ᠡᠸ᠋ ᠯᠢ ᠮᠢᠨ᠄
ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠵᠠᠬᠢᠷᠤᠯ

ᠰᠤᠷᠭᠠᠨ ᠬᠥᠮᠦᠵᠢᠯ ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠂ ᠴᠢᠳᠠᠪᠤᠷᠢᠲᠠᠨ ᠪᠣᠯ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠰᠠᠭᠤᠷᠢ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠲᠤᠯᠭᠠᠭᠤᠷᠢᠯᠠᠯ ᠮᠥᠨ ᠃ ᠪᠢᠳᠡ《ᠬᠤᠤᠰ ᠲᠡᠷᠢᠭᠦᠨ ᠵᠡᠷᠭᠡ》ᠵᠢᠨ ᠪᠠᠢᠭᠤᠯᠤᠯᠲᠠ᠎ᠶ᠋ᠢᠨ ᠶᠡᠬᠡ ᠳᠡᠭᠡᠳᠦ ᠰᠤᠷᠭᠠᠭᠤᠯᠢᠪᠤᠯᠤᠭᠰᠠᠨᠤ ᠬᠤᠪᠢᠳ᠋ᠤ ᠰᠤᠷᠭᠠᠨ ᠬᠥᠮᠦᠵᠢᠯ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠂ ᠴᠢᠳᠠᠪᠤᠷᠢᠲᠠᠨ᠎ᠤ ᠴᠢᠬᠤᠯᠠ ᠤᠶᠠᠯᠳᠤᠯ᠎ᠤᠨ ᠴᠡᠭ ᠪᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠴᠢᠬᠤᠯᠠ ᠭᠠᠷᠳᠠᠴᠠ ᠪᠣᠯᠬᠤ ᠥᠪᠡᠷᠮᠢᠴᠡ ᠦᠶ᠋ᠯᠡᠳᠦᠯ᠎ᠢ ᠭᠦᠨᠵᠡᠭᠡᠶ ᠲᠠᠨᠢᠵᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ 《ᠬᠤᠤᠰ ᠲᠡᠷᠢᠭᠦᠨ ᠵᠡᠷᠭᠡ》 ᠵᠢᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠲᠡᠶ ᠲᠤᠯᠭᠠᠭᠤᠷᠢᠯᠠᠯ ᠬᠠᠩᠭᠠᠨ᠎ᠠ᠃
ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠦᠨ ᠭᠡᠬᠦ ᠬᠥᠭ᠌ᠵᠢᠯᠲᠡ᠎ᠶ᠋ᠢᠨ ᠰᠡᠳᠭᠢᠴᠡ᠎ᠶ᠋ᠢ ᠪᠠᠷᠢᠮᠲᠠᠯᠠᠵᠤ ᠂ ᠳᠠᠭᠠᠭᠤᠯᠤᠭ᠍ᠴᠢ ᠴᠢᠳᠠᠪᠤᠷᠢᠲᠠᠨ ᠢᠯᠡᠳᠲᠡ ᠬᠦᠷᠦᠯᠴᠡᠬᠦ᠌ ᠦᠭᠡᠢ ᠪᠠᠢᠬᠤ ᠳᠤᠲᠠᠭᠤᠳᠠᠯ᠎ᠳᠤ ᠬᠠᠨᠳᠤᠭᠤᠯᠵᠤ᠂ ᠳᠡᠭᠡᠳᠦ ᠲᠡᠰ ᠳᠠᠪᠬᠤᠷᠭ᠎ᠠ ᠵᠢᠨ ᠴᠢᠳᠠᠪᠤᠷᠢᠲᠠᠨ᠎ᠢ ᠶᠡᠬᠡᠪᠡᠷ ᠤᠷᠢᠨ ᠠᠪᠴᠢᠷᠠᠬᠤ ᠪᠠ ᠬᠥᠮᠦᠵᠢᠭᠦᠯᠵᠦ᠍ ᠂ ᠥᠨᠳᠥᠷ ᠲᠦᠪᠱᠢᠨ᠎ᠪᠦᠬᠦᠢ ᠪᠠᠭ᠍ᠰᠢ᠎ᠶ᠋ᠢᠨ ᠡᠩᠨᠡᠭᠡ᠎ᠶ᠋ᠢ ᠴᠢᠷᠮᠠᠢᠨ ᠪᠠᠢᠭᠤᠯᠤᠨ᠎ᠠ; ᠰᠤᠷᠤᠭ᠍ᠴᠢᠳ᠎ᠤᠨ ᠬᠡᠪ ᠴᠢᠨᠠᠷ᠎ᠤ᠋ᠨ ᠰᠤᠷᠭᠠᠨ ᠬᠥᠮᠦᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠱᠢᠨ᠎ᠡ᠎ᠶ᠋ᠢ ᠡᠭᠦᠳᠬᠦ᠌ ᠬᠦᠴᠦᠨ᠂ ᠲᠥᠰᠦᠭᠡᠯᠡᠨ ᠪᠤᠳᠤᠬᠤ ᠬᠦᠴᠦᠨ ᠪᠠ ᠦᠶ᠋ᠯᠡᠳᠦᠯᠭᠡ᠎ᠶ᠋ᠢᠨ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍ ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠥᠭ᠌ᠵᠢᠯᠲᠡ᠎ᠳᠦ ᠴᠢᠳᠠᠪᠤᠷᠢᠲᠠᠨ᠎ᠤ ᠰᠠᠭᠤᠷᠢ᠎ᠶ᠋ᠢ ᠲᠠᠯᠪᠢᠨ᠎ᠠ; ᠲᠠᠪᠤᠨ ᠶᠡᠬᠡ ᠡᠭᠦᠷᠭᠡ ᠪᠠ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠪᠠᠢᠯᠳᠤᠬᠤ ᠪᠣᠳᠣᠯᠭ᠎ᠠ ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢ ᠡᠬᠡ ᠤᠯᠤᠰ ᠤᠨ ᠤᠮᠠᠷᠠᠲᠤ ᠵᠢᠨ ᠥᠨᠳᠥᠷ ᠬᠢᠷᠢ ᠲᠦᠪᠱᠢᠨ ᠪᠥᠬᠥᠶ ᠴᠢᠳᠠᠪᠤᠷᠢᠲᠠᠨ᠎ᠤ ᠡᠩᠨᠡᠭᠡ᠎ᠶ᠋ᠢᠨ ᠴᠤᠭ᠍ᠯᠠᠷᠠᠯ᠎ᠤᠨ ᠥᠨᠳᠥᠷᠯᠢᠭ ᠭᠠᠵᠠᠷ᠂ ᠳᠡᠭᠡᠳᠦ ᠲᠠᠰ᠎ᠤᠨ ᠴᠢᠳᠠᠪᠤᠷᠢᠲᠠᠨ ᠢ ᠬᠥᠮᠦᠵᠢᠭᠦᠯᠬᠦ᠌ ᠰᠠᠭᠤᠷᠢᠨ ᠪᠠ ᠴᠢᠬᠤᠯᠠ ᠶᠡᠬᠡ ᠦᠷ᠎ᠡ ᠪᠦᠲᠦᠭᠡᠯ᠎ᠦᠨ ᠭᠤᠯᠤᠮᠳᠠ ᠪᠣᠯᠭᠠᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号