ᠶᠡᠷᠦᠩᠬᠡᠶ ᠰᠠᠢᠳ ᠯᠢ ᠴᠢᠶᠠᠩ ᠰᠣᠷᠪᠣᠯᠵᠢᠯᠠᠭ᠍ᠴᠢᠳ᠎ᠤᠨ ᠬᠤᠷᠠᠯ᠎ᠳᠤ ᠣᠷᠣᠯᠴᠠᠭ᠍ᠰᠠᠨ ᠪᠥᠭᠡᠳ ᠳᠤᠮᠳᠠᠳᠤ ᠭᠠᠳᠠᠭᠠᠳᠤ᠎ᠶ᠋ᠢᠨ ᠰᠣᠷᠪᠣᠯᠵᠢᠯᠠᠭ᠍ᠴᠢᠳ᠎ᠤᠨ ᠳᠤᠷᠠᠳᠤᠭᠰᠠᠨ ᠠᠰᠠᠭᠤᠯᠲᠠ᠎ᠶ᠋ᠢ ᠬᠠᠷᠢᠭᠤᠯᠪᠠ
2023-03-14 11:05:32
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


QQ截图20230314110311.png

 

3  ᠰᠠᠷ᠎ᠠ ᠵᠢᠨ 13᠎ᠤ ᠡᠳᠤᠷ ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠪᠡᠭᠡᠵᠢᠨᠭ ᠎ᠤᠨ  ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠰᠤᠷᠪᠤᠯᠵᠢᠯᠠᠭ᠍ᠴᠢᠳ᠎ᠤᠨ ᠬᠤᠷᠠᠯ ᠬᠢᠵᠦ᠍᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢᠳ ᠯᠢ ᠴᠢᠶᠠᠩ ᠶᠡᠬᠡ ᠬᠤᠷᠠᠯ᠎ᠤᠨ ᠥᠭᠦᠯᠡᠭ᠌ᠴᠢ ᠸᠠᠩ ᠴᠤᠤ᠎ᠶ᠋ᠢᠨ ᠤᠷᠢᠯᠭ᠎ᠠ᠎ᠪᠠᠷ ᠰᠤᠷᠪᠤᠯᠵᠢᠯᠠᠭ᠍ᠴᠢᠳ᠎ᠤᠨ ᠬᠤᠷᠠᠯ᠎ᠳᠤ ᠣᠷᠣᠯᠴᠠᠬᠰᠠᠨ᠎ᠦ ᠬᠠᠮᠲᠤ᠂ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢᠳ᠎ᠤᠨ ᠳᠤᠷᠠᠳᠤᠬᠰᠠᠨ ᠠᠰᠠᠭᠤᠯᠲᠠ᠎ᠶ᠋ᠢ ᠬᠠᠷᠢᠭᠤᠯᠪᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ ᠳ᠋ᠢᠩ ᠱᠢᠤᠸᠠᠢ ᠱᠢᠶᠠᠩ᠂ ᠾᠧ ᠯᠢ ᠹᠸᠩ᠂ ᠵᠠᠩ ᠭᠦᠸᠧ ᠴᠢᠩ᠂ ᠯᠢᠦ ᠭᠦᠸᠧ ᠵᠦᠩ ᠣᠷᠣᠯᠴᠠᠪᠠ᠃ ᠵᠢᠷᠤᠭ ᠪᠤᠯ ᠯᠢ ᠴᠢᠶᠠᠩ ᠰᠤᠷᠪᠤᠯᠵᠢᠯᠠᠬᠴᠢᠤᠨ ᠎ᠤᠨ ᠠᠰᠠᠭᠤᠯᠳᠠ ᠵᠢ ᠬᠠᠷᠢᠭᠤᠯᠵᠤ ᠪᠠᠢᠭ᠎ᠠ ᠨᠢ᠃        

 ᠰᠢᠨᠬᠤᠸᠠ ᠬᠤᠷᠢᠶ᠎ᠠ ᠵᠢᠨ ᠰᠤᠷᠪᠤᠯᠵᠢᠯᠠᠬᠴᠢ  ᠯᠢᠤ ᠪᠢᠨ  ᠰᠡᠬᠥᠳᠡᠷᠯᠡᠪᠡ


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ 13 ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠰᠤᠷᠪᠤᠯᠵᠢᠯᠠᠭ᠍ᠴᠢᠳ᠎ᠤᠨ ᠬᠤᠷᠠᠯ ᠬᠢᠵᠦ᠍᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢᠳ ᠯᠢ ᠴᠢᠶᠠᠩ ᠶᠡᠬᠡ ᠬᠤᠷᠠᠯ᠎ᠤᠨ ᠥᠭᠦᠯᠡᠭ᠌ᠴᠢ ᠸᠠᠩ ᠴᠤᠤ᠎ᠶ᠋ᠢᠨ ᠤᠷᠢᠯᠭ᠎ᠠ᠎ᠪᠠᠷ ᠰᠤᠷᠪᠤᠯᠵᠢᠯᠠᠭ᠍ᠴᠢᠳ᠎ᠤᠨ ᠬᠤᠷᠠᠯ᠎ᠳᠤ ᠣᠷᠣᠯᠴᠠᠬᠰᠠᠨ᠎ᠦ ᠬᠠᠮᠲᠤ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢᠳ᠎ᠤᠨ ᠳᠤᠷᠠᠳᠤᠬᠰᠠᠨ ᠠᠰᠠᠭᠤᠯᠲᠠ᠎ᠶ᠋ᠢ ᠬᠠᠷᠢᠭᠤᠯᠪᠠ᠃ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢᠳ ᠳ᠋ᠢᠩ ᠱᠢᠤᠸᠠᠢ ᠱᠢᠶᠠᠩ᠂ ᠾᠧ ᠯᠢ ᠹᠸᠩ᠂ ᠵᠠᠩ ᠭᠦᠸᠧ ᠴᠢᠩ᠂ ᠯᠢᠦ ᠭᠦᠸᠧ ᠵᠦᠩ ᠣᠷᠣᠯᠴᠠᠵᠠᠢ᠃

ᠰᠤᠷᠪᠤᠯᠵᠢᠯᠠᠭ᠍ᠴᠢᠳ᠎ᠤᠨ ᠬᠤᠷᠠᠯ ᠡᠬᠢᠯᠡᠬᠦ᠌ ᠦᠶ᠎ᠡ᠎ᠳᠦ ᠯᠢ ᠴᠢᠶᠠᠩ᠂ ᠥᠨᠥᠳᠦᠷ ᠵᠠᠭᠤᠴᠢᠯᠠᠭᠤᠷ᠎ᠤᠨ ᠨᠠᠢᠵᠠ᠎ᠨᠠᠷ᠎ᠲᠠᠶ ᠡᠨᠳᠡ ᠠᠭᠤᠯᠵᠠᠵᠤ ᠰᠠᠨᠠᠯ᠎ᠢᠶᠠᠨ ᠰᠣᠯᠢᠯᠴᠠᠬᠤ ᠪᠣᠯᠤᠭ᠍ᠰᠠᠨ᠎ᠳᠠᠭᠠᠨ ᠮᠠᠰᠢ ᠪᠠᠶᠠᠷᠯᠠᠵᠤ ᠪᠠᠢᠨ᠎ᠠ᠂ ᠡᠩ ᠲᠡᠷᠢᠭᠦᠨ᠎ᠳᠦ ᠤᠯᠠᠨ᠎ᠤ ᠡᠨᠡ ᠤᠳᠠᠭ᠎ᠠ᠎ᠶ᠋ᠢᠨ ᠳᠤᠮᠳᠠᠳᠤ ᠤᠯᠤᠰ᠎ᠤᠨ ᠬᠣᠶᠠᠷ ᠬᠤᠷᠠᠯ᠎ᠢ ᠮᠡᠳᠡᠭᠡᠯᠡᠬᠦ᠌᠎ᠵᠢᠨ ᠲᠦᠯᠦᠭᠡ ᠭᠠᠷᠭᠠᠭ᠍ᠰᠠᠨ ᠶᠠᠳᠠᠷᠠᠯ ᠵᠦᠳᠡᠷᠡᠯ᠎ᠳᠦ ᠲᠠᠯᠠᠷᠬᠠᠵᠤ ᠪᠠᠢᠨ᠎ᠠ ᠬᠡᠵᠥ ᠬᠡᠯᠡᠪᠡ᠃ ᠯᠢ ᠴᠢᠶᠠᠩ᠂ ᠪᠢᠳᠡ ᠨᠠᠮ ᠪᠣᠯᠤᠨ ᠠᠷᠠᠳ ᠲᠦᠮᠡᠨ᠎ᠦ ᠢᠲᠡᠭᠡᠯ᠎ᠳᠦ ᠴᠢᠩ ᠰᠡᠳᠭᠢᠯ᠎ᠡᠴᠡ᠎ᠪᠡᠨ ᠲᠠᠯᠠᠷᠬᠠᠵᠤ ᠪᠠᠢᠨ᠎ᠠ᠂ ᠡᠭᠦᠷᠭᠡᠯᠡᠵᠦ᠍ ᠪᠠᠢᠭ᠎ᠠ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠬᠡ ᠬᠡᠷᠡᠯᠳᠡᠢ ᠬᠡᠳᠡᠭ᠎ᠢ ᠴᠦ᠍ ᠭᠦᠨᠵᠡᠭᠡᠢ ᠣᠢᠯᠠᠭᠠᠵᠤ ᠪᠠᠢᠨ᠎ᠠ᠃ ᠪᠢᠳᠡ ᠯᠠᠪᠳᠠᠢ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠬᠰᠠᠨ ᠨᠠᠮ᠎ᠤᠨ ᠲᠥᠪ ᠬᠣᠷᠢᠶ᠎ᠠ ᠵᠢᠨ ᠪᠠᠳᠤ ᠴᠢᠩᠭ᠎ᠠ ᠤᠳᠤᠷᠢᠳᠤᠯᠭ᠎ᠠ᠎ᠳᠣᠣᠷ᠎ᠠ᠂ ᠥᠷᠭᠡᠨ ᠤᠯᠠᠨ ᠠᠷᠠᠳ ᠲᠦᠮᠡᠨ ᠳ᠋ᠦ ᠴᠢᠩᠭ᠎ᠠ ᠲᠦᠱᠢᠭ᠌ᠯᠡᠨ᠂ ᠬᠦᠴᠦᠯᠡᠨ ᠴᠢᠷᠮᠠᠢᠵᠤ ᠵᠢᠳᠬᠦᠯ ᠭᠠᠷᠭᠠᠬᠤ ᠤᠶᠤᠨ ᠰᠠᠨᠠᠭᠠᠨ᠎ᠤ ᠳᠦᠷᠰᠦ ᠪᠠᠢᠳᠠᠯ ᠪᠠ 《 ᠴᠠᠭ ᠢᠮᠠᠭ᠍ᠲᠠ ᠰᠡᠳᠭᠢᠯ ᠠᠮᠤᠷ ᠦᠭᠡᠢ ᠪᠠᠢᠬᠤ》 ᠬᠠᠷᠢᠭᠤᠴᠠᠯᠭᠠᠲᠤ ᠤᠬᠠᠮᠰᠠᠷ᠎ᠢᠶᠠᠷ ᠦᠨᠳᠦᠰᠦᠨ ᠬᠠᠤᠯᠢ ᠪᠠ ᠬᠠᠤᠯᠢ ᠴᠠᠭᠠᠵᠠ ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ ᠱᠢᠳᠤᠷᠭᠤ᠎ᠪᠠᠷ ᠭᠦᠢᠴᠡᠳᠭᠡᠵᠦ᠍᠂ ᠤᠮᠤᠭ ᠵᠤᠷᠢᠭ ᠪᠠᠳᠠᠷᠠᠩᠭᠤᠢ ᠪᠡᠷ ᠡᠷᠡᠮᠡᠬᠡᠢᠯᠡᠨ ᠤᠷᠤᠭ᠍ᠰᠢᠯᠠᠵᠤ᠂ ᠨᠡᠢᠲᠡ᠎ᠶ᠋ᠢᠨ ᠲᠥᠯᠥᠭᠡ ᠠᠷᠢᠭᠤᠨ ᠴᠢᠬᠡᠴᠢ᠎ᠪᠡᠷ ᠵᠢᠳᠬᠦᠵᠦ᠍᠂ ᠦᠨᠡᠨ ᠰᠡᠳᠭᠢᠯ᠎ᠡᠴᠡ᠎ᠪᠡᠨ ᠮᠠᠷᠠᠢᠨ ᠵᠢᠳᠬᠦᠵᠥ᠂ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠬᠤ ᠦᠭᠡᠢ ᠶᠤᠮ ᠬᠡᠵᠥ ᠢᠯᠡᠳᠬᠡᠪᠡ᠃

ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ᠎ᠶ᠋ᠢᠨ ᠰᠤᠷᠪᠤᠯᠵᠢᠯᠠᠭ᠍ᠴᠢ ᠄ ᠡᠩ ᠲᠡᠷᠢᠭᠦᠨ᠎ᠳᠦ ᠲᠠ ᠪᠣᠯᠤᠨ ᠳᠥᠷᠪᠡᠨ ᠳᠡᠳ᠋ ᠶᠡᠷᠦᠩᠬᠡᠶ ᠰᠠᠢᠳ᠎ᠤᠨ ᠱᠢᠨ᠎ᠡ ᠪᠡᠷ ᠲᠤᠱᠢᠶᠠᠯ᠎ᠳᠤ ᠭᠠᠷᠤᠭ᠍ᠰᠠᠨ᠎ᠳᠤ ᠪᠠᠶᠠᠷ ᠬᠦᠷᠭᠡᠵᠦ᠍ ᠪᠠᠢᠨ᠎ᠠ᠃ ᠱᠢᠨ᠎ᠡ ᠨᠢᠭᠡ ᠬᠤᠭᠤᠴᠠᠭᠠᠨ᠎ᠤ ᠵᠠᠰᠠᠭ᠎ᠤᠨ ᠣᠷᠳᠣᠨ᠎ᠤ ᠲᠤᠱᠢᠶᠠᠯ᠎ᠤᠨ ᠬᠤᠭᠤᠴᠠᠭ᠎ᠠ ᠪᠤᠯᠬᠤ ᠢᠷᠡᠭᠡᠳᠦᠢ ᠵᠢᠨ ᠲᠠᠪᠤᠨ ᠵᠢᠯ ᠨᠢ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠤᠯᠤᠰ ᠲᠦ᠍ ᠠᠪᠴᠤ᠌ ᠬᠡᠯᠡᠪᠡᠯ ᠡᠬᠢᠯᠡᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠢᠨ ᠱᠢᠨ᠎ᠡ ᠨᠢᠭᠡ ᠬᠤᠭᠤᠴᠠᠭᠠᠨ᠎ᠤ ᠵᠠᠰᠠᠭ᠎ᠤᠨ ᠣᠷᠳᠣᠨ᠎ᠤ ᠠᠵᠢᠯ᠎ᠢ ᠲᠤᠢᠯ᠎ᠢᠶᠠᠷ ᠠᠩᠬᠠᠷᠴᠤ᠌ ᠪᠠᠢᠨ᠎ᠠ᠃ ᠱᠢᠨ᠎ᠡ ᠨᠢᠭᠡ ᠬᠤᠭᠤᠴᠠᠭᠠᠨ᠎ᠤ ᠵᠠᠰᠠᠭ ᠤ᠋ᠨ ᠣᠷᠳᠣᠨ᠎ᠤ ᠵᠠᠰᠠᠭ ᠶᠠᠪᠤᠭᠤᠯᠬᠤ ᠬᠠᠷᠠᠯᠲᠠ ᠨᠢ ᠶᠠᠭᠤ ᠪᠣᠶ? ᠶᠠᠮᠠᠷ ᠶᠠᠮᠠᠷ ᠠᠵᠢᠯ᠎ᠤᠨ ᠭᠤᠤᠯᠳᠠᠯᠭ᠎ᠠ ᠪᠠᠢᠬᠤ ᠪᠣᠶ? ᠠᠵᠢᠯ᠎ᠢᠶᠠᠨ ᠬᠡᠷᠬᠢᠨ ᠥᠷᠨᠢᠭᠦᠯᠬᠦ᠌ ᠪᠤᠢ?

ᠯᠢ ᠴᠢᠶᠠᠩ ᠄ ᠲᠠᠨ᠎ᠤ ᠪᠠᠶᠠᠷ ᠬᠦᠷᠭᠡᠭ᠌ᠰᠡᠨ᠎ᠳᠦ ᠲᠠᠯᠠᠷᠬᠠᠵᠤ ᠪᠠᠢᠨ᠎ᠠ᠂  ᠲᠠ ᠤᠯᠠᠨ᠎ᠤ ᠱᠢᠨ᠎ᠡ ᠨᠢᠭᠡ ᠬᠤᠭᠤᠴᠠᠭᠠᠨ᠎ᠤ ᠵᠠᠰᠠᠭ᠎ᠤᠨ ᠣᠷᠳᠣᠨ᠎ᠤ ᠠᠵᠢᠯ᠎ᠢ ᠬᠠᠯᠠᠮᠵᠢᠯᠠᠵᠥ ᠪᠠᠢᠭ᠎ᠠ᠎ᠳᠤ ᠲᠠᠯᠠᠷᠬᠠᠵᠤ ᠪᠠᠢᠨ᠎ᠠ᠃

ᠨᠢᠳᠤᠨᠤᠨ᠎ᠤ 10 ᠰᠠᠷ᠎ᠠ᠎ᠳᠤ ᠬᠤᠷᠠᠯᠳᠤᠭᠤᠯᠤᠭ᠍ᠰᠠᠨ ᠨᠠᠮ᠎ᠤᠨ ᠬᠣᠷᠢᠳᠤᠭᠠᠷ ᠶᠡᠬᠡ ᠬᠤᠷᠠᠯ ᠡᠴᠡ ᠮᠠᠨ᠎ᠤ ᠤᠯᠤᠰ᠎ᠤᠨ ᠬᠣᠢᠱᠢᠳᠠ᠎ᠶ᠋ᠢᠨ ᠲᠠᠪᠤᠨ ᠵᠢᠯ ᠪᠠ ᠨᠡᠩ ᠤᠷᠳᠤ ᠬᠤᠭᠤᠴᠠᠭᠠᠨ᠎ᠤ ᠬᠥᠭ᠌ᠵᠢᠯᠲᠡ᠎ᠳᠦ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ ᠬᠢᠪᠠ᠂ ᠤᠯᠠᠨ᠎ᠢᠶᠠᠷ᠎ᠢᠶᠠᠨ ᠨᠡᠯᠢᠶᠡᠳ ᠰᠡᠳᠭᠢᠯ ᠲᠠᠯᠪᠢᠵᠤ ᠪᠠᠢᠭ᠎ᠠ ᠴᠢᠬᠤᠯᠠ ᠶᠡᠬᠡ ᠠᠰᠠᠭᠤᠳᠠᠯ᠎ᠤᠨ ᠲᠤᠬᠠᠢ ᠴᠥᠮ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠡᠴᠡ ᠲᠣᠳᠣᠷᠬᠠᠢ ᠬᠠᠷᠢᠭᠤᠯᠲᠠ ᠣᠯᠵᠤ ᠴᠢᠳᠠᠬᠤ ᠶᠤᠮ᠃

ᠱᠢᠨ᠎ᠡ ᠨᠢᠭᠡ ᠬᠤᠭᠤᠴᠠᠭᠠᠨ᠎ᠤ ᠵᠠᠰᠠᠭ᠎ᠤᠨ ᠣᠷᠳᠣᠨ᠎ᠤ ᠠᠵᠢᠯ ᠪᠣᠯ ᠳᠠᠷᠤᠢ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠰᠠᠢᠲᠤᠷ ᠲᠤᠭᠤᠱᠢᠯᠠᠭᠤᠯᠵᠤ᠂ ᠰᠠᠢᠲᠤᠷ ᠨᠠᠢᠳᠠᠪᠤᠷᠢᠵᠢᠭᠤᠯᠵᠤ ᠂ ᠨᠠᠮ᠎ᠤᠨ ᠬᠣᠷᠢᠳᠤᠭᠠᠷ ᠶᠡᠬᠡ ᠬᠤᠷᠠᠯ ᠡᠴᠡ ᠵᠢᠷᠤᠭ᠍ᠯᠠᠭ᠍ᠰᠠᠨ ᠠᠤᠭ᠎ᠠ ᠵᠢᠷᠤᠭ ᠲᠥᠰᠦᠪ᠎ᠢ ᠪᠠᠷᠢᠯᠭ᠎ᠠ᠎ᠶ᠋ᠢᠨ ᠵᠢᠷᠤᠭ ᠲᠥᠯᠥᠪᠯᠡᠭᠡ ᠪᠣᠯᠭᠠᠨ ᠬᠤᠪᠢᠷᠠᠭᠤᠯᠵᠤ᠂ ᠪᠦᠬᠦ᠌ ᠤᠯᠤᠰ᠎ᠤᠨ ᠠᠷᠠᠳ ᠲᠦᠮᠡᠨ᠎ᠲᠡᠶ ᠬᠠᠮᠲᠤ᠎ᠪᠠᠷ᠂ ᠯᠠᠪᠳᠠᠭᠤᠨ ᠪᠠᠲᠤᠲᠠᠢ᠎ᠪᠠᠷ ᠠᠤᠭ᠎ᠠ ᠵᠢᠷᠤᠭ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠤᠨ᠎ᠠ᠃

ᠬᠣᠢᠱᠢᠳᠠ᠎ᠶ᠋ᠢᠨ ᠠᠵᠢᠯ᠎ᠤᠨ ᠳᠤᠮᠳᠠ᠂ ᠡᠢᠮᠦ᠍ ᠬᠡᠳᠦᠨ ᠲᠠᠯ᠎ᠠ᠎ᠶ᠋ᠢ ᠪᠢᠳᠡ ᠭᠣᠣᠯᠳᠠᠯᠭ᠎ᠠ᠎ᠲᠠᠶ ᠡᠵᠡᠮᠳᠡᠬᠦ᠌ ᠪᠤᠯᠤᠨ᠎ᠠ᠄

ᠨᠢᠭᠡᠳᠦᠭᠡᠷ᠎ᠲᠦ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠨ᠎ᠠ᠃ ᠦᠨᠡᠨ᠎ᠢ ᠬᠡᠯᠡᠪᠡᠯ᠂ ᠨᠠᠮ ᠪᠠ ᠵᠠᠰᠠᠭ᠎ᠤᠨ ᠣᠷᠳᠣᠨ᠎ᠤ ᠠᠯᠢᠪᠠ ᠠᠵᠢᠯ᠎ᠤᠨ ᠵᠣᠷᠢᠯᠲᠠ ᠪᠣᠯ ᠠᠷᠠᠳ ᠲᠦᠮᠡᠨ᠎ᠳᠦ ᠪᠤᠶᠠᠨ ᠦᠢᠯᠡᠳᠬᠦ᠌ ᠶᠠᠪᠤᠳᠠᠯ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ᠄ 《ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯ ᠪᠢᠳᠡᠨ᠎ᠦ ᠲᠡᠮᠡᠴᠡᠬᠦ᠌ ᠬᠠᠷᠠᠯᠲᠠ ᠮᠥᠨ》 ᠬᠡᠵᠥ ᠬᠡᠯᠡᠵᠥ ᠦᠩᠬᠡᠷᠡᠪᠡ᠃ ᠪᠢᠳᠡ ᠬᠡᠵᠢᠶ᠎ᠡ ᠴᠦ᠍ ᠭᠡᠰᠡᠨ ᠠᠷᠠᠳ᠎ᠤᠨ ᠵᠠᠰᠠᠭ᠎ᠤᠨ ᠣᠷᠳᠣᠨ᠎ᠤ ᠡᠮᠦᠨᠡᠬᠢ《ᠠᠷᠠᠳ ᠲᠦᠮᠡᠨ》 ᠭᠡᠳᠡᠭ ᠦᠭᠡ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠪᠤᠯᠭᠠᠨ ᠎ᠢ  ᠯᠠᠪᠳᠠᠭᠤᠨ ᠪᠠᠲᠤᠲᠠᠢ ᠰᠠᠢᠲᠤᠷ ᠬᠢᠨ᠎ᠡ᠃ ᠪᠤᠰᠤᠳᠴᠢ᠎ᠪᠠᠷ ᠶᠠᠷᠢᠪᠠᠯ ᠂ ᠵᠣᠩᠬᠢᠯᠠᠬᠤ ᠤᠯᠠᠨ ᠲᠣᠭᠠᠨ᠎ᠤ ᠠᠷᠠᠳ ᠲᠦᠮᠡᠨ  GDP ᠵᠢᠨ ᠨᠡᠮᠡᠭ᠌ᠳᠡᠯ ᠬᠡᠳᠦᠢ ᠨᠡᠮᠡᠭ᠌ᠳᠡᠭ᠌ᠰᠡᠨ᠎ᠢ ᠡᠳᠤᠷᠵᠢᠨ ᠠᠩᠬᠠᠷᠴᠤ᠌ ᠦᠵᠡᠬᠦ᠌ ᠦᠭᠡᠢ ᠶᠤᠮ᠂ ᠤᠯᠠᠨ᠎ᠢᠶᠠᠷ᠎ᠢᠶᠠᠨ ᠣᠷᠣᠨ ᠰᠠᠭᠤᠴᠠ᠂ ᠠᠵᠢᠯ ᠣᠯᠭᠣᠯᠲᠠ᠂ ᠣᠷᠣᠯᠭ᠎ᠠ᠂ ᠰᠤᠷᠭᠠᠨ ᠬᠥᠮᠦᠵᠢᠯ᠂ ᠡᠪᠡᠳᠴᠢᠨ ᠦᠵᠡᠭᠦᠯᠬᠦ᠌᠂ ᠠᠮᠢ ᠠᠬᠤᠢ ᠣᠷᠴᠢᠨ ᠲᠣᠭᠣᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠵᠢᠡᠨ ᠨᠡᠩ ᠠᠩᠬᠠᠷᠴᠤ᠌ ᠪᠠᠢᠳᠠᠬ᠃ ᠵᠠᠰᠠᠭ᠎ᠤᠨ ᠣᠷᠳᠣᠨ᠎ᠤ ᠠᠵᠢᠯ ᠪᠣᠯ  ᠠᠷᠠᠳ ᠣᠯᠠᠨ᠎ᠤ ᠪᠣᠳᠠᠲᠠᠢ ᠲᠦᠷᠦᠭ᠌ᠳᠡᠯ᠎ᠲᠡᠶ ᠣᠢ᠌ᠷᠠᠳᠣᠭᠣᠯᠵᠥ᠍ ᠪᠠᠢᠭᠠᠳ ᠳᠦᠯᠦᠪᠯᠡᠬᠡ ᠬᠢᠵᠥ ᠠᠬᠢᠭᠤᠯᠵᠤ᠂ ᠠᠷᠠᠳ ᠲᠦᠮᠡᠨ ᠬᠦᠰᠡᠯ ᠡᠷᠡᠮᠡᠯᠵᠡᠯ᠎ᠲᠡᠶ ᠪᠠᠢᠪᠠᠯ ᠵᠠᠰᠠᠭ᠎ᠤᠨ ᠤᠷᠳᠤᠨ ᠵᠢᠳᠬᠦᠯ ᠴᠢᠷᠮᠠᠢᠯᠭ᠎ᠠ᠎ᠲᠠᠶ ᠪᠠᠢᠬᠤ᠎ᠶ᠋ᠢ ᠦᠨᠡᠨ ᠬᠦ᠌ ᠪᠡᠶᠡᠯᠡᠭᠦᠯᠬᠦ᠌ ᠶᠠᠪᠤᠳᠠᠯ ᠪᠣᠯᠤᠨ᠎ᠠ᠃

ᠬᠣᠶᠠᠳᠤᠭᠠᠷ᠎ᠲᠤ᠂ ᠬᠦᠴᠦᠨ᠎ᠢᠶᠡᠨ ᠲᠥᠪᠯᠡᠷᠡᠭᠦᠯᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ᠃ ᠡᠨᠡ ᠤᠳᠠᠭ᠎ᠠ᠎ᠶ᠋ᠢᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠴᠢᠨᠠᠷ ᠰᠠᠢᠲᠠᠢ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠪᠠᠲᠤ ᠡᠵᠡᠮᠳᠡᠬᠦ᠌ ᠬᠡᠷᠡᠭ᠌ᠲᠡᠢ ᠭᠡᠵᠦ᠍ ᠣᠨᠴᠠᠭᠠᠢᠯᠠᠨ ᠴᠢᠬᠤᠯᠠᠴᠢᠯᠠᠪᠠ᠃ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ ᠨᠢᠭᠡᠨᠲᠡ ᠯᠤᠲᠤ ᠶᠡᠬᠡ ᠠᠮᠵᠢᠯᠲᠠ ᠪᠦᠲᠦᠮᠵᠢ ᠣᠯᠵᠤ᠂ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ ᠳᠡᠯᠡᠬᠡᠢ᠎ᠶ᠋ᠢᠨ ᠬᠣᠶᠠᠳᠤᠭᠠᠷ᠎ᠲᠤ ᠪᠠᠲᠤᠲᠠᠢ ᠤᠷᠤᠭ᠍ᠰᠠᠨ ᠪᠣᠯᠪᠠᠴᠤ᠌ ᠬᠥᠭ᠌ᠵᠢᠯᠲᠡ ᠮᠦᠨ ᠲᠡᠩᠴᠡᠭᠦᠷᠢ ᠦᠭᠡᠢ᠂ ᠭᠦᠢᠴᠡᠳ ᠪᠤᠰᠤ ᠪᠠᠢᠨ᠎ᠠ᠃ ᠶᠠᠮᠠᠷᠪᠠ ᠨᠢᠭᠡ ᠶᠡᠷᠦᠩᠬᠡᠶ ᠬᠡᠮᠵᠢᠶᠡᠨ᠎ᠦ ᠭᠦᠶ᠋ᠴᠡᠳᠭᠡᠯ ᠲᠣᠭ᠎ᠠ᠎ᠶ᠋ᠢ 14 ᠳ᠋ᠦᠩᠱᠢᠭᠤᠷ ᠭᠠᠷᠤᠶ ᠬᠥᠮᠦᠨ ᠠᠮᠠ᠎ᠶ᠋ᠢᠨ ᠰᠠᠭᠤᠷᠢ ᠲᠣᠭ᠎ᠠ ᠳᠡᠭᠡᠷ᠎ᠡ ᠨᠣᠭ᠍ᠳᠠᠭᠤᠯᠪᠠᠯ᠂ ᠬᠥᠮᠦᠨ ᠳᠤᠮᠳᠠᠴᠢ᠎ᠶ᠋ᠢᠨ ᠬᠢᠷᠢ ᠬᠡᠮᠵᠢᠶ᠎ᠡ ᠨᠢ ᠴᠥᠮ ᠨᠡᠯᠢᠶᠡᠳ ᠬᠢᠵᠠᠭᠠᠷ᠎ᠲᠠᠶ ᠪᠠᠢᠳᠠᠭ᠃ ᠤᠳᠤ᠂ ᠮᠠᠨ᠎ᠤ ᠬᠥᠭ᠌ᠵᠢᠯᠲᠡ ᠵᠢᠨ ᠤᠯᠠᠩᠬᠢ ᠨᠢ ᠵᠥᠪᠬᠡᠨ 《ᠪᠠᠢᠬᠤ ᠡᠰᠡᠬᠦ᠌》 ᠠᠰᠠᠭᠤᠳᠠᠯ᠎ᠢ ᠯᠠ ᠱᠢᠢᠳᠪᠦᠷᠢᠯᠡᠵᠦ᠍ ᠪᠠᠢᠨ᠎ᠠ᠂ ᠲᠠᠷᠠᠭᠠᠴᠢ᠎ᠶ᠋ᠢᠨ ᠠᠯᠬᠤᠮ᠎ᠳᠤ 《ᠰᠠᠢ᠌ᠨ ᠡᠰᠡᠬᠦ᠌》 ᠠᠰᠠᠭᠤᠳᠠᠯ᠎ᠢ ᠨᠡᠩ ᠴᠢᠬᠤᠯᠠᠴᠢᠯᠠᠨ ᠱᠢᠢᠳᠪᠦᠷᠢᠯᠡᠬᠦ᠌ ᠴᠢᠬᠤᠯᠠᠲᠠᠢ᠂ ᠢᠯᠠᠩᠭᠤᠶ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠳᠡᠭᠡᠭ᠌ᠰᠢᠯᠡᠭᠦᠯᠬᠦ᠌᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠂ ᠬᠥᠭ᠌ᠵᠢᠯᠲᠡ᠎ᠶ᠋ᠢᠨ ᠠᠷᠭ᠎ᠠ ᠮᠠᠶᠢᠭ᠎ᠤᠨ ᠪᠣᠬᠢᠷᠲᠤᠯ ᠦᠭᠡᠢ ᠳᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ ᠵᠡᠷᠭᠡ ᠪᠣᠯᠤᠨ᠎ᠠ᠃ ᠶᠡᠷᠦᠩᠬᠡᠶ᠎ᠳᠦᠨᠢ ᠠᠪᠴᠤ᠌ ᠬᠡᠯᠡᠪᠡᠯ᠂ ᠪᠢᠳᠡ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂  ᠵᠦᠪ ᠣᠨᠣᠪᠴᠢᠲᠠᠶ᠂ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠬᠡᠷᠡᠭᠳᠡᠢ᠃

ᠭᠤᠷᠪᠠᠳᠤᠭᠠᠷ᠎ᠲᠤ᠂ ᠥᠭᠡᠷᠡᠴᠢᠯᠡᠯᠲᠡ ᠨᠡᠭᠡᠭᠡᠯᠳᠡ᠎ᠶ᠋ᠢ ᠡᠷᠡᠰ ᠭᠤᠢᠪᠢᠰᠢ ᠦᠭᠡᠢ ᠭᠦᠨᠵᠡᠭᠡᠢᠷᠡᠭᠦᠯᠦᠨ᠎ᠡ᠃ ᠥᠭᠡᠷᠡᠴᠢᠯᠡᠯᠲᠡ ᠨᠡᠬᠡᠬᠡᠯᠳᠡ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠬᠤᠪᠢ ᠵᠠᠶᠠᠭ᠎ᠠ᠎ᠶ᠋ᠢ ᠲᠣᠭ᠍ᠲᠠᠭᠠᠬᠤ ᠵᠠᠩᠭᠢᠯᠠᠭ᠎ᠠ᠎ᠶ᠋ᠢᠨ ᠠᠷᠭ᠎ᠠ ᠪᠣᠯᠤᠨ᠎ᠠ᠂ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠲᠡᠦᠬᠡᠨ ᠠᠬᠢᠴᠠ ᠳᠤᠮᠳᠠ᠂ ᠪᠠᠰᠠ ᠴᠤ᠌《ᠥᠭᠡᠷᠡᠴᠢᠯᠡᠯᠲᠡ᠎ᠶ᠋ᠢᠨ ᠬᠣᠭᠣᠯᠠ᠎ᠵᠢ ᠢᠳᠡᠵᠦ᠍᠂ ᠨᠡᠬᠡᠬᠡᠯᠳᠡ᠎ᠶ᠋ᠢᠨ ᠵᠠᠮ᠎ᠢᠶᠠᠷ ᠵᠠᠮᠨᠠᠬᠤ》 ᠬᠡᠷᠡᠭ᠌ᠲᠡᠢ᠃ 

ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠥᠭᠡᠷᠡᠴᠢᠯᠡᠯᠲᠡ᠎ᠶ᠋ᠢᠨ ᠴᠢᠭ᠌ᠯᠡᠯ᠎ᠢ ᠪᠠᠷᠢᠮᠲᠠᠯᠠᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠪᠠᠷᠢᠮᠲᠠᠯᠠᠵᠤ ᠂ ᠥᠭᠡᠷᠡᠴᠢᠯᠡᠯᠲᠡ ᠨᠡᠭᠡᠭᠡᠯᠲᠡ᠎ᠶ᠋ᠢ ᠭᠦᠨᠵᠡᠭᠡᠢᠷᠡᠭᠦᠯᠬᠦ᠌ ᠳᠤᠮᠳᠠ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠠ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠴᠢᠩᠭᠠᠳᠭᠠᠬᠤ ᠬᠡᠷᠡᠭ᠌ᠲᠡᠢ᠃

ᠠᠮᠧᠷᠢᠺᠠ᠎ᠶ᠋ᠢᠨ ᠬᠡᠷᠡᠭ᠌ᠯᠡᠭ᠌ᠴᠢᠳ᠎ᠦᠨ ᠰᠣᠨᠢᠨ ᠮᠡᠳᠡᠭᠡ ᠪᠣᠯᠤᠨ ᠬᠤᠳᠠᠯᠳᠤᠭᠠᠨ᠎ᠤ ᠰᠤᠪᠠᠭ᠎ᠤᠨ ᠰᠤᠷᠪᠤᠯᠵᠢᠯᠠᠭ᠍ᠴᠢ᠄ ᠡᠨᠡ ᠵᠢᠯ ᠪᠣᠯ ᠳᠤᠮᠳᠠᠳᠤ ᠤᠯᠤᠰ᠎ᠤᠨ ᠬᠢᠵᠢᠭ᠎ᠦᠨ ᠪᠠᠢᠳᠠᠯ ᠤ᠋ᠨ ᠤᠷᠬᠢᠯ ᠤ᠋ᠨ ᠬᠤᠭᠤᠴᠠᠭ᠎ᠠ ᠦᠨᠭᠭᠡᠷᠡᠭᠰᠡᠨ ᠤ᠋ ᠳᠠᠷᠠᠭᠠᠬᠢ ᠲᠦᠷᠦᠭᠦᠦ ᠵᠢᠯ ᠪᠣᠯᠤᠨ᠎ᠠ᠂ ᠮᠠᠰᠢ ᠤᠯᠠᠨ ᠬᠥᠮᠦᠰ᠎ᠦᠨ ᠵᠢᠱ᠌ᠢᠭ᠌ᠰᠡᠨ᠎ᠢᠶᠡᠷ ᠪᠣᠯ ᠠᠵᠤ ᠠᠬᠤᠢ ᠣᠬᠣᠷᠬᠠᠨ ᠬᠤᠭᠤᠴᠠᠭᠠᠨ᠎ᠳᠤ ᠲᠠᠬᠢᠨ ᠨᠡᠮᠡᠭ᠌ᠳᠡᠬᠦ᠌ ᠪᠣᠯᠤᠨ᠎ᠠ᠂ ᠳᠤᠮᠳᠠᠳᠤ ᠤᠯᠤᠰ ᠶᠠᠮᠠᠷ ᠠᠷᠭ᠎ᠠ ᠬᠡᠮᠵᠢᠶ᠎ᠠ ᠠᠪᠴᠤ᠌ ᠪᠦᠬᠦ᠌ ᠵᠢᠯ᠎ᠦᠨ ᠠᠵᠤ ᠠᠬᠤᠢ᠎ᠶ᠋ᠢᠨ ᠨᠡᠮᠡᠭ᠌ᠳᠡᠯ᠎ᠦᠨ ᠬᠠᠷᠠᠯᠲᠠ᠎ᠶ᠋ᠢ ᠪᠡᠶᠡᠯᠡᠭᠦᠯᠬᠦ᠌᠎ᠪᠡᠷ ᠪᠠᠢᠭ᠎ᠠ ᠪᠤᠢ? ᠳᠤᠮᠳᠠᠳᠤ ᠤᠯᠤᠰ᠎ᠤᠨ ᠠᠵᠤ ᠠᠬᠤᠢ ᠡᠨᠡ ᠵᠢᠯ ᠵᠢᠴᠢ ᠳᠠᠷᠠᠭᠠᠴᠢ᠎ᠶ᠋ᠢᠨ ᠲᠠᠪᠤᠨ ᠵᠢᠯ᠎ᠳᠦ ᠶᠠᠮᠠᠷ ᠶᠠᠮᠠᠷ ᠠᠱᠢᠭ᠍ᠲᠠᠢ ᠪᠠ ᠠᠱᠢᠭ ᠦᠭᠡᠢ ᠬᠦᠴᠦᠨ ᠵᠦᠢᠯ᠎ᠳᠦ ᠲᠤᠯᠭᠠᠷᠠᠬᠤ ᠪᠤᠢ? ᠢᠷᠡᠭᠡᠳᠦᠢ᠎ᠶ᠋ᠢᠨ ᠲᠠᠪᠤᠨ ᠵᠢᠯ᠎ᠳᠦ ᠳᠤᠮᠳᠠᠳᠤ ᠤᠯᠤᠰ ᠶᠠᠮᠠᠷ ᠲᠦᠷᠦ᠍᠎ᠶ᠋ᠢᠨ ᠪᠤᠳᠤᠯᠭ᠎ᠠ ᠠᠪᠴᠤ᠌ ᠦᠷᠭᠦᠯᠵᠢᠯᠡᠬᠦ᠌᠂ ᠴᠢᠨᠠᠷ ᠰᠠᠢᠲᠠᠢ ᠨᠡᠮᠡᠭ᠌ᠳᠡᠯ᠎ᠢ ᠳᠡᠮᠵᠢᠬᠦ᠌᠎ᠪᠡᠷ ᠲᠥᠯᠥᠪᠯᠡᠵᠦ᠍ ᠪᠠᠢᠬᠤ ᠪᠤᠢ? ᠣᠢᠷ᠎ᠠ᠎ᠶ᠋ᠢᠨ ᠬᠡᠳᠦᠨ ᠵᠢᠯ᠎ᠳᠦ ᠳᠤᠮᠳᠠᠳᠤ ᠤᠯᠤᠰ᠎ᠤᠨ ᠥᠷᠢ ᠥᠭ᠌ᠴᠡᠭᠡ᠂ ᠬᠥᠷᠥᠩᠭᠡ᠎ᠶ᠋ᠢᠨ ᠡᠮᠬᠢ ᠵᠠᠮᠪᠠᠷᠠᠭ᠎ᠠ ᠦᠭᠡᠢ ᠲᠡᠯᠡᠯᠳᠡ ᠵᠡᠷᠭᠡ ᠱᠢᠰᠲ᠋ᠧᠮ᠎ᠦᠨ ᠴᠢᠨᠠᠷᠲᠠᠶ ᠲᠦᠭ᠌ᠰᠢᠭᠦᠷᠢ᠎ᠶ᠋ᠢ ᠠᠷᠭᠠᠴᠠᠭᠠᠬᠤ ᠲᠠᠯ᠎ᠠ᠎ᠪᠠᠷ᠎ᠬᠢ ᠲᠥᠷᠥ᠎ᠶ᠋ᠢᠨ ᠪᠣᠳᠣᠯᠭ᠎ᠠ᠎ᠨᠢ ᠶᠠᠮᠠᠷ ᠶᠠᠮᠠᠷ ᠦᠷ᠎ᠡ ᠪᠦᠲᠦᠮᠵᠢ ᠣᠯᠤᠭ᠍ᠰᠠᠨ ᠪᠣᠶ?

ᠯᠢ ᠴᠢᠶᠠᠩ᠄ ᠡᠨᠡ ᠰᠤᠷᠪᠤᠯᠵᠢᠯᠠᠭ᠍ᠴᠢ ᠨᠠᠢᠵᠠ ᠲᠣᠬᠢᠶᠠᠯ ᠢ᠋ ᠮᠠᠰᠢ ᠰᠠᠢᠨ ᠠᠳᠭᠤᠵᠤ ᠪᠠᠢᠨ᠎ᠠ᠂ ᠮᠢᠨᠦ ᠲᠡᠮᠳᠡᠭᠯᠡᠭᠰᠡᠨ᠎ᠢᠶᠡᠷ ᠲᠠ ᠨᠢᠭᠡ ᠯᠡ ᠠᠮᠢᠰᠭᠤᠭ᠎ᠠ᠎ᠪᠠᠷ 4 ᠠᠰᠠᠭᠤᠳᠠᠯ ᠳᠤᠷᠠᠳᠴᠤ᠌᠂ 6 ᠲᠠᠯ᠎ᠠ᠎ᠶ᠋ᠢᠨ ᠠᠭᠤᠯᠭ᠎ᠠ᠎ᠳᠤ ᠬᠣᠯᠪᠣᠭ᠍ᠳᠠᠵᠠᠢ᠃ ᠴᠠᠭ ᠤ᠋ᠨ ᠬᠠᠷᠠᠭ᠎ᠠ ᠡᠴᠡ ᠪᠤᠯᠵᠤ ᠪᠢ ᠵᠥᠪᠬᠡᠨ ᠭᠤᠤᠯᠳᠠᠯᠭ᠎ᠠ ᠵᠢ ᠨᠢ ᠰᠤᠨᠭᠭᠤᠵᠤ ᠬᠠᠷᠢᠭᠤᠯᠲᠠ ᠦᠭᠬᠦᠶ᠎ᠠ᠃

ᠡᠨᠡ ᠵᠢᠯ᠎ᠦᠨ ᠳᠡᠯᠡᠬᠡᠢ᠎ᠶ᠋ᠢᠨ ᠠᠵᠤ ᠠᠬᠤᠢ᠎ᠶ᠋ᠢᠨ ᠪᠠᠢᠳᠠᠯ ᠶᠡᠷᠦᠩᠬᠡᠢ᠎ᠳᠡᠭᠡᠨ ᠲᠡᠢᠮᠦ᠍ ᠰᠠᠢ᠌ᠨ ᠪᠢᠰᠢ᠂ ᠲᠣᠭ᠍ᠲᠠᠭᠤᠨ ᠪᠤᠰᠤ᠂ ᠲᠣᠭ᠍ᠲᠠᠯᠭᠠᠳᠤ ᠪᠤᠰᠤ᠂ ᠲᠥᠰᠦᠭᠡᠯᠡᠬᠦᠶ᠎ᠡ ᠪᠡᠷᠬᠡ ᠬᠦᠴᠦᠨ ᠵᠦᠢᠯ ᠨᠡᠯᠢᠶᠡᠳ ᠤᠯᠠᠨ ᠪᠠᠢᠨ᠎ᠠ᠂ ᠨᠡᠮᠡᠭ᠌ᠳᠡᠯ᠎ᠢ ᠬᠡᠷᠬᠢᠨ ᠲᠣᠭ᠍ᠲᠠᠭᠤᠨ ᠪᠠᠢᠯᠭᠠᠬᠤ ᠨᠢ ᠳᠡᠯᠡᠬᠡᠢ᠎ᠶ᠋ᠢᠨ ᠡᠯ᠎ᠡ ᠤᠯᠤᠰ᠎ᠲᠤ ᠠᠪᠴᠤ᠌ ᠬᠡᠯᠡᠪᠡᠯ ᠴᠥᠮ ᠨᠢᠭᠡᠨ ᠱᠢᠯᠭᠠᠯᠲᠠ ᠪᠣᠯᠬᠤ ᠶᠤᠮ᠃ ᠡᠨᠡ ᠵᠢᠯ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠵᠢᠱ᠌ᠢᠭ᠌ᠰᠡᠨ ᠨᠡᠮᠡᠭ᠌ᠳᠡᠯ᠎ᠦᠨ ᠬᠠᠷᠠᠯᠲᠠ᠎ᠶ᠋ᠢ 5 % ᠣᠷᠴᠢᠮ᠎ᠢᠶᠠᠷ ᠲᠣᠭ᠍ᠲᠠᠭᠠᠪᠠ᠂ ᠡᠭᠦᠨ᠎ᠢ ᠪᠢᠳᠡ ᠡᠯ᠎ᠡ ᠲᠠᠯ᠎ᠠ᠎ᠶ᠋ᠢᠨ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠭ᠍ᠰᠠᠨ᠎ᠤ ᠲᠠᠷᠠᠭ᠎ᠠ ᠲᠣᠭ᠍ᠲᠠᠭᠠᠭ᠍ᠰᠠᠨ ᠶᠤᠮ᠃ ᠬᠡᠯᠡᠯᠭᠡᠨ ᠦᠭᠡᠢ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ ᠨᠢᠭᠡᠨᠲᠡ 120 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠰᠠᠭᠤᠷᠢ ᠲᠣᠭ᠎ᠠ ᠨᠢ ᠮᠠᠰᠢ ᠥᠨᠳᠥᠷ ᠪᠣᠯᠵᠠᠢ᠂ ᠡᠭᠦᠨ᠎ᠦ ᠳᠡᠭᠡᠷ᠎ᠡ ᠡᠨᠡ ᠵᠢᠯ᠎ᠦᠨ ᠱᠢᠨ᠎ᠡ ᠥᠷᠢᠰᠥᠯᠳᠦᠭᠡᠨ ᠪᠠᠭ᠎ᠠ ᠪᠤᠰᠤ ᠪᠠᠢᠨ᠎ᠠ᠂ 5 % ᠣᠷᠴᠢᠮ᠎ᠤᠨ ᠨᠡᠮᠡᠭ᠌ᠳᠡᠯ᠎ᠢ ᠪᠡᠶᠡᠯᠡᠭᠦᠯᠬᠦ᠌᠎ᠳᠦ ᠲᠡᠢᠮᠦ᠍ ᠠᠮᠠᠷᠬᠠᠨ ᠪᠢᠰᠢ᠂ ᠬᠤᠪᠢ ᠲᠠᠬᠢᠨ ᠴᠢᠷᠮᠠᠢᠬᠤ ᠴᠢᠬᠤᠯᠠᠲᠠᠢ ᠶᠤᠮ᠃

ᠬᠣᠯᠪᠣᠭ᠍ᠳᠠᠯ ᠪᠦᠬᠦᠢ ᠪᠣᠳᠠᠲᠠᠢ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠨᠢᠳᠤᠨᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠡᠴᠡ ᠨᠢᠭᠡᠨᠲᠡ ᠪᠦᠬᠦ᠌ ᠲᠠᠯ᠎ᠠ᠎ᠪᠠᠷ ᠪᠠᠢᠷᠢᠯᠠᠭᠤᠯᠵᠠᠢ᠂ ᠡᠭᠦᠨ᠎ᠳᠦ ᠲᠣᠭ᠍ᠲᠠᠭᠤᠨ ᠪᠠᠢᠯᠭᠠᠬᠤ᠎ᠶ᠋ᠢ ᠲᠡᠷᠢᠭᠦᠨ᠎ᠳᠦ ᠲᠠᠯᠪᠢᠬᠤ᠂ ᠲᠣᠭ᠍ᠲᠠᠭᠤᠨ ᠤ᠋ ᠲᠤᠮᠳᠠ ᠤᠷᠤᠬᠰᠢᠯᠠᠨ ᠲᠠᠪᠰᠢᠬᠤ ᠵᠢ ᠪᠠᠷᠢᠮᠲᠠᠯᠠᠵᠤ᠂ ᠠᠵᠤ ᠠᠬᠤᠢ᠎ᠶ᠋ᠢᠨ ᠠᠵᠢᠯᠯᠠᠭᠠᠨ᠎ᠤ ᠪᠦᠬᠦᠯᠢ ᠴᠣᠭ᠍ᠴᠠ᠎ᠶ᠋ᠢᠨ ᠰᠠᠢᠵᠢᠷᠠᠯᠲᠠ᠎ᠶ᠋ᠢ ᠠᠬᠢᠭᠤᠯᠬᠤ ᠪᠣᠯ ᠦᠨᠳᠦᠰᠦᠨ ᠬᠠᠨᠳᠤᠰᠢ ᠪᠣᠯᠤᠨ᠎ᠠ᠃ ᠲᠣᠭ᠍ᠲᠠᠭᠤᠨ ᠪᠠᠢᠯᠭᠠᠬᠤ᠎ᠶ᠋ᠢᠨ ᠭᠣᠣᠯᠳᠠᠯᠭ᠎ᠠ ᠨᠢ ᠨᠡᠮᠡᠭ᠌ᠳᠡᠯ᠎ᠢ ᠲᠣᠭ᠍ᠲᠠᠭᠤᠨ ᠪᠠᠢᠯᠭᠠᠬᠤ᠂ ᠠᠵᠢᠯ ᠣᠯᠭᠣᠯᠲᠠ᠎ᠶ᠋ᠢ ᠲᠣᠭ᠍ᠲᠠᠭᠤᠨ ᠪᠠᠢᠯᠭᠠᠬᠤ᠂ ᠪᠠᠷᠠᠭᠠᠨ᠎ᠤ ᠦᠨ᠎ᠡ᠎ᠶ᠋ᠢ ᠲᠣᠭ᠍ᠲᠠᠭᠤᠨ ᠪᠠᠢᠯᠭᠠᠬᠤ ᠶᠠᠪᠤᠳᠠᠯ ᠪᠣᠯᠤᠨ᠎ᠠ; ᠤᠷᠤᠭ᠍ᠰᠢᠯᠠᠨ ᠲᠠᠪᠰᠢᠬᠤ᠎ᠳᠤ ᠵᠠᠩᠭᠢᠯᠠᠭ᠎ᠠ ᠨᠢ ᠴᠢᠨᠠᠷ ᠰᠠᠢᠲᠠᠢ ᠬᠥᠭ᠌ᠵᠢᠯᠲᠡ᠎ᠶ᠋ᠢᠨ ᠲᠠᠯ᠎ᠠ᠎ᠪᠠᠷ ᠱᠢᠨ᠎ᠡ ᠲᠠᠪᠱᠢᠯᠳᠠ᠎ᠲᠠᠶ ᠪᠣᠯᠬᠤ᠎ᠳᠤ ᠪᠠᠢᠨ᠎ᠠ᠃ ᠪᠣᠳᠠᠲᠠᠶ᠎ᠪᠠᠷ ᠬᠡᠯᠡᠪᠡᠯ᠂ ᠪᠢ ᠣᠨᠴᠠᠭᠠᠢᠯᠠᠨ ᠬᠡᠳᠦᠨ ᠶᠠᠪᠤᠳᠠᠯ᠎ᠢ ᠰᠠᠢᠲᠤᠷ ᠬᠢᠬᠦ᠌ ᠰᠠᠨᠠᠭ᠎ᠠ᠎ᠲᠠᠶ᠂ ᠦᠭᠡᠷ᠎ᠠ ᠪᠡᠷ ᠬᠡᠯᠡᠪᠡᠯ ᠡᠢᠮᠦ᠍ ᠬᠡᠳᠦᠨ ᠬᠠᠮ ᠠᠷᠭ᠎ᠠ ᠬᠡᠮᠵᠢᠶ᠎ᠠ ᠵᠢ ᠰᠠᠢᠲᠤᠷ ᠬᠢᠨ᠎ᠠ᠄ ᠨᠢᠭᠡ᠎ᠳᠦ᠂ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠠᠮ ᠠᠷᠭ᠎ᠠ ᠬᠡᠮᠵᠢᠶ᠎ᠠ᠂ ᠬᠣᠶᠠᠷ᠎ᠲᠤ᠂ ᠬᠡᠷᠡᠭ᠌ᠴᠡᠭᠡ᠎ᠶ᠋ᠢ ᠥᠷᠭᠡᠳᠭᠡᠬᠦ᠌ ᠬᠠᠮ ᠠᠷᠭ᠎ᠠ ᠬᠡᠮᠵᠢᠶ᠎ᠠ᠂ ᠭᠤᠷᠪᠠ᠎ᠳᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠬᠠᠮ ᠠᠷᠭ᠎ᠠ ᠬᠡᠮᠵᠢᠶ᠎ᠠ᠂ ᠳᠥᠷᠪᠡ᠎ᠳᠦ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠬᠠᠮ ᠠᠷᠭ᠎ᠠ ᠬᠡᠮᠵᠢᠶ᠎ᠠ ᠪᠣᠯᠤᠨ᠎ᠠ᠃ ᠡᠳᠡᠭᠡᠷ ᠬᠠᠮ ᠠᠷᠭ᠎ᠠ ᠬᠡᠮᠵᠢᠶ᠎ᠠ ᠨᠢ ᠴᠥᠮ ᠪᠣᠳᠠᠲᠠᠶ ᠠᠭᠤᠯᠤᠭ᠍ᠳᠠᠬᠤᠨ᠎ᠲᠠᠶ ᠪᠠᠢᠵᠤ᠂ ᠵᠠᠷᠢᠮ᠎ᠢ ᠨᠢ ᠪᠠᠰᠠ ᠦᠢᠯᠡᠳᠦᠯᠭᠡ᠎ᠶ᠋ᠢᠨ ᠬᠡᠷᠡᠭ᠌ᠴᠡᠭᠡ᠎ᠶ᠋ᠢ ᠦᠨᠳᠦᠰᠦᠯᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠍᠂ ᠲᠣᠬᠢᠷᠠᠭᠤᠯᠤᠨ ᠲᠡᠭᠦᠯᠳᠡᠷᠵᠢᠭᠦᠯᠦᠨ᠎ᠡ᠃

ᠰᠠᠶᠢᠬᠠᠨ ᠡᠨᠡ ᠰᠤᠷᠪᠤᠯᠵᠢᠯᠠᠭ᠍ᠴᠢ ᠨᠠᠢᠵᠠ ᠠᠱᠢᠭᠲᠠᠢ ᠪᠠ ᠠᠱᠢᠭ ᠦᠭᠡᠢ ᠬᠦᠴᠤᠨ ᠵᠦᠢᠯ ᠤ᠋ᠨ ᠠᠰᠠᠭᠤᠳᠠᠯ᠎ᠢ ᠠᠰᠠᠭᠤᠵᠠᠶ᠃ ᠳᠤᠮᠳᠠᠳᠤ ᠤᠯᠤᠰ᠎ᠤᠨ ᠬᠥᠭ᠌ᠵᠢᠯᠲᠡ᠎ᠳᠦ ᠦᠨᠡᠬᠡᠷ ᠮᠠᠰᠢ ᠤᠯᠠᠨ ᠳᠠᠪᠠᠭᠤᠯᠢᠭ ᠨᠥᠬᠥᠴᠡᠯ ᠪᠤᠢ᠂ ᠵᠢᠱ᠌ᠢᠶᠡᠯᠡᠪᠡᠯ᠂ ᠵᠠᠬ᠎ᠠ ᠳᠡᠯᠭᠡᠭᠦᠷ᠎ᠦᠨ ᠬᠡᠪᠴᠢᠶ᠎ᠡ ᠯᠤᠲᠤ ᠶᠡᠬᠡ᠂ ᠠᠵᠤ ᠦᠢᠯᠡᠰ᠎ᠦᠨ ᠱᠢᠰᠲ᠋ᠧᠮ ᠪᠦᠷᠢᠨ ᠲᠡᠭᠦᠯᠳᠡᠷ᠂ ᠬᠥᠮᠦᠨ᠎ᠦ ᠬᠦᠴᠦᠨ᠎ᠦ ᠡᠬᠢ ᠪᠠᠶᠠᠯᠢᠭ ᠡᠯᠪᠡᠭ᠂ ᠬᠥᠭ᠌ᠵᠢᠯᠲᠡ᠎ᠶ᠋ᠢᠨ ᠰᠠᠭᠤᠷᠢ ᠵᠤᠵᠠᠭᠠᠨ ᠵᠡᠷᠭᠡ ᠪᠤᠢ᠂ ᠨᠡᠩ ᠴᠢᠬᠤᠯᠠ ᠨᠢ ᠪᠠᠢᠭᠤᠯᠤᠯ᠎ᠤᠨ ᠳᠠᠪᠠᠭᠤᠯᠢᠭ ᠢᠯᠡᠳᠲᠡ ᠪᠠᠢᠬᠤ ᠶᠠᠪᠤᠳᠠᠯ ᠪᠣᠯᠤᠨ᠎ᠠ᠃ ᠬᠦᠴᠢᠷ ᠪᠡᠷᠬᠡᠱᠢᠶᠡᠯ᠎ᠦᠨ ᠲᠤᠬᠠᠢ ᠭᠡᠪᠡᠯ ᠤᠯᠠᠨ᠎ᠢᠶᠠᠷ᠎ᠢᠶᠠᠨ ᠪᠦᠷ ᠬᠦᠴᠢᠷ ᠪᠡᠷᠬᠡᠱᠢᠶᠡᠯ᠎ᠲᠡᠶ᠂ ᠡᠨᠡ ᠵᠢᠯ ᠴᠦ᠍ ᠪᠢᠳᠠᠨ ᠳ᠋ᠦ ᠬᠦᠴᠢᠷ ᠪᠡᠷᠬᠡᠱᠢᠶᠡᠯ ᠪᠠᠭ᠎ᠠ ᠦᠭᠡᠢ ᠲᠤᠯᠭᠠᠷᠠᠬᠤ ᠶᠤᠮ᠂ ᠭᠡᠪᠡᠴᠦ᠍ ᠠᠯᠢ ᠴᠠᠭ ᠦᠶ᠎ᠠ᠂ ᠠᠯᠢ ᠵᠢᠯ᠎ᠳᠦᠨᠢ ᠬᠦᠴᠢᠷ ᠪᠡᠷᠬᠡᠱᠢᠶᠡᠯ ᠦᠭᠡᠢ ᠪᠤᠢ? ᠪᠢᠳᠠ ᠶᠡᠷᠦ᠍᠎ᠡᠴᠡ ᠬᠦᠴᠢᠷ ᠪᠡᠷᠬᠡᠱᠢᠶᠡᠯ᠎ᠢ ᠢᠯᠡᠠ ᠳᠠᠪᠠᠬᠤ᠎ᠶ᠋ᠢᠨ ᠳᠤᠮᠳᠠ ᠱᠢᠨ᠎ᠡ ᠬᠥᠭ᠌ᠵᠢᠯᠲᠡ᠎ᠶ᠋ᠢ ᠲᠡᠰᠦᠷᠡᠯᠳᠠ ᠤᠢ᠍ᠭᠡᠢ ᠪᠡᠶᠡᠯᠡᠭᠦᠯᠵᠦ᠍ ᠢᠷᠡᠭ᠌ᠰᠡᠨ ᠶᠤᠮ᠃ ᠮᠠᠨ᠎ᠤ ᠡᠨᠡ ᠦᠶ᠎ᠡ᠎ᠶ᠋ᠢᠨ ᠲᠤᠮᠳᠠᠳᠤᠴᠤᠳ ᠬᠠᠷᠠᠬᠠᠨ ᠪᠠᠭ᠎ᠠ᠎ᠡᠴᠡ᠎ᠪᠠᠨ ᠬᠠᠮᠤᠭ ᠤᠯᠠᠨ ᠰᠣᠨᠣᠰᠤᠭ᠍ᠰᠠᠨ ᠦᠯᠢᠭᠡᠷ ᠪᠣᠯ ᠳᠠᠷᠤᠢ ᠳ᠋ᠠ ᠢᠦᠢ ᠤᠰᠤ ᠵᠠᠰᠠᠭ᠍ᠰᠠᠨ᠂ ᠲᠡᠨᠡᠭ ᠡᠪᠦᠭᠡᠨ ᠠᠭᠤᠯᠠ᠎ᠶ᠋ᠢ ᠨᠡᠭᠦᠯᠭᠡᠭ᠌ᠰᠡᠨ᠂ ᠵᠢᠩ ᠸᠧᠢ ᠳᠠᠯᠠᠢ᠎ᠶ᠋ᠢ ᠪᠥᠭ᠌ᠯᠡᠭ᠌ᠰᠡᠨ᠂ ᠲᠡᠨᠡᠭ ᠡᠪᠤᠭᠡᠨ ᠨᠠᠷᠠ ᠵᠢ ᠬᠥᠭᠡᠭᠡᠭ᠌ᠰᠡᠨ ᠵᠡᠷᠭᠡ ᠪᠣᠯᠤᠨ᠎ᠠ᠂ ᠪᠦᠷ ᠯᠡ ᠮᠠᠰᠢ ᠶᠡᠬᠡ ᠤᠷᠮᠠᠱᠢᠭᠤᠯᠤᠨ ᠵᠣᠷᠢᠭ᠍ᠵᠢᠭᠤᠯᠵᠤ᠂ ᠴᠥᠮ ᠬᠦᠴᠢᠷ ᠪᠡᠷᠬᠡᠱᠢᠶᠡᠯ᠎ᠡᠴᠡ ᠠᠶᠤᠬᠤ ᠦᠭᠡᠢ᠂ ᠠᠶᠤᠯ ᠲᠦᠭ᠌ᠰᠢᠭᠦᠷᠢ᠎ᠡᠴᠡ ᠠᠶᠤᠬᠤ ᠦᠭᠡᠢ᠂ ᠵᠣᠷᠢᠭ᠍ᠲᠠᠢ ᠲᠡᠮᠡᠴᠡᠵᠦ᠍᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠵᠣᠷᠢᠭ ᠰᠠᠨᠠᠭ᠎ᠠ᠎ᠶ᠋ᠢ ᠶᠠᠷᠢᠭ᠍ᠰᠠᠨ ᠶᠤᠮ᠂ ᠮᠠᠨ᠎ᠤ ᠲᠤᠮᠳᠠᠳᠤᠴᠤᠳ ᠶᠠᠮᠠᠷ ᠴᠤ᠌ ᠬᠦᠴᠢᠷ ᠪᠡᠷᠬᠡᠱᠢᠶᠡᠯ᠎ᠳᠦ ᠳᠠᠷᠤᠭ᠍ᠳᠠᠬᠤ ᠦᠭᠡᠢ ᠶᠤᠮ᠃

ᠣᠢᠷ᠎ᠠ᠎ᠶ᠋ᠢᠨ ᠬᠣᠶᠠᠷ ᠰᠠᠷ᠎ᠠ ᠭᠠᠷᠤᠶ᠎ᠶ᠋ᠢᠨ ᠪᠠᠢᠳᠠᠯ᠎ᠡᠴᠡ ᠦᠵᠡᠪᠡᠯ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠠᠵᠢᠯᠯᠠᠭᠠᠨ᠎ᠳᠤ ᠲᠣᠭ᠍ᠲᠠᠪᠤᠷᠢᠵᠢᠨ ᠳᠡᠭᠡᠭ᠌ᠰᠢᠯᠡᠬᠦ᠌ ᠪᠠᠢᠳᠠᠯ ᠭᠠᠷᠴᠤ᠌᠂ ᠵᠠᠷᠢᠮ ᠣᠯᠠᠨ ᠤᠯᠤᠰ᠎ᠤᠨ ᠵᠣᠬᠢᠶᠠᠨ ᠪᠠᠢᠭᠤᠯᠤᠯᠲᠠ ᠴᠤ᠌ ᠡᠨᠡ ᠵᠢᠯ᠎ᠦᠨ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢᠨ ᠲᠤᠬᠠᠶ ᠵᠢᠱ᠌ᠢᠯᠲᠡ᠎ᠪᠡᠨ ᠳᠡᠭᠡᠭ᠌ᠰᠢᠯᠡᠭᠦᠯᠦᠭ᠌ᠰᠡᠨ ᠪᠠᠢᠨ᠎ᠠ᠃ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠢᠷᠡᠭᠡᠳᠦᠶ᠎ᠶ᠋ᠢᠨ ᠲᠤᠬᠠᠶ ᠪᠢ 《ᠰᠠᠯᠬᠢᠨ ᠬᠥᠯᠥᠭ᠌ᠯᠡᠨ ᠳᠠᠪᠠᠯᠭᠠᠨ᠎ᠢ ᠵᠦᠰᠦᠵᠦ᠍᠂ ᠰᠠᠷᠠᠭᠤᠯ ᠢᠷᠡᠭᠡᠳᠦᠶ᠎ᠲᠠᠢ》  ᠭᠡᠵᠦ᠍ ᠬᠡᠳᠦᠬᠡᠨ ᠦᠭᠡ᠎ᠪᠡᠷ ᠬᠤᠷᠢᠶᠠᠩᠭᠤᠢᠯᠠᠶ᠎ᠠ᠃ ᠡᠭᠦᠨ᠎ᠳᠦ ᠪᠢ ᠢᠲᠡᠭᠡᠯ ᠳᠦᠭᠦᠷᠡᠩ ᠪᠠᠢᠨ᠎ᠠ᠃

ᠱᠢᠶᠠᠩᠭᠠᠩ᠎ᠤᠨ ᠹᠧᠩ ᠬᠤᠸᠠᠩ ᠣᠳᠣᠨ ᠲᠧᠯᠸᠢᠰ᠂ ᠹᠧᠩ ᠬᠤᠸᠠᠩ ᠰᠦᠯᠵᠢᠶ᠎ᠡ᠎ᠶ᠋ᠢᠨ ᠰᠤᠷᠪᠤᠯᠵᠢᠯᠠᠭ᠍ᠴᠢ᠄  ᠡᠨᠡ ᠬᠡᠳᠦᠨ ᠵᠢᠯ᠂ ᠱᠢᠶᠠᠩᠭᠠᠩ ᠰᠠᠮᠠᠭᠤᠷᠠᠯ᠎ᠡᠴᠡ ᠵᠠᠰᠠᠯᠲᠠ᠎ᠳᠤ ᠱᠢᠯᠵᠢᠬᠦ᠌ ᠦᠨᠳᠦᠰᠦᠨ ᠴᠢᠨᠠᠷᠲᠠᠶ ᠡᠷᠭᠢᠯᠲᠡ᠎ᠶ᠋ᠢ ᠪᠡᠶᠡᠯᠡᠭᠦᠯᠪᠡ᠃ ᠱᠢᠶᠠᠩᠭᠠᠩ ᠲᠣᠭ᠍ᠲᠠᠭᠤᠨ ᠪᠤᠯᠤᠯ᠎ᠠ᠂ ᠬᠥᠭ᠌ᠵᠢᠯᠲᠡ᠎ᠶ᠋ᠢᠨ ᠠᠰᠠᠭᠤᠳᠠᠯ ᠪᠠᠰᠠ ᠨᠢᠳᠤᠨ ᠡᠮᠦᠨ᠎ᠡ ᠲᠡᠯᠭᠡᠭᠳᠡᠯ᠎ᠠ᠃ ᠳᠡᠯᠡᠬᠡᠢ᠎ᠶ᠋ᠢᠨ ᠤᠯᠤᠰ ᠲᠦᠷᠤ ᠠᠵᠤ ᠠᠬᠤᠢ᠎ᠶ᠋ᠢᠨ ᠪᠠᠢᠳᠠᠯ ᠪᠣᠯᠤᠨ ᠣᠷᠴᠢᠨ ᠨᠥᠬᠥᠴᠡᠯ᠎ᠦᠨ ᠬᠤᠪᠢᠷᠠᠯᠲᠠ᠎ᠶ᠋ᠢ ᠲᠡᠭᠠᠯᠳᠦᠠ ᠤᠳᠦ᠍᠎ᠶ᠋ᠢᠨ ᠱᠢᠶᠠᠩᠭᠠᠩ ᠣᠣᠮᠧᠨ᠎ᠦ ᠤᠢ᠍ᠷᠢᠰᠦᠯᠳᠦᠬᠦ᠌ ᠬᠦᠴᠦᠨ ᠰᠤᠯᠠᠷᠠᠵᠠᠢ ᠭᠡᠵᠦ᠍ ᠵᠠᠷᠢᠮ ᠱᠢᠭᠦᠮᠵᠢ ᠳ᠋ᠦ ᠭᠠᠷᠴᠤ᠌ ᠪᠠᠢᠨ᠎ᠠ᠃ ᠲᠡᠭᠡᠪᠡᠯ᠂ ᠲᠠ ᠱᠢᠶᠠᠩᠭᠠᠩ ᠣᠣᠮᠧᠨ᠎ᠦ ᠢᠷᠡᠭᠡᠳᠦᠶ᠎ᠶ᠋ᠢᠨ ᠬᠥᠭ᠌ᠵᠢᠯᠲᠡ᠎ᠶ᠋ᠢᠨ ᠢᠷᠡᠭᠡᠳᠦᠶ᠎ᠶ᠋ᠢ ᠬᠡᠷᠬᠢᠨ ᠦᠵᠡᠵᠦ᠍ ᠪᠠᠢᠬᠤ ᠪᠣᠶ? ᠲᠥᠪ᠎ᠦᠨ ᠵᠠᠰᠠᠭ᠎ᠤᠨ ᠣᠷᠳᠣᠨ ᠲᠠᠷᠠᠭᠠᠴᠢ᠎ᠶ᠋ᠢᠨ ᠠᠯᠬᠤᠮ᠎ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ᠎ᠪᠡᠷ ᠱᠢᠶᠠᠩᠭᠠᠩ ᠣᠣᠮᠧᠨ᠎ᠦ ᠥᠪᠡᠷ᠎ᠦᠨ ᠳᠠᠪᠠᠭᠤᠯᠢᠭ ᠪᠣᠯᠤᠨ ᠣᠨᠴᠠᠯᠢᠭ᠎ᠢᠶᠠᠨ ᠪᠠᠳᠠᠷᠠᠭᠤᠯᠬᠤ᠎ᠶ᠋ᠢ ᠳᠡᠮᠵᠢᠵᠦ᠍᠂ ᠨᠠᠩ ᠰᠠᠢᠨ ᠬᠥᠭ᠌ᠵᠢᠯᠲᠡ᠎ᠶ᠋ᠢ ᠪᠡᠶᠡᠯᠡᠭᠦᠯᠬᠦ᠌ ᠪᠣᠶ?

ᠯᠢ ᠴᠢᠶᠠᠩ᠄ ᠲᠥᠪ᠎ᠦᠨ ᠵᠠᠰᠠᠭ᠎ᠤᠨ ᠣᠷᠳᠣᠨ ᠱᠢᠶᠠᠩᠭᠠᠩ᠂ ᠣᠣᠮᠧᠨ᠎ᠦ ᠳᠠᠪᠠᠭᠤᠯᠢᠭ ᠪᠠ ᠣᠨᠴᠠᠯᠢᠭ᠎ᠢ ᠪᠠᠳᠠᠷᠠᠭᠤᠯᠬᠤ᠎ᠶ᠋ᠢ ᠢᠮᠠᠭ᠍ᠲᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭ᠍ᠰᠠᠭᠠᠷ ᠢᠷᠡᠪᠡ᠃ ᠡᠬᠡ ᠤᠯᠤᠰ᠎ᠲᠠᠭᠠᠨ ᠪᠤᠴᠠᠵᠤ ᠢᠷᠡᠭ᠌ᠰᠡᠨ᠎ᠡᠴᠡ ᠨᠠᠭᠠᠰᠢ᠂ ᠤᠯᠤᠰ᠎ᠤᠨ ᠳᠡᠮᠵᠢᠯᠭᠡ ᠳᠣᠣᠷ᠎ᠠ᠂ ᠱᠢᠶᠠᠩᠭᠠᠩ᠎ᠤᠨ ᠤᠯᠠᠨ ᠤᠯᠤᠰ᠎ᠤᠨ ᠮᠥᠩᠭᠥᠨ ᠭᠦᠢᠯᠭᠡᠭᠡ᠂ ᠤᠰᠤᠨ ᠵᠠᠮ᠎ᠤᠨ ᠲᠡᠭᠡᠭᠡᠪᠦᠷᠢ᠂ ᠠᠷᠠᠯᠵᠢᠶ᠎ᠠ ᠵᠢᠨ ᠭᠤᠷᠪᠠᠨ ᠶᠡᠬᠡ ᠲᠥᠪ ᠪᠣᠯᠬᠤ ᠪᠠᠢᠷᠢ ᠰᠠᠭᠤᠷᠢ ᠨᠢ ᠪᠡᠬᠢᠵᠢᠨ ᠳᠡᠭᠡᠭ᠌ᠰᠢᠯᠡᠵᠦ᠍᠂ ᠣᠣᠮᠧᠨ ᠨᠢ ᠵᠢᠭᠤᠯᠴᠢᠯᠠᠯ ᠰᠡᠯᠡᠭᠦᠴᠡᠯ᠎ᠦᠨ ᠲᠥᠪ ᠪᠣᠯᠤᠭ᠍ᠰᠠᠨ᠎ᠤ ᠬᠤᠪᠢ᠎ᠳᠤ ᠳᠡᠯᠡᠬᠡᠢ᠎ᠳᠦ ᠨᠡᠷ᠎ᠡ ᠠᠯᠳᠠᠷᠱᠢᠭ᠍ᠰᠠᠨ ᠶᠤᠮ᠃

ᠤᠢ᠍ᠢᠷ᠎ᠠ᠎ᠶ᠋ᠢᠨ ᠵᠢᠯ᠎ᠦᠳ᠎ᠲᠦ ᠡᠯ᠎ᠡ ᠵᠦᠢᠯ᠎ᠦᠨ ᠬᠦᠴᠦᠨ ᠵᠦᠢᠯ᠎ᠦᠨ ᠨᠥᠯᠥᠭᠡ᠎ᠡᠴᠡ ᠪᠤᠯᠵᠤ ᠱᠢᠶᠠᠩᠭᠠᠩ᠂ ᠣᠣᠮᠧᠨ᠎ᠦ ᠠᠵᠤ ᠠᠬᠤᠢ᠎ᠶ᠋ᠢᠨ ᠬᠥᠭ᠌ᠵᠢᠯᠲᠡ ᠡᠳᠦᠢ ᠲᠡᠳᠦᠢ ᠬᠦᠴᠢᠷᠳᠡᠯ᠎ᠳᠦ ᠲᠤᠯᠭᠠᠷᠠᠭ᠍ᠰᠠᠨ ᠪᠣᠯᠪᠠᠴᠤ᠌ ᠡᠨᠡ ᠪᠣᠯ ᠲᠦᠷ ᠴᠠᠭ᠎ᠤᠨ ᠬᠦᠴᠢᠷᠳᠡᠯ᠂ ᠬᠥᠭ᠌ᠵᠢᠯᠲᠡ᠎ᠶ᠋ᠢᠨ ᠳᠤᠮᠳᠠᠬᠢ ᠬᠦᠴᠢᠷᠳᠡᠯ ᠮᠥᠨ᠃ ᠲᠥᠪ ᠵᠠᠰᠠᠭ᠎ᠤᠨ ᠣᠷᠳᠣᠨ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》 ᠴᠢᠭ᠌ᠯᠡᠯᠲᠡ᠎ᠶ᠋ᠢ ᠪᠦᠬᠦ᠌ ᠲᠠᠯ᠎ᠠ᠎ᠪᠠᠷ ᠵᠦᠪ ᠣᠨᠣᠪᠴᠢᠲᠠᠢ᠂ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠱᠢᠶᠠᠩᠭᠠᠩ᠂ ᠣᠣᠮᠧᠨ᠎ᠦ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠠᠭᠤᠰᠤᠯᠴᠠᠬᠤ᠎ᠶ᠋ᠢ ᠪᠦᠬᠦ᠌ ᠬᠦᠴᠦ᠍᠎ᠪᠡᠷ᠎ᠢᠶᠡᠨ ᠳᠡᠮᠵᠢᠵᠦ᠍᠂ ᠱᠢᠶᠠᠩᠭᠠᠩ᠂ ᠣᠣᠮᠧᠨ᠎ᠦ ᠠᠵᠤ ᠠᠬᠤᠢ᠎ᠪᠠᠨ ᠬᠥᠭ᠌ᠵᠢᠭᠦᠯᠬᠦ᠌᠂ ᠠᠷᠠᠳ᠎ᠤᠨ ᠠᠮᠢᠳᠤᠷᠠᠯ᠎ᠢᠶᠠᠨ ᠰᠠᠢᠵᠢᠷᠠᠭᠤᠯᠬᠤ᠎ᠶ᠋ᠢ ᠪᠦᠬᠦ᠌ ᠬᠦᠴᠦ᠍᠎ᠪᠡᠷ᠎ᠢᠶᠡᠨ ᠳᠡᠮᠵᠢᠵᠦ᠍᠂ ᠱᠢᠶᠠᠩᠭᠠᠩ᠂ ᠣᠣᠮᠧᠨ᠎ᠦ ᠳᠡᠯᠡᠬᠡᠢ ᠳᠡᠭᠡᠷᠡᠬᠢ ᠦᠷᠢᠰᠦᠯᠳᠦᠬᠦ᠌ ᠬᠦᠴᠦᠨ᠎ᠢᠶᠡᠨ ᠳᠡᠭᠡᠭ᠌ᠰᠢᠯᠡᠭᠦᠯᠬᠦ᠌᠎ᠶ᠋ᠢ ᠪᠦᠬᠦ᠌ ᠬᠦᠴᠦ᠍᠎ᠪᠡᠷ᠎ᠢᠶᠡᠨ ᠳᠡᠮᠵᠢᠨ᠎ᠡ᠃ ᠡᠬᠡ ᠤᠯᠤᠰ᠎ᠤᠨ ᠪᠠᠲᠤ ᠴᠢᠩᠭ᠎ᠠ ᠥᠮᠥᠭ ᠲᠦᠱᠢᠭ᠎ᠲᠡᠶ᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》  ᠪᠠᠢᠭᠤᠯᠤᠯ᠎ᠤᠨ ᠪᠠᠲᠤᠯᠠᠭ᠎ᠠ᠎ᠲᠠᠶ ᠡᠴᠡ ᠱᠢᠶᠠᠩᠭᠠᠩ᠂ ᠣᠣᠮᠧᠨ᠎ᠦ ᠪᠠᠢᠷᠢ ᠰᠠᠭᠤᠷᠢ ᠪᠠ ᠦᠢᠯᠡᠳᠦᠯ  ᠴᠢᠩᠭᠠᠷᠠᠬᠤ᠎ᠡᠴᠡ ᠪᠢᠰᠢ ᠰᠤᠯᠠᠷᠠᠬᠤ ᠦᠭᠡᠢ ᠶᠤᠮ᠃ ᠱᠢᠶᠠᠩᠭᠠᠩ᠂ ᠣᠣᠮᠧᠨ᠎ᠦ ᠮᠠᠷᠭᠠᠰᠢ ᠯᠠᠪᠲᠠᠢ ᠨᠡᠩ ᠰᠠᠢ᠌ᠨ ᠰᠠᠢᠬᠠᠨ ᠪᠣᠯᠬᠤ ᠶᠤᠮ!

ᠱᠢᠩᠭᠠᠫᠣᠷ᠎ᠤᠨ ᠬᠤᠯᠪᠤᠭᠠᠳᠤ ᠥᠷᠯᠥᠭᠡ᠎ᠶ᠋ᠢᠨ ᠰᠣᠨᠢᠨ᠎ᠤ ᠰᠤᠷᠪᠤᠯᠵᠢᠯᠠᠭ᠍ᠴᠢ᠄ ᠲᠠ ᠦᠩᠭᠡᠷᠡᠭᠰᠡᠨ ᠳ᠋ᠤ ᠸᠸᠨᠵᠸᠤ ᠬᠤᠳᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠪᠠᠢᠪᠠ᠂ ᠸᠸᠨᠵᠸᠤ ᠬᠤᠳᠠ ᠵᠢᠴᠢ ᠲᠠᠨ᠎ᠤ ᠲᠤᠱᠢᠶᠠᠯ᠎ᠬᠠᠷᠢᠭᠤᠴᠠᠵᠤ ᠪᠠᠢᠭ᠍ᠰᠠᠨ ᠵᠧᠵᠢᠶᠠᠩ᠂ ᠵᠢᠶᠠᠩᠰᠦ ᠵᠢᠴᠢ ᠱᠠᠩᠬᠠᠢ ᠨᠢ ᠪᠦᠷ ᠳᠤᠮᠳᠠᠳᠤ ᠤᠯᠤᠰ᠎ᠤᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ ᠮᠠᠰᠢ ᠬᠥᠭ᠌ᠵᠢᠭ᠌ᠰᠡᠨ ᠭᠠᠵᠠᠷ ᠪᠣᠯᠤᠨ᠎ᠠ᠂ ᠲᠠ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠲᠤᠬᠠᠢ ᠮᠠᠰᠢ ᠭᠦᠨᠵᠡᠭᠡᠢ ᠣᠢᠯᠠᠭᠠᠯᠲᠠ᠎ᠲᠠᠶ ᠪᠠᠢᠳᠠᠭ᠃ ᠲᠠᠨ ᠤ᠋ ᠦᠵᠡᠬᠦ ᠪᠡᠷ ᠳᠤᠮᠳᠠᠳᠤ ᠤᠯᠤᠰ ᠪᠠᠰᠠ ᠶᠠᠮᠠᠷ ᠠᠷᠭ᠎ᠠ ᠬᠡᠮᠵᠢᠶ᠎ᠡ ᠠᠪᠴᠤ᠌ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠢᠲᠡᠭᠡᠯ ᠵᠣᠷᠢᠭ᠎ᠢ ᠬᠥᠪᠴᠢᠯᠡᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠳᠡᠮᠵᠢᠬᠦ᠌ ᠪᠣᠶ? ᠪᠠᠰᠠ ᠠᠯᠢ ᠠᠯᠢ ᠲᠠᠯ᠎ᠠ᠎ᠪᠠᠷ ᠬᠢᠭᠰᠡᠨ ᠨᠢ ᠭᠦᠢᠴᠡᠳ ᠦᠭᠡᠢ ᠪᠤᠢ᠂ ᠨᠥᠬᠥᠪᠥᠷᠢᠯᠡᠬᠦ᠌ ᠴᠢᠬᠤᠯᠠ᠎ᠲᠠᠶ ᠪᠤᠢ?

ᠯᠢ ᠴᠢᠶᠠᠩ᠄ ᠲᠤᠰ ᠤᠳᠠᠭ᠎ᠠ᠎ᠶ᠋ᠢᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠶ ᠱᠦᠵᠢ ᠰᠢ ᠵᠢᠨ ᠫᠢᠩ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠢ ᠡᠷᠬᠢᠨ ᠦᠵᠡᠬᠦ᠌᠎ᠳᠡᠭᠡᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠡᠷᠡᠭᠦᠯ᠎ᠢᠶᠡᠷ ᠬᠥᠭ᠌ᠵᠢᠬᠦ᠌᠂ ᠴᠢᠨᠠᠷ ᠰᠠᠢᠲᠠᠶ ᠬᠥᠭ᠌ᠵᠢᠬᠦ᠌ ᠲᠤᠬᠠᠶ ᠭᠦᠨᠵᠡᠭᠡᠶ ᠲᠣᠳᠣᠷᠬᠠᠢᠯᠠᠨ ᠥᠭᠦᠯᠡᠵᠦ᠍᠂ ᠬᠠᠯᠠᠭᠤᠨ ᠲᠤᠰᠭᠠᠯ ᠭᠠᠷᠪᠠ᠃ ᠥᠷᠭᠡᠨ ᠤᠯᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ ᠲᠤᠢᠯ᠎ᠢᠶᠠᠷ  ᠤᠷᠮᠠᠰᠢᠨ ᠵᠣᠷᠢᠭ᠍ᠵᠢᠵᠤ᠂ ᠬᠦᠭᠰᠡᠨ ᠲᠤᠭᠳᠤᠯᠤᠭᠰᠠᠨ ᠢ᠋ ᠲᠠ ᠪᠦᠬᠦᠳᠡᠭᠡᠷ  ᠯᠠᠪ ᠤᠯᠵᠤ ᠠᠩᠬᠠᠷᠤᠭᠰᠠᠨ ᠪᠠᠢᠬᠤ ᠡ ᠃

ᠪᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ ᠨᠡᠯᠢᠶᠡᠳ ᠬᠥᠭ᠌ᠵᠢᠭ᠌ᠰᠡᠨ ᠭᠠᠵᠠᠷ ᠣᠷᠣᠨ᠎ᠳᠤ ᠤᠷᠳᠤ ᠬᠤᠭᠤᠴᠠᠭ᠎ᠠ᠎ᠪᠠᠷ ᠠᠵᠢᠯᠯᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠲᠠᠶ ᠰᠠᠨᠠᠯ᠎ᠢᠶᠠᠨ ᠰᠣᠯᠢᠯᠴᠠᠬᠤ ᠲᠣᠬᠢᠶᠠᠯ ᠦᠷᠭᠦᠯᠵᠢ ᠭᠠᠷᠳᠠᠭ᠂ ᠲᠡᠳᠡᠨ᠎ᠦ ᠬᠥᠭ᠌ᠵᠢᠯᠲᠡ᠎ᠶ᠋ᠢᠨ ᠶᠠᠪᠤᠴᠠ᠎ᠳᠠᠬᠢ ᠬᠦᠰᠡᠯ ᠡᠷᠡᠮᠡᠯᠵᠡᠯ ᠪᠣᠯᠤᠨ ᠡᠷᠡᠭᠡᠯᠵᠡᠯ᠎ᠢ ᠨᠡᠯᠢᠶᠡᠳ ᠣᠢᠯᠠᠭᠠᠯ᠎ᠠ᠃ ᠡᠨᠳᠡ ᠪᠢ ᠭᠣᠣᠯᠳᠠᠭᠤ ᠡᠢᠮᠦ ᠬᠡᠳᠦᠨ ᠲᠠᠪᠬᠤᠷᠭ᠎ᠠ ᠵᠢᠨ ᠤᠳᠬ᠎ᠠ ᠰᠠᠨᠠᠭ᠎ᠠ ᠵᠢ ᠢᠯᠡᠳᠭᠡᠶ᠎ᠡ᠄

ᠨᠢᠭᠡᠳᠦᠭᠡᠷ᠎ᠲᠦ᠂《ᠬᠣᠶᠠᠷ ᠡᠷᠡᠰ ᠭᠤᠢᠪᠢᠰᠢ ᠦᠭᠡᠢ ᠪᠠᠢᠬᠤ》ᠪᠣᠯ ᠮᠠᠨ᠎ᠤ ᠤᠯᠤᠰ᠎ᠤᠨ ᠠᠵᠤ ᠠᠬᠤᠢ᠎ᠶ᠋ᠢᠨ ᠦᠨᠳᠦᠰᠦᠨ ᠪᠠᠢᠭᠤᠯᠤᠯ᠎ᠤᠨ ᠴᠢᠬᠤᠯᠠ ᠠᠭᠤᠯᠭ᠎ᠠ᠂ ᠤᠷᠳᠤ ᠬᠤᠭᠤᠴᠠᠭᠠᠨ᠎ᠤ ᠠᠷᠭ᠎ᠠ ᠪᠤᠳᠤᠯᠭ᠎ᠠ ᠮᠥᠨ᠂ ᠥᠩᠭᠡᠷᠡᠭ᠌ᠰᠡᠨ᠎ᠳᠦ ᠬᠤᠪᠢᠷᠠᠭ᠍ᠰᠠᠨ ᠦᠭᠡᠢ᠂ ᠬᠣᠢᠱᠢᠳᠠ ᠨᠡᠩ ᠴᠤ᠌ ᠬᠤᠪᠢᠷᠠᠬᠤ ᠦᠭᠡᠢ ᠶᠤᠮ᠃ ᠦᠨᠡᠬᠡᠷ᠂ ᠨᠢᠳᠤᠨᠤᠨ ᠨᠢᠭᠡ ᠬᠡᠰᠡᠭ ᠬᠤᠭᠤᠴᠠᠭᠠᠨ᠎ᠳᠤ᠂ ᠨᠡᠢᠭᠡᠮ ᠳᠡᠭᠡᠷ᠎ᠡ ᠵᠠᠷᠢᠮ ᠵᠥᠪ ᠪᠤᠰᠤ ᠶᠠᠷᠢᠶ᠎ᠠ ᠬᠡᠯᠡᠯᠴᠡᠭᠡ ᠭᠠᠷᠴᠤ᠌᠂ ᠵᠠᠷᠢᠮ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ᠎ᠢ ᠰᠠᠨᠠᠭᠠᠱᠢᠷᠠᠭᠤᠯᠵᠤ ᠪᠠᠢᠪᠠ᠃ ᠦᠨᠡᠨ᠎ᠳᠡᠭᠡᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌ ᠠᠰᠠᠭᠤᠳᠠᠯ ᠳᠡᠭᠡᠷ᠎ᠡ᠂ ᠨᠠᠮ᠎ᠤᠨ ᠲᠥᠪ ᠬᠣᠷᠢᠶ᠎ᠠ ᠵᠢᠨ ᠴᠢᠭ᠌ᠯᠡᠯᠲᠡ ᠲᠥᠷᠥ᠎ᠶ᠋ᠢᠨ ᠪᠣᠳᠣᠯᠭ᠎ᠠ ᠶᠡᠷᠦ᠍ ᠨᠢ ᠮᠠᠰᠢ ᠲᠣᠳᠣᠷᠬᠠᠶ ᠶᠤᠮ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠬᠣᠷᠢᠳᠤᠭᠠᠷ ᠶᠡᠬᠡ ᠬᠤᠷᠠᠯ ᠪᠣᠯᠤᠨ ᠨᠢᠳᠤᠨᠤᠨ᠎ᠤ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ ᠴᠥᠮ ᠴᠢᠬᠤᠯᠠᠴᠢᠯᠠᠭ᠍ᠰᠠᠨ ᠪᠠᠢᠨ᠎ᠠ᠃ ᠡᠭᠦᠨ᠎ᠳᠦ ᠪᠢᠳᠡ ᠲᠤᠭ ᠲᠡᠮᠳᠡᠭ ᠲᠣᠳᠣᠷᠬᠠᠢ᠂ ᠡᠷᠡᠰ ᠭᠤᠢᠪᠢᠰᠢ ᠦᠭᠡᠢ ᠶᠤᠮ᠃

ᠬᠣᠶᠠᠳᠤᠭᠠᠷ᠎ᠲᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠣᠷᠴᠢᠨ ᠨᠥᠬᠥᠴᠡᠯ ᠤᠯᠠᠮ᠎ᠡᠴᠡ ᠤᠯᠠᠮ ᠰᠠᠢᠵᠢᠷᠠᠵᠤ᠂ ᠬᠥᠭ᠌ᠵᠢᠯᠲᠡ᠎ᠶ᠋ᠢᠨ ᠣᠷᠣᠨ ᠵᠠᠢ ᠤᠯᠠᠮ᠎ᠡᠴᠡ ᠤᠯᠠᠮ ᠶᠡᠬᠡᠳᠬᠦ᠌ ᠪᠣᠯᠤᠨ᠎ᠠ᠃ ᠪᠢᠳᠡ ᠱᠢᠨ᠎ᠡ ᠭᠠᠷᠤᠭ᠎ᠠ᠎ᠡᠴᠡ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠶᠡᠬᠡ᠎ᠪᠡᠷ ᠪᠤᠢ ᠪᠣᠯᠭᠠᠵᠤ᠂ ᠡᠯ᠎ᠡ ᠲᠦᠷᠦᠯ᠎ᠦᠨ ᠥᠮᠴᠢᠯᠡᠯ᠎ᠦᠨ ᠠᠵᠤ ᠠᠬᠤᠢᠯᠠᠯ᠎ᠳᠤ ᠡᠷᠬᠡ ᠲᠡᠭ᠌ᠰᠢ᠎ᠪᠡᠷ ᠬᠠᠨᠳᠤᠵᠤ᠂ ᠠᠵᠤ ᠠᠬᠤᠢᠯᠠᠯ᠎ᠤᠨ ᠥᠮᠴᠢᠯᠡᠯ᠎ᠦᠨ ᠡᠷᠬᠡ ᠪᠣᠯᠤᠨ ᠠᠵᠤ ᠠᠬᠤᠢᠯᠠᠯᠲᠠᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠵᠤ᠂ ᠡᠯ᠎ᠡ ᠲᠦᠷᠦᠯ᠎ᠦᠨ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢᠨ ᠡᠷᠬᠡ ᠲᠡᠭ᠌ᠰᠢ᠎ᠪᠡᠷ ᠦᠷᠢᠰᠦᠯᠳᠦᠬᠦ᠌᠎ᠶ᠋ᠢ ᠠᠬᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠨ ᠪᠤᠵᠠᠭᠠᠢ᠌ᠷᠠᠬᠤ᠎ᠶ᠋ᠢ ᠳᠡᠮᠵᠢᠨ᠎ᠠ᠃ ᠬᠥᠭ᠌ᠵᠢᠯᠲᠡ᠎ᠶ᠋ᠢᠨ ᠣᠷᠣᠨ ᠵᠠᠢ᠎ᠡᠴᠡ ᠦᠵᠡᠪᠡᠯ᠂ ᠳᠤᠮᠳᠠᠳᠤ ᠤᠯᠤᠰ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠲᠡᠶ᠂ ᠪᠠᠰᠠ ᠮᠠᠰᠢ ᠤᠯᠠᠨ ᠱᠢᠨ᠎ᠡ ᠬᠦᠷᠢᠶ᠎ᠡ ᠱᠢᠨ᠎ᠡ ᠤᠷᠤᠯᠳᠤᠭᠠᠨ᠎ᠤ ᠵᠠᠮ᠎ᠢ ᠨᠡᠭᠡᠭᠡᠬᠦ᠌ ᠴᠢᠬᠤᠯᠠ ᠲᠠᠢ ᠪᠠᠢᠵᠤ᠂ ᠴᠥᠮ ᠯᠤᠲᠤ ᠶᠡᠬᠡ ᠬᠥᠭ᠌ᠵᠢᠯᠲᠡ᠎ᠶ᠋ᠢᠨ ᠠᠵᠠ ᠲᠣᠬᠢᠶᠠᠯ ᠬᠠᠳᠠᠭᠠᠯᠠᠭ᠍ᠳᠠᠵᠤ ᠪᠠᠢᠨ᠎ᠠ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ ᠯᠠᠪᠲᠠᠶ ᠶᠡᠬᠡ ᠵᠢᠳᠭᠦᠯ ᠴᠢᠷᠮᠠᠢ᠌ᠯᠭ᠎ᠠ ᠭᠠᠷᠭᠠᠵᠤ ᠪᠤᠯᠤᠨ᠎ᠠ᠃

ᠭᠤᠷᠪᠠᠳᠤᠭᠠᠷ᠎ᠲᠤ᠂ ᠴᠠᠭ ᠦᠶ᠎ᠡ ᠥᠷᠭᠡᠨ ᠤᠯᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠳ᠎ᠤᠨ ᠰᠢᠨ᠎ᠠ ᠦᠢᠯᠡᠰ ᠪᠤᠰᠭᠠᠬ᠍ᠰᠠᠨ ᠲᠡᠦᠬᠡ᠎ᠪᠡᠨ ᠪᠢᠴᠢᠭ᠌ᠯᠡᠬᠦ᠌᠎ᠶ᠋ᠢ ᠤᠷᠢᠶᠠᠯᠠᠵᠤ ᠪᠠᠢᠨ᠎ᠠ᠃ ᠡᠨᠡ ᠨᠢ ᠪᠠᠰᠠ ᠮᠢᠨᠦ᠍ ᠬᠡᠯᠡᠬᠦ᠌ ᠭᠡᠰᠡᠨ ᠨᠢᠭᠡ ᠵᠦᠶ᠋ᠯ ᠮᠦᠨ᠃ ᠠᠵᠤ ᠠᠬᠤᠢ᠎ᠶ᠋ᠢᠨ ᠬᠥᠭ᠌ᠵᠢᠯᠲᠡ ᠨᠢ ᠪᠤᠰᠤᠳᠴᠢ ᠵᠢᠮ᠎ᠡ ᠶᠣᠰᠣ᠎ᠲᠠᠶ ᠪᠠᠢᠳᠠᠭ ᠪᠥᠭᠡᠳ ᠪᠠᠰᠠ ᠪᠤᠰᠤᠳᠴᠢ ᠨᠥᠬᠥᠴᠡᠯ᠎ᠳᠦ ᠲᠦᠱᠢᠭ᠌ᠯᠡᠳᠡᠭ᠂ ᠭᠡᠬᠦ ᠳ᠋ᠦ ᠮᠠᠰᠢ ᠴᠢᠩᠭ᠎ᠠ ᠪᠡᠶᠡᠴᠢ ᠴᠢᠳᠠᠮᠠᠭᠠᠢ ᠴᠢᠨᠠᠷ᠎ᠢ ᠨᠡᠩ ᠢᠯᠡᠭᠦᠦ ᠱᠠᠭᠠᠷᠳᠠᠳᠠᠭ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠳ ᠱᠢᠯᠢᠳᠡᠭ ᠠᠵᠤ ᠠᠬᠤᠢᠯᠠᠯᠲᠠᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠢᠲᠡᠭᠡᠯ ᠵᠣᠷᠢᠭ᠎ᠢᠶᠠᠨ ᠪᠠᠲᠤᠳᠭᠠᠨ ᠠᠶᠠᠨ᠎ᠳᠠᠭᠠᠨ ᠲᠠᠬᠢᠨ ᠮᠣᠷᠳᠠᠬᠤ᠎ᠶ᠋ᠢ ᠬᠦᠰᠡᠵᠦ᠍ ᠪᠠᠢᠨ᠎ᠠ᠃ ᠡᠨᠳᠡ ᠬᠦᠷᠲᠡᠯ᠎ᠡ ᠶᠠᠷᠢᠬᠤ ᠳ᠋ᠦ ᠪᠢ ᠲᠤᠬᠠᠢ᠎ᠶ᠋ᠢᠨ ᠵᠢᠯ᠎ᠳ᠋ᠤ ᠵᠢᠶᠠᠩᠰᠦ ᠵᠧᠵᠢᠶᠠᠩ ᠵᠡᠷᠭᠡ ᠭᠠᠵᠠᠷ᠎ᠤᠨ ᠬᠤᠪᠢ᠎ᠶ᠋ᠢᠨ ᠡᠵᠡᠩᠨᠡᠯᠲᠡ᠎ᠶ᠋ᠢᠨ ᠠᠵᠤ ᠠᠬᠤᠢ᠎ᠶ᠋ᠢ ᠬᠥᠭ᠌ᠵᠢᠭᠦᠯᠬᠦ᠌᠂ ᠱᠢᠶᠠᠩ ᠪᠠᠯᠭᠠᠰᠤᠨ᠎ᠤ ᠠᠵᠤ ᠠᠬᠤᠢᠯᠠᠯ᠎ᠢ ᠬᠥᠭ᠌ᠵᠢᠭᠦᠯᠬᠦ᠌ ᠦᠶ᠎ᠡ᠎ᠳᠦ ᠡᠭᠦᠳᠦᠭ᠌ᠰᠡᠨ 《ᠲᠦᠷᠪᠡᠨ ᠮᠢᠩᠭ᠎ᠠ》 ᠵᠢᠨ ᠵᠣᠷᠢᠭ ᠰᠠᠨᠠᠭ᠎ᠠ᠎ᠶᠢ ᠦᠪᠡᠷ᠎ᠤᠨ ᠡᠷᠭᠡ ᠦᠭᠡᠢ ᠪᠤᠳᠤᠵᠤ ᠤᠯᠤᠯ᠎ᠠ᠂ ᠲᠡᠷᠡ ᠨᠢ ᠲᠠᠷᠤᠢ᠄ ᠮᠢᠩᠭᠠᠨ ᠪᠡᠷᠬᠡ ᠲᠦᠮᠡᠨ ᠪᠠᠷᠳᠠᠭ᠎ᠠ᠎ᠶ᠋ᠢ ᠲᠤᠭᠤᠯᠵᠤ᠂ ᠲᠦᠮᠡ ᠮᠢᠩᠭᠠᠨ ᠦᠭᠡ ᠶᠠᠷᠢᠵᠤ᠂ ᠡᠯᠳᠡᠪ ᠠᠷᠭ᠎ᠠ ᠪᠦᠬᠦᠨ᠎ᠢ ᠰᠦᠪᠡᠭ᠌ᠴᠢᠯᠡᠵᠦ᠂ ᠲᠤᠭᠠᠯᠠᠰᠢ ᠦᠭᠡᠢ ᠬᠦᠴᠢᠷ ᠪᠡᠷᠭᠡᠰᠢᠶᠡᠯ ᠢ᠋ ᠠᠮᠰᠠᠬᠤ᠎ᠭᠡᠳᠡᠭ᠎ᠢ ᠥᠪᠡᠷ᠎ᠦᠨ ᠡᠷᠬᠡ ᠦᠭᠡᠢ ᠪᠤᠳᠤᠵᠤ ᠣᠯᠵᠠᠢ᠃ ᠬᠡᠳᠦᠢᠪᠡᠷ ᠤᠳᠤ᠎ᠶ᠋ᠢᠨ ᠦᠢᠯᠡᠰ ᠪᠤᠰᠬᠠᠬᠤ ᠵᠠᠭ᠍ᠪᠤᠷ᠂ ᠬᠡᠯᠪᠡᠷᠢ ᠪᠠᠢᠳᠠᠯ᠎ᠳᠤ ᠮᠠᠰᠢ ᠶᠡᠬᠡ ᠬᠤᠪᠢᠷᠠᠯᠲᠠ ᠭᠠᠷᠤᠭ᠍ᠰᠠᠨ ᠪᠣᠯᠪᠠᠴᠤ᠌ ᠲᠤᠬᠠᠢ᠎ᠶ᠋ᠢᠨ ᠦᠶ᠎ᠡ᠎ᠶ᠋ᠢᠨ ᠲᠡᠷᠡ ᠬᠦ᠌ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ ᠦᠢᠯᠡᠰ ᠪᠤᠰᠬᠠᠬᠤ ᠵᠣᠷᠢᠭ ᠰᠠᠨᠠᠭ᠎ᠠ ᠨᠢ ᠥᠨᠢ ᠡᠭᠦᠷᠢᠳᠡ ᠱᠠᠭᠠᠷᠳᠠᠭ᠍ᠳᠠᠬᠤ ᠶᠤᠮ᠃ ᠮᠠᠨ᠎ᠤ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠠᠷᠠᠳ᠎ᠤᠨ ᠡᠵᠡᠩᠨᠡᠯᠳᠡ ᠵᠢᠨ ᠠᠵᠤ ᠠᠬᠤᠢᠯᠠᠯ᠎ᠢ ᠦᠨᠡᠨ ᠰᠡᠳᠭᠢᠯ᠎ᠡᠴᠡ᠎ᠪᠡᠨ ᠬᠠᠯᠠᠮᠵᠢᠯᠠᠨ ᠲᠡᠭᠦᠨ᠎ᠳᠦ ᠦᠢᠯᠡᠴᠢᠯᠡᠵᠦ᠍᠂ ᠵᠠᠰᠠᠭ᠎ᠤᠨ ᠣᠷᠳᠣᠨ ᠪᠠ ᠬᠤᠳᠠᠯᠳᠤᠭᠠᠴᠢᠨ᠎ᠤ ᠬᠣᠭᠣᠷᠣᠨᠳᠣᠬᠢ ᠳᠣᠲᠣᠨᠣ ᠴᠢᠬᠡᠴᠢ ᠬᠠᠷᠢᠴᠠᠭ᠎ᠠ᠎ᠶ᠋ᠢ ᠪᠠᠢᠭᠤᠯᠵᠦ᠂ ᠪᠦᠬᠦ᠌ ᠨᠡᠢᠭᠡᠮ᠎ᠢ ᠲᠠᠢ᠌ᠴᠢᠯᠠᠨ ᠦᠢᠯᠡᠰ ᠪᠤᠰᠬᠠᠭᠴᠢ᠎ᠶ᠋ᠢ ᠬᠦᠨᠳᠦᠳᠭᠡᠬᠦ᠌᠂ ᠠᠵᠤ ᠠᠬᠤᠢᠯᠠᠯᠲᠠᠨ᠎ᠢ ᠬᠦᠨᠳᠦᠳᠭᠡᠬᠦ᠌ ᠰᠠᠢ᠌ᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠬᠤ ᠬᠡᠷᠡᠭ᠌ᠲᠡᠢ᠃ ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠥᠷᠭᠡᠨ ᠤᠯᠠᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ ᠯᠠᠪᠲᠠᠢ ᠨᠡᠩ ᠭᠡᠷᠡᠯ ᠰᠠᠴᠤᠷᠠᠩᠭᠤᠢ ᠦᠢᠯᠡᠰ ᠪᠤᠰᠭᠠᠬᠤ ᠲᠡᠦᠬᠡ᠎ᠶ᠋ᠢ ᠪᠢᠴᠢᠭ᠌ᠯᠡᠨ᠎ᠠ ᠭᠡᠳᠡᠭ ᠲᠦ᠍ ᠪᠢ ᠢᠲᠡᠭᠡᠵᠦ᠍ ᠪᠠᠢᠨ᠎ᠠ᠃

ᠫᠸᠩ ᠫᠠᠢ ᠰᠣᠨᠢᠨ ᠮᠡᠳᠡᠭᠡᠨ᠎ᠦ ᠰᠤᠷᠪᠤᠯᠵᠢᠯᠠᠭ᠍ᠴᠢ ᠄ ᠰᠦᠯᠵᠢᠶᠡᠨ ᠢᠷᠭᠡᠳ ᠠᠷᠠᠳ᠎ᠤᠨ ᠠᠮᠢᠳᠤᠷᠠᠯ᠎ᠤᠨ ᠵᠠᠷᠢᠮ ᠬᠠᠯᠠᠮᠱᠢᠯ ᠠᠰᠠᠭᠤᠳᠠᠯ᠎ᠢ ᠳᠡᠭᠡᠳᠦ ᠬᠡᠮᠵᠢᠢ᠎ᠡ᠎ᠪᠡᠷ ᠠᠩᠬᠠᠷᠴᠤ ᠪᠤᠢ᠃ ᠡᠨᠡ ᠵᠢᠯ ᠮᠠᠨ᠎ᠤ ᠤᠯᠤᠰ᠎ᠤᠨ ᠠᠵᠢᠯ ᠣᠯᠭᠣᠯᠲᠠ᠎ᠶ᠋ᠢᠨ ᠪᠠᠢᠳᠠᠯ ᠮᠥᠨ ᠯᠡ ᠬᠦᠨᠳᠦ ᠨᠣᠴᠢᠲᠠᠶ ᠪᠠᠢᠨ᠎ᠠ᠂ ᠲᠡᠭᠡᠪᠡᠯ ᠵᠠᠰᠠᠭ᠎ᠤᠨ ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠌ ᠠᠵᠢᠯ ᠣᠯᠭᠣᠯᠲᠠ᠎ᠶ᠋ᠢ ᠲᠣᠭ᠍ᠲᠠᠭᠤᠨ ᠪᠠᠢᠯᠭᠠᠬᠤ ᠪᠣᠶ? ᠨᠢᠳᠤᠨᠤᠨ ᠳᠤᠮᠳᠠᠳᠤ ᠤᠯᠤᠰ᠎ᠲᠤ ᠤᠯᠠᠨ ᠵᠢᠯ᠎ᠳᠦ ᠪᠠᠢᠭ᠎ᠠ ᠦᠭᠡᠢ ᠬᠥᠮᠦᠨ ᠠᠮᠠ᠎ᠶ᠋ᠢᠨ ᠰᠥᠭᠡᠷᠭᠦ᠌ ᠨᠡᠮᠡᠭ᠌ᠳᠡᠯ ᠭᠠᠷᠤᠭ᠍ᠰᠠᠨ ᠨᠢ ᠬᠥᠮᠦᠨ ᠠᠮᠠ᠎ᠶ᠋ᠢᠨ ᠴᠡᠪᠡᠷ ᠠᠱᠢᠭ ᠤᠳᠠᠯ ᠦᠭᠡᠢ ᠠᠷᠢᠯᠬᠤ᠎ᠶ᠋ᠢ ᠬᠠᠷᠠᠭᠤᠯᠵᠤ ᠪᠠᠢᠨ᠎ᠠ ᠦᠦ? ᠡᠨᠡ ᠵᠢᠯ ᠠᠵᠢᠯ ᠡᠴᠡ ᠪᠠᠨ ᠠᠮᠠᠷᠠᠬᠤ᠎ᠶ᠋ᠢ ᠬᠣᠢᠱᠢᠯᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ ᠮᠡᠳᠡᠨ᠎ᠠ ᠦᠦ?

ᠯᠢ ᠴᠢᠶᠠᠩ᠄ ᠪᠢ ᠰᠦᠯᠵᠢᠶᠡᠨ ᠢᠷᠭᠡᠳ᠎ᠦᠨ ᠠᠩᠬᠠᠷᠤᠯ᠎ᠳᠤ ᠬᠠᠷᠢᠭᠤᠯᠲᠠ ᠥᠭ᠌ᠬᠦ ᠳᠤᠷᠠᠲᠠᠶ᠂ ᠵᠠᠪ ᠴᠢᠯᠦᠭᠡ ᠤᠯᠳᠠᠭᠰᠠᠭᠠᠷ ᠯᠡ ᠰᠦᠯᠵᠢᠶᠡᠨ᠎ᠳᠦ ᠭᠠᠷᠴᠤ᠌᠂ ᠰᠦᠯᠵᠢᠶᠡᠨ ᠢᠷᠭᠡᠳ᠎ᠦᠨ ᠶᠠᠭᠤ᠎ᠶ᠋ᠢ ᠠᠩᠬᠠᠷᠴᠤ᠌ ᠪᠠᠢᠬᠤ᠂ ᠶᠠᠮᠠᠷ ᠰᠠᠢᠨ ᠰᠠᠨᠠᠯ ᠰᠠᠨᠠᠭᠤᠯᠭ᠎ᠠ ᠪᠠᠢᠬᠤ᠎ᠶ᠋ᠢ ᠦᠵᠡᠳᠡᠭ᠃

ᠦᠨᠡᠨ᠎ᠳᠡᠭᠡᠨ ᠴᠢ ᠰᠠᠶᠢᠬᠠᠨ ᠭᠤᠷᠪᠠᠨ ᠠᠰᠠᠭᠤᠯᠲᠠ ᠳᠤᠷᠠᠳᠪᠠ᠃ ᠨᠢᠭᠡᠳᠦᠭᠡᠷ ᠠᠰᠠᠭᠤᠯᠳᠠ ᠭᠡᠪᠡᠯ᠂ ᠠᠵᠢᠯ ᠣᠯᠭᠣᠯᠲᠠ᠎ᠵᠢᠨ ᠠᠰᠠᠭᠤᠳᠠᠯ᠃ ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠦᠨᠳᠦᠰᠦ ᠮᠥᠨ᠂ ᠠᠵᠢᠯ ᠣᠯᠭᠣᠯᠲᠠ᠎ᠶ᠋ᠢᠨ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠬᠠᠮᠤᠭ᠎ᠤᠨ ᠦᠨᠳᠦᠰᠦᠨ ᠨᠢᠭᠡ ᠵᠦᠢᠯ ᠪᠣᠯ ᠬᠠᠱᠢᠯᠠ ᠠᠵᠤ ᠠᠬᠤᠢ᠎ᠶ᠋ᠢ ᠬᠥᠭ᠌ᠵᠢᠭᠦᠯᠬᠦ᠌᠎ᠳᠦ ᠲᠦᠱᠢᠭ᠌ᠯᠡᠬᠦ᠌ ᠬᠡᠷᠡᠭ᠌ᠲᠡᠢ᠃ ᠪᠣᠳᠠᠲᠠᠶ ᠠᠵᠢᠯ᠎ᠤᠨ ᠳᠤᠮᠳᠠ᠂ ᠪᠢᠳᠡ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠵᠢᠯ ᠣᠯᠭᠣᠯᠲᠠ᠎ᠶ᠋ᠢᠨ ᠦᠶ᠋ᠯᠡᠴᠢᠯᠡᠭᠡ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠵᠡᠷᠭᠡ ᠲᠠᠯ᠎ᠠ᠎ᠪᠠᠷ᠎ᠬᠢ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠠᠵᠢᠯ ᠣᠯᠭᠣᠯᠲᠠ᠎ᠶ᠋ᠢᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠵᠦ᠍᠂ ᠠᠵᠢᠯ ᠣᠯᠭᠣᠯᠲᠠ᠎ᠶ᠋ᠢᠨ ᠱᠢᠨ᠎ᠡ ᠬᠡᠯᠪᠡᠷᠢ᠎ᠶ᠋ᠢ ᠳᠡᠮᠵᠢᠨ ᠵᠢᠷᠤᠮᠵᠢᠭᠤᠯᠤᠨ᠎ᠠ᠃ ᠡᠨᠡ ᠵᠢᠯ᠎ᠦᠨ  ᠶᠡᠬᠡ ᠳᠡᠭᠡᠳᠦ ᠰᠤᠷᠭᠠᠭᠤᠯᠢ ᠲᠡᠭᠦᠰᠭᠦ ᠰᠤᠷᠤᠭ᠍ᠴᠢ  ᠵᠢᠱ᠌ᠢᠯᠲᠡ᠎ᠪᠡᠷ 1158 ᠲᠦᠮᠡ ᠪᠤᠢ᠂ ᠠᠵᠢᠯ ᠣᠯᠭᠣᠯᠲᠠ ᠵᠢᠨ ᠲᠠᠯ᠎ᠠ᠎ᠡᠴᠡ ᠦᠵᠡᠪᠡᠯ ᠵᠣᠬᠢᠬᠤ ᠳᠠᠷᠤᠯᠲᠠ᠎ᠲᠠᠶ ᠪᠠᠢᠨ᠎ᠠ; ᠭᠡᠪᠡᠴᠦ᠍ ᠬᠥᠭ᠌ᠵᠢᠯᠲᠡ ᠵᠢᠨ ᠲᠠᠯ᠎ᠠ᠎ᠡᠴᠡ ᠠᠪᠴᠤ᠌ ᠦᠵᠡᠪᠡᠯ᠂ ᠡᠨᠡ ᠨᠢ ᠠᠮᠢᠵᠢᠷᠠᠯ᠎ᠤᠨ ᠬᠦᠴᠦᠨ ᠨᠡᠮᠡᠷᠢᠯᠡᠪᠡ᠃ ᠪᠢᠳᠡ ᠠᠵᠢᠯ ᠣᠯᠭᠣᠯᠲᠠ᠎ᠶ᠋ᠢᠨ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠭᠡᠵᠦ᠍᠂ ᠵᠠᠯᠠᠭᠤᠴᠤᠳ᠎ᠢ ᠬᠠᠪᠰᠤᠷᠤᠨ ᠬᠥᠳᠡᠯᠮᠦᠷᠢ ᠪᠠ ᠲᠡᠮᠡᠴᠡᠯ᠎ᠢᠶᠡᠷ ᠳᠠᠮᠵᠢᠭᠤᠯᠤᠨ᠂ ᠥᠪᠡᠷ᠎ᠦᠨ ᠠᠮᠢᠳᠤᠷᠠᠬᠤᠢ᠎ᠶ᠋ᠢᠨ ᠦᠨ᠎ᠡ ᠦᠷᠲᠡᠭ᠎ᠢᠶᠡᠨ ᠨᠡᠩ ᠰᠠᠢᠲᠤᠷ ᠪᠡᠶᠡᠯᠡᠭᠦᠯᠬᠦ ᠪᠤᠯᠭᠠᠨ᠎ᠠ᠃

ᠬᠣᠶᠠᠳᠤᠭᠠᠷ ᠠᠰᠠᠭᠤᠯᠳᠠ ᠪᠤᠯ᠂ ᠬᠥᠮᠦᠨ ᠠᠮᠠ᠎ᠶ᠋ᠢᠨ ᠰᠥᠭᠡᠷᠭᠦ᠌ ᠨᠡᠮᠡᠭ᠌ᠳᠡᠯ᠎ᠦᠨ ᠠᠰᠠᠭᠤᠳᠠᠯ᠃ ᠮᠠᠨ᠎ᠤ ᠤᠯᠤᠰ᠎ᠤᠨ ᠬᠥᠮᠦᠨ ᠠᠮᠠ᠎ᠶ᠋ᠢᠨ ᠥᠰᠥᠯᠲᠡ ᠡᠶᠡᠷᠭᠦ᠌ ᠪᠠᠢᠭ᠍ᠰᠠᠨ᠎ᠡᠴᠡ᠎ᠪᠠᠨ ᠰᠥᠭᠡᠷᠭᠦ᠌ ᠪᠤᠯᠵᠤ ᠪᠠᠢᠨ᠎ᠠ᠂ ᠬᠥᠮᠦᠨ ᠠᠮᠠ᠎ᠶ᠋ᠢᠨ ᠴᠡᠪᠡᠷ ᠠᠱᠢᠭ ᠡᠭᠦᠨ᠎ᠡᠴᠡ ᠪᠤᠯᠵᠤ ᠠᠷᠢᠯᠤᠨ᠎ᠠ ᠦᠦ ᠦᠭᠡᠢ ᠦᠦ ᠭᠡᠵᠦ᠍ ᠵᠠᠷᠢᠮ ᠬᠥᠮᠦᠨ ᠰᠠᠨᠠᠭ᠎ᠠ ᠵᠣᠪᠠᠵᠤ ᠪᠠᠢᠨ᠎ᠠ᠃ ᠮᠢᠨᠦ᠍ ᠪᠣᠳᠣᠬᠤ᠎ᠪᠠᠷ ᠲᠡᠢᠮᠦ᠍ ᠠᠮᠠᠷᠬᠠᠨ ᠪᠢᠰᠢ᠃ ᠬᠥᠮᠦᠨ ᠠᠮᠠ᠎ᠶ᠋ᠢᠨ ᠴᠡᠪᠡᠷ ᠠᠱᠢᠭ᠎ᠢ ᠶᠡᠷᠦᠩᠬᠡᠢ ᠬᠡᠮᠵᠢᠶ᠎ᠡ᠎ᠪᠡᠷ ᠨᠢ ᠦᠵᠡᠬᠦ᠌ ᠬᠡᠷᠡᠭ᠌ᠲᠡᠢ ᠮᠥᠷᠲᠡᠭᠡᠨ ᠨᠡᠩ ᠴᠤ᠌ ᠶᠠᠰᠤ ᠴᠢᠨᠠᠷ᠎ᠢᠶᠠᠷ ᠨᠢ ᠦᠵᠡᠬᠦ᠌ ᠬᠡᠷᠡᠭ᠌ᠲᠡᠢ᠂ ᠬᠥᠮᠦᠨ ᠠᠮᠠ᠎ᠪᠠᠷ ᠨᠢ ᠦᠵᠡᠬᠦ᠌ ᠬᠡᠷᠡᠭ᠌ᠲᠡᠢ ᠮᠥᠷᠲᠡᠭᠡᠨ ᠨᠡᠩ ᠴᠤ᠌ ᠴᠢᠳᠠᠪᠤᠷᠢᠲᠠᠨ᠎ᠢᠶᠠᠷ ᠨᠢ ᠦᠵᠡᠬᠦ᠌ ᠬᠡᠷᠡᠭ᠌ᠲᠡᠢ᠃ ᠮᠠᠨ᠎ᠤ ᠤᠯᠤᠰ᠎ᠲᠤ 9 ᠳ᠋ᠦᠩᠱᠢᠭᠤᠷ ᠱᠢᠬᠠᠮ ᠬᠥᠳᠡᠯᠮᠦᠷᠢ ᠬᠦᠴᠦᠨ᠎ᠲᠡᠶ ᠪᠠᠢᠵᠤ᠂ ᠵᠢᠯ ᠪᠦᠷᠢ᠎ᠶ᠋ᠢᠨ ᠱᠢᠨ᠎ᠡ᠎ᠪᠡᠷ ᠨᠡᠮᠡᠭ᠌ᠳᠡᠬᠦ᠌ ᠬᠥᠳᠡᠯᠮᠦᠷᠢ ᠬᠦᠴᠦᠨ ᠴᠥᠮ 1500 ᠲᠦᠮᠡ᠎ᠶ᠋ᠢ ᠳᠠᠪᠠᠵᠤ᠂ ᠬᠥᠮᠦᠨ᠎ᠦ ᠬᠦᠴᠦᠨ᠎ᠦ ᠡᠬᠢ ᠪᠠᠶᠠᠯᠢᠭ ᠡᠯᠪᠡᠭ ᠪᠠᠢᠬᠤ ᠨᠢ ᠮᠥᠨ ᠯᠡ ᠳᠤᠮᠳᠠᠳᠤ ᠤᠯᠤᠰ᠎ᠤᠨ ᠲᠤᠪᠤᠢ᠌ᠮ᠎ᠠ ᠳᠠᠪᠠᠭᠤᠯᠢᠭ ᠪᠣᠯᠤᠭ᠍ᠰᠠᠭᠠᠷ ᠪᠠᠢᠨ᠎ᠠ᠃ ᠨᠡᠩ ᠴᠢᠬᠤᠯᠠ ᠨᠢ᠂ ᠮᠠᠨ᠎ᠤ ᠤᠯᠤᠰ᠎ᠤᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠬᠦᠷᠲᠡᠭᠰᠡᠨ ᠬᠥᠮᠦᠨ ᠠᠮᠠ ᠨᠢᠭᠡᠨᠲᠡ 2.4 ᠳ᠋ᠦᠩᠱᠢᠭᠤᠷ᠎ᠢ ᠳᠠᠪᠠᠵᠤ᠂ ᠱᠢᠨ᠎ᠡ᠎ᠪᠡᠷ ᠨᠡᠮᠡᠭ᠌ᠳᠡᠭ᠌ᠰᠡᠨ ᠬᠥᠳᠡᠯᠮᠦᠷᠢ ᠬᠦᠴᠦᠨ᠎ᠦ ᠰᠤᠷᠭᠠᠨ ᠬᠥᠮᠦᠵᠢᠯ ᠬᠦᠷᠲᠡᠭᠰᠡᠨ ᠳᠤᠮᠳᠠᠴᠢ ᠵᠢᠯ ᠬᠤᠭᠤᠴᠠᠭ᠎ᠠ ᠨᠢ 14 ᠵᠢᠯ᠎ᠳᠤ ᠬᠦᠷᠴᠡᠢ᠃ ᠮᠠᠨ᠎ᠤ 《ᠬᠥᠮᠦᠨ ᠠᠮᠠ᠎ᠶ᠋ᠢᠨ ᠴᠡᠪᠡᠷ ᠠᠱᠢᠭ》ᠠᠷᠢᠯᠤᠭᠠᠳᠤᠢ᠂ 《ᠴᠢᠳᠠᠪᠤᠷᠢᠲᠠᠨ᠎ᠤ ᠴᠡᠪᠡᠷ ᠠᠱᠢᠭ》ᠶᠠᠭ ᠪᠦᠷᠢᠯᠳᠦᠵᠦ᠍᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠮᠥᠨ ᠯᠡ ᠢᠳᠡ ᠬᠦᠴᠦᠲᠡᠢ ᠪᠠᠢᠨ᠎ᠠ ᠭᠡᠵᠦ᠍ ᠬᠡᠯᠡᠵᠦ᠍ ᠪᠣᠯᠤᠨ᠎ᠠ᠃ ᠬᠡᠯᠡᠯᠭᠡᠨ ᠦᠭᠡᠢ᠂ ᠪᠢᠳᠡ ᠬᠥᠮᠦᠨ ᠠᠮᠠ᠎ᠶ᠋ᠢᠨ ᠨᠡᠮᠡᠭ᠌ᠳᠡᠯ ᠬᠠᠰᠤᠭ᠍ᠳᠠᠯ᠎ᠤᠨ ᠠᠪᠴᠢᠷᠠᠵᠤ ᠮᠡᠳᠡᠬᠦ᠌ ᠠᠰᠠᠭᠤᠳᠠᠯ᠎ᠢ ᠪᠠᠰᠠ ᠭᠦᠨᠵᠡᠭᠡᠢ ᠵᠠᠳᠠᠯᠤᠨ ᠰᠤᠳᠤᠯᠵᠤ᠂ ᠢᠳᠡᠪᠬᠢᠲᠡᠢ ᠠᠷᠭᠠᠴᠡᠭᠠᠬᠤ ᠬᠡᠷᠡᠭ᠌ᠲᠡᠢ᠃

ᠠᠵᠢᠯ ᠡᠴᠡ ᠪᠠᠨ ᠠᠮᠠᠷᠠᠬᠤ᠎ᠵᠢ ᠬᠣᠢᠱᠢᠯᠠᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠠᠰᠠᠭᠤᠳᠠᠯ᠎ᠤᠨ ᠲᠤᠬᠠᠶ  ᠪᠢᠳᠡ ᠨᠠᠷᠢᠨ ᠬᠢᠨᠠᠮᠠᠭᠠᠶ ᠰᠤᠳᠤᠯᠵᠤ᠂ ᠭᠦᠶ᠋ᠴᠡᠳ ᠨᠤᠲᠠᠯᠠᠯᠲᠠ ᠬᠢᠵᠦ᠍᠂ ᠵᠣᠬᠢᠰᠲᠠᠶ ᠦᠶ᠎ᠡ᠎ᠳᠦ ᠯᠠᠪᠳᠠᠭᠤᠨ᠎ᠢᠶᠠᠷ ᠬᠡᠷᠡᠭ᠌ᠵᠢᠭᠦᠯᠦᠨ᠎ᠡ᠃

ᠦᠽᠪᠸᠺᠰᠲ᠋ᠠᠨ᠎ᠤ ᠠᠷᠠᠳ᠎ᠤᠨ ᠶᠠᠷᠢᠶ᠎ᠠ ᠬᠡᠯᠡᠯᠴᠡᠭᠡᠨ᠎ᠦ ᠰᠣᠨᠢᠨ᠎ᠤ ᠰᠤᠷᠪᠤᠯᠵᠢᠯᠠᠭ᠍ᠴᠢ᠄ ᠳᠡᠯᠡᠬᠡᠢ ᠳᠡᠭᠡᠷᠡᠬᠢ ᠵᠠᠷᠢᠮ ᠬᠥᠮᠦᠰ ᠳᠤᠮᠳᠠᠳᠤ ᠤᠯᠤᠰ  ᠪᠤᠰᠤᠳ ᠤᠯᠤᠰ᠎ᠲᠠᠶ ᠬᠠᠷᠢᠴᠠᠭᠤᠯᠪᠠᠯ ᠬᠢᠵᠢᠭ᠎ᠢ ᠰᠡᠷᠭᠡᠢᠯᠡᠬᠦ᠌ ᠲᠠᠯ᠎ᠠ᠎ᠪᠠᠷ ᠬᠣᠶᠠᠷ ᠵᠢᠯ ᠭᠠᠷᠤᠢ ᠴᠢᠩᠭ᠎ᠠ ᠡᠵᠡᠮᠳᠡᠭ᠌ᠰᠡᠨ ᠨᠢ ᠦᠨᠡᠬᠡᠷ ᠴᠢᠬᠤᠯᠠᠲᠠᠢ ᠦᠦ ᠭᠡᠵᠦ ᠰᠡᠵᠢᠭᠯᠡᠵᠦ ᠪᠠᠢᠨ᠎ᠠ᠂ ᠢᠷᠡᠭᠡᠳᠦᠢ᠎ᠳᠦ ᠭᠠᠷᠴᠤ᠌ ᠮᠡᠳᠡᠬᠦ᠌ ᠱᠢᠨ᠎ᠡ ᠬᠢᠵᠢᠭ᠎ᠦᠨ ᠪᠠᠢᠳᠠᠯ᠎ᠢ ᠠᠷᠭᠠᠴᠡᠭᠠᠬᠤ᠎ᠳᠤ ᠳᠤᠮᠳᠠᠳᠤ ᠤᠯᠤᠰ ᠶᠠᠮᠠᠷ ᠶᠠᠮᠠᠷ ᠪᠡᠯᠡᠳᠭᠡᠯ ᠬᠢᠭ᠌ᠰᠡᠨ ᠪᠤᠢ?

ᠯᠢ ᠴᠢᠶᠠᠩ᠄ ᠬᠢᠵᠢᠭ᠎ᠦᠨ ᠪᠠᠢᠳᠠᠯ ᠭᠠᠷᠤᠭ᠍ᠰᠠᠨ ᠭᠤᠷᠪᠠᠨ ᠵᠢᠯ᠎ᠳᠦ᠂ ᠳᠤᠮᠳᠠᠳᠤ ᠤᠯᠤᠰ᠎ᠤᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠰᠡᠳᠭᠢᠯ ᠨᠢᠭᠡᠳᠦᠨ ᠬᠢᠵᠢᠭ᠎ᠲᠡᠶ ᠲᠡᠮᠡᠴᠡᠵᠦ᠍᠂ ᠣᠲᠣ ᠨᠢᠭᠡᠨᠲᠡ ᠴᠢᠬᠤᠯᠠ ᠶᠡᠬᠡ ᠱᠢᠶ᠋ᠳᠪᠦᠷᠢᠲᠦ ᠴᠢᠨᠠᠷᠲᠠᠶ ᠢᠯᠠᠯᠲᠠ᠎ᠶ᠋ᠢ ᠤᠯᠪᠠ᠃ ᠭᠤᠷᠪᠠᠨ ᠵᠢᠯ ᠭᠠᠷᠤᠢ᠎ᠶ᠋ᠢᠨ ᠲᠤᠷᠰᠢ᠂ ᠪᠢᠳᠡ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ᠎ᠪᠠᠷ ᠣᠨᠣᠴᠠᠲᠠᠢ ᠰᠡᠷᠭᠡᠢᠯᠡᠨ ᠡᠵᠡᠮᠳᠡᠬᠦ᠌᠎ᠶ᠋ᠢ ᠪᠠᠷᠢᠮᠲᠠᠯᠠᠵᠤ᠂ ᠴᠠᠭ ᠪᠠ ᠪᠠᠢᠳᠠᠯ᠎ᠳᠤ ᠲᠤᠬᠢᠷᠠᠭᠤᠯᠤᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠢ᠎ᠡ᠎ᠪᠡᠨ ᠱᠢᠯᠢᠳᠡᠭ᠌ᠵᠢᠭᠦᠯᠪᠡ᠃ ᠸᠢᠷᠦ᠋ᠰ᠎ᠦᠨ ᠡᠪᠡᠳᠴᠢᠯᠡᠭᠦᠯᠬᠦ᠌ ᠬᠦᠴᠦᠨ ᠨᠡᠯᠢᠶᠡᠳ ᠴᠢᠩᠭ᠎ᠠ ᠪᠠᠢᠬᠤ ᠱᠠᠲᠤᠨ᠎ᠳᠤ᠂ ᠪᠢᠳᠡ ᠡᠷᠡᠰ ᠱᠢᠭᠤᠷᠬᠠᠶ᠎ᠪᠠᠷ 《ᠬᠥᠬᠡᠭ᠌ᠴᠢᠨ ᠲᠥᠷᠥᠯ᠎ᠦᠨ ᠬᠥᠬᠡ ᠬᠠᠮᠢᠶᠠᠷᠤᠯᠲᠠ》 ᠎ᠶ᠋ᠢ ᠬᠡᠷᠡᠭ᠌ᠵᠢᠭᠦᠯᠵᠦ᠍᠂ ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠪᠦᠲᠦᠮᠵᠢᠲᠡᠶ ᠬᠠᠮᠠᠭᠠᠯᠠᠭ᠍ᠰᠠᠨ ᠪᠥᠭᠡᠳ ᠸᠠᠺᠼᠢᠨ ᠪᠠ ᠡᠮ᠎ᠦᠨ ᠵᠦᠶ᠋ᠯᠡᠰ᠎ᠢ ᠰᠤᠳᠤᠯᠤᠨ ᠦᠶ᠋ᠯᠡᠳᠬᠦ᠌᠂ ᠸᠠᠺᠼᠢᠨ᠎ᠤ ᠲᠠᠷᠢᠯᠭ᠎ᠠ᠎ᠶ᠋ᠢ ᠲᠦᠭᠡᠮᠡᠯᠵᠢᠭᠦᠯᠬᠦ᠌ ᠵᠡᠷᠭᠡ᠎ᠳᠦ ᠡᠷᠬᠢᠮ ᠨᠠᠨᠳᠢᠨ ᠴᠠᠭ ᠬᠤᠭᠤᠴᠠᠭ᠎ᠠ ᠣᠯᠭᠣᠭ᠍ᠰᠠᠨ ᠪᠠᠢᠨ᠎ᠠ᠃ ᠸᠢᠷᠦ᠋ᠰ᠎ᠦᠨ ᠡᠪᠡᠳᠴᠢᠯᠡᠭᠦᠯᠬᠦ᠌ ᠬᠦᠴᠦᠨ ᠰᠤᠯᠠᠷᠠᠬᠤ ᠪᠠ ᠮᠠᠨ᠎ᠤ ᠤᠯᠤᠰ᠎ᠤᠨ ᠰᠡᠷᠭᠡᠢᠯᠡᠨ ᠵᠠᠰᠠᠬᠤ ᠴᠢᠳᠠᠪᠤᠷᠢ ᠳᠡᠭᠡᠭ᠌ᠰᠢᠯᠡᠬᠦ᠌᠎ᠶ᠋ᠢ ᠳᠠᠭᠠᠯᠳᠤᠨ᠂ ᠪᠢᠳᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠳᠦ ᠠᠯᠢ ᠣᠯᠠᠨ ᠱᠢᠯᠢᠳᠡᠭ᠌ᠵᠢᠭᠦᠯᠬᠦ ᠲᠣᠬᠢᠷᠠᠭᠤᠯᠤᠯᠲᠠ ᠬᠢᠵᠦ᠍᠂ ᠵᠤᠬᠢᠰᠲᠠᠢ ᠴᠠᠭ᠎ᠲᠤ ᠲᠣᠬᠢᠷᠠᠭᠤᠯᠤᠯᠲᠠ᠎ᠬᠢᠵᠦ᠂ 《ᠬᠥᠬᠡᠭ᠌ᠴᠢᠨ ᠲᠥᠷᠥᠯ᠎ᠦᠨ ᠬᠥᠬᠡᠭ᠌ᠴᠢᠨ ᠬᠠᠮᠢᠶᠠᠷᠤᠯᠲᠠ》 ᠶ᠋ᠢ ᠬᠡᠷᠡᠭ᠌ᠵᠢᠭᠦᠯᠪᠡ᠃ ᠳᠤᠮᠳᠠᠳᠤ ᠤᠯᠤᠰ ᠱᠢᠭ᠋ ᠡᠢᠮᠦ᠍ ᠬᠥᠮᠦᠨ ᠠᠮᠠ ᠤᠯᠠᠨ᠂ ᠬᠥᠭ᠌ᠵᠢᠯᠲᠡ ᠲᠡᠩᠴᠡᠭᠦᠷᠢ ᠦᠭᠡᠢ ᠲᠤᠮᠤ ᠤᠯᠤᠰ ᠬᠣᠶᠠᠷ ᠰᠠᠷ᠎ᠠ ᠬᠦᠷᠬᠦ᠌ ᠦᠭᠡᠢ ᠬᠤᠭᠤᠴᠠᠭᠠᠨ᠎ᠳᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠣᠭ᠍ᠲᠠᠭᠤᠨ ᠡᠷᠭᠢᠯᠲᠡ᠎ᠶ᠋ᠢ ᠪᠡᠶᠡᠯᠡᠭᠦᠯᠵᠦ᠍᠂ ᠠᠵᠤ ᠠᠬᠤᠢ ᠨᠡᠢᠭᠡᠮ᠎ᠦᠨ ᠬᠡᠪ᠎ᠦᠨ ᠡᠮᠬᠢ ᠳᠢᠭ᠌ᠯᠢᠮ᠎ᠢ ᠨᠡᠯᠢᠶᠡᠳ ᠲᠦᠷᠭᠡᠨ ᠰᠡᠷᠭᠦᠭᠡᠭ᠌ᠰᠡᠨ ᠨᠢ ᠠᠮᠠᠷ ᠦᠭᠡᠢ ᠶᠠᠪᠤᠳᠠᠯ ᠶᠤᠮ᠃ ᠮᠠᠨ᠎ᠤ ᠤᠯᠤᠰ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠢᠯ᠎ᠦᠨ ᠠᠷᠭ᠎ᠠ ᠪᠤᠳᠤᠯᠭ᠎ᠠ ᠠᠷᠭ᠎ᠠ ᠬᠡᠮᠵᠢᠢ᠎ᠡ ᠪᠣᠯ ᠪᠦᠷᠢᠮᠦᠰᠦᠨ ᠵᠥᠪ᠂ ᠰᠡᠷᠭᠡᠢᠯᠡᠨ ᠡᠵᠡᠮᠳᠡᠭ᠌ᠰᠡᠨ ᠦᠷ᠎ᠡ ᠪᠦᠲᠦᠮᠵᠢ ᠯᠤᠲᠤ ᠶᠡᠬᠡ ᠭᠡᠳᠡᠭ᠎ᠢ ᠦᠢᠯᠡᠳᠦᠯᠭᠡ ᠭᠡᠷᠡᠴᠢᠯᠡᠪᠡ᠃

ᠬᠥᠮᠦᠨ ᠲᠥᠷᠥᠯᠬᠢᠲᠡᠨ ᠬᠢᠭᠡᠳ ᠸᠢᠷᠦ᠋ᠰ᠎ᠦᠨ ᠲᠡᠮᠡᠴᠡᠯ ᠪᠣᠯ ᠨᠢᠭᠡᠨ ᠤᠷᠳᠤ ᠬᠤᠭᠤᠴᠠᠭᠠᠨ᠎ᠤ ᠲᠡᠦᠬᠡᠨ ᠶᠠᠪᠤᠴᠠ ᠮᠥᠨ᠃ ᠣᠳᠣᠬᠠᠨ᠎ᠳᠤ ᠱᠢᠨ᠎ᠡ ᠲᠢᠲᠢᠮᠯᠢᠭ ᠸᠢᠷᠦ᠋ᠰ᠎ᠦᠨ ᠬᠢᠵᠢᠭ᠎ᠦᠨ ᠪᠠᠢᠳᠠᠯ ᠲᠠᠷᠬᠠᠨ ᠳᠡᠯᠭᠡᠷᠡᠬᠦ᠌ ᠠᠶᠤᠯ ᠲᠦᠭ᠌ᠰᠢᠭᠦᠷᠢ ᠮᠥᠨ ᠬᠦ᠌ ᠣᠷᠣᠱᠢᠵᠤ ᠪᠠᠢᠨ᠎ᠠ᠂ ᠪᠢᠳᠡ ᠴᠠᠭ ᠲᠤᠬᠠᠢ᠎ᠳᠤᠨᠢ ᠰᠤᠳᠤᠯᠤᠨ ᠮᠠᠭᠠᠳᠯᠠᠵᠤ᠂ ᠤᠷᠢᠳᠴᠢᠯᠠᠨ ᠵᠢᠱ᠌ᠢᠵᠦ᠍ ᠤᠷᠢᠳᠴᠢᠯᠠᠨ ᠰᠡᠷᠡᠮᠵᠢᠯᠡᠭᠦᠯᠬᠦ᠌ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠠᠳᠠᠯᠢ ᠪᠤᠰᠤ ᠪᠠᠢᠳᠠᠯ ᠳᠣᠣᠷᠠᠬᠢ ᠬᠢᠵᠢᠭ᠎ᠦᠨ ᠪᠠᠢᠳᠠᠯ᠎ᠢ ᠠᠷᠭᠠᠴᠡᠭᠠᠬᠤ ᠪᠡᠯᠡᠳᠭᠡᠯ ᠲᠥᠰᠦᠯ᠎ᠢ ᠲᠣᠭ᠍ᠲᠠᠭᠠᠨ ᠲᠡᠭᠦᠯᠳᠡᠷᠵᠢᠭᠦᠯᠵᠦ᠍᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠱᠢᠰᠲ᠋ᠧᠮ᠎ᠦᠨ ᠪᠠᠢᠭᠤᠯᠤᠯᠲᠠ᠎ᠶ᠋ᠢ ᠲᠠᠰᠤᠷᠠᠯᠳᠠ ᠦᠭᠡᠢ ᠴᠢᠩᠭᠠᠳᠭᠠᠵᠤ᠂ ᠸᠠᠺᠼᠢᠨ ᠪᠠ ᠡᠮ᠎ᠦᠨ ᠵᠦᠢᠯᠡᠰ᠎ᠢ ᠰᠤᠳᠤᠯᠤᠨ ᠨᠡᠭᠡᠭᠡᠬᠦ᠌᠎ᠶ᠋ᠢ ᠲᠦᠷᠭᠡᠳᠭᠡᠵᠦ᠍᠂ ᠳᠡᠯᠡᠬᠡᠢ ᠨᠡᠢᠭᠡᠮ᠎ᠯᠦᠭᠡ᠎ᠶ᠋ᠢᠨ ᠬᠠᠮᠲᠤᠷᠠᠯᠴᠠᠭ᠎ᠠ ᠪᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠬᠥᠮᠦᠨ ᠲᠥᠷᠥᠯᠬᠢᠲᠡᠨ᠎ᠦ ᠡᠷᠡᠭᠦᠯ ᠮᠡᠨᠳᠦ ᠪᠤᠶᠠᠨ ᠵᠢᠷᠭᠠᠯ᠎ᠢ ᠬᠠᠮᠲᠤ᠎ᠪᠠᠷ ᠬᠠᠮᠠᠭᠠᠯᠠᠨ᠎ᠠ᠃

ᠲᠠᠢᠸᠠᠨ ᠤ᠋ ᠬᠤᠯᠪᠤᠭᠠᠳᠤ ᠰᠣᠨᠢᠨ ᠤ᠋ ᠬᠤᠷᠢᠶ᠎ᠠ ᠵᠢᠨ ᠰᠤᠷᠪᠤᠯᠵᠢᠯᠠᠭᠴᠢ᠄ ᠡᠬᠡ ᠬᠠᠭᠤᠷᠠᠢ ᠵᠢᠨ ᠲᠠᠯ᠎ᠠ ᠎ᠡᠴᠡ᠂ ᠲᠠᠢᠸᠠᠨ ᠤ᠋ ᠠᠬ᠎ᠠ ᠳᠡᠭᠦᠦ ᠨᠠᠷ ᠢ᠋ ᠢᠮᠠᠭᠲᠠ ᠬᠠᠢᠷᠠᠯᠠᠨ ᠬᠠᠯᠠᠮᠵᠢᠯᠠᠵᠤ᠂ ᠬᠦᠨᠳᠦᠳᠭᠡᠵᠦ᠂ ᠪᠤᠶᠠᠨ ᠦᠢᠯᠡᠳᠦᠨ᠎ᠡ ᠭᠡᠵᠦ ᠢᠯᠡᠷᠭᠡᠢᠯᠡᠪᠡ᠃ ᠡᠬᠡ ᠬᠠᠭᠤᠷᠠᠢ ᠵᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠭᠦ ᠠᠷᠭ᠎ᠠ ᠬᠡᠮᠵᠢᠶ᠎ᠡ ᠵᠢ ᠲᠣᠬᠢᠷᠠᠭᠤᠯᠤᠨ ᠰᠢᠯᠢᠳᠡᠭᠵᠢᠭᠦᠯᠬᠦ ᠵᠢ ᠳᠠᠭᠠᠯᠳᠤᠨ᠂ ᠲᠠᠢᠸᠠᠨ ᠬᠣᠭᠣᠯᠠᠢ ᠵᠢᠨ ᠬᠣᠶᠠᠷ ᠬᠦᠪᠡᠭᠡ ᠵᠢᠨ ᠠᠷᠠᠳ ᠣᠯᠠᠨ ᠴᠥᠮ ᠲᠠᠢᠸᠠᠨ ᠬᠣᠭᠣᠯᠠᠢ ᠵᠢᠨ ᠬᠣᠶᠠᠷ ᠬᠦᠪᠡᠭᠡ ᠵᠢᠨ ᠬᠡᠪ ᠤ᠋ᠨ ᠰᠣᠯᠢᠯᠴᠠᠭ᠎ᠠ ᠶᠠᠪᠤᠯᠴᠠᠭ᠎ᠠ ᠵᠢ ᠠᠯᠢ ᠲᠦᠷᠭᠡᠨ ᠵᠢᠡᠷ ᠪᠦᠬᠦ ᠲᠠᠯ᠎ᠠ ᠪᠠᠷ ᠰᠡᠷᠭᠦᠭᠡᠬᠦ ᠵᠢ ᠬᠦᠰᠡᠵᠦ ᠪᠠᠢᠨ᠎ᠠ᠃ ᠲᠡᠭᠡᠪᠡᠯ᠂ ᠡᠬᠡ ᠬᠠᠭᠤᠷᠠᠢ ᠵᠢᠨ ᠳᠠᠯ᠎ᠠ ᠵᠢᠨ ᠬᠢᠨ ᠲᠠᠢᠸᠠᠨ ᠬᠣᠭᠣᠯᠠᠢ ᠵᠢᠨ ᠬᠣᠶᠠᠷ ᠬᠦᠪᠡᠭᠡ ᠵᠢᠨ ᠠᠵᠤ ᠠᠬᠤᠢ ᠰᠣᠶᠣᠯ ᠤ᠋ᠨ ᠬᠠᠮᠲᠤᠷᠠᠯᠴᠠᠭ᠎ᠠ ᠰᠣᠯᠢᠯᠴᠠᠭ᠎ᠠ ᠵᠢᠴᠢ ᠬᠥᠮᠦᠰ ᠤ᠋ᠨ ᠶᠠᠪᠤᠯᠴᠠᠭ᠎ᠠ ᠵᠢ ᠠᠬᠢᠭᠤᠯᠬᠤ ᠲᠠᠯ᠎ᠠ ᠪᠠᠷ ᠶᠠᠮᠠᠷ ᠲᠥᠯᠥᠪᠵᠢᠭᠦᠯᠭᠡ ᠲᠡᠢ ᠪᠣᠢ ?

ᠯᠢ ᠴᠢᠶᠠᠩ᠄ ᠲᠠᠢᠸᠠᠨ ᠬᠣᠭᠣᠯᠠᠢ ᠵᠢᠨ ᠬᠣᠶᠠᠷ ᠬᠦᠪᠡᠭᠡ ᠵᠢᠨ ᠠᠬ᠎ᠠ ᠳᠡᠭᠦᠦ ᠨᠠᠷ ᠪᠣᠯ ᠨᠢᠭᠡ ᠭᠡᠷ ᠤ᠋ᠨ ᠬᠥᠮᠦᠨ ᠮᠦᠨ᠂ ᠴᠢᠰᠤ ᠮᠢᠬᠠᠨ ᠤ᠋ ᠪᠠᠷᠢᠯᠳᠤᠯᠭ᠎ᠠ ᠲᠠᠢ᠂ ᠶᠠᠰᠤ ᠰᠢᠷᠪᠥᠰᠥ ᠵᠢᠨ ᠬᠤᠯᠪᠤᠭ᠎ᠠ ᠳᠠᠢ ᠶᠤᠮ᠃ ᠪᠢᠳᠡ ᠨᠢᠭᠡ ᠳᠤᠮᠳᠠᠳᠤ ᠤᠯᠤᠰ ᠪᠠᠢᠬᠤ ᠵᠠᠷᠴᠢᠮ ᠪᠣᠯᠤᠨ《ᠶᠡᠷᠡᠨ ᠬᠣᠶᠠᠷ ᠣᠨ ᠤ᠋ ᠬᠠᠮᠲᠤ ᠵᠢᠨ ᠲᠠᠨᠢᠯᠲᠠ》 ᠵᠢᠨ ᠰᠠᠭᠤᠷᠢᠨ ᠳᠡᠭᠡᠷ᠎ᠡ᠂ ᠲᠠᠢᠸᠠᠨ ᠬᠣᠭᠣᠯᠠᠢ ᠵᠢᠨ ᠬᠣᠶᠠᠷ ᠬᠥᠪᠡᠭᠡ ᠵᠢᠡ ᠠᠵᠤ ᠠᠬᠤᠢ ᠰᠣᠶᠣᠯ ᠤ᠋ᠨ ᠰᠣᠯᠢᠯᠴᠠᠭ᠎ᠠ ᠬᠠᠮᠲᠤᠷᠠᠯᠴᠠᠭ᠎ᠠ ᠵᠢ ᠦᠷᠭᠦᠯᠵᠢᠯᠡᠨ ᠠᠬᠢᠭᠤᠯᠵᠤ᠂ ᠨᠡᠩ ᠣᠯᠠᠨ ᠲᠠᠢᠸᠠᠨ ᠤ᠋ ᠠᠬ᠎ᠠ ᠳᠡᠭᠦᠦ ᠨᠠᠷ  ᠪᠤᠯᠤᠨ ᠲᠠᠢᠸᠠᠨ ᠤ᠋ ᠠᠵᠤ ᠠᠬᠤᠢᠯᠠᠯ ᠢ᠋ ᠡᠬᠡ ᠬᠠᠭᠤᠷᠠᠢ ᠳ᠋ᠤ᠌ ᠢᠷᠡᠭᠦᠯᠵᠤ ᠂ ᠳᠤᠷᠠᠲᠠᠶ᠎ᠠ ᠢᠷᠡᠬᠦᠯᠬᠦ ᠪᠡᠷ ᠪᠠᠷᠠᠬᠤ ᠦᠭᠡᠢ ᠠᠭᠤᠰᠤᠯᠴᠠᠭᠤᠯᠵᠤ ᠂ ᠰᠠᠢᠨ ᠬᠥᠭᠵᠢᠯᠲᠡ ᠲᠡᠢ ᠪᠣᠯᠭᠠᠨ᠎ᠠ᠃

ᠣᠳᠣᠬᠠᠨ ᠳ᠋ᠤ᠌᠂ ᠲᠠᠢᠸᠠᠨ ᠬᠣᠭᠣᠯᠠᠢ ᠵᠢᠨ ᠬᠣᠶᠠᠷ ᠬᠥᠪᠡᠭᠡ ᠵᠢᠨ ᠠᠬ᠎ᠠ ᠳᠡᠭᠦᠦ ᠨᠠᠷ ᠤ᠋ᠨ ᠬᠡᠪ ᠤ᠋ᠨ ᠶᠠᠪᠤᠯᠴᠠᠭ᠎ᠠ ᠵᠢ ᠡᠷᠲᠡᠬᠡᠨ ᠪᠡᠶᠡᠯᠡᠭᠦᠯᠵᠦ᠂ ᠡᠯ᠎ᠡ ᠬᠦᠷᠢᠶᠡᠨ ᠳ᠋ᠡᠬᠢ ᠬᠡᠪ ᠤ᠋ᠨ ᠬᠠᠮᠲᠤᠷᠠᠯᠴᠠᠭ᠎ᠠ ᠵᠢ ᠰᠡᠷᠭᠦᠭᠡᠬᠦ ᠪᠣᠯ ᠣᠯᠠᠨ ᠤ᠋ ᠬᠠᠮᠲᠤ ᠵᠢᠨ ᠬᠦᠰᠡᠯ ᠡᠷᠡᠮᠡᠯᠵᠡᠯ ᠮᠥᠨ᠂ ᠬᠠᠮᠲᠤ ᠪᠠᠷ ᠴᠢᠷᠮᠠᠢᠬᠤ ᠴᠢᠬᠤᠯᠠᠲᠠᠢ ᠶᠤᠮ᠃

ᠠᠷᠠᠳ ᠤ᠋ᠨ ᠡᠳᠦᠷ ᠤ᠋ᠨ ᠰᠣᠨᠢᠨ ᠤ᠋ ᠬᠤᠷᠢᠶ᠎ᠠ ᠵᠢᠨ ᠰᠤᠷᠪᠤᠯᠵᠢᠯᠠᠭᠴᠢ᠄ ᠨᠡᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠵᠢᠨ ᠬᠠᠮᠤᠭ ᠤ᠋ᠨ ᠬᠠᠲᠠᠭᠤ ᠪᠡᠷᠬᠡ ᠪᠦᠭᠡᠳ ᠬᠠᠮᠤᠭ ᠤ᠋ᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠭᠣᠨ ᠳ᠋ᠤ᠌ ᠪᠠᠢᠨ᠎ᠠ ᠃ ᠠᠰᠠᠭᠤᠬᠤ ᠨᠢ ᠂ ᠲᠤᠰ ᠬᠤᠭᠤᠴᠠᠭᠠᠨ ᠤ᠋ ᠵᠠᠰᠠᠭ ᠤ᠋ᠨ ᠣᠷᠳᠣᠨ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠠᠯ᠎ᠠ ᠪᠠᠷ ᠶᠠᠮᠠᠷ ᠪᠣᠳᠣᠯᠬᠢᠯᠠᠯ ᠳᠠᠢ ᠪᠣᠢ ︖ᠳᠤᠮᠳᠠᠳᠤ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤᠯᠠᠬᠤ ᠳ᠋ᠤ᠌ ᠶᠠᠮᠠᠷ ᠠᠷᠭ᠎ᠠ ᠬᠡᠮᠵᠢᠶ᠎ᠡ ᠠᠪᠬᠤ ᠪᠣᠢ ?

ᠯᠢ ᠴᠢᠶᠠᠩ᠄ ᠳᠤᠮᠳᠠᠳᠤ ᠤᠯᠤᠰ ᠪᠣᠯ ᠲᠠᠷᠢᠶᠠᠯᠠᠩ ᠤ᠋ᠨ ᠶᠡᠬᠡ ᠤᠯᠤᠰ ᠮᠥᠨ᠂ ᠣᠳᠣᠬᠠᠨ ᠳ᠋ᠤ᠌ ᠪᠠᠰᠠ 5 ᠳ᠋ᠦᠩᠰᠢᠭᠤᠷ ᠰᠢᠬᠠᠮ ᠬᠥᠮᠦᠨ ᠬᠥᠳᠡᠭᠡ ᠲᠣᠰᠭᠣᠨ ᠳ᠋ᠤ᠌ ᠪᠠᠢᠩᠭᠤ ᠰᠠᠭᠤᠷᠢᠰᠢᠵᠤ ᠪᠤᠢ᠃ ᠬᠦᠳᠡᠭᠡ ᠠᠵᠤ ᠠᠬᠤᠢ ᠬᠥᠳᠡᠭᠡ ᠲᠣᠰᠭᠣᠨ ᠤ᠋ ᠣᠳᠣᠬᠢᠴᠢᠯᠠᠯᠲᠠ ᠪᠠᠢᠬᠤ ᠦᠭᠡᠢ ᠪᠣᠯ ᠨᠡᠢᠭᠡᠮ ᠵᠢᠷᠤᠮᠳᠤ ᠣᠳᠣᠬᠢᠴᠢᠯᠠᠯᠲᠠ ᠪᠦᠬᠦ ᠲᠠᠯ᠎ᠠ ᠵᠢᠨ ᠪᠢᠰᠢ ᠶᠦ᠍ᠮ᠃ ᠨᠢᠳᠤᠨᠤᠨ ᠤ᠋ ᠵᠢᠯ ᠤ᠋ᠨ ᠰᠡᠭᠦᠯᠴᠢ ᠪᠡᠷ ᠬᠤᠷᠠᠯᠳᠤᠭᠰᠠᠨ ᠲᠥᠪ ᠤ᠋ᠨ ᠬᠥᠳᠡᠭᠡ ᠲᠣᠰᠭᠣᠨ ᠤ᠋ ᠠᠵᠢᠯ ᠤ᠋ᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠬᠦᠳᠡᠭᠡ ᠠᠵᠤ ᠠᠬᠤᠢ ᠵᠢᠨ ᠬᠦᠴᠦᠷᠬᠡᠭ ᠤᠯᠤᠰ ᠢ᠋ ᠪᠦᠲᠦᠭᠡᠨ ᠪᠠᠢᠭᠤᠯᠬᠤ᠂《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ ᠢ᠋ ᠰᠠᠢᠲᠤᠷ ᠬᠢᠬᠦ᠂ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠤᠬᠠᠢ ᠪᠦᠬᠦ ᠲᠠᠯ᠎ᠠ ᠵᠢᠨ ᠪᠠᠢᠷᠢᠯᠠᠭᠤᠯᠤᠯᠲᠠ ᠬᠢᠵᠡᠢ᠃ ᠣᠳᠣᠬᠠᠨ ᠳ᠋ᠤ᠌ ᠪᠢᠳᠡ ᠶᠡᠷᠦᠩᠬᠡᠢ ᠱᠦᠵᠢ ᠰᠢ ᠵᠢᠨ ᠫᠢᠩ ᠤ᠋ᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤ᠋ᠨ ᠡᠭᠦᠷᠭᠡ ᠵᠢᠨ ᠨᠠᠢᠳᠠᠪᠤᠷᠢᠵᠢᠭᠤᠯᠤᠯᠲᠠ ᠵᠢ ᠰᠠᠢᠲᠤᠷ ᠠᠳᠭᠤᠬᠤ ᠬᠡᠷᠡᠭᠲᠡᠢ ᠪᠠᠢᠨ᠎ᠠ᠃

ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠠᠪᠴᠤ ᠬᠡᠯᠡᠪᠡᠯ᠂ ᠮᠢᠨᠦ ᠦᠵᠡᠭᠦ ᠪᠡᠷ ᠳᠠᠷᠠᠭᠠᠴᠢ ᠵᠢᠨ ᠪᠣᠳᠠᠲᠠᠢ ᠠᠵᠢᠯ ᠤ᠋ᠨ ᠳᠤᠮᠳᠠ ᠪᠠᠨ ᠭᠤᠷᠪᠠᠨ ᠵᠠᠩᠭᠢᠯᠠᠭ᠎ᠠ ᠵᠢᠨ ᠦᠭᠡᠰ᠎ᠢ  ᠳᠣᠪᠣᠢᠯᠭᠠᠨ᠎ᠠ᠄ ᠨᠢᠭᠡ ᠳ᠋ᠦ᠍ ᠪᠦᠬᠦ ᠲᠠᠯ᠎ᠠ ᠪᠠᠷ᠃ ᠵᠥᠪᠬᠡᠨ ᠠᠵᠤ ᠠᠬᠤᠢ ᠵᠢ ᠬᠥᠭᠵᠢᠭᠦᠯᠬᠦ ᠲᠡᠳᠦᠢ ᠪᠢᠰᠢ᠂ ᠬᠠᠷᠢᠨ ᠬᠥᠳᠡᠭᠡ ᠲᠣᠰᠭᠣᠨ ᠤ᠋ ᠠᠵᠤ ᠠᠬᠤᠢ ᠵᠢᠨ ᠥᠷᠲᠡᠭ᠂ ᠠᠮᠢ ᠠᠬᠤᠢ ᠵᠢᠨ ᠥᠷᠲᠡᠭ ᠂ ᠨᠡᠢᠭᠡᠮ ᠤ᠋ᠨ ᠥᠷᠲᠡᠭ ᠂ ᠰᠣᠶᠣᠯ ᠤ᠋ᠨ ᠥᠷᠲᠡᠭ ᠢ᠋ ᠪᠦᠬᠦ ᠲᠠᠯ᠎ᠠ ᠪᠠᠷ ᠢᠯᠡᠷᠡᠭᠦᠯᠤᠨ᠎ᠡ᠃ ᠬᠣᠶᠠᠷ ᠲᠤ᠌ ᠦᠪᠡᠷᠮᠢᠴᠡ ᠣᠨᠴᠠᠯᠢᠭ᠃ ᠳᠤᠮᠳᠠᠳᠤ ᠤᠯᠤᠰ ᠤ᠋ᠨ ᠨᠤᠲᠤᠭ ᠳᠡᠪᠢᠰᠬᠡᠷ ᠥᠷᠭᠡᠨ ᠠᠭᠤᠳᠠᠮ ᠂ 《ᠠᠷᠪᠠᠨ ᠭᠠᠵᠠᠷ ᠲᠤ᠌ ᠠᠳᠠᠯᠢ ᠪᠤᠰᠤ ᠵᠢᠨ ᠰᠠᠯᠬᠢᠨ ᠲᠠᠢ ᠂ ᠵᠠᠭᠤᠨ ᠭᠠᠵᠠᠷ ᠲᠤ᠌ ᠠᠳᠠᠯᠢ ᠪᠤᠰᠤ ᠵᠢᠨ ᠵᠠᠩᠰᠢᠯ ᠲᠠᠢ》 ᠂ ᠭᠠᠵᠠᠷ ᠣᠷᠣᠨ ᠤ᠋ ᠪᠠᠢᠳᠠᠯ ᠳ᠋ᠤᠨᠢ ᠲᠣᠬᠢᠷᠠᠭᠤᠯᠵᠤ᠂ ᠥᠪᠡᠷ ᠤ᠋ᠨ ᠣᠨᠴᠠᠯᠢᠭ ᠲᠠᠢ ᠬᠥᠳᠡᠭᠡ ᠲᠣᠰᠭᠣᠨ ᠤ᠋ ᠳᠦᠷᠰᠦ ᠪᠠᠢᠳᠠᠯ ᠢ᠋ ᠴᠤᠬᠴᠠᠯᠠᠵᠤ᠂ ᠭᠠᠵᠠᠷ ᠣᠷᠣᠨ ᠤ᠋ ᠰᠣᠶᠣᠯ᠂ ᠨᠤᠲᠤᠭ ᠤ᠋ᠨ ᠰᠣᠶᠣᠯ ᠢ᠋ ᠰᠠᠢᠲᠤᠷ ᠬᠠᠮᠠᠭᠠᠯᠠᠨ ᠤᠯᠠᠮᠵᠢᠯᠠᠬᠤ ᠬᠡᠷᠡᠭᠲᠡᠢ᠂ ᠲᠣᠰᠭᠣᠨ ᠪᠤᠯᠭᠠᠨ᠎ᠢ ᠨᠢᠭᠡ ᠯᠡ ᠬᠡᠪ ᠤ᠋ᠨ ᠪᠠᠢᠯᠭᠠᠵᠤ ᠪᠣᠯᠬᠤ ᠦᠭᠡᠢ᠃ ᠭᠤᠷᠪᠠ ᠳ᠋ᠤ᠌ ᠥᠭᠡᠷᠡᠴᠢᠯᠡᠯᠲᠡ ᠬᠢᠬᠦ᠃ ᠬᠥᠳᠡᠭᠡ ᠲᠣᠰᠭᠣᠨ ᠤ᠋ ᠥᠭᠡᠷᠡᠴᠢᠯᠡᠯᠲᠡ ᠵᠢ ᠭᠦᠨᠵᠡᠭᠡᠢᠷᠡᠭᠦᠯᠬᠦ ᠪᠡᠷ ᠳᠠᠮᠵᠢᠨ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠳ᠋ᠤ᠌᠂ ᠥᠷᠭᠡᠨ ᠣᠯᠠᠨ ᠲᠠᠷᠢᠶᠠᠴᠢᠨ ᠪᠣᠯ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠭᠣᠣᠯ ᠴᠣᠭᠴᠠ ᠮᠥᠨ᠂ ᠡᠷᠬᠡᠪᠰᠢ ᠲᠡᠳᠡᠨ ᠤ᠋ ᠢᠳᠡᠪᠬᠢᠵᠢᠯ ᠢ᠋ ᠭᠦᠢᠴᠡᠳ ᠳᠠᠢᠴᠢᠯᠠᠵᠤ᠂ ᠲᠡᠳᠡᠨ ᠢ᠋ ᠥᠭᠡᠷᠡᠴᠢᠯᠡᠯᠲᠡ ᠳ᠋ᠦ᠍ ᠢᠳᠡᠪᠬᠢᠲᠡᠢ ᠣᠷᠣᠯᠴᠠᠭᠤᠯᠬᠤ ᠵᠢᠨ ᠬᠠᠮᠲᠤ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ ᠢ᠋ ᠨᠡᠩ ᠰᠠᠢᠲᠤᠷ ᠡᠳ᠋ᠯᠡᠭᠦᠯᠬᠦ ᠬᠡᠷᠡᠭᠲᠡᠢ ᠃

ᠰᠠᠶᠢ ᠲᠠ ᠪᠠᠰᠠ ᠠᠮᠤ ᠪᠤᠳᠠᠭᠠᠨ ᠤ᠋ ᠠᠮᠤᠷ ᠲᠦᠪᠰᠢᠨ ᠤ᠋ ᠠᠰᠠᠭᠤᠳᠠᠯ ᠢ᠋ ᠳᠤᠷᠠᠳᠤᠭᠰᠠᠨ ᠪᠠᠢᠨ᠎ᠠ᠃ ᠮᠠᠨ ᠤ᠋ ᠤᠯᠤᠰ ᠤ᠋ᠨ ᠠᠮᠤ ᠪᠤᠳᠠᠭᠠᠨ ᠤ᠋ ᠤᠨᠠᠯᠲᠠ 8 ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠢ᠋ ᠳᠠᠪᠠᠵᠤ᠂ ᠶᠡᠷᠦᠩᠬᠡᠢ ᠳ᠋ᠡᠭᠡᠨ ᠠᠮᠤ ᠪᠤᠳᠠᠭᠠᠨ ᠤ᠋ ᠠᠮᠤᠷ ᠲᠦᠪᠰᠢᠨ ᠪᠠᠲᠤᠯᠠᠭ᠎ᠠ ᠲᠠᠢ ᠶᠤᠮ ᠂ ᠪᠢᠳᠡ ᠲᠠᠷᠢᠶᠠᠨ ᠭᠠᠵᠠᠷ ᠪᠠ ᠦᠷ᠎ᠡ ᠡᠭᠦᠯᠳᠡᠷ ᠤ᠋ᠨ 《ᠬᠣᠶᠠᠷ ᠵᠠᠩᠭᠢᠯᠠᠭ᠎ᠠ》ᠵᠢ ᠴᠢᠩᠭ᠎ᠠ ᠠᠳᠭᠤᠵᠤ᠂ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠨᠳᠡ ᠲᠠᠷᠢᠶᠠᠴᠢᠨ ᠨᠦᠬᠦᠳ ᠲᠤ᠌ ᠣᠨᠴᠠᠭᠠᠢᠯᠠᠨ ᠬᠡᠯᠡᠭᠦ ᠨᠢ ᠄ ᠠᠮᠤ ᠪᠤᠳᠠᠭᠠᠨ ᠤ᠋ ᠦᠢᠯᠡᠳᠪᠦᠷᠢᠯᠡᠯ ᠢ᠋ ᠳᠡᠮᠵᠢᠬᠦ ᠵᠠᠰᠠᠭ ᠤ᠋ᠨ ᠣᠷᠳᠣᠨ ᠤ᠋ ᠪᠣᠢ ᠪᠦᠬᠦᠢ ᠲᠥᠷᠥ ᠵᠢᠨ ᠪᠣᠳᠣᠯᠭ᠎ᠠ ᠵᠢ ᠨᠡᠮᠡᠭᠳᠡᠭᠦᠯᠬᠦ᠎ᠡᠴᠡ ᠪᠢᠰᠢ ᠬᠠᠰᠤᠭᠳᠠᠭᠤᠯᠬᠤ ᠦᠭᠡᠢ᠂ ᠣᠯᠠᠨ ᠢ᠋ ᠵᠣᠷᠢᠭᠵᠢᠭᠤᠯᠤᠨ ᠠᠮᠤ ᠪᠤᠳᠠᠭ᠎ᠠ ᠵᠢ ᠣᠯᠠᠨ ᠲᠠᠷᠢᠭᠤᠯᠵᠤ᠂ ᠳᠤᠮᠳᠠᠳᠤ ᠤᠯᠤᠰ ᠤ᠋ᠨ 14 ᠳ᠋ᠦᠩᠰᠢᠭᠤᠷ ᠭᠠᠷᠤᠢ ᠬᠥᠮᠦᠨ ᠤ᠋ ᠪᠤᠳᠠᠭᠠᠨ ᠠᠶᠠᠭ᠎ᠠ ᠵᠢ ᠥᠪᠡᠷ ᠤ᠋ᠨ ᠭᠠᠷ ᠲᠠᠭᠠᠨ ᠪᠠᠲᠤ ᠠᠳᠭᠤᠬᠤ ᠵᠢ ᠦᠨᠡᠨ ᠬᠦ᠌ ᠪᠠᠲᠤᠯᠠᠨ᠎ᠠ᠃

ᠳᠤᠮᠳᠠᠳᠤ ᠤᠯᠤᠰ ᠲᠦ᠍ ᠰᠠᠭᠤᠭ᠎ᠠ ᠠᠷᠠᠪ ᠤ᠋ᠨ ᠣᠳᠣᠨ ᠲᠧᠯᠸᠢᠰ ᠤ᠋ᠨ ᠬᠤᠷᠢᠶ᠎ᠠ ᠵᠢᠨ ᠰᠤᠷᠪᠤᠯᠵᠢᠯᠠᠭᠴᠢ᠄ ᠣᠳᠣᠬᠠᠨ ᠳ᠋ᠤ᠌ ᠭᠠᠵᠠᠷ ᠣᠷᠣᠨ ᠤ᠋ ᠤᠯᠤᠰ ᠲᠥᠷᠥ ᠵᠢᠨ ᠮᠥᠷᠭᠥᠯᠳᠦᠭᠡᠨ ᠪᠠ ᠳᠡᠯᠡᠬᠡᠢᠵᠢᠯᠲᠡ ᠵᠢ ᠦᠭᠡᠢᠰᠭᠡᠬᠦ ᠶᠠᠪᠤᠳᠠᠯ ᠬᠤᠷᠴᠠᠳᠴᠤ᠂ ᠳᠤᠮᠳᠠᠳᠤ ᠠᠮᠧᠷᠢᠺᠠ ᠵᠢᠨ ᠬᠠᠷᠢᠴᠠᠭ᠎ᠠ ᠪᠠᠴᠢᠮ ᠰᠢᠷᠦᠭᠦᠨ ᠮᠦᠷᠳᠡᠭᠡᠨ ᠡᠰᠡᠷᠭᠦᠴᠡᠯᠳᠦᠵᠦ ᠪᠠᠢᠨ᠎ᠠ᠂ ᠬᠡᠳᠦᠢᠪᠡᠷ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠵᠢ ᠡᠷᠡᠰ ᠭᠤᠢᠪᠢᠰᠢ ᠥᠬᠡᠢ ᠪᠡᠷ ᠠᠬᠢᠭᠤᠯᠬᠤ ᠵᠢ ᠴᠢᠬᠤᠯᠠᠴᠢᠯᠠᠭᠰᠠᠭᠠᠷ ᠢᠷᠡᠭᠰᠡᠨ ᠪᠣᠯᠪᠠᠴᠤ ᠭᠠᠳᠠᠭᠠᠳᠤ ᠪᠡᠯᠡ ᠵᠢᠨ ᠠᠵᠤ ᠠᠬᠤᠢᠯᠠᠯ  ᠭᠠᠳᠠᠭᠠᠳᠤ ᠵᠢᠨ ᠠᠵᠤ ᠠᠬᠤᠢᠯᠠᠯ ᠮᠥᠨ ᠯᠡ ᠰᠠᠨᠠᠭ᠎ᠠ ᠠᠮᠤᠷ ᠡᠵᠡᠩᠨᠡᠯᠳᠡ ᠬᠢᠵᠦ ᠳᠡᠢᠯᠬᠦ ᠥᠬᠡᠢ ᠪᠠᠢᠵᠤ᠂ ᠵᠠᠷᠢᠮ ᠨᠢ ᠤᠬᠤᠷᠢᠨ ᠭᠠᠷᠬᠤ ᠵᠢ ᠪᠣᠳᠣᠯᠬᠢᠯᠠᠵᠤ ᠪᠠᠢᠨ᠎ᠠ᠃ ᠲᠡᠭᠡᠪᠡᠯ᠂ ᠳᠤᠮᠳᠠᠳᠤ ᠤᠯᠤᠰ ᠤ᠋ᠨ ᠭᠠᠳᠠᠭᠠᠳᠤ ᠨᠡᠭᠡᠭᠡᠯᠳᠡ ᠵᠢᠨ ᠲᠥᠷᠥ ᠵᠢᠨ ᠪᠣᠳᠣᠯᠭ᠎ᠠ ᠳ᠋ᠤ᠌ ᠬᠤᠪᠢᠷᠠᠯᠲᠠ ᠭᠠᠷᠤᠨ᠎ᠠ ᠤᠤ ? ᠣᠳᠣᠬᠠᠨ ᠤ᠋ ᠳᠤᠮᠳᠠᠳᠤ ᠠᠮᠧᠷᠢᠺᠠ ᠵᠢᠨ ᠬᠠᠷᠢᠴᠠᠭ᠎ᠠ ᠵᠢᠴᠢ ᠲᠡᠭᠦᠨ ᠤ᠋ ᠰᠠᠢᠵᠢᠷᠠᠯᠲᠠ ᠵᠢᠨ ᠢᠷᠡᠭᠡᠳᠦᠢ ᠵᠢᠨ ᠬᠠᠨᠳᠤᠰᠢ ᠵᠢ ᠬᠡᠷᠬᠢᠨ ᠦᠵᠡᠵᠦ ᠪᠠᠢᠬᠤ ᠪᠣᠢ ?

ᠯᠢ ᠴᠢᠶᠠᠩ ᠄ ᠡᠨᠡ ᠵᠢᠯ ᠪᠣᠯ ᠳᠤᠮᠳᠠᠳᠤ ᠤᠯᠤᠰ ᠤ᠋ᠨ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤ᠋ᠨ ᠣᠢ ᠪᠣᠯᠤᠨ᠎ᠠ ᠂ ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠢ᠋ ᠬᠥᠭᠵᠢᠭᠦᠯᠦᠭᠰᠡᠨ ᠪᠥᠭᠡᠳ ᠳᠡᠯᠡᠬᠡᠢ ᠳ᠋ᠠᠬᠢᠨ ᠢ᠋ ᠨᠥᠯᠥᠭᠡᠯᠡᠪᠡ᠃ ᠮᠢᠨᠦ ᠡᠵᠡᠮᠰᠢᠭᠰᠡᠨ ᠪᠠᠢᠳᠠᠯ ᠡᠴᠡ ᠦᠵᠡᠪᠡᠯ ᠂ ᠵᠣᠩᠬᠢᠯᠠᠬᠤ ᠣᠯᠠᠨ ᠲᠣᠭᠠᠨ ᠤ᠋ ᠭᠠᠳᠠᠭᠠᠳᠤ ᠪᠡᠯᠡ ᠵᠢᠨ ᠠᠵᠤ ᠠᠬᠤᠢᠯᠠᠯ ᠮᠥᠨ ᠯᠡ ᠳᠤᠮᠳᠠᠳᠤ ᠤᠯᠤᠰ ᠳᠠᠬᠢ ᠬᠥᠭᠵᠢᠯᠲᠡ ᠵᠢᠨ ᠢᠷᠡᠭᠡᠳᠦᠢ ᠳ᠋ᠤ ᠢᠳᠡᠭᠡᠯ ᠳᠠᠢ ᠪᠠᠢᠵᠤ᠂ ᠨᠢᠳᠤᠨᠤᠨ ᠳᠤᠮᠳᠠᠳᠤ ᠤᠯᠤᠰ 1890 ᠭᠠᠷᠤᠢ ᠳ᠋ᠦᠩᠰᠢᠭᠤᠷ ᠳ᠋ᠣᠯᠯᠠᠷ ᠤ᠋ᠨ ᠭᠠᠳᠠᠭᠠᠳᠤ ᠪᠡᠯᠡ ᠵᠢ ᠬᠡᠷᠡᠭᠯᠡᠵᠦ᠂ ᠲᠡᠦᠬᠡ ᠵᠢᠨ ᠰᠢᠨ᠎ᠡ ᠲᠡᠮᠳᠡᠭᠯᠡᠯ ᠢ᠋ ᠡᠭᠦᠳᠴᠦ᠂ ᠭᠤᠷᠪᠠᠨ ᠵᠢᠯ ᠤ᠋ᠨ ᠡᠮᠦᠨᠡᠬᠢ᠎ᠡᠴᠡ ᠪᠠᠷᠤᠭ 500 ᠳ᠋ᠦᠩᠰᠢᠭᠤᠷ ᠳ᠋ᠣᠯᠯᠠᠷ ᠨᠡᠮᠡᠭᠳᠡᠵᠡᠢ᠃ ᠡᠨᠡ ᠨᠢ ᠳᠤᠮᠳᠠᠳᠤ ᠤᠯᠤᠰ ᠮᠥᠨ ᠬᠦ᠌ ᠪᠦᠬᠦ ᠪᠥᠮᠪᠥᠷᠴᠡᠭ ᠤ᠋ᠨ ᠪᠡᠯᠡ ᠣᠷᠣᠭᠤᠯᠤᠯᠲᠠ ᠵᠢᠨ ᠬᠠᠯᠠᠮᠰᠢᠯ ᠭᠠᠵᠠᠷ ᠪᠣᠯᠬᠤ ᠵᠢ ᠬᠠᠷᠠᠭᠤᠯᠵᠤ ᠪᠠᠢᠨ᠎ᠠ᠃

ᠭᠠᠳᠠᠭᠠᠳᠤ ᠨᠡᠭᠡᠭᠡᠯᠲᠡ ᠪᠣᠯ ᠮᠠᠨ ᠤ᠋  ᠦᠨᠳᠦᠰᠦᠨ ᠤᠯᠤᠰ ᠤ᠋ᠨ ᠪᠣᠳᠣᠯᠭ᠎ᠠ ᠮᠥᠨ᠂ ᠭᠠᠳᠠᠭᠠᠳᠤ ᠪᠠᠢᠳᠠᠯ ᠶᠠᠭᠠᠬᠢᠵᠤ ᠬᠤᠪᠢᠷᠬᠠᠰᠠᠨ ᠴᠦ᠍ ᠪᠢᠳᠡ ᠴᠥᠮ ᠡᠷᠡᠰ ᠭᠤᠢᠪᠢᠰᠢ ᠦᠭᠡᠢ ᠪᠡᠷ ᠤᠷᠤᠭᠰᠢ ᠠᠬᠢᠭᠤᠯᠬᠤ ᠪᠣᠯᠤᠨ᠎ᠠ ᠃ ᠪᠢ ᠡᠨᠳᠡ ᠳᠤᠮᠳᠠᠳᠤ ᠤᠯᠤᠰ ᠤ᠋ᠨ ᠣᠯᠠᠨ ᠤᠯᠤᠰ ᠤ᠋ᠨ ᠭᠠᠳᠠᠭᠠᠳᠤ ᠣᠷᠣᠭᠤᠯᠤᠯᠲᠠ ᠵᠢᠨ ᠦᠵᠡᠰᠭᠦᠯᠡᠩ ᠤ᠋ᠨ ᠴᠤᠭᠯᠠᠭᠠᠨ ᠢ᠋ ᠣᠨᠴᠠᠭᠠᠢᠯᠠᠨ ᠳᠤᠷᠠᠳᠤᠶ᠎ᠡ᠂ ᠡᠨᠡ ᠪᠣᠯ ᠳᠤᠮᠳᠠᠳᠤ ᠤᠯᠤᠰ ᠰᠠᠨᠠᠭᠠᠴᠢᠯᠠᠭ᠎ᠠ ᠡᠴᠡ ᠪᠠᠨ ᠳᠡᠯᠡᠬᠡᠢ ᠳ᠋ᠠᠬᠢᠨ ᠳᠡᠢᠰᠢ ᠵᠠᠬ᠎ᠠ ᠳᠡᠯᠭᠡᠭᠦᠷ ᠵᠢᠡᠨ ᠨᠡᠭᠡᠭᠡᠵᠦ ᠂ ᠬᠥᠭᠵᠢᠯᠲᠡ ᠵᠢᠨ ᠠᠵᠠ ᠲᠣᠬᠢᠶᠠᠯ ᠢ᠋ ᠬᠠᠮᠲᠤ ᠪᠠᠷ ᠡᠳ᠋ᠯᠡᠬᠦ ᠴᠢᠬᠤᠯᠠ ᠶᠡᠬᠡ ᠠᠷᠭ᠎ᠠ ᠬᠡᠮᠵᠢᠢ᠎ᠡ ᠪᠣᠯᠤᠨ᠎ᠠ᠂ ᠨᠢᠭᠡᠨᠲᠡ 5 ᠬᠤᠭᠤᠴᠠᠭ᠎ᠠ ᠦᠷᠭᠦᠯᠵᠢᠯᠡᠨ ᠡᠷᠬᠢᠯᠡᠵᠦ ᠂ ᠬᠢᠵᠢᠭ ᠤ᠋ᠨ ᠪᠠᠢᠳᠠᠯ ᠳ᠋ᠤ ᠴᠦ᠍ ᠬᠡᠰᠡᠨ ᠲᠠᠰᠤᠯᠳᠠᠭᠰᠠᠨ ᠦᠭᠡᠢ ᠶᠤᠮ᠂ ᠨᠢᠳᠤᠨᠤᠨ 127 ᠤᠯᠤᠰ ᠪᠠ ᠭᠠᠵᠠᠷ ᠣᠷᠣᠨ ᠤ᠋ 2800 ᠭᠠᠷᠤᠢ ᠠᠵᠤ ᠠᠬᠤᠢᠯᠠᠯ ᠦᠵᠡᠰᠭᠦᠯᠡᠩ ᠤ᠋ᠨ ᠴᠤᠭᠯᠠᠭᠠᠨ ᠳ᠋ᠦ᠍ ᠣᠷᠣᠯᠴᠠᠭᠰᠠᠨ ᠪᠠᠢᠨ᠎ᠠ᠃ ᠳᠤᠮᠳᠠᠳᠤ ᠤᠯᠤᠰ ᠤ᠋ᠨ ᠨᠡᠭᠡᠭᠡᠯᠲᠡᠲᠦ ᠲᠣᠮᠣ ᠵᠠᠬ᠎ᠠ ᠳᠡᠯᠭᠡᠭᠦᠷ ᠨᠢ ᠡᠯ᠎ᠡ ᠤᠯᠤᠰ ᠤ᠋ᠨ ᠠᠵᠤ ᠠᠬᠤᠢᠯᠠᠯ ᠤ᠋ᠨ ᠬᠥᠭᠵᠢᠯᠲᠡ ᠵᠢᠨ ᠴᠢᠬᠤᠯᠠ ᠠᠵᠠ ᠲᠣᠬᠢᠶᠠᠯ ᠪᠣᠯᠬᠤ ᠵᠢ ᠡᠨᠡ ᠬᠦ᠌ ᠦᠵᠡᠰᠭᠦᠯᠡᠩ ᠤ᠋ᠨ ᠴᠤᠭᠯᠠᠭᠠᠨ ᠢ᠋ ᠠᠮᠵᠢᠯᠳᠠ ᠳᠠᠢ ᠡᠷᠬᠢᠯᠡᠭᠰᠡᠨ ᠨᠢ ᠭᠦᠢᠴᠡᠳ ᠳᠤᠳᠤᠷᠬᠠᠢᠯᠠᠵᠦ ᠪᠠᠢᠨ᠎ᠠ᠃

ᠡᠨᠡ ᠵᠢᠯ ᠪᠢᠳᠡ ᠪᠠᠰᠠ ᠥᠨᠳᠥᠷ ᠪᠠᠷᠢᠮᠵᠢᠶᠠᠲᠤ ᠤᠯᠠᠨ ᠤᠯᠤᠰ ᠤ᠋ᠨ ᠠᠵᠤ ᠠᠬᠤᠢ ᠠᠷᠠᠯᠵᠢᠶᠠᠨ ᠤ᠋ ᠲᠦᠷᠢᠮ ᠲᠠᠢ ᠵᠣᠯᠭᠠᠭᠤᠯᠵᠤ᠂ ᠨᠡᠭᠡᠭᠡᠯᠳᠠ᠎ᠪᠡᠨ ᠤᠯᠠᠮ ᠴᠢᠨᠠᠭ᠍ᠰᠢᠳᠠ ᠥᠷᠭᠡᠳᠭᠡᠨ᠎ᠡ᠃ ᠳᠤᠮᠳᠠᠳᠤ ᠤᠯᠤᠰ᠎ᠤᠨ ᠨᠡᠬᠡᠬᠡᠯᠳᠡ ᠬᠢᠬᠦ᠌ ᠡᠭᠦᠳᠡ᠎ᠶᠠᠪᠤᠬᠤ ᠳᠤᠳᠤᠮ ᠲᠤᠮᠤ ᠨᠡᠭᠡᠭᠡᠭᠳᠡᠵᠦ᠍᠂ ᠣᠷᠴᠢᠨ ᠲᠣᠭᠣᠷᠢᠨ ᠶᠠᠪᠤᠬᠤ ᠳᠤᠳᠤᠮ ᠰᠠᠢᠵᠢᠷᠠᠵᠤ᠂ ᠦᠢᠯᠡᠴᠢᠯᠡᠭᠡ ᠶᠠᠪᠤᠬᠤ ᠳᠤᠳᠤᠮ ᠱᠢᠯᠢᠳᠡᠭ᠌ᠵᠢᠨ᠎ᠡ᠃ ᠨᠡᠭᠡᠭᠡᠯᠲᠡ᠎ᠲᠡᠶ ᠳᠤᠮᠳᠠᠳᠤ ᠤᠯᠤᠰ ᠣᠯᠠᠨ ᠤ᠋ ᠪᠡᠯᠡ ᠣᠷᠣᠭᠤᠯᠵᠤ ᠦᠶ᠋ᠯᠡᠰ ᠪᠣᠰᠭᠠᠬᠤ ᠵᠢ ᠪᠠᠶᠠᠷᠯᠠᠨ ᠤᠭ᠍ᠲᠤᠵᠤ ᠪᠠᠢᠨ᠎ᠠ᠃

ᠳᠤᠮᠳᠠᠳᠤ ᠠᠮᠧᠷᠢᠺᠠ ᠵᠢᠨ ᠬᠠᠷᠢᠴᠠᠭᠠᠨ ᠤ᠋ ᠪᠣᠳᠠᠲᠠᠢ ᠠᠰᠠᠭᠤᠳᠠᠯ ᠤ᠋ᠨ ᠲᠤᠬᠠᠢ  ᠭᠠᠳᠠᠭᠠᠳᠤ ᠶᠠᠪᠤᠳᠠᠯ ᠤ᠋ᠨ ᠶᠠᠮᠤᠨ ᠤ᠋ ᠰᠠᠢᠳ ᠴᠢᠨ ᠭᠠᠩ ᠲᠦᠷᠦᠭᠦᠦ ᠬᠡᠳᠦᠨ ᠡᠳᠦᠷ᠎ᠦᠨ ᠰᠤᠷᠪᠤᠯᠵᠢᠯᠠᠭ᠍ᠴᠢᠳ᠎ᠤᠨ ᠬᠤᠷᠠᠯ ᠳᠡᠭᠡᠷ᠎ᠡ ᠨᠢᠭᠡᠨᠲᠡ ᠲᠣᠳᠣᠷᠬᠠᠢᠯᠠᠨ ᠥᠭᠦᠯᠡᠵᠡᠢ᠂ ᠪᠢ ᠲᠠᠬᠢᠵᠤ ᠨᠣᠷᠱᠣᠬᠤ ᠦᠭᠡᠢ᠃ ᠣᠳᠣᠬᠠᠨ ᠤ᠋ ᠴᠢᠬᠤᠯᠠ ᠶᠠᠪᠤᠳᠠᠯ ᠪᠣᠯ ᠰᠢ ᠵᠢᠨ ᠫᠢᠩ ᠲᠡᠷᠢᠭᠦᠯᠡᠭ᠌ᠴᠢ ᠪᠣᠯᠤᠨ ᠪᠠᠢᠳ᠋ᠸᠨ ᠶᠡᠷᠦᠩᠬᠡᠢᠯᠡᠭ᠌ᠴᠢ ᠵᠢᠨ ᠨᠢᠳᠤᠨᠤᠨ ᠤ᠋ 11 ᠰᠠᠷ᠎ᠠ᠎ᠳᠤ ᠠᠭᠤᠯᠵᠠᠯᠲᠠ ᠬᠢᠬᠦ᠌ ᠦᠶ᠎ᠡ ᠳ᠋ᠦ᠍ ᠲᠣᠬᠢᠷᠠᠯᠴᠠᠭ᠍ᠰᠠᠨ ᠠᠯᠢ ᠣᠯᠠᠨ ᠴᠢᠬᠤᠯᠠ ᠬᠠᠮᠲᠤ ᠵᠢᠨ ᠲᠠᠨᠢᠯᠲᠠ ᠵᠢ ᠪᠣᠳᠠᠲᠠᠶ ᠲᠥᠷᠥ ᠵᠢᠨ ᠪᠣᠳᠣᠯᠭ᠎ᠠ ᠪᠣᠯᠤᠨ ᠪᠣᠳᠠᠲᠦ ᠠᠵᠢᠯᠯᠠᠭ᠎ᠠ ᠪᠣᠯᠭᠠᠨ ᠬᠤᠪᠢᠷᠠᠭᠤᠯᠬᠤ ᠶᠠᠪᠤᠳᠠᠯ ᠪᠣᠯᠤᠨ᠎ᠠ᠃

ᠮᠢᠨᠤ ᠮᠡᠳᠡᠬᠦ ᠪᠡᠷ᠂ ᠡᠨᠡ ᠬᠡᠳᠦᠨ ᠵᠢᠯ ᠳ᠋ᠦ᠍ ᠠᠮᠧᠷᠢᠺᠠ ᠵᠢᠨ ᠤᠯᠤᠰ ᠤ᠋ᠨ ᠳᠣᠲᠣᠭᠠᠳᠤ ᠵᠢᠨ ᠵᠠᠷᠢᠮ ᠬᠥᠮᠦᠰ ᠬᠣᠶᠠᠷ ᠤᠯᠤᠰ ᠤ᠋ᠨ 《ᠬᠠᠷᠢᠴᠠᠭ᠎ᠠ ᠪᠡᠨ ᠲᠠᠰᠤᠯᠬᠤ》ᠶᠠᠷᠢᠶ᠎ᠠ ᠬᠡᠯᠡᠯᠴᠡᠭᠡ᠎ᠵᠢ ᠬᠥᠭᠡᠷᠭᠡᠳᠡᠵᠦ᠍ ᠪᠠᠢᠨ᠎ᠠ᠂ ᠵᠠᠷᠢᠮ᠎ᠳᠠᠭᠠᠨ ᠪᠠᠰᠠ ᠮᠠᠰᠢ ᠶᠡᠬᠡ ᠬᠠᠯᠠᠮᠰᠢᠯ ᠪᠤᠯᠳᠠᠭ  ᠪᠠᠢᠨ᠎ᠠ᠂ ᠭᠡᠪᠡᠴᠦ᠍ ᠴᠤᠬᠤᠮ ᠬᠡᠳᠦᠢ ᠬᠥᠮᠦᠨ ᠡᠢᠮᠦᠷᠬᠦ᠌ ᠬᠥᠭᠡᠷᠭᠡᠳᠡᠯ᠎ᠡᠴᠡ ᠦᠨᠡᠨ ᠬᠦ᠌ ᠠᠱᠢᠭ ᠬᠦᠷᠳᠡᠬᠦ᠌ ᠵᠢ ᠪᠢ ᠮᠡᠳᠡᠬᠦ᠌ ᠦᠭᠡᠢ ᠪᠠᠢᠨ᠎ᠠ᠃ ᠳᠤᠮᠳᠠᠳᠤ ᠵᠢᠨ ᠲᠠᠯ᠎ᠠ ᠵᠢᠨ ᠪᠦᠷᠢᠳᠭᠡᠯ ᠢ᠋ ᠦᠨᠳᠦᠰᠦᠯᠡᠪᠡᠯ᠂ ᠨᠢᠳᠤᠨᠤᠨ ᠳᠤᠮᠳᠠᠳᠤ ᠠᠮᠧᠷᠢᠺᠠ ᠵᠢᠨ ᠠᠷᠠᠯᠵᠢᠶᠠᠨ ᠤ᠋ ᠬᠡᠮᠵᠢᠶ᠎ᠡ 7600 ᠳ᠋ᠦᠩᠱᠢᠭᠤᠷ ᠭᠠᠷᠤᠢ ᠳ᠋ᠣᠯᠯᠠᠷ ᠲᠦ᠍ ᠬᠦᠷᠴᠦ᠍᠂ ᠲᠡᠦᠬᠡ ᠵᠢᠨ ᠱᠢᠨ᠎ᠡ ᠲᠡᠮᠳᠡᠭ᠌ᠯᠡᠯ ᠢ᠋ ᠡᠭᠦᠳᠪᠡ᠃ ᠳᠤᠮᠳᠠᠳᠤ ᠠᠮᠧᠷᠢᠺᠠ ᠬᠣᠶᠠᠷ ᠤᠯᠤᠰ ᠤ᠋ᠨ ᠠᠵᠤ ᠠᠬᠤᠢ ᠬᠡᠨ ᠠᠯᠢᠨ ᠡᠴᠡ ᠪᠡᠨ ᠰᠠᠯᠵᠤ ᠴᠢᠳᠠᠬᠤ ᠦᠭᠡᠢ᠂ ᠬᠠᠷᠢᠯᠴᠠᠨ ᠪᠦᠷ ᠨᠦᠬᠦᠭᠡ ᠡᠳᠡᠭᠡᠳ᠎ᠤᠨ᠎ᠵᠢᠡᠨ ᠬᠦᠭᠵᠢᠯᠳᠡ᠎ᠡᠴᠡ ᠠᠰᠢᠭ ᠬᠦᠷᠳᠡᠵᠤ ᠪᠤᠢ᠃ ᠪᠢ ᠨᠢᠳᠤᠨᠤᠨ ᠶᠡᠬᠡᠩᠬᠢ ᠴᠠᠭ᠎ᠲᠦ ᠱᠠᠩᠬᠠᠢ᠎ᠳᠤ ᠠᠵᠢᠯᠯᠠᠵᠤ᠂ ᠠᠮᠧᠷᠢᠺᠠ ᠵᠢᠨ ᠪᠡᠯᠡ ᠵᠢ ᠪᠠᠭ᠍ᠲᠠᠭᠠᠭ᠍ᠰᠠᠨ ᠴᠥᠭᠡᠨ ᠪᠤᠰᠤ ᠭᠠᠳᠠᠭᠠᠳᠤ ᠪᠡᠯᠡ ᠵᠢᠨ ᠠᠵᠤ ᠠᠬᠤᠢᠯᠠᠯ ᠤ᠋ᠨ ᠳᠡᠭᠡᠳᠦ ᠲᠡᠰ ᠤ᠋ᠨ ᠬᠠᠮᠢᠶᠠᠷᠤᠭ᠍ᠴᠢ ᠲᠠᠢ ᠠᠭᠤᠯᠵᠠᠵᠤ ᠤᠴᠠᠷᠠᠬᠰᠠᠨ ᠶᠤᠮ᠂ ᠲᠡᠳᠡ ᠪᠦᠷ ᠨᠠᠳᠠ᠎ᠳᠤ ᠱᠠᠩᠬᠠᠢ ᠵᠢ ᠲᠣᠭᠣᠵᠤ᠂ ᠳᠤᠮᠳᠠᠳᠤ ᠤᠯᠤᠰ ᠢ᠋ ᠲᠣᠭᠣᠵᠤ ᠂ ᠬᠠᠮᠲᠤᠷᠠᠯᠴᠠᠭ᠎ᠠ ᠵᠢᠨ ᠳᠤᠮᠳᠠ ᠡᠴᠡ ᠬᠠᠮᠲᠤ ᠪᠡᠷ ᠠᠱᠢᠭ ᠬᠦᠷᠳᠡᠬᠦ᠌ ᠵᠢ ᠬᠦᠰᠡᠵᠦ᠍ ᠪᠠᠢᠨ᠎ᠠ ᠭᠡᠵᠦ᠍ ᠬᠡᠯᠡᠪᠡ᠃ ᠡᠳᠡᠭᠡᠷ ᠨᠢ ᠴᠥᠮ ᠳᠤᠮᠳᠠᠳᠤ ᠠᠮᠧᠷᠢᠺᠠ ᠬᠠᠮᠲᠤᠷᠠᠨ ᠠᠵᠢᠯᠯᠠᠵᠤ ᠪᠣᠯᠬᠤ ᠪᠥᠭᠡᠳ ᠬᠠᠮᠲᠤᠷᠠᠨ ᠠᠵᠢᠯᠯᠠᠬᠤ ᠴᠤ᠌ ᠶᠣᠰᠣᠲᠠᠢ ᠭᠡᠳᠡᠭ ᠢ᠋ ᠬᠠᠷᠠᠭᠤᠯᠵᠤ ᠪᠠᠢᠨ᠎ᠠ᠃ ᠳᠤᠮᠳᠠᠳᠤ ᠠᠮᠧᠷᠢᠺᠠ ᠬᠠᠮᠲᠤᠷᠠᠯᠴᠠᠭ᠎ᠠ ᠬᠢᠬᠦ᠌ ᠰᠠᠷᠠᠭᠤᠯ ᠢᠷᠡᠭᠡᠳᠦᠢ ᠲᠠᠢ᠃ ᠪᠦᠰᠡᠯᠡᠯᠳᠡ᠂ ᠳᠠᠷᠤᠯᠳᠠ ᠨᠢ ᠬᠡᠨ ᠳ᠋ᠦ᠍ ᠴᠦ᠍ ᠠᠱᠢᠭ ᠥᠬᠡᠶ ᠶᠤᠮ ᠃

ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠄ ᠱᠢᠨ᠎ᠡ ᠨᠢᠭᠡ ᠬᠤᠭᠤᠴᠠᠭᠠᠨ ᠤ᠋ ᠵᠠᠰᠠᠭ ᠤ᠋ᠨ ᠣᠷᠳᠣᠨ ᠬᠠᠲᠠᠭᠤ ᠪᠡᠷᠬᠡ ᠬᠦᠨᠳᠦ ᠨᠦᠰᠡᠷ ᠡᠭᠦᠷᠭᠡ ᠳ᠋ᠦ᠍ ᠲᠤᠯᠭᠠᠷᠠᠵᠤ᠂ ᠡᠯ᠎ᠡ ᠲᠠᠯ᠎ᠠ ᠵᠢᠨ ᠬᠢᠨ ᠴᠦ᠍ ᠮᠠᠰᠢ ᠥᠨᠳᠥᠷ ᠬᠦᠰᠡᠯ ᠡᠷᠡᠮᠡᠯᠵᠡᠯ ᠲᠠᠯᠪᠢᠵᠤ ᠪᠠᠢᠨ᠎ᠠ᠂ ᠡᠨᠡ ᠨᠢ ᠵᠠᠰᠠᠭ ᠤ᠋ᠨ ᠣᠷᠳᠣᠨ ᠤ᠋ ᠲᠤᠱᠢᠶᠠᠯ ᠬᠠᠷᠢᠭᠤᠴᠠᠯᠭ᠎ᠠ ᠪᠡᠨ ᠭᠦᠢᠴᠡᠳᠭᠡᠬᠦ᠌ ᠴᠢᠳᠠᠪᠤᠷᠢ᠂ ᠠᠵᠢᠯ ᠤ᠋ᠨ ᠰᠤᠷᠲᠠᠯ᠎ᠳᠤ ᠴᠥᠮ ᠱᠢᠨ᠎ᠡ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠱᠢᠨ᠎ᠡ ᠨᠢᠭᠡ ᠬᠤᠭᠤᠴᠠᠭᠠᠨ ᠤ᠋ ᠵᠠᠰᠠᠭ ᠤ᠋ᠨ ᠣᠷᠳᠣᠨ ᠲᠣᠰ ᠪᠡᠶ᠎ᠡ ᠵᠢᠨ ᠪᠠᠢᠭᠤᠯᠤᠯᠲᠠ ᠪᠡᠨ ᠴᠢᠩᠭᠠᠳᠭᠠᠬᠤ ᠲᠠᠯ᠎ᠠ ᠪᠡᠷ ᠶᠠᠮᠠᠷ ᠶᠠᠮᠠᠷ ᠪᠣᠳᠣᠯᠬᠢᠯᠠᠯ ᠲᠠᠢ ᠪᠣᠶ ?

ᠯᠢ ᠴᠢᠶᠠᠩ ᠄ ᠲᠠᠨ ᠤ᠋ ᠬᠡᠯᠡᠭ᠌ᠰᠡᠨ ᠱᠢᠭ ᠵᠢᠡᠷ ᠂ ᠱᠢᠨ᠎ᠡ ᠡᠭᠦᠷᠭᠡ ᠬᠠᠷᠢᠭᠤᠴᠠᠯᠭ᠎ᠠ ᠪᠢᠳᠡᠨ ᠳ᠋ᠦ᠍ ᠨᠠᠩ ᠥᠨᠳᠥᠷ ᠱᠢᠨ᠎ᠡ ᠱᠠᠭᠠᠷᠳᠠᠯᠭ᠎ᠠ ᠳᠤᠷᠠᠳᠴᠠᠶ᠃ ᠪᠢᠳᠡ ᠱᠢᠨ᠎ᠡ ᠨᠢᠭᠡᠨ ᠡᠭᠡᠯᠵᠢ ᠵᠢᠨ ᠵᠠᠰᠠᠭ ᠤ᠋ᠨ ᠣᠷᠳᠣᠨ ᠤ᠋ ᠪᠠᠢᠭᠤᠯᠤᠮᠵᠢ ᠵᠢᠨ ᠥᠭᠡᠷᠡᠴᠢᠯᠡᠯᠲᠡ ᠪᠡᠷ ᠲᠣᠬᠢᠶᠠᠯ ᠪᠣᠯᠭᠠᠨ ᠂ ᠵᠠᠰᠠᠭ ᠤ᠋ᠨ ᠣᠷᠳᠣᠨ ᠤ᠋ ᠲᠣᠰ ᠪᠡᠶ᠎ᠡ ᠵᠢᠨ ᠪᠠᠢᠭᠤᠯᠤᠯᠲᠠ ᠪᠡᠨ ᠦᠨᠡᠨ ᠬᠦ᠌ ᠴᠢᠩᠭᠠᠳᠭᠠᠵᠤ ᠂ ᠡᠭᠦᠷᠭᠡ ᠴᠢᠳᠠᠪᠤᠷᠢ ᠪᠡᠨ ᠤᠯᠠᠮ ᠨᠢᠭᠡ ᠠᠯᠬᠤᠮ ᠬᠤᠪᠢᠷᠠᠭᠤᠯᠤᠨ ᠂ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍ ᠂ ᠰᠤᠷᠲᠠᠯ ᠵᠢᠡᠨ ᠰᠠᠢᠵᠢᠷᠠᠭᠤᠯᠬᠤ ᠪᠡᠷ ᠲᠥᠯᠥᠪᠯᠡᠵᠦ᠍ ᠪᠠᠢᠨ᠎ᠠ᠃ ᠳᠥᠷᠪᠡᠨ ᠵᠦᠢᠯ᠎ᠦᠨ ᠠᠵᠢᠯ ᠢ᠋ ᠳᠤᠪᠤᠢᠮ᠎ᠠ ᠠᠳᠭᠤᠨ᠎ᠠ ᠄

ᠨᠢᠭᠡ ᠳ᠋ᠦ᠍᠂ ᠪᠠᠢᠴᠠᠭᠠᠨ ᠰᠤᠳᠤᠯᠤᠯᠲᠠ ᠬᠢᠬᠦ᠌ ᠰᠤᠷᠲᠠᠯ ᠢ᠋ ᠶᠡᠬᠡᠪᠡᠷ ᠪᠠᠳᠠᠷᠠᠭᠤᠯᠤᠨ᠎ᠠ᠃ ᠤᠢ᠍ᠢᠷ᠎ᠠ᠎ᠳᠤ ᠨᠠᠮ ᠤ᠋ᠨ ᠲᠥᠪ ᠬᠣᠷᠢᠢ᠎ᠠ ᠡᠴᠡ ᠨᠢᠭᠡᠨᠲᠡ ᠲᠣᠳᠣᠷᠬᠠᠢ ᠱᠠᠭᠠᠷᠳᠠᠯᠭ᠎ᠠ ᠳᠤᠷᠠᠳᠴᠦ᠂ ᠲᠦᠷᠦ᠍ ᠵᠢᠨ ᠶᠠᠪᠤᠳᠠᠯ ᠤ᠋ᠨ ᠬᠣᠷᠢᠢ᠎ᠠ ᠲᠦᠷᠦᠭᠦᠯᠡᠨ ᠨᠠᠷᠢᠨ ᠬᠢᠨᠠᠮᠠᠭᠠᠢ ᠰᠠᠢᠲᠤᠷ ᠠᠳᠭᠤᠵᠤ ᠨᠠᠢᠳᠠᠪᠤᠷᠢᠵᠢᠭᠤᠯᠬᠤ ᠬᠡᠷᠡᠭ᠌ᠲᠡᠢ ᠭᠡᠪᠡ᠃ ᠪᠢ ᠤᠷᠲᠤ ᠬᠤᠭᠤᠴᠠᠭ᠎ᠠ ᠪᠡᠷ ᠣᠷᠣᠨ ᠨᠤᠲᠤᠭ ᠲᠦ᠍ ᠠᠵᠢᠯᠯᠠᠵᠤ᠂ ᠡᠨᠡ ᠲᠠᠯ᠎ᠠ ᠪᠡᠷ ᠮᠠᠰᠢ ᠭᠦᠨ ᠲᠥᠷᠥᠭ᠌ᠳᠡᠯ᠎ᠲᠡᠶ᠄ ᠠᠯᠪᠠᠨ ᠭᠡᠷ᠎ᠲᠦ ᠰᠠᠭᠤᠪᠠᠯ ᠲᠤᠯᠭᠠᠷᠠᠬᠤ ᠨᠢ ᠴᠦᠮ ᠠᠰᠠᠭᠤᠳᠠᠯ ᠪᠠᠢᠳᠠᠭ᠂ ᠦᠨᠳᠦᠰᠦᠨ ᠱᠠᠲᠤᠨ᠎ᠳᠤ ᠭᠦᠨᠵᠡᠭᠡᠢᠷᠡᠪᠡᠯ ᠠᠯᠢ ᠤᠯᠠᠨ ᠠᠷᠭ᠎ᠠ ᠤᠯᠳᠠᠳᠠᠭ᠃ ᠮᠡᠷᠭᠡᠳ ᠠᠷᠠᠳ ᠤ᠋ᠨ ᠳᠤᠮᠳᠠ ᠪᠠᠢᠳᠠᠭ᠃ ᠪᠢᠳᠡ ᠡᠯ᠎ᠡ ᠱᠠᠲᠤᠨ ᠤ᠋ ᠺᠠᠳ᠋ᠷᠴᠤᠳ ᠤ᠋ᠨ ᠡᠮᠦᠨ᠎ᠡ ᠹᠷᠣᠨᠲ ᠲᠦ᠍ ᠢᠯᠡᠬᠦᠭᠡᠨ ᠣᠴᠢᠬᠤ ᠵᠢ ᠠᠬᠢᠭᠤᠯᠵᠤ᠂ ᠬᠡᠷᠡᠭ᠌ᠴᠡᠭᠡ ᠱᠠᠭᠠᠷᠳᠠᠯᠭ᠎ᠠ ᠵᠢ ᠠᠷᠠᠳ ᠡᠴᠡ ᠠᠰᠠᠭᠤᠵᠤ᠂ ᠠᠷᠭ᠎ᠠ ᠪᠤᠳᠤᠯᠭ᠎ᠠ ᠵᠢ ᠠᠷᠠᠳ ᠡᠴᠡ ᠠᠰᠠᠭᠤᠵᠤ᠂ ᠠᠷᠠᠳ ᠤᠯᠠᠨ ᠡᠴᠡ ᠰᠤᠷᠤᠯᠴᠠᠵᠤ᠂ ᠦᠨᠳᠦᠰᠦᠨ ᠱᠠᠳᠤ ᠵᠢ ᠦᠨᠡᠨ ᠬᠦ᠌ ᠬᠠᠪᠰᠤᠷᠤᠨ ᠪᠣᠳᠠᠲᠠᠢ ᠠᠰᠠᠭᠤᠳᠠᠯ ᠢ᠋ ᠨᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ᠃ ᠢᠯᠠᠩᠭᠤᠶ᠎ᠠ ᠤᠷᠳᠤ ᠬᠤᠭᠤᠴᠠᠭ᠎ᠠ ᠪᠡᠷ ᠲᠤᠮᠤ ᠪᠠᠢᠭᠤᠯᠭ᠎ᠠ᠎ᠳᠤ ᠠᠵᠢᠯᠯᠠᠵᠤ ᠪᠠᠢᠭ᠎ᠠ ᠵᠠᠯᠠᠭᠤ ᠨᠥᠬᠥᠳ ᠦᠨᠳᠦᠰᠦᠨ ᠱᠠᠲᠤᠨ᠎ᠳᠤ ᠭᠦᠨᠵᠡᠭᠡᠢᠷᠡᠵᠦ᠍ ᠂ ᠦᠨᠳᠦᠰᠦᠨ ᠱᠠᠲᠤᠨ᠎ᠳᠤ ᠰᠡᠳᠭᠢᠯ ᠬᠤᠯᠪᠤᠨ᠂ ᠤᠯᠠᠨ ᠲᠦᠮᠡᠨ᠎ᠲᠡᠶ ᠨᠡᠩ ᠤᠢ᠍ᠢᠷᠠᠳᠤᠬ᠍ᠰᠠᠨ ᠪᠠᠢᠬᠤ ᠬᠡᠷᠡᠭ᠌ᠲᠡᠢ ᠃

ᠬᠣᠶᠠᠷ ᠲᠦ᠍᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠰᠠᠭ ᠤ᠋ᠨ ᠣᠷᠳᠣᠨ ᠤ᠋ ᠠᠵᠢᠯ ᠢ᠋ ᠡᠷᠬᠡᠪᠰᠢ ᠬᠠᠤᠯᠢ ᠴᠠᠭᠠᠵᠠ ᠵᠢᠨ ᠪᠣᠷᠣ ᠲᠥᠯᠥᠪ᠎ᠦᠨ ᠳᠣᠲᠣᠷ᠎ᠠ ᠶᠠᠪᠤᠭᠳᠠᠭᠤᠯᠵᠦ ᠂ ᠠᠯᠢᠪᠠ ᠵᠠᠰᠠᠭ ᠵᠠᠬᠢᠷᠭᠠᠨ ᠤ᠋ ᠠᠵᠢᠯᠯᠠᠭ᠎ᠠ ᠵᠢ ᠴᠥᠮ ᠬᠠᠤᠯᠢ ᠵᠢᠨ ᠦᠨᠳᠦᠰᠦᠯᠡᠯ᠎ᠲᠡᠶ ᠪᠠᠢᠯᠭᠠᠬᠤ ᠬᠡᠷᠡᠭ᠌ᠲᠡᠢ᠃ ᠬᠠᠤᠯᠢᠵᠢᠯ ᠤ᠋ᠨ ᠵᠠᠰᠠᠭ ᠤ᠋ᠨ ᠣᠷᠳᠣᠨ ᠤ᠋ ᠪᠠᠢᠭᠤᠯᠤᠯᠲᠠ ᠵᠢ ᠤᠯᠠᠮ ᠴᠢᠨᠠᠭ᠍ᠰᠢᠳᠠ ᠴᠢᠩᠭᠠᠳᠭᠠᠵᠤ ᠂ ᠬᠠᠤᠯᠢᠵᠢᠯ ᠤ᠋ᠨ ᠰᠡᠳᠭᠢᠬᠦᠶ ᠂ ᠬᠠᠤᠯᠢᠵᠢᠯ ᠤ᠋ᠨ ᠠᠷᠭ᠎ᠠ ᠬᠡᠯᠪᠡᠷᠢ ᠪᠡᠷ ᠠᠰᠠᠭᠤᠳᠠᠯ ᠢ᠋ ᠱᠢᠶ᠋ᠳᠪᠦᠷᠢᠯᠡᠬᠦ᠌ ᠴᠢᠳᠠᠪᠤᠷᠢ ᠪᠡᠨ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌ ᠬᠡᠷᠡᠭ᠌ᠲᠡᠶ ᠃

ᠭᠤᠷᠪᠠ᠎ᠳᠤ᠂ ᠪᠦᠲᠦᠭᠡᠯᠴᠢ ᠴᠢᠨᠠᠷᠲᠠᠢ ᠬᠦᠢᠴᠡᠳᠭᠡᠬᠦ ᠴᠢᠳᠠᠪᠤᠷᠢ ᠵᠢ ᠳᠡᠭᠡᠭ᠌ᠰᠢᠯᠡᠭᠦᠯᠦᠨ᠎ᠡ᠃ ᠡᠯ᠎ᠡ ᠱᠠᠲᠤᠨ ᠤ᠋ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ ᠪᠠ ᠠᠯᠪᠠᠨ ᠠᠵᠢᠯᠳᠠᠳ ᠴᠥᠮ ᠦᠢᠯᠡᠴᠢᠯᠡᠬᠦ᠌ ᠤᠬᠠᠮᠰᠠᠷ᠂ ᠬᠥᠭ᠌ᠵᠢᠯᠳᠡ ᠵᠢᠨ ᠤᠬᠠᠮᠰᠠᠷ ᠲᠠᠢ ᠪᠠᠢᠬᠤ ᠬᠡᠷᠡᠭ᠌ᠲᠡᠢ᠂ ᠢᠯᠠᠩᠭᠤᠶ᠎ᠠ ᠬᠢᠨᠠᠨ ᠵᠥᠪᠱᠢᠶᠡᠷᠡᠬᠦ᠌᠂ ᠬᠠᠮᠢᠶᠠᠷᠬᠤ ᠡᠭᠦᠷᠭᠡ ᠴᠢᠳᠠᠪᠤᠷᠢ ᠪᠡᠨ ᠭᠦᠢᠴᠡᠳᠭᠡᠬᠦ᠌᠎ᠦᠶ᠎ᠡ ᠳ᠋ᠦ᠍ ᠲᠣᠷᠮᠤᠰᠯᠠᠭᠤᠷ᠎ᠢ ᠯᠠ ᠬᠢᠰᠬᠢᠭᠡᠳ᠂ ᠲᠤᠰᠤ ᠨᠡᠮᠡᠬᠦ ᠪᠡᠨ ᠮᠠᠷᠳᠠᠵᠦ ᠪᠣᠯᠬᠤ ᠦᠭᠡᠢ; ᠵᠦᠪᠬᠡᠨ ᠵᠠᠮ ᠤ᠋ᠨ ᠬᠣᠷᠢᠭ᠎ᠠ ᠯᠡ ᠭᠠᠷᠭᠠᠵᠤ᠂ ᠵᠠᠮ ᠤ᠋ᠨ ᠲᠡᠮᠳᠡᠭ ᠲᠠᠯᠪᠢᠬᠤ ᠦᠭᠡᠢ ᠪᠠᠢᠵᠤ ᠪᠤᠯᠬᠤ ᠦᠭᠡᠢ; ᠠᠯᠢᠪᠠ ᠶᠠᠪᠤᠳᠠᠯ᠎ᠳᠤ 《 ᠬᠢᠪᠡᠯ ᠵᠣᠬᠢᠬᠤ ᠡᠰᠡᠬᠦ᠌》 ᠵᠢᠨ ᠦᠷᠳᠡᠭ᠎ᠦᠨ ᠮᠠᠭᠠᠳᠯᠠᠯᠲᠠ ᠵᠢ ᠢᠯᠡᠭᠦᠬᠡᠨ ᠬᠢᠬᠦ᠌ ᠬᠡᠷᠡᠭ᠌ᠲᠡᠶ᠂ ᠵᠥᠪᠬᠡᠨ ᠳᠥᠭᠥᠮᠬᠡᠨ ᠵᠢᠡᠷ 《ᠬᠢᠵᠦ᠍ ᠪᠣᠯᠬᠤ ᠡᠰᠡᠬᠦ᠌》 ᠵᠢᠨ ᠮᠡᠷᠭᠡᠵᠢᠯ᠎ᠦᠨ ᠮᠠᠭᠠᠳᠯᠠᠯᠲᠠ ᠬᠢᠵᠦ᠍ ᠪᠣᠯᠬᠤ ᠦᠭᠡᠢ᠃ ᠠᠯᠢᠪᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ᠋ ᠡᠷᠡᠰ ᠡᠰᠡᠷᠭᠦᠴᠡᠵᠦ᠍᠂ ᠵᠢᠩᠬᠢᠨᠢ ᠪᠦᠲᠦᠭᠡᠯᠴᠢ ᠴᠢᠳᠠᠪᠤᠷᠢ ᠲᠠᠢ ᠬᠦᠢᠴᠡᠳᠬᠡᠭᠴᠢ ᠪᠣᠯᠬᠤ ᠬᠡᠷᠡᠭ᠌ᠲᠡᠢ᠃

ᠳᠥᠷᠪᠡ ᠳ᠋ᠦ᠍᠂ ᠠᠷᠢᠭᠤᠨ ᠴᠢᠬᠡᠴᠢ ᠵᠢᠨ ᠬᠣᠷᠢᠭ᠎ᠠ ᠱᠤᠭᠤᠮ ᠢ᠋ ᠡᠷᠡᠰ ᠰᠠᠬᠢᠨ᠎ᠠ᠃ ᠪᠢᠳᠡ ᠢᠮᠠᠭ᠍ᠲᠠ ᠴᠢᠩᠭ᠎ᠠ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ ᠪᠡᠷ ᠠᠷᠢᠭᠤᠨ ᠴᠢᠬᠡᠴᠢ ᠵᠠᠰᠠᠭ ᠤ᠋ᠨ ᠣᠷᠳᠣᠨ ᠤ᠋ ᠪᠠᠢᠭᠤᠯᠤᠯᠲᠠ ᠵᠢ ᠰᠠᠢᠲᠤᠷ ᠠᠳᠭᠤᠵᠤ᠂ ᠠᠯᠢᠪᠠ ᠢᠯᠵᠢᠷᠠᠯ᠎ᠤᠨ ᠠᠵᠢᠯᠯᠠᠭ᠎ᠠ ᠵᠢ ᠥᠴᠦᠬᠡᠨ ᠴᠦ᠍ ᠠᠭᠤᠴᠢᠯᠠᠬᠤ ᠦᠭᠡᠢ᠃ ᠵᠠᠰᠠᠭ ᠤ᠋ᠨ ᠣᠷᠳᠣᠨ ᠤ᠋ ᠠᠵᠢᠯᠲᠠᠨ ᠨᠢᠭᠡᠪᠦᠷᠢ ᠴᠥᠮ ᠤᠬᠠᠮᠰᠠᠷ ᠡᠴᠡ ᠪᠡᠨ ᠬᠢᠨᠠᠯᠲᠠ ᠵᠢ ᠬᠦᠯᠢᠶᠡᠵᠦ᠍᠂ ᠦᠨᠡᠨᠴᠢ ᠱᠢᠳᠤᠷᠭᠤ᠂ ᠴᠡᠪᠡᠷ ᠴᠢᠬᠡᠴᠢ᠂ ᠬᠠᠷᠢᠭᠤᠴᠠᠯᠭ᠎ᠠ ᠲᠠᠢ ᠪᠠᠢᠬᠤ ᠵᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠢ ᠃

ᠰᠤᠷᠪᠤᠯᠵᠢᠯᠠᠭ᠍ᠴᠢᠳ ᠤ᠋ᠨ ᠬᠤᠷᠠᠯ ᠠᠷᠠᠳ ᠤ᠋ᠨ ᠶᠡᠬᠡ ᠬᠤᠷᠠᠯ ᠤ᠋ᠨ ᠲᠠᠩᠬᠢᠮ ᠤ᠋ᠨ ᠭᠤᠷᠪᠠᠳᠤᠭᠠᠷ ᠳᠠᠪᠬᠤᠷᠯᠢᠭ ᠤ᠋ᠨ ᠠᠯᠲᠠᠨ ᠦᠩᠭᠡᠳᠦ ᠤᠷᠳᠤᠨ ᠳ᠋ᠦ᠍ 80 ᠮᠢᠨᠦ᠋ᠲ ᠶᠠᠪᠤᠭᠳᠠᠵᠦ᠂ ᠳᠤᠳᠤᠭᠠᠳᠦ ᠭᠠᠳᠠᠭᠠᠳᠤ ᠵᠢᠨ 500 ᠭᠠᠷᠤᠢ ᠰᠤᠷᠪᠤᠯᠵᠢᠯᠠᠭ᠍ᠴᠢ ᠤᠷᠤᠯᠴᠠᠵᠠᠢ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 13 ᠤ᠋ ᠴᠠᠬᠢᠯᠭᠠᠨ ᠮᠡᠳᠡᠭᠡ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号