ᠎ᠠ ᠬᠠᠮᠵᠢᠯᠴᠠᠭ᠎ᠠ᠎ᠶ᠋ᠢᠨ ᠠᠵᠢᠯᠯᠠᠭᠠᠨ᠎ᠤ ᠲᠣᠭ᠍ᠲᠠᠴᠠ᠎ᠶ᠋ᠢ ᠪᠦᠷᠢᠨᠱᠢᠬᠦᠯᠵᠤ᠂ ᠤᠳᠤ ᠦᠶ᠎ᠡ᠎ᠶ᠋ᠢᠨ ᠭᠦᠢᠯᠭᠡᠭᠡᠨ᠎ᠦ ᠱᠢᠰᠲ᠋ᠸᠮᠤᠨ ᠪᠠᠢᠭᠤᠯᠤᠯᠲᠠ᠎ᠶ᠋ᠢ ᠴᠢᠩᠭᠠᠳᠭᠠᠵᠤ᠂ ᠤᠯᠤᠰ᠎ᠤᠨ ᠳᠣᠲᠣᠭᠠᠳᠤ᠎ᠶ᠋ᠢᠨ ᠨᠢᠭᠡᠳᠦᠯᠲᠡᠢ ᠶᠡᠬᠡ ᠵᠠᠬ᠎ᠠ ᠳᠡᠯᠭᠡᠭᠦᠷ᠎ᠲᠦ ᠲᠦᠷᠭᠡᠨ ᠠᠭᠤᠰᠤᠯᠴᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠦ ᠳᠠᠯᠳᠠ ᠬᠦᠴᠦᠨ᠎ᠢ ᠲᠠᠰᠤᠷᠠᠯᠳᠠ ᠦᠭᠡᠢ ᠬᠥᠭ᠌ᠵᠢᠭᠡᠬᠦ᠌ ᠬᠡᠷᠡᠭ᠌ᠲᠡᠢ᠃
ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠶ᠎ᠪᠠᠷ ᠬᠠᠮᠲᠤ ᠣᠷᠣᠱᠢᠬᠤ ᠳᠤᠮᠳᠠ ᠪᠣᠬᠢᠷᠲᠤᠯ ᠦᠭᠡᠢ ᠬᠥᠭ᠌ᠵᠢᠯᠲᠡ᠎ᠶ᠋ᠢ ᠪᠡᠶᠡᠯᠡᠭᠦᠯᠦᠨ᠎ᠡ
ᠥᠪᠥᠷ ᠮᠣᠩᠭᠣᠯ᠎ᠤᠨ ᠠᠮᠢ ᠠᠬᠤᠶ᠎ᠶ᠋ᠢᠨ ᠣᠷᠣᠨ ᠪᠠᠢᠷᠢ ᠲᠤᠢᠯ᠎ᠤᠨ ᠴᠢᠬᠤᠯᠠ ᠪᠠᠢᠵᠤ᠂ ᠭᠤᠷᠪᠠᠨ ᠤᠮᠠᠷᠠᠲᠤ᠎ᠶ᠋ᠢ ᠰᠤᠨᠳᠠᠯᠠᠨ᠂ ᠪᠡᠭᠡᠵᠢᠩ ᠲᠢᠶᠠᠨᠵᠢᠨ᠎ᠡᠴᠡ ᠤᠢᠷ᠎ᠠ ᠪᠠᠢᠵᠦ᠂ ᠬᠠᠲᠤᠨ ᠭᠣᠣᠯ᠎ᠤᠨ ᠳᠤᠮᠳᠠ ᠤᠷᠤᠰᠭᠠᠯ᠎ᠤᠨ ᠤᠰᠤ᠎ᠶ᠋ᠢ ᠬᠠᠮᠠᠭᠠᠯᠠᠨ ᠡᠯᠡᠰᠦ᠎ᠶ᠋ᠢ ᠬᠠᠱᠢᠬᠤ ᠴᠢᠬᠤᠯᠠ ᠭᠠᠵᠠᠷ ᠣᠷᠣᠨ ᠪᠣᠯᠤᠨ᠎ᠠ᠃ ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠳᠠᠯ ᠶᠠᠮᠠᠷ ᠪᠠᠢᠬᠤ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠱᠢᠯ ᠲᠣᠭ᠍ᠲᠠᠨᠢᠯ ᠪᠠ ᠬᠥᠭ᠌ᠵᠢᠯᠲᠡ᠎ᠲᠡᠶ ᠬᠣᠯᠪᠣᠭ᠍ᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠨ᠎ᠠ᠃ ᠮᠠᠨ᠎ᠤ ᠣᠷᠣᠨ᠎ᠤ ᠠᠮᠢ ᠠᠬᠤᠶ᠎ᠶ᠋ᠢᠨ ᠡᠬᠢ ᠪᠠᠶᠠᠯᠢᠭ ᠲᠤᠢᠯ᠎ᠤᠨ ᠡᠯᠪᠡᠭ ᠪᠠᠢᠵᠤ᠂ 13 ᠳ᠋ᠦᠩᠱᠢᠭᠤᠷ ᠮᠥ᠍ ᠨᠤᠲᠤᠭ ᠪᠡᠯᠴᠢᠭᠡᠷ᠂ 3.5 ᠳ᠋ᠦᠩᠱᠢᠭᠤᠷ ᠮᠥ᠍ ᠣᠶ ᠱᠢᠭᠤᠶ᠎ᠲᠠᠶ ᠪᠠᠢᠵᠤ᠂ ᠶᠡᠬᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠤ ᠭᠤᠤᠯ ᠴᠣᠭ᠍ᠴᠠ᠎ᠨᠢ ᠮᠠᠨ᠎ᠤ ᠣᠷᠣᠨ᠎ᠤ ᠬᠢᠯᠢ ᠳᠣᠲᠣᠷ᠎ᠠ ᠪᠠᠢᠵᠤ᠂ ᠣᠶ ᠱᠢᠭᠤᠶ᠎ᠶ᠋ᠢᠨ ᠶᠡᠷᠦᠩᠬᠡᠶ ᠲᠠᠯᠠᠪᠠᠶ᠎ᠨᠢ ᠮᠠᠨ᠎ᠤ ᠤᠯᠤᠰ᠎ᠤᠨ ᠲᠡᠷᠢᠭᠦᠨ᠎ᠳᠦ ᠣᠷᠣᠵᠤ᠂ ᠣᠷᠣᠨ᠎ᠤ ᠳᠣᠲᠣᠷ᠎ᠠ ᠪᠠᠰᠠ ᠭᠤᠤᠯ ᠮᠥᠷᠡᠨ ᠨᠠᠭᠤᠷ ᠴᠥᠭᠥᠷᠥᠮ᠂ ᠨᠤᠭᠤ ᠭᠠᠵᠠᠷ᠂ ᠡᠯᠡᠰᠦ ᠮᠠᠩᠬ᠎ᠠ᠂ ᠭᠣᠪᠢ ᠮᠠᠩᠬ᠎ᠠ ᠵᠡᠷᠭᠡ ᠣᠯᠠᠨ ᠵᠦᠶ᠋ᠯ᠎ᠦᠨ ᠭᠠᠵᠠᠷ ᠵᠦᠶ᠎ᠶ᠋ᠢᠨ ᠬᠡᠯᠪᠡᠷᠢ ᠪᠠᠢᠳᠠᠯ ᠪᠠᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢᠲᠤ ᠣᠷᠣᠨ ᠪᠠᠢᠵᠤ᠂ ᠠᠮᠢ ᠠᠬᠤᠶ᠎ᠶ᠋ᠢᠨ ᠰᠠᠭᠤᠷᠢ᠎ᠪᠠᠷ ᠮᠠᠰᠢ ᠡᠯᠪᠡᠭ ᠪᠠᠢᠳᠠᠭ᠃ ᠨᠥᠭᠥᠭᠡ ᠲᠠᠯ᠎ᠠ᠎ᠪᠠᠷ᠂ ᠮᠠᠨ᠎ᠤ ᠣᠷᠣᠨ᠎ᠤ ᠠᠮᠢ ᠠᠬᠤᠶ᠎ᠶ᠋ᠢᠨ ᠪᠠᠢᠳᠠᠯ ᠪᠠᠰᠠ ᠮᠠᠰᠢ ᠬᠦᠨᠳᠦ ᠨᠣᠴᠢᠲᠠᠶ ᠪᠠᠢᠨ᠎ᠠ᠃ ᠪᠥᠬᠥ᠌ ᠣᠷᠣᠨ᠎ᠤ 3/4 ᠣᠷᠴᠢᠮ᠎ᠤᠨ ᠲᠠᠯᠠᠪᠠᠶ᠎ᠨᠢ ᠠᠮᠢ ᠠᠬᠤᠶ ᠬᠡᠪᠡᠷᠡᠭ ᠣᠷᠣᠨ ᠪᠦᠰᠡ᠎ᠳᠦ ᠬᠠᠷᠢᠶᠠᠯᠠᠭ᠍ᠳᠠᠵᠤ᠂ ᠰᠠᠭᠤᠷᠢ ᠨᠥᠬᠥᠴᠡᠯ ᠠᠨᠠᠶ ᠪᠠᠢᠨ᠎ᠠ᠃ ᠣᠯᠠᠨ ᠵᠢᠯ᠎ᠦᠨ ᠵᠠᠰᠠᠯᠲᠠ ᠪᠠ ᠬᠠᠮᠠᠭᠠᠯᠠᠯᠲᠠ᠎ᠪᠠᠷ ᠳᠠᠮᠵᠢᠭᠠᠳ ᠠᠮᠢ ᠠᠬᠤᠶ《ᠪᠦᠬᠦᠯᠢ ᠴᠣᠭ᠍ᠴᠠ᠎ᠪᠠᠷ ᠨᠢ ᠬᠣᠷᠢᠭ᠍ᠯᠠᠬᠤ᠂ ᠬᠡᠰᠡᠭ ᠲᠠᠯ᠎ᠠ᠎ᠪᠠᠷ ᠰᠠᠢᠵᠢᠷᠠᠬᠤ》 ᠱᠠᠲᠤᠨ᠎ᠳᠤ ᠤᠷᠤᠭ᠍ᠰᠠᠨ ᠪᠣᠯᠪᠠᠴᠤ᠌ ᠰᠠᠢᠵᠢᠷᠠᠬᠤ ᠬᠠᠨᠳᠤᠰᠢ ᠲᠣᠭ᠍ᠲᠠᠭᠤᠨ ᠪᠤᠰᠤ ᠪᠠᠢᠨ᠎ᠠ᠃ ᠠᠵᠤ ᠦᠢᠯᠡᠰ᠎ᠦᠨ ᠪᠦᠲᠦᠴᠡ᠎ᠡᠴᠡ ᠦᠵᠡᠪᠡᠯ᠂ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠦᠢᠯᠡᠰ ᠤᠯᠠᠨ᠂ ᠥᠨᠳᠥᠷ ᠨᠡᠮᠡᠯᠲᠡ ᠦᠷᠳᠡᠭ ᠪᠦᠬᠦᠢ ᠠᠵᠤ ᠦᠢᠯᠡᠰ ᠴᠥᠭᠡᠨ ᠪᠠᠢᠵᠤ᠂ ᠪᠣᠬᠢᠷᠲᠤᠯ ᠦᠭᠡᠢ ᠬᠥᠭ᠌ᠵᠢᠯᠲᠡ᠎ᠳᠦ ᠠᠱᠢᠭ ᠦᠭᠡᠢ ᠪᠠᠢᠨ᠎ᠠ᠃ ᠶᠡᠷᠦᠩᠬᠡᠢᠯᠡᠪᠡᠯ᠂ ᠮᠠᠨ᠎ᠤ ᠣᠷᠣᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠠᠯ᠎ᠠ᠎ᠪᠠᠷ ᠮᠥᠨ ᠬᠦ᠌ ᠬᠦᠴᠢᠷᠳᠡᠯᠲᠡᠶ ᠴᠠᠭ ᠦᠶ᠎ᠡ ᠪᠠ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠱᠢᠵᠤ ᠪᠠᠢᠨ᠎ᠠ᠂ ᠶᠠᠭᠠᠬᠢᠭ᠍ᠰᠠᠨ ᠴᠤ᠌ ᠭᠤᠢᠪᠢᠯᠵᠠᠵᠦ᠍ ᠪᠤᠯᠬᠤ ᠦᠬᠡᠢ᠂ ᠰᠤᠯᠠᠷᠠᠵᠤ ᠪᠣᠯᠬᠤ ᠥᠬᠡᠶ᠂ ᠡᠰᠡ ᠲᠡᠭᠡᠪᠡᠯ ᠤᠷᠢᠳᠤᠬᠢ ᠴᠢᠷᠮᠠᠢᠯᠭ᠎ᠠ᠎ᠪᠠᠨ ᠲᠠᠯᠠᠭᠠᠷᠳᠠᠭᠤᠯᠵᠤ ᠮᠡᠳᠡᠨ᠎ᠡ᠃
ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢ ᠪᠠᠲᠤᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠦᠲᠦᠭᠡᠨ ᠪᠠᠢᠭᠤᠯᠬᠤ ᠪᠠ ᠰᠠᠢᠲᠤᠷ ᠬᠠᠮᠠᠭᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠣᠯᠤᠨ᠎ᠠ᠃ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠠᠮᠢ ᠠᠬᠤᠶ᠎ᠶ᠋ᠢᠨ ᠬᠠᠮᠠᠭᠠᠯᠠᠯᠲᠠ ᠰᠡᠷᠭᠦᠭᠡᠯᠲᠡ᠎ᠶ᠋ᠢᠨ ᠴᠢᠬᠤᠯᠠ ᠶᠡᠬᠡ ᠢᠨᠵᠧᠨᠧᠷᠢᠩ᠎ᠢ ᠭᠦᠨᠵᠡᠭᠡᠶ ᠠᠬᠢᠭᠤᠯᠵᠤ᠂ ᠪᠥᠬᠥ᠌ ᠣᠷᠣᠨ᠎ᠤ 51% ᠶ᠋ᠢᠨ ᠲᠠᠯᠠᠪᠠᠶ᠎ᠶ᠋ᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠣᠷᠣᠭᠤᠯᠪᠠ᠃ ᠱᠢᠨ᠎ᠡ ᠴᠠᠭ ᠦᠶ᠎ᠡ᠎ᠶ᠋ᠢᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠨᠡᠭᠡᠭᠡᠨ ᠡᠭᠦᠳᠬᠦ᠌᠎ᠳᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠤᠯᠠᠮ ᠴᠢᠨᠠᠭ᠍ᠰᠢᠳᠠ ᠨᠢᠭᠡᠳᠦᠯᠲᠡᠶ ᠲᠥᠯᠥᠪᠵᠢᠭᠦᠯᠵᠦ᠍᠂ ᠴᠢᠬᠤᠯᠠ ᠠᠮᠢ ᠠᠬᠤᠶ᠎ᠶ᠋ᠢᠨ ᠱᠢᠰᠲ᠋ᠧᠮ᠎ᠢ ᠬᠠᠮᠠᠭᠠᠯᠠᠬᠤ ᠪᠠ ᠰᠡᠷᠭᠦᠭᠡᠬᠦ᠌ ᠴᠢᠬᠤᠯᠠ ᠶᠡᠬᠡ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠵᠦ᠍ ᠂ ᠡᠬᠡ ᠤᠯᠤᠰ᠎ᠤᠨ ᠤᠮᠠᠷᠠᠲᠤ ᠳᠦ ᠲᠦᠮᠡᠨ ᠭᠠᠵᠠᠷ᠎ᠤᠨ ᠨᠣᠮᠢᠨ ᠨᠣᠭᠣᠭᠠᠨ 《ᠣᠷᠳᠣ ᠴᠠᠭᠠᠨ ᠬᠡᠷᠡᠮ》᠎ᠢ ᠴᠣᠭ᠍ᠴᠠᠯᠠᠬᠤ ᠬᠡᠷᠡᠭ᠌ᠲᠡᠶ᠃ ᠠᠮᠢ ᠠᠬᠤᠶ᠎ᠶ᠋ᠢᠨ ᠤᠯᠠᠭᠠᠨ ᠱᠤᠭᠤᠮ ᠪᠣᠯᠤᠨ ᠤᠯᠤᠰ᠎ᠤᠨ ᠭᠠᠵᠠᠷ ᠱᠢᠷᠣᠶ᠎ᠶ᠋ᠢᠨ ᠴᠢᠳᠠᠮᠵᠢᠲᠤ ᠣᠷᠣᠨ᠎ᠤ ᠲᠥᠯᠥᠪᠵᠢᠭᠦᠯᠭᠡ᠎ᠶ᠋ᠢ ᠤᠯᠠᠮ ᠰᠠᠢᠲᠤᠷ ᠨᠠᠢᠳᠠᠪᠤᠷᠢᠵᠢᠭᠤᠯᠵᠤ᠂ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ᠎ᠶ᠋ᠢ ᠣᠷᠭᠢᠯ ᠬᠡᠮᠵᠢᠭ᠌ᠳᠡᠯ᠎ᠳᠤ ᠬᠦᠷᠭᠡᠬᠦ᠌᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠬᠠᠷᠠᠯᠲᠠ᠎ᠶ᠋ᠢ ᠣᠨᠢᠯᠠᠵᠤ᠂ᠨᠡᠭᠦᠷᠡᠰᠦᠲᠥ᠋ᠷᠥᠭ᠌ᠴᠢ᠎ᠶ᠋ᠢ ᠨᠡᠮᠡᠭ᠌ᠳᠡᠭᠦᠯᠬᠦ᠌ ᠪᠠ ᠦᠯᠡᠳᠡᠭ᠌ᠳᠡᠯ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠶ᠋ᠢ ᠠᠬᠢᠭᠤᠯᠵᠤ᠂ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢ ᠠᠬᠢᠭᠤᠯᠵᠤ᠂ ᠠᠵᠤ ᠦᠢᠯᠡᠰ᠎ᠦᠨ ᠪᠦᠲᠦᠴᠡ ᠬᠦᠨᠳᠦ ᠠᠵᠤ ᠦᠢᠯᠡᠳᠪᠦᠷᠢ ᠲᠠᠢᠰᠢ ᠬᠡᠯᠪᠡᠢᠭ᠌ᠰᠡᠨ᠂ ᠡᠨᠧᠷᠭᠢ᠎ᠶ᠋ᠢᠨ ᠪᠦᠲᠦᠴᠡ ᠨᠡᠬᠦᠷᠡᠰᠦᠨᠦ ᠠᠵᠤ ᠠᠬᠤᠢᠯᠠᠯ ᠲᠡᠢᠰᠢ ᠬᠡᠯᠪᠡᠢᠭ᠌ᠰᠡᠨ᠂ ᠠᠵᠤ ᠦᠢᠯᠡᠰ᠎ᠦᠨ ᠪᠠᠢᠷᠢᠱᠢᠯ ᠡᠮᠬᠢ ᠵᠠᠮᠪᠠᠷᠠᠭ᠎ᠠ ᠦᠭᠡᠶ ᠪᠠᠢᠬᠤ ᠵᠢᠴᠢ ᠡᠨᠧᠷᠭᠢ᠎ᠶ᠋ᠢᠨ ᠬᠣᠷᠣᠭ᠍ᠳᠠᠭᠤᠯᠭᠠᠶ᠋ᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠪᠠᠷᠢᠮᠵᠢᠶ᠎ᠠ᠎ᠠᠴᠠ ᠬᠡᠲᠦᠷᠡᠭ᠌ᠰᠡᠨ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠦᠴᠦᠯᠡᠴᠡ ᠪᠠᠷᠢᠮᠵᠢᠶ᠎ᠠ᠎ᠠᠴᠠ ᠬᠡᠲᠦᠷᠡᠭ᠌ᠰᠡᠨ ᠪᠠᠢᠳᠠᠯ᠎ᠢ ᠠᠯᠬᠤᠮ ᠠᠯᠬᠤᠮ᠎ᠢᠶᠠᠷ ᠬᠤᠪᠢᠷᠠᠭᠤᠯᠵᠤ᠂ ᠠᠵᠤ ᠦᠢᠯᠡᠰ᠎ᠦᠨ ᠪᠣᠬᠢᠷᠲᠤᠯ ᠦᠭᠡᠶ ᠪᠠᠢᠬᠤ ᠪᠠ ᠪᠣᠬᠢᠷᠲᠤᠯ ᠦᠭᠡᠶ ᠠᠵᠤ ᠦᠢᠯᠡᠰᠵᠢᠭᠦᠯᠦᠨ ᠬᠥᠭ᠌ᠵᠢᠭᠦᠯᠬᠦ᠌᠎ᠶ᠋ᠢ ᠪᠡᠶᠡᠯᠡᠭᠦᠯᠦᠨ᠎ᠡ᠃
ᠱᠢᠨ᠎ᠡ᠎ᠪᠡᠷ ᠨᠡᠮᠡᠭ᠌ᠳᠡᠭ᠌ᠰᠡᠨ ᠲᠠᠬᠢᠯᠳᠠ ᠡᠨᠧᠷᠭᠢ ᠪᠠ ᠲᠦᠭᠦᠬᠡᠶ ᠮᠠᠲ᠋ᠧᠷᠢᠶᠠᠯ᠎ᠤᠨ ᠡᠨᠧᠷᠭᠢ ᠬᠡᠷᠡᠭ᠌ᠯᠡᠬᠦ᠌ ᠬᠡᠷᠡᠭ᠌ᠯᠡᠭᠡ᠎ᠶ᠋ᠢ ᠡᠨᠧᠷᠭᠢ᠎ᠶ᠋ᠢᠨ ᠬᠡᠷᠡᠭ᠌ᠯᠡᠭᠡᠨ᠎ᠦ ᠶᠡᠷᠦᠩᠬᠡᠶ ᠬᠡᠮᠵᠢᠶ᠎ᠡ᠎ᠶ᠋ᠢ ᠡᠵᠡᠮᠳᠡᠬᠦ᠌ ᠬᠣᠯᠪᠣᠭ᠍ᠳᠠᠯ ᠪᠥᠬᠥᠶ ᠠᠵᠢᠯ᠎ᠳᠤ ᠣᠷᠣᠭᠤᠯᠬᠤ ᠥᠬᠡᠶ ᠪᠠᠢᠵᠤ᠂ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠪᠠ 《ᠱᠢᠨ᠎ᠡ ᠡᠨᠧᠷᠭᠢ + ᠪᠢᠴᠢᠯ ᠰᠦᠯᠵᠢᠶ᠎ᠡ》 ᠂ 《ᠱᠢᠨ᠎ᠡ ᠡᠨᠧᠷᠭᠢ + ᠮᠠᠯ ᠠᠵᠤ ᠠᠬᠤᠶ ᠲᠠᠷᠢᠶᠠᠯᠠᠩ》 ᠂ 《ᠱᠢᠨ᠎ᠡ ᠡᠨᠧᠷᠭᠢ + ᠲᠣᠨᠣᠭ ᠲᠥᠬᠥᠭᠡᠷᠦᠮᠵᠢ》᠂ 《ᠱᠢᠨ᠎ᠡ ᠡᠨᠧᠷᠭᠢ + ᠪᠤᠴᠠᠭᠠᠨ ᠬᠤᠷᠢᠶᠠᠵᠤ ᠠᠱᠢᠭ᠍ᠯᠠᠬᠤ》 ᠵᠡᠷᠭᠡ ᠠᠵᠤ ᠦᠶ᠋ᠯᠡᠰ᠎ᠦᠨ ᠬᠥᠭ᠌ᠵᠢᠯᠲᠡ᠎ᠶ᠋ᠢ ᠲᠦᠷᠭᠡᠨ ᠠᠬᠢᠭᠤᠯᠤᠨ᠎ᠠ᠃ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠪᠠᠢᠭᠤᠯᠬᠤ ᠪᠠ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ ᠥᠭ᠌ᠬᠦ ᠲᠦᠷᠢᠮ᠎ᠢ ᠲᠡᠭᠦᠯᠳᠡᠷᠵᠢᠭᠦᠯᠬᠦ᠌᠎ᠲᠡᠶ ᠤᠶᠠᠯᠳᠤᠭᠤᠯᠤᠨ ᠡᠷᠲᠡᠬᠡᠨ ᠤᠬᠠᠭᠠᠯᠠᠨ ᠲᠥᠯᠥᠪᠯᠡᠵᠦ᠍᠂ ᠤᠯᠤᠰ᠎ᠤᠨ ᠲᠦᠷᠦ᠍᠎ᠶ᠋ᠢᠨ ᠪᠤᠳᠤᠯᠭ᠎ᠠ᠎ᠶ᠋ᠢ ᠪᠣᠳᠠᠲᠠᠢᠵᠢᠭᠤᠯᠤᠨ ᠨᠠᠷᠢᠯᠢᠬ᠍ᠵᠢᠭᠤᠯᠬᠤ᠎ᠶ᠋ᠢ ᠠᠬᠢᠭᠤᠯᠤᠨ᠎ᠠ᠃
ᠭᠠᠳᠠᠭᠠᠳᠤ ᠨᠡᠭᠡᠭᠡᠯᠲᠡ᠎ᠶ᠋ᠢᠨ ᠲᠦᠪᠰᠢᠨ ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠣᠷᠣᠨ ᠪᠦᠰᠡ᠎ᠶ᠋ᠢᠨ ᠨᠡᠭᠡᠭᠡᠯᠳᠡ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠵᠦ᠍᠂ ᠵᠡᠭᠦᠨ ᠬᠡᠰᠡᠭ᠎ᠦᠨ ᠲᠠᠯᠠᠢ ᠳᠠᠭᠠᠤ ᠣᠷᠣᠨ᠎ᠤ ᠨᠡᠭᠡᠭᠡᠯᠳᠡ᠎ᠶ᠋ᠢᠨ ᠤᠳᠤᠷᠢᠳᠤᠮᠵᠢ᠎ᠶ᠋ᠢᠨ ᠪᠠᠢᠷᠢ ᠰᠠᠭᠤᠷᠢ᠎ᠶ᠋ᠢ ᠪᠡᠬᠢᠵᠢᠭᠦᠯᠦᠨ᠂ ᠳᠤᠮᠳᠠ ᠬᠡᠰᠡᠭ ᠪᠠᠷᠠᠭᠤᠨ ᠬᠡᠰᠡᠭ᠎ᠦᠨ ᠭᠠᠵᠠᠷ ᠣᠷᠣᠨ ᠪᠠ ᠵᠡᠭᠦᠨ ᠬᠣᠢᠲᠤ ᠣᠷᠣᠨ᠎ᠤ ᠨᠡᠭᠡᠭᠡᠯᠳᠡ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ ᠭᠡᠵᠦ᠍ ᠵᠢᠭᠠᠵᠤ ᠭᠠᠷᠭᠠᠪᠠ᠃ ᠥᠪᠥᠷ ᠮᠣᠩᠭᠣᠯ ᠲᠣᠷᠭᠠᠨ ᠵᠠᠮ᠎ᠤᠨ ᠠᠵᠤ ᠠᠬᠤᠶ᠎ᠶ᠋ᠢᠨ ᠪᠦᠰᠡ᠎ᠶ᠋ᠢᠨ ᠴᠢᠬᠤᠯᠠ ᠪᠦᠷᠢᠯᠳᠦᠬᠦᠨ ᠬᠡᠰᠡᠭ ᠪᠠ 《ᠧᠦ᠋ᠷᠣᠫᠠ ᠠᠽᠢᠶ᠎ᠠ᠎ᠶ᠋ᠢᠨ ᠶᠡᠬᠡ ᠵᠠᠮ》 ᠤᠨ ᠴᠢᠬᠤᠯᠠ ᠭᠤᠭ᠍ᠴᠤᠭ᠎ᠠ ᠪᠣᠯᠤᠭ᠍ᠰᠠᠨ᠎ᠤ ᠬᠤᠪᠢ᠎ᠳᠤ ᠂ ᠡᠷᠬᠡᠪᠰᠢ ᠤᠯᠤᠰ᠎ᠤᠨ ᠡᠷᠭᠢᠨ ᠲᠣᠭᠣᠷᠢᠨ ᠪᠠ ᠭᠠᠳᠠᠭᠠᠳᠤ ᠨᠡᠭᠡᠭᠡᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠪᠣᠳᠣᠯᠬᠢᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠨ ᠰᠠᠢᠲᠤᠷ ᠭᠦᠢᠴᠡᠳᠭᠡᠵᠦ᠍᠂ ᠭᠠᠳᠠᠭᠠᠳᠤ ᠨᠡᠭᠡᠭᠡᠯᠲᠡ᠎ᠶ᠋ᠢᠨ ᠲᠦᠪᠰᠢᠨ ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠬᠦ᠌ ᠬᠡᠷᠡᠭ᠌ᠲᠡᠶ᠃
ᠥᠪᠥᠷ ᠮᠣᠩᠭᠣᠯ ᠪᠣᠯ ᠨᠡᠢᠲᠡᠯᠢᠭ ᠳᠣᠲᠣᠭᠠᠳᠤ ᠬᠠᠨᠳᠤᠯᠭᠠᠲᠤ ᠠᠵᠤ ᠠᠬᠤᠢ᠎ᠶ᠋ᠢᠨ ᠴᠣᠭ᠍ᠴᠠ ᠮᠥᠨ᠃ ᠪᠣᠳᠠᠲᠠᠶ᠎ᠪᠠᠷ ᠠᠪᠴᠤ᠌ ᠦᠵᠡᠪᠡᠯ᠂ ᠮᠠᠨ᠎ᠤ ᠣᠷᠣᠨ ᠪᠣᠯ 《ᠱᠢᠰᠲ᠋ᠧᠮ᠎ᠦᠨ ᠴᠢᠨᠠᠷᠲᠠᠶ》 ᠳᠣᠲᠣᠭᠠᠳᠤ ᠴᠢᠭ᠌ᠯᠡᠯ᠎ᠳᠦ ᠬᠠᠷᠢᠶᠠᠯᠠᠭ᠍ᠳᠠᠵᠤ᠂ ᠭᠠᠳᠠᠭᠠᠳᠤ ᠠᠷᠠᠯᠵᠢᠶᠠᠨ᠎ᠤ ᠲᠠᠸᠠᠷ ᠪᠣᠯᠤᠨ ᠭᠠᠳᠠᠭᠠᠳᠤ ᠠᠷᠠᠯᠵᠢᠶᠠᠨ᠎ᠤ ᠴᠢᠳᠠᠪᠤᠷᠢᠲᠠᠨ ᠳᠤᠲᠠᠭ᠍ᠳᠠᠵᠤ ᠪᠠᠢᠨ᠎ᠠ᠃ ᠪᠥᠬᠥ᠌ ᠣᠷᠣᠨ᠎ᠳᠤ 20 ᠬᠢᠯᠢ᠎ᠶ᠋ᠢᠨ ᠪᠣᠭᠣᠮᠲᠠ᠎ᠶ᠋ᠢ ᠨᠡᠭᠡᠭᠡᠯᠲᠡᠲᠡᠶ ᠪᠣᠯᠭᠠᠭ᠍ᠰᠠᠨ ᠪᠣᠯᠪᠠᠴᠤ᠌ ᠬᠠᠮᠲᠤᠷᠠᠯᠴᠠᠭᠠᠨ᠎ᠤ ᠬᠠᠨᠢᠲᠠᠨ ᠬᠥᠭ᠌ᠵᠢᠭᠡᠳᠦᠶ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠦᠶ᠋ᠯᠡᠳᠬᠦᠨ᠎ᠦ ᠲᠠᠰ ᠳᠠᠪᠬᠤᠷᠭ᠎ᠠ ᠥᠨᠳᠥᠷ ᠪᠢᠰᠢ᠂ ᠨᠠᠷᠢᠨ ᠪᠤᠳᠤᠯᠢᠶᠠᠨᠲᠠᠶ ᠬᠡᠮᠵᠢᠶ᠎ᠡ ᠨᠢ ᠵᠢᠭᠠᠬᠠᠨ ᠥᠨᠳᠥᠷ ᠲᠦᠪᠱᠢᠨ᠎ᠦ ᠠᠵᠢᠯ᠎ᠤᠨ ᠬᠤᠪᠢᠶᠠᠷᠢᠯᠠᠯ᠎ᠢ ᠦᠨᠳᠦᠰᠦᠨ᠎ᠳᠡᠭᠡᠨ ᠥᠷᠨᠢᠭᠦᠯᠵᠦ᠍ ᠳᠡᠢᠯᠬᠦ᠌ ᠥᠬᠡᠶ ᠪᠠᠢᠨ᠎ᠠ᠃ ᠶᠡᠷᠦᠩᠬᠡᠶᠳᠦᠨᠢ ᠠᠪᠴᠤ᠌ ᠦᠵᠡᠪᠡᠯ᠂ ᠮᠠᠨ᠎ᠤ ᠣᠷᠣᠨ᠎ᠤ ᠭᠠᠳᠠᠭᠠᠳᠤ ᠨᠡᠭᠡᠭᠡᠯᠲᠡ᠎ᠶ᠋ᠢᠨ ᠲᠦᠪᠰᠢᠨ ᠢ ᠳᠡᠭᠡᠭ᠌ᠰᠢᠯᠡᠭᠦᠯᠬᠦ᠌ ᠴᠢᠬᠤᠯᠠᠲᠠᠶ ᠪᠠᠢᠨ᠎ᠠ᠃
ᠬᠠᠮᠲᠤ᠎ᠪᠠᠷ ᠡᠳ᠋ᠯᠡᠬᠦ᠌ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠲᠠᠰᠤᠷᠠᠯᠲᠠ ᠦᠭᠡᠢ ᠨᠡᠮᠡᠭ᠌ᠳᠡᠭᠦᠯᠦᠨ᠎ᠡ
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠡᠷᠬᠡᠪᠰᠢ ᠬᠥᠭ᠌ᠵᠢᠬᠦᠯᠬᠦ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠬᠠᠮᠲᠤ᠎ᠪᠠᠷ ᠲᠡᠮᠡᠴᠡᠵᠦ᠍ ᠰᠠᠢ᠌ᠨ ᠰᠠᠢᠬᠠᠨ ᠠᠮᠢᠳᠤᠷᠠᠯ᠎ᠢᠶᠠᠨ ᠴᠣᠭ᠍ᠴᠠᠯᠠᠬᠤ᠎ᠶ᠋ᠢ ᠵᠣᠷᠢᠭ᠍ᠵᠢᠭᠤᠯᠵᠤ᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠪᠡᠶᠡᠯᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠪᠣᠯ ᠠᠷᠠᠳ ᠢᠷᠭᠡᠳ᠎ᠦᠨ ᠣᠷᠣᠯᠭ᠎ᠠ᠎ᠶ᠋ᠢᠨ ᠲᠦᠪᠱᠢᠨ᠎ᠢ ᠬᠡᠮᠵᠢᠬᠦ᠌᠎ᠶ᠋ᠢᠨ ᠤᠯᠠᠮ᠎ᠠᠴᠠ ᠰᠠᠭᠤᠭᠠᠯᠢ ᠠᠷᠠᠳ᠎ᠤᠨ ᠠᠮᠢᠳᠤᠷᠠᠯ᠎ᠤᠨ ᠲᠦᠪᠱᠢᠨ᠂ ᠪᠤᠶᠠᠨ ᠵᠢᠷᠭᠠᠯ᠎ᠤᠨ ᠪᠠᠢᠳᠠᠯ᠎ᠢ ᠲᠤᠰᠭᠠᠬᠤ ᠭᠣᠣᠯ ᠭᠦᠢᠴᠡᠳᠭᠡᠯ ᠲᠣᠭ᠎ᠠ ᠮᠥᠨ᠃ 2021 ᠣᠨ᠎ᠤ ᠮᠠᠨ᠎ᠤ ᠣᠷᠣᠨ᠎ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ 1020 ᠲᠥᠭᠥᠷᠢᠭ ᠳᠤᠤᠷ᠎ᠠ ᠪᠠᠢᠪᠠ᠂ ᠡᠭᠦᠨ᠎ᠳᠦ ᠬᠣᠲᠠ ᠪᠠᠯᠭᠠᠰᠤᠨ᠎ᠤ ᠰᠠᠭᠤᠭᠠᠯᠢ ᠠᠷᠠᠳ᠎ᠤᠨ ᠣᠷᠣᠯᠭ᠎ᠠ 3035 ᠲᠥᠭᠥᠷᠢᠭ ᠳᠤᠤᠷ᠎ᠠ᠂ ᠬᠥᠳᠡᠭᠡ ᠲᠣᠰᠭᠣᠨ᠎ᠤ ᠰᠠᠭᠤᠭᠠᠯᠢ ᠠᠷᠠᠳ᠎ᠤᠨ ᠣᠷᠣᠯᠭ᠎ᠠ 594 ᠲᠥᠭᠥᠷᠢᠭ ᠳᠤᠤᠷ᠎ᠠ ᠪᠠᠢᠨ᠎ᠠ᠃ 2021 ᠣᠨ᠎ᠤ ᠪᠥᠬᠥ᠌ ᠣᠷᠣᠨ᠎ᠤ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠳᠣᠲᠣᠷ᠎ᠠ᠂ ᠴᠠᠯᠢᠩ᠎ᠤᠨ ᠴᠢᠨᠠᠷᠲᠠᠶ ᠣᠷᠣᠯᠭ᠎ᠠ 51.4% ᠶ᠋ᠢ ᠡᠵᠡᠯᠡᠵᠦ᠍᠂ ᠡᠵᠡᠩᠨᠡᠯᠲᠡ᠎ᠶ᠋ᠢᠨ ᠴᠡᠪᠡᠷ ᠣᠷᠣᠯᠭ᠎ᠠ 27% ᠶ᠋ᠢ ᠡᠵᠡᠯᠡᠵᠦ᠍᠂ ᠱᠢᠯᠵᠢᠯᠲᠡ᠎ᠶ᠋ᠢᠨ ᠴᠢᠨᠠᠷᠲᠠᠶ ᠣᠷᠣᠯᠭ᠎ᠠ 16.4 % ᠶ᠋ᠢ ᠡᠵᠡᠯᠡᠵᠦ᠍᠂ ᠡᠳ᠋ ᠬᠥᠷᠥᠩᠭᠡ᠎ᠶ᠋ᠢᠨ ᠴᠡᠪᠡᠷ ᠣᠷᠣᠯᠭ᠎ᠠ 5.2% ᠢ ᠡᠵᠡᠯᠡᠪᠡ᠃ ᠴᠠᠯᠢᠩ᠎ᠤᠨ ᠴᠢᠨᠠᠷᠲᠠᠶ ᠣᠷᠣᠯᠭ᠎ᠠ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠬᠠᠭᠠᠰ᠎ᠠᠴᠠ ᠳᠡᠭᠡᠭ᠌ᠰᠢᠬᠢ᠎ᠶ᠋ᠢ ᠡᠵᠡᠯᠡᠭ᠌ᠰᠡᠨ᠎ᠡᠴᠡ ᠮᠠᠨ᠎ᠤ ᠣᠷᠣᠨ᠎ᠤ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠠᠬᠢᠭᠤᠯᠬᠤ ᠪᠣᠯ ᠭᠤᠤᠯ ᠠᠷᠭ᠎ᠠ ᠬᠡᠮᠵᠢᠶ᠎ᠡ ᠪᠣᠯᠤᠨ᠎ᠠ᠃ ᠮᠠᠨ᠎ᠤ ᠣᠷᠣᠨ᠎ᠤ ᠭᠤᠷᠪᠠᠨ᠎ᠤ ᠨᠢᠭᠡ᠎ᠡᠴᠡ ᠳᠡᠭᠡᠭ᠌ᠰᠢᠬᠢ ᠬᠥᠳᠡᠯᠮᠦᠷᠢ ᠬᠦᠴᠦᠨ ᠨᠢᠭᠡᠳᠦᠭᠡᠷ ᠠᠵᠤ ᠦᠢᠯᠡᠰ᠎ᠲᠦ ᠲᠥᠪᠯᠡᠷᠡᠵᠦ᠍ ᠪᠠᠢᠭ᠎ᠠ ᠪᠣᠯᠬᠣᠷ ᠣᠳᠣᠬᠠᠨ᠎ᠳᠤ ᠬᠥᠳᠡᠯᠮᠦᠷᠢ ᠬᠦᠴᠦᠨ᠎ᠦ ᠬᠣᠶᠠᠷ᠂ ᠭᠤᠷᠪᠠᠳᠤᠭᠠᠷ ᠠᠵᠤ ᠦᠢᠯᠡᠰ ᠲᠡᠢᠰᠢ ᠱᠢᠯᠵᠢᠬᠦ᠌᠎ᠶ᠋ᠢ ᠬᠥᠲᠥᠯᠥᠨ ᠵᠢᠯᠣᠭᠣᠳᠭᠤ᠎ᠶ᠋ᠢ ᠠᠬᠢᠭᠤᠯᠬᠤ ᠬᠡᠷᠡᠭ᠌ᠲᠡᠶ ; ᠣᠷᠳᠣ ᠬᠤᠭᠤᠴᠠᠭᠠᠨ᠎ᠠᠴᠠ ᠠᠪᠴᠤ᠌ ᠦᠵᠡᠪᠡᠯ᠂ ᠠᠵᠤ ᠦᠶ᠋ᠯᠡᠳᠪᠦᠷᠢ ᠪᠠ ᠦᠶ᠋ᠯᠡᠴᠢᠯᠡᠭᠡᠨ᠎ᠦ ᠦᠶ᠋ᠯᠡᠰ᠎ᠢ ᠲᠠᠰ ᠳᠡᠪᠱᠢᠭᠦᠯᠬᠦ᠌ ᠶᠠᠪᠤᠴᠠ᠎ᠳᠤ ᠴᠠᠯᠢᠩ ᠬᠥᠯᠥᠰᠥ᠍ ᠨᠡᠯᠢᠶᠡᠳ ᠥᠨᠳᠥᠷ ᠠᠵᠢᠯ᠎ᠤᠨ ᠪᠠᠢᠷᠢ᠎ᠶ᠋ᠢ ᠨᠠᠩ ᠣᠯᠠᠨ ᠭᠠᠷᠭᠠᠬᠤ ᠬᠡᠷᠡᠭ᠌ᠲᠡᠶ᠃
ᠠᠵᠢᠯ ᠣᠯᠭᠣᠯᠲᠠ ᠪᠠ ᠣᠷᠣᠯᠭ᠎ᠠ᠎ᠶ᠋ᠢᠨ ᠨᠡᠮᠡᠭ᠌ᠳᠡᠯ᠎ᠡᠴᠡ ᠭᠠᠳᠠᠨ᠎ᠠ᠂ ᠮᠠᠨ᠎ᠤ ᠣᠷᠣᠨ᠎ᠤ ᠨᠡᠢᠭᠡᠮ᠎ᠦᠨ ᠪᠠᠲᠤᠯᠠᠭ᠎ᠠ᠎ᠶ᠋ᠢᠨ ᠬᠦᠷᠢᠶᠡᠨ᠎ᠳᠦ ᠴᠥᠭᠡᠨ ᠪᠤᠰᠤ ᠭᠦᠶ᠋ᠴᠡᠳᠭᠡᠯ ᠲᠣᠭ᠎ᠠ᠎ᠨᠢ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠳᠤᠤᠷ᠎ᠠ ᠥᠬᠡᠶ ᠪᠣᠯᠪᠠᠴᠤ᠌ ᠪᠥᠬᠥ᠌ ᠣᠷᠣᠨ᠎ᠤ ᠡᠮᠴᠢᠯᠡᠭᠡ᠂ ᠨᠠᠰᠤᠵᠢᠯ᠎ᠤᠨ ᠠᠰᠠᠷᠠᠮᠵᠢ ᠵᠡᠷᠭᠡ ᠨᠡᠢᠭᠡᠮ᠎ᠦᠨ ᠳᠠᠭᠠᠳᠭᠠᠯ᠎ᠤᠨ ᠪᠠᠯᠠ ᠮᠥᠩᠭᠥ᠌ ᠴᠤᠭ᠍ᠯᠠᠭᠤᠯᠬᠤ ᠴᠢᠳᠠᠪᠤᠷᠢ᠎ᠨᠢ ᠲᠤᠰ ᠪᠡᠶ᠎ᠡ ᠵᠢᠨ ᠵᠢᠡᠨ ᠵᠠᠷᠤᠯᠭ᠎ᠠ᠎ᠶ᠋ᠢ ᠬᠠᠮᠤᠷᠴᠤ᠌ ᠳᠡᠢᠯᠬᠦ᠌ ᠥᠬᠡᠶ ᠪᠠᠢᠵᠤ᠂ ᠪᠠᠰᠠ ᠤᠯᠤᠰ᠎ᠡᠴᠡ ᠨᠢᠭᠡᠳᠦᠯᠲᠡᠶ ᠲᠦᠯᠦᠪᠵᠢᠬᠦᠯᠬᠦ᠌ ᠴᠢᠬᠤᠯᠠᠲᠠᠶ ᠪᠠᠢᠨ᠎ᠠ᠃ ᠪᠥᠬᠥ᠌ ᠣᠷᠣᠨ᠎ᠤ ᠨᠠᠰᠤᠵᠢᠯ᠎ᠤᠨ ᠠᠬᠢᠴᠠ᠎ᠶ᠋ᠢᠨ ᠲᠦᠷᠭᠡᠳᠬᠦ᠌᠎ᠶ᠋ᠢ ᠳᠠᠭᠠᠯᠳᠤᠨ᠂ ᠨᠠᠰᠤᠵᠢᠯ᠎ᠤᠨ ᠦᠶ᠋ᠯᠡᠰ ᠪᠠ ᠨᠠᠰᠤᠵᠢᠯ᠎ᠤᠨ ᠠᠵᠤ ᠦᠶ᠋ᠯᠡᠰ᠎ᠢ ᠲᠦᠷᠭᠡᠳᠭᠡᠨ ᠪᠠᠢᠷᠢᠱᠢᠭᠤᠯᠬᠤ ᠬᠡᠷᠡᠭ᠌ᠲᠡᠶ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠭ᠌ᠰᠡᠨ ᠲᠤᠷᠱᠢᠯᠭ᠎ᠠ᠎ᠪᠠᠨ ᠳ᠋ᠦᠩᠨᠡᠵᠦ᠍᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠤᠯᠠᠮ ᠴᠢᠨᠠᠭ᠍ᠰᠢᠳᠠ ᠪᠦᠷᠢᠨᠱᠢᠬᠦᠯᠵᠤ᠂ ᠪᠦᠬᠦ᠌ ᠣᠷᠣᠨ᠎ᠤ ᠡᠯ᠎ᠡ ᠭᠠᠵᠠᠷ᠎ᠤᠨ ᠬᠦᠨᠳᠦ ᠶᠡᠬᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠵᠦ᠍ ᠠᠪᠤᠷᠠᠨ ᠡᠮᠨᠡᠬᠦ᠌ ᠱᠢᠰᠲ᠋ᠧᠮ ᠪᠣᠯᠤᠨ ᠪᠠᠴᠢᠮ ᠪᠠᠢᠳᠠᠯ᠎ᠢ ᠠᠷᠭᠠᠴᠠᠭᠠᠬᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢ ᠪᠦᠲᠦᠮᠵᠢᠲᠡᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠠᠵᠤ ᠠᠬᠤᠢ᠎ᠶ᠋ᠢᠨ ᠬᠥᠭ᠌ᠵᠢᠯᠲᠡ ᠬᠢᠭᠡᠳ ᠨᠡᠢᠭᠡᠮ᠎ᠦᠨ ᠪᠠᠢᠭᠤᠯᠤᠯᠲᠠ᠎ᠶ᠋ᠢ ᠵᠡᠷᠭᠡ᠎ᠪᠡᠷ ᠠᠬᠢᠭᠤᠯᠵᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠠᠷᠠᠳ ᠲᠦᠮᠡᠨ᠎ᠦ ᠪᠤᠶᠠᠨ ᠵᠢᠷᠭᠠᠯ᠎ᠢ ᠨᠡᠮᠡᠭ᠌ᠳᠡᠭᠦᠯᠬᠦ᠌᠎ᠶ᠋ᠢ ᠪᠠᠷᠢᠮᠲᠠᠯᠠᠨ᠂ ᠪᠠᠯᠴᠢᠷᠲᠤᠨᠢ ᠰᠠᠭᠠᠳᠠᠭᠤᠯᠬᠤ ᠭᠠᠵᠠᠷ᠎ᠲᠠᠶ᠂ ᠰᠤᠷᠤᠯᠴᠠᠬᠤ᠎ᠠᠴᠠ ᠰᠤᠷᠭᠠᠭᠤᠯᠢ ᠲᠡᠶ᠂ ᠬᠥᠳᠡᠯᠮᠦᠷᠢᠯᠡᠪᠡᠯ ᠤᠯᠬᠤ ᠣᠷᠣᠯᠭ᠎ᠠ᠎ᠲᠠᠶ᠂ ᠡᠪᠡᠳᠴᠢᠯᠡᠪᠡᠯ ᠦᠵᠡᠭᠦᠯᠬᠦ᠌ ᠡᠮᠨᠡᠯᠭᠡ᠎ᠲᠡᠶ᠂ ᠥᠲᠡᠯᠪᠡᠯ ᠬᠥᠷᠳᠡᠬᠥ᠌ ᠠᠰᠠᠷᠠᠮᠵᠢ᠎ᠲᠠᠶ᠂ ᠰᠠᠭᠤᠬᠤ᠎ᠠᠴᠠ ᠣᠷᠣᠨ ᠰᠠᠭᠤᠴᠠ᠎ᠲᠠᠶ᠂ ᠪᠠᠭᠤᠷᠠᠢ᠌ᠴᠤᠤᠯ ᠨᠢ ᠬᠦᠷᠳᠡᠬᠦ᠌ ᠲᠤᠰᠠᠯᠠᠮᠵᠢ᠎ᠲᠠᠶ ᠪᠠᠢᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠬᠦ᠌ ᠬᠡᠷᠡᠭ᠌ᠳᠡᠢ᠃
( ᠵᠣᠬᠢᠶᠠᠭ᠍ᠴᠢ ᠵᠢᠨ ᠪᠠᠢᠭᠤᠯᠭ᠎ᠠ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠨᠠᠮ᠎ᠤᠨ ᠲᠡᠦᠬᠡ ᠪᠠ ᠲᠤᠯᠭᠤᠷ ᠪᠢᠴᠢᠭ ᠰᠤᠳᠤᠯᠬᠤ ᠲᠠᠰᠤᠭ )