ᠲᠦᠯᠦᠭᠡᠯᠡᠭᠴᠢ ᠸᠠᠩ ᠹᠠᠩ ᠶᠠᠷᠢᠬᠰᠡᠨ ᠨᠢ
2023-03-11 15:54:59
ᠵᠣᠬᠢᠶᠠᠭ᠍ᠴᠢ᠄
ᠰᠥᠩ ᠱᠤᠸᠠᠩ
ᠣᠩᠱᠢᠭ᠍ᠰᠠᠨ ᠣᠳᠠᠭ᠎ᠠ᠄
★★★☆☆


ᠸᠠᠩ ᠹᠠᠩ ᠄

ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ


QQ截图20230311153938.png


ᠱᠢᠨ᠎ᠡ ᠠᠶᠠᠨ ᠪᠣᠯ ᠢᠷᠠᠭᠤ ᠠᠯᠳᠠᠷ ᠪᠠ ᠬᠦᠰᠡᠯ ᠵᠡᠭᠦᠳᠦ᠍᠎ᠪᠡᠷ ᠪᠢᠯᠬᠠᠭ᠍ᠰᠠᠨ ᠬᠤᠯᠠ ᠵᠢᠨ ᠠᠶᠠᠨ ᠮᠥᠨ᠂ ᠪᠢᠳᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠭᠤᠤᠯᠳᠠᠯᠭ᠎ᠠ᠎ᠶ᠋ᠢᠨ ᠲᠣᠭᠣᠷᠢᠨ᠎ᠳᠤ᠂ ᠶᠡᠬᠡ ᠲᠠᠯ᠎ᠠ᠎ᠳᠤ ᠦᠶ᠋ᠯᠡᠴᠢᠯᠡᠵᠦ᠍᠂ ᠡᠮᠡᠭ᠌ᠲᠡᠶ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠬᠥᠮᠦᠵᠢᠭᠦᠯᠤᠨ ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠨᠠᠮ᠎ᠤᠨ ᠠᠴᠢ ᠡᠨᠡᠷᠢᠯ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌ ᠂ ᠨᠠᠮ᠎ᠢᠶᠠᠨ ᠳᠠᠭᠠᠨ ᠤᠷᠤᠬᠰᠢᠯᠠᠨ᠎ᠠ ᠃ 《ᠪᠢ ᠡᠮᠡᠭ᠌ᠲᠡᠢᠴᠦᠳ᠎ᠦᠨ ᠬᠡᠷ ᠪᠦᠯᠢ᠎ᠳᠦ ᠪᠣᠳᠠᠲᠤ ᠶᠠᠪᠤᠳᠠᠯ ᠬᠢᠵᠤ ᠦᠭᠬᠦ·ᠠᠷᠪᠠ ᠵᠢ ᠬᠦᠷᠭᠡᠬᠦ》 ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠰᠦᠭ ᠰᠦᠨᠡᠰᠦ᠎ᠶ᠋ᠢ ᠱᠤᠭᠤᠵᠤ ᠬᠥᠲᠥᠯᠥᠨ ᠳᠠᠭᠠᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠂ ᠦᠶ᠋ᠯᠡᠰ ᠪᠤᠰᠭᠠᠵᠤ ᠠᠵᠢᠯ ᠤᠯᠭᠤᠬᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠡᠷᠬᠡ ᠠᠱᠢᠭ᠎ᠢᠶᠠᠨ ᠬᠠᠮᠠᠭᠠᠯᠠᠬᠤ ᠬᠠᠯᠠᠮᠵᠢᠯᠠᠨ ᠬᠠᠢᠷᠠᠯᠠᠬᠤ᠂ ᠠᠮᠢ ᠨᠠᠰᠤ ᠡᠷᠡᠭᠦᠯ ᠮᠡᠨᠳᠦ ᠵᠡᠷᠭᠡ ᠲᠠᠪᠤᠨ ᠵᠦᠶ᠋ᠯ᠎ᠦᠨ ᠡᠮᠡᠭ᠌ᠲᠡᠢᠴᠦᠳ᠎ᠦᠨ ᠠᠵᠢᠯᠯᠠᠭ᠎ᠠ᠎ᠶ᠋ᠢ ᠪᠣᠳᠠᠲᠠᠶ ᠠᠳᠭᠤᠵᠤ᠂ ᠣᠯᠠᠨ ᠲᠦᠮᠡᠨ᠎ᠦ ᠵᠢᠷᠭᠠᠯᠲᠤ ᠲᠥᠷᠥᠭ᠌ᠳᠡᠯ᠂ ᠬᠦᠷᠲᠡᠮᠵᠢ᠎ᠶ᠋ᠢᠨ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ ᠎ᠢ ᠦᠨᠡᠨ ᠬᠦ᠌ ᠳᠡᠭᠡᠭ᠌ᠰᠢᠯᠡᠭᠦᠯᠦᠨ᠎ᠡ᠃ ᠪᠢᠳᠡ ᠪᠣᠳᠠᠲᠠᠢ ᠠᠵᠢᠯᠯᠠᠵᠤ᠂ ᠥᠷᠯᠥᠭᠡ ᠦᠳᠡᠰᠢ᠎ᠶ᠋ᠢ ᠲᠡᠮᠡᠴᠡᠬᠦ᠌ ᠵᠣᠷᠢᠭ ᠰᠠᠨᠠᠭ᠎ᠠ ᠪᠠ  ᠴᠥᠬᠥᠷᠡᠰᠢ ᠦᠭᠡᠢ ᠴᠢᠷᠮᠠᠢᠬᠤ ᠰᠤᠷᠲᠠᠯ᠎ᠢᠶᠠᠷ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠢ ᠴᠢᠷᠮᠠᠢᠨ ᠰᠠᠢᠲᠤᠷ ᠪᠡᠶᠡᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠤᠶᠤᠨ ᠤᠬᠠᠭᠠᠨ ᠪᠠ ᠬᠦᠴᠦᠨ ᠴᠢᠳᠠᠯ᠎ᠢᠶᠡᠨ ᠡᠷᠬᠦᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号