ᠬᠠᠪᠤᠷ ᠤᠨ ᠦᠪᠡᠳᠡᠭ᠌ᠰᠢ ᠴᠤᠭᠯᠠᠭᠠᠨ᠂ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ᠃ ᠨᠡᠢᠰᠯᠡᠯ ᠪᠡᠭᠡᠵᠢᠩ᠎ᠳᠤ ᠪᠥᠬᠥ᠌ ᠤᠯᠤᠰ᠎ᠤᠨ ᠬᠣᠶᠠᠷ ᠬᠤᠷᠠᠯ ᠶᠠᠭ ᠬᠤᠷᠠᠯᠳᠤᠵᠤ ᠪᠠᠢᠨ᠎ᠠ᠂ ᠲᠥᠯᠥᠭᠡᠯᠡᠭ᠌ᠴᠢᠳ ᠭᠡᠱᠢᠭᠦᠳ ᠬᠥᠭ᠌ᠵᠢᠯᠲᠡ᠎ᠶ᠋ᠢᠨ ᠲᠤᠬᠠᠶ ᠶᠠᠷᠢᠯᠴᠠᠵᠤ᠂ ᠠᠯᠤᠰ᠎ᠤᠨ ᠲᠦᠯᠦᠪᠯᠡᠭᠡ ᠶ᠋ᠢ ᠵᠦᠪᠳᠡᠯᠴᠡᠨ᠎ᠠ᠃
ᠡᠭᠡ ᠤᠯᠤᠰ᠎ᠤᠨ ᠤᠮᠠᠷᠠᠲᠤ ᠬᠢᠯᠢ᠎ᠳᠦ᠂ ᠱᠢᠨ᠎ᠡ ᠲᠡᠦᠬᠡ᠎ᠶ᠋ᠢᠨ ᠭᠠᠷᠤᠭ᠎ᠠ᠎ᠳᠤ ᠵᠣᠭ᠍ᠰᠣᠵᠤ᠂ ᠥᠪᠥᠷ ᠮᠣᠩᠭᠣᠯ ᠡᠷᠴᠢ ᠵᠣᠷᠢᠭ᠎ᠢᠶᠠᠨ ᠬᠥᠪᠴᠢᠯᠡᠨ ᠬᠥᠭᠡᠭᠡᠵᠦ᠍ ᠭᠦᠢᠴᠡᠨ ᠳᠠᠪᠠᠯ᠎ᠠ᠃
ᠥᠪᠥᠷ ᠮᠣᠩᠭᠣᠯ᠎ᠤᠨ ᠬᠥᠭ᠌ᠵᠢᠯᠲᠡ᠎ᠶ᠋ᠢ ᠡᠷᠭᠢᠴᠡᠭᠦᠯᠬᠦᠶ᠎ᠡ᠂ ᠠᠶᠠᠯᠠᠯ᠎ᠤᠨ ᠮᠥᠷ ᠰᠦᠷᠯᠢᠭ ᠰᠠᠢᠬᠠᠨ ᠲᠤᠷᠠᠢᠮᠠ ᠬᠠᠷᠠᠭᠳᠠᠨ᠎ᠠ ᠃
— ᠣᠷᠣᠨᠨᠤᠳᠤᠭᠤᠨ ᠦᠢᠯᠡᠳᠪᠦᠷᠢᠯᠡᠯ᠎ᠦᠨ ᠶᠡᠷᠦᠩᠬᠡᠢ ᠥᠷᠲᠡᠭ᠎ᠢ 2.3 ᠲᠦᠮᠡᠨ ᠳ᠋ᠦᠩᠱᠢᠭᠤᠷ ᠲᠥᠭᠥᠷᠢᠭ ᠪᠣᠯᠭᠠᠨ ᠨᠡᠮᠡᠭ᠌ᠳᠡᠭᠦᠯᠵᠦ᠍᠂ ᠬᠥᠮᠦᠨ ᠳᠤᠮᠳᠠᠴᠢ᠎ᠶ᠋ᠢᠨ ᠣᠷᠣᠨ ᠨᠤᠳᠤᠭ᠎ᠤᠨ ᠦᠢᠯᠡᠳᠪᠦᠷᠢᠯᠡᠯ᠎ᠦᠨ ᠶᠡᠷᠦᠩᠬᠡᠢ ᠥᠷᠲᠡᠭ᠎ᠢ 9.6 ᠲᠦᠮᠡᠨ ᠲᠥᠭᠥᠷᠢᠭ ᠪᠣᠯᠭᠠᠨ ᠨᠡᠮᠡᠭ᠌ᠳᠡᠭᠦᠯᠵᠦ᠍᠂ 157 ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠪᠠ᠃
— ᠠᠮᠤ ᠪᠤᠳᠠᠭᠠᠨ᠎ᠤ ᠶᠡᠷᠦᠩᠬᠡᠶ ᠤᠨᠠᠯᠲᠠ ᠪᠥᠬᠥ᠌ ᠤᠯᠤᠰ᠎ᠤᠨ ᠵᠢᠷᠭᠤᠳᠤᠭᠠᠷ᠎ᠲᠤ ᠣᠷᠣᠵᠤ᠂ ᠦᠨᠢᠶᠡᠨ ᠰᠦ᠂ ᠬᠣᠨᠢᠨ ᠮᠢᠬ᠎ᠠ᠂ ᠦᠬᠡᠷ᠎ᠦᠨ ᠮᠢᠬ᠎ᠠ ᠪᠠ ᠢᠮᠠᠭᠠᠨ ᠨᠤᠤᠯᠤᠭᠤᠷ᠂ ᠲᠡᠵᠢᠭᠡᠯ ᠡᠪᠡᠰᠦᠨ᠎ᠦ ᠭᠠᠷᠤᠯᠲᠠ ᠪᠥᠬᠥ᠌ ᠤᠯᠤᠰ᠎ᠲᠤ ᠲᠦᠷᠦᠭᠦᠯᠡᠵᠦ᠂ ᠨᠡᠭᠦᠷᠡᠰᠦ᠂ ᠴᠠᠬᠢᠯᠭᠠᠨ᠎ᠤ ᠬᠠᠩᠭᠠᠯᠭ᠎ᠠ ᠵᠢ ᠪᠠᠲᠤᠯᠠᠭᠰᠠᠨ ᠬᠡᠮᠵᠢᠶ᠎ᠡ ᠪᠥᠬᠥ᠌ ᠤᠯᠤᠰ᠎ᠲᠤ ᠲᠦᠷᠦᠭᠦᠯᠡᠪᠡ᠃
— ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠵᠤ᠂ ᠬᠠᠲᠤᠨ ᠭᠤᠤᠯ᠂《ᠬᠦᠯᠦᠨ ᠨᠠᠭᠤᠷ ᠳᠠᠭ᠎ᠠ ᠵᠢᠨ ᠨᠠᠭᠤᠷ ᠤᠯᠠᠭᠠᠨᠰᠤᠬᠠᠢ 》᠂ ᠴᠠᠭᠠᠨᠨᠠᠭᠤᠷ ᠵᠡᠷᠭᠡ ᠭᠤᠤᠯᠳᠠᠯᠭ᠎ᠠ ᠲᠠᠢ ᠨᠠᠭᠤᠷ ᠭᠤᠤᠯ᠎ᠦᠨ ᠰᠠᠪᠠ ᠭᠠᠵᠠᠷ᠎ᠤᠨ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ ᠥᠩᠭᠡᠷᠡᠭ᠌ᠰᠡᠨ ᠲᠠᠪᠤᠨ ᠵᠢᠯ᠎ᠳᠦ᠂ ᠣᠢᠵᠢᠭᠤᠯᠬᠤ᠂ ᠡᠪᠡᠰᠦ ᠳᠠᠷᠢᠬᠤ᠂ ᠡᠯᠡᠰᠦᠷᠬᠡᠭ᠌ᠵᠢᠯ᠎ᠢ ᠰᠡᠷᠭᠡᠢᠯᠡᠨ ᠵᠠᠰᠠᠭᠰᠠᠨ ᠲᠠᠯᠠᠪᠠᠶ ᠪᠥᠬᠥ᠌ ᠤᠯᠤᠰ᠎ᠲᠤ ᠲᠦᠷᠦᠭᠦᠯᠡᠪᠡ᠃
— ᠬᠣᠲᠠ ᠪᠠᠯᠭᠠᠰᠤᠵᠢᠯᠲᠠ᠎ᠶ᠋ᠢᠨ ᠨᠣᠷᠮ᠎ᠠ ᠳᠡᠭᠡᠭ᠌ᠰᠢᠯᠡᠭᠡᠳ 69% ᠣᠷᠴᠢᠮ ᠪᠣᠯᠵᠤ᠂ ᠪᠦᠬᠦ᠌ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠨᠡᠮᠡᠭ᠌ᠳᠡᠭᠡᠳ 3.6 ᠲᠦᠮᠡᠨ ᠲᠥᠭᠥᠷᠢᠭ ᠱᠢᠬᠠᠮ ᠪᠣᠯᠵᠤ᠂ ᠰᠤᠷᠭᠠᠨ ᠬᠥᠮᠦᠵᠢᠯ᠎ᠢ ᠲᠦᠭᠡᠮᠡᠯᠵᠢᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ᠂ ᠰᠣᠶᠣᠯ ᠪᠡᠶ᠎ᠡ᠎ᠶ᠋ᠢᠨ ᠲᠠᠮᠢᠷ᠎ᠤᠨ ᠦᠢᠯᠡᠴᠢᠯᠡᠭᠡ ᠪᠠ ᠨᠡᠢᠭᠡᠮ᠎ᠦᠨ ᠪᠠᠲᠤᠯᠠᠭ᠎ᠠ᠎ᠶ᠋ᠢᠨ ᠬᠢᠷᠢ ᠲᠦᠪᠱᠢᠨ ᠪᠦᠬᠦ᠌ ᠲᠠᠯ᠎ᠠ᠎ᠪᠠᠷ ᠳᠡᠭᠡᠭ᠌ᠰᠢᠯᠡᠪᠡ᠃
— 《ᠬᠣᠶᠠᠷ ᠬᠠᠯᠬᠠᠪᠴᠢ》 ᠨᠠᠩ ᠪᠠᠲᠤ ᠪᠠᠬᠢ ᠪᠣᠯᠵᠣ᠂ 《ᠬᠣᠶᠠᠷ ᠰᠠᠭᠤᠷᠢᠨ》 ᠤ᠋ ᠶᠠᠰᠤ ᠴᠢᠨᠠᠷ ᠵᠡᠷᠭᠡ᠎ᠪᠡᠷ ᠳᠡᠭᠡᠭ᠌ᠰᠢᠯᠡᠵᠦ᠍᠂《ᠪᠡᠬᠢᠯᠡᠯᠲᠡ》ᠵᠢᠨ ᠦᠶ᠋ᠯᠡᠳᠦᠯ᠎ᠢ ᠭᠦᠶ᠋ᠴᠡᠳ ᠢᠯᠡᠷᠡᠭᠦᠯᠵᠦ᠍᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠨᠠᠩ ᠭᠢᠯᠠᠯᠵᠠᠭᠤᠯᠪᠠ᠃
ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ ᠭᠡᠵᠦ ᠴᠢᠬᠤᠯᠠᠴᠢᠯᠠᠪᠠ᠃ ᠥᠪᠥᠷ ᠮᠣᠩᠭᠣᠯ᠎ᠳᠤ ᠠᠪᠴᠤ᠌ ᠬᠡᠯᠡᠪᠡᠯ᠂ ᠶᠡᠷᠦᠩᠬᠡᠢ ᠱᠦᠵᠢ᠎ᠶ᠋ᠢᠨ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠪᠦᠲᠦᠮᠵᠢᠲᠡᠢ ᠪᠡᠶᠡᠯᠡᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠢᠨ ᠴᠢᠷᠮᠠᠢᠬᠤ ᠴᠢᠭ᠌ᠯᠡᠯ ᠪᠠ ᠬᠦᠴᠦᠯᠡᠬᠦ᠌ ᠭᠣᠣᠯᠳᠠᠯᠭ᠎ᠠ ᠪᠣᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ《ᠳᠣᠯᠣᠭ᠎ᠠ᠎ᠶ᠋ᠢ ᠲᠠᠶᠠᠭ᠍ᠳᠠᠬᠤ》ᠵᠢ ᠲᠣᠳᠣᠷᠬᠠᠶ ᠳᠤᠷᠠᠳᠴᠤ᠌᠂ ᠪᠥᠬᠥ᠌ ᠣᠷᠣᠨ ᠳᠠᠶᠠᠭᠠᠷ᠎ᠲᠤ ᠦᠵᠡᠯ ᠰᠠᠨᠠᠭᠠᠨ᠎ᠤ ᠬᠦᠯᠢᠶᠡᠰᠦᠯᠡᠯ᠎ᠢ ᠡᠪᠳᠡᠬᠦ᠌᠂ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠱᠢᠨᠡᠴᠢᠯᠡᠬᠦ᠌ ᠳᠠᠢᠴᠢᠯᠠᠯᠲᠠ᠎ᠶ᠋ᠢᠨ ᠵᠠᠷᠯᠢᠭ ᠪᠠᠭᠤᠯᠭᠠᠵᠤ᠂ ᠠᠰᠠᠭᠤᠳᠠᠯ᠎ᠳᠤ ᠱᠢᠭᠤᠳ ᠬᠠᠨᠳᠤᠨ᠂ ᠭᠤᠤᠯᠳᠠᠯᠭ᠎ᠠ ᠵᠢ ᠠᠤᠨᠬᠤᠨ ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠢᠯᠠᠯᠲᠠ᠎ᠶ᠋ᠢ ᠤᠯᠬᠤ ᠵᠠᠩᠭᠢᠯᠠᠭ᠎ᠠ᠎ᠶ᠋ᠢ ᠠᠳᠭᠤᠪᠠ᠃
ᠬᠥᠭ᠌ᠵᠢᠯᠲᠡ᠎ᠶ᠋ᠢᠨ ᠦᠵᠡᠯᠲᠡ ᠵᠢ ᠵᠦᠪ ᠪᠤᠯᠭᠠᠵᠤ᠂ ᠪᠦᠬᠦ᠌ ᠣᠷᠣᠨ᠎ᠢᠶᠠᠷ᠎ᠢᠶᠠᠨ ᠬᠠᠷᠠᠯᠲᠠ᠎ᠪᠠᠨ ᠲᠣᠭ᠍ᠲᠠᠭᠠᠨ᠂ ᠬᠤᠷᠳᠤᠴᠠ᠎ᠪᠠᠨ ᠲᠦᠷᠭᠡᠳᠭᠡᠨ᠂ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠦᠨ᠂ ᠤᠳᠤᠷᠢᠳᠭᠤ ᠺᠠᠳ᠋ᠷ ᠲᠦᠷᠦᠭᠦᠯᠡᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠡᠷᠴᠢᠮ᠎ᠢᠶᠡᠨ ᠴᠢᠩᠭᠠᠷᠠᠭᠤᠯᠬᠤ᠂ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌᠂ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠬᠦ᠌ ᠬᠦᠴᠦᠨ ᠲᠡᠭᠦᠯᠳᠡᠷ ᠪᠠᠢᠳᠠᠯ᠎ᠢᠶᠠᠷ ᠠᠵᠢᠯ ᠬᠢᠵᠦ᠍ ᠦᠢᠯᠡᠰ ᠪᠤᠰᠭᠠᠬᠤ ᠬᠤᠷᠳᠤᠴᠠ᠎ᠶ᠋ᠢ ᠲᠦᠷᠭᠡᠳᠭᠡᠪᠡ᠃
ᠪᠥᠬᠥ᠌ ᠤᠯᠤᠰ᠎ᠤᠨ ᠬᠣᠶᠠᠷ ᠬᠤᠷᠠᠯ ᠬᠤᠷᠠᠯᠳᠤᠬᠤ᠎ᠠᠴᠠ ᠡᠮᠦᠨᠡᠬᠡᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠠᠷᠤᠭ᠎ᠠ ᠨᠠᠷ᠎ᠤᠨ ᠠᠩᠬᠠᠳᠤᠭᠠᠷ ᠤᠳᠠᠭ᠎ᠠ᠎ᠶ᠋ᠢᠨ ᠲᠣᠬᠢᠷᠠᠭᠤᠯᠤᠯᠲᠠ᠎ᠶ᠋ᠢᠨ ᠬᠤᠷᠠᠯ ᠪᠠ ᠲᠠᠰ ᠳᠡᠪᠱᠢᠭᠦᠯᠦᠨ ᠠᠬᠢᠭᠤᠯᠬᠤ ᠠᠩᠬᠠᠳᠠᠭᠴᠢ ᠲᠠᠯᠠᠪᠠᠢ ᠠᠵᠢᠯ᠎ᠤᠨ ᠲᠣᠬᠢᠷᠠᠭᠤᠯᠤᠯᠲᠠ᠎ᠶ᠋ᠢᠨ ᠬᠤᠷᠠᠯ᠎ᠢ ᠵᠠᠯᠭᠠᠭ᠎ᠠ᠎ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠤᠯᠤᠰ᠎ᠤᠨ ᠳᠣᠲᠣᠭᠠᠳᠤ᠎ᠶ᠋ᠢᠨ ᠨᠠᠷᠠᠲᠤ ᠲᠤᠰᠭᠠᠶ ᠮᠡᠷᠭᠡᠵᠢᠯᠲᠡᠨ᠎ᠢ ᠤᠷᠢᠵᠤ ᠵᠢᠯᠣᠭᠣᠳᠣᠭᠤᠯᠤᠨ᠂ ᠣᠯᠠᠨ᠎ᠲᠠᠶ ᠬᠠᠮᠲᠤ ᠠᠰᠠᠭᠤᠳᠠᠯ᠎ᠢ ᠡᠮᠬᠢᠯᠡᠨ᠂ ᠰᠡᠳᠭᠢᠮᠵᠢ᠎ᠶ᠋ᠢ ᠱᠢᠯᠤᠭᠤᠳᠭᠠᠵᠤ᠂ ᠠᠷᠭ᠎ᠠ ᠪᠣᠳᠣᠯᠭ᠎ᠠ᠎ᠶ᠋ᠢ ᠰᠦᠪᠡᠭ᠌ᠴᠢᠯᠡᠨ᠂ ᠠᠵᠤ ᠦᠶ᠋ᠯᠡᠰ᠎ᠦᠨ ᠪᠠᠢᠷᠢᠱᠢᠯ᠎ᠢ ᠬᠡᠷᠬᠢᠨ ᠳᠣᠭᠢᠷᠠᠭᠤᠯᠤᠨ ᠱᠢᠯᠢᠳᠡᠭ᠌ᠵᠢᠭᠦᠯᠬᠦ᠌᠂ ᠠᠵᠤ ᠦᠶ᠋ᠯᠡᠰ᠎ᠦᠨ ᠪᠥᠲᠥᠭᠡᠨ ᠪᠠᠢᠭᠤᠯᠤᠯᠲᠠ᠎ᠶ᠋ᠢᠨ ᠬᠤᠷᠳᠤᠴᠠ᠎ᠶ᠋ᠢ ᠲᠦᠷᠭᠡᠳᠭᠡᠨ ᠦᠷ᠎ᠡ ᠪᠦᠲᠦᠮᠵᠢ᠎ᠶ᠋ᠢ ᠬᠡᠷᠬᠢᠨ ᠠᠬᠢᠭᠤᠯᠬᠤ᠎ᠶ᠋ᠢ ᠨᠢᠭᠡᠳ ᠨᠢᠭᠡ᠎ᠪᠡᠷ ᠵᠠᠳᠠᠯᠤᠨ ᠰᠤᠳᠤᠯᠪᠠ; ᠬᠣᠶᠠᠳᠤᠭᠠᠷ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠦᠨ ᠵᠥᠷᠢᠶ᠎ᠡ᠎ᠪᠡᠨ ᠡᠷᠢᠵᠦ᠍᠂ ᠰᠡᠳᠭᠢᠴᠡ᠎ᠪᠡᠨ ᠱᠢᠯᠤᠭᠤᠳᠭᠠᠵᠤ᠂ ᠠᠷᠭ᠎ᠠ ᠪᠤᠳᠤᠵᠤ᠂ ᠶᠠᠮᠠᠷ ᠠᠷᠭ᠎ᠠ ᠬᠡᠮᠵᠢᠶ᠎ᠡ ᠠᠪᠴᠤ᠌ ᠬᠥᠭᠡᠭᠡᠵᠦ᠍ ᠭᠦᠶ᠋ᠴᠡᠬᠦ᠌ ᠪᠠ ᠳᠠᠪᠠᠵᠤ ᠭᠠᠷᠬᠤ᠎ᠶ᠋ᠢ ᠰᠤᠳᠤᠯᠪᠠ᠃
3 ᠰᠠᠷ᠎ᠠ᠎ᠶ᠋ᠢᠨ 10 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠠᠰᠠ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠠᠷᠤᠭ᠎ᠠ ᠨᠠᠷ᠎ᠤᠨ ᠬᠣᠶᠠᠳᠤᠭᠠᠷ ᠤᠳᠠᠭ᠎ᠠ᠎ᠶ᠋ᠢᠨ ᠲᠣᠬᠢᠷᠠᠭᠤᠯᠤᠯᠲᠠ᠎ᠶ᠋ᠢᠨ ᠬᠤᠷᠠᠯ ᠬᠤᠷᠠᠯᠳᠤᠭᠤᠯᠵᠤ᠂ ᠡᠷᠡᠮᠡᠬᠡᠢᠯᠡᠨ ᠲᠡᠮᠡᠴᠡᠵᠦ᠍ ᠵᠢᠳᠬᠦᠯ ᠴᠢᠷᠮᠠᠢᠯᠭ᠎ᠠ ᠭᠠᠷᠭᠠᠬᠤ ᠣᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠴᠠᠭ ᠪᠢᠳᠡᠨ᠎ᠢ ᠬᠦᠯᠢᠶᠡᠬᠦ᠌ ᠥᠬᠡᠶ ᠬᠠᠷᠢᠭᠤᠴᠠᠯᠭᠠᠲᠤ ᠤᠬᠠᠮᠰᠠᠷ᠎ᠢᠶᠠᠷ ᠡᠯ᠎ᠡ ᠵᠦᠶ᠋ᠯ᠎ᠦᠨ ᠬᠠᠷᠠᠯᠲᠠ ᠡᠭᠦᠷᠭᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠲᠣᠳᠣᠷᠬᠠᠶ ᠳᠣᠬᠢᠶ᠎ᠠ ᠥᠭ᠌ᠴᠡᠶ᠃
ᠴᠠᠭᠠᠨ ᠰᠠᠷ᠎ᠠ ᠡᠬᠢᠯᠡᠮᠡᠭ᠌ᠴᠡ᠂ ᠭᠦᠶᠡᠩ ᠱᠢᠶᠠᠨ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠵᠢᠵᠢᠭ ᠬᠠᠷᠠᠯᠲᠠ᠎ᠶ᠋ᠢ ᠲᠣᠭ᠍ᠲᠠᠭᠠᠪᠠ᠄ ᠳᠠᠷᠤᠢ ᠶᠡᠷᠦᠩᠬᠡᠢ ᠪᠡᠯᠡ ᠣᠷᠣᠭᠤᠯᠤᠯᠲᠠ ᠨᠢ 100 ᠳ᠋ᠦᠩᠱᠢᠭᠤᠷ ᠲᠥᠭᠥᠷᠢᠭ᠎ᠦᠨ ᠳ᠋ᠦᠩ ᠹᠠᠩ ᠿᠢ ᠱᠧᠩ ᠴᠠᠬᠢᠭᠤᠷ ᠮᠠᠲ᠋ᠧᠷᠢᠶᠠᠯ᠂ 70 ᠳ᠋ᠦᠩᠱᠢᠭᠤᠷ ᠲᠥᠭᠥᠷᠢᠭ᠎ᠦᠨ ᠭᠡᠷᠡᠯᠴᠢ ᠴᠡᠨᠡᠭ᠎ᠦᠨ ᠲᠤᠯᠭᠠᠭᠤᠷᠢ ᠠᠵᠤ ᠦᠢᠯᠡᠰ᠎ᠦᠨ ᠬᠦᠷᠢᠶᠡᠯᠡᠩ ᠵᠡᠷᠭᠡ ᠱᠢᠨ᠎ᠡ᠎ᠪᠡᠷ ᠪᠠᠢᠭᠤᠯᠤᠭ᠍ᠰᠠᠨ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ 26 ᠠᠵᠤ ᠦᠢᠯᠡᠰ᠎ᠦᠨ ᠲᠦᠷᠦᠯ ᠵᠦᠢᠯ᠎ᠢ 3 ᠰᠠᠷ᠎ᠠ᠎ᠶ᠋ᠢᠨ ᠳᠤᠮᠳᠠᠴᠢ᠎ᠪᠠᠷ ᠪᠦᠬᠦᠨ᠎ᠢ ᠠᠵᠢᠯ ᠡᠬᠢᠯᠡᠭᠦᠯᠵᠦ᠍᠂ ᠵᠢᠯ᠎ᠦᠨ ᠳᠣᠲᠣᠷ᠎ᠠ 90% ᠡᠴᠡ ᠳᠡᠭᠡᠭ᠌ᠰᠢᠬᠢ᠎ᠶ᠋ᠢ ᠠᠱᠢᠭ᠍ᠯᠠᠯᠲᠠ᠎ᠳᠤ ᠣᠷᠣᠭᠤᠯᠬᠤ᠎ᠪᠠᠷ ᠴᠢᠷᠮᠠᠢᠬᠤ ᠪᠤᠯᠤᠨ᠎ᠠ᠃
ᠪᠤᠭᠤᠲᠤ᠎ᠶ᠋ᠢᠨ ᠵᠢᠶᠠᠩ ᠱᠢᠨ ᠪᠢᠴᠢᠯ ᠴᠠᠬᠢᠯᠭᠠᠨ ᠮᠠᠱᠢᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠣᠶᠤᠨᠴᠢ ᠲᠣᠭᠠᠴᠢᠯᠠᠭ᠍ᠰᠠᠨ ᠦᠶ᠋ᠯᠡᠳᠪᠦᠷᠢ᠎ᠶ᠋ᠢᠨ ᠲᠠᠰᠤᠭ᠎ᠲᠤ ᠂ ᠣᠶᠤᠨᠴᠢᠯᠠᠭ᠍ᠰᠠᠨ ᠲᠥᠬᠥᠭᠡᠷᠦᠮᠵᠢ ᠂ ᠦᠶ᠋ᠯᠡᠳᠪᠦᠷᠢᠯᠡᠯ᠎ᠦᠨ ᠱᠤᠭᠤᠮ᠎ᠨᠢ ᠲᠣᠰ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠭᠦᠶ᠋ᠴᠡᠳ ᠮᠡᠳᠡᠷᠡᠭᠦᠯᠪᠡ᠃ ᠠᠵᠤ ᠠᠬᠤᠢᠯᠠᠯ᠎ᠨᠢ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠤᠨ ᠰᠤᠳᠤᠯᠤᠨ ᠨᠡᠭᠡᠭᠡᠭ᠌ᠰᠡᠨ ᠪᠠ ᠦᠶ᠋ᠯᠡᠳᠪᠦᠷᠢᠯᠡᠭ᠌ᠰᠡᠨ ᠳᠡᠭᠡᠳᠦ ᠲᠠᠰ᠎ᠤᠨ VCM ᠳ᠋ᠤ ᠰᠠᠭᠤᠷᠢᠯᠠᠨ᠂ ᠡᠯᠧᠺᠲ᠋ᠷᠣᠨ᠂ ᠮᠧᠬᠠᠨᠢᠭ᠂ ᠴᠢᠮᠡᠭᠡ ᠬᠣᠯᠪᠣᠭᠠᠨ᠎ᠤ ᠪᠠᠭᠠᠵᠢ ᠬᠡᠷᠡᠭ᠌ᠰᠡᠯ ᠵᠢᠴᠢ ᠰᠠᠨᠰᠠᠷ᠎ᠤᠨ ᠠᠶᠠᠯᠠᠯ᠂ ᠠᠭᠠᠷ᠎ᠤᠨ ᠠᠶᠠᠯᠠᠯ ᠵᠡᠷᠭᠡ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠢᠴᠢᠯ ᠮᠠᠱᠢᠨ ᠴᠠᠬᠢᠯᠭᠠᠨ᠎ᠤ ᠱᠢᠰᠲ᠋ᠧᠮ᠎ᠦᠨ ᠮᠡᠷᠭᠡᠵᠢᠯ᠎ᠦᠨ ᠬᠦᠷᠢᠶᠡᠨ᠎ᠳᠦ ᠬᠡᠷᠡᠭ᠌ᠯᠡᠵᠦ᠍᠂ ᠭᠠᠳᠠᠭᠠᠳᠤ᠎ᠶ᠋ᠢᠨ ᠦᠶ᠋ᠯᠡᠳᠪᠦᠷᠢ᠎ᠳᠦ ᠭᠠᠭ᠍ᠴᠠᠭᠠᠷ ᠡᠵᠡᠮᠱᠢᠭ᠌ᠳᠡᠭ᠌ᠰᠡᠨ ᠮᠡᠷᠭᠡᠵᠢᠯ᠎ᠦᠨ ᠪᠡᠬᠢᠯᠡᠯᠲᠡ᠎ᠶ᠋ᠢ ᠡᠪᠳᠡᠪᠡ᠃
《ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ ᠪᠡᠶᠡᠯᠡᠭᠦᠯᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠠᠢᠯᠠᠰᠢ ᠦᠭᠡᠢ ᠵᠠᠮ ᠮᠥᠨ᠃》ᠥᠪᠥᠷ ᠮᠣᠩᠭᠣᠯ ᠶᠠᠭ ᠬᠥᠭ᠌ᠵᠢᠯᠲᠡ᠎ᠶ᠋ᠢᠨ ᠱᠢᠨ᠎ᠡ ᠬᠦᠷᠢᠶ᠎ᠡ ᠵᠢ ᠴᠢᠷᠮᠠᠢᠨ ᠨᠡᠭᠡᠭᠡᠵᠦ᠍ ᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠭᠴᠢ ᠡᠨᠧᠷᠭᠢ ᠱᠢᠨ᠎ᠡ ᠳᠠᠪᠠᠭᠤᠯᠢᠭ᠎ᠢ ᠪᠣᠶ ᠪᠣᠯᠭᠠᠵᠤ ᠪᠠᠢᠨ᠎ᠠ᠃
ᠲᠦᠷᠦᠭᠦᠬᠡᠨ᠂ ᠳᠤᠮᠳᠠᠳᠤ ᠤᠯᠤᠰ᠎ᠤᠨ ᠴᠢᠯᠠᠭᠤᠨ ᠲᠣᠰᠣ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠺᠣᠮᠫᠠᠨᠢ᠎ᠶ᠋ᠢᠨ ᠣᠷᠳᠣᠰ᠎ᠤᠨ ᠦᠦᠱᠢᠨ ᠬᠣᠱᠢᠭᠤᠨ᠎ᠳᠠᠬᠢ ᠰᠠᠯᠬᠢ ᠬᠡᠷᠡᠯ᠎ᠦᠨ ᠠᠭᠤᠰᠤᠯᠴᠠᠯ᠎ᠤᠨ ᠪᠣᠬᠢᠷᠲᠤᠯ ᠥᠬᠡᠶ ᠤᠰᠤᠲᠥ᠋ᠷᠥᠭ᠌ᠴᠢ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠠᠵᠢᠯ᠎ᠢᠶᠠᠨ ᠡᠬᠢᠯᠡᠭᠦᠯᠵᠦ᠍ ᠂ ᠲᠥᠷᠥᠯ ᠵᠦᠶ᠋ᠯ᠎ᠨᠢ ᠤᠯᠠᠮᠵᠢᠯᠠᠯᠲᠤ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠦᠶ᠋ᠯᠡᠰ ᠬᠢᠭᠡᠳ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ᠎ᠢ ᠨᠢᠭᠡ ᠴᠤᠭ᠍ᠴᠠᠵᠢᠭᠤᠯᠤᠨ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ ᠂ ᠦᠨᠳᠤᠷ ᠨᠡᠭᠦᠷᠡᠰᠦᠲᠥ᠋ᠷᠥᠭ᠌ᠴᠢᠳᠤ ᠠᠵᠤ ᠦᠢᠯᠡᠰ᠎ᠢ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭ᠌ᠴᠢᠳᠤ ᠠᠵᠤ ᠦᠶ᠋ᠯᠡᠰ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠤᠨ᠎ᠠ᠃
ᠲᠦᠩᠯᠢᠶᠣᠤ᠎ᠶ᠋ᠢᠨ ᠯᠦᠩ ᠮᠠ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠢᠯᠡᠳᠬᠦ᠌ ᠠᠵᠤ ᠦᠢᠯᠡᠰ᠎ᠦᠨ ᠬᠦᠷᠢᠶᠡᠯᠡᠩ᠎ᠳᠦ᠂ ᠭᠠᠩᠨᠠᠯᠳᠠ ᠵᠢᠨ ᠲᠠᠰᠤᠭ᠎ᠤᠨ ᠠᠵᠢᠯᠴᠢᠳ ᠶᠠᠭ ᠪᠠᠷᠢᠯᠭ᠎ᠠ᠎ᠶ᠋ᠢᠨ ᠠᠬᠢᠴᠠ᠎ᠶ᠋ᠢ ᠠᠮᠵᠢᠵᠤ ᠪᠠᠢᠨ᠎ᠠ᠃ ᠯᠦᠩ ᠮᠠ ᠪᠦᠯᠦᠭ᠌ᠯᠡᠯ᠎ᠦᠨ ᠪᠠᠢᠭ᠎ᠠ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠦᠨ ᠰᠠᠭᠤᠷᠢᠨ᠎ᠤ ᠲᠥᠯᠥᠪᠵᠢᠭᠦᠯᠭᠡ ᠨᠢ ᠵᠢᠯ᠎ᠳᠦ 1 ᠲᠦᠮᠡᠨ ᠢᠵᠢ ᠬᠣᠯᠬᠣᠪᠴᠢ᠂ 2000 ᠢᠵᠢ ᠮᠠᠱᠢᠨ᠂ 3000 ᠰᠠᠭᠤᠷᠢ ᠬᠤᠷᠳᠤᠴᠠ ᠪᠠᠭᠤᠷᠠᠭᠤᠯᠬᠤ ᠮᠠᠱᠢᠨ᠂ 3000 ᠰᠠᠭᠤᠷᠢ ᠴᠠᠬᠢᠯᠭᠠᠨ ᠮᠠᠱᠢᠨ ᠵᠢᠴᠢ 5000 ᠢᠵᠢ ᠪᠦᠷᠢᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠰᠡᠯᠪᠢᠭ ᠲᠣᠨᠣᠭ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠪᠦᠷᠢᠯᠳᠦᠭᠦᠯᠵᠦ᠍᠂ ᠵᠢᠯ᠎ᠦᠨ ᠦᠶ᠋ᠯᠡᠳᠬᠦᠨ᠎ᠦ ᠥᠷᠲᠡᠭ ᠢ 760 ᠳ᠋ᠦᠩᠱᠢᠭᠤᠷ ᠲᠥᠭᠥᠷᠢᠭ ᠪᠡᠶᠡᠯᠡᠭᠦᠯᠬᠦ ᠪᠡᠷ ᠪᠤᠢ᠃
《ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ ᠪᠣᠯ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠠᠢᠯᠳᠤᠬᠤ ᠪᠣᠳᠣᠯᠭ᠎ᠠ᠎ᠶ᠋ᠢᠨ ᠰᠠᠭᠤᠷᠢ ᠴᠡᠭ ᠮᠥᠨ᠃》ᠥᠪᠥᠷ ᠮᠣᠩᠭᠣᠯ ᠠᠵᠤ ᠦᠢᠯᠡᠰ᠎ᠦᠨ ᠪᠣᠬᠢᠷᠲᠤᠯ ᠦᠭᠡᠢ᠂ ᠳᠡᠭᠡᠳᠦ ᠲᠡᠰ᠂ ᠤᠶᠤᠨᠴᠢᠯᠠᠯᠳᠠ ᠲᠡᠢᠰᠢ ᠤᠷᠤᠭ᠍ᠰᠢᠯᠠᠬᠤ᠎ᠶ᠋ᠢ ᠠᠬᠢᠭᠤᠯᠵᠤ ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠲᠦᠷᠭᠡᠳᠭᠡᠨ ᠪᠠᠢᠭᠤᠯᠵᠤ ᠪᠠᠢᠨ᠎ᠠ᠃
ᠬᠠᠪᠤᠷ᠎ᠤᠨ ᠲᠠᠷᠢᠶᠠᠯᠠᠭ᠎ᠠ ᠡᠴᠡ ᠡᠮᠦᠨ᠎ᠡ᠂ ᠪᠠᠶᠠᠨᠨᠠᠭᠤᠷ ᠬᠣᠲᠠ᠎ᠶ᠋ᠢᠨ ᠦᠶᠤᠸᠠᠨ ᠱᠢᠶᠠᠨ᠎ᠤ ᠾᠧ ᠱᠧᠩ ᠱᠢᠶᠠᠩ᠎ᠤᠨ ᠵᠢᠶᠠᠨ ᠹᠧᠩ ᠲᠣᠰᠭᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠶ᠋ᠯ᠎ᠦᠨ ᠪᠠᠷᠢᠯᠭ᠎ᠠ᠎ᠶ᠋ᠢᠨ ᠠᠵᠢᠯ ᠮᠠᠰᠢ ᠶᠠᠭᠠᠷᠠᠯᠲᠠᠶ ᠪᠠᠢᠯ᠎ᠠ᠃ ᠪᠠᠶᠠᠨᠨᠠᠭᠤᠷ ᠬᠣᠲᠠ ᠣᠢᠷ᠎ᠠ᠎ᠶ᠋ᠢᠨ ᠵᠢᠯ᠎ᠡᠴᠡ ᠨᠠᠭᠠᠰᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ ᠂ ᠭᠠᠩᠳᠠᠯ ᠤᠰᠤᠲᠤᠯ᠎ᠢ ᠰᠡᠷᠭᠡᠢᠯᠡᠨ ᠬᠤᠷᠢᠶᠠᠯᠲᠠ᠎ᠶ᠋ᠢ ᠪᠠᠲᠤᠯᠠᠬᠤ᠂ ᠥᠨᠳᠥᠷ ᠲᠣᠭ᠍ᠲᠠᠭᠤᠨ ᠬᠤᠷᠢᠶᠠᠯᠲᠠ᠎ᠲᠠᠶ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠡᠶᠡᠯᠡᠭᠦᠯᠵᠦ᠍ ᠂ ᠣᠲᠣ ᠦᠶ᠎ᠡ᠎ᠶ᠋ᠢᠨ ᠲᠠᠷᠢᠶᠠᠯᠠᠩ᠎ᠤᠨ ᠬᠥᠭ᠌ᠵᠢᠯᠲᠡ᠎ᠶ᠋ᠢᠨ ᠰᠠᠭᠤᠷᠢ᠎ᠶ᠋ᠢ ᠲᠠᠰᠤᠷᠠᠯᠲᠠ ᠥᠬᠡᠶ ᠪᠡᠬᠢᠵᠢᠭᠦᠯᠪᠡ᠃
ᠦᠷ᠎ᠡ ᠪᠣᠯ ᠲᠠᠷᠢᠶᠠᠯᠠᠩ᠎ᠤᠨ《ᠢᠯᠲᠠᠰᠤ》 ᠮᠥᠨ᠃ ᠥᠪᠥᠷ ᠮᠣᠩᠭᠣᠯ᠎ᠤᠨ ᠰᠠᠨ ᠷᠦᠢ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠡᠷᠡᠨ ᠬᠤᠸᠠᠷ᠎ᠤᠨ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ ᠶᠠᠭ ᠥᠨᠳᠥᠷ ᠲᠣᠭ᠍ᠲᠠᠭᠤᠨ ᠤᠨᠠᠯᠳᠠ᠎ᠲᠠᠶ ᠱᠢᠨ᠎ᠡ ᠡᠭᠦᠯᠳᠡᠷ᠎ᠢ ᠰᠤᠳᠤᠯᠤᠨ ᠨᠡᠭᠡᠭᠡᠵᠦ᠍ ᠪᠠᠢᠨ᠎ᠠ᠃ ᠲᠡᠳᠡᠨ᠎ᠦ ᠪᠡᠶ᠎ᠡ᠎ᠪᠡᠨ ᠳᠠᠭᠠᠭᠠᠵᠤ ᠰᠤᠳᠤᠯᠤᠨ ᠦᠶ᠋ᠯᠡᠳᠦᠭ᠌ᠰᠡᠨ ᠨᠡᠷᠡᠨ ᠬᠤᠸᠠᠷ᠎ᠤᠨ ᠲᠥᠷᠥᠯ ᠵᠦᠶ᠋ᠯ ᠨᠢ ᠥᠨᠳᠥᠷ ᠤᠨᠠᠯᠲᠠ᠎ᠲᠠᠶ᠂ ᠴᠢᠨᠠᠷ ᠰᠠᠢᠲᠠᠶ ᠮᠥᠷᠲᠡᠭᠡᠨ ᠵᠣᠬᠢᠴᠠᠬᠤ ᠴᠢᠨᠠᠷ᠎ᠢᠶᠠᠷ ᠰᠠᠢᠨ ᠪᠠᠢᠳᠠᠭ᠃
《ᠲᠠᠷᠢᠶᠠᠯᠠᠩ᠎ᠤᠨ ᠬᠦᠴᠦᠷᠬᠡᠭ ᠤᠯᠤᠰ ᠪᠣᠯ ᠨᠡᠢᠭᠡᠮ ᠵᠢᠷᠤᠮᠳᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠤᠨ ᠰᠠᠭᠤᠷᠢ ᠮᠥᠨ᠂ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠠᠬᠢᠭᠤᠯᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃》ᠪᠦᠬᠦ᠌ ᠣᠷᠣᠨ᠎ᠤ ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠯᠲᠠ ᠲᠤᠮᠤ ᠠᠯᠬᠤᠮ᠎ᠢᠶᠠᠷ ᠤᠷᠤᠭ᠍ᠰᠢᠯᠠᠵᠤ ᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠬᠥᠭ᠌ᠵᠢᠯᠲᠡ᠎ᠳᠦ ᠬᠥᠳᠡᠯᠭᠡᠬᠦ᠌ ᠬᠦᠴᠦᠨ ᠪᠠ ᠠᠮᠢᠵᠢᠷᠠᠯ᠎ᠤᠨ ᠬᠦᠴᠦᠨ ᠨᠡᠮᠡᠷᠢᠯᠡᠪᠡ᠃
《ᠪᠢᠳᠡ ᠵᠠᠰᠠᠭ᠎ᠤᠨ ᠣᠷᠳᠣᠨ᠎ᠤ〈ᠬᠢᠵᠦ᠍ ᠪᠠᠢᠭ᠎ᠠ ᠠᠵᠢᠯ〉᠎ᠢ᠋ ᠣᠯᠠᠨ ᠲᠦᠮᠡᠨ᠎ᠦ〈ᠬᠦᠰᠡᠵᠦ᠍ ᠪᠠᠢᠭ᠎ᠠ ᠠᠵᠢᠯ〉 ᠲᠠᠢ ᠣᠨᠣᠴᠠᠳᠠᠢ ᠪᠡᠷ ᠵᠣᠯᠭᠠᠭᠤᠯᠵᠤ ᠂ ᠠᠷᠠᠳ ᠣᠯᠠᠨ᠎ᠳᠤ ᠴᠢᠨᠠᠷ ᠰᠠᠢᠲᠠᠶ ᠠᠮᠢᠳᠤᠷᠠᠯ᠎ᠢ ᠡᠳ᠋ᠯᠡᠭᠦᠯᠦᠨ᠎ᠡ》ᠭᠡᠵᠦ᠍ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠴᠠᠪ ᠬᠤᠳᠠ᠎ᠶ᠋ᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠤᠳᠠ᠎ᠶ᠋ᠢᠨ ᠳᠠᠷᠤᠭ᠎ᠠ ᠴᠢ ᠹᠸᠢ ᠶᠦᠨ ᠬᠡᠯᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠲᠣᠭ᠍ᠲᠠᠭᠠᠭ᠍ᠰᠠᠨ 43 ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠨᠢ ᠶᠠᠭ ᠨᠢᠭᠡᠳ ᠨᠢᠭᠡ᠎ᠪᠡᠷ ᠪᠣᠳᠠᠲᠤ ᠠᠬᠤᠶ ᠪᠣᠯᠵᠣ ᠪᠠᠢᠨ᠎ᠠ᠃
《ᠠᠷᠠᠳ ᠲᠦᠮᠡᠨ᠎ᠦ ᠵᠣᠯ ᠵᠢᠷᠭᠠᠯ᠎ᠲᠠᠢ ᠠᠮᠤᠷ ᠠᠮᠤᠭᠤᠯᠠᠩ ᠪᠠᠢᠬᠤ ᠪᠣᠯ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠡᠴᠦᠰ᠎ᠦᠨ ᠬᠠᠷᠠᠯᠲᠠ ᠮᠥᠨ᠃》2400 ᠲᠦᠮᠡᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠂ ᠠᠮᠤᠷ ᠲᠦᠪᠱᠢᠨ᠎ᠦ ᠲᠦᠷᠦᠭ᠌ᠳᠡᠯ ᠲᠠᠰᠤᠷᠠᠯᠳᠠ ᠦᠭᠡᠢ ᠴᠢᠩᠭᠠᠷᠠᠪᠠ᠃
ᠬᠠᠷᠠᠯᠲᠠ᠎ᠪᠠᠨ ᠲᠣᠭ᠍ᠲᠠᠭᠠᠵᠤ᠂ ᠵᠣᠷᠢᠭ᠍ᠲᠠᠢ ᠠᠵᠢᠯᠯᠠᠵᠤ᠂ ᠬᠤᠷᠳᠤᠴᠠ᠎ᠪᠠᠨ ᠲᠦᠷᠭᠡᠳᠭᠡᠨ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍ ᠂ ᠥᠪᠥᠷ ᠮᠣᠩᠭᠣᠯ ᠶᠠᠭ ᠦᠵᠡᠯ ᠰᠠᠨᠠᠭᠠᠨ᠎ᠤ ᠬᠤᠪᠢᠰᠤᠯᠲᠠ᠎ᠪᠠᠷ ᠦᠢᠯᠡ ᠠᠵᠢᠯᠯᠠᠭ᠎ᠠ᠎ᠪᠠᠨ ᠬᠦᠳᠦᠯᠥᠨ ᠳᠠᠭᠠᠭᠤᠯᠵᠤ ᠂ ᠡᠬᠡ ᠤᠯᠤᠰ᠎ᠤᠨ ᠤᠮᠠᠷᠠᠲᠤ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠦᠵᠡᠰᠭᠦᠯᠡᠩᠲᠦ ᠰᠠᠢᠬᠠᠨ ᠬᠠᠷᠢᠭᠤᠯᠲᠠ᠎ᠶ᠋ᠢᠨ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠦ᠍ ᠪᠠᠢᠨ᠎ᠠ᠃