ᠱᠢᠨ᠎ᠡ ᠭᠠᠷᠤᠭ᠎ᠠ ᠲᠡᠭᠡᠷ᠎ᠠ ᠡᠴᠨ ᠭᠠᠷ ᠬᠤᠯᠪᠤᠨ ᠲᠠᠬᠢᠨ ᠮᠤᠷᠳᠠᠨᠠᠮ
2023-03-12 16:39:25
ᠵᠣᠬᠢᠶᠠᠭ᠍ᠴᠢ᠄
ᠪᠠᠶ ᠳ᠋ᠠᠨ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ᠎ᠳᠤ ᠰᠠᠭᠤᠭ᠎ᠠ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠬᠡᠨ᠎ᠤ ᠬᠡᠰᠢᠬᠦᠳ᠎ᠤᠨ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠭᠡᠨ᠎ᠤ ᠠᠷᠪᠠᠨ ᠲᠦᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠨᠭᠬᠠᠳᠤᠭᠠᠷ ᠬᠤᠷᠠᠯ᠎ᠳᠤ ᠤᠷᠤᠯᠴᠠᠭᠰᠠᠨ ᠬᠡᠰᠡᠭ ᠦᠵᠡᠭᠳᠡᠯ

ᠡᠰᠡᠨᠢᠯ ᠲᠦᠯᠵᠢᠯ ᠵᠢᠡᠷ ᠪᠢᠯᠬᠠᠭᠰᠠᠨ ᠬᠠᠪᠤᠷ ᠤ᠋ᠨ ᠰᠠᠢᠬᠠᠨ ᠤᠯᠠᠷᠢᠯ ᠳ᠋ᠦ᠂ ᠪᠦᠬᠦ᠌ ᠤᠯᠤᠰ ᠤ᠋ᠨ ᠤᠯᠤᠰ ᠲᠦᠷᠦ᠍ ᠶ᠋ᠢᠨ ᠵᠥᠪᠯᠡᠯᠭᠡᠨ ᠤ᠋ ᠠᠷᠪᠠᠨ ᠳᠥᠷᠪᠡᠳᠦᠭᠡᠷ ᠬᠤᠭᠤᠴᠠᠭᠠᠨ ᠤ᠋ ᠬᠤᠷᠢᠶ᠎ᠠ ᠵᠢᠨ ᠠᠩᠬᠠᠳᠤᠭᠠᠷ ᠬᠤᠷᠠᠯ ᠡᠯ᠎ᠡ ᠵᠥᠪᠯᠡᠬᠦ᠌ ᠵᠦᠢᠯ ᠶ᠋ᠢᠡᠨ ᠠᠮᠵᠢᠯᠲᠠ ᠲᠠᠶ ᠵᠦᠪᠯᠡᠵᠦ ᠳᠠᠭᠤᠰᠬᠠᠭᠠᠳ 3 ᠰᠠᠷ᠎ᠠ ᠶ᠋ᠢᠨ 11 ᠤ᠋ ᠦᠳᠡ ᠶ᠋ᠢᠨ ᠬᠣᠢᠨ᠎ᠠ ᠪᠡᠭᠡᠵᠢᠩ᠎ᠳᠦ ᠢᠯᠠᠯᠳᠠ ᠲᠠᠶ ᠲᠡᠭᠦᠰᠪᠡ᠃


jie3.png


ᠶᠡᠭᠡ ᠬᠤᠷᠠᠯ᠎ᠤᠨ ᠠᠬᠤᠢ ᠲᠠᠯᠠᠪᠠᠢ

                    ᠰᠢᠨᠬᠤᠸᠠ ᠬᠤᠷᠢᠶ᠎ᠠ ᠡᠴᠡ ᠠᠪᠤᠪᠠ 


jie4.png


ᠬᠤᠷᠠᠯ ᠤ᠋ᠨ ᠲᠠᠯᠠᠪᠠᠢ᠎ᠳᠤ ᠤᠷᠤᠨ᠎ᠠ


jie5.png


ᠮᠡᠳᠡᠬᠦᠯᠦᠯᠳᠠ᠎ᠵᠢ ᠶᠠᠷᠢᠯᠴᠠᠨ᠎ᠠ


ᠬᠦᠨᠳᠦ ᠨᠠᠢᠳᠠᠯᠭ᠎ᠠ ᠵᠢ ᠦᠯᠦ ᠬᠦᠰᠡᠷᠳᠡᠬᠦᠯᠦᠨ᠂ ᠡᠭᠦᠷᠭᠡ ᠬᠠᠷᠢᠭᠤᠴᠠᠯᠭ᠎ᠠ ᠪᠠᠨ ᠨᠢᠮᠪᠠᠢ ᠬᠦᠢᠴᠡᠳᠬᠡᠨ᠎ᠠ᠃ ᠬᠤᠷᠠᠯ ᠤ᠋ᠨ ᠬᠤᠭᠤᠴᠠᠭᠠᠨ ᠳ᠋ᠦ᠂ ᠥᠪᠥᠷ ᠮᠣᠩᠭᠣᠯ ᠳ᠋ᠦ ᠰᠠᠭᠤᠭ᠎ᠠ ᠪᠥᠬᠥ᠌ ᠤᠯᠤᠰ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ 31 ᠭᠡᠱᠢᠭᠦᠨ ᠨᠢ ᠪᠥᠬᠥ᠌ ᠤᠯᠤᠰ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠪᠤᠰᠤᠳ 2000 ᠭᠠᠷᠤᠶ ᠭᠡᠱᠢᠭᠦᠨ ᠲᠡᠶ ᠬᠠᠮᠲᠤ ᠪᠠᠷ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠪᠠ ᠪᠤᠰᠤᠳ ᠮᠡᠳᠡᠭᠦᠯᠦᠯᠲᠡ ᠵᠢ ᠭᠦᠨᠵᠡᠭᠡᠶ ᠶᠠᠷᠢᠯᠴᠠᠵᠤ᠂ ᠤᠯᠤᠰ ᠲᠥᠷᠥ ᠶ᠋ᠢᠨ ᠵᠥᠪᠯᠡᠯᠭᠡᠨ ᠤ᠋ ᠪᠠᠢᠩᠭᠤ ᠶ᠋ᠢᠨ ᠬᠣᠷᠢᠶ᠎ᠠ᠎ᠵᠢᠨ ᠠᠵᠢᠯ ᠤ᠋ᠨ ᠮᠡᠳᠡᠭᠦᠯᠦᠯᠲᠡ᠂ ᠤᠯᠤᠰ ᠲᠥᠷᠥ ᠶ᠋ᠢᠨ ᠵᠥᠪᠯᠡᠯᠭᠡᠨ ᠤ᠋ ᠲᠦᠷᠢᠮ ᠳ᠋ᠤ ᠵᠠᠰᠠᠪᠤᠷᠢ ᠣᠷᠣᠭᠤᠯᠬᠤ ᠲᠥᠰᠦᠯ ᠵᠡᠷᠭᠡ ᠪᠢᠴᠢᠭ ᠮᠠᠲ᠋ᠧᠷᠢᠶᠠᠯ ᠢ᠋ ᠨᠠᠷᠢᠨ ᠬᠢᠨᠠᠮᠠᠭᠠᠶ ᠬᠢᠨᠠᠨ ᠵᠥᠪᠯᠡᠵᠦ᠍᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠪᠤᠳᠤᠯᠭ᠎ᠠ ᠲᠡᠪᠰᠢᠬᠦᠯᠵᠤ᠂ ᠵᠦᠪᠯᠡᠬᠦ ᠠᠷᠠᠳᠴᠢᠯᠠᠯ ᠤ᠋ᠨ ᠥᠷᠭᠡᠨ ᠠᠭᠤᠳᠠᠮ ᠲᠠᠪᠴᠠᠩ ᠳᠡᠭᠡᠷ᠎ᠡ ᠭᠣᠢᠳᠠ ᠰᠠᠢᠬᠠᠨ ᠱᠢᠨ᠎ᠡ ᠬᠠᠮᠲᠤ ᠶ᠋ᠢᠨ ᠲᠤᠰᠭᠠᠯ ᠭᠠᠷᠭᠠᠨ᠂ ᠱᠢᠨ᠎ᠡ ᠨᠢᠭᠡ ᠬᠤᠭᠤᠴᠠᠭᠠᠨ ᠤ᠋ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠳ ᠤ᠋ᠨ ᠡᠬᠡ ᠤᠯᠤᠰ ᠤ᠋ᠨ ᠶ᠋ᠢᠡᠨ ᠲᠥᠯᠥᠭᠡ ᠲᠤᠱᠢᠶᠠᠯ ᠡᠭᠦᠷᠭᠡᠯᠡᠵᠦ᠂ ᠠᠷᠠᠳ ᠲᠦᠮᠡᠨ ᠤ᠋ ᠪᠠᠨ ᠲᠥᠯᠥᠭᠡ ᠬᠠᠷᠢᠭᠤᠴᠠᠯᠭ᠎ᠠ ᠭᠦᠶ᠋ᠴᠡᠳᠭᠡᠬᠦ᠌ ᠬᠠᠢᠷ᠎ᠠ ᠰᠡᠳᠭᠢᠯᠭᠡ ᠪᠠ ᠬᠠᠷᠢᠭᠤᠴᠠᠯᠭ᠎ᠠ ᠡᠭᠦᠷᠭᠡᠯᠡᠯ ᠢ᠋ ᠭᠦᠶ᠋ᠴᠡᠳ ᠢᠯᠡᠷᠡᠭᠦᠯᠦᠭᠰᠡᠨ ᠪᠠᠢᠨ᠎ᠠ᠃


jie6.png


ᠬᠠᠮᠲᠤ ᠶ᠋ᠢᠨ ᠰᠡᠭᠦᠳᠡᠷ ᠲᠠᠲᠠᠭᠤᠯᠤᠨ᠎ᠠ


jie7.png


ᠬᠠᠯᠠᠭᠤᠨ ᠠᠯᠠᠭ᠎ᠠ ᠲᠠᠰᠢᠨ᠎ᠠ

                    ᠰᠢᠨᠬᠤᠸᠠ ᠬᠤᠷᠢᠶ᠎ᠠ ᠡᠴᠡ ᠠᠪᠤᠪᠠ 


ᠵᠢᠯ ᠤ᠋ᠨ ᠠᠵᠢᠯ ᠬᠠᠪᠤᠷ ᠲᠠᠭᠠᠨ ᠬᠡᠳᠡᠭ᠂ ᠡᠨᠡ ᠵᠢᠯ ᠪᠣᠯ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠪᠦᠬᠦ᠌ ᠲᠠᠯ᠎ᠠ ᠪᠠᠷ ᠲᠤᠭᠤᠱᠢᠯᠠᠭᠤᠯᠬᠤ ᠡᠬᠢᠯᠡᠯᠲᠡ ᠶ᠋ᠢᠨ ᠵᠢᠯ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢ ᠬᠡᠷᠡᠭ᠌ᠵᠢᠭᠦᠯᠬᠦ᠌ ᠤᠷᠢᠳᠤᠬᠢ ᠵᠢ ᠵᠠᠯᠭᠠᠮᠵᠢᠯᠠᠨ ᠬᠣᠢᠱᠢᠬᠢ ᠳ᠋ᠤ ᠵᠠᠮ ᠨᠡᠬᠡᠬᠡᠬᠦ᠌ ᠵᠠᠩᠭᠢᠯᠠᠭ᠎ᠠ ᠶ᠋ᠢᠨ ᠨᠢᠭᠡ ᠵᠢᠯ ᠮᠥᠨ᠂ ᠪᠠᠰᠠ ᠴᠤ᠌ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ ᠪᠠᠷ ᠪᠦᠳᠦᠭᠡᠨ ᠪᠠᠢᠭᠤᠯᠬᠤ ᠳ᠋ᠦ ᠰᠠᠭᠤᠷᠢ ᠲᠠᠯᠪᠢᠬᠤ ᠴᠢᠬᠤᠯᠠ ᠨᠢᠭᠡ ᠵᠢᠯ ᠪᠤᠯᠤᠨ᠎ᠠ᠃ ᠥᠪᠥᠷ ᠮᠣᠩᠭᠣᠯ ᠳ᠋ᠦ ᠰᠠᠭᠤᠭ᠎ᠠ ᠪᠥᠬᠥ᠌ ᠤᠯᠤᠰ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠳ᠂ ᠬᠠᠷᠢᠭᠤᠴᠠᠯᠭ᠎ᠠ ᠪᠠᠨ ᠮᠡᠳᠡᠵᠦ᠍᠂ ᠬᠠᠷᠢᠭᠤᠴᠠᠯᠭ᠎ᠠ᠎ᠪᠠᠨ ᠡᠭᠦᠷᠭᠡᠯᠡᠨ᠂ ᠬᠠᠷᠢᠭᠤᠴᠠᠯᠭ᠎ᠠ ᠪᠠᠨ ᠭᠦᠢᠴᠡᠳᠭᠡᠵᠦ᠍᠂ ᠬᠤᠶᠠᠷ ᠬᠤᠷᠠᠯ ᠤ᠋ᠨ ᠵᠣᠷᠢᠭ ᠰᠠᠨᠠᠭᠠᠨ ᠤ᠋ ᠰᠠᠢ᠌ᠨ ᠤᠬᠠᠭᠤᠯᠤᠭ᠍ᠴᠢ᠂ ᠰᠠᠢᠨ ᠦᠢᠯᠡᠳᠦᠯᠭᠡᠵᠢᠭᠦᠯᠦᠭ᠌ᠴᠢ ᠪᠤᠯᠵᠤ᠂ ᠬᠠᠮᠲᠤ ᠶ᠋ᠢᠨ ᠲᠠᠨᠢᠯᠲᠠ ᠵᠢ ᠲᠠᠬᠡᠭᠰᠢᠯᠡᠬᠦᠯᠬᠦ ᠳᠤᠮᠳᠠ 《ᠢᠵᠢᠯᠢ ᠲᠥᠪᠲᠦ ᠲᠣᠭᠣᠷᠢᠭ》 ᠢ᠋ ᠰᠠᠢᠲᠤᠷ ᠵᠢᠷᠤᠵᠤ᠂ ᠵᠥᠪᠯᠡᠯᠭᠡ ᠬᠢᠵᠦ᠍ ᠲᠦᠷᠦ᠍ ᠶ᠋ᠢᠨ ᠶᠠᠪᠤᠳᠠᠯ ᠢ᠋ ᠵᠥᠪᠯᠡᠬᠦ᠌ ᠳᠤᠮᠳᠠ 《ᠤᠶᠤᠨ ᠤ᠋ ᠪᠦᠯᠬᠦᠮ》 ᠪᠤᠯᠵᠤ᠂ ᠬᠦᠴᠦᠨ ᠴᠢᠳᠠᠯ ᠢ᠋ ᠨᠢᠭ᠍ᠲᠠᠷᠠᠭᠤᠯᠬᠤ 《ᠰᠡᠳᠭᠢᠯ ᠤ᠋ᠨ ᠬᠥᠭᠥᠷᠭᠡ》 ᠵᠢ ᠰᠠᠢᠲᠤᠷ ᠴᠣᠭ᠍ᠴᠠᠯᠠᠵᠤ᠂ ᠳᠤᠮᠳᠠᠳᠤ ᠤᠯᠤᠰ ᠤ᠋ᠨ ᠮᠠᠶᠢᠭ ᠤ᠋ᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠪᠢᠴᠢᠭ᠌ᠯᠡᠬᠦ᠌᠎ᠳᠦ ᠤᠶᠤᠨ ᠤᠬᠠᠭᠠᠨ ᠬᠦᠴᠦᠨ ᠴᠢᠳᠠᠯ ᠶ᠋ᠢᠡᠨ ᠡᠷᠭᠦᠨ᠎ᠡ ᠭᠡᠵᠦ᠍ ᠢᠯᠡᠳᠭᠡᠵᠡᠭᠡᠪᠡ᠃


jie8.png


ᠠᠷᠭ᠎ᠠ ᠪᠤᠳᠤᠯᠭ᠎ᠠ ᠲᠡᠪᠰᠢᠬᠦᠯᠦᠨ᠎ᠠ



jie9.png


ᠪᠤᠳᠤᠯ ᠲᠥᠷᠥᠭ᠌ᠳᠡᠯ ᠶ᠋ᠢᠡᠨ ᠰᠤᠯᠢᠯᠴᠠᠨ᠎ᠠ


jie10.png


ᠵᠠᠭᠤᠴᠢᠯᠠᠭᠤᠷ ᠎ᠤᠨ ᠬᠢᠨ ᠠᠨᠭᠬᠠᠷᠤᠯ ᠵᠢᠨᠨ ᠲᠦᠪᠯᠡᠷᠡᠬᠦᠯᠦᠨ᠎ᠠ

                        ᠰᠢᠨᠬᠤᠸᠠ ᠬᠤᠷᠢᠶ᠎ᠠ ᠡᠴᠡ ᠠᠪᠤᠪᠠ 

︵ᠨᠡᠷ᠎ᠠ ᠬᠠᠳᠠᠭᠰᠠᠨ ᠡᠴᠨ ᠪᠤᠰᠤᠳ ᠬᠡᠷᠡᠯ ᠵᠢᠷᠤᠭ᠎ᠢ ᠦᠪᠡᠷᠳᠡᠭᠡᠨ ᠵᠠᠰᠠᠬᠤ ᠤᠷᠤᠨ᠎ᠤ ᠤᠯᠤᠰ ᠲᠦᠷᠦ ᠵᠢᠨ ᠵᠦᠪᠯᠡᠯᠭᠡᠨ᠎ᠤ ᠠᠯᠪᠠᠨ ᠲᠠᠩᠬᠢᠮ ᠡᠴᠨ ᠬᠠᠨᠭᠭᠠᠪᠠ︶

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号