( 2023 ᠣᠨ ᠤ᠋ 3 ᠰᠠᠷᠠ ᠵᠢᠨ 13 ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠡᠴᠡ ᠪᠠᠲᠤᠯᠠᠪᠠ )
ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠠᠩᠬᠠᠳᠤᠭᠠᠷ ᠬᠤᠷᠠᠯ ᠡᠴᠡ ᠠᠷᠠᠳ ᠤ᠋ᠨ ᠳᠡᠭᠡᠳᠦ ᠱᠢᠭᠦᠬᠦ᠌ ᠬᠣᠷᠢᠶᠡᠵᠢᠨ ᠳᠠᠷᠤᠭᠠ ᠵᠧᠦ ᠴᠢᠶᠠᠩ ᠤ᠋ᠨ ᠬᠢᠭ᠌ᠰᠡᠨ ᠠᠵᠢᠯ ᠤ᠋ᠨ ᠮᠡᠳᠡᠬᠦᠯᠦᠯᠳᠡ ᠵᠢ ᠰᠣᠨᠣᠰᠴᠤ᠌ ᠬᠢᠨᠠᠨ ᠵᠦᠪᠯᠡᠵᠠᠢ᠃ ᠬᠤᠷᠠᠯ ᠡᠴᠡ ᠠᠷᠠᠳ ᠤ᠋ᠨ ᠳᠡᠭᠡᠳᠦ ᠱᠢᠭᠦᠬᠦ᠌ ᠬᠣᠷᠢᠶᠡᠵᠢᠨ ᠥᠩᠭᠡᠷᠡᠭ᠌ᠰᠡᠨ ᠲᠠᠪᠤᠨ ᠵᠢᠯ ᠤ᠋ᠨ ᠠᠵᠢᠯ ᠢ᠋ ᠭᠦᠢᠴᠡᠳ ᠨᠤᠲᠠᠯᠠᠵᠤ᠂ ᠮᠡᠳᠡᠬᠦᠯᠦᠯᠳᠡ ᠳ᠋ᠦ᠍ ᠳᠤᠷᠠᠳᠤᠭ᠍ᠰᠠᠨ 2023 ᠣᠨ ᠤ᠋ ᠠᠵᠢᠯ ᠤ᠋ᠨ ᠰᠠᠨᠠᠭᠤᠯᠭᠠ ᠵᠢ ᠵᠥᠪᠱᠢᠶᠡᠷᠡᠵᠦ᠍᠂ ᠡᠨᠡ ᠬᠦ᠌ ᠮᠡᠳᠡᠬᠦᠯᠦᠯᠳᠡ ᠵᠢ ᠵᠥᠪᠱᠢᠶᠡᠷᠡᠬᠦ᠌ᠪᠡᠷ ᠲᠣᠭ᠍ᠲᠠᠵᠠᠢ᠃
ᠬᠤᠷᠠᠯ ᠡᠴᠡ᠂ ᠠᠷᠠᠳ ᠤ᠋ᠨ ᠳᠡᠭᠡᠳᠦ ᠱᠢᠭᠦᠬᠦ᠌ ᠬᠣᠷᠢᠢᠠ ᠰᠢ ᠵᠢᠨ ᠫᠢᠩ ᠤ᠋ᠨ ᠱᠢᠨᠡ ᠴᠠᠭ ᠦᠶᠡ ᠵᠢᠨ ᠳᠤᠮᠳᠠᠳᠤ ᠤᠯᠤᠰ ᠤ᠋ᠨ ᠣᠨᠴᠠᠯᠢᠭᠲᠠᠶ ᠨᠡᠢᠭᠡᠮ ᠵᠢᠷᠤᠮ ᠤ᠋ᠨ ᠦᠵᠡᠯ ᠰᠠᠨᠠᠭᠠ ᠪᠡᠷ ᠵᠢᠯᠤᠭᠤᠳᠤᠯᠭᠠ ᠪᠣᠯᠭᠠᠵᠦ᠂ ᠰᠢ ᠵᠢᠨ ᠫᠢᠩ ᠤ᠋ᠨ ᠬᠠᠤᠯᠢᠵᠢᠯᠤᠨ ᠦᠵᠡᠯ ᠰᠠᠨᠠᠭᠠ ᠵᠢ ᠭᠦᠨᠵᠡᠭᠡᠶ ᠲᠤᠭᠤᠱᠢᠯᠠᠭᠤᠯᠵᠦ᠂ ᠨᠠᠮ ᠤ᠋ᠨ ᠬᠣᠷᠢᠳᠤᠭᠠᠷ ᠶᠡᠬᠡ ᠬᠤᠷᠠᠯ ᠪᠤᠯᠤᠨ ᠬᠣᠷᠢᠳᠤᠭᠠᠷ ᠬᠤᠭᠤᠴᠠᠭᠠᠨ ᠤ᠋ ᠲᠦᠪ ᠬᠤᠷᠢᠶᠠᠨᠤ ᠨᠢᠭᠡᠳᠦᠭᠡᠷ᠂ ᠬᠤᠶᠠᠳᠤᠭᠠᠷ ᠪᠦᠬᠦᠳᠡ ᠬᠤᠷᠠᠯᠤᠨ ᠵᠤᠷᠢᠭ ᠰᠠᠨᠠᠭᠠᠵᠢ ᠪᠦᠬᠦ᠌ ᠲᠠᠯᠠ ᠪᠡᠷ ᠲᠤᠭᠤᠱᠢᠯᠠᠭᠤᠯᠵᠦ᠂ 《ᠬᠣᠶᠠᠷ ᠢ᠋ ᠲᠣᠭ᠍ᠲᠠᠭᠠᠭᠰᠠᠨ》ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ ᠢ᠋ ᠭᠦᠨᠵᠡᠭᠡᠶ ᠣᠢᠯᠠᠭᠠᠵᠦ᠂ 《ᠳᠥᠷᠪᠡᠨ ᠤᠬᠠᠮᠰᠠᠷ》 ᠢ᠋ ᠴᠢᠩᠭᠠᠳᠭᠠᠵᠦ᠂ 《 ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ ᠢ᠋ ᠬᠠᠮᠠᠭᠠᠯᠠᠬᠤ》ᠵᠢ ᠪᠡᠶᠡᠯᠡᠭᠦᠯᠵᠦ᠂ ᠨᠠᠮ ᠤ᠋ᠨ ᠬᠠᠷᠢᠴᠠᠯᠠᠰᠢᠭᠦᠢ ᠤᠳᠤᠷᠢᠳᠤᠯᠭᠠ ᠵᠢ ᠡᠷᠡᠰ ᠭᠤᠢᠪᠢᠰᠢ ᠦᠭᠡᠢ ᠪᠠᠷᠢᠮᠲᠠᠯᠠᠵᠦ᠂ ᠠᠷᠠᠳ ᠲᠦᠮᠡᠨᠵᠢᠡᠷ ᠭᠣᠣᠯ ᠪᠣᠯᠭᠠᠬᠤ ᠵᠢ ᠪᠠᠷᠢᠮᠲᠠᠯᠠᠵᠦ᠂ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠬᠠᠤᠯᠢᠵᠢᠯᠤᠨ ᠵᠠᠮ ᠢ᠋ ᠪᠠᠷᠢᠮᠲᠠᠯᠠᠵᠦ᠂ ᠪᠦᠬᠦ᠌ ᠶᠠᠪᠤᠴᠠ ᠵᠢᠨ ᠠᠷᠠᠳ ᠤ᠋ᠨ ᠠᠷᠠᠳᠴᠢᠯᠠᠯ ᠢ᠋ ᠦᠶ᠋ᠯᠡᠳᠦᠯᠭᠡᠵᠢᠭᠦᠯᠵᠦ᠂ ᠦᠨᠳᠦᠰᠦᠨ ᠬᠠᠤᠯᠢ ᠬᠠᠤᠯᠢ ᠴᠠᠭᠠᠵᠠ ᠡᠴᠡ ᠣᠯᠭᠣᠭ᠍ᠰᠠᠨ ᠲᠤᠰᠢᠶᠠᠯ ᠬᠠᠷᠢᠭᠤᠴᠠᠯᠭᠠᠵᠢ ᠦᠨᠡᠨᠴᠢᠪᠡᠷ ᠭᠦᠶ᠋ᠴᠡᠳᠭᠡᠵᠦ᠂ ᠱᠢᠭᠦᠨ ᠲᠠᠰᠤᠯᠬᠤ ᠭᠦᠢᠴᠡᠳᠭᠡᠬᠦ᠌ ᠠᠵᠢᠯ ᠤ᠋ᠨ ᠶᠠᠰᠤ ᠴᠢᠨᠠᠷ ᠪᠠ ᠦᠷᠡ ᠪᠦᠲᠦᠮᠵᠢ ᠵᠢ ᠪᠦᠬᠦ᠌ ᠲᠠᠯᠠ ᠪᠡᠷ ᠳᠡᠭᠡᠭ᠌ᠰᠢᠯᠡᠭᠦᠯᠵᠦ᠂ ᠬᠠᠤᠯᠢ ᠪᠠᠷᠢᠬᠤ ᠪᠠᠢᠭᠤᠯᠤᠮᠵᠢᠵᠢᠨ ᠶᠡᠷᠦᠩᠬᠡᠢᠯᠡᠭ᠌ᠰᠡᠨ ᠢᠵᠢ ᠪᠦᠷᠢᠳᠦᠬᠦᠯᠬᠦ᠌ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠂ ᠤᠶᠤᠨᠲᠤ ᠱᠢᠭᠦᠬᠦ᠌ ᠬᠣᠷᠢᠶᠠᠨ ᠤ᠋ ᠪᠠᠢᠭᠤᠯᠤᠯᠲᠠ ᠵᠢ ᠦᠷᠭᠦᠯᠵᠢᠯᠡᠨ ᠴᠢᠩᠭᠠᠳᠭᠠᠵᠦ᠂ ᠱᠢᠯᠭᠠᠷᠠᠭ᠍ᠰᠠᠨ ᠱᠢᠭᠦᠬᠦ᠌ ᠬᠣᠷᠢᠶᠠᠨ ᠤ᠋ ᠡᠩᠨᠡᠭᠡ ᠵᠢ ᠳᠠᠪᠲᠠᠨ ᠪᠣᠯᠪᠠᠰᠤᠷᠠᠭᠤᠯᠵᠦ᠂ ᠱᠢᠭᠦᠨ ᠲᠠᠰᠤᠯᠬᠤ ᠱᠢᠰᠲ᠋ᠧᠮ ᠪᠠ ᠱᠢᠭᠦᠨ ᠲᠠᠰᠤᠯᠬᠤ ᠴᠢᠳᠠᠪᠤᠷᠢ ᠵᠢᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠦ᠂ ᠤᠯᠤᠰ ᠤ᠋ᠨ ᠤᠯᠤᠰ ᠲᠦᠷᠦ᠍ ᠵᠢᠨ ᠠᠮᠤᠷ ᠲᠦᠪᠱᠢᠨ ᠢ᠋ ᠪᠦᠬᠦ᠌ ᠬᠦᠴᠦᠨ ᠵᠢᠡᠷ ᠵᠢᠡᠨ ᠬᠠᠮᠠᠭᠠᠯᠠᠵᠦ᠂ ᠨᠡᠢᠭᠡᠮ ᠤ᠋ᠨ ᠶᠡᠬᠡ ᠲᠠᠯᠠ ᠵᠢᠨ ᠲᠣᠭ᠍ᠲᠠᠭᠤᠨᠢ ᠪᠠᠲᠤᠯᠠᠵᠦ ᠂ ᠨᠡᠢᠭᠡᠮ ᠤ᠋ᠨ ᠡᠷᠭᠡ ᠲᠡᠭᠰᠢ ᠲᠥᠪ ᠭᠣᠣᠯᠴᠢ ᠵᠢ ᠠᠬᠢᠭᠤᠯᠵᠦ ᠂ ᠠᠷᠠᠳ ᠲᠦᠮᠡᠨ ᠤ᠋ ᠠᠮᠤᠷ ᠵᠢᠷᠭᠠᠨ ᠠᠵᠤ ᠲᠦᠷᠦᠬᠦ ᠵᠢ ᠪᠠᠲᠤᠯᠠᠵᠦ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯᠠ ᠪᠡᠷ ᠪᠦᠲᠦᠭᠡᠨ ᠪᠠᠢᠭᠤᠯᠬᠤ᠂ ᠳᠤᠮᠳᠠᠳᠤ ᠵᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ᠌ ᠲᠠᠯᠠ ᠪᠡᠷ ᠠᠬᠢᠭᠤᠯᠬᠤᠳᠤ ᠬᠦᠴᠦᠨ ᠪᠦᠬᠦᠢ ᠬᠠᠤᠯᠢ ᠴᠠᠭᠠᠵᠠᠵᠢᠨ ᠪᠠᠲᠤᠯᠠᠭᠠ ᠬᠠᠩᠭᠠᠬᠤ ᠭᠡᠷᠡᠭᠳᠠᠢ ᠭᠡᠵᠦ ᠱᠠᠭᠠᠷᠳᠠᠵᠠᠢ ᠃
(ᠰᠢᠨᠬᠤᠸᠠ ᠬᠤᠷᠢᠶᠠᠵᠢᠨ ᠪᠡᠭᠡᠵᠢᠩᠤᠨ 3 ᠰᠠᠷᠠᠵᠢᠨ 13 ᠤ᠋ ᠴᠠᠬᠢᠯᠭᠠᠨ ᠮᠡᠳᠡᠭᠡ)