
3 ᠰᠠᠷ᠎ᠠ᠎ᠶ᠋ᠢᠨ 13 ᠤ᠋ ᠡᠳᠤᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠬᠦ ᠬᠤᠷᠠᠯ ᠬᠢᠪᠡ᠃ ᠶᠡᠬᠡ ᠬᠤᠷᠠᠯ᠎ᠤᠨ ᠭᠦᠢᠴᠡᠳᠭᠡᠭ᠌ᠴᠢ ᠲᠡᠷᠢᠭᠦᠯᠡᠭ᠌ᠴᠢ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠲᠡᠭᠦᠰᠭᠦ ᠬᠤᠷᠠᠯ᠎ᠢ ᠡᠷᠬᠢᠯᠡᠭᠰᠡᠨ᠎ᠦ ᠬᠠᠮᠳᠤ ᠶᠠᠷᠢᠶ᠎ᠠ ᠳᠠᠯᠪᠢᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠬᠤᠸᠠᠩ ᠵᠢᠩ ᠸᠸᠨ ᠰᠡᠬᠦᠳᠡᠷᠯᠡᠪᠡ
(2023 ᠣᠨ᠎ᠤ 3 ᠰᠠᠷ᠎ᠠ᠎ᠶ᠋ᠢᠨ 13 ᠤ᠋ ᠡᠳᠦᠷ)
ᠵᠤᠤ ᠯᠸ ᠵᠶ᠋ᠢ
ᠲᠥᠯᠥᠭᠡᠯᠡᠭ᠌ᠴᠢᠳ ᠡ ᠄
ᠪᠢ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠪᠦᠷᠢᠮᠦᠰᠦᠨ ᠵᠥᠪᠱᠢᠶᠡᠷᠡᠵᠦ᠍᠂ ᠡᠷᠡᠰ ᠬᠦᠷᠢᠶᠡᠯᠡᠵᠤ ᠪᠠᠢᠨ᠎ᠠ᠃ ᠶᠠᠷᠢᠶ᠎ᠠ ᠨᠢ ᠠᠷᠠᠳ ᠲᠦᠮᠡᠨ᠎ᠦ ᠵᠣᠭ᠍ᠰᠣᠯᠲᠠ᠎ᠶ᠋ᠢ ᠪᠠᠲᠤ ᠰᠠᠬᠢᠵᠤ᠂ ᠲᠡᠦᠬᠡ᠎ᠶ᠋ᠢᠨ ᠢᠲᠡᠭᠡᠯ᠎ᠢ ᠪᠠᠲᠤᠳᠭᠠᠵᠤ᠂ ᠡᠭᠦᠷᠭᠡ ᠬᠠᠷᠢᠭᠤᠴᠠᠯᠭ᠎ᠠ ᠵᠢ ᠢᠯᠡᠷᠡᠭᠦᠯᠵᠦ᠍᠂ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠵᠢᠭᠠᠬᠰᠠᠨ ᠵᠢᠡᠷ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠱᠢᠨ᠎ᠡ ᠠᠶᠠᠨ᠎ᠳᠤ ᠤᠮᠤᠭ ᠵᠤᠷᠢᠭ ᠪᠠᠳᠠᠷᠠᠩᠭᠤᠢ ᠪᠡᠷ ᠡᠷᠡᠮᠡᠬᠡᠢᠯᠡᠨ ᠲᠡᠮᠡᠴᠡᠵᠤ᠂ ᠵᠤᠷᠢᠬᠳᠠᠢ ᠤᠷᠤᠭ᠍ᠰᠢᠯᠠᠬᠤ᠎ᠶ᠋ᠢ ᠤᠷᠮᠠᠰᠢᠭᠤᠯᠬᠤ ᠨᠢ ᠯᠠᠪᠳᠠᠢ ᠶᠤᠮ᠃ ᠪᠢᠳᠡ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠶ᠃
ᠡᠨᠡ ᠤᠳᠠᠭ᠎ᠠ᠎ᠶ᠋ᠢᠨ ᠶᠡᠬᠡ ᠬᠤᠷᠠᠯ ᠳᠡᠭᠡᠷ᠎ᠡ᠂ ᠰᠢ ᠵᠢᠨ ᠫᠢᠩ ᠨᠥᠬᠥᠷ ᠳᠠᠬᠢᠨᠲᠠ ᠪᠦᠷᠢᠨ ᠪᠢᠯᠧᠲ᠎ᠢᠶᠡᠷ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ᠎ᠪᠡᠷ ᠰᠣᠩᠭᠣᠭ᠍ᠳᠠᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠬᠠᠮᠲᠤ᠎ᠶ᠋ᠢᠨ ᠵᠣᠷᠢᠭ ᠰᠠᠨᠠᠭ᠎ᠠ ᠪᠣᠯᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠪᠠ᠃ ᠨᠠᠮ ᠡᠴᠡ ᠰᠢ ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶ᠎ᠠ ᠵᠢᠨ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠭ᠍ᠰᠠᠨ ᠨᠢ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠶᠤᠮ᠃ ᠪᠢᠳᠡ 《ᠬᠣᠶᠠᠷ᠎ᠢ ᠲᠣᠭ᠍ᠲᠠᠭᠠᠬᠰᠠᠨ》 ᠢ᠋ ᠡᠷᠡᠰ ᠬᠦᠷᠢᠶᠡᠯᠡᠵᠦ᠍᠂ ᠤᠬᠠᠮᠰᠠᠷ᠎ᠡᠴᠡ᠎ᠪᠠᠨ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ 》 ᠶ᠋ᠢ ᠪᠡᠶᠡᠯᠡᠭᠦᠯᠬᠦ᠌ ᠬᠡᠷᠡᠭ᠌ᠲᠡᠶ᠃
ᠶᠡᠬᠡ ᠬᠤᠷᠠᠯ᠎ᠡᠴᠡ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ ᠵᠢᠨ ᠠᠩᠬᠠᠳᠤᠭᠠᠷ ᠪᠦᠭᠦᠳᠡ ᠬᠤᠷᠠᠯ᠂ ᠬᠣᠶᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠡᠯ᠎ᠡ ᠵᠦᠢᠯ᠎ᠦᠨ ᠢᠯᠡᠳᠭᠡᠯ ᠮᠡᠳᠡᠭᠦᠯᠦᠯᠳᠡ ᠪᠠ ᠵᠥᠪᠯᠡᠬᠦ ᠵᠦᠢᠯ ᠢ᠋ ᠬᠢᠨᠠᠨ ᠵᠦᠪᠯᠡᠵᠦ ᠪᠠᠲᠤᠯᠠᠨ᠂ ᠱᠢᠨ᠎ᠡ ᠨᠢᠭᠡ ᠬᠤᠭᠤᠴᠠᠭᠠᠨ᠎ᠤ ᠲᠦᠷᠦ᠍᠎ᠶ᠋ᠢᠨ ᠪᠠᠢᠭᠤᠯᠤᠮᠵᠢ᠎ᠶ᠋ᠢᠨ ᠪᠦᠷᠢᠯᠳᠦᠬᠦᠨ᠎ᠢ ᠬᠠᠤᠯᠢ ᠶᠣᠰᠣᠭᠠᠷ ᠰᠣᠩᠭᠣᠨ ᠲᠣᠭ᠍ᠲᠠᠭᠠᠵᠤ ᠲᠤᠮᠢᠯᠠᠨ᠂ ᠡᠯ᠎ᠡ ᠵᠦᠢᠯ᠎ᠦᠨ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠵᠤ᠂ ᠠᠷᠠᠳᠴᠢᠯᠠᠯ ᠲᠠᠢ᠂ ᠪᠦᠯᠬᠦᠮᠳᠡᠯ᠎ᠲᠡᠶ᠂ ᠪᠤᠳᠠᠳᠠᠢ ᠵᠢ ᠪᠠᠷᠢᠮᠲᠠᠯᠠᠭ᠍ᠰᠠᠨ᠂ ᠡᠷᠡᠮᠡᠭᠡᠢᠯᠡᠨ ᠤᠷᠤᠭ᠍ᠰᠢᠯᠠᠭ᠍ᠰᠠᠨ ᠶᠡᠬᠡ ᠬᠤᠷᠠᠯ ᠪᠣᠯᠵᠠᠢ᠃ ᠬᠤᠷᠠᠯ᠎ᠤᠨ ᠬᠤᠭᠤᠴᠠᠭᠠᠨ᠎ᠳᠤ ᠪᠦᠬᠦ᠌ ᠲᠥᠯᠥᠭᠡᠯᠡᠭ᠌ᠴᠢᠳ ᠠᠷᠠᠳ ᠲᠦᠮᠡᠨ᠎ᠦ ᠠᠱᠢᠭ ᠲᠤᠰᠠ ᠪᠠ ᠬᠦᠰᠡᠯ ᠵᠣᠷᠢᠭ᠎ᠢ ᠦᠨᠡᠨᠴᠢ ᠱᠢᠳᠤᠷᠭᠤ᠎ᠪᠠᠷ ᠲᠥᠯᠥᠭᠡᠯᠡᠵᠦ᠍᠂ ᠲᠦᠷᠦ᠍᠎ᠶ᠋ᠢᠨ ᠡᠷᠬᠡ᠎ᠶ᠋ᠢ ᠬᠡᠷᠡᠭ᠌ᠵᠢᠭᠦᠯᠬᠦ᠌᠎ᠳᠦ ᠬᠠᠤᠯᠢ ᠶᠣᠰᠣᠭᠠᠷ ᠣᠷᠣᠯᠴᠠᠵᠤ᠂ ᠠᠷᠠᠳ᠎ᠤᠨ ᠰᠠᠨᠠᠭ᠎ᠠ᠎ᠶ᠋ᠢ ᠲᠤᠰᠭᠠᠨ᠂ ᠲᠦᠷᠦ᠍᠎ᠶ᠋ᠢᠨ ᠶᠠᠪᠤᠳᠠᠯ᠎ᠢ ᠬᠠᠮᠲᠤ ᠪᠠᠷ ᠵᠦᠪᠯᠡᠵᠦ᠂ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠳᠠᠪᠠᠭᠤᠯᠢᠭ᠎ᠢ ᠭᠦᠢᠴᠡᠳ ᠢᠯᠡᠷᠡᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠪᠠ ᠢᠯᠡᠳᠲᠡ ᠳᠠᠪᠠᠭᠤᠯᠢᠭ ᠴᠢᠨᠠᠷ᠎ᠢ ᠭᠦᠢᠴᠡᠳ ᠢᠯᠡᠷᠡᠭᠦᠯᠪᠡ᠃
ᠥᠩᠭᠡᠷᠡᠭ᠌ᠰᠡᠨ ᠲᠠᠪᠤᠨ ᠵᠢᠯ᠎ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠯᠢ ᠵᠠᠨ ᠱᠤ᠌ ᠨᠥᠬᠥᠷ᠎ᠦᠨ ᠡᠷᠬᠢᠯᠡᠯ ᠲᠤᠤᠷ᠎ᠠ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠲᠥᠪ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠶ᠋ᠢᠨ ᠲᠣᠭᠣᠷᠢᠨ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠡᠯ᠎ᠡ ᠲᠠᠯ᠎ᠠ᠎ᠶ᠋ᠢᠨ ᠠᠵᠢᠯ ᠴᠥᠮ ᠴᠢᠬᠤᠯᠠ ᠶᠡᠬᠡ ᠱᠢᠨ᠎ᠡ ᠠᠬᠢᠴᠠ᠎ᠲᠠᠶ ᠪᠤᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠴᠢᠬᠤᠯᠠ ᠬᠤᠪᠢ ᠨᠡᠮᠡᠷᠢ ᠦᠵᠡᠭᠦᠯᠪᠡ᠃ ᠡᠨᠳᠡ ᠪᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠤᠷᠢᠶ᠎ᠠ ᠵᠢ ᠲᠦᠯᠦᠭᠡᠯᠡᠨ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠪᠦᠷᠢᠯᠳᠦᠬᠦᠨ᠂ ᠯᠢ ᠵᠠᠨ ᠱᠤ᠌ ᠨᠥᠬᠥᠷ᠎ᠲᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠦ᠍ ᠪᠠᠢᠨ᠎ᠠ!
ᠶᠡᠬᠡ ᠬᠤᠷᠠᠯ᠎ᠡᠴᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠎ᠶ᠋ᠢ ᠰᠣᠩᠭᠣᠨ ᠭᠠᠷᠭᠠᠭ᠍ᠰᠠᠨ ᠪᠥᠭᠡᠳ ᠨᠠᠮᠠᠶ᠋ᠢ ᠬᠤᠷᠢᠶᠠᠨ ᠳᠠᠷᠤᠭ᠎ᠠ᠎ᠪᠠᠷ ᠰᠣᠩᠭᠣᠪᠠ᠃ ᠪᠢᠳᠡ ᠲᠥᠯᠥᠭᠡᠯᠡᠭ᠌ᠴᠢᠳ᠎ᠦᠨ ᠢᠲᠡᠭᠡᠯ ᠨᠠᠢᠳᠠᠯᠭ᠎ᠠ᠎ᠳᠤ ᠴᠢᠩ ᠰᠡᠳᠭᠢᠯ᠎ᠡᠴᠡ᠎ᠪᠡᠨ ᠲᠠᠯᠠᠷᠬᠠᠵᠤ᠂ ᠡᠭᠦᠷᠭᠡ ᠬᠠᠷᠢᠭᠤᠴᠠᠯᠭ᠎ᠠ ᠡᠷᠬᠢᠮ ᠳᠡᠭᠡᠳᠦ᠂ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠢ ᠮᠡᠳᠡᠷᠡᠵᠦ᠍ ᠪᠠᠢᠨ᠎ᠠ᠃ ᠪᠢᠳᠡ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠢᠮᠠᠭ᠍ᠲᠠ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠨ ᠠᠷᠠᠳ ᠤᠯᠠᠨ ᠳᠤ ᠴᠢᠩᠭ᠎ᠠ ᠲᠦᠱᠢᠭ᠌ᠯᠡᠵᠦ᠍᠂ ᠦᠨᠳᠦᠰᠦᠨ ᠬᠠᠤᠯᠢ᠎ᠶ᠋ᠢ ᠬᠦᠨᠳᠦᠳᠭᠡᠵᠦ᠍᠂ ᠡᠭᠦᠷᠭᠡ ᠲᠤᠱᠢᠶᠠᠯ᠎ᠢᠶᠠᠨ ᠬᠢᠴᠢᠶᠡᠩᠭᠦᠢᠯᠡᠨ ᠭᠦᠢᠴᠡᠳᠭᠡᠵᠦ᠍᠂ ᠠᠷᠢᠭᠤᠨ ᠴᠢᠬᠡᠴᠢ᠎ᠪᠡᠷ ᠨᠡᠢᠲᠡ᠎ᠵᠢᠨ ᠲᠦᠯᠦᠭᠡ ᠵᠢᠳᠭᠦᠵᠦ᠂ ᠠᠷᠠᠳ ᠲᠦᠮᠡᠨ᠎ᠦ ᠬᠢᠨᠠᠯᠲᠠ᠎ᠶ᠋ᠢ ᠬᠦᠯᠢᠶᠡᠵᠦ᠍ ᠂ ᠨᠠᠮ ᠪᠣᠯᠤᠨ ᠤᠯᠤᠰ᠎ᠤᠨ ᠦᠢᠯᠡᠰ᠎ᠦᠨ ᠲᠥᠯᠥᠭᠡ ᠴᠢᠩ ᠦᠨᠡᠨᠴᠢ᠎ᠪᠡᠷ ᠵᠢᠳᠬᠦᠵᠦ᠍᠂ ᠲᠥᠯᠥᠭᠡᠯᠡᠭ᠌ᠴᠢᠳ ᠪᠣᠯᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠶᠠᠭᠠᠬᠢᠭ᠍ᠰᠠᠨ ᠴᠤ᠌ ᠬᠥᠰᠡᠷᠳᠡᠭᠦᠯᠬᠦ᠌ ᠦᠭᠡᠢ᠃
ᠲᠥᠯᠥᠭᠡᠯᠡᠭ᠌ᠴᠢᠳ ᠡ!
ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠢ᠎ᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠬᠡᠷᠡᠭ᠌ᠵᠢᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ᠃
ᠪᠢᠳᠡ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠠᠷᠠᠳ ᠲᠦᠮᠡᠨ᠎ᠦ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢᠶᠠᠷ ᠳᠠᠮᠵᠢᠭᠤᠯᠤᠨ ᠲᠦᠷᠦ᠍᠎ᠶ᠋ᠢᠨ ᠡᠷᠬᠡ᠎ᠪᠡᠨ ᠬᠡᠷᠡᠭ᠌ᠵᠢᠭᠦᠯᠬᠦ᠌᠎ᠶ᠋ᠢ ᠪᠠᠲᠤᠯᠠᠵᠤ᠂ ᠠᠷᠠᠳ ᠲᠦᠮᠡᠨ᠎ᠦ ᠬᠠᠤᠯᠢ ᠶᠣᠰᠣᠭᠠᠷ ᠠᠷᠠᠳᠴᠢᠯᠠᠯ᠎ᠢᠶᠠᠷ ᠰᠣᠩᠭᠣᠭᠤᠯᠢ ᠶᠠᠪᠤᠭᠤᠯᠬᠤ᠂ ᠠᠷᠠᠳᠴᠢᠯᠠᠯ᠎ᠢᠶᠠᠷ ᠵᠥᠪᠯᠡᠬᠦ᠌᠂ ᠠᠷᠠᠳᠴᠢᠯᠠᠯ᠎ᠢᠶᠠᠷ ᠪᠤᠳᠤᠯᠭ᠎ᠠ ᠲᠣᠭ᠍ᠲᠠᠭᠠᠬᠤ᠂ ᠠᠷᠠᠳᠴᠢᠯᠠᠯ᠎ᠢᠶᠠᠷ ᠬᠠᠮᠢᠶᠠᠷᠬᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠪᠠᠲᠤᠯᠠᠬᠤ ᠬᠡᠷᠡᠭ᠌ᠲᠡᠢ᠃ ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢ ᠪᠠᠲᠤᠯᠠᠬᠤ ᠳᠦᠷᠢᠮ᠎ᠦᠨ ᠱᠢᠰᠲ᠋ᠧᠮ᠎ᠢ ᠪᠦᠷᠢᠨᠱᠢᠬᠦᠯᠵᠤ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ ᠲᠠᠯᠪᠢᠬᠤ ᠲᠦᠪᠱᠢᠨ᠎ᠢ ᠳᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠦᠨᠳᠦᠰᠦᠨ ᠬᠠᠤᠯᠢ᠎ᠶ᠋ᠢᠨ ᠦᠢᠯᠡᠳᠦᠯᠭᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ᠃ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠭᠦᠨᠵᠡᠭᠡᠢ ᠠᠬᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠨᠡᠩ ᠱᠢᠨᠵᠢᠯᠡᠬᠦ᠌ ᠤᠬᠠᠭᠠᠨᠴᠢ ᠪᠥᠭᠡᠳ ᠪᠦᠷᠢᠨ ᠲᠡᠭᠦᠯᠳᠡᠷ᠂ ᠨᠢᠭᠡᠳᠦᠯᠲᠡᠢ ᠡᠷᠬᠡ ᠰᠦᠷ᠎ᠲᠡᠶ ᠪᠣᠯᠭᠠᠵᠤ᠂ ᠰᠠᠢ᠌ᠨ ᠬᠠᠤᠯᠢ᠎ᠪᠠᠷ ᠬᠥᠭ᠌ᠵᠢᠯᠲᠡ᠎ᠶ᠋ᠢ ᠠᠬᠢᠭᠤᠯᠤᠨ ᠵᠠᠰᠠᠯᠲᠠ᠎ᠶ᠋ᠢ ᠪᠠᠲᠤᠯᠠᠬᠤ ᠬᠡᠷᠡᠭ᠌ᠲᠡᠢ᠃ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠶ᠋ᠢ ᠬᠡᠷᠡᠭ᠌ᠵᠢᠭᠦᠯᠵᠦ᠍᠂ ᠦᠨᠳᠦᠰᠦᠨ ᠬᠠᠤᠯᠢ ᠬᠠᠤᠯᠢ ᠴᠠᠭᠠᠵᠠ᠎ᠶ᠋ᠢ ᠪᠦᠬᠦ᠌ ᠲᠠᠯ᠎ᠠ᠎ᠪᠠᠷ ᠪᠦᠲᠦᠮᠵᠢᠲᠡᠢ ᠬᠡᠷᠡᠭ᠌ᠵᠢᠭᠦᠯᠬᠦ᠌᠎ᠶ᠋ᠢ ᠪᠠᠲᠤᠯᠠᠵᠤ᠂ ᠲᠦᠷᠦ᠍᠎ᠶ᠋ᠢᠨ ᠪᠠᠢᠭᠤᠯᠭ᠎ᠠ ᠵᠢᠴᠢ ᠲᠡᠭᠦᠨ᠎ᠦ ᠠᠵᠢᠯᠲᠠᠨ᠎ᠤ ᠡᠷᠬᠡ᠎ᠶ᠋ᠢᠨ ᠬᠢᠨᠠᠯᠲᠠ ᠪᠠ ᠬᠢᠵᠠᠭᠠᠷᠯᠠᠯ᠎ᠢ ᠬᠦᠯᠢᠶᠡᠬᠦ᠌᠎ᠶ᠋ᠢ ᠪᠠᠲᠤᠯᠠᠬᠤ ᠬᠡᠷᠡᠭ᠌ᠲᠡᠢ᠃ ᠲᠥᠯᠥᠭᠡᠯᠡᠭ᠌ᠴᠢᠳ᠎ᠦᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠳᠡᠮᠵᠢᠨ ᠪᠠᠲᠤᠯᠠᠵᠤ᠂ ᠲᠥᠯᠥᠭᠡᠯᠡᠭ᠌ᠴᠢᠳ᠎ᠦᠨ ᠠᠷᠠᠳ ᠲᠦᠮᠡᠨ᠎ᠡᠴᠡ ᠢᠷᠡᠬᠦ᠌᠂ ᠠᠷᠠᠳ ᠲᠦᠮᠡᠨ᠎ᠦ ᠳᠤᠮᠳᠠ ᠦᠨᠳᠦᠰᠦᠯᠡᠬᠦ᠌ ᠣᠨᠴᠠᠯᠢᠭ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠨᠠᠮ ᠪᠠ ᠤᠯᠤᠰ᠎ᠤᠨ ᠠᠷᠠᠳ ᠤᠯᠠᠨ᠎ᠲᠠᠶ ᠬᠠᠷᠢᠯᠴᠠᠬᠤ ᠬᠥᠭᠥᠷᠭᠡ ᠬᠣᠯᠪᠣᠭᠠᠰᠤ ᠪᠣᠯᠬᠤ ᠬᠡᠷᠡᠭ᠌ᠲᠡᠢ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠵᠢᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠤᠯᠤᠰ ᠲᠦᠷᠦ᠍ ᠪᠠᠲᠤ ᠴᠢᠩᠭ᠎ᠠ᠂ ᠠᠷᠠᠳ ᠲᠦᠮᠡᠨ᠎ᠳᠦ ᠦᠢᠯᠡᠴᠢᠯᠡᠬᠦ᠌᠂ ᠬᠠᠤᠯᠢᠵᠢᠯ᠎ᠢ ᠬᠦᠨᠳᠦᠳᠭᠡᠬᠦ᠌᠂ ᠠᠷᠠᠳᠴᠢᠯᠠᠯ᠎ᠢ ᠪᠠᠳᠠᠷᠠᠭᠤᠯᠬᠤ᠂ ᠬᠢᠴᠢᠶᠡᠨ ᠴᠢᠷᠮᠠᠢᠵᠤ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠡᠩᠨᠡᠭᠡ᠎ᠶ᠋ᠢ ᠴᠢᠷᠮᠠᠢᠨ ᠪᠠᠢᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠬᠦ᠌ ᠬᠡᠷᠡᠭ᠌ᠲᠡᠢ᠃
ᠲᠥᠯᠥᠭᠡᠯᠡᠭ᠌ᠴᠢᠳ ᠡ!
ᠪᠦᠯᠬᠦᠮᠳᠡᠯ ᠪᠣᠯ ᠬᠦᠴᠦᠨ ᠮᠥᠨ᠂ ᠲᠡᠮᠡᠴᠡᠯ ᠠᠭᠤᠤ ᠦᠢᠯᠡᠰ᠎ᠢ ᠪᠦᠲᠦᠭᠡᠨ᠎ᠡ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠬᠰᠡᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠢᠯᠡᠭᠦᠦ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠦᠪᠡᠷ᠎ᠢ ᠪᠠᠨ ᠢᠳᠡᠭᠡᠵᠤ ᠦᠪᠡᠷ᠎ᠢ ᠪᠠᠨ ᠬᠦᠴᠦᠷᠬᠡᠭᠵᠢᠭᠦᠯᠦᠨ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠱᠢᠷᠭᠠᠭᠤ ᠬᠠᠲᠠᠭᠤᠵᠢᠯᠲᠠᠢ ᠠᠵᠢᠯᠯᠠᠨ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ!
(ᠰᠢᠨᠬᠤᠸᠠ ᠬᠤᠷᠢᠶᠠᠨ᠎ᠤ ᠪᠡᠬᠡᠵᠢᠩ᠎ᠤᠨ 3 ᠰᠠᠷ᠎ᠠ ᠵᠢᠨ 13 ᠤ᠋ ᠴᠠᠬᠢᠯᠭᠠᠨ ᠮᠡᠳᠡᠬᠡ)