ᠵᠢᠨ ᡁᠢ ᠵᠢᠶᠦ᠋ᠨ ᠲᠥᠯᠥᠭᠡᠯᠡᠭ᠌ᠴᠢ᠄ ᠦᠶ᠋ᠯᠡᠳᠪᠦᠷᠢᠯᠡᠯ᠎ᠲᠡᠶ ᠣᠢᠷᠠᠲᠤᠵᠤ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠨ᠎ᠡ
2023-03-12 14:48:00
ᠵᠣᠬᠢᠶᠠᠭ᠍ᠴᠢ᠄
ᠵᠠᠩ ᠺᠦᠶ ᠮᠠ ᠵᠢᠶᠠᠨ ᠴᠢᠤᠸᠠᠨ
ᠣᠩᠱᠢᠭ᠍ᠰᠠᠨ ᠣᠳᠠᠭ᠎ᠠ᠄
★★★☆☆


jie1.png


ᠵᠢᠨ ᡁᠢ ᠵᠢᠶᠦ᠋ᠨ ᠲᠥᠯᠥᠭᠡᠯᠡᠭ᠌ᠴᠢ 

ᠰᠤᠷᠪᠤᠯᠵᠢᠯᠠᠭ᠍ᠴᠢ  ᠮᠠ ᠵᠢᠶᠠᠨ ᠴᠢᠤᠸᠠᠨ  ᠰᠡᠭᠦᠳᠡᠷᠯᠡᠪᠡ


ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠎ᠶ᠋ᠢᠨ ᡁᠢ ᠵᠢᠶᠦ᠋ᠨ ᠪᠣᠯ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠂ ᠪᠡᠭᠡᠵᠢᠩ ᠶᠡᠬᠡ ᠰᠤᠷᠭᠠᠭᠤᠯᠢ᠎ᠶ᠋ᠢᠨ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠪᠣᠯᠤᠨ᠎ᠠ᠂ ᠡᠨᠡ ᠵᠢᠯ ᠲᠡᠭᠦᠨ᠎ᠦ ᠳᠤᠷᠠᠳᠤᠭ᠍ᠰᠠᠨ ᠰᠠᠨᠠᠭᠤᠯᠭ᠎ᠠ᠎ᠨᠢ ᠭᠤᠤᠯᠳᠠᠭᠤ ᠡᠨᠧᠷᠭᠢ᠎ᠶ᠋ᠢᠨ ᠬᠣᠷᠣᠭ᠍ᠳᠠᠯ᠎ᠤᠨ 《ᠬᠤᠤᠰ ᠡᠵᠡᠮᠳᠡᠯ》᠎ᠢ᠋ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ᠎ᠶ᠋ᠢᠨ 《ᠲᠠᠩ᠎ᠡᠵᠡᠮᠳᠡᠯ》 ᠲᠡᠢᠰᠢ ᠬᠤᠪᠢᠷᠠᠭᠤᠯᠵᠤ᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ ᠪᠠ ᠬᠥᠭ᠌ᠵᠢᠭᠦᠯᠬᠦ᠌᠎ᠶ᠋ᠢᠨ ᠬᠠᠷᠢᠴᠠᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠡᠩᠴᠡᠭᠦᠷᠢᠲᠡᠶ ᠪᠠᠢᠯᠭᠠᠵᠤ᠂ ᠨᠡᠭᠦᠷᠡᠰᠦᠨ᠎ᠦ ᠠᠱᠢᠭ᠍ᠯᠠᠮᠵᠢ᠎ᠶ᠋ᠢᠨ ᠦᠷ᠎ᠡ ᠪᠦᠲᠦᠮᠵᠢ᠎ᠶ᠋ᠢ ᠤᠯᠠᠮ ᠳᠡᠭᠡᠭ᠌ᠰᠢᠯᠡᠭᠦᠯᠵᠦ᠍᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠶᠠᠪᠤᠳᠠᠯ ᠪᠣᠯᠤᠨ᠎ᠠ᠃

2022 ᠣᠨ᠎ᠤ ᠰᠡᠭᠦᠯᠴᠢ᠎ᠪᠡᠷ᠂ ᠵᠢᠨ ᡁᠢ ᠵᠢᠶᠦ᠋ᠨ ᠠᠺᠠᠳᠧᠮᠢᠴᠢ᠎ᠳᠦ ᠪᠠᠰᠠ ᠨᠢᠬᠡ ᠪᠡᠶ᠎ᠡ ᠵᠢᠨ ᠭᠠᠷᠤᠯ ᠨᠡᠮᠡᠭᠳᠡᠵᠦ — ᠪᠡᠭᠡᠵᠢᠩ ᠶᠡᠬᠡ ᠰᠤᠷᠭᠠᠭᠤᠯᠢ᠎ᠶ᠋ᠢᠨ ᠤᠷᠳᠤᠰ᠎ᠤᠨ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠪᠣᠯᠪᠠ᠃ ᠶ᠋ᠢᠨ ᡁᠢ ᠵᠢᠶᠦ᠋ᠨ᠎ᠦ ᠤᠷᠳᠤᠰ᠎ᠲᠤ ᠢᠷᠡᠵᠦ᠍ ᠠᠵᠢᠯᠯᠠᠭ᠍ᠰᠠᠨ ᠨᠢ ᠬᠤᠶᠠᠷ ᠳᠠᠯ᠎ᠠ ᠵᠢᠨ ᠰᠢᠯᠳᠠᠭᠠᠨ ᠳᠠᠢ᠄ ᠨᠢᠭᠡ᠎ᠳᠦ᠂ ᠤᠷᠳᠤᠰ᠎ᠤᠨ ᠡᠨᠧᠷᠭᠢ᠎ᠶ᠋ᠢᠨ ᠡᠬᠢ ᠪᠠᠶᠠᠯᠢᠭ᠎ᠲᠤ ᠲᠠᠲᠠᠭ᠍ᠳᠠᠪᠠ᠃ 《ᠪᠢ ᠭᠤᠤᠯᠳᠠᠭᠤ ᠡᠨᠧᠷᠭᠢ᠎ᠶ᠋ᠢᠨ ᠰᠤᠳᠤᠯᠭᠠᠨ ᠬᠢᠵᠦ᠍ ᠪᠠᠢᠨ᠎ᠠ᠂ ᠣᠷᠳᠣᠰ ᠨᠡᠭᠦᠷᠡᠰᠦ ᠪᠠ ᠪᠠᠢᠭᠠᠯᠢ᠎ᠶ᠋ᠢᠨ ᠱᠢᠲᠠᠮᠠᠬᠠᠶ ᠬᠡᠶ᠎ᠶ᠋ᠢᠨ ᠯᠤᠲᠤ ᠶᠡᠬᠡ ᠬᠠᠳᠠᠭᠠᠯᠠᠭ᠍ᠳᠠᠴᠠ ᠲᠠᠢ ᠪᠥᠭᠡᠳ ᠡᠯᠪᠡᠭ ᠪᠠᠶᠠᠯᠢᠭ ᠰᠠᠯᠬᠢ ᠬᠡᠷᠡᠯ᠎ᠤᠨ ᠡᠬᠢ ᠪᠠᠶᠠᠯᠢᠭ᠎ᠲᠠᠶ᠂ ᠡᠨᠳᠡ ᠴᠢᠯᠠᠭᠤᠵᠢᠮᠠᠯ᠎ᠤᠨ ᠡᠨᠧᠷᠭᠢ᠎ᠡᠴᠡ ᠴᠡᠪᠡᠷ ᠡᠨᠧᠷᠭᠢ ᠳᠡᠢᠰᠢ ᠬᠡᠯᠪᠡᠷᠢ᠎ᠪᠡᠨ ᠬᠤᠪᠢᠷᠠᠭᠤᠯᠬᠤ ᠰᠡᠳᠦᠪ᠎ᠢ ᠰᠤᠳᠤᠯᠬᠤ᠎ᠨᠢ ᠴᠥᠮ ᠪᠦᠬᠦ ᠪᠦᠮᠪᠦᠷᠴᠡᠭ ᠲᠤ᠌ ᠴᠤ᠌ ᠨᠡᠢᠲᠡᠯᠢᠭ ᠠᠴᠢ ᠬᠣᠯᠪᠣᠭ᠍ᠳᠠᠯ᠎ᠲᠠᠶ ᠪᠠᠢᠵᠤ᠂ ᠡᠷᠳᠡᠮ ᠱᠢᠨᠵᠢᠯᠡᠭᠡᠨ ᠬᠢᠬᠦ᠌ ᠪᠠ ᠦᠶ᠋ᠯᠡᠳᠪᠦᠷᠢᠯᠡᠯ᠎ᠳᠦ ᠣᠢᠷᠠᠲᠤᠵᠤ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠬᠦ᠌ ᠬᠦᠰᠡᠯᠡᠩ᠎ᠦᠨ ᠣᠷᠣᠨ ᠪᠣᠯᠤᠨ᠎ᠠ》 ᠬᠡᠵᠥ ᠵᠢᠨ ᡁᠢ ᠵᠢᠶᠦ᠋ᠨ ᠠᠺᠠᠳᠧᠮᠢᠴᠢ ᠬᠡᠯᠡᠪᠡ᠃

2022 ᠣᠨ᠎ᠤ 9 ᠰᠠᠷ᠎ᠠ᠎ᠶ᠋ᠢᠨ 30 ᠤ᠋ ᠡᠳᠦᠷ᠂ ᠤᠷᠳᠤᠰ ᠬᠤᠳᠠ ᠪᠣᠯᠤᠨ ᠪᠡᠭᠡᠵᠢᠩ ᠶᠡᠬᠡ ᠰᠤᠷᠭᠠᠭᠤᠯᠢ ᠬᠠᠮᠲᠤᠷᠠᠯᠴᠠᠭᠠᠨ᠎ᠤ ᠬᠡᠯᠡᠯᠴᠡᠬᠡᠷ ᠲᠣᠭ᠍ᠲᠠᠭ᠍ᠰᠠᠨ᠎ᠤ ᠲᠠᠷᠠᠭ᠎ᠠ᠂ ᠵᠢᠨ ᡁᠢ ᠵᠢᠶᠦ᠋ᠨ ᠠᠺᠠᠳᠧᠮᠢᠴᠢ ᠪᠡᠭᠡᠵᠢᠩ ᠶᠡᠬᠡ ᠰᠤᠷᠭᠠᠭᠤᠯᠢ᠎ᠳᠤ 9 ᠴᠢᠭ᠌ᠯᠡᠯ᠎ᠦᠨ ᠡᠷᠳᠡᠮ ᠱᠢᠨᠵᠢᠯᠡᠭᠡᠨ᠎ᠦ ᠲᠠᠭᠠᠭᠤᠯᠤᠬ᠍ᠴᠢ᠎ᠶ᠋ᠢ ᠵᠣᠬᠢᠶᠠᠨ ᠪᠠᠢᠭᠤᠯᠵᠤ᠂ 5 ᠳ᠋ᠣᠺᠲ᠋ᠣᠷ᠎ᠢ ᠪᠠᠭ᠍ᠲᠠᠭᠠᠭ᠍ᠰᠠᠨ 30 ᠭᠠᠷᠤᠢ ᠬᠥᠮᠦᠨ᠎ᠦ ᠪᠦᠯᠬᠦᠮ᠎ᠢ ᠡᠯᠰᠡᠵᠦ᠍ ᠤᠷᠳᠤᠰ᠎ᠲᠤ ᠠᠵᠢᠯᠯᠠᠭᠤᠯᠪᠠ᠃ ᠣᠳᠣᠬᠠᠨ᠎ᠳᠤ᠂ ᠵᠢᠨ ᡁᠢ ᠵᠢᠶᠦ᠋ᠨ ᠠᠺᠠᠳᠧᠮᠢᠴᠢ᠎ᠶ᠋ᠢᠨ ᠪᠦᠯᠬᠦᠮ ᠶᠠᠭ ᠤᠯᠤᠰ᠎ᠤᠨ ᠳᠣᠲᠣᠭᠠᠳᠤ ᠭᠠᠳᠠᠭᠠᠳᠤ ᠡᠴᠡ ᠴᠢᠳᠠᠪᠤᠷᠢᠲᠠᠨ ᠡᠯᠰᠡᠵᠦ᠍᠂ ᠵᠢᠱ᠌ᠢᠯᠲᠡ᠎ᠪᠡᠷ ᠡᠨᠡ ᠵᠢᠯ᠎ᠦᠨ ᠰᠡᠭᠦᠯᠴᠢ᠎ᠪᠤᠯᠬᠤ ᠳ᠋ᠤ 60 ᠬᠥᠮᠦᠨ᠎ᠦ ᠬᠡᠪᠴᠢᠶ᠎ᠠ ᠲᠠᠢ ᠪᠤᠯᠵᠦ᠂ ᠢᠷᠡᠬᠦ᠌ ᠵᠢᠯ 100 ᠵᠢ ᠳᠠᠪᠠᠬᠤ ᠪᠣᠯᠤᠨ᠎ᠠ᠃

ᠡᠨᠡ ᠵᠢᠯ᠂ ᠵᠢᠨ ᡁᠢ ᠵᠢᠶᠦ᠋ᠨ ᠠᠺᠠᠳᠧᠮᠢᠴᠢ᠎ᠶ᠋ᠢᠨ ᠪᠦᠯᠬᠦᠮ ᠲᠤᠬᠠᠢ᠎ᠶ᠋ᠢᠨ ᠭᠠᠵᠠᠷ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠭᠤᠷᠪᠠᠨ ᠵᠦᠢᠯ᠎ᠦᠨ ᠭᠣᠣᠯᠳᠠᠯᠭ᠎ᠠ᠎ᠲᠠᠶ ᠠᠵᠢᠯ᠎ᠢ ᠲᠥᠯᠥᠪᠵᠢᠭᠦᠯᠵᠡᠢ᠃ ᠲᠡᠷᠡ᠂ ᠨᠢᠭᠡ᠎ᠨᠢ ᠣᠷᠳᠣᠰ᠎ᠤᠨ ᠨᠢᠰᠭᠡᠯ᠎ᠦᠨ ᠪᠠᠭᠤᠳᠠᠯ᠎ᠢ ᠨᠡᠭᠦᠷᠡᠰᠦᠲᠥ᠋ᠷᠥᠭ᠌ᠴᠢ ᠥᠬᠡᠶ ᠨᠢᠰᠭᠡᠯ᠎ᠦᠨ ᠪᠠᠭᠤᠳᠠᠯ ᠪᠣᠯᠭᠠᠨ ᠪᠥᠲᠥᠭᠡᠨ ᠪᠠᠢᠭᠤᠯᠤᠨ᠎ᠠ; ᠨᠥᠭᠥᠭᠡ ᠨᠢ ᠤᠶᠤᠨᠲᠤ ᠠᠭᠤᠷᠬᠠᠶ ᠪᠠᠢᠭᠤᠯᠵᠤ᠂ ᠥᠨᠳᠥᠷ ᠪᠦᠲᠦᠮᠵᠢᠲᠡᠶ ᠨᠡᠭᠦᠷᠡᠰᠦ ᠮᠠᠯᠲᠠᠬᠤ᠎ᠪᠠᠷ ᠳᠠᠮᠵᠢᠭᠤᠯᠤᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠠᠯᠢ ᠴᠢᠳᠠᠬᠤ᠎ᠪᠠᠷ ᠪᠠᠭᠤᠷᠠᠭᠤᠯᠤᠨ᠎ᠠ; ᠪᠠᠰᠠ ᠨᠢᠬᠡ᠂ ᠱᠢᠨ᠎ᠡ ᠡᠨᠧᠷᠭᠢ᠎ᠶ᠋ᠢᠨ ᠬᠡᠯᠪᠡᠷᠢ᠎ᠲᠠᠢᠰᠢ ᠬᠤᠪᠢᠷᠠᠭᠤᠯᠬᠤ ᠶᠠᠪᠤᠴᠠ᠎ᠳᠤ ᠴᠠᠬᠢᠯᠭᠠᠨ ᠬᠦᠴᠦᠨ᠎ᠦ ᠱᠢᠰᠲ᠋ᠧᠮ᠎ᠦᠨ ᠲᠣᠭ᠍ᠲᠠᠪᠤᠷᠢᠲᠤ ᠴᠢᠨᠠᠷ ᠲᠤ᠌ ᠴᠢᠭᠯᠡᠬᠦᠯᠦᠨ ᠡᠨᠧᠷᠭᠢ ᠬᠠᠳᠠᠭᠠᠯᠠᠬᠤ ᠮᠡᠷᠭᠡᠵᠢᠯ᠎ᠢ ᠬᠥᠭ᠌ᠵᠢᠭᠦᠯᠵᠦ᠍᠂ ᠳᠡᠯᠡᠬᠡᠶ᠎ᠶ᠋ᠢᠨ ᠲᠡᠷᠢᠭᠦᠨ᠎ᠦ ᠡᠨᠧᠷᠭᠢ ᠬᠠᠳᠠᠭᠠᠯᠠᠬᠤ ᠮᠡᠷᠭᠡᠵᠢᠯ᠎ᠢ ᠣᠷᠳᠣᠰ᠎ᠲᠤ ᠲᠦᠷᠭᠡᠬᠡᠨ ᠨᠠᠢᠳᠠᠪᠤᠷᠢᠵᠢᠭᠤᠯᠬᠤ᠎ᠪᠠᠷ ᠴᠢᠷᠮᠠᠢᠨ᠎ᠠ ᠬᠡᠵᠥ ᠳᠠᠨᠢᠯᠴᠠᠭᠤᠯᠪᠠ᠃

《ᠪᠢ ᠪᠦᠯᠬᠦᠮ᠎ᠲᠡᠶ᠎ᠪᠡᠨ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ ᠪᠠᠢᠭᠠᠳ ᠮᠡᠷᠭᠡᠵᠢᠯ᠎ᠦᠨ ᠵᠥᠪᠯᠡᠭ᠌ᠴᠢ ᠪᠤᠯᠵᠤ᠂ ᠠᠵᠤ ᠠᠬᠤᠢᠯᠠᠯ᠎ᠳᠤ ᠮᠡᠷᠭᠡᠵᠢᠯ᠎ᠦᠨ ᠲᠥᠰᠦᠯ᠎ᠢ ᠰᠠᠢᠲᠤᠷ ᠬᠠᠩᠭᠠᠵᠤ᠂ ᠤᠷᠳᠤᠰ ᠴᠢᠨᠠᠭ᠍ᠰᠢᠯᠠᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠳᠦ ᠰᠠᠢ᠌ᠨ ᠵᠥᠪᠯᠡᠭ᠌ᠴᠢ ᠪᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ》᠃ ᠵᠢᠨ ᡁᠢ ᠵᠢᠶᠦ᠋ᠨ᠂ ᠦᠨᠡᠨ ᠬᠦ᠌ ᠠᠳᠭᠤᠨ ᠪᠣᠳᠠᠲᠠᠢ ᠠᠵᠢᠯᠯᠠᠪᠠᠯ ᠰᠠᠶᠢ ᠡᠨᠡᠬᠦ᠌ ᠬᠤᠪᠢ ᠢᠲᠡᠭᠡᠯ᠎ᠳ᠋ᠤᠨᠢ ᠣᠰᠣᠯᠳᠠᠬᠤ ᠦᠭᠡᠢ ᠪᠠᠢᠵᠤ ᠴᠢᠳᠠᠨ᠎ᠠ ᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号