
ᠼᠤᠤ᠎ᠶ᠋ᠢᠨ ᠱᠠᠨ ᠭᠡᠰᠢᠬᠦᠨ
ᠶᠡᠷᠦᠩᠬᠡᠢ ᠱᠦᠵᠢ ᠰᠢ ᠵᠢᠨ ᠫᠢᠩ ᠲᠡᠭᠦᠨ᠎ᠦ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠴᠢᠬᠤᠯᠠ᠎ᠡᠴᠡ ᠴᠢᠬᠤᠯᠠ ᠵᠦᠢᠯ ᠪᠣᠯᠭᠠᠵᠤ᠂ ᠬᠥᠳᠡᠭᠡ ᠠᠵᠤ ᠠᠬᠤᠢ᠎ᠶ᠋ᠢᠨ ᠠᠵᠤ ᠦᠢᠯᠡᠰ᠎ᠦᠨ ᠬᠡᠯᠬᠢᠶ᠎ᠡ᠎ᠶ᠋ᠢ ᠢᠳᠡᠪᠬᠢᠲᠡᠢ᠎ᠪᠡᠷ ᠤᠷᠲᠤᠳᠭᠠᠨ ᠥᠷᠭᠡᠳᠭᠡᠵᠦ᠍᠂ ᠬᠥᠳᠡᠭᠡ ᠲᠣᠰᠭᠣᠨ᠎ᠤ ᠱᠢᠨ᠎ᠡ ᠠᠵᠤ ᠦᠢᠯᠡᠰ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢ ᠪᠣᠢᠵᠢᠭᠤᠯᠤᠨ ᠬᠥᠭ᠌ᠵᠢᠭᠦᠯᠵᠦ᠍᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠲᠠᠰᠤᠷᠠᠯᠳᠠ ᠦᠭᠡᠢ ᠥᠷᠭᠡᠳᠭᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ ᠨᠢ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠲᠦᠩᠯᠢᠶᠣᠤ ᠬᠣᠲᠠ᠎ᠶ᠋ᠢᠨ ᠳᠡᠳ᠋ ᠳᠠᠷᠤᠭ᠎ᠠ ᠼᠤᠤ᠎ᠶ᠋ᠢᠨ ᠱᠠᠨ᠎ᠢ ᠲᠤᠢᠯ᠎ᠢᠶᠠᠷ ᠤᠷᠮᠠᠱᠢᠭᠤᠯᠪᠠ᠂ ᠲᠤᠰ ᠤᠳᠠᠭ᠎ᠠ᠎ᠶ᠋ᠢᠨ ᠬᠤᠷᠠᠯ᠎ᠳᠤ ᠲᠡᠷᠡ ᠮᠢᠬᠠᠨ᠎ᠤ ᠦᠬᠡᠷ᠎ᠦᠨ ᠳᠠᠪᠠᠭᠤᠯᠢᠭ ᠭᠠᠷᠤᠯᠲᠠ᠎ᠶ᠋ᠢᠨ ᠣᠷᠣᠨ᠎ᠤ ᠲᠦᠷᠢᠮ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠲᠤᠬᠠᠶ ᠰᠠᠨᠠᠯ ᠳᠤᠷᠠᠳᠤᠯᠭ᠎ᠠ ᠳᠤᠷᠠᠳᠴᠠᠢ᠃
ᠼᠤᠤ᠎ᠶ᠋ᠢᠨ ᠱᠠᠨ ᠤ᠋ ᠠᠵᠢᠯᠯᠠᠵᠤ ᠪᠠᠢᠭ᠎ᠠ ᠲᠦᠩᠯᠢᠶᠣᠤ ᠬᠣᠲᠠ ᠪᠣᠯ ᠮᠠᠨ᠎ᠤ ᠤᠯᠤᠰ᠎ᠤᠨ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠌ ᠴᠢᠬᠤᠯᠠ ᠭᠠᠵᠠᠷ ᠣᠷᠣᠨ ᠪᠣᠯᠤᠨ᠎ᠠ᠂ ᠲᠡᠷᠡ ᠠᠵᠢᠯ᠎ᠤᠨ ᠳᠤᠮᠳᠠ᠎ᠪᠠᠨ ᠰᠠᠭᠤᠭᠠᠯᠢ ᠠᠷᠠᠳ᠎ᠤᠨ ᠠᠮᠢᠳᠤᠷᠠᠯ᠎ᠤᠨ ᠲᠦᠪᠱᠢᠨ ᠤ᠋ ᠳᠡᠭᠡᠭ᠌ᠰᠢᠯᠡᠯᠳᠠ᠂ ᠢᠳᠡᠭᠡᠨ᠎ᠦ ᠬᠡᠷᠡᠭ᠌ᠯᠡᠭᠡ ᠵᠢᠨ ᠪᠦᠲᠦᠴᠡ ᠪᠠ ᠬᠡᠷᠡᠭ᠌ᠯᠡᠭᠡ ᠵᠢᠨ ᠳᠠᠳᠭᠠᠯ᠎ᠤᠨ ᠬᠤᠪᠢᠷᠠᠯᠲᠠ᠎ᠶ᠋ᠢ ᠳᠠᠭᠠᠯᠳᠤᠨ᠂ ᠮᠠᠨ᠎ᠤ ᠤᠯᠤᠰ᠎ᠤᠨ ᠮᠢᠬᠠᠨ᠎ᠤ ᠲᠥᠷᠥᠯ᠎ᠦᠨ ᠬᠡᠷᠡᠭ᠌ᠯᠡᠭᠡ ᠵᠢᠨ ᠳᠤᠮᠳᠠ ᠦᠬᠡᠷ᠎ᠦᠨ ᠮᠢᠬᠠᠨ᠎ᠤ ᠡᠵᠡᠯᠡᠬᠦ᠌ ᠬᠠᠷᠢᠴᠠᠯ ᠲᠠᠰᠤᠷᠠᠯᠲᠠ ᠥᠬᠡᠶ ᠳᠡᠭᠡᠭ᠌ᠰᠢᠯᠡᠭ᠌ᠰᠡᠨᠢ ᠣᠯᠵᠤ ᠮᠡᠳᠡᠵᠡᠶ᠃ ᠭᠡᠪᠡᠴᠦ᠍ ᠴᠢᠩᠭ᠎ᠠ ᠬᠦᠴᠦᠲᠡᠶ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠶ᠋ᠢᠨ ᠡᠮᠦᠨ᠎ᠡ᠂ ᠮᠢᠬᠠᠨ ᠤ᠋ ᠦᠬᠡᠷ᠎ᠦᠨ ᠠᠵᠤ ᠦᠶ᠋ᠯᠡᠰ᠎ᠲᠦ ᠪᠠᠰᠠ ᠬᠥᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠠᠱᠢᠭ ᠳᠤᠤᠷ᠎ᠠ᠂ ᠳᠡᠮᠵᠢᠯᠭᠡ ᠪᠠᠲᠤᠯᠠᠭ᠎ᠠ᠎ᠶ᠋ᠢᠨ ᠱᠢᠰᠲ᠋ᠧᠮ ᠪᠦᠷᠢᠨ ᠪᠤᠰᠤ ᠵᠡᠷᠭᠡ ᠠᠰᠠᠭᠤᠳᠠᠯ ᠣᠷᠣᠱᠢᠵᠤ ᠪᠠᠢᠨ᠎ᠠ᠃
《ᠣᠳᠣᠬᠠᠨ᠎ᠳᠤ᠂ ᠮᠠᠨ᠎ᠤ ᠤᠯᠤᠰ᠎ᠤᠨ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠌ ᠪᠠ ᠤᠯᠠᠭᠠᠨ ᠢᠳᠡᠭᠡᠨ ᠡᠳ᠋ᠱᠢᠭᠦᠯᠬᠦ ᠲᠦᠪᠯᠡᠷᠡᠯ ᠤ᠋ᠨ ᠬᠡᠮᠵᠢᠶ᠎ᠡ ᠥᠨᠳᠥᠷ ᠪᠢᠰᠢ᠃ ᠮᠢᠬᠠᠨ ᠤ᠋ ᠦᠬᠡᠷ᠎ᠢ ᠭᠤᠤᠯᠳᠠᠭᠤ ᠲᠠᠷᠠᠬᠠᠢ ᠪᠤᠳᠠᠷᠬᠠᠢ ᠲᠡᠵᠢᠭᠡᠨ ᠦᠷᠡᠵᠢᠭᠦᠯᠵᠦ᠂ ᠲᠡᠵᠢᠭᠡᠨ ᠠᠷᠠᠴᠢᠯᠠᠬᠤ ᠬᠠᠮᠢᠶᠠᠷᠤᠯᠲᠠ᠎ᠶ᠋ᠢᠨ ᠮᠡᠷᠭᠡᠵᠢᠯ᠂ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠬᠢᠵᠠᠭᠠᠷᠯᠠᠬᠤ ᠮᠡᠳᠡᠯᠭᠡ ᠨᠢ ᠬᠢᠵᠠᠭᠠᠷᠳᠠᠮᠠᠯ ᠴᠢᠨᠠᠷᠲᠠᠶ ᠪᠠᠢᠵᠤ᠂ ᠢᠯᠠᠩᠭᠤᠶ᠎ᠠ ᠣᠢᠷ᠎ᠠ᠎ᠶ᠋ᠢᠨ ᠬᠡᠳᠦᠨ ᠵᠢᠯ᠎ᠳᠦ ᠲᠡᠵᠢᠭᠡᠯ ᠡᠪᠡᠰᠦ ᠪᠣᠷᠳᠣᠭᠠᠨ᠎ᠤ ᠦᠨ᠎ᠡ ᠬᠠᠩᠰᠢ ᠲᠠᠰᠤᠷᠠᠯᠲᠠ ᠤᠢ᠍ᠭᠡᠢ ᠥᠰᠦᠭ᠌ᠰᠡᠨ ᠪᠠ ᠤᠯᠤᠰ᠎ᠲᠠᠭᠠᠨ ᠦᠶ᠋ᠯᠡᠳᠪᠦᠷᠢᠯᠡᠭ᠌ᠰᠡᠨ ᠦᠬᠡᠷ᠎ᠦᠨ ᠮᠢᠬᠠᠨ᠎ᠤ ᠦᠶ᠋ᠯᠡᠳᠬᠦᠨ᠎ᠦ ᠵᠠᠬ᠎ᠠ ᠳᠡᠯᠭᠡᠭᠦᠷ᠎ᠲᠡᠬᠢ ᠥᠷᠢᠰᠥᠯᠳᠦᠬᠦ᠌ ᠬᠦᠴᠦᠨ ᠨᠢ ᠴᠢᠩᠭ᠎ᠠ ᠪᠤᠰᠤ᠎ᠡᠴᠡ ᠪᠣᠯᠵᠤ᠂ ᠮᠠᠯᠴᠢᠨ ᠲᠠᠷᠢᠶᠠᠴᠢᠳ᠎ᠤᠨ ᠲᠡᠵᠢᠭᠡᠨ ᠦᠷᠡᠵᠢᠭᠦᠯᠬᠦ᠌ ᠢᠳᠡᠪᠬᠢᠵᠢᠯ᠎ᠢ ᠪᠠᠭᠤᠷᠠᠭᠤᠯᠪᠠ᠃ ᠡᠭᠦᠨ᠎ᠡᠴᠡ ᠭᠠᠳᠠᠨ᠎ᠠ᠂ ᠭᠠᠵᠠᠷ ᠣᠷᠣᠨ ᠠᠯᠤᠰᠯᠠᠭ᠍ᠰᠠᠨ ᠠᠮᠢᠳᠤ ᠮᠠᠯ᠎ᠤᠨ ᠠᠷᠠᠯᠵᠢᠶ᠎ᠠ ᠣᠯᠠᠱᠢᠷᠠᠵᠤ ᠪᠠᠢᠬᠤ᠂ ᠠᠮᠢᠲᠠᠨ᠎ᠤ ᠬᠦᠨᠳᠦ ᠶᠡᠬᠡ ᠬᠢᠵᠢᠭ ᠡᠪᠡᠳᠴᠢᠨ ᠪᠠ ᠬᠥᠮᠦᠨ ᠮᠠᠯ᠎ᠳᠤ ᠴᠥᠮ ᠲᠤᠰᠳᠠᠭ ᠡᠪᠡᠳᠴᠢᠨ ᠬᠡᠮ ᠭᠠᠵᠠᠷ ᠣᠷᠣᠨ ᠠᠯᠤᠰᠯᠠᠨ ᠳᠡᠯᠭᠡᠷᠡᠬᠦ᠌ ᠠᠶᠤᠯ ᠲᠦᠭ᠌ᠰᠢᠭᠦᠷᠢ ᠨᠡᠮᠡᠭ᠌ᠳᠡᠵᠦ᠍ ᠪᠠᠢᠬᠤ ᠵᠡᠷᠭᠡ ᠬᠦᠴᠦᠨ ᠵᠦᠶ᠋ᠯ ᠨᠢ ᠴᠥᠮ ᠮᠢᠬᠠᠨ ᠤ᠋ ᠦᠬᠡᠷ᠎ᠦᠨ ᠠᠵᠤ ᠦᠶ᠋ᠯᠡᠰ᠎ᠦᠨ ᠡᠷᠡᠭᠦᠯ᠎ᠢᠶᠡᠷ ᠦᠷᠭᠦᠯᠵᠢᠯᠡᠨ ᠬᠥᠭ᠌ᠵᠢᠬᠦ᠌᠎ᠶ᠋ᠢ ᠬᠢᠵᠠᠭᠠᠷᠯᠠᠵᠤ ᠪᠠᠢᠨ᠎ᠠ》 ᠭᠡᠵᠦ᠍ ᠼᠤᠤ᠎ᠶ᠋ᠢᠨ ᠱᠠᠨ ᠬᠡᠯᠡᠪᠡ᠃
ᠼᠤᠤ᠎ᠶ᠋ᠢᠨ ᠱᠠᠨ᠎ᠤ ᠦᠵᠡᠬᠦ᠌᠎ᠪᠡᠷ᠂ ᠮᠢᠬᠠᠨ ᠤ᠋ ᠦᠬᠡᠷ᠎ᠦᠨ ᠠᠵᠤ ᠦᠶ᠋ᠯᠡᠰ᠎ᠢ ᠶᠡᠬᠡ ᠪᠡᠷ ᠬᠦᠭᠵᠢᠭᠦᠯᠵᠦ᠂ ᠪᠣᠷᠳᠣᠬᠤ᠂ ᠨᠢᠲᠤᠯᠬᠤ᠂ ᠨᠠᠷᠢᠯᠢᠭ ᠡᠳ᠋ᠱᠢᠭᠦᠯᠬᠦ ᠵᠡᠷᠭᠡ ᠠᠵᠤ ᠦᠶ᠋ᠯᠡᠰ᠎ᠦᠨ ᠭᠣᠭ᠍ᠴᠣᠭ᠎ᠠ᠎ᠶ᠋ᠢ ᠲᠦᠷᠭᠡᠨ ᠨᠥᠬᠥᠪᠥᠷᠢᠯᠡᠬᠦ᠌ ᠴᠢᠬᠤᠯᠠᠲᠠᠶ ᠪᠠᠢᠨ᠎ᠠ᠃ ᠲᠡᠷᠡ᠂ ᠤᠯᠤᠰ᠎ᠡᠴᠡ ᠮᠢᠬᠠᠨ ᠤ᠋ ᠦᠬᠡᠷ ᠲᠡᠵᠢᠭᠡᠨ ᠦᠷᠡᠵᠢᠭᠦᠯᠬᠦ᠌ ᠭᠠᠵᠠᠷ ᠣᠷᠣᠨ᠎ᠤ ᠲᠣᠰ ᠭᠠᠵᠠᠷ ᠣᠷᠣᠨ᠎ᠤ ᠣᠨᠴᠠᠯᠢᠭᠲᠤ ᠨᠡᠢᠴᠡᠬᠦ᠌ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ ᠪᠠ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ᠎ᠶ᠋ᠢ ᠳᠡᠮᠵᠢᠵᠦ᠍᠂ ᠠᠮᠢᠳᠤ ᠮᠠᠯ᠎ᠤᠨ ᠠᠷᠠᠯᠵᠢᠶ᠎ᠠ ᠪᠠ ᠨᠢᠲᠤᠯᠬᠤ ᠬᠠᠮᠢᠶᠠᠷᠤᠯᠲᠠ᠎ᠶ᠋ᠢ ᠵᠢᠷᠤᠮᠵᠢᠭᠤᠯᠬᠤ ᠭᠡᠷᠡᠭᠳᠠᠢ᠃ ᠲᠣᠮᠣ ᠬᠡᠯᠪᠡᠷᠢ᠎ᠶ᠋ᠢᠨ ᠪᠣᠷᠳᠣᠨ ᠲᠠᠷᠭᠤᠯᠠᠭᠤᠯᠵᠤ ᠲᠡᠵᠢᠭᠡᠨ ᠦᠷᠡᠵᠢᠭᠦᠯᠬᠦ᠌ ᠠᠵᠤ ᠠᠬᠤᠢᠯᠠᠯ᠂ ᠨᠢᠲᠤᠯᠵᠤ ᠡᠳ᠋ᠰᠢᠬᠦᠯᠬᠦ ᠠᠵᠤ ᠠᠬᠤᠢᠯᠠᠯ᠎ᠤᠨ ᠪᠣᠷᠳᠣᠨ ᠲᠠᠷᠭᠤᠯᠠᠭᠤᠯᠵᠤ ᠲᠡᠵᠢᠭᠡᠨ ᠦᠷᠡᠵᠢᠭᠦᠯᠬᠦ᠌᠂ ᠨᠢᠲᠤᠯᠬᠤ᠂ ᠡᠳ᠋ᠰᠢᠬᠦᠯᠬᠦ᠂ ᠲᠣᠬᠢᠷᠠᠭᠤᠯᠤᠨ ᠬᠦᠷᠭᠡᠬᠦ᠌᠂ ᠪᠣᠷᠣᠯᠠᠭᠤᠯᠬᠤ᠎ᠶ᠋ᠢ ᠨᠢᠭᠡ ᠴᠣᠭ᠍ᠴᠠᠵᠢᠭᠤᠯᠤᠨ ᠡᠵᠡᠩᠨᠡᠬᠦ᠌᠎ᠶ᠋ᠢ ᠵᠣᠷᠢᠭ᠍ᠵᠢᠭᠤᠯᠤᠨ᠂ ᠤᠯᠤᠰ᠎ᠲᠠᠭᠠᠨ ᠦᠢᠯᠡᠳᠪᠦᠷᠢᠯᠡᠭ᠌ᠰᠡᠨ ᠦᠬᠡᠷ᠎ᠦᠨ ᠮᠢᠬᠠᠨ᠎ᠤ ᠪᠦᠲᠦᠭᠡᠭ᠌ᠳᠡᠬᠦᠨ᠎ᠢ ᠨᠠᠷᠢᠯᠢᠭ ᠭᠦᠨᠵᠡᠭᠡᠶ ᠡᠳ᠋ᠰᠢᠬᠦᠯᠬᠦ ᠪᠠ ᠲᠤᠰᠠᠯᠠᠬᠤ ᠪᠦᠲᠦᠭᠡᠭ᠌ᠳᠡᠬᠦᠨ᠎ᠢ ᠶᠡᠷᠦᠩᠬᠡᠢᠯᠡᠨ ᠠᠱᠢᠭ᠍ᠯᠠᠬᠤ ᠲᠦᠪᠰᠢᠨ ᠢ᠋ ᠳᠡᠭᠡᠭ᠌ᠰᠢᠯᠡᠭᠦᠯᠬᠦ ᠭᠡᠷᠡᠭᠳᠠᠢ᠃ ᠡᠭᠦᠨ᠎ᠦ ᠵᠡᠷᠭᠡ ᠪᠡᠷ᠂ ᠠᠮᠢᠳᠤ ᠮᠠᠯ᠎ᠢ ᠲᠤᠬᠠᠶ᠎ᠶ᠋ᠢᠨ ᠭᠠᠵᠠᠷ᠎ᠲᠤᠨᠢ ᠨᠢᠲᠤᠯᠵᠤ ᠡᠳ᠋ᠱᠢᠭᠦᠯᠬᠦ ᠶ᠋ᠢ ᠠᠬᠢᠭᠤᠯᠵᠤ᠂ ᠬᠦᠶ᠋ᠲᠡᠨ᠎ᠢᠶᠡᠷ ᠬᠠᠳᠠᠭᠠᠯᠠᠬᠤ ᠡᠳ᠋ᠱᠢᠭᠦᠯᠬᠦ ᠲᠦᠬᠦᠭᠡᠷᠤᠮᠵᠢ ᠪᠠ ᠲᠡᠭᠡᠭᠡᠪᠦᠷᠢ᠎ᠶ᠋ᠢᠨ ᠬᠦᠶ᠋ᠲᠡᠨ ᠬᠡᠯᠬᠢᠶ᠎ᠡ᠎ᠶ᠋ᠢ ᠬᠦᠴᠦᠯᠡᠨ ᠪᠠᠢᠭᠤᠯᠵᠤ᠂ ᠠᠮᠢᠳᠤ ᠮᠠᠯ᠎ᠢ ᠵᠦᠭᠡᠭᠡᠪᠦᠷᠢᠯᠡᠬᠦ ᠵᠢ ᠬᠦᠶ᠋ᠲᠡᠨ᠎ᠢᠶᠡᠷ ᠱᠢᠨ᠎ᠡ ᠰᠣᠷᠭᠣᠭ᠎ᠢᠶᠠᠷ ᠦᠶ᠋ᠯᠡᠳᠬᠦᠨ ᠵᠦᠭᠡᠭᠡᠪᠦᠷᠢᠯᠡᠬᠦ ᠪᠤᠯᠭᠠᠨ ᠬᠤᠪᠢᠷᠠᠭᠤᠯᠬᠤ᠎ᠶ᠋ᠢ ᠠᠬᠢᠭᠤᠯᠬᠤ ᠭᠡᠷᠡᠭᠳᠠᠢ ᠭᠡᠵᠤ ᠰᠠᠨᠠᠭᠤᠯᠪᠠ᠃
( ᠭᠡᠷᠡᠯ ᠵᠢᠷᠤᠭ᠎ᠢ ᠼᠤᠤ᠎ᠶ᠋ᠢᠨ ᠱᠠᠠ ᠬᠠᠩᠭᠠᠪᠠ)