【ᠲᠠᠭᠤᠨ】
ᠥᠨᠥᠳᠦᠷ ᠤ᠋ᠨ ᠳᠠᠯᠠᠳ ᠬᠣᠱᠢᠭᠤᠨ ᠤ᠋ ᠴᠧᠩ ᠲᠠ ᠲᠣᠰᠭᠣᠨ ᠬᠦᠬᠡᠮᠳᠦᠭ ᠨᠤᠭᠤᠭᠠᠨ ᠠᠭᠤᠯᠠ ᠤᠰᠤ ᠲᠠᠢ ᠪᠤᠯᠤᠭᠰᠠᠨ ᠵᠢᠡᠷ ᠪᠠᠷᠠᠬᠤ ᠦᠬᠡᠢ ᠠᠵᠤ ᠦᠢᠯᠡᠰ ᠬᠦᠴᠦᠷᠬᠡᠭ᠌ᠵᠢᠵᠤ᠂ ᠲᠣᠰᠭᠣᠨ ᠤ᠋ ᠠᠷᠠᠳ ᠤ᠋ᠨ ᠤᠷᠤᠯᠭ᠎ᠠ ᠨᠡᠮᠡᠭ᠌ᠳᠡᠨ᠂ ᠠᠮᠢᠳᠤᠷᠠᠯ ᠨᠢ ᠡᠳᠤᠷ ᠢᠷᠡᠬᠦᠶ᠎ᠠ ᠰᠠᠢᠵᠢᠷᠠᠵᠤ᠂ ᠨᠡᠢᠭᠡᠮ ᠤ᠋ᠨ ᠪᠠᠲᠤᠯᠠᠭ᠎ᠠ ᠶ᠋ᠢᠨ ᠲᠣᠣᠷ ᠶᠠᠪᠤᠬᠤ ᠲᠤᠳᠤᠮ ᠨᠢᠭ᠍ᠲᠠᠷᠠᠭᠰᠠᠨ ᠪᠠᠢᠨ᠎ᠠ᠃ 《ᠨᠢᠳᠤᠨᠤᠨ ᠪᠢ ᠵᠢᠷᠦᠬᠡᠨ ᠡᠪᠡᠳᠴᠢᠨ ᠵᠢᠡᠷ ᠡᠮᠨᠡᠯᠭᠡ ᠳ᠋ᠦ ᠤᠷᠤᠭᠠᠳ 10 ᠲᠦᠮᠡ ᠱᠢᠬᠠᠮ ᠲᠥᠭᠥᠷᠢᠭ ᠵᠠᠷᠤᠴᠠᠭᠤᠯᠪᠠ᠃ ᠬᠡᠷᠪᠡ ᠡᠮᠴᠢᠯᠡᠬᠡᠨ ᠤ᠋ ᠳᠠᠭᠠᠳᠭᠠᠯ ᠪᠠᠢᠭᠰᠠᠨ ᠦᠭᠡᠢ ᠪᠣᠯ ᠪᠢ ᠡᠪᠡᠳᠴᠢᠨ ᠡᠴᠡ ᠪᠣᠯᠵᠤ ᠳᠠᠬᠢᠨ ᠶᠠᠳᠠᠭᠤᠷᠠᠬᠤ ᠴᠦ᠍ ᠮᠠᠭᠠᠳ᠃ ᠡᠮᠨᠡᠯᠭᠡ ᠡᠴᠡ ᠭᠠᠷᠤᠭ᠍ᠰᠠᠨ ᠤ᠋ ᠳᠠᠷᠠᠭ᠎ᠠ ᠶᠡᠬᠡᠩᠬᠢ ᠵᠠᠷᠤᠳᠠᠯ ᠢ᠋ ᠴᠥᠮ ᠲᠠᠩᠰᠠᠨ ᠡᠴᠡ ᠳᠡᠢᠯᠵᠦ᠍ ᠥᠭ᠌ᠴᠡᠶ᠂ 〈ᠡᠮᠴᠢᠯᠡᠬᠡᠨ ᠤ᠋ ᠳᠠᠭᠠᠳᠭᠠᠯ ᠢ᠋ᠶ᠋ᠠᠷ ᠠᠷᠠᠳ ᠲᠦ᠍ ᠠᠱᠢᠭ ᠬᠦᠷᠲᠡᠭᠡᠬᠦ᠌〉 ᠲᠦᠷᠦ ᠵᠢᠨ ᠪᠤᠳᠤᠯᠭ᠎ᠠ ᠪᠣᠯ ᠦᠪ ᠦᠨᠡᠨ ᠬᠦ᠌ ᠰᠠᠢᠨ ᠲᠥᠷᠥ ᠶ᠋ᠢᠨ ᠪᠣᠳᠣᠯᠭ᠎ᠠ ᠮᠥᠨ》 ᠭᠡᠵᠦ᠍ ᠲᠣᠰᠭᠣᠨ ᠤ᠋ ᠠᠷᠠᠳ ᠵᠠᠩ ᠯᠢ ᠵᠢᠶᠦ᠋ᠨ ᠰᠡᠳᠭᠢᠯ ᠳᠣᠭ᠍ᠳᠣᠯᠤᠨ ᠬᠡᠯᠡᠨ᠎ᠠ᠃
【ᠰᠢᠭᠦᠮᠵᠢ】
《ᠣᠷᠣᠨ ᠰᠠᠭᠤᠴᠠ ᠶ᠋ᠢᠨ ᠪᠠᠲᠤᠯᠠᠭ᠎ᠠ ᠶ᠋ᠢᠨ ᠱᠢᠰᠲ᠋ᠧᠮ ᠤ᠋ᠨ ᠪᠠᠢᠭᠤᠯᠤᠯᠲᠠ ᠵᠢ ᠴᠢᠩᠭᠠᠳᠭᠠᠬᠤ》᠂ 《ᠠᠯᠪᠠᠨ ᠵᠢᠷᠤᠮ ᠤ᠋ᠨ ᠰᠤᠷᠭᠠᠨ ᠬᠥᠮᠦᠵᠢᠯ ᠤ᠋ᠨ ᠴᠢᠨᠠᠷᠯᠢᠭ ᠰᠠᠢᠨ ᠲᠡᠩᠴᠡᠭᠦᠷᠢᠲᠡᠶ ᠬᠥᠭ᠌ᠵᠢᠯᠲᠡ ᠵᠢ ᠠᠬᠢᠭᠤᠯᠬᠤ》᠂ 《ᠬᠣᠲᠠ ᠬᠥᠳᠡᠭᠡ ᠶ᠋ᠢᠨ ᠰᠠᠭᠤᠭᠠᠯᠢ ᠠᠷᠠᠳ ᠤ᠋ᠨ ᠣᠷᠣᠯᠭ᠎ᠠ ᠵᠢ ᠣᠯᠠᠨ ᠠᠷᠭ᠎ᠠ ᠵᠠᠮ ᠢ᠋ᠶ᠋ᠠᠷ ᠨᠡᠮᠡᠭ᠌ᠳᠡᠭᠦᠯᠬᠦ᠌》 ᠁ ᠡᠨᠡ ᠵᠢᠯ ᠤ᠋ᠨ ᠪᠥᠬᠥ᠌ ᠤᠯᠤᠰ ᠤ᠋ᠨ ᠬᠣᠶᠠᠷ ᠬᠤᠷᠠᠯ ᠳ᠋ᠦ ᠲᠤᠷᠠᠳᠤᠭᠰᠠᠨ ᠠᠷᠠᠳ ᠤ᠋ᠨ ᠠᠮᠢᠳᠤᠷᠠᠯ ᠤ᠋ᠨ 《ᠲᠣᠮᠣ ᠪᠡᠯᠡᠭ》 ᠨᠢ ᠠᠷᠠᠳ ᠣᠯᠠᠨ ᠤ᠋ ᠠᠩᠬᠠᠷᠤᠯ ᠢ᠋ ᠶᠡᠬᠡᠳᠡ ᠲᠠᠲᠠᠵᠤ᠂ ᠦᠨᠳᠦᠰᠦᠲᠡᠨ ᠨᠤᠭᠦᠳ ᠤ᠋ᠨ ᠣᠯᠠᠨ ᠲᠦᠮᠡᠨ ᠳ᠋ᠦ ᠠᠷᠠᠳ ᠤ᠋ᠨ ᠠᠮᠢᠳᠤᠷᠠᠯ ᠢ᠋ ᠴᠢᠬᠤᠯᠠᠴᠢᠯᠠᠵᠦ ᠪᠠᠢᠭ᠎ᠠ ᠵᠢ ᠬᠦᠨᠵᠡᠭᠡᠢ ᠮᠡᠳᠡᠷᠡᠭᠦᠯᠪᠡ᠃
ᠶᠡᠷᠦᠩᠬᠡᠢ ᠱᠦᠵᠢ ᠰᠢ ᠵᠢᠨ ᠫᠢᠩ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠴᠠᠬ ᠢᠮᠠᠭᠳᠠ ᠰᠠᠨᠠᠭᠠᠰᠢᠷᠠᠵᠦ᠂ ᠵᠢᠶᠠᠩᠰᠦ ᠶ᠋ᠢᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠦ ᠣᠷᠣᠯᠴᠠᠬᠤ ᠳ᠋ᠠᠭᠠᠨ 《ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠢᠬᠤ ᠪᠣᠯ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠵᠢᠨ ᠡᠴᠦᠰ ᠤ᠋ᠨ ᠬᠠᠷᠠᠯᠲᠠ ᠮᠥᠨ》 ᠭᠡᠵᠦ᠍ ᠴᠢᠬᠤᠯᠠᠴᠢᠯᠠᠪᠠ᠃ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠨᠡᠮᠡᠭ᠌ᠳᠡᠭᠦᠯᠵᠦ᠍᠂ ᠠᠷᠠᠳ ᠤ᠋ᠨ ᠠᠮᠢᠳᠤᠷᠠᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠪᠣᠯ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠦ ᠲᠤᠱᠢᠶᠠᠭ᠍ᠰᠠᠨ ᠲᠠᠪᠤᠨ ᠶᠡᠬᠡ ᠡᠭᠦᠷᠭᠡ ᠵᠢ ᠰᠠᠢᠲᠤᠷ ᠪᠡᠶᠡᠯᠡᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ ᠪᠡᠷ ᠰᠠᠢᠲᠤᠷ ᠪᠦᠳᠦᠭᠡᠨ ᠪᠠᠢᠭᠤᠯᠬᠤ ᠶ᠋ᠢᠨ ᠦᠨᠳᠦᠰᠦᠨ ᠵᠣᠷᠢᠯᠲᠠ ᠪᠠ ᠲᠤᠰᠤᠯᠳᠠ ᠪᠣᠯᠤᠨ᠎ᠠ ᠮᠦᠨ᠃ ᠡᠳᠡᠭᠡᠷ ᠵᠢᠯ ᠤ᠋ᠳ ᠲᠦ᠍᠂ ᠥᠪᠥᠷ ᠮᠣᠩᠭᠣᠯ ᠦᠨᠡᠨ ᠪᠣᠳᠠᠲᠠᠢ ᠠᠵᠢᠯᠯᠠᠨ ᠯᠠᠪᠳᠠᠭᠤᠨ ᠪᠠᠲᠤᠲᠠᠢ ᠦᠢᠯᠡᠳᠦᠯᠭᠡᠵᠢᠭᠦᠯᠵᠦ᠍᠂ ᠤᠯᠠᠨ ᠲᠦᠮᠡᠨ ᠤ᠋ ᠪᠠᠴᠢᠮᠳᠠᠵᠦ ᠬᠦᠴᠢᠷᠳᠡᠵᠦ ᠵᠤᠪᠠᠨᠢᠵᠦ ᠬᠦᠰᠡᠵᠦ ᠪᠠᠢᠭᠰᠠᠨ ᠮᠠᠰᠢ ᠤᠯᠠᠨ ᠠᠰᠠᠭᠤᠳᠠᠯ ᠢ᠋ ᠱᠢᠢᠳᠪᠦᠷᠢᠯᠡᠨ᠂ ᠨᠢᠳᠤᠨ ᠳ᠋ᠦ ᠦᠵᠡᠭ᠌ᠳᠡᠵᠦ᠍ ᠭᠠᠷ ᠲᠦ᠍ ᠪᠠᠷᠢᠭ᠍ᠳᠠᠭᠰᠠᠨ ᠠᠮᠵᠢᠯᠳᠠ ᠤᠯᠵᠤ᠂ ᠠᠷᠠᠳ ᠤᠯᠠᠨ ᠳ᠋ᠦ ᠦᠨᠡᠨ ᠬᠦ᠌ ᠵᠣᠯ ᠵᠢᠷᠭᠠᠯ ᠢ᠋ ᠡᠳ᠋ᠯᠡᠬᠦᠯᠦᠭᠰᠡᠨ ᠪᠠᠢᠨ᠎ᠠ ᠃
《ᠡᠷᠬᠡᠪᠰᠢ ᠬᠥᠭ᠌ᠵᠢᠯᠲᠡ ᠶ᠋ᠢᠨ ᠳᠤᠮᠳᠠ ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠵᠢ ᠪᠠᠷᠢᠮᠲᠠᠯᠠᠵᠤ᠂ ᠬᠠᠮᠲᠤ ᠪᠡᠷ ᠲᠡᠮᠡᠴᠡᠵᠦ᠍ ᠰᠠᠢ᠌ᠨ ᠰᠠᠢᠬᠠᠨ ᠠᠮᠢᠳᠤᠷᠠᠯ ᠢ᠋ᠶ᠋ᠠᠨ ᠴᠣᠭ᠍ᠴᠠᠯᠠᠬᠤ ᠵᠢ ᠵᠣᠷᠢᠭ᠍ᠵᠢᠭᠤᠯᠵᠤ᠂ ᠠᠷᠠᠳ ᠲᠦᠮᠡᠨ ᠤ᠋ ᠰᠠᠢ᠌ᠨ ᠰᠠᠢᠬᠠᠨ ᠠᠮᠢᠳᠤᠷᠠᠯ ᠤ᠋ᠨ ᠬᠦᠰᠡᠯ ᠡᠷᠡᠮᠡᠯᠵᠡᠯ ᠢ᠋ ᠲᠠᠰᠤᠷᠠᠯᠳᠠ ᠦᠭᠡᠢ ᠪᠡᠶᠡᠯᠡᠭᠦᠯᠤᠨ᠎ᠠ》 ᠬᠡᠵᠤ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠢᠯᠡᠳᠭᠡᠯ ᠳ᠋ᠤ ᠢᠷᠡᠭᠡᠳᠦᠢ ᠶ᠋ᠢᠨ ᠠᠷᠠᠳ ᠤ᠋ᠨ ᠠᠮᠢᠳᠤᠷᠠᠯ ᠤ᠋ᠨ ᠬᠥᠭ᠌ᠵᠢᠯᠲᠡ ᠶ᠋ᠢᠨ ᠴᠢᠭ᠌ᠯᠡᠯ ᠢ᠋ ᠲᠣᠳᠣᠷᠬᠠᠢ ᠵᠢᠭᠠᠵᠤ ᠭᠠᠷᠭᠠᠪᠠ᠃ ᠠᠷᠠᠳ ᠲᠦᠮᠡᠨ ᠤ᠋ ᠰᠠᠢ᠌ᠨ ᠰᠠᠢᠬᠠᠨ ᠠᠮᠢᠳᠤᠷᠠᠯ ᠤ᠋ᠨ ᠬᠦᠰᠡᠯ ᠡᠷᠡᠮᠡᠯᠵᠡᠯ ᠢ᠋ ᠲᠠᠰᠤᠷᠠᠯᠳᠠ ᠦᠭᠡᠢ ᠪᠡᠶᠡᠯᠡᠭᠦᠯᠬᠦ᠌ ᠶ᠋ᠢᠨ ᠵᠠᠩᠭᠢᠯᠠᠭ᠎ᠠ ᠨᠢ ᠬᠠᠮᠤᠭ ᠤ᠋ᠨ ᠥᠷᠭᠡᠨ ᠤᠯᠠᠨ ᠠᠷᠠᠳ ᠲᠦᠮᠡᠨ ᠤ᠋ ᠦᠨᠳᠦᠰᠦᠨ ᠠᠱᠢᠭ ᠲᠤᠰᠠ ᠵᠢ ᠰᠠᠢᠲᠤᠷ ᠪᠡᠶᠡᠯᠡᠭᠦᠯᠵᠦ᠍᠂ ᠰᠠᠢᠲᠤᠷ ᠬᠠᠮᠠᠭᠠᠯᠠᠨ᠂ ᠰᠠᠢᠲᠤᠷ ᠬᠥᠭ᠌ᠵᠢᠭᠦᠯᠬᠦ᠌ ᠳ᠋ᠦ ᠪᠠᠢᠨ᠎ᠠ᠃ ᠠᠵᠢᠯ ᠣᠯᠭᠣᠯᠲᠠ᠂ ᠣᠷᠣᠯᠭ᠎ᠠ᠂ ᠡᠮᠴᠢᠯᠡᠬᠡᠨ᠂ ᠰᠤᠷᠭᠠᠨ ᠬᠥᠮᠦᠵᠢᠯ᠂ ᠣᠷᠣᠨ ᠰᠠᠭᠤᠴᠠ ᠁ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠢ᠋ ᠨᠢᠭᠡᠳ ᠨᠢᠬᠡ ᠪᠡᠷ ᠰᠠᠢᠲᠤᠷ ᠬᠢᠪᠡᠯ ᠰᠠᠶᠢ ᠠᠷᠠᠳ ᠤᠯᠠᠨ ᠤ᠋ ᠵᠣᠯ ᠵᠢᠷᠭᠠᠯᠲᠤ ᠠᠮᠢᠳᠤᠷᠠᠯ ᠢ᠋ ᠨᠡᠩ ᠰᠠᠢᠲᠤᠷ ᠬᠠᠮᠠᠭᠠᠯᠠᠵᠤ ᠴᠢᠳᠠᠨ᠎ᠠ᠃ ᠬᠠᠮᠤᠭ ᠤ᠋ᠨ ᠬᠦᠴᠢᠷᠳᠡᠯ ᠲᠡᠶ ᠬᠥᠮᠦᠰ ᠡᠴᠡ ᠭᠠᠷᠳᠠᠨ᠂ ᠬᠠᠮᠤᠭ ᠤ᠋ᠨ ᠲᠣᠪᠣᠢᠮ᠎ᠠ ᠠᠰᠠᠭᠤᠳᠠᠯ ᠡᠴᠡ ᠭᠠᠷᠳᠠᠵᠤ᠂ ᠠᠷᠠᠳ ᠤ᠋ᠨ ᠠᠮᠢᠳᠤᠷᠠᠯ ᠤ᠋ᠨ ᠬᠣᠷᠢᠭ᠎ᠠ ᠱᠤᠭᠤᠮ ᠢ᠋ ᠪᠠᠲᠤ ᠰᠠᠬᠢᠨ᠂ ᠨᠡᠢᠭᠡᠮ ᠤ᠋ᠨ ᠪᠠᠲᠤᠯᠠᠭ᠎ᠠ ᠶ᠋ᠢᠨ ᠲᠤᠤᠷ ᠢ᠋ ᠨᠢᠭ᠍ᠲᠠ ᠰᠦᠯᠵᠢᠵᠦ᠍᠂ ᠣᠯᠠᠨ ᠨᠡᠢᠲᠡ ᠶ᠋ᠢᠨ ᠦᠶ᠋ᠯᠡᠴᠢᠯᠡᠭᠡᠨ ᠤ᠋ ᠲᠦᠪᠱᠢᠨ ᠢ᠋ ᠳᠡᠭᠡᠭ᠌ᠰᠢᠯᠡᠭᠦᠯᠤᠨ᠂ ᠴᠢᠨᠠᠷᠯᠢᠭ ᠰᠠᠢᠨ ᠰᠤᠷᠭᠠᠨ ᠬᠥᠮᠦᠵᠢᠯ ᠢ᠋ ᠬᠥᠭ᠌ᠵᠢᠭᠦᠯᠵᠦ᠍᠂ ᠠᠷᠠᠳ ᠤ᠋ᠨ ᠠᠮᠢᠳᠤᠷᠠᠯ ᠳ᠋ᠦ ᠠᠱᠢᠭ ᠬᠦᠷᠲᠡᠭᠡᠬᠦ᠌᠂ ᠠᠷᠠᠳ ᠤ᠋ᠨ ᠰᠡᠳᠭᠢᠯ ᠢ᠋ ᠳᠤᠯᠠᠭᠠᠴᠠᠭᠤᠯᠬᠤ ᠠᠷᠭ᠎ᠠ ᠬᠡᠮᠵᠢᠶ᠎ᠡ ᠵᠢ ᠪᠣᠳᠠᠲᠠᠶ ᠳ᠋ᠤ ᠨᠠᠷᠢᠯᠢᠭ ᠨᠠᠢᠳᠠᠪᠤᠷᠢᠵᠢᠭᠤᠯᠵᠤ᠂ ᠣᠯᠠᠨ ᠲᠦᠮᠡᠨ ᠳ᠋ᠦ ᠬᠤᠪᠢᠷᠠᠯᠲᠠ ᠵᠢ ᠬᠠᠷᠠᠭᠤᠯᠵᠤ᠂ ᠪᠣᠳᠠᠲᠤ ᠠᠱᠢᠭ ᠬᠦᠷᠲᠡᠭᠡᠬᠦ᠌ ᠬᠡᠷᠡᠭ᠌ᠲᠡᠶ᠃
ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠠᠵᠢᠯ ᠳ᠋ᠤ ᠲᠠᠰᠤᠷᠠᠯᠳᠡ ᠦᠭᠡᠢ ᠦᠷᠭᠦᠯᠵᠢᠯᠡᠬᠦ᠌ ᠱᠢᠨ᠎ᠡ ᠭᠠᠷᠤᠭ᠎ᠠ ᠪᠠᠢᠬᠤ ᠡᠴᠡ ᠪᠢᠰᠢ᠂ ᠲᠡᠭᠦᠰᠭᠡᠯ ᠤ᠋ᠨ ᠴᠡᠭ ᠬᠡᠮᠡᠨ ᠦᠬᠡᠢ ᠶᠤᠮ᠃ ᠪᠢᠳᠡ 《ᠠᠷᠠᠳ ᠤ᠋ᠨ ᠬᠦᠰᠡᠯ ᠡᠷᠡᠮᠡᠯᠵᠡᠯ》 ᠢ᠋ ᠴᠢᠩᠭ᠎ᠠ ᠠᠩᠬᠠᠷᠴᠤ᠌᠂ ᠦᠨᠡᠨ ᠪᠣᠳᠠᠲᠠᠢ ᠦᠨᠡᠨ ᠰᠡᠳᠭᠢᠯ ᠡᠴᠡ ᠪᠠᠨ ᠠᠷᠠᠳ ᠤ᠋ᠨ ᠠᠮᠢᠳᠤᠷᠠᠯ ᠤ᠋ᠨ ᠪᠣᠳᠠᠲᠤ ᠶᠠᠪᠤᠳᠠᠯ ᠢ᠋ ᠰᠠᠢᠲᠤᠷ ᠬᠢᠳᠡᠭ ᠯᠡ ᠶᠤᠮ ᠪᠣᠯ ᠯᠠᠪᠳᠠᠢ ᠠᠷᠠᠳ ᠤᠯᠠᠨ ᠤ᠋ ᠬᠦᠷᠲᠡᠮᠵᠢ ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ ᠤ᠋ ᠲᠦᠷᠦᠭ᠌ᠳᠡᠯ ᠢ᠋ ᠨᠡᠩ ᠲᠡᠭᠦᠯᠳᠡᠷ᠂ ᠨᠡᠩ ᠪᠠᠲᠤᠯᠠᠭ᠎ᠠ ᠲᠠᠶ᠂ ᠨᠡᠩ ᠲᠠᠭᠠᠭᠠᠮᠠᠭᠠᠢ ᠪᠣᠯᠭᠠᠵᠤ ᠴᠢᠳᠠᠬᠤ ᠶᠤᠮ᠃