ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠠᠩᠬᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠢ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ᠎ᠤᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠬᠤ ᠵᠥᠪᠯᠡᠯ᠎ᠦᠨ ᠮᠡᠳᠡᠭᠦᠯᠦᠯᠲᠡ
2023-03-12 18:25:54
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2023 ᠣᠨ᠎ᠤ 3 ᠰᠠᠷ᠎ᠠ᠎ᠶ᠋ᠢᠨ 11 ᠎ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠠᠩᠬᠠᠳᠤᠭᠠᠷ ᠬᠤᠷᠠᠯ᠎ᠡᠴᠡ ᠪᠠᠲᠤᠯᠠᠪᠠ)

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠠᠩᠬᠠᠳᠤᠭᠠᠷ ᠬᠤᠷᠠᠯ ᠤ᠋ᠨ ᠬᠤᠭᠤᠴᠠᠭᠠᠨ᠎ᠳᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠴᠢ ᠨᠢᠭᠡᠴᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠬᠤ᠎ᠲᠠᠶ ᠤᠶᠠᠯᠳᠤᠭᠤᠯᠤᠨ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠵᠢ ᠰᠠᠢ᠌ᠨ ᠡᠬᠢᠯᠡᠯᠲᠡ᠎ᠲᠠᠢ ᠪᠤᠯᠭᠠᠵᠤ᠂ ᠢᠳᠡᠪᠬᠢᠲᠡᠢ᠎ᠪᠡᠷ ᠰᠠᠨᠠᠯ ᠲᠤᠷᠠᠳᠤᠯᠭ᠎ᠠ ᠳᠤᠷᠠᠳᠬᠤ ᠪᠡᠷ ᠲᠠᠮᠵᠢᠨ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ᠂ ᠦᠢᠯᠡᠳᠦᠯ᠎ᠢᠶᠡᠨ ᠪᠠᠳᠠᠷᠠᠭᠤᠯᠪᠠ᠃

3 ᠰᠠᠷ᠎ᠠ᠎ᠶ᠋ᠢᠨ 5 ᠎ᠤ᠋ 20 ᠴᠠᠭ ᠪᠣᠯᠲᠠᠯ᠎ᠠ ᠨᠡᠢᠲᠡ 5399 ᠬᠤᠪᠢ ᠰᠠᠨᠠᠯ ᠲᠤᠷᠠᠳᠤᠯᠭ᠎ᠠ ᠵᠢ ᠬᠦᠯᠢᠶᠡᠨ ᠠᠪᠴᠠᠶ᠃ 《ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠤᠯᠤᠰ᠎ᠤᠨ ᠬᠣᠷᠢᠶ᠎ᠠ ᠵᠢᠨ ᠰᠠᠨᠠᠯ ᠲᠤᠷᠠᠳᠤᠯᠭ᠎ᠠ ᠵᠢᠨ ᠠᠵᠢᠯ᠎ᠤᠨ ᠲᠦᠷᠢᠮ》 ᠪᠠ ᠰᠠᠨᠠᠯ ᠲᠤᠷᠠᠳᠤᠯᠭ᠎ᠠ᠎ᠶ᠋ᠢ ᠬᠢᠨᠠᠨ ᠪᠠᠢᠴᠠᠭᠠᠬᠤ ᠠᠵᠢᠯ᠎ᠤᠨ ᠨᠠᠷᠢᠨ ᠲᠦᠷᠢᠮ᠎ᠢ ᠦᠨᠳᠦᠰᠦᠯᠡᠨ᠂ ᠬᠢᠨᠠᠨ ᠪᠠᠢᠴᠠᠭᠠᠭᠠᠳ 4689 ᠬᠤᠪᠢ ᠰᠠᠨᠠᠯ ᠲᠤᠷᠠᠳᠤᠯᠭ᠎ᠠ᠎ᠶ᠋ᠢ ᠲᠠᠨᠭᠰᠠᠯᠠᠵᠤ᠂ 82 ᠬᠤᠪᠢ ᠰᠠᠨᠠᠯ ᠲᠤᠷᠠᠳᠤᠯᠭ᠎ᠠ᠎ᠶ᠋ᠢ ᠨᠡᠢᠯᠡᠭᠦᠯᠵᠦ᠂ 628 ᠬᠤᠪᠢ ᠵᠢ ᠰᠠᠨᠠᠯ ᠪᠠ ᠰᠠᠨᠠᠭᠤᠯᠭ᠎ᠠ ᠪᠣᠯᠭᠠᠨ ᠬᠤᠪᠢᠷᠠᠭᠤᠯᠪᠠ᠃

ᠳᠠᠩᠰᠠᠯᠠᠭ᠍ᠰᠠᠨ ᠰᠠᠨᠠᠯ ᠳᠤᠷᠠᠳᠤᠯᠭ᠎ᠠ᠎ᠳᠤ᠂ ᠭᠡᠱᠢᠭᠦᠳ᠎ᠦᠨ ᠰᠠᠨᠠᠯ ᠳᠤᠷᠠᠳᠤᠯᠭ᠎ᠠ 4234 ᠬᠤᠪᠢ ᠪᠠᠢᠵᠤ᠂ 90.3% ᠵᠢ ᠡᠵᠡᠯᠡᠪᠡ; ᠡᠯ᠎ᠡ ᠠᠷᠠᠳᠴᠢᠯᠠᠭ᠍ᠰᠠᠨ ᠨᠠᠮ ᠪᠦᠯᠦᠭ᠂ ᠠᠷᠠᠳ᠎ᠤᠨ ᠪᠦᠯᠬᠦᠮ ᠪᠠ ᠡᠲᠡᠭᠡᠳ ᠢᠯᠭᠠᠯ᠂ ᠭᠡᠱᠢᠭᠦᠳ᠎ᠦᠨ ᠳᠤᠭᠤᠢᠯᠠᠩ ᠵᠡᠷᠭᠡ᠎ᠶ᠋ᠢᠨ ᠰᠠᠨᠠᠯ ᠲᠤᠷᠠᠳᠤᠯᠭ᠎ᠠ 455 ᠬᠤᠪᠢ ᠪᠠᠢᠵᠤ᠂ 9.7% ᠵᠢ ᠡᠵᠡᠯᠡᠪᠠ᠃ ᠡᠭᠦᠨ᠎ᠦ ᠳᠣᠲᠣᠷ᠎ᠠ ᠠᠵᠤ ᠠᠬᠤᠶ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠠᠯ᠎ᠠ᠎ᠶ᠋ᠢᠨ ᠰᠠᠨᠠᠯ ᠲᠤᠷᠠᠳᠤᠯᠭ᠎ᠠ 1989 ᠬᠤᠪᠢ ᠪᠠᠢᠵᠤ᠂ 42.4% ᠎ᠶ᠋ᠢ ᠡᠵᠡᠯᠡᠪᠡ; ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 412 ᠬᠤᠪᠢ ᠪᠠᠢᠵᠤ᠂ 8.8 % ᠎ᠶ᠋ᠢ ᠡᠵᠡᠯᠡᠪᠡ;  ᠰᠣᠶᠣᠯ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠲᠤᠷᠠᠳᠤᠯᠭ᠎ᠠ 341 ᠬᠤᠪᠢ ᠪᠠᠢᠵᠤ᠂ 7.3% ᠵᠢ ᠡᠵᠡᠯᠡᠪᠠ;  ᠨᠡᠢᠭᠡᠮ᠎ᠦᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 1339 ᠬᠤᠪᠢ ᠪᠠᠢᠵᠤ᠂ 28.5% ᠎ᠶ᠋ᠢ ᠡᠵᠡᠯᠡᠪᠡ; ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠲᠤᠷᠠᠳᠤᠯᠭ᠎ᠠ 608 ᠬᠤᠪᠢ ᠪᠠᠢᠵᠤ᠂ 13% ᠎ᠶ᠋ᠢ ᠡᠵᠡᠯᠡᠪᠡ᠃

ᠲᠤᠰ ᠤᠳᠠᠭ᠎ᠠ᠎ᠶ᠋ᠢᠨ ᠬᠤᠷᠠᠯ᠎ᠤᠨ ᠰᠠᠨᠠᠯ ᠳᠤᠷᠠᠳᠤᠯᠭ᠎ᠠ ᠨᠢ ᠳᠣᠣᠷᠠᠬᠢ ᠮᠡᠲᠦ ᠣᠨᠴᠠᠯᠢᠭ᠎ᠲᠠᠶ᠄ ᠨᠢᠭᠡ᠎ᠳᠦ ᠂ ᠰᠠᠨᠠᠯ ᠳᠤᠷᠠᠳᠤᠯᠭ᠎ᠠ ᠨᠢ 《ᠲᠠᠪᠤ᠎ᠶ᠋ᠢ ᠨᠢᠭᠡ ᠴᠤᠬ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ 《ᠲᠦᠷᠪᠡᠨ ᠪᠦᠬᠦ᠌ ᠲᠠᠯ᠎ᠠ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ ᠵᠢᠨ ᠲᠣᠭᠣᠷᠢᠨ᠎ᠳᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠳᠦᠨ ᠵᠦᠪ ᠤᠨᠤᠪᠴᠢᠳᠠᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠢᠲᠡᠭᠡᠯ ᠵᠣᠷᠢᠭ᠎ᠢᠶᠠᠨ ᠪᠠᠲᠤᠳᠭᠠᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠬᠠᠮᠲᠤᠷᠠᠯ ᠬᠦᠴᠦᠨ᠎ᠢ ᠨᠢᠭ᠍ᠲᠠᠷᠠᠭᠤᠯᠬᠤ᠂ ᠱᠢᠨ᠎ᠡ ᠪᠠᠢᠳᠠᠯ᠎ᠢ ᠨᠡᠭᠡᠭᠡᠬᠦ᠌᠎ᠳᠦ ᠢᠳᠡᠪᠬᠢᠲᠡᠢ ᠰᠠᠨᠠᠯ ᠰᠠᠨᠠᠭᠤᠯᠭ᠎ᠠ ᠳᠤᠷᠠᠳᠪᠠ᠃ ᠬᠣᠶᠠᠷ᠎ᠲᠤ᠂ ᠭᠡᠱᠢᠭᠦᠳ ᠤᠯᠤᠰ ᠣᠷᠣᠨ᠎ᠤ᠎ᠪᠠᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠂ ᠠᠷᠠᠳ ᠲᠦᠮᠡᠨ᠎ᠦ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠲᠤᠰᠭᠠᠢ ᠮᠡᠷᠭᠡᠵᠢᠯ᠎ᠦᠨ ᠲᠠᠪᠠᠭᠤᠯᠢᠭ᠂ ᠳᠠᠪᠠᠭᠤᠯᠢᠭ ᠲᠠᠯ᠎ᠠ᠂ ᠬᠥᠭ᠌ᠵᠢᠯᠲᠡ ᠵᠢᠨ ᠬᠡᠷᠡᠭᠴᠡᠭᠡ᠎ᠳ᠋ᠦ ᠲᠤᠬᠢᠷᠠᠭᠤᠯᠤᠨ ᠣᠨᠣᠴᠠᠲᠠᠢ᠎ᠪᠠᠷ ᠰᠡᠳᠦᠪ ᠰᠣᠩᠭᠣᠬᠤ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠂ ᠰᠠᠨᠠᠭᠤᠯᠭ᠎ᠠ ᠳᠤᠷᠠᠳᠬᠤ ᠵᠢ ᠴᠢᠬᠤᠯᠠᠴᠢᠯᠠᠵᠤ᠂ ᠨᠡᠢ᠌ᠳᠡ 1973 ᠭᠡᠱᠢᠭᠦᠨ ᠰᠠᠨᠠᠯ ᠲᠤᠷᠠᠳᠤᠯᠭ᠎ᠠ ᠲᠤᠱᠢᠶᠠᠵᠤ᠂ ᠰᠠᠨᠠᠯ ᠲᠤᠷᠠᠳᠤᠯᠭ᠎ᠠ᠎ᠶ᠋ᠢᠨ ᠪᠦᠬᠦᠯᠢ ᠴᠣᠭ᠍ᠴᠠ᠎ᠶ᠋ᠢᠨ ᠶᠠᠰᠤ ᠴᠢᠨᠠᠷ ᠢᠯᠡᠳᠲᠡ ᠳᠡᠭᠡᠭ᠌ᠰᠢᠯᠡᠪᠡ᠃ ᠭᠤᠷᠪᠠ᠎ᠳᠤ᠂ ᠰᠠᠨᠠᠯ ᠲᠤᠷᠠᠳᠤᠯᠭ᠎ᠠ ᠵᠢᠨ ᠠᠵᠢᠯ᠎ᠤᠨ ᠮᠡᠳᠡᠭᠡ ᠵᠠᠩᠭᠢᠵᠢᠯᠲᠠ᠎ᠶ᠋ᠢᠨ ᠲᠦᠪᠰᠢᠨ ᠤᠯᠠᠮ ᠳᠡᠭᠡᠭ᠌ᠰᠢᠯᠡᠵᠦ᠍᠂ ᠰᠠᠨᠠᠯ ᠲᠤᠷᠠᠳᠤᠯᠭ᠎ᠠ᠎ᠶ᠋ᠢ ᠪᠦᠬᠦᠨ᠎ᠢ ᠰᠦᠯᠵᠢᠶᠡᠨ ᠳᠡᠭᠡᠷ᠎ᠡ ᠲᠤᠱᠢᠶᠠᠬᠤ᠎ᠶ᠋ᠢ ᠠᠩᠬ᠎ᠠ ᠤᠳᠠᠭ᠎ᠠ ᠪᠡᠶᠡᠯᠡᠭᠦᠯᠪᠡ᠃

ᠶᠡᠬᠡ ᠬᠤᠷᠠᠯ ᠲᠡᠭᠦᠰᠦᠭ᠌ᠰᠡᠨ᠎ᠦ ᠲᠠᠷᠠᠭ᠎ᠠ ᠰᠠᠨᠠᠯ ᠲᠤᠷᠠᠳᠤᠯᠭ᠎ᠠ᠎ᠶ᠋ᠢ ᠳᠠᠭᠠᠭᠠᠵᠤ ᠰᠢᠢᠳᠪᠦᠷᠢᠯᠡᠬᠦ ᠨᠢᠭᠡᠴᠢ᠎ᠳᠦ ᠲᠤᠱᠢᠶᠠᠨ ᠥᠭ᠌ᠴᠦ ᠱᠢᠢᠳᠪᠦᠷᠢᠯᠡᠭᠦᠯᠬᠦ᠌ ᠪᠣᠯᠤᠨ᠎ᠠ᠃ ᠲᠤᠰ ᠤᠳᠠᠭ᠎ᠠ ᠵᠢᠨ ᠶᠡᠬᠡ ᠬᠤᠷᠠᠯ᠎ᠤᠨ ᠰᠠᠨᠠᠯ ᠲᠤᠷᠠᠳᠤᠯᠭ᠎ᠠ ᠳᠤᠷᠠᠳᠭᠤ ᠬᠤᠭᠤᠴᠠᠭ᠎ᠠ ᠳᠠᠭᠤᠰᠤᠭ᠍ᠰᠠᠨ᠎ᠤ ᠳᠠᠷᠠᠭ᠎ᠠ ᠬᠤᠷᠢᠶᠠᠨ ᠣᠯᠤᠭ᠍ᠰᠠᠨ ᠰᠠᠨᠠᠯ ᠲᠤᠷᠠᠳᠤᠯᠭ᠎ᠠ ᠵᠢ ᠬᠢᠨᠠᠨ ᠪᠠᠢᠴᠠᠭᠠᠵᠤ ᠳᠠᠩᠰᠠᠯᠠᠭ᠍ᠰᠠᠨ᠎ᠤ ᠳᠠᠷᠠᠭ᠎ᠠ ᠡᠩ᠎ᠦᠨ ᠦᠶ᠎ᠡ᠎ᠶ᠋ᠢᠨ ᠰᠠᠨᠠᠯ ᠲᠤᠷᠠᠳᠤᠯᠭ᠎ᠠ ᠵᠢ ᠳᠠᠭᠠᠭᠠᠵᠤ ᠰᠢᠢᠳᠪᠦᠷᠢᠯᠡᠬᠦ ᠨᠢᠭᠡᠴᠢ᠎ᠳᠦ ᠲᠤᠱᠢᠶᠠᠨ ᠥᠭ᠌ᠴᠦ ᠱᠢᠢᠳᠪᠦᠷᠢᠯᠡᠭᠦᠯᠦᠨ᠎ᠡ᠃

ᠳᠡᠭᠡᠷᠡᠬᠢ ᠮᠡᠳᠡᠭᠦᠯᠦᠯᠲᠡ᠎ᠶ᠋ᠢ ᠬᠢᠨᠠᠨ ᠵᠦᠪᠯᠡᠬᠦ ᠪᠣᠯᠪᠠᠤ᠃

(ᠰᠢᠨᠬᠤᠸᠠ ᠬᠣᠷᠢᠶ᠎ᠠ᠎ᠶᠢᠨ ᠪᠡᠭᠡᠵᠢᠩ ᠤ᠋ᠨ 3 ᠰᠠᠷ᠎ᠠ ᠵᠢᠨ 11 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号