(2023 ᠣᠨ᠎ᠤ 3 ᠰᠠᠷ᠎ᠠ᠎ᠶ᠋ᠢᠨ 11 ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ᠎ᠶᠢᠨ ᠠᠩᠬᠠᠳᠤᠭᠠᠷ ᠬᠤᠷᠠᠯ᠎ᠡᠴᠡ ᠪᠠᠲᠤᠯᠠᠪᠠ)
ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠶᠢᠨ ᠠᠩᠬᠠᠳᠤᠭᠠᠷ ᠬᠤᠷᠠᠯ᠎ᠠᠴᠠ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠤᠷᠢᠶ᠎ᠠ᠎ᠶᠢᠨ ᠪᠠᠢᠩᠭᠤ᠎ᠶ᠋ᠢᠨ ᠬᠤᠷᠢᠶ᠎ᠠ᠎ᠶᠢᠨ ᠳᠤᠷᠠᠳᠤᠭ᠍ᠰᠠᠨ 《ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ (ᠵᠠᠰᠠᠪᠤᠷᠢ ᠣᠷᠣᠭᠤᠯᠬᠤ ᠲᠥᠰᠦᠯ)》 ᠢ᠋ ᠬᠢᠨᠠᠨ ᠶᠠᠷᠢᠯᠴᠠᠵᠤ ᠪᠠᠲᠤᠯᠠᠭᠠᠳ᠂ ᠡᠨᠡ ᠬᠦ᠌ ᠵᠠᠰᠠᠪᠤᠷᠢ ᠣᠷᠣᠭᠤᠯᠬᠤ ᠲᠥᠰᠦᠯ᠎ᠢ ᠨᠡᠢᠲᠡᠯᠡᠭ᠌ᠰᠡᠨ ᠡᠳᠦᠷ᠎ᠡᠴᠡ ᠡᠬᠢᠯᠡᠨ ᠬᠦᠴᠦᠨ᠎ᠲᠡᠶ ᠪᠣᠯᠭᠠᠬᠤ᠎ᠪᠠᠷ ᠲᠣᠭ᠍ᠲᠠᠭᠠᠪᠠ᠃
ᠬᠣᠷᠠᠯ ᠡᠴᠡ᠂ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠳᠦ ᠵᠣᠬᠢᠰᠲᠠᠢ ᠵᠠᠰᠠᠪᠤᠷᠢ ᠣᠷᠣᠭᠤᠯᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠬᠤ ᠪᠣᠳᠠᠲᠠᠢ ᠠᠵᠢᠯᠯᠠᠭ᠎ᠠ ᠪᠠ ᠴᠢᠬᠤᠯᠠ ᠠᠷᠭ᠎ᠠ ᠬᠡᠮᠵᠢᠶ᠎ᠡ ᠮᠥᠨ᠃ ᠤᠯᠤᠰ ᠲᠤᠢ᠍ᠷᠦ᠍ᠶ᠋ᠢᠨ ᠵᠥᠪᠯᠡᠯᠭᠡᠨ᠎ᠦ ᠲᠦᠷᠢᠮ᠎ᠳᠦ ᠵᠠᠰᠠᠪᠤᠷᠢ ᠣᠷᠣᠭᠤᠯᠬᠤ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠲᠣᠯᠭ᠎ᠠ ᠪᠣᠯᠭᠠᠬᠣ᠎ᠶᠢ ᠪᠠᠷᠢᠮᠲᠠᠯᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠳᠤᠷᠠᠳᠤᠭ᠍ᠰᠠᠨ ᠴᠢᠬᠤᠯᠠ ᠦᠵᠡᠯ ᠰᠠᠨᠠᠭ᠎ᠠ᠂ ᠴᠢᠬᠤᠯᠠ ᠦᠵᠡᠯᠲᠡ᠂ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠴᠢᠬᠤᠯᠠ ᠶᠡᠬᠡ ᠠᠷᠭ᠎ᠠ ᠬᠡᠮᠵᠢᠶ᠎ᠡ᠎ᠶᠢ ᠬᠦᠢᠴᠡᠳ ᠲᠣᠰᠬᠠᠵᠦ᠂ 2018 ᠣᠨ᠎ᠳᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠳᠦ ᠵᠠᠰᠠᠪᠤᠷᠢ ᠣᠷᠣᠭᠤᠯᠤᠭ᠍ᠰᠠᠨ᠂ ᠢᠯᠠᠩᠭᠤᠶ᠎ᠠ ᠲᠥᠪ᠎ᠦᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠬᠤᠷᠠᠯ᠎ᠠᠴᠠ ᠨᠠᠭᠠᠱᠢᠬᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠱᠢᠨ᠎ᠡ᠎ᠶ᠋ᠢ ᠡᠭᠦᠳᠦᠨ ᠬᠥᠭ᠌ᠵᠢᠭ᠌ᠰᠡᠨ ᠴᠢᠬᠤᠯᠠ ᠦᠷ᠎ᠡ ᠪᠦᠲᠦᠭᠡᠯ᠎ᠢ ᠲᠤᠰᠭᠠᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠦᠷᠦ᠍᠎ᠶ᠋ᠢᠨ ᠵᠥᠪᠯᠡᠯᠭᠡ ᠬᠢᠬᠦ᠌ ᠳᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠢ ᠰᠠᠢᠲᠤᠷ ᠪᠠᠷᠢᠮᠲᠠᠯᠠᠵᠦ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠢ ᠰᠠᠢᠲᠤᠷ ᠬᠥᠭ᠌ᠵᠢᠭᠦᠯᠬᠦ ᠳ᠋ᠦ ᠴᠢᠬᠤᠯᠠ ᠠᠴᠢ ᠬᠣᠯᠪᠣᠭ᠍ᠳᠠᠯ᠎ᠲᠠᠶ ᠭᠡᠵᠦ ᠦᠵᠡᠵᠡᠢ᠃
ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠤᠯᠤᠰ ᠲᠦᠷᠦ᠍᠎ᠶ᠋ᠢᠨ ᠵᠣᠬᠢᠶᠠᠨ ᠪᠠᠢᠭᠤᠯᠤᠯᠲᠠ ᠪᠠ ᠠᠷᠠᠳᠴᠢᠯᠠᠯ᠎ᠤᠨ ᠬᠡᠯᠪᠡᠷᠢ ᠪᠣᠯᠤᠭ᠍ᠰᠠᠨ᠎ᠤ ᠬᠤᠪᠢ᠎ᠳᠤ ᠡᠷᠬᠡᠪᠰᠢ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠬᠦ᠌ ᠬᠡᠷᠡᠭ᠌ᠲᠡᠢ᠃ ᠬᠤᠷᠠᠯ᠎ᠠᠴᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭᠠᠱᠢᠬᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠱᠢᠨ᠎ᠡ ᠬᠥᠭ᠌ᠵᠢᠯᠲᠡ᠎ᠶ᠋ᠢ ᠲᠦᠷᠢᠮ᠎ᠳᠦ ᠪᠢᠴᠢᠨ ᠣᠷᠣᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠬᠤ᠂ 《ᠲᠦᠷᠪᠡᠨ ᠢᠲᠡᠭᠡᠯ》 ᠵᠢᠡᠨ ᠪᠠᠲᠤᠳᠭᠠᠬᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠬᠦ᠌ ᠵᠡᠷᠭᠡ ᠠᠭᠤᠯᠭ᠎ᠠ᠎ᠶ᠋ᠢ ᠨᠡᠮᠡᠵᠦ᠍ ᠪᠢᠴᠢᠬᠦ᠌᠎ᠶ᠋ᠢ ᠵᠥᠪᠱᠢᠶᠡᠷᠡᠪᠡ᠃ ᠡᠳᠡᠭᠡᠷ ᠠᠭᠤᠯᠭ᠎ᠠ᠎ᠶ᠋ᠢ ᠲᠡᠭᠦᠯᠳᠡᠷᠵᠢᠭᠦᠯᠦᠭ᠌ᠰᠡᠨ ᠨᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠦ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ᠂ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠦᠨ ᠬᠠᠮᠲᠤ᠎ᠶ᠋ᠢᠨ ᠬᠦᠰᠡᠯ ᠰᠠᠨᠠᠭ᠎ᠠ᠎ᠶ᠋ᠢ ᠲᠤᠰᠭᠠᠵᠤ᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠪᠡᠬᠢᠵᠢᠭᠦᠯᠬᠦ᠌᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢ ᠪᠠᠷᠢᠮᠲᠠᠯᠠᠬᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠢ ᠲᠠᠰᠤᠷᠠᠯᠲᠠ ᠦᠭᠡᠢ ᠤᠷᠤᠭ᠍ᠰᠢᠯᠠᠭᠤᠯᠬᠤ᠎ᠳᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠬᠤᠷᠠᠯ᠎ᠠᠴᠠ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠦ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ᠂ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ 《ᠬᠣᠶᠠᠷ᠎ᠢ ᠲᠣᠭ᠍ᠲᠠᠭᠠᠭᠰᠠᠨ》᠎ᠤ᠋ ᠱᠢᠢᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠡᠬᠢ ᠤᠳᠤᠷᠢᠳᠤᠯᠭ᠎ᠠ ᠪᠣᠯᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠠᠬᠢ ᠡᠯ᠎ᠡ ᠵᠦᠢᠯ᠎ᠦᠨ ᠱᠠᠭᠠᠷᠳᠠᠯᠭ᠎ᠠ᠎ᠶ᠋ᠢ ᠬᠠᠮᠲᠤ᠎ᠪᠠᠷ ᠨᠠᠢᠳᠠᠪᠤᠷᠢᠵᠢᠭᠤᠯᠬᠤ ᠬᠡᠷᠡᠭ᠌ᠲᠡᠢ ᠭᠡᠪᠡ᠃
ᠬᠤᠷᠠᠯ᠎ᠠᠴᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ ᠭᠡᠵᠦ᠍ ᠳᠤᠷᠠᠳᠤᠭ᠍ᠰᠠᠨ ᠪᠥᠭᠡᠳ ᠡᠭᠦᠨ᠎ᠢ ᠱᠢᠨ᠎ᠡ ᠴᠠᠭ ᠦᠶ᠎ᠡ ᠱᠢᠨ᠎ᠡ ᠠᠶᠠᠨᠳ᠋ᠡᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠣᠣᠯ ᠡᠭᠦᠷᠭᠡ ᠪᠣᠯᠭᠠᠬᠤ᠎ᠪᠠᠷ ᠲᠣᠭ᠍ᠲᠠᠭᠠᠪᠠ᠃ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠳᠦ ᠡᠭᠦᠨ᠎ᠢ ᠦᠨᠳᠦᠰᠦᠯᠡᠨ ᠵᠣᠬᠢᠰᠲᠠᠢ ᠵᠠᠰᠠᠪᠤᠷᠢ ᠣᠷᠣᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌ ᠵᠡᠷᠭᠡ ᠠᠭᠤᠯᠭ᠎ᠠ᠎ᠶ᠋ᠢ ᠨᠡᠮᠡᠵᠦ᠍ ᠪᠢᠴᠢᠬᠦ᠌᠎ᠶ᠋ᠢ ᠬᠤᠷᠠᠯ ᠡᠴᠡ ᠵᠥᠪᠱᠢᠶᠡᠷᠡᠪᠡ᠃ ᠡᠳᠡᠭᠡᠷ ᠠᠭᠤᠯᠭ᠎ᠠ᠎ᠶ᠋ᠢ ᠲᠡᠭᠦᠯᠳᠡᠷᠵᠢᠭᠦᠯᠦᠭ᠌ᠰᠡᠨ ᠨᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠢ ᠪᠠᠢᠷᠢᠰᠢᠭᠤᠯᠤᠯᠳᠠ ᠪᠠ 《ᠲᠦᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠳᠠ᠎ᠲᠠᠶ ᠨᠢᠭ᠍ᠲᠠ ᠤᠶᠠᠯᠳᠤᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠨᠠᠮ ᠪᠠ ᠤᠯᠤᠰ ᠣᠷᠣᠨ᠎ᠤ ᠠᠵᠢᠯ ᠦᠢᠯᠡᠰ᠎ᠦᠨ ᠬᠥᠭ᠌ᠵᠢᠯᠲᠡ᠎ᠳᠦ ᠥᠷᠭᠡᠨ᠎ᠢᠶᠡᠷ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠬᠤ᠎ᠳᠤ ᠠᠱᠢᠭ᠍ᠲᠠᠢ ᠶᠤᠮ ᠭᠡᠵᠦ ᠦᠵᠡᠪᠠ᠃
ᠬᠤᠷᠠᠯ᠎ᠠᠴᠠ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠰᠠᠢᠲᠤᠷ ᠬᠢᠬᠦ᠌᠎ᠳᠦ᠂ ᠡᠷᠬᠡᠪᠰᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠢ ᠡᠵᠡᠮᠳᠡᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠤᠯ᠎ᠤᠨ ᠳᠠᠪᠠᠭᠤᠯᠢᠭ᠎ᠢ ᠤᠯᠤᠰ᠎ᠤᠨ ᠵᠠᠰᠠᠯᠲᠠ᠎ᠶ᠋ᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠪᠠᠨ ᠤᠯᠠᠮ ᠴᠢᠩᠭᠠᠳᠭᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠠᠯᠢ ᠤᠯᠠᠨ ᠱᠢᠨ᠎ᠡ ᠱᠠᠭᠠᠷᠳᠠᠯᠭ᠎ᠠ ᠳᠤᠷᠠᠳᠴᠤ᠌᠂ ᠠᠯᠢ ᠤᠯᠠᠨ ᠱᠢᠨ᠎ᠡ ᠪᠠᠢᠷᠢᠯᠠᠭᠤᠯᠤᠯᠲᠠ ᠬᠢᠵᠦ᠍᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ᠎ᠳᠦ ᠦᠨᠳᠦᠰᠦᠨ ᠵᠢᠷᠤᠮᠯᠠᠯ ᠬᠠᠩᠭᠠᠪᠡ ᠬᠡᠵᠤ ᠦᠵᠡᠪᠡ᠃ ᠬᠤᠷᠠᠯ ᠡᠴᠡ᠂ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠳᠦ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠢ ᠲᠡᠭᠦᠯᠳᠡᠷᠵᠢᠭᠦᠯᠬᠦ᠌ ᠪᠣᠯ ᠮᠠᠨ᠎ᠤ ᠤᠯᠤᠰ᠎ᠤᠨ ᠤᠯᠤᠰ ᠲᠦᠷᠦ᠍᠎ᠶ᠋ᠢᠨ ᠠᠮᠢᠳᠤᠷᠠᠯ᠎ᠳᠤ ᠨᠡᠢᠭᠡᠮ ᠵᠢᠷᠤᠮ᠎ᠤᠨ ᠠᠷᠠᠳᠴᠢᠯᠠᠯ᠎ᠢ ᠪᠠᠳᠠᠷᠠᠭᠤᠯᠬᠤ᠂ ᠪᠦᠬᠦ᠌ ᠶᠠᠪᠤᠴᠠ᠎ᠳᠤ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠬᠦ᠌ ᠴᠢᠬᠤᠯᠠ ᠬᠡᠯᠪᠡᠷᠢ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠭᠤᠤᠯᠳᠠᠯᠭ᠎ᠠ ᠢ᠋ᠢᠨ ᠲᠤᠭᠤᠷᠢᠨ ᠳ᠋ᠤ ᠶᠡᠬᠡ ᠲᠠᠯ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠤᠶᠠᠯᠳᠤᠭᠤᠯᠬᠤ᠂ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠣᠣᠰ ᠴᠢᠭ᠌ᠯᠡᠯ᠎ᠢᠶᠡᠷ ᠬᠦᠴᠦᠯᠡᠬᠦ᠌᠎ᠶ᠋ᠢ ᠪᠠᠷᠢᠮᠲᠠᠯᠠᠵᠤ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠤᠭᠤᠳᠤᠯᠭ᠎ᠠ᠎ᠶ᠋ᠢ ᠴᠢᠩᠭᠠᠳᠭᠠᠬᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠬᠤ᠎ᠶ᠋ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠵᠢᠯ᠎ᠤᠨ ᠳᠤᠮᠳᠠ ᠲᠤᠭᠤᠱᠢᠯᠠᠭᠤᠯᠬᠤ ᠵᠡᠷᠭᠡ ᠠᠭᠤᠯᠭ᠎ᠠ᠎ᠶ᠋ᠢ ᠵᠥᠪᠱᠢᠶᠡᠷᠡᠪᠡ᠃ ᠡᠳᠡᠭᠡᠷ ᠠᠭᠤᠯᠭ᠎ᠠ᠎ᠶ᠋ᠢ ᠲᠡᠭᠦᠯᠳᠡᠷᠵᠢᠭᠦᠯᠵᠦ᠍᠂ ᠲᠡᠦᠬᠡ᠎ᠶ᠋ᠢᠨ ᠤᠯᠠᠮᠵᠢᠯᠠᠯ᠎ᠢ ᠵᠠᠯᠭᠠᠮᠵᠢᠯᠠᠨ᠂ ᠴᠠᠭ ᠦᠶ᠎ᠡ᠎ᠶ᠋ᠢᠨ ᠣᠨᠴᠠᠯᠢᠭ᠎ᠢ ᠲᠤᠰᠭᠠᠬᠤ ᠨᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠨᠳᠦᠰᠦᠨ ᠬᠠᠤᠯᠢ ᠬᠠᠤᠯᠢ ᠴᠠᠭᠠᠵᠠ ᠪᠠ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠦᠨ ᠶᠣᠰᠣᠭᠠᠷ ᠣᠨᠣᠪᠴᠢᠲᠠᠢ ᠪᠠᠢᠷᠢ ᠲᠣᠭ᠍ᠲᠠᠭᠠᠯᠲᠠ ᠬᠢᠭ᠌ᠰᠡᠨ ᠰᠠᠭᠤᠷᠢᠨ ᠳᠡᠭᠡᠷ᠎ᠡ᠂ ᠤᠯᠤᠰ ᠲᠦᠷᠦ᠍᠎ᠶ᠋ᠢᠨ ᠵᠥᠪᠯᠡᠯᠭᠡ ᠬᠢᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠦᠷᠦ ᠢ᠋ᠢᠨ ᠶᠠᠪᠤᠳᠠᠯ ᠳ᠋ᠤ ᠤᠷᠤᠯᠴᠠᠵᠤ ᠲᠦᠷᠦ ᠵᠢᠨ ᠶᠠᠪᠤᠳᠠᠯ ᠢ᠋ ᠵᠥᠪᠯᠡᠬᠦ᠌ ᠲᠦᠪᠰᠢᠨ ᠵᠢᠡᠨ ᠳᠡᠭᠡᠭ᠌ᠰᠢᠯᠡᠭᠦᠯᠵᠦ᠍᠂ ᠬᠠᠮᠲᠤ᠎ᠶ᠋ᠢᠨ ᠲᠠᠨᠢᠯᠲᠠ᠎ᠪᠠᠨ ᠨᠡᠩ ᠰᠠᠢ᠌ᠨ ᠨᠢᠭ᠍ᠲᠠᠷᠠᠭᠤᠯᠤᠨ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠬᠦ᠌᠂ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠴᠢᠨᠭᠭᠠᠷᠠᠭᠤᠯᠬᠤ᠂ ᠲᠦᠷᠦ᠍᠎ᠶ᠋ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠢᠳᠡᠪᠬᠢᠲᠡᠢ ᠦᠢᠯᠡᠳᠦᠯ᠎ᠢᠶᠡᠨ ᠪᠠᠳᠠᠷᠠᠭᠤᠯᠬᠤ᠎ᠳᠤ ᠠᠱᠢᠭ᠍ᠲᠠᠢ ᠶᠤᠮ᠃
ᠬᠤᠷᠠᠯ᠎ᠠᠴᠠ᠂ ᠨᠢᠭᠡᠳᠦᠮᠡᠯ ᠹᠷᠣᠨᠲ ᠪᠣᠯ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠂ ᠬᠦᠴᠦᠨ ᠴᠢᠳᠠᠯ᠎ᠢ ᠬᠠᠮᠳᠤᠷᠠᠭᠤᠯᠬᠤ ᠬᠦᠴᠦᠷᠬᠡᠭ ᠶᠡᠬᠡ ᠡᠷᠳᠡᠨᠢ ᠮᠦᠨ ᠬᠡᠵᠤ ᠦᠵᠡᠪᠡ᠃ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠳᠦ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠴᠢᠩᠭᠠᠳᠭᠠᠬᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠭᠤᠢᠪᠢᠰᠢ ᠦᠭᠡᠢ ᠵᠠᠮᠨᠠᠬᠤ᠂ 《ᠤᠯᠤᠰ ᠢ᠋ᠢᠡᠨ ᠬᠠᠢᠷᠠᠯᠠᠭᠴᠢᠳ ᠢᠶᠡᠷ ᠱᠢᠶᠠᠩᠭᠠᠩ᠎ᠢ ᠵᠠᠰᠠᠭᠤᠯᠬᠤ》 ᠂ 《ᠤᠯᠤᠰ ᠢ᠋ᠢᠡᠨ ᠬᠠᠢᠷᠠᠯᠠᠭᠴᠢᠳ ᠢ᠋ᠢᠡᠷ ᠣᠣᠮᠧᠨ᠎ᠢ ᠵᠠᠰᠠᠭᠤᠯᠬᠤ》 ᠵᠠᠷᠴᠢᠮ᠎ᠢ ᠨᠠᠢᠳᠠᠪᠤᠷᠢᠵᠢᠭᠤᠯᠬᠤ ᠵᠡᠷᠭᠡ ᠠᠭᠤᠯᠭ᠎ᠠ᠎ᠶ᠋ᠢ ᠨᠡᠮᠡᠵᠦ᠍ ᠤᠷᠤᠭᠤᠯᠬᠤ ᠢ᠋ᠢ ᠵᠥᠪᠱᠢᠶᠡᠷᠡᠪᠡ᠃ ᠡᠨᠡ ᠨᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ᠎ᠶ᠋ᠢᠨ ᠴᠢᠳᠠᠮᠵᠢ᠎ᠶ᠋ᠢ ᠪᠠᠳᠠᠷᠠᠭᠤᠯᠵᠤ᠂ ᠪᠦᠯᠬᠦᠮᠳᠡᠨ ᠲᠡᠮᠡᠴᠡᠬᠦ᠌ ᠴᠠᠭ ᠦᠶ᠎ᠡ᠎ᠶ᠋ᠢᠨ ᠱᠠᠭᠠᠷᠳᠠᠯᠭ᠎ᠠ᠎ᠶ᠋ᠢ ᠡᠵᠡᠮᠳᠡᠨ᠂ ᠲᠦᠷᠦ᠍ ᠵᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠦ ᠬᠠᠷᠢᠴᠠᠭ᠎ᠠ᠂ ᠱᠠᠱᠢᠨ ᠰᠤᠷᠲᠠᠬᠤᠨ᠎ᠤ ᠬᠠᠷᠢᠴᠠᠭ᠎ᠠ᠂ ᠳᠠᠪᠬᠤᠷᠭ᠎ᠠ᠎ᠶ᠋ᠢᠨ ᠬᠠᠷᠢᠴᠠᠭ᠎ᠠ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠬ᠎ᠠ ᠳᠡᠭᠦᠦ᠍᠎ᠨᠡᠷ᠎ᠦᠨ ᠬᠠᠷᠢᠴᠠᠭ᠎ᠠ᠎ᠶ᠋ᠢᠨ ᠡᠶ᠎ᠡ ᠵᠣᠬᠢᠴᠠᠯ᠎ᠢ ᠢᠳᠡᠪᠬᠢᠲᠡᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠵᠡᠭᠦᠳᠦ᠍᠎ᠶ᠋ᠢ ᠪᠡᠶᠡᠯᠡᠭᠦᠯᠬᠦ᠌᠎ᠶ᠋ᠢᠨ ᠲᠣᠭᠣᠷᠢᠨ᠎ᠳᠤ ᠨᠡᠩ ᠰᠠᠢ᠌ᠨ ᠬᠠᠮᠲᠤ᠎ᠪᠠᠷ ᠪᠣᠳᠣᠯᠬᠢᠯᠠᠵᠤ᠂ ᠬᠠᠮᠲᠤ᠎ᠪᠠᠷ ᠬᠦᠢᠴᠡᠳᠬᠡᠬᠦ ᠳ᠋ᠤ ᠠᠱᠢᠭ᠍ᠲᠠᠢ ᠶᠤᠮ᠃
ᠬᠤᠷᠠᠯ ᠡᠴᠡ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠭᠣᠣᠯ ᠴᠣᠭ᠍ᠴᠠ ᠮᠥᠨ ᠬᠡᠵᠤ ᠦᠵᠡᠪᠡ᠃ ᠬᠤᠷᠠᠯ᠎ᠠᠴᠠ᠂ ᠤᠯᠤᠰ ᠲᠦᠷᠦ᠍᠎ᠶ᠋ᠢᠨ ᠵᠥᠪᠯᠡᠯᠭᠡᠨ᠎ᠦ ᠲᠦᠷᠢᠮ᠎ᠳᠦ ᠭᠡᠱᠢᠭᠦᠳ᠎ᠦᠨ ᠰᠤᠷᠤᠯᠴᠠᠬᠤ ᠠᠭᠤᠯᠭ᠎ᠠ᠎ᠶ᠋ᠢ ᠪᠠᠶᠠᠯᠢᠭ᠍ᠵᠢᠭᠤᠯᠵᠤ᠂ ᠤᠯᠤᠰ᠎ᠤᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠠᠷᠠᠳ᠎ᠤᠨ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠷᠢᠮᠲᠠᠯᠠᠬᠤ ᠵᠡᠷᠭᠡ ᠠᠭᠤᠯᠭ᠎ᠠ᠎ᠶ᠋ᠢ ᠨᠡᠮᠡᠵᠦ᠍ ᠤᠷᠤᠭᠤᠯᠬᠤ ᠶ᠋ᠢ ᠵᠥᠪᠱᠢᠶᠡᠷᠡᠪᠡ᠃ ᠡᠨᠡ ᠨᠢ ᠲᠤᠱᠢᠶᠠᠯ ᠬᠠᠷᠢᠭᠤᠴᠠᠯᠭ᠎ᠠ ᠪᠡᠨ ᠭᠦᠢᠴᠡᠳᠭᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ 《ᠤᠯᠤᠰ ᠲᠦᠷᠦ᠍᠎ᠶ᠋ᠢᠨ ᠵᠥᠪᠯᠡᠯᠭᠡᠨ᠎ᠢ ᠣᠢᠯᠠᠭᠠᠬᠤ᠂ ᠵᠥᠪᠯᠡᠯᠭᠡ ᠬᠢᠵᠦ᠍ ᠴᠢᠳᠠᠬᠤ᠂ ᠲᠦᠷᠦ᠍᠎ᠶ᠋ᠢᠨ ᠬᠡᠷᠡᠭ᠎ᠢ ᠵᠥᠪᠯᠡᠬᠦ᠌᠎ᠳᠡᠭᠡᠨ ᠴᠢᠳᠠᠮᠠᠭᠠᠢ ᠪᠠᠢᠬᠤ᠂ ᠰᠠᠬᠢᠯᠭ᠎ᠠ ᠪᠠᠲᠤ᠎ᠶ᠋ᠢ ᠰᠠᠬᠢᠬᠤ᠂ ᠶᠣᠰᠣ ᠲᠦᠷᠢᠮ᠎ᠢ ᠡᠷᠬᠢᠮᠯᠡᠬᠦ᠌᠂ ᠵᠠᠩ ᠰᠤᠷᠲᠠᠯ᠎ᠢ ᠴᠢᠬᠤᠯᠠᠴᠢᠯᠠᠬᠤ》 ᠱᠠᠭᠠᠷᠳᠠᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠭᠡᠱᠢᠭᠦᠳ᠎ᠦᠨ ᠬᠠᠷᠢᠭᠤᠴᠠᠯᠭ᠎ᠠ ᠡᠭᠦᠷᠭᠡᠯᠡᠯ ᠢ ᠤᠯᠠᠮ ᠴᠢᠩᠭᠠᠳᠭᠠᠬᠤ᠎ᠳᠤ ᠠᠱᠢᠭ᠍ᠲᠠᠢ ᠶᠤᠮ᠃
ᠬᠤᠷᠠᠯ᠎ᠡᠴᠡ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠂ ᠡᠯ᠎ᠡ ᠣᠷᠣᠯᠴᠠᠭ᠍ᠴᠢ ᠨᠢᠭᠡᠴᠢ ᠪᠠ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠲᠤᠭᠳᠠᠭᠠᠭᠰᠠᠨ》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠤᠢᠯᠠᠭᠠᠵᠤ᠂ 《ᠳᠥᠷᠪᠡᠨ ᠤᠬᠠᠮᠰᠠᠷ》 ᠢ᠋ᠢᠡᠨ ᠴᠢᠨᠭᠭᠠᠳᠬᠠᠵᠤ᠂ 《ᠳᠥᠷᠪᠡᠨ ᠢᠲᠡᠭᠡᠯ》 ᠢ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠤ᠂ ᠳᠦᠷᠢᠮ ᠢ᠋ ᠤᠬᠠᠮᠰᠠᠷ ᠡᠴᠡ ᠪᠡᠨ ᠰᠤᠷᠤᠯᠴᠠᠵᠤ᠂ ᠲᠦᠷᠢᠮ᠎ᠢ ᠵᠢᠷᠤᠮᠯᠠᠨ ᠰᠠᠬᠢᠵᠤ᠂ ᠲᠦᠷᠢᠮ ᠢ᠋ ᠲᠤᠭᠤᠰᠢᠯᠠᠭᠤᠯᠵᠤ᠂ ᠲᠦᠷᠢᠮ ᠢ᠋ ᠬᠠᠮᠠᠭᠠᠯᠠᠵᠤ᠂ ᠡᠭᠦᠷᠭᠡ ᠬᠠᠷᠢᠭᠤᠴᠠᠯᠭ᠎ᠠ᠎ᠪᠠᠨ ᠪᠦᠲᠦᠮᠵᠢᠲᠡᠶ ᠬᠦᠢᠴᠡᠳᠭᠡᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠬᠦᠬᠦ ᠬᠡᠷᠡᠭᠳᠡᠢ ᠬᠡᠵᠤ ᠱᠠᠭᠠᠷᠳᠠᠪᠠ!
(ᠰᠢᠨᠬᠣᠸᠠ ᠬᠤᠷᠢᠶ᠎ᠠ᠎ᠶᠢᠨ ᠪᠡᠭᠡᠵᠢᠩ᠎ᠤᠨ 3 ᠰᠠᠷ᠎ᠠ᠎ᠶᠢᠨ 11 ᠤ᠋ ᠴᠠᠬᠢᠯᠭᠠᠨ ᠮᠡᠳᠡᠭᠡ )