ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠬᠦᠯᠦᠯᠳᠡ ᠵᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠱᠢᠢᠳᠪᠦᠷᠢ
2023-03-14 11:14:28
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

    ( 2023 ᠣᠨ᠎ᠤ 3  ᠰᠠᠷ᠎ᠠ᠎ᠶ᠋ᠢᠨ 13 ᠎ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠠᠩᠬᠠᠳᠤᠭᠠᠷ ᠬᠤᠷᠠᠯ ᠡᠴᠡ ᠪᠠᠲᠤᠯᠠᠪᠠ )


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠡᠴᠡ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠵᠠᠩ ᠵᠢᠶᠦ᠋ᠨ᠎ᠦ ᠬᠢᠭ᠌ᠰᠡᠨ ᠠᠵᠢᠯ᠎ᠤᠨ ᠮᠡᠳᠡᠬᠦᠯᠦᠯᠳᠠ ᠵᠢ ᠰᠣᠨᠣᠰᠤᠬᠰᠡᠨ ᠪᠠ ᠬᠢᠨᠡᠨ ᠵᠦᠪᠯᠡᠪᠡ᠃ ᠬᠤᠷᠠᠯ᠎ᠡᠴᠡ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠬᠦᠯᠦᠯᠳᠠ ᠳ᠋ᠤ ᠳᠤᠷᠠᠳᠤᠭ᠍ᠰᠠᠨ 2023 ᠣᠨ᠎ᠤ ᠠᠵᠢᠯ᠎ᠤᠨ ᠰᠠᠨᠠᠭᠤᠯᠭ᠎ᠠ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠬᠦᠯᠦᠯᠳᠠ ᠵᠢ ᠵᠥᠪᠱᠢᠶᠡᠷᠡᠬᠦ᠌᠎ᠪᠡᠷ ᠲᠣᠭ᠍ᠲᠠᠪᠠ᠃

ᠬᠤᠷᠠᠯ᠎ᠡᠴᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠰᠢ ᠵᠢᠨ ᠫᠢᠩ᠎ᠦᠨ ᠬᠠᠤᠯᠢᠵᠢᠯ ᠤ᠋ᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠨᠢᠭᠡᠳᠤᠭᠡᠷ᠂ ᠬᠤᠶᠠᠳᠤᠭᠠᠷ ᠪᠦᠬᠦᠳᠠ ᠬᠤᠷᠠᠯ ᠤ᠋ᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠨᠭᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》ᠶ᠋ᠢ ᠪᠡᠶᠡᠯᠡᠭᠦᠯᠵᠤ᠂ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠬᠠᠤᠯᠢᠵᠢᠯ ᠤ᠋ᠨ ᠵᠠᠮ᠎ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠶ᠋ᠯᠡᠳᠦᠯᠭᠡᠵᠢᠭᠦᠯᠵᠤ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠶ᠋ᠴᠡᠳᠭᠡᠵᠤ᠂ ᠡᠷᠡᠭᠦᠦ᠍᠎ᠶ᠋ᠢᠨ ᠬᠡᠷᠡᠭ᠂ ᠢᠷᠭᠡᠨ᠎ᠦ ᠬᠡᠷᠡᠭ᠂ ᠵᠠᠰᠠᠭ ᠵᠠᠬᠢᠷᠭᠠᠨ᠂ ᠨᠡᠢᠲᠡ᠎ᠶ᠋ᠢᠨ ᠠᠰᠢᠭᠳᠤ  ᠵᠠᠷᠭᠤ᠎ᠶ᠋ᠢᠨ ᠪᠠᠢᠴᠠᠭᠠᠬᠤ ᠠᠵᠢᠯ᠎ᠢ ᠪᠦᠬᠦ᠌ ᠲᠠᠯ᠎ᠠ᠎ᠪᠠᠷ ᠵᠣᠬᠢᠴᠠᠩᠭᠤᠢ ᠪᠥᠭᠡᠳ ᠭᠦᠢᠴᠡᠳ ᠬᠥᠭ᠌ᠵᠢᠭᠦᠯᠬᠦ ᠵᠢ ᠬᠠᠤᠯᠢ ᠶᠤᠰᠤᠭᠠᠷ ᠴᠢᠳᠠᠮᠠᠭᠠᠢ ᠠᠬᠢᠭᠤᠯᠵᠤ᠂ ᠬᠠᠤᠯᠢ ᠪᠠᠷᠢᠬᠤ ᠪᠠᠢᠭᠤᠯᠤᠮᠵᠢ ᠵᠢᠨ ᠶᠡᠷᠦᠩᠬᠡᠢᠯᠡᠭ᠌ᠰᠡᠨ ᠢᠵᠢ ᠪᠦᠷᠢᠳᠦᠬᠦᠯᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠤ᠂ ᠵᠠᠷᠭᠤ᠎ᠶ᠋ᠢᠨ ᠡᠬᠢ ᠰᠤᠷᠪᠤᠯᠵᠢ᠎ᠶ᠋ᠢᠨ ᠵᠠᠰᠠᠯᠲᠠ᠎ᠶ᠋ᠢ ᠢᠳᠡᠪᠬᠢᠲᠡᠢ ᠠᠬᠢᠭᠤᠯᠵᠤ᠂ ᠱᠢᠯᠭᠠᠷᠠᠭ᠍ᠰᠠᠨ ᠪᠠᠢᠴᠠᠭᠠᠬᠤ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠵᠤ᠂ ᠪᠠᠢᠴᠠᠭᠠᠬᠤ ᠠᠵᠢᠯ᠎ᠤᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠵᠤ᠂ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠵᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠠᠬᠢᠭᠤᠯᠵᠤ᠂ ᠠᠷᠠᠳ ᠲᠦᠮᠡᠨ᠎ᠦ ᠠᠮᠤᠷ ᠵᠢᠮᠦᠷ ᠠᠵᠤ ᠲᠦᠷᠦᠭᠦ᠎ᠶ᠋ᠢ ᠪᠠᠲᠤᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠬᠠᠤᠯᠢ ᠪᠠᠷᠢᠬᠤ ᠬᠦᠴᠦᠲᠡᠢ ᠪᠠᠲᠤᠯᠠᠭ᠎ᠠ ᠬᠠᠩᠭᠠᠬᠤ ᠭᠡᠷᠡᠭᠳᠠᠢ ᠭᠡᠵᠤ ᠱᠠᠭᠠᠷᠳᠠᠪᠠ᠃

(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 13 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号