ᠬᠠᠪᠤᠷ ᠭᠡᠵᠤ ᠬᠦᠰᠡᠯ ᠪᠢᠯᠬᠠᠭᠰᠠᠨ ᠤᠯᠠᠷᠢᠯ᠃ ᠨᠡᠢᠰᠯᠡᠯ ᠪᠡᠭᠡᠵᠢᠩ ᠳ᠋ᠤ ᠶᠠᠪᠤᠭᠳᠠᠵᠤ ᠪᠠᠢᠭ᠎ᠠ ᠪᠦᠬᠦ᠌ ᠤᠯᠤᠰ ᠤ᠋ᠨ ᠬᠤᠶᠠᠷ ᠬᠤᠷᠠᠯ ᠬᠥᠮᠥᠨ ᠠᠷᠠᠳ ᠲᠦ᠍ ᠤᠷᠮ᠎ᠠ ᠬᠠᠢᠷᠠᠯᠠᠵᠤ ᠬᠦᠰᠡᠯ ᠤᠷᠭᠤᠭᠤᠯᠤᠨ᠎ᠠ᠄ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠠᠷᠠᠳ ᠤ᠋ᠨ ᠠᠮᠢᠳᠤᠷᠠᠯ ᠤ᠋ᠨ ᠬᠦᠷᠢᠶᠡᠨ ᠳ᠋ᠤ ᠳᠠᠬᠢᠨᠲᠠ ᠠᠩᠬᠠᠷᠤᠯ ᠵᠢᠡᠨ ᠲᠥᠪᠯᠡᠷᠡᠬᠦᠯᠵᠦ᠍᠂ ᠠᠷᠠᠳ ᠤ᠋ᠨ ᠲᠥᠯᠥᠭᠡ ᠬᠡᠬᠦ ᠬᠠᠯᠠᠭᠤᠨ ᠳᠤᠯᠠᠭᠠᠨ ᠴᠢᠩ ᠦᠨᠡᠨᠴᠢ ᠬᠠᠢᠷ᠎ᠠ ᠰᠡᠳᠭᠢᠯᠭᠡ ᠶ᠋ᠢ ᠳᠠᠮᠵᠢᠭᠤᠯᠪᠠ᠃
ᠬᠦᠰᠡᠯ ᠤ᠋ᠨ ᠰᠠᠢᠬᠠᠨ ᠲᠠᠮᠡᠤᠯᠤᠯ᠂ ᠬᠦᠮᠤᠨ ᠠᠷᠠᠳ ᠤ᠋ᠨ ᠪᠠᠶᠠᠰᠤᠯ᠂ ᠥᠪᠥᠷ ᠮᠣᠩᠭᠤᠯ ᠤ᠋ᠨ ᠭᠠᠵᠠᠷ ᠪᠣᠯᠭᠠᠨ ᠳ᠋ᠤ ᠠᠮᠢᠵᠢᠷᠠᠯ ᠤ᠋ᠨ ᠬᠦᠴᠦᠨ ᠵᠢᠡᠷ ᠪᠢᠯᠬᠠᠨ᠎ᠠ᠃ ᠬᠠᠪᠤᠷ ᠤ᠋ᠨ ᠰᠠᠯᠬᠢᠨ ᠤ᠋ ᠠᠵᠢᠯᠯᠠᠭᠠᠨ ᠪᠦᠬᠦ᠌ ᠣᠷᠣᠨ ᠳ᠋ᠤ ᠢᠳᠡ ᠬᠦᠭ ᠲᠠᠢ ᠶᠠᠪᠤᠭ᠍ᠳᠠᠵᠤ᠂ ᠠᠵᠢᠯ ᠡᠷᠢᠬᠦ ᠬᠦᠮᠦᠰ ᠬᠢᠬᠡᠳ ᠠᠵᠤ ᠠᠬᠤᠢᠯᠠᠯ ᠤ᠋ᠨ ᠬᠤᠭᠤᠷᠤᠨᠳᠤᠬᠢ 《ᠠᠯᠳᠠᠨ ᠬᠦᠬᠦᠷᠬᠡ》 ᠪᠤᠯᠪᠠ; ᠪᠠᠲᠤᠯᠠᠭ᠎ᠠ ᠵᠢᠨ ᠣᠷᠣᠨ ᠰᠠᠭᠤᠴᠠ ᠶ᠋ᠢᠨ ᠪᠠᠷᠢᠯᠭ᠎ᠠ ᠵᠢ ᠵᠠᠯᠭᠠᠭ᠎ᠠ ᠪᠠᠷ ᠡᠬᠢᠯᠡᠭᠦᠯᠵᠦ᠍᠂ ᠤᠯᠠᠨ ᠲᠦᠮᠡᠨ ᠤ᠋ ᠣᠷᠣᠨ ᠰᠠᠭᠤᠴᠠ ᠵᠢᠨ ᠣᠷᠴᠢᠨ ᠨᠥᠬᠦᠴᠡᠯ ᠢ᠋ ᠰᠠᠢᠵᠢᠷᠠᠭᠤᠯᠤᠨ ᠵᠢᠷᠭᠠᠯᠲᠤ ᠲᠦᠷᠦᠭᠳᠡᠯ ᠢ᠋ ᠨᠡᠮᠡᠭ᠌ᠳᠡᠭᠦᠯᠪᠡ; ᠨᠡᠢᠰᠯᠡᠯ ᠤ᠋ᠨ ᠨᠠᠷᠠᠲᠤ ᠡᠮᠨᠡᠯᠭᠡ ᠵᠢᠨ ᠬᠤᠷᠢᠶ᠎ᠠ ᠥᠪᠥᠷ ᠮᠣᠩᠭᠤᠯ ᠳ᠋ᠤ ᠨᠤᠲᠤᠭ᠍ᠰᠢᠵᠤ᠂ ᠣᠯᠠᠨ ᠲᠦᠮᠡᠨ ᠤᠷᠤᠨ ᠨᠤᠳᠤᠭ ᠲᠠᠭᠠᠨ ᠱᠢᠯᠢᠳᠡᠭ ᠰᠠᠢᠨ ᠡᠮᠴᠢᠯᠡᠭᠡᠨ ᠤ᠋ ᠦᠢᠯᠡᠴᠢᠯᠡᠭᠡ ᠵᠢ ᠬᠦᠷᠳᠡᠬᠦ ᠪᠤᠯᠪᠠ; ᠠᠵᠢᠯ ᠮᠡᠷᠭᠡᠵᠢᠯ ᠤ᠋ᠨ ᠪᠣᠯᠪᠠᠰᠤᠷᠠᠯ ᠨᠢ ᠬᠥᠳᠡᠯᠮᠦᠷᠢᠴᠢᠳ ᠲᠦ᠍ 《ᠤᠷ᠎ᠠ ᠮᠡᠷᠭᠡᠵᠢᠯ ᠤ᠋ᠨ ᠠᠶᠠᠭ᠎ᠠ》 ᠤᠯᠭᠤᠵᠤ᠂ ᠬᠥᠳᠡᠭᠡ ᠲᠣᠰᠭᠤᠨ ᠢ᠋ ᠬᠥᠭ᠌ᠵᠢᠭᠦᠯᠦᠨ ᠮᠠᠨᠳᠤᠭᠤᠯᠬᠤ ᠵᠠᠮ ᠵᠢᠡᠷ ᠬᠦᠴᠦᠯᠡᠨ ᠲᠠᠮᠡᠤᠯᠤᠨᠠ ᠁ 2023 ᠣᠨ ᠤ᠋ ᠬᠠᠪᠤᠷ᠂ ᠠᠷᠠᠳ ᠤ᠋ᠨ ᠠᠮᠢᠳᠤᠷᠠᠯ ᠤ᠋ᠨ ᠦᠯᠢᠬᠡᠷ ᠤ᠋ᠳ᠂ ᠠᠮᠢᠳᠤᠷᠠᠯ ᠤ᠋ᠨ ᠲᠤᠷᠭᠠᠨ ᠭᠱᠠᠨ ᠤ᠋ᠳ ᠥᠪᠥᠷ ᠮᠣᠩᠭᠤᠯ ᠤ᠋ᠨ ᠬᠥᠭ᠌ᠵᠢᠯᠲᠡ ᠵᠢᠨ ᠠᠯᠬᠤᠭ᠎ᠠ ᠵᠢ ᠬᠦᠤᠷᠨᠢᠨᠠ᠃
ᠥᠪᠥᠷ ᠮᠣᠩᠭᠤᠯ ᠠᠷᠠᠳ ᠤ᠋ᠨ ᠠᠮᠢᠳᠤᠷᠠᠯ ᠳ᠋ᠤ ᠠᠱᠢᠭ ᠬᠦᠷᠲᠡᠭᠡᠬᠦ᠂ ᠠᠷᠠᠳ ᠤ᠋ᠨ ᠰᠡᠳᠭᠢᠯ ᠢ᠋ ᠳᠤᠯᠠᠭᠠᠴᠠᠭᠤᠯᠬᠤ ᠶ᠋ᠢ ᠢᠮᠠᠭ᠍ᠲᠠ ᠪᠠᠷᠢᠮᠲᠠᠯᠠᠵᠤ᠂ ᠬᠥᠭ᠌ᠵᠢᠯᠲᠡ ᠵᠢᠨ ᠳᠤᠮᠳᠠ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠲᠠᠰᠤᠷᠠᠯᠲᠠ ᠦᠭᠡᠢ ᠨᠡᠮᠡᠭ᠌ᠳᠡᠭᠦᠯᠦᠭ᠌ᠰᠡᠭᠡᠷ ᠢᠷᠡᠵᠡᠶ ᠃ 2022 ᠣᠨ ᠳ᠋ᠤ᠂ ᠪᠦᠬᠦ᠌ ᠣᠷᠣᠨ ᠤ᠋ ᠠᠵᠢᠯ ᠣᠯᠭᠤᠯᠲᠠ᠂ ᠡᠮᠴᠢᠯᠡᠬᠡᠨ᠂ ᠨᠡᠢᠭᠡᠮ ᠤ᠋ᠨ ᠪᠠᠲᠤᠯᠠᠭ᠎ᠠ ᠵᠡᠷᠭᠡ ᠵᠢᠨ ᠵᠠᠷᠤᠯᠭ᠎ᠠ ᠬᠤᠶᠠᠷ ᠣᠷᠣᠨᠲᠤ ᠲᠤᠭ᠎ᠠ ᠪᠠᠷ ᠨᠡᠮᠡᠭ᠌ᠳᠡᠬᠦ᠌ ᠶ᠋ᠢ ᠪᠠᠲᠤᠯᠠᠵᠤ᠂ ᠬᠤᠲᠠ ᠪᠠᠯᠭᠠᠰᠤᠨ ᠤ᠋ ᠱᠢᠨ᠎ᠡ ᠪᠠᠷ ᠨᠡᠮᠡᠭ᠌ᠳᠡᠬᠦᠯᠬᠦ ᠠᠵᠢᠯ ᠣᠯᠭᠤᠯᠲᠠ ᠵᠢᠨ ᠣᠨ ᠤ᠋ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ; ᠬᠤᠲᠠ ᠪᠠᠯᠭᠠᠰᠤᠨ ᠤ᠋ 1571 ᠬᠠᠭᠤᠴᠢᠨ ᠰᠠᠭᠤᠭᠠᠯᠢ ᠠᠷᠠᠳ ᠤ᠋ᠨ ᠲᠣᠭᠤᠷᠢᠭ ᠢ᠋ ᠥᠭᠡᠷᠡᠴᠢᠯᠡᠨ ᠪᠠᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ 6261 ᠺᠢᠯᠣᠮᠧᠲᠷ ᠤᠷᠳᠤ ᠵᠠᠰᠠᠮᠠᠯ ᠵᠠᠮ ᠢ᠋ ᠪᠠᠢᠭᠤᠯᠤᠨ ᠳᠠᠭᠤᠰᠭᠠᠵᠤ᠂ 10 ᠲᠦᠮᠡ ᠭᠠᠷᠤᠢ ᠡᠷᠦᠬᠡ ᠵᠢᠨ ᠵᠣᠷᠯᠣᠩ ᠢ᠋ ᠥᠭᠡᠷᠡᠴᠢᠯᠡᠨ ᠵᠠᠰᠠᠵᠤ᠂ ᠬᠤᠲᠠ ᠬᠥᠳᠡᠭᠡ ᠵᠢᠨ ᠣᠷᠣᠱᠢᠨ ᠰᠠᠭᠤᠷᠢᠰᠢᠬᠤ ᠣᠷᠴᠢᠨ ᠲᠣᠭᠤᠷᠢᠨ ᠤ᠋ ᠵᠤᠬᠢᠴᠠᠯᠲᠤ ᠴᠢᠨᠠᠷ ᠪᠠ ᠠᠮᠤᠷ ᠲᠦᠪᠱᠢᠨ ᠤ᠋ ᠴᠢᠨᠠᠷ ᠶᠡᠬᠡᠬᠡᠨ ᠳᠡᠭᠡᠭ᠌ᠰᠢᠯᠡᠪᠡ ᠁
ᠥᠩᠭᠡᠷᠡᠭ᠌ᠰᠡᠨ ᠲᠠᠪᠤᠨ ᠵᠢᠯ ᠢ᠋ ᠡᠷᠭᠢᠴᠡᠭᠦᠯᠬᠦᠶ᠎ᠡ᠂ ᠠᠯᠢ ᠤᠯᠠᠨ 《ᠠᠷᠠᠳ ᠤ᠋ᠨ ᠠᠮᠢᠳᠤᠷᠠᠯ ᠤ᠋ᠨ ᠲᠤᠭ᠎ᠠ ᠪᠠᠷᠢᠮᠲᠠ》ᠨᠢ ᠡᠬᠡᠬᠡ ᠠᠳᠠᠯᠢᠬᠠᠨ ᠵᠢᠡᠷ ᠰᠡᠳᠭᠢᠯ ᠢ᠋ ᠳᠤᠯᠠᠭᠠᠴᠠᠭᠤᠯᠤᠨ᠎ᠠ᠄ ᠰᠠᠭᠤᠭᠠᠯᠢ ᠠᠷᠠᠳ ᠤ᠋ᠨ ᠣᠷᠣᠯᠭ᠎ᠠ ᠵᠢᠨ ᠨᠡᠮᠡᠭ᠌ᠳᠡᠯ ᠤ᠋ᠨ ᠬᠤᠷᠳᠤᠴᠠ ᠶᠡᠷᠦᠩᠬᠡᠢ ᠳ᠋ᠡᠭᠡᠨ ᠠᠵᠤ ᠠᠬᠤᠢ ᠵᠢᠨ ᠨᠡᠮᠡᠭ᠌ᠳᠡᠯ ᠤ᠋ᠨ ᠬᠤᠷᠳᠤᠴᠠ ᠡᠴᠡ ᠲᠦᠷᠭᠡᠨ ᠪᠠᠢᠵᠤ᠂ ᠪᠦᠬᠦ᠌ ᠰᠠᠭᠤᠭᠠᠯᠢ ᠠᠷᠠᠳ ᠤ᠋ᠨ ᠬᠥᠮᠥᠨ ᠳᠤᠮᠳᠠᠴᠢ ᠵᠢᠨ ᠡᠵᠡᠮᠳᠡᠵᠦ᠍ ᠪᠣᠯᠬᠤ ᠣᠷᠣᠯᠭ᠎ᠠ 2.6 ᠲᠦᠮᠡᠨ ᠲᠥᠭᠦᠷᠢᠭ ᠪᠠᠢᠭ᠍ᠰᠠᠨ ᠡᠴᠡ ᠪᠠᠨ 3.6 ᠲᠦᠮᠡᠨ ᠲᠥᠭᠦᠷᠢᠭ ᠱᠢᠬᠠᠮ ᠪᠣᠯᠵᠤ ᠨᠡᠮᠡᠭ᠌ᠳᠡᠪᠡ; 5108 ᠬᠠᠭᠤᠴᠢᠨ ᠰᠠᠭᠤᠭᠠᠯᠢ ᠠᠷᠠᠳ ᠤ᠋ᠨ ᠲᠣᠭᠤᠷᠢᠭ ᠢ᠋ ᠥᠭᠡᠷᠡᠴᠢᠯᠡᠨ ᠪᠠᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠨᠤᠷᠠᠬᠤ ᠠᠶᠤᠯᠲᠠᠢ ᠭᠡᠷ ᠪᠠᠢᠱᠢᠩ ᠢ᠋ 9.6 ᠲᠦᠮᠡᠨ ᠢᠵᠢ ᠥᠭᠡᠷᠡᠴᠢᠯᠡᠨ ᠪᠠᠢᠭᠤᠯᠵᠤ᠂ 2 ᠲᠦᠮᠡᠨ ᠢᠵᠢ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠶ᠋ᠢ ᠪᠦᠲᠦᠭᠡᠨ ᠪᠠᠢᠭᠤᠯᠪᠠ ᠁
ᠠᠷᠠᠳ ᠤᠯᠠᠨ ᠤ᠋ ᠬᠦᠰᠡᠯ ᠪᠤᠯ ᠵᠠᠰᠠᠭ ᠤ᠋ᠨ ᠠᠵᠢᠯ ᠤᠨ ᠴᠢᠭᠯᠡᠯ ᠶᠤᠮᠰᠠᠨ᠃ ᠱᠢᠨ᠎ᠡ ᠠᠶᠠᠨ ᠵᠠᠮ ᠳ᠋ᠤ᠂ ᠥᠪᠥᠷ ᠮᠣᠩᠭᠤᠯ ᠨᠢᠭᠡᠨᠲᠡ ᠠᠷᠠᠳ ᠤ᠋ᠨ ᠬᠦᠴᠢᠷ ᠵᠣᠪᠠᠭᠤᠷᠢ ᠶ᠋ᠢ ᠱᠢᠢᠳᠪᠦᠷᠢᠯᠡᠬᠦ᠂ ᠠᠷᠠᠳ ᠤ᠋ᠨ ᠠᠮᠢᠳᠤᠷᠠᠯ ᠳ᠋ᠤ ᠠᠱᠢᠭ ᠬᠦᠷᠲᠡᠭᠡᠬᠦ᠌ ᠪᠣᠳᠠᠲᠤ ᠶᠠᠪᠤᠳᠠᠯ ᠢ᠋ ᠰᠠᠢᠲᠤᠷ ᠬᠢᠬᠦ᠌ ᠶ᠋ᠢ ᠡᠳᠦᠷ ᠲᠤᠳᠤᠮ ᠤ᠋ᠨ ᠴᠢᠬᠤᠯᠠ ᠵᠥᠪᠯᠡᠬᠦ᠌ ᠵᠦᠢᠯ ᠳ᠋ᠡᠭᠡᠨ ᠤᠷᠤᠭᠤᠯᠵᠤ᠂ ᠪᠦᠬᠦ᠌ ᠣᠷᠣᠨ ᠤ᠋ ᠡᠯ᠎ᠡ ᠭᠠᠵᠠᠷ ᠤ᠋ᠨ ᠬᠢᠨ ᠠᠷᠠᠳ ᠤ᠋ᠨ ᠠᠮᠢᠳᠤᠷᠠᠯ ᠢ᠋ ᠪᠠᠳᠤᠯᠠᠨ ᠰᠠᠢᠵᠢᠷᠠᠭᠤᠯᠬᠤ ᠶ᠋ᠢ ᠲᠠᠰᠤᠷᠠᠯᠲᠠ ᠦᠭᠡᠢ ᠠᠬᠢᠭᠤᠯᠵᠤ ᠪᠠᠢᠨ᠎ᠠ᠃ ᠪᠦᠬᠦ᠌ ᠤᠯᠤᠰ ᠤ᠋ᠨ ᠬᠤᠶᠠᠷ ᠬᠤᠷᠠᠯ ᠳᠡᠭᠡᠷ᠎ᠡ᠂ ᠥᠪᠥᠷ ᠮᠣᠩᠭᠤᠯ ᠡᠴᠡ ᠢᠷᠡᠭ᠌ᠰᠡᠨ ᠲᠥᠯᠥᠭᠡᠯᠡᠭ᠌ᠴᠢᠳ ᠭᠡᠱᠢᠭᠦᠳ ᠨᠡᠩ ᠴᠤ᠌ ᠢᠳᠡᠪᠬᠢᠲᠡᠢ ᠪᠠᠷ ᠠᠷᠠᠳ ᠤ᠋ᠨ ᠰᠠᠨᠠᠭ᠎ᠠ ᠶ᠋ᠢ ᠳᠠᠭᠠᠵᠤ᠂ ᠠᠷᠠᠳ ᠤ᠋ᠨ ᠲᠠᠭᠤᠨ ᠢ᠋ ᠳᠠᠮᠵᠢᠭᠤᠯᠤᠨ᠂ ᠰᠠᠢᠨ ᠠᠷᠭ᠎ᠠ ᠪᠣᠳᠣᠯᠭ᠎ᠠ ᠳᠡᠪᠱᠢᠭᠦᠯᠵᠦ᠍᠂ ᠬᠥᠭ᠌ᠵᠢᠯᠲᠡ ᠶ᠋ᠢ ᠡᠷᠢᠯᠬᠢᠯᠡᠨ᠎ᠠ᠃
《ᠪᠢᠳᠡ ᠵᠠᠰᠠᠭ ᠤ᠋ᠨ ᠣᠷᠳᠣᠨ ᠤ᠋ 〈ᠬᠢᠬᠦ ᠶᠠᠪᠤᠳᠠᠯ〉 ᠢ᠋ ᠣᠯᠠᠨ ᠲᠦᠮᠡᠨ ᠤ᠋ 〈ᠬᠦᠰᠡᠵᠦ᠍ ᠪᠠᠢᠭ᠎ᠠ ᠶᠠᠪᠤᠳᠠᠯ〉 ᠯᠤᠭ᠎ᠠ ᠤᠨᠤᠴᠠᠳᠠᠢ ᠵᠤᠯᠭᠠᠭᠤᠯᠵᠤ᠂ ᠠᠷᠠᠳ ᠤᠯᠠᠨ ᠳ᠋ᠤ ᠰᠠᠢᠨ ᠰᠠᠢᠬᠠᠨ᠂ ᠴᠢᠨᠠᠷ ᠴᠢᠨᠰᠠᠭ᠎ᠠ ᠲᠠᠢ ᠠᠮᠢᠳᠤᠷᠠᠯ ᠢ᠋ ᠡᠳ᠋ᠯᠡᠭᠦᠯᠤᠨᠠ》 ᠭᠡᠵᠦ᠍ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ᠂ ᠤᠯᠠᠭᠠᠨᠴᠠᠪ ᠬᠤᠳᠠ ᠵᠢᠨ ᠨᠠᠮ ᠤ᠋ᠨ ᠬᠤᠷᠢᠶᠠᠨ ᠤ᠋ ᠳᠡᠳ᠋ ᠱᠦᠵᠢ᠂ ᠬᠤᠳᠠ ᠵᠢᠨ ᠳᠠᠷᠤᠭ᠎ᠠ ᠴᠢ ᠹᠧᠢ ᠶᠦᠨ ᠬᠡᠯᠡᠯ᠎ᠠ᠃ ᠤᠯᠠᠭᠠᠨᠴᠠᠪ ᠬᠤᠲᠠ ᠡᠨᠡ ᠵᠢᠯ ᠰᠢᠨ᠎ᠠ ᠪᠡᠷ ᠰᠤᠷᠭᠠᠭᠤᠯᠢ ᠵᠢᠨ ᠨᠡᠷᠡᠲᠤ ᠵᠠᠬᠢᠷᠤᠯ ᠤ᠋ᠨ ᠠᠵᠢᠯᠯᠠᠬᠤ ᠲᠠᠰᠤᠭ ᠢ᠋ 8᠂ ᠨᠡᠷᠡᠲᠤ ᠪᠠᠭ᠍ᠰᠢ ᠵᠢᠨ ᠠᠵᠢᠯᠯᠠᠬᠤ ᠲᠠᠰᠤᠭ ᠢ᠋ 15 ᠪᠠᠢᠭᠤᠯᠬᠤ ᠪᠡᠷ ᠪᠤᠢ; ᠬᠤᠶᠠᠳᠤᠭᠠᠷ ᠡᠮᠨᠡᠯᠭᠡ ᠵᠢᠨ ᠬᠤᠷᠢᠶ᠎ᠠ ᠵᠢᠨ ᠱᠢᠨ᠎ᠡ ᠡᠮᠨᠡᠯᠭᠡ ᠵᠢᠨ ᠬᠤᠷᠢᠶᠠᠨ ᠤ᠋ ᠲᠣᠭᠤᠷᠢᠭ ᠤ᠋ᠨ ᠡᠵᠡᠩᠨᠡᠯᠲᠡ ᠵᠢ ᠪᠥᠬᠦ᠌ ᠲᠠᠯ᠎ᠠ ᠪᠠᠷ ᠡᠬᠢᠯᠡᠭᠦᠯᠵᠦ᠍᠂ ᠬᠤᠲᠠ ᠵᠢᠨ ᠲᠥᠪ ᠡᠮᠨᠡᠯᠭᠡ ᠵᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠵᠢᠨ ᠬᠤᠷᠢᠶ᠎ᠠ ᠵᠢᠨ ᠤᠶᠤᠨᠴᠢ ᠡᠮᠴᠢᠯᠡᠭᠡ ᠶ᠋ᠢ ᠳᠡᠰ ᠳᠡᠪᠰᠢᠭᠦᠯᠬᠦ ᠶ᠋ᠢ ᠲᠦᠷᠭᠡᠳᠭᠡᠨ᠎ᠠ; ᠡᠨᠡ ᠵᠢᠯ ᠪᠠᠰᠠ ᠰᠢᠨ᠎ᠠ ᠪᠡᠷ 8 ᠬᠡᠦᠬᠡᠳ ᠤ᠋ᠨ ᠴᠡᠴᠡᠷᠯᠢᠭ ᠪᠤᠯᠤᠨ 1 ᠪᠠᠭ᠎ᠠ ᠰᠤᠷᠭᠠᠭᠤᠯᠢ ᠨᠡᠮᠡᠨ ᠪᠠᠢᠭᠤᠯᠵᠤ᠂ ᠥᠪᠥᠷ ᠮᠣᠩᠭᠤᠯ ᠤ᠋ᠨ ᠠᠵᠢᠯ ᠮᠡᠷᠭᠡᠵᠢᠯ ᠤ᠋ᠨ ᠰᠤᠷᠭᠠᠨ ᠬᠥᠮᠦᠵᠢᠯ ᠤ᠋ᠨ ᠬᠦᠷᠢᠶᠡᠯᠡᠩ ᠲᠣᠭᠤᠷᠢᠭ ᠤ᠋ᠨ ᠪᠦᠲᠦᠭᠡᠨ ᠪᠠᠢᠭᠤᠯᠤᠯᠲᠠ ᠶ᠋ᠢ ᠲᠦᠷᠭᠡᠳᠭᠡᠨ᠎ᠡ ᠁
《ᠠᠮᠤᠷ ᠠᠮᠤᠭᠤᠯᠠᠩ ᠠᠮᠢᠳᠤᠷᠠᠬᠤ》 ᠪᠣᠯ 《ᠠᠵᠤ ᠲᠦᠷᠦᠬᠦ》 ᠶ᠋ᠢᠨ ᠦᠨᠳᠦᠰᠦ ᠮᠥᠨ᠃ ᠪᠥᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ ᠤ᠋ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢᠭᠤᠯᠤᠯᠲᠠ ᠵᠢᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠢᠩᠬᠢᠮ ᠤ᠋ᠨ ᠳᠠᠷᠤᠭ᠎ᠠ ᠭᠦᠸᠧ ᠢᠦᠢ ᠹᠧᠩ᠄ 《ᠡᠨᠡ ᠵᠢᠯ ᠮᠠᠨ ᠤ᠋ ᠣᠷᠣᠨ ᠪᠠᠲᠤᠯᠠᠭ᠎ᠠ ᠵᠢᠨ ᠣᠷᠣᠨ ᠰᠠᠭᠤᠴᠠ ᠵᠢᠨ ᠠᠱᠢᠭ ᠭᠥᠷᠳᠡᠬᠡᠬᠦ᠌ ᠬᠦᠷᠢᠶ᠎ᠡ ᠬᠡᠪᠴᠢᠶ᠎ᠡ ᠶ᠋ᠢ ᠦᠷᠭᠦᠯᠵᠢᠯᠡᠨ ᠥᠷᠭᠡᠳᠭᠡᠵᠦ᠍᠂ 1.1 ᠲᠦᠮᠡᠨ ᠢᠵᠢ(ᠲᠠᠰᠤᠯᠭ᠎ᠠ)ᠪᠠᠲᠤᠯᠠᠭ᠎ᠠ ᠵᠢᠨ ᠲᠦᠷᠢᠶᠡᠰᠦᠨ ᠣᠷᠣᠨ ᠰᠠᠭᠤᠴᠠ ᠶ᠋ᠢ ᠪᠦᠲᠦᠭᠡᠨ ᠪᠠᠢᠭᠤᠯᠵᠤ᠂ 2.64 ᠲᠦᠮᠡᠨ ᠡᠷᠦᠬᠡ ᠳ᠋ᠤ ᠬᠤᠲᠠ ᠪᠠᠯᠭᠠᠰᠤᠨ ᠤ᠋ ᠣᠷᠣᠨ ᠰᠠᠭᠤᠴᠠ ᠵᠢᠨ ᠪᠠᠲᠤᠯᠠᠭ᠎ᠠ ᠵᠢᠨ ᠭᠡᠷ ᠪᠦᠯᠢ ᠵᠢᠨ ᠲᠦᠷᠢᠶᠡᠰᠤᠨ ᠮᠦᠩᠬᠦ ᠵᠢᠨ ᠨᠥᠬᠦᠪᠦᠷᠢ ᠲᠠᠷᠬᠠᠭᠠᠨ᠎ᠠ᠃ ᠣᠯᠠᠨ ᠲᠦᠮᠡᠨ ᠤ᠋ ᠣᠷᠣᠨ ᠰᠠᠭᠤᠴᠠ ᠵᠢᠨ ᠣᠷᠴᠢᠨ ᠨᠦᠬᠦᠴᠡᠯ ᠢ᠋ ᠬᠦᠴᠦᠯᠡᠨ ᠰᠠᠢᠵᠢᠷᠠᠭᠤᠯᠵᠤ᠂ ᠳᠥᠭᠦᠮ ᠪᠦᠲᠦᠴᠡᠲᠤ ᠣᠷᠣᠨ ᠰᠠᠭᠤᠴᠠ ᠵᠢᠨ ᠲᠣᠭᠤᠷᠢᠭ ᠤ᠋ᠨ 1.5 ᠲᠦᠮᠡᠨ ᠢᠵᠢ ᠬᠡᠷ ᠪᠠᠢᠰᠢᠩ ᠢ᠋ ᠥᠭᠡᠷᠡᠴᠢᠯᠡᠨ ᠵᠠᠰᠠᠵᠤ᠂ ᠬᠤᠲᠠ ᠪᠠᠯᠭᠠᠰᠤ ᠵᠢᠨ 1602 ᠬᠠᠭᠤᠴᠢᠨ ᠰᠠᠭᠤᠭᠠᠯᠢ ᠠᠷᠠᠳ ᠤ᠋ᠨ ᠲᠣᠭᠤᠷᠢᠭ ᠤ᠋ᠨ 21 ᠲᠦᠮᠡᠨ ᠡᠷᠦᠬᠡ ᠡᠴᠡ ᠳᠡᠭᠡᠭ᠌ᠰᠢᠬᠢ ᠵᠢᠨ ᠤᠷᠤᠨ ᠰᠠᠭᠤᠴᠠ ᠵᠢ ᠥᠭᠡᠷᠡᠴᠢᠯᠡᠨ ᠵᠠᠰᠠᠵᠤ᠂ ᠮᠠᠯᠵᠢᠬᠤ ᠲᠠᠷᠢᠶᠠᠯᠠᠬᠤ ᠣᠷᠣᠨ ᠤ᠋ 3000 ᠢᠵᠢ ᠡᠴᠡ ᠳᠡᠭᠡᠭ᠌ᠰᠢᠬᠢ ᠨᠤᠷᠠᠬᠤ ᠠᠶᠤᠯᠲᠠᠢ ᠭᠡᠷ ᠪᠠᠢᠱᠢᠩ ᠢ᠋ ᠥᠭᠡᠷᠡᠴᠢᠯᠡᠨ ᠵᠠᠰᠠᠨ᠎ᠠ》 ᠭᠡᠪᠡ᠃
ᠠᠵᠢᠯ ᠣᠯᠭᠤᠯᠲᠠ ᠪᠣᠯ ᠬᠠᠮᠤᠭ ᠤ᠋ᠨ ᠲᠤᠮᠤ ᠠᠷᠠᠳ ᠤ᠋ᠨ ᠠᠮᠢᠳᠤᠷᠠᠯ ᠮᠥᠨ᠃ ᠪᠥᠬᠦ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠥᠪᠡᠷᠲᠡᠭᠡᠨ ᠵᠠᠰᠠᠬᠤ ᠣᠷᠣᠨ ᠤ᠋ ᠬᠥᠮᠥᠨ ᠤ᠋ ᠬᠦᠴᠦᠨ ᠤ᠋ ᠡᠬᠢ ᠪᠠᠶᠠᠯᠢᠭ ᠪᠠ ᠨᠡᠢᠭᠡᠮ ᠤ᠋ᠨ ᠪᠠᠲᠤᠯᠠᠭ᠎ᠠ ᠵᠢᠨ ᠲᠢᠩᠬᠢᠮ ᠤ᠋ᠨ ᠳᠡᠳ᠋ ᠳᠠᠷᠤᠭ᠎ᠠ ᠱᠢᠦᠢ ᠷᠦᠢ ᠱᠢᠶᠠ᠄ 《ᠪᠢᠳᠡ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ ᠲᠦ᠍ ᠠᠵᠢᠯ ᠣᠯᠭᠤᠬᠤ ᠠᠷᠭ᠎ᠠ ᠵᠠᠮ ᠢ᠋ ᠥᠷᠭᠡᠳᠭᠡᠵᠤ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠨᠢᠭᠡᠳᠦᠯᠲᠡᠢ ᠠᠵᠢᠯ ᠣᠯᠭᠤᠯᠲᠠ ᠪᠠ ᠵᠠᠬ᠎ᠠ ᠳᠡᠯᠭᠡᠭᠦᠷ ᠤ᠋ᠨ ᠠᠵᠢᠯ ᠣᠯᠭᠤᠯᠲᠠ ᠵᠢᠨ 〈ᠬᠤᠣᠰ ᠴᠢᠭ᠌ᠯᠡᠯ〉 ᠵᠢᠡᠷ ᠭᠤᠣᠯᠳᠠᠯᠭ᠎ᠠ ᠲᠠᠢ ᠬᠦᠴᠦᠯᠡᠨ᠎ᠡ; ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠨ ᠰᠤᠷᠤᠭ᠍ᠴᠢᠳ ᠤ᠋ᠨ ᠠᠵᠢᠯ ᠤᠯᠭᠤᠯᠲᠠ ᠶ᠋ᠢ ᠳᠡᠭᠡᠭ᠌ᠰᠢᠯᠡᠭᠦᠯᠵᠦ᠍᠂ ᠵᠠᠯᠠᠭᠤᠴᠤᠳ ᠤ᠋ᠨ ᠠᠵᠢᠯ ᠣᠯᠬᠤ ᠳᠠᠳᠤᠯᠭ᠎ᠠ ᠵᠢᠨ ᠲᠥᠯᠥᠪᠯᠡᠭᠡ ᠶ᠋ᠢ ᠬᠡᠷᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠨ ᠰᠤᠷᠤᠭ᠍ᠴᠢᠳ ᠵᠡᠷᠭᠡ ᠵᠠᠯᠠᠭᠤᠴᠤᠳ ᠤ᠋ᠨ ᠠᠵᠢᠯ ᠤᠯᠭᠤᠯᠲᠠ ᠵᠢᠨ ᠤᠷ᠎ᠠ ᠴᠢᠳᠠᠪᠤᠷᠢ ᠵᠢᠨ ᠪᠣᠯᠪᠠᠰᠤᠷᠠᠯ ᠳ᠋ᠤ ᠣᠷᠤᠯᠴᠠᠬᠤ ᠶ᠋ᠢ ᠳᠡᠮᠵᠢᠨ᠎ᠡ; ᠰᠤᠷᠭᠠᠭᠤᠯᠢ ᠡᠴᠡ ᠪᠠᠨ ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ ᠤ᠋ᠨ ᠠᠵᠢᠯ ᠣᠯᠭᠤᠯᠲᠠ ᠵᠢᠨ ᠦᠢᠯᠡᠴᠢᠯᠡᠭᠡ ᠶ᠋ᠢ ᠤᠨᠴᠠᠭᠠᠢᠯᠠᠨ ᠰᠠᠢᠲᠤᠷ ᠠᠳᠭᠤᠵᠤ᠂ ᠤᠨᠴᠠᠭᠠᠢ ᠬᠦᠴᠢᠷᠳᠡᠯ ᠲᠠᠢ ᠳ᠋ᠤᠨᠢ ᠤᠨᠴᠠᠭᠠᠢ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ ᠠᠪᠤᠨ᠎ᠠ; ᠤᠯᠠᠨ ᠨᠡᠢᠲᠡ ᠵᠢᠨ ᠠᠵᠢᠯ ᠣᠯᠭᠤᠯᠲᠠ ᠵᠢᠨ ᠤᠷᠢᠵᠤ ᠡᠯᠰᠡᠬᠦ᠌ ᠦᠢᠯᠡᠴᠢᠯᠡᠭᠡ ᠶ᠋ᠢ ᠱᠢᠯᠢᠳᠡᠭ᠌ᠵᠢᠭᠦᠯᠤᠨ᠂ ᠤᠯᠠᠨ ᠨᠡᠢᠲᠡ ᠵᠢᠨ ᠠᠵᠢᠯ ᠣᠯᠭᠤᠯᠲᠠ ᠵᠢᠨ ᠦᠢᠯᠡᠴᠢᠯᠡᠭᠡ ᠶ᠋ᠢ ᠬᠠᠨᠳᠤᠯᠭᠠᠲᠤ ᠴᠢᠨᠠᠷᠲᠠᠢ ᠪᠠᠷ ᠬᠠᠩᠭᠠᠵᠤ᠂ ᠦᠨᠳᠦᠰᠦᠨ ᠠᠷᠠᠳ ᠤ᠋ᠨ ᠠᠮᠢᠳᠤᠷᠠᠯ ᠢ᠋ ᠦᠨᠡᠨ ᠬᠦ᠌ ᠰᠠᠢᠲᠤᠷ ᠪᠠᠲᠤᠯᠠᠨ᠎ᠠ》 ᠭᠡᠵᠦ᠍ ᠶᠠᠷᠢᠯ᠎ᠠ᠃
2023 ᠣᠨ ᠳ᠋ᠤ ᠮᠠᠨ ᠤ᠋ ᠣᠷᠣᠨ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠦᠷᠭᠦᠯᠵᠢᠯᠡᠨ ᠨᠡᠮᠡᠭ᠌ᠳᠡᠭᠦᠯᠵᠦ᠍᠂ ᠨᠡᠢᠭᠡᠮ ᠤ᠋ᠨ ᠪᠠᠲᠤᠯᠠᠭ᠎ᠠ ᠶ᠋ᠢ ᠬᠦᠴᠦᠯᠡᠨ ᠴᠢᠩᠭᠠᠳᠭᠠᠬᠤ ᠪᠤᠯᠤᠨ᠎ᠠ᠃ ᠨᠠᠰᠤᠵᠢᠯ ᠤ᠋ᠨ ᠠᠰᠠᠷᠠᠮᠵᠢ ᠵᠢᠨ ᠦᠨᠳᠦᠰᠦᠨ ᠳᠠᠭᠠᠳᠭᠠᠯ ᠳ᠋ᠤ ᠤᠷᠤᠯᠴᠠᠬᠤ ᠬᠦᠮᠤᠨ ᠢ᠋ ᠰᠢᠨ᠎ᠠ ᠪᠡᠷ 50 ᠲᠦᠮᠡ ᠨᠡᠮᠡᠭᠳᠡᠭᠦᠯᠦᠨ᠎ᠡ; ᠬᠤᠲᠠ ᠬᠥᠳᠡᠭᠡ ᠵᠢᠨ ᠨᠠᠭᠠᠲᠤ ᠵᠠᠬ᠎ᠠ ᠵᠢᠨ ᠠᠮᠢᠳᠤᠷᠠᠯ ᠤ᠋ᠨ ᠪᠠᠲᠤᠯᠠᠭ᠎ᠠ ᠵᠢᠨ ᠮᠦᠩᠬᠦᠨ ᠤ᠋ ᠨᠡᠮᠡᠭ᠌ᠳᠡᠯ ᠢ᠋ 5% ᠡᠴᠡ ᠳᠡᠭᠡᠭ᠌ᠰᠢ ᠪᠠᠢᠯᠭᠠᠵᠤ᠂ ᠥᠨᠥᠴᠢᠨ ᠬᠡᠦᠬᠡᠳ ᠤ᠋ᠨ ᠪᠠᠲᠤᠯᠠᠭ᠎ᠠ ᠵᠢᠨ ᠮᠦᠩᠭᠦᠨ ᠤ᠋ ᠨᠡᠮᠡᠭ᠌ᠳᠡᠯ ᠢ᠋ 8.3% ᠡᠴᠡ ᠳᠡᠭᠡᠭ᠌ᠰᠢ ᠪᠠᠢᠯᠭᠠᠨ᠎ᠠ; ᠱᠢᠶᠠᠩ ᠪᠠᠯᠭᠠᠰᠤᠨ ᠤ᠋ ᠨᠠᠰᠤᠵᠢᠯ ᠤ᠋ᠨ ᠠᠰᠠᠷᠠᠮᠵᠢ ᠵᠢᠨ ᠦᠢᠯᠡᠴᠢᠯᠡᠭᠡᠨ ᠤ᠋ ᠲᠥᠪ ᠪᠣᠯᠣᠨ ᠭᠠᠴᠠᠭ᠎ᠠ ᠲᠣᠰᠭᠤᠨ ᠤ᠋ ᠳᠡᠰ ᠤ᠋ᠨ ᠨᠠᠰᠤᠵᠢᠯ ᠤ᠋ᠨ ᠠᠰᠠᠷᠠᠮᠵᠢ ᠵᠢᠨ ᠦᠢᠯᠡᠴᠢᠯᠡᠭᠡᠨ ᠤ᠋ ᠦᠷᠳᠡᠭᠡ ᠶ᠋ᠢ ᠱᠢᠨ᠎ᠡ ᠪᠠᠷ 2350 ᠪᠠᠢᠭᠤᠯᠵᠤ᠂ 200 ᠬᠥᠳᠡᠭᠡ ᠲᠣᠰᠭᠤᠨ ᠤ᠋ ᠬᠠᠷᠢᠯᠴᠠᠨ ᠬᠠᠪᠰᠤᠷᠤᠯᠴᠠᠬᠤ ᠨᠠᠰᠤᠵᠢᠯ ᠤ᠋ᠨ ᠠᠰᠠᠷᠠᠮᠵᠢ ᠵᠢᠨ ᠵᠢᠷᠭᠠᠯᠲᠤ ᠬᠦᠷᠢᠶᠡᠯᠡᠩ ᠤ᠋ᠨ ᠦᠢᠯᠡᠴᠢᠯᠡᠭᠡᠨ ᠤ᠋ ᠴᠢᠳᠠᠮᠵᠢ ᠶ᠋ᠢ ᠦᠷᠭᠡᠳᠬᠡᠵᠤ ᠳᠡᠰ ᠲᠡᠪᠰᠢᠭᠦᠯᠦᠨ᠎ᠡ ᠁
ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠠᠵᠢᠯ ᠳ᠋ᠤ ᠲᠠᠰᠤᠷᠠᠯᠳᠡ ᠦᠭᠡᠢ ᠦᠷᠭᠦᠯᠵᠢᠯᠡᠬᠦ᠌ ᠱᠢᠨ᠎ᠡ ᠭᠠᠷᠤᠭ᠎ᠠ ᠪᠠᠢᠬᠤ ᠡᠴᠡ ᠪᠢᠰᠢ᠂ ᠲᠡᠭᠦᠰᠭᠡᠯ ᠤ᠋ᠨ ᠴᠡᠭ ᠬᠡᠮᠡᠨ ᠦᠬᠡᠢ ᠶᠤᠮ᠃
ᠪᠥᠬᠦ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠱᠢᠯᠢ ᠵᠢᠨ ᠭᠤᠣᠯ ᠠᠢᠮᠠᠭ ᠤ᠋ᠨ ᠠᠪᠠᠭ᠎ᠠ ᠬᠤᠱᠢᠭᠤᠨ ᠤ᠋ ᠬᠤᠩᠭᠤᠷᠭᠤᠣᠯ ᠪᠠᠯᠭᠠᠰᠤ ᠵᠢᠨ ᠰᠠᠷᠠᠭᠤᠯᠲᠤᠶᠠᠭ᠎ᠠ ᠭᠠᠴᠠᠭᠠᠨ ᠤ᠋ ᠮᠠᠯᠴᠢᠨ ᠲᠢᠩ·ᠪᠠᠭᠠᠲᠤᠷ᠄ 《ᠮᠠᠨ ᠤ᠋ ᠣᠷᠣᠨ ᠠᠯᠢ ᠣᠯᠠᠨ ᠴᠢᠬᠤᠯᠠ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ᠌ ᠠᠷᠠᠳ ᠤ᠋ᠨ ᠠᠮᠢᠳᠤᠷᠠᠯ ᠳ᠋ᠤ ᠠᠱᠢᠭ ᠬᠦᠷᠲᠡᠭᠡᠵᠦ᠍᠂ ᠠᠷᠠᠳ ᠤ᠋ᠨ ᠬᠦᠴᠢᠷᠳᠡᠯ ᠢ᠋ ᠰᠢᠢᠳᠪᠦᠷᠢᠯᠡᠨ᠂ ᠠᠷᠠᠳ ᠤ᠋ᠨ ᠵᠣᠪᠠᠨᠢᠯ ᠢ᠋ ᠱᠢᠢᠳᠪᠦᠷᠢᠯᠡᠵᠦ᠍᠂ ᠠᠷᠠᠳ ᠲᠦᠮᠡᠨ ᠤ᠋ ᠬᠦᠷᠲᠡᠮᠵᠢ ᠵᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ ᠤ᠋ ᠲᠥᠷᠥᠭ᠌ᠳᠡᠯ ᠢ᠋ ᠨᠠᠩ ᠲᠡᠬᠦᠯᠳᠡᠷ᠂ ᠨᠠᠩ ᠪᠠᠲᠤᠯᠠᠭ᠎ᠠ ᠲᠠᠢ᠂ ᠨᠠᠩ ᠲᠠᠭᠠᠭᠠᠮᠠᠭᠠᠢ ᠪᠣᠯᠭᠠᠪᠠ᠃ ᠡᠷᠡᠭᠦᠯ ᠬᠠᠮᠠᠭᠠᠯᠠᠯ ᠡᠷᠡᠭᠦᠯ ᠮᠡᠨᠳᠤ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤ᠋ᠨ ᠬᠢᠨ ᠱᠢᠯᠢᠳᠡᠭ ᠴᠢᠳᠠᠪᠤᠷᠢᠲᠠᠨ ᠢ᠋ ᠬᠢᠯᠢ ᠬᠢᠵᠠᠭᠠᠷ ᠣᠷᠣᠨ ᠳ᠋ᠤ ᠦᠢᠯᠡᠴᠢᠯᠡᠬᠦᠯᠬᠦ ᠪᠣᠳᠠᠲᠠᠢ ᠲᠥᠷᠥ᠍ ᠵᠢᠨ ᠪᠣᠳᠣᠯᠭ᠎ᠠ ᠠᠷᠭ᠎ᠠ ᠬᠡᠮᠵᠢᠶ᠎ᠡ ᠲᠣᠭ᠍ᠲᠠᠭᠠᠵᠤ᠂ ᠥᠨᠳᠥᠷ ᠰᠤᠷᠤᠯᠭ᠎ᠠ ᠵᠢᠨ ᠨᠠᠮᠲᠠᠷ ᠲᠠᠢ ᠴᠢᠳᠠᠪᠤᠷᠢᠲᠠᠨ ᠤ᠋ ᠦᠨᠳᠦᠰᠦᠨ ᠱᠠᠲᠤᠨ ᠳ᠋ᠤ ᠬᠦᠷᠴᠦ ᠠᠵᠢᠯᠯᠠᠬᠤ ᠶ᠋ᠢ ᠵᠣᠷᠢᠭ᠍ᠵᠢᠭᠤᠯᠤᠨ᠂ ᠬᠢᠯᠢ ᠬᠢᠵᠠᠭᠠᠷ ᠣᠷᠣᠨ ᠤ᠋ ᠣᠯᠠᠨ ᠨᠡᠢᠲᠡ ᠵᠢᠨ ᠦᠢᠯᠡᠴᠢᠯᠡᠭᠡᠨ ᠤ᠋ ᠲᠦᠪᠱᠢᠨ ᠢ᠋ ᠳᠡᠭᠡᠭ᠌ᠰᠢᠯᠡᠭᠦᠯᠬᠦ᠌ ᠶ᠋ᠢ ᠰᠠᠨᠠᠭᠤᠯᠵᠤ ᠪᠠᠢᠨ᠎ᠠ》 ᠭᠡᠵᠤ ᠶᠠᠷᠢᠯ᠎ᠠ ᠃
ᠡᠨᠡ ᠵᠢᠯ᠂ ᠮᠠᠨ ᠤ᠋ ᠣᠷᠣᠨ 204 ᠬᠡᠦᠬᠡᠳ ᠤ᠋ᠨ ᠴᠡᠴᠡᠷᠯᠢᠭ᠂ 676 ᠳᠤᠮᠳᠠᠳᠤ ᠪᠠᠭ᠎ᠠ ᠰᠤᠷᠭᠠᠭᠤᠯᠢ᠂ 13 ᠣᠨᠴᠠᠭᠠᠶ ᠰᠤᠷᠭᠠᠨ ᠬᠥᠮᠦᠵᠢᠯ ᠤ᠋ᠨ ᠰᠤᠷᠭᠠᠭᠤᠯᠢ ᠶ᠋ᠢ ᠱᠢᠨ᠎ᠡ ᠪᠠᠷ ᠪᠠᠢᠭᠤᠯᠬᠤ ᠪᠤᠶᠤ ᠥᠷᠭᠡᠳᠭᠡᠨ ᠪᠠᠢᠭᠤᠯᠵᠤ᠂ ᠬᠤᠲᠠ ᠵᠢᠨ ᠲᠣᠭᠤᠷᠢᠭ ᠤ᠋ᠨ 1000 ᠱᠢᠯᠢᠳᠡᠭ ᠪᠠᠭ᠍ᠰᠢ ᠶ᠋ᠢ ᠰᠣᠩᠭᠤᠨ ᠬᠥᠳᠡᠭᠡ ᠲᠣᠰᠭᠤᠨ ᠤ᠋ ᠪᠠᠭᠤᠷᠠᠢ ᠰᠤᠷᠭᠠᠭᠤᠯᠢ ᠳ᠋ᠤ ᠣᠴᠢᠭᠤᠯᠵᠤ ᠬᠠᠪᠰᠤᠷᠤᠯᠴᠠᠭ᠎ᠠ ᠪᠠᠢᠭᠤᠯᠤᠨ ᠲᠡᠳᠬᠦᠬᠦ ᠪᠡᠷ ᠪᠣᠶ; ᠪᠡᠭᠡᠵᠢᠩ ᠥᠪᠥᠷ ᠮᠣᠩᠭᠤᠯ ᠤ᠋ᠨ ᠬᠠᠮᠲᠤᠷᠠᠯᠴᠠᠭᠠᠨ ᠤ᠋ ᠡᠮᠨᠡᠯᠭᠡ ᠵᠢᠨ ᠬᠤᠷᠢᠶ᠎ᠠ ᠶ᠋ᠢ 43᠂ ᠨᠢᠭ᠍ᠲᠠ ᠬᠠᠷᠢᠴᠠᠭ᠎ᠠ ᠪᠦᠬᠦᠢ ᠡᠮᠴᠢᠯᠡᠬᠡᠨ ᠤ᠋ ᠦᠢᠯᠡᠴᠢᠯᠡᠬᠡ ᠵᠢᠨ ᠬᠠᠮᠲᠤ ᠵᠢᠨ ᠴᠣᠭ᠍ᠴᠠ ᠶ᠋ᠢ 20᠂ ᠢᠨᠲ᠋ᠧᠷ ᠰᠦᠯᠵᠢᠶᠡᠨ ᠤ᠋ ᠡᠮᠨᠡᠯᠭᠡ ᠵᠢᠨ ᠬᠤᠷᠢᠶ᠎ᠠ ᠶ᠋ᠢ 140 ᠪᠠᠢᠭᠤᠯᠤᠨ᠎ᠠ ᠁ ᠣᠯᠠᠨ ᠲᠦᠮᠡᠨ ᠤ᠋ ᠬᠠᠮᠤᠭ ᠡᠴᠡ ᠠᠩᠬᠠᠷᠴᠤ᠌ ᠬᠠᠮᠤᠭ ᠤ᠋ᠨ ᠱᠢᠭᠤᠳ ᠬᠠᠮᠤᠭ ᠤ᠋ᠨ ᠪᠣᠳᠠᠲᠠᠢ ᠪᠠᠢᠭ᠎ᠠ 《ᠵᠠᠩᠭᠢᠯᠠᠭ᠎ᠠ ᠵᠢᠨ ᠪᠠᠭ᠎ᠠ ᠶᠠᠪᠤᠳᠠᠯ》 ᠢ᠋ ᠰᠠᠢᠲᠤᠷ ᠱᠢᠢᠳᠪᠦᠷᠢᠯᠡᠬᠦ ᠪᠡᠷ ᠳᠠᠮᠵᠢᠨ ᠠᠷᠠᠳ ᠲᠦᠮᠡᠨ ᠤ᠋ ᠬᠦᠷᠲᠡᠮᠵᠢ ᠵᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ ᠤ ᠲᠥᠷᠥᠭ᠌ᠳᠡᠯ ᠢ᠋ ᠲᠠᠰᠤᠷᠠᠯᠲᠠ ᠦᠭᠡᠢ ᠨᠡᠮᠡᠭ᠌ᠳᠡᠭᠦᠯᠦᠨᠡ᠃
ᠪᠣᠳᠠᠲᠠᠢ ᠶᠠᠪᠤᠳᠠᠯ ᠢ᠋ ᠰᠠᠢᠲᠤᠷ ᠬᠢᠵᠦ᠍᠂ ᠰᠠᠢᠨ ᠶᠠᠪᠤᠳᠠᠯ ᠢ᠋ ᠪᠣᠳᠠᠲᠠᠢ ᠬᠢᠨ᠎ᠠ᠃ 2023 ᠣᠨ ᠳ᠋ᠤ᠂ ᠥᠪᠥᠷ ᠮᠣᠩᠭᠤᠯ ᠤᠯᠠᠨ ᠲᠦᠮᠡᠨ ᠤ᠋ ᠬᠦᠰᠡᠯ ᠱᠠᠭᠠᠷᠳᠠᠯᠭ᠎ᠠ ᠶ᠋ᠢ ᠴᠢᠩᠭ᠎ᠠ ᠠᠩᠬᠠᠷᠴᠤ᠌᠂ ᠤᠯᠠᠨ ᠲᠦᠮᠡᠨ ᠤ᠋ 《ᠵᠠᠩᠭᠢᠯᠠᠭ᠎ᠠ ᠵᠢᠨ ᠪᠠᠭ᠎ᠠ ᠶᠠᠪᠤᠳᠠᠯ》 ᠤ᠋ᠨ ᠲᠣᠭᠤᠷᠢᠨ ᠳ᠋ᠤ 43 ᠬᠤᠪᠢ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠤ᠋ᠨ ᠨᠠᠷᠢᠨ ᠲᠠᠩᠰᠠ ᠭᠠᠷᠭᠠᠵᠤ᠂ ᠲᠦᠷᠦᠯ ᠵᠦᠢᠯᠴᠢᠯᠡᠭ᠌ᠰᠡᠨ ᠬᠠᠮᠢᠶᠠᠷᠤᠯᠲᠠ ᠶ᠋ᠢ ᠬᠡᠷᠡᠭ᠌ᠵᠢᠭᠦᠯᠵᠤ ᠡᠬᠢᠯᠡᠪᠡ᠃ ᠥᠪᠥᠷ ᠮᠣᠩᠭᠤᠯ ᠤ᠋ᠨ ᠡᠯ᠎ᠡ ᠭᠠᠵᠠᠷ ᠤ᠋ᠨ ᠬᠢᠨ ᠪᠥᠬᠦ᠌ ᠤᠯᠤᠰ ᠤ᠋ᠨ ᠬᠤᠶᠠᠷ ᠬᠤᠷᠠᠯ ᠤ᠋ᠨ ᠤᠷᠢᠬᠠᠨ ᠰᠠᠯᠬᠢ ᠵᠢᠨ ᠡᠷᠴᠢᠨ ᠳᠡᠭᠡᠷ᠎ᠡ᠂ ᠡᠷᠡᠰ ᠱᠢᠭᠤᠷᠬᠠᠢ ᠪᠠᠷ ᠡᠷᠡᠮᠡᠬᠡᠢᠯᠡᠨ ᠤᠷᠤᠭᠰᠢᠯᠠᠵᠤ᠂ ᠦᠨᠡᠨ ᠪᠤᠳᠠᠳᠠᠢ ᠠᠵᠢᠯᠯᠠᠵᠤ᠂ 《ᠠᠷᠠᠳ ᠤ᠋ᠨ ᠠᠮᠢᠳᠤᠷᠠᠯ ᠤ᠋ᠨ ᠨᠠᠷᠢᠨ ᠲᠠᠩᠰᠠ》 ᠶ᠋ᠢ 《ᠵᠣᠯ ᠵᠢᠷᠭᠠᠯ ᠤ᠋ᠨ ᠲᠠᠩᠰᠠ》 ᠪᠣᠯᠭᠠᠨ ᠬᠤᠪᠢᠷᠠᠭᠤᠯᠤᠨ᠎ᠠ᠃ ᠵᠣᠯ ᠵᠢᠷᠭᠠᠯ ᠬᠤᠸᠠᠷ ᠴᠡᠴᠡᠭ ᠱᠢᠭ ᠪᠠᠳᠠᠷᠠᠨ ᠳᠡᠯᠭᠡᠷᠡᠬᠦ᠌ ᠶ᠋ᠢ ᠪᠢᠳᠡ ᠬᠠᠮᠲᠤ ᠪᠠᠷ ᠬᠦᠰᠡᠨ ᠬᠦᠯᠢᠶᠡᠨᠡᠮ ᠃