(2023 ᠣᠨ᠎ᠤ 3 ᠰᠠᠷ᠎ᠠ᠎ᠶ᠋ᠢᠨ 11 ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ᠎ᠡᠴᠡ ᠪᠠᠲᠤᠯᠠᠪᠠ)
ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ 2023 ᠣᠨ᠎ᠤ 3 ᠰᠠᠷ᠎ᠠ᠎ᠶ᠋ᠢᠨ 4 ᠡᠴᠡ 11 ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃
ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠣᠯᠤᠨ ᠲᠦᠷᠦ᠍᠎ᠶ᠋ᠢᠨ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠤ᠂ ᠭᠡᠱᠢᠭᠦᠳ᠎ᠲᠡᠶ ᠤᠯᠤᠰ᠎ᠤᠨ ᠶᠡᠬᠡ ᠪᠤᠳᠤᠯᠭ᠎ᠠ ᠵᠢ ᠬᠠᠮᠲᠤ᠎ᠪᠠᠷ ᠵᠥᠪᠯᠡᠪᠡ᠃ ᠬᠤᠷᠠᠯ ᠡᠴᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠡᠲᠡᠭᠡᠳ᠎ᠦᠨ ᠭᠡᠱᠢᠭᠦᠳ᠎ᠦᠨ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠵᠤ᠂ ᠢᠳᠡᠪᠬᠢᠲᠡᠢ᠎ᠪᠡᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠪᠣᠳᠠᠲᠠᠢ᠎ᠶ᠋ᠢ ᠡᠷᠬᠢᠮᠯᠡᠨ ᠵᠥᠪᠯᠡᠯᠭᠡ ᠬᠢᠵᠦ᠍ ᠲᠦᠷᠦ᠍᠎ᠶ᠋ᠢᠨ ᠶᠠᠪᠤᠳᠠᠯ᠎ᠢ ᠵᠥᠪᠯᠡᠵᠦ᠍᠂ ᠡᠯ᠎ᠡ ᠵᠥᠪᠯᠡᠬᠦ᠌ ᠵᠦᠢᠯ᠎ᠢᠶᠡᠨ ᠠᠮᠵᠢᠯᠳᠠ ᠳᠠᠢ ᠪᠡᠶᠡᠯᠡᠭᠦᠯᠵᠦ᠍᠂ ᠴᠢᠬᠤᠯᠠ ᠦᠷ᠎ᠡ ᠪᠦᠲᠦᠭᠡᠯ ᠤᠯᠪᠠ᠃ ᠬᠤᠷᠠᠯ ᠡᠴᠡ ᠸᠠᠩ ᠶᠠᠩ ᠨᠥᠬᠥᠷ᠎ᠦᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠡᠮᠦᠨ᠎ᠡ᠎ᠡᠴᠡ ᠬᠢᠭ᠌ᠰᠡᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠨ᠂ ᠱᠤᠤ ᠬᠣᠩ ᠨᠥᠬᠥᠷ᠎ᠦᠨ ᠬᠢᠭ᠌ᠰᠡᠨ ᠰᠠᠨᠠᠯ ᠳᠤᠷᠠᠳᠤᠯᠭ᠎ᠠ ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠨ᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠳᠦ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠵᠥᠪᠯᠡᠵᠦ᠍ ᠪᠠᠲᠤᠯᠠᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠲᠡᠷᠢᠭᠦᠯᠡᠭ᠌ᠴᠢ᠂ ᠳᠡᠳ᠋ ᠲᠡᠷᠢᠭᠦᠯᠡᠭ᠌ᠴᠢ᠂ ᠨᠠᠷᠢᠨ ᠪᠢᠴᠢᠭ᠎ᠦᠨ ᠳᠠᠷᠤᠭ᠎ᠠ ᠪᠣᠯᠤᠨ ᠪᠠᠢᠩᠭᠤ᠎ᠶ᠋ᠢᠨ ᠭᠡᠱᠢᠭᠦᠨ᠎ᠢ ᠰᠣᠩᠭᠣᠨ ᠭᠠᠷᠭᠠᠪᠠ᠃ ᠭᠡᠱᠢᠭᠦᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠰᠤᠯᠠ ᠣᠷᠣᠯᠴᠠᠵᠤ᠂ ᠯᠢ ᠺᠧ ᠴᠢᠶᠠᠩ ᠨᠥᠬᠥᠷ᠎ᠦᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠨ ᠶᠠᠷᠢᠯᠴᠠᠵᠤ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠬᠦᠯᠦᠯᠳᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠬᠦᠯᠦᠯᠳᠡ ᠵᠢ ᠰᠤᠨᠤᠰᠤᠨ ᠶᠠᠷᠢᠯᠴᠠᠵᠥ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ ᠵᠢᠴᠢ ᠪᠤᠰᠤᠳ ᠬᠣᠯᠪᠣᠭ᠍ᠳᠠᠯ ᠪᠦᠬᠦᠢ ᠮᠡᠳᠡᠬᠦᠯᠦᠯᠳᠡ ᠵᠡᠷᠭᠡ᠎ᠶ᠋ᠢ ᠶᠠᠷᠢᠯᠴᠠᠵᠤ᠂ ᠵᠥᠪᠱᠢᠶᠡᠷᠡᠵᠦ᠍ ᠪᠠᠢᠬᠤ᠎ᠪᠠᠨ ᠢᠯᠡᠳᠭᠡᠭ᠌ᠰᠡᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃
ᠬᠤᠷᠠᠯ ᠡᠴᠡ᠂ ᠥᠩᠭᠡᠷᠡᠭ᠌ᠰᠡᠨ ᠲᠠᠪᠤᠨ ᠵᠢᠯ ᠪᠣᠯᠤᠨ ᠱᠢᠨ᠎ᠡ ᠴᠠᠭ ᠦᠶ᠎ᠡ᠎ᠡᠴᠡ ᠨᠠᠭᠠᠱᠢᠬᠢ ᠠᠷᠪᠠᠨ ᠵᠢᠯ ᠪᠣᠯ ᠨᠠᠮ ᠪᠣᠯᠤᠨ ᠤᠯᠤᠰ᠎ᠤᠨ ᠬᠥᠭ᠌ᠵᠢᠯᠲᠡ᠎ᠶ᠋ᠢᠨ ᠠᠬᠢᠴᠠ ᠳᠤᠮᠳᠠ ᠲᠤᠢᠯ᠎ᠤᠨ ᠶᠡᠷᠦ᠍ ᠪᠤᠰᠤ᠎ᠶ᠋ᠢᠨ᠂ ᠲᠤᠢᠯ᠎ᠤᠨ ᠵᠢᠷ᠎ᠤᠨ ᠪᠤᠰᠤ᠎ᠶ᠋ᠢᠨ ᠶᠤᠮ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ ᠪᠣᠯᠤᠨ ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠨᠢᠭᠡᠳᠦᠯᠲᠡᠢ ᠲᠥᠯᠥᠪᠵᠢᠭᠦᠯᠵᠥ᠂ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠵᠢ ᠪᠦᠬᠦ᠌ ᠲᠠᠯ᠎ᠠ᠎ᠪᠠᠷ ᠲᠤᠭᠤᠱᠢᠯᠠᠭᠤᠯᠵᠥ᠂ ᠠᠭᠤᠤ ᠶᠡᠬᠡ ᠲᠡᠮᠡᠴᠡᠯ᠂ ᠠᠭᠤᠤ ᠶᠡᠬᠡ ᠢᠨᠵᠧᠨᠧᠷᠢᠩ᠂ ᠠᠭᠤᠤ ᠶᠡᠬᠡ ᠦᠢᠯᠡᠰ᠂ ᠠᠭᠤᠤ ᠶᠡᠬᠡ ᠬᠦᠰᠡᠯ ᠵᠡᠭᠦᠳᠦ ᠵᠢ ᠬᠠᠮᠤᠷᠴᠤ᠂ ᠠᠭᠤᠤ ᠶᠡᠬᠡ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠯᠤᠲᠤ ᠶᠡᠬᠡ ᠤᠯᠤᠰ ᠲᠥᠷᠥ᠎ᠶ᠋ᠢᠨ ᠰᠥᠰᠥ᠍ ᠵᠣᠷᠢᠭ᠂ ᠬᠠᠳᠠᠭᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠵᠢᠡᠷ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠯᠢ ᠣᠯᠠᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠷᠭ᠎ᠠ ᠬᠡᠮᠵᠢᠶ᠎ᠡ ᠠᠪᠴᠤ᠂ ᠠᠯᠢ ᠣᠯᠠᠨ ᠬᠤᠪᠢᠰᠤᠯᠲᠠ᠎ᠶ᠋ᠢᠨ ᠴᠢᠨᠠᠷᠲᠠᠶ ᠦᠶ᠋ᠯᠡᠳᠦᠯᠭᠡ᠎ᠶ᠋ᠢ ᠠᠬᠢᠭᠤᠯᠵᠥ᠂ ᠠᠯᠢ ᠣᠯᠠᠨ ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠎ᠶ᠋ᠢ ᠪᠡᠶᠡᠯᠡᠭᠦᠯᠵᠥ᠂ ᠠᠯᠢ ᠣᠯᠠᠨ ᠪᠡᠯᠭᠡ ᠲᠡᠮᠳᠡᠭ᠎ᠦᠨ ᠴᠢᠨᠠᠷᠲᠠᠶ ᠦᠷ᠎ᠡ ᠪᠦᠲᠦᠭᠡᠯ ᠣᠯᠵᠥ᠂ ᠤᠷᠲᠤ ᠬᠤᠭᠤᠴᠠᠭ᠎ᠠ᠎ᠪᠠᠷ ᠱᠢᠶ᠋ᠳᠪᠦᠷᠢᠯᠡᠭᠡᠳᠦᠶ ᠪᠠᠢᠬᠰᠠᠨ ᠮᠠᠰᠢ ᠣᠯᠠᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠥ᠂ ᠠᠯᠤᠰ ᠬᠡᠲᠦ᠍᠎ᠳᠦ ᠬᠣᠯᠪᠣᠭ᠍ᠳᠠᠬᠤ ᠮᠠᠰᠢ ᠣᠯᠠᠨ ᠶᠡᠬᠡ ᠶᠠᠪᠤᠳᠠᠯ᠎ᠢ ᠪᠦᠲᠦᠭᠡᠵᠥ᠂ ᠤᠯᠤᠰ ᠲᠥᠷᠥ᠂ ᠠᠵᠥ ᠠᠬᠤᠢ᠂ ᠦᠵᠡᠯ ᠤᠬᠠᠮᠰᠠᠷ᠎ᠤᠨ ᠬᠡᠯᠪᠡᠷᠢ᠂ ᠪᠠᠢᠭᠠᠯᠢ ᠶᠢᠷᠲᠢᠨᠴᠦ᠍ ᠵᠡᠷᠭᠡ ᠲᠠᠯ᠎ᠠ᠎ᠶ᠋ᠢᠨ ᠠᠶᠤᠯ ᠲᠦᠭ᠌ᠰᠢᠭᠦᠷᠢ ᠥᠷᠢᠰᠥᠯᠳᠦᠭᠡᠨ ᠱᠢᠯᠭᠠᠯᠲᠠ᠎ᠶ᠋ᠢ ᠳᠠᠭᠠᠭᠠᠵᠤ ᠳᠡᠢᠯᠵᠥ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠬᠦᠯᠬᠦ ᠲᠡᠦᠬᠡᠲᠦ ᠡᠭᠦᠷᠭᠡ ᠵᠢ ᠪᠡᠶᠡᠯᠡᠬᠦᠯᠵᠥ᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠦᠨ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠠᠮᠵᠢᠯᠲᠠ᠎ᠶ᠋ᠢ ᠡᠭᠦᠳᠴᠤ᠂ ᠮᠠᠨ᠎ᠤ ᠤᠯᠤᠰ᠎ᠤᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠣᠷᠣᠬᠤ᠎ᠶ᠋ᠢ ᠠᠬᠢᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠳᠠᠯ ᠬᠤᠷᠢᠬᠯᠠᠬᠳᠠᠰᠢ ᠦᠭᠡᠢ ᠲᠡᠦᠬᠡᠨ ᠶᠠᠪᠤᠴᠠ᠎ᠳᠤ ᠣᠷᠣᠬᠤ ᠵᠢ ᠠᠬᠢᠭᠤᠯᠪᠠ᠃ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭ᠍ᠰᠠᠨ᠎ᠤ ᠦᠨᠳᠦᠰᠦ ᠨᠢ ᠰᠢ ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶ᠎ᠠ ᠵᠢᠨ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠭ᠍ᠰᠠᠨ᠎ᠳᠤ ᠪᠤᠢ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠨᠢ 《ᠬᠣᠶᠠᠷ᠎ᠢ ᠲᠣᠭ᠍ᠲᠠᠭᠠᠬᠰᠠᠨ》 ᠤ᠋ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠨ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ ᠬᠡᠵᠥ ᠴᠢᠬᠤᠯᠠᠴᠢᠯᠠᠪᠠ᠃
ᠬᠤᠷᠠᠯ᠎ᠡᠴᠡ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠦᠮ ᠤ᠋ᠨ ᠦᠵᠡᠯ ᠰᠠᠨᠠᠭ᠎ᠠ ᠨᠢ ᠮᠠᠷᠺᠰ᠎ᠤᠨ ᠦᠵᠡᠯ᠎ᠦᠨ ᠦᠨᠳᠦᠰᠦᠨ ᠤᠭ ᠶᠤᠰᠤ ᠵᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠬᠤ ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠳᠤ ᠶᠠᠮᠠᠷ ᠶᠠᠩᠵᠤ᠎ᠶ᠋ᠢᠨ ᠳᠤᠮᠳᠠᠳᠤ ᠤᠯᠤᠰ᠎ᠤ᠋ᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠬᠡᠷᠬᠢᠨ ᠪᠠᠷᠢᠮᠲᠠᠯᠠᠨ ᠬᠥᠭ᠌ᠵᠢᠭᠦᠯᠬᠦ᠌᠂ ᠶᠠᠮᠠᠷ ᠶᠠᠩᠵᠤ᠎ᠶ᠋ᠢᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠬᠡᠷᠬᠢᠨ ᠪᠦᠲᠦᠭᠡᠨ ᠪᠠᠢᠭᠤᠯᠬᠤ᠂ ᠶᠠᠮᠠᠷ ᠶᠠᠩᠵᠤ᠎ᠶ᠋ᠢᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠢ ᠪᠠᠢᠭᠤᠯᠬᠤ᠂ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠢ ᠬᠡᠷᠬᠢᠨ ᠪᠠᠢᠭᠤᠯᠬᠤ ᠵᠡᠷᠭᠡ ᠴᠢᠬᠤᠯᠠ ᠶᠡᠬᠡ ᠴᠠᠭ ᠦᠶ᠎ᠡ᠎ᠶ᠋ᠢᠨ ᠰᠡᠳᠦᠪ ᠤ᠋ᠳ ᠢ᠋ ᠰᠢᠨᠵᠢᠯᠠᠬᠦ ᠤᠬᠠᠭᠠᠨᠴᠢ ᠪᠡᠷ ᠬᠠᠷᠢᠭᠤᠯᠵᠤ᠂ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ ᠬᠣᠷᠢᠨ ᠨᠢᠭᠡᠳᠦᠭᠡᠷ ᠵᠠᠭᠤᠨ᠎ᠤ ᠮᠠᠷᠺᠰ᠎ᠤᠨ ᠦᠵᠡᠯ ᠪᠠᠢᠵᠤ᠂ ᠳᠤᠮᠳᠠᠳᠤ᠎ᠶ᠋ᠢᠨ ᠰᠣᠶᠣᠯ ᠪᠠ ᠳᠤᠮᠳᠠᠳᠤ᠎ᠶ᠋ᠢᠨ ᠵᠣᠷᠢᠭ ᠰᠠᠨᠠᠭᠠᠨ᠎ᠤ ᠴᠠᠭ ᠦᠶ᠎ᠡ᠎ᠶ᠋ᠢᠨ ᠣᠬᠢ ᠰᠣᠳᠣ ᠮᠥᠨ᠂ ᠨᠠᠮ ᠪᠠ ᠤᠯᠤᠰ᠎ᠡᠴᠡ ᠡᠷᠬᠡᠪᠰᠢ ᠤᠷᠲᠤ ᠬᠤᠭᠤᠴᠠᠭ᠎ᠠ᠎ᠪᠠᠷ ᠪᠠᠷᠢᠮᠲᠠᠯᠠᠬᠤ ᠵᠢᠯᠣᠭᠣᠳᠭᠤ ᠦᠵᠡᠯ ᠰᠠᠨᠠᠭ᠎ᠠ ᠮᠥᠨ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠬᠢᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠭᠣᠣᠯ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ᠂ ᠪᠠᠶᠠᠯᠢᠭ ᠠᠭᠤᠯᠤᠭ᠍ᠳᠠᠬᠤᠨ᠂ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠡᠨᠡ ᠬᠦ᠌ ᠴᠢᠬᠤᠯᠠ ᠦᠵᠡᠯ ᠰᠠᠨᠠᠭᠠᠨ᠎ᠤ ᠶᠢᠷᠲᠢᠨᠴᠦ᠍᠎ᠶ᠋ᠢᠨ ᠦᠵᠡᠯᠲᠡ ᠪᠠ ᠠᠷᠭ᠎ᠠ᠎ᠶ᠋ᠢᠨ ᠤᠨᠤᠯ᠎ᠢ ᠰᠠᠢᠲᠤᠷ ᠡᠵᠡᠮᠳᠡᠨ᠂ ᠲᠡᠭᠦᠨ᠎ᠳᠦ ᠲᠤᠭᠤᠱᠢᠯᠠᠭ᠍ᠳᠠᠵᠤ ᠪᠠᠢᠭ᠎ᠠ ᠵᠣᠭ᠍ᠰᠣᠯᠲᠠ ᠦᠵᠡᠯᠲᠡ ᠠᠷᠭ᠎ᠠ᠎ᠶ᠋ᠢ ᠰᠠᠢᠲᠤᠷ ᠪᠠᠷᠢᠮᠲᠠᠯᠠᠨ ᠰᠠᠢᠲᠤᠷ ᠬᠡᠷᠡᠭ᠌ᠯᠡᠵᠦ᠍᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠵᠢᠷᠤᠭ᠍ᠯᠠᠭ᠍ᠰᠠᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠦᠰᠦᠪ ᠨᠢ ᠬᠥᠮᠦᠰ᠎ᠦᠨ ᠰᠡᠳᠭᠢᠯ᠎ᠢ ᠬᠥᠭ᠌ᠵᠢᠭᠡᠵᠦ᠍᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠤᠳᠤᠷᠢᠳᠤᠨ ᠤᠷᠲᠤ ᠬᠤᠭᠤᠴᠠᠭᠠᠨ᠎ᠤ ᠰᠦᠪᠡᠭ᠌ᠴᠢᠯᠡᠯᠲᠡ ᠪᠠ ᠦᠢᠯᠡᠳᠦᠯᠭᠡ᠎ᠶ᠋ᠢᠨ ᠳᠤᠮᠳᠠ ᠮᠢᠩᠭᠠᠨ ᠵᠤᠪᠠᠯᠠᠩ ᠲᠦᠮᠡᠨ ᠪᠡᠷᠬᠡ᠎ᠶ᠋ᠢ ᠲᠤᠭᠤᠯᠵᠤ᠂ ᠯᠤᠲᠤ ᠶᠡᠬᠡ ᠦᠨ᠎ᠡ ᠦᠷᠲᠡᠭ ᠭᠠᠷᠭᠠᠵᠤ ᠪᠠᠢᠭᠠᠳ ᠣᠯᠤᠭ᠍ᠰᠠᠨ ᠴᠢᠬᠤᠯᠠ ᠶᠡᠬᠡ ᠦᠷ᠎ᠡ ᠪᠦᠲᠦᠭᠡᠯ ᠮᠥᠨ᠂ ᠡᠷᠬᠡᠪᠰᠢ ᠮᠠᠰᠢ ᠨᠠᠨᠳᠢᠩᠨᠠᠵᠤ᠂ ᠢᠮᠠᠭ᠍ᠲᠠ ᠪᠠᠷᠢᠮᠲᠠᠯᠠᠵᠤ᠂ ᠲᠠᠰᠤᠷᠠᠯᠲᠠ ᠦᠭᠡᠢ ᠥᠷᠭᠡᠳᠭᠡᠨ ᠭᠦᠨᠵᠡᠭᠡᠢᠷᠡᠭᠦᠯᠬᠦ᠌ ᠬᠡᠷᠡᠭ᠌ᠲᠡᠢ᠃ ᠤᠯᠤᠰ᠎ᠤᠨ ᠭᠠᠳᠠᠭᠠᠳᠤ ᠳᠣᠲᠣᠭᠠᠳᠤ᠎ᠶ᠋ᠢᠨ ᠣᠷᠴᠢᠨ ᠨᠥᠬᠥᠴᠡᠯ᠎ᠳᠦ ᠭᠠᠷᠤᠭ᠍ᠰᠠᠨ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ᠎ᠶ᠋ᠢᠨ ᠡᠮᠦᠨ᠎ᠡ᠂ ᠡᠷᠬᠡᠪᠰᠢ ᠯᠠᠪᠳᠠᠭᠤᠨ ᠪᠣᠯᠭᠣᠮᠵᠢᠲᠠᠢ ᠪᠠᠢᠵᠤ᠂ ᠲᠤᠭᠳᠠᠯ ᠬᠦᠴᠦᠨ᠎ᠢᠶᠡᠨ ᠪᠠᠲᠤᠯᠠᠨ᠂ ᠲᠣᠭ᠍ᠲᠠᠭᠤᠨ ᠤ᠋ ᠲᠤᠮᠳᠠ ᠤᠷᠤᠭᠰᠢᠯᠠᠨ ᠲᠠᠪᠰᠢᠵᠦ᠂ ᠢᠳᠡᠪᠬᠢᠲᠡᠢ ᠠᠵᠢᠯᠯᠠᠨ᠂ ᠪᠦᠯᠬᠦᠮᠳᠡᠨ ᠨᠢᠭᠡᠳᠴᠦ᠍᠂ ᠵᠣᠷᠢᠭ᠍ᠲᠠᠢ ᠲᠡᠮᠡᠴᠡᠬᠦ᠌ ᠬᠡᠷᠡᠭ᠌ᠲᠡᠢ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠳᠤᠮᠳᠠᠳᠤ ᠤᠯᠤᠰ᠎ᠤᠨ ᠣᠨᠴᠠᠯᠢᠭ᠂ ᠮᠥᠨ ᠴᠢᠨᠠᠷ᠎ᠤᠨ ᠱᠠᠭᠠᠷᠳᠠᠯᠭ᠎ᠠ ᠪᠠ ᠴᠢᠬᠤᠯᠠ ᠶᠡᠬᠡ ᠵᠠᠷᠴᠢᠮ᠎ᠢ ᠭᠦᠨᠵᠡᠭᠡᠢ ᠣᠢᠯᠠᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠴᠢᠬᠤᠯᠠ ᠶᠡᠬᠡ ᠬᠠᠷᠢᠴᠠᠭᠠᠨᠤᠭᠤᠳᠢ ᠵᠥᠪ ᠡᠵᠡᠮᠳᠡᠵᠦ᠍᠂ ᠭᠣᠣᠯ ᠡᠭᠦᠷᠭᠡ᠎ᠵᠢᠨ ᠲᠤᠭᠤᠷᠢᠨ ᠳ᠋ᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠰᠢᠭᠤᠯᠤᠯᠲᠠ᠎ᠶ᠋ᠢ ᠨᠢᠭᠡᠳᠦᠯᠲᠡᠢ ᠲᠥᠯᠥᠪᠯᠡᠨ ᠠᠬᠢᠭᠤᠯᠬᠤ᠂ 《ᠲᠦᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ ᠵᠡᠷᠭᠡ ᠲᠠᠯ᠎ᠠ᠎ᠶ᠋ᠢᠨ ᠴᠢᠬᠤᠯᠠ ᠠᠰᠠᠭᠤᠳᠠᠯ᠎ᠲᠠᠶ ᠨᠢᠭ᠍ᠲᠠ ᠤᠶᠠᠯᠳᠤᠭᠤᠯᠵᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠪᠦᠲᠦᠮᠵᠢᠲᠡᠢ᠎ᠪᠡᠷ ᠵᠥᠪᠯᠡᠯᠭᠡ ᠬᠢᠵᠦ᠍ ᠲᠦᠷᠦ ᠵᠢᠨ ᠶᠠᠪᠤᠳᠠᠯ᠎ᠢ ᠵᠥᠪᠯᠡᠵᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠥᠷᠨᠢᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠢᠳᠡᠪᠬᠢᠲᠡᠢ᠎ᠪᠡᠷ ᠠᠷᠭ᠎ᠠ ᠪᠤᠳᠤᠯᠭ᠎ᠠ ᠭᠠᠷᠭᠠᠬᠤ ᠬᠡᠷᠡᠭ᠌ᠲᠡᠢ᠃ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠵᠤ᠂ ᠨᠢᠭᠡᠳᠦᠯᠲᠦ ᠴᠢᠨᠠᠷ ᠪᠣᠯᠤᠨ ᠤᠯᠠᠨ ᠶᠠᠩᠵᠤᠲᠤ ᠴᠢᠨᠠᠷ᠎ᠤᠨ ᠨᠢᠭᠡᠳᠦᠯ᠎ᠢ ᠪᠠᠷᠢᠮᠲᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠬᠦᠴᠦᠷᠬᠡᠭ ᠶᠡᠬᠡ ᠢᠳᠡᠪᠬᠢ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠡᠨᠡ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠨ᠎ᠤ ᠤᠶᠤᠨ ᠤᠬᠠᠭᠠᠨ᠎ᠢ ᠥᠷᠭᠡᠨ᠎ᠢᠶᠡᠷ ᠲᠥᠪᠯᠡᠷᠡᠭᠦᠯᠦᠨ᠂ ᠰᠠᠢ᠌ᠨ ᠠᠷᠭ᠎ᠠ ᠪᠤᠳᠤᠯᠭ᠎ᠠ᠎ᠶ᠋ᠢ ᠥᠷᠭᠡᠨ᠎ᠢᠶᠡᠷ ᠰᠦᠪᠡᠭ᠌ᠴᠢᠯᠡᠵᠦ᠍᠂ ᠨᠠᠮ ᠪᠠ ᠵᠠᠰᠠᠭ᠎ᠤᠨ ᠣᠷᠳᠣᠨ᠎ᠢ ᠬᠠᠮᠵᠢᠨ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠬᠤ᠂ ᠰᠡᠵᠢᠭ ᠲᠥᠭᠡᠷᠢᠭ᠌ᠳᠡᠯ᠎ᠢ ᠠᠯᠳᠠᠷᠠᠭᠠᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠢᠲᠡᠭᠡᠯ ᠵᠣᠷᠢᠭ᠎ᠢ ᠬᠥᠪᠴᠢᠯᠡᠬᠦ᠌ ᠠᠵᠢᠯ᠎ᠢ ᠢᠯᠡᠭᠦᠬᠡᠨ ᠬᠢᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠵᠢᠯ ᠰᠠᠢ᠌ᠨ ᠡᠬᠢᠯᠡᠯᠲᠡ᠎ᠲᠡᠶ ᠪᠣᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠡᠲᠡᠭᠡᠳ᠎ᠦᠨ ᠭᠡᠱᠢᠭᠦᠳ᠎ᠦᠨ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ᠂ ᠪᠦᠬᠦ᠌ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ 《ᠬᠣᠣᠰ ᠵᠠᠭᠤᠨ ᠵᠢᠯ》 ᠤ᠋ᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌ ᠴᠢᠬᠤᠯᠠ ᠬᠦᠴᠦᠨ ᠪᠣᠯᠬᠤ᠎ᠶ᠋ᠢ ᠭᠦᠢᠴᠡᠳ ᠨᠤᠲᠠᠯᠠᠵᠤ᠂ 《ᠬᠣᠶᠠᠷ ᠡᠷᠡᠰ ᠭᠤᠢᠪᠢᠰᠢ ᠦᠭᠡᠢ》᠂ 《ᠭᠤᠷᠪᠠᠨ ᠬᠤᠪᠢᠷᠠᠬᠤ ᠦᠭᠡᠢ》 ᠪᠠᠢᠬᠤ᠎ᠶ᠋ᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠢ ᠢᠮᠠᠭ᠍ᠲᠠ ᠥᠪᠡᠷ᠎ᠦᠨ ᠬᠦᠮᠦᠨ ᠵᠢᠠᠨ ᠪᠤᠯᠭᠠᠬᠤ ᠡᠷᠡᠰ ᠪᠠᠲᠤ ᠵᠣᠭ᠍ᠰᠣᠯᠲᠠ᠎ᠵᠢ ᠴᠢᠬᠤᠯᠠᠴᠢᠯᠠᠬᠰᠠᠨ ᠨᠢ᠂ ᠬᠥᠮᠦᠰ᠎ᠢ ᠶᠡᠬᠡᠳᠡ ᠵᠣᠷᠢᠭ᠍ᠵᠢᠭᠤᠯᠵᠤ᠂ ᠢᠲᠡᠭᠡᠯ ᠵᠣᠷᠢᠭ᠎ᠢ ᠨᠢ ᠬᠥᠪᠴᠢᠯᠡᠵᠠᠢ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠱᠠᠭᠠᠷᠳᠠᠯᠭ᠎ᠠ ᠶᠣᠰᠣᠭᠠᠷ᠂ ᠥᠷᠭᠡᠨ ᠣᠯᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠢ ᠬᠥᠲᠥᠯᠥᠨ ᠵᠢᠯᠣᠭᠣᠳᠴᠤ᠌ ᠪᠠᠢᠭᠠᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠴᠢᠭ᠌ᠯᠡᠯᠲᠡ ᠲᠥᠷᠥ᠎ᠶ᠋ᠢᠨ ᠪᠣᠳᠣᠯᠭ᠎ᠠ᠎ᠶ᠋ᠢ ᠵᠥᠪ ᠣᠢᠯᠠᠭᠠᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠦᠶ᠋ᠯᠡᠳᠦᠯᠭᠡᠵᠢᠭᠦᠯᠵᠦ᠍᠂ ᠤᠯᠤᠰ᠎ᠢᠶᠠᠨ ᠬᠠᠢᠷᠠᠯᠠᠵᠤ ᠦᠶ᠋ᠯᠡᠰ᠎ᠢᠶᠡᠨ ᠳᠡᠭᠡᠳᠦᠯᠡᠬᠦ᠌᠂ ᠬᠠᠤᠯᠢ᠎ᠶ᠋ᠢ ᠰᠠᠬᠢᠵᠤ ᠡᠵᠡᠩᠨᠡᠬᠦ᠌᠂ ᠦᠶ᠋ᠯᠡᠰ ᠪᠤᠰᠭᠠᠵᠤ ᠱᠢᠨ᠎ᠡ᠎ᠶ᠋ᠢ ᠡᠭᠦᠳᠬᠦ᠌᠂ ᠨᠡᠢᠭᠡᠮ᠎ᠳᠦ ᠠᠴᠢ ᠬᠠᠷᠢᠭᠤᠯᠬᠤ ᠳᠤᠮᠳᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠡᠷᠡᠭᠦᠯ᠎ᠢᠶᠡᠷ ᠬᠥᠭ᠌ᠵᠢᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠥᠩᠭᠡᠷᠡᠭ᠌ᠰᠡᠨ ᠲᠠᠪᠤᠨ ᠵᠢᠯ᠎ᠳᠦ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠯᠬᠦᠮᠳᠡᠯ ᠪᠠ ᠠᠷᠠᠳᠴᠢᠯᠠᠯ ᠬᠣᠶᠠᠷ ᠶᠡᠬᠡ ᠭᠣᠣᠯ ᠰᠡᠳᠦᠪ᠎ᠢ ᠪᠠᠲᠤ ᠡᠵᠡᠮᠳᠡᠵᠦ᠍᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠬᠦ᠌᠂ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠣᠣᠰ ᠴᠢᠭ᠌ᠯᠡᠯ᠎ᠢᠶᠡᠷ ᠬᠦᠴᠦᠯᠡᠬᠦ᠌᠎ᠶ᠋ᠢ ᠪᠠᠷᠢᠮᠲᠠᠯᠠᠵᠤ᠂ ᠨᠠᠮ ᠪᠣᠯᠤᠨ ᠤᠯᠤᠰ᠎ᠤᠨ ᠭᠣᠣᠯ ᠡᠭᠦᠷᠭᠡ᠎ᠶ᠋ᠢᠨ ᠲᠣᠭᠣᠷᠢᠨ᠎ᠳᠤ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢᠶᠡᠨ ᠪᠠᠳᠠᠷᠠᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠵᠠᠯᠭᠠᠮᠵᠢᠯᠠᠬᠤ ᠳᠤᠮᠳᠠ ᠬᠥᠭ᠌ᠵᠢᠬᠦ᠌᠂ ᠬᠥᠭ᠌ᠵᠢᠬᠦ᠌ ᠳᠤᠮᠳᠠ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠱᠢᠨ᠎ᠡ ᠳᠦᠷᠰᠦ ᠪᠠᠢᠳᠠᠯ ᠱᠢᠨ᠎ᠡ ᠳᠦᠷᠢ ᠳᠦᠷᠬᠦ᠎ᠵᠢ ᠢᠯᠡᠷᠡᠭᠦᠯᠵᠦ᠍᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠦᠵᠡᠪᠡ᠃
ᠬᠤᠷᠠᠯ᠎ᠡᠴᠡ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠰᠠᠭᠤᠷᠢᠯᠠᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠨ ᠨᠠᠮ᠎ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ᠍᠎ᠶ᠋ᠢᠨ ᠵᠥᠪᠯᠡᠯᠭᠡ ᠬᠢᠬᠦ᠌ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠂ ᠪᠠᠢᠷᠢ ᠰᠠᠭᠤᠷᠢ᠂ ᠡᠭᠦᠷᠭᠡ ᠴᠢᠳᠠᠪᠬᠢ᠂ ᠦᠢᠯᠡᠳᠦᠯ᠎ᠢ ᠣᠨᠣᠪᠴᠢᠲᠠᠢ ᠡᠵᠡᠮᠳᠡᠵᠦ᠍᠂ ᠦᠨᠳᠦᠰᠦᠨ ᠬᠠᠤᠯᠢ ᠬᠠᠤᠯᠢ ᠴᠠᠭᠠᠵᠠ ᠪᠠ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠭᠤᠢᠪᠢᠰᠢ ᠦᠭᠡᠢ ᠵᠠᠮᠨᠠᠬᠤ ᠬᠡᠷᠡᠭ᠌ᠲᠡᠢ᠃ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠳᠦᠷᠢᠮᠵᠢᠯᠲᠡ᠂ ᠵᠢᠷᠤᠮᠵᠢᠯᠲᠠ᠂ ᠲᠡᠰ ᠲᠠᠷᠠᠭᠠᠯᠠᠯᠵᠢᠯᠲᠠ ᠵᠡᠷᠭᠡ ᠴᠢᠳᠠᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠭᠦᠨᠵᠡᠭᠡᠢ ᠵᠥᠪᠳᠡᠯᠴᠡᠨ ᠦᠢᠯᠡᠳᠦᠯᠴᠡᠬᠦ᠌᠂ ᠰᠠᠨᠠᠯ᠎ᠢᠶᠠᠨ ᠭᠦᠢᠴᠡᠳ ᠢᠯᠡᠳᠭᠡᠬᠦ᠌᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠬᠤ ᠲᠦᠪᠱᠢᠨ᠎ᠢ ᠳᠡᠭᠡᠭ᠌ᠰᠢᠯᠡᠭᠦᠯᠵᠦ᠍᠂ ᠵᠥᠪᠯᠡᠬᠦ᠌ ᠠᠷᠠᠳᠴᠢᠯᠠᠯ᠎ᠢ ᠥᠷᠭᠡᠨ ᠳᠡᠯᠭᠡᠷ ᠤᠯᠠᠨ ᠳᠠᠪᠬᠤᠷᠭ᠎ᠠ᠎ᠪᠠᠷ ᠳᠦᠷᠢᠮᠵᠢᠭᠦᠯᠬᠦ᠌ ᠬᠥᠭ᠌ᠵᠢᠯᠲᠡ᠎ᠶ᠋ᠢ ᠠᠬᠢᠭᠤᠯᠬᠤ ᠳᠤᠮᠳᠠ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌ ᠬᠡᠷᠡᠭ᠌ᠲᠡᠢ᠃ ᠮᠠᠨ᠎ᠤ ᠤᠯᠤᠰ᠎ᠤᠨ ᠱᠢᠨ᠎ᠡ ᠬᠡᠯᠪᠡᠷᠢ᠎ᠶ᠋ᠢᠨ ᠲᠦᠷᠦ᠍᠎ᠶ᠋ᠢᠨ ᠨᠠᠮ᠎ᠤᠨ ᠪᠠᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠡᠬᠢ ᠪᠤᠢ ᠪᠣᠯᠭᠠᠵᠤ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭ᠌ᠯᠡᠯ᠎ᠢ ᠪᠠᠷᠢᠮᠲᠠᠯᠠᠨ᠂ ᠨᠠᠮ᠎ᠤᠨ ᠭᠠᠳᠠᠨᠠᠬᠢ ᠰᠡᠬᠡᠭᠡᠲᠡᠨ᠂ ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢ᠎ᠶ᠋ᠢᠨ ᠬᠥᠮᠦᠰ᠂ ᠨᠡᠢᠭᠡᠮ᠎ᠦᠨ ᠱᠢᠨ᠎ᠡ ᠳᠠᠪᠬᠤᠷᠭ᠎ᠠ᠎ᠶ᠋ᠢᠨ ᠬᠥᠮᠦᠰ᠎ᠯᠦᠭᠡ᠎ᠶ᠋ᠢᠨ ᠬᠠᠷᠢᠯᠴᠠᠭ᠎ᠠ᠎ᠪᠠᠨ ᠴᠢᠩᠭᠠᠳᠭᠠᠵᠤ᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》 ᠶ᠋ᠢ ᠪᠠᠷᠢᠮᠲᠠᠯᠠᠨ ᠲᠡᠭᠦᠯᠳᠡᠷᠵᠢᠭᠦᠯᠵᠦ᠍᠂ ᠡᠬᠡ ᠤᠯᠤᠰ᠎ᠤᠨ ᠨᠢᠭᠡᠳᠦᠯ᠎ᠢ ᠠᠬᠢᠭᠤᠯᠤᠨ᠂ ᠲᠦᠷᠦ᠍᠎ᠶ᠋ᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠦ ᠬᠠᠷᠢᠴᠠᠭ᠎ᠠ᠂ ᠱᠠᠱᠢᠨ ᠰᠤᠷᠲᠠᠬᠤᠨ᠎ᠤ ᠬᠠᠷᠢᠴᠠᠭ᠎ᠠ᠂ ᠡᠳᠡᠭᠡᠳ ᠳᠠᠪᠬᠤᠷᠭ᠎ᠠ᠎ᠶ᠋ᠢᠨ ᠬᠠᠷᠢᠴᠠᠭ᠎ᠠ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠬ᠎ᠠ ᠳᠡᠭᠦᠦ᠍᠎ᠨᠡᠷ᠎ᠦᠨ ᠬᠠᠷᠢᠴᠠᠭ᠎ᠠ᠎ᠶ᠋ᠢᠨ ᠡᠶ᠎ᠡ ᠵᠣᠬᠢᠴᠠᠯ᠎ᠢ ᠠᠬᠢᠭᠤᠯᠬᠤ ᠬᠡᠷᠡᠭ᠌ᠲᠡᠢ᠃ ᠭᠠᠳᠠᠭᠠᠳᠤ᠎ᠯᠤᠭ᠎ᠠ᠎ᠶ᠋ᠢᠨ ᠨᠥᠬᠥᠷᠰᠡᠭ ᠶᠠᠪᠤᠯᠴᠠᠭ᠎ᠠ᠎ᠪᠠᠨ ᠴᠢᠩᠭᠠᠳᠭᠠᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ ᠬᠡᠷᠡᠭ᠌ᠲᠡᠢ᠃ ᠥᠷᠭᠡᠨ ᠤᠯᠠᠨ ᠭᠡᠱᠢᠭᠦᠳ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠢ ᠬᠢᠨᠠᠮᠠᠭᠠᠢ ᠰᠤᠷᠤᠯᠴᠠᠨ ᠤᠬᠠᠮᠰᠠᠷ᠎ᠡᠴᠡ᠎ᠪᠠᠨ ᠵᠢᠷᠤᠮᠯᠠᠵᠤ᠂ ᠶᠣᠰᠣ ᠮᠣᠷᠠᠯ ᠵᠠᠩ ᠰᠤᠷᠲᠠᠯ᠎ᠢᠶᠠᠨ ᠳᠠᠪᠲᠠᠨ ᠪᠣᠯᠪᠠᠰᠤᠷᠠᠭᠤᠯᠵᠤ᠂ ᠢᠳᠡᠪᠬᠢᠲᠡᠢ᠎ᠪᠡᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌᠎ᠶ᠋ᠢ ᠪᠠᠷᠢᠮᠲᠠᠯᠠᠨ᠂ ᠤᠯᠤᠰ ᠲᠦᠷᠦ᠍᠎ᠶ᠋ᠢᠨ ᠡᠵᠡᠮᠳᠡᠬᠦ᠌ ᠴᠢᠳᠠᠪᠤᠷᠢ᠂ ᠪᠠᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ᠎ᠲᠡᠶ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠬᠡᠯᠪᠡᠷᠢᠴᠢᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠍᠂ ᠴᠠᠭ ᠦᠶ᠎ᠡ᠎ᠳᠦ ᠣᠰᠣᠯᠳᠤᠯ ᠦᠭᠡᠢ᠂ ᠠᠷᠠᠳ ᠲᠦᠮᠡᠨ᠎ᠳᠦ ᠣᠰᠣᠯᠳᠤᠯ ᠦᠭᠡᠢ ᠪᠡᠷ ᠠᠮᠵᠢᠯᠲᠠ ᠪᠦᠲᠦᠮᠵᠢ ᠭᠠᠷᠭᠠᠬᠤ᠎ᠪᠠᠷ ᠴᠢᠷᠮᠠᠢᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠬᠤᠷᠠᠯ᠎ᠡᠴᠡ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠴᠢ ᠨᠢᠭᠡᠴᠢ᠂ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠠ ᠥᠷᠭᠡᠨ ᠤᠯᠠᠨ ᠭᠡᠱᠢᠭᠦᠳ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠢᠲᠡᠭᠡᠯ ᠵᠣᠷᠢᠭ᠎ᠢᠶᠠᠨ ᠪᠠᠲᠤᠳᠭᠠᠵᠤ᠂ ᠨᠢᠭᠡ ᠰᠡᠳᠭᠢᠯ ᠨᠢᠭᠡ ᠵᠣᠷᠢᠭ᠎ᠢᠶᠠᠷ ᠱᠢᠷᠭᠠᠭᠤ ᠬᠠᠲᠠᠭᠤᠵᠢᠯᠲᠠᠢ ᠠᠵᠢᠯᠯᠠᠨ᠂ ᠡᠷᠡᠯᠬᠡᠭ᠌ᠯᠡᠨ ᠤᠷᠤᠭ᠍ᠰᠢᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠰᠦᠭᠡᠢ ᠭᠡᠵᠦ᠍ ᠤᠷᠢᠶᠠᠯᠠᠪᠠ!
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)