ᠤᠯᠤᠰ᠎ᠢᠶᠠᠨ ᠬᠦᠴᠦᠷᠬᠡᠭ᠌ᠵᠢᠭᠦᠯᠬᠦ ᠪᠦᠳᠦᠬᠡᠨ ᠪᠠᠢᠭᠤᠯᠤᠯᠳᠠ ᠦᠨᠳᠦᠰᠦᠲᠡᠨ ᠤ᠋ ᠰᠡᠷᠬᠦᠨ ᠮᠠᠨᠳᠤᠯᠳᠠ ᠵᠢᠨ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠨ᠎ᠠ
2023-03-14 11:22:15
ᠵᠣᠬᠢᠶᠠᠭ᠍ᠴᠢ᠄
ᠯᠢᠦ ᡁᠢ ᠱᠢᠶᠠᠨ ᠠᠨ ᠶᠢᠨ ᠳ᠋ᠦᠩ ᠱᠤᠸᠠᠢ ᠵᠧᠩ ᠰᠦᠩ ᠠ ᠨᠠᠨ ᠮᠧᠢ ᠭᠠᠩ ᠭᠤᠤ ᠮᠢᠨ ᠨᠠ ᠰᠦᠩ ᠱᠤᠸᠠᠩ ᠬᠠᠨ ᠱᠢᠤᠸᠠᠢ ᠷᠦ᠋
ᠣᠩᠱᠢᠭ᠍ᠰᠠᠨ ᠣᠳᠠᠭ᠎ᠠ᠄
★★★☆☆

— ᠲᠡᠷᠢᠭᠦᠯᠡᠭ᠌ᠴᠢ ᠰᠢ ᠵᠢᠨ ᠫᠢᠩ᠎ᠦᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶ᠎ᠠ ᠥᠪᠥᠷ ᠮᠤᠩᠭᠤᠯ  ᠎ᠳᠤ ᠬᠠᠯᠠᠭᠤᠨ ᠲᠤᠰᠭᠠᠯ ᠭᠠᠷᠪᠠ

 ᠬᠠᠪᠤᠷ᠎ᠤᠨ ᠤᠷᠢ ᠰᠠᠭᠠᠲᠠᠵᠤ᠂  ᠬᠠᠬᠳᠠ ᠡᠪᠡᠰᠦ ᠨᠤᠭᠤᠭᠠᠷᠠᠵᠦ ᠨᠠᠬᠢᠶᠠᠯᠠᠨ᠎ᠠ᠃ 3  ᠰᠠᠷ᠎ᠠ᠎ᠶ᠋ᠢᠨ 13 ᠎ᠤ᠋ ᠡᠳᠦᠷ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ  ᠲᠡᠷᠢᠭᠦᠯᠡᠭ᠌ᠴᠢ᠂ ᠲᠥᠪ᠎ᠦᠨ   ᠴᠡᠷᠢᠭ  ᠎ᠦᠨ   ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ᠎ᠦᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠳᠡᠭᠡᠷ᠎ᠡ ᠲᠠᠯᠪᠢᠭ᠍ᠰᠠᠨ ᠴᠢᠬᠤᠯᠠ ᠶᠠᠷᠢᠶ᠎ᠠ᠎ᠨᠢ ᠮᠠᠨ᠎ᠤ ᠣᠷᠣᠨ᠎ᠤ ᠺᠠᠳ᠋ᠷ ᠣᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ᠃ ᠣᠯᠠᠨ᠎ᠢᠶᠠᠷ᠎ᠢᠶᠠᠨ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠵᠤ᠂ ᠳᠠᠬᠢᠨᠲᠠ ᠱᠢᠨ᠎ᠡ ᠬᠡᠷᠡᠯ ᠰᠠᠴᠤᠷᠠᠩᠭᠤᠶ ᠠᠮᠵᠢᠯᠲᠠ᠎ᠶ᠋ᠢ ᠡᠬᠦᠳᠦᠨ᠎ᠡ ᠭᠡᠵᠦ᠍ ᠢᠯᠡᠳᠭᠡᠵᠡᠭᠡᠪᠡ᠃

ᠴᠢᠨᠠᠷ ᠰᠠᠢᠲᠠᠶ ᠬᠥᠭ᠌ᠵᠢᠯᠲᠡ᠎ᠶ᠋ᠢ ᠭᠤᠢᠪᠢᠰᠢ ᠥᠬᠡᠶ ᠠᠬᠢᠭᠤᠯᠤᠨ᠎ᠠ

ᠲᠤᠬᠠᠢ᠎ᠶ᠋ᠢᠨ ᠲᠠᠯᠠᠪᠠᠢ᠎ᠳᠤ ᠲᠡᠷᠢᠭᠦᠯᠡᠭ᠌ᠴᠢ ᠰᠢ ᠵᠢᠨ ᠫᠢᠩ᠎ᠦᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶ᠋ᠢ ᠰᠣᠨᠣᠰᠤᠭᠠᠳ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠪᠤᠭᠤᠲᠤ᠎ᠶ᠋ᠢᠨ ᠬᠣᠪᠣᠷ ᠱᠢᠷᠣᠢ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠬᠠᠩᠵᠧᠦ᠍᠎ᠶ᠋ᠢᠨ ᠬᠤᠪᠢᠶᠠᠷᠢ ᠬᠦᠷᠢᠶᠡᠯᠡᠩ᠎ᠦᠨ ᠳᠡᠳ᠋ ᠳᠠᠷᠤᠭ᠎ᠠ ᠶᠠᠨ ᠬᠣᠩ ᠸᠧᠢ ᠲᠤᠢᠯ᠎ᠢᠶᠠᠷ ᠤᠷᠮᠠᠱᠢᠨ ᠵᠣᠷᠢᠭ᠍ᠵᠢᠵᠠᠢ᠃ ᠲᠡᠷᠡ᠄ 《ᠤᠯᠤᠰ᠎ᠢᠶᠠᠨ ᠬᠦᠴᠦᠷᠬᠡᠭ᠌ᠵᠢᠭᠦᠯᠬᠦ᠌ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠱᠢᠨ᠎ᠡ ᠠᠶᠠᠨ ᠎ᠳᠤ᠂ ᠪᠢᠳᠡ ᠴᠢᠨᠠᠷ ᠰᠠᠢᠲᠠᠶ ᠬᠥᠭ᠌ᠵᠢᠯᠲᠡ᠎ᠶ᠋ᠢ ᠭᠤᠢᠪᠢᠰᠢ ᠥᠬᠡᠶ ᠠᠬᠢᠭᠤᠯᠵᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ ᠪᠡᠶᠡᠯᠡᠭᠦᠯᠬᠦ᠌ ᠬᠡᠷᠡᠭ᠌ᠲᠡᠶ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠬᠠᠷᠢᠭᠤᠴᠠᠯᠭ᠎ᠠ ᠬᠦᠨᠳᠦ ᠭᠡᠳᠡᠭ ᠵᠢᠡᠨ ᠭᠦᠨ ᠮᠡᠳᠡᠷᠡᠵᠦ᠍ ᠪᠠᠢᠨ᠎ᠠ᠃ ᠮᠠᠨ᠎ᠤ ᠤᠯᠤᠰ᠎ᠤᠨ ᠬᠣᠪᠣᠷ ᠱᠢᠷᠣᠢ᠎ᠶ᠋ᠢᠨ ᠠᠵᠤ ᠦᠢᠯᠡᠰ᠎ᠦᠨ ᠬᠥᠭ᠌ᠵᠢᠯᠲᠡ ᠬᠡᠳᠦᠢᠪᠡᠷ ᠵᠣᠬᠢᠬᠤ ᠠᠮᠵᠢᠯᠲᠠ ᠣᠯᠤᠭ᠍ᠰᠠᠨ ᠪᠣᠯᠪᠠᠴᠤ᠌ ᠱᠢᠨ᠎ᠡ ᠮᠠᠲ᠋ᠧᠷᠢᠶᠠᠯ᠎ᠢ ᠰᠤᠳᠤᠯᠤᠨ ᠨᠡᠭᠡᠭᠡᠬᠦ᠌᠂ ᠱᠢᠨ᠎ᠡ ᠬᠡᠷᠡᠭ᠌ᠯᠡᠭᠡ᠎ᠶ᠋ᠢ ᠥᠷᠭᠡᠳᠭᠡᠬᠦ᠌ ᠬᠦᠷᠢᠶᠡᠨ᠎ᠳᠦ ᠮᠥᠨ ᠯᠤᠲᠤ ᠶᠡᠬᠡ ᠬᠥᠭ᠌ᠵᠢᠯᠲᠡ᠎ᠶ᠋ᠢᠨ ᠣᠷᠣᠨ ᠵᠠᠢ ᠪᠠᠢᠨ᠎ᠠ᠃ ᠪᠢᠳᠡ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ᠎ᠶ᠋ᠢ ᠡᠭᠦᠳᠦᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠲᠤᠷᠱᠢᠯᠲᠠ᠎ᠶ᠋ᠢᠨ ᠲᠠᠰᠤᠭ ᠲᠤ᠌ ᠰᠤᠳᠤᠯᠤᠨ ᠨᠡᠭᠡᠭᠡᠬᠦ ᠡᠴᠡ ᠠᠵᠤ ᠦᠢᠯᠡᠰᠵᠢᠭᠦᠯᠦᠨ ᠦᠶ᠋ᠯᠡᠳᠪᠦᠷᠢᠯᠡᠬᠦ᠌ ᠲᠠᠢᠰᠢ  ᠬᠤᠪᠢᠷᠠᠭᠤᠯᠬᠤ᠎ᠶ᠋ᠢ ᠬᠦᠴᠦᠯᠡᠨ ᠠᠬᠢᠭᠤᠯᠵᠤ᠂ ᠬᠣᠪᠣᠷ ᠱᠢᠷᠣᠶ᠎ᠶ᠋ᠢᠨ ᠪᠦᠲᠦᠭᠡᠭ᠌ᠳᠡᠬᠦᠨ᠎ᠢ ᠨᠠᠩ ᠣᠯᠠᠨ ᠬᠦᠷᠢᠶᠡᠨ᠎ᠳᠦ ᠬᠡᠷᠡᠭ᠌ᠯᠡᠬᠦ᠌ ᠪᠣᠯᠭᠠᠵᠤ᠂ ᠡᠭᠦᠨ᠎ᠦ ᠤᠯᠠᠮ᠎ᠢᠶᠠᠷ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠶ》  ᠬᠡᠪᠡ᠃

《ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠨᠢ ᠪᠢᠳᠡᠨ᠎ᠦ ᠱᠢᠨ᠎ᠡ ᠠᠶᠠᠨ᠎ᠳᠠᠭᠠᠨ ᠡᠷᠡᠮᠡᠬᠡᠢᠯᠡᠨ ᠤᠷᠤᠭ᠍ᠰᠢᠯᠠᠬᠤ ᠢᠲᠡᠭᠡᠯ ᠵᠣᠷᠢᠭ᠎ᠢ ᠤᠯᠠᠮ ᠪᠠᠲᠤᠳᠭᠠᠵᠤ᠂ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》᠃ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠢᠩᠬᠢᠮ᠎ᠦᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠤᠨ ᠭᠠᠵᠠᠷ᠎ᠤᠨ ᠳᠠᠷᠤᠭ᠎ᠠ ᠵᠦ᠍ ᠯᠢ ᠺᠦᠨ᠄《ᠪᠢᠳᠡ ᠬᠦᠨᠳᠦ ᠶᠡᠬᠡ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠪᠤᠳᠤᠯ᠂ ᠲᠤᠯᠭᠠᠮ ᠰᠡᠳᠭᠢᠯᠭᠡ᠎ᠪᠡᠨ ᠤᠯᠠᠮ ᠴᠢᠩᠭᠠᠳᠭᠠᠵᠤ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠴᠢᠩᠭ᠎ᠠ ᠳᠠᠭᠠᠵᠤ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠲᠡᠶ ᠨᠢᠭ᠍ᠲᠠ ᠤᠶᠠᠯᠳᠤᠭᠤᠯᠵᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭ᠌ᠴᠡᠭᠡ ᠱᠠᠭᠠᠷᠳᠠᠯᠭ᠎ᠠ᠎ᠲᠠᠶ ᠨᠢᠭ᠍ᠲᠠ ᠤᠶᠠᠯᠳᠤᠭᠤᠯᠵᠤ᠂ ᠬᠤᠯᠪᠤᠭᠳᠠᠯ ᠪᠥᠬᠥᠶ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠶ᠃ ᠠᠶᠤᠯᠭᠦᠢ ᠦᠢᠯᠡᠳᠪᠦᠷᠢᠯᠡᠯ᠎ᠦᠨ ᠰᠠᠨᠠᠭᠠᠴᠢᠯᠠᠭᠠᠲᠤ ᠳᠠᠢᠯᠠᠯᠳᠤᠭᠠᠨ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠢᠲᠤᠷ ᠬᠢᠵᠦ᠍᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠡᠯ᠎ᠡ ᠵᠦᠢᠯ᠎ᠦᠨ ᠭᠣᠣᠯᠳᠠᠯᠭ᠎ᠠ᠎ᠲᠠᠶ ᠠᠵᠢᠯ ᠡᠭᠦᠷᠭᠡ᠎ᠶ᠋ᠢ ᠪᠣᠳᠠᠲᠠᠢ ᠠᠳᠭᠤᠨ ᠨᠠᠷᠢᠯᠢᠭ ᠠᠳᠭᠤᠵᠤ ᠪᠣᠳᠠᠲᠠᠢ᠎ᠳᠤ ᠨᠠᠢᠳᠠᠪᠤᠷᠢᠵᠢᠭᠤᠯᠵᠤ᠂ ᠠᠮᠤᠷ ᠲᠦᠪᠱᠢᠨ᠎ᠦ ᠪᠣᠭᠣᠮᠲᠠ  ᠪᠦᠷᠢ᠎ᠶ᠋ᠢ ᠴᠢᠩᠭ᠎ᠠ ᠠᠳᠭᠤᠨ ᠨᠠᠷᠢᠯᠢᠭ ᠡᠵᠡᠮᠳᠡᠬᠦ᠌ ᠬᠡᠷᠡᠭ᠌ᠲᠡᠢ》  ᠭᠡᠵᠦ ᠬᠡᠯᠡᠪᠡ᠃

ᠪᠤᠭᠤᠲᠤ ᠬᠤᠳᠠ᠎ᠶ᠋ᠢᠨ ᠬᠥᠨᠳᠡᠯᠡᠨ ᠲᠣᠭᠣᠷᠢᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠣᠪᠴᠢᠶᠠᠨ᠎ᠤ ᠳᠠᠷᠤᠭ᠎ᠠ ᠵᠠᠩ ᠵᠢᠶ᠍ᠸ᠄ 《ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ᠂ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠳᠠᠬᠢᠨᠲᠠ ᠴᠢᠬᠤᠯᠠᠴᠢᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠬᠤᠯᠠ ᠴᠢᠨᠠᠷ᠎ᠢ ᠲᠤᠪᠤᠢ᠌ᠯᠭᠠᠪᠠ᠃ ᠲᠠᠷᠠᠭᠠᠴᠢ᠎ᠶ᠋ᠢᠨ ᠠᠯᠬᠤᠮ᠎ᠳᠤ᠂ ᠪᠢᠳᠡ ᠬᠥᠨᠳᠡᠯᠡᠨ ᠲᠣᠭᠣᠷᠢᠭ᠎ᠤᠨ 〈ᠨᠢᠭᠡ ᠴᠥᠮ᠎ᠡ ᠬᠣᠶᠠᠷ ᠬᠦᠷᠢᠶᠡᠯᠡᠩ᠂ ᠬᠣᠶᠠᠷ ᠬᠡᠯᠬᠢᠶ᠎ᠡ ᠳᠥᠷᠪᠡᠨ ᠪᠦᠯᠦᠭ᠌ᠵᠢᠯ〉 ᠤ᠋ᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠤᠨ ᠲᠣᠭᠣᠷᠢᠨ᠎ᠳᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠶ᠋ᠯᠡᠴᠢᠯᠡᠭᠡᠨ᠎ᠦ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠭᠤ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢᠨ ᠪᠠᠢᠭᠤᠯᠤᠯᠲᠠ᠎ᠶ᠋ᠢ ᠵᠣᠷᠢᠭ᠍ᠵᠢᠭᠤᠯᠤᠨ ᠳᠡᠮᠵᠢᠵᠦ᠍᠂ ᠣᠷᠣᠨ ᠨᠤᠲᠤᠭ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠦᠨ᠎ᠡ》 ᠭᠡᠵᠦ ᠢᠯᠡᠳᠭᠡᠪᠡ᠃

ᠠᠷᠠᠳ ᠲᠦᠮᠡᠨ᠎ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠨ᠎ᠠ

ᠪᠢᠳᠡ ᠠᠷᠠᠳ ᠲᠦᠮᠡᠨ᠎ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠬᠤ ᠬᠡᠷᠡᠭ᠌ᠲᠡᠢ ᠭᠡᠵᠤ ᠲᠡᠷᠢᠭᠦᠯᠡᠭ᠌ᠴᠢ ᠰᠢ ᠵᠢᠨ ᠫᠢᠩ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠶ ᠶᠢᠩ ᠵᠢᠶᠦ᠋ᠨ ᠡᠭᠦᠨ᠎ᠳᠦ ᠭᠦᠨ ᠰᠠᠭᠤᠭ᠍ᠳᠠᠯ᠎ᠲᠠᠶ ᠪᠠᠢᠯ᠎ᠠ᠃ ᠲᠡᠷᠡ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠠᠵᠢᠯ ᠲᠡᠭᠡᠭᠰᠢ ᠨᠠᠮ᠎ᠤᠨ ᠰᠡᠳᠭᠢᠯ ᠲᠠᠢ ᠬᠤᠯᠪᠤᠬᠳᠠᠵᠤ᠂ ᠲᠤᠷᠤᠬᠰᠢ ᠠᠷᠠᠳ᠎ᠤᠨ ᠰᠠᠨᠠᠭ᠎ᠠ ᠲᠠᠢ ᠬᠤᠯᠪᠤᠬᠳᠠᠵᠤ ᠪᠠᠢᠨ᠎ᠠ᠂ ᠪᠥᠬᠥ᠌ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ《ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠠᠵᠢᠯ᠎ᠤᠨ ᠱᠢᠨ᠎ᠡ᠎ᠶ᠋ᠢ ᠡᠭᠦᠳᠬᠦ᠌ ᠬᠥᠲᠥᠯᠥᠨ ᠳᠠᠭᠠᠭᠤᠯᠬᠤ ᠣᠨ》 ᠢ᠋ ᠠᠬᠢᠭᠤᠯᠬᠤ᠎ᠪᠠᠷ ᠬᠥᠲᠥᠯᠦᠮᠵᠢ ᠪᠣᠯᠭᠠᠵᠤ᠂ ᠨᠠᠮ᠎ᠤᠨ ᠪᠠᠢᠭᠤᠯᠤᠯᠲᠠ᠎ᠪᠠᠷ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠬᠥᠲᠥᠯᠥᠨ ᠳᠠᠭᠠᠭᠤᠯᠬᠤ᠂ ᠠᠵᠢᠯ ᠣᠯᠭᠣᠬᠤ ᠦᠶ᠋ᠯᠡᠰ ᠪᠤᠰᠬᠠᠬᠤ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠨᠡᠢᠭᠡᠮ᠎ᠦᠨ ᠪᠠᠲᠤᠯᠠᠭ᠎ᠠ᠎ᠶ᠋ᠢᠨ ᠥᠭᠡᠷᠡᠴᠢᠯᠡᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠠᠬᠦᠯᠬᠦ᠂ ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠎ᠤ ᠤᠷᠢᠨ ᠤᠷᠤᠭᠤᠯᠵᠤ ᠬᠦᠮᠦᠵᠢᠭᠦᠯᠬᠦ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠂ ᠬᠥᠳᠡᠯᠮᠦᠷᠢ᠎ᠶ᠋ᠢᠨ ᠬᠠᠷᠢᠴᠠᠭ᠎ᠠ᠎ᠵᠢᠨ ᠵᠠᠰᠠᠯᠳᠠ ᠵᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠱᠢᠯᠢᠳᠡᠭ᠎ᠢ ᠡᠭᠦᠳᠴᠦ᠍ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠪᠤᠭᠤᠮᠳᠠ ᠵᠢᠨ ᠶᠠᠰᠤ ᠴᠢᠨᠠᠷ ᠢ᠋ ᠲᠡᠭᠡᠭᠰᠢᠯᠡᠬᠦᠯᠬᠦ 7 ᠵᠦᠶ᠋ᠯ᠎ᠦᠨ ᠢᠨᠵᠧᠨᠧᠷᠢᠩ ᠢ᠋ ᠬᠦᠨᠵᠡᠭᠡᠢ ᠭᠡᠷᠡᠭᠵᠢᠬᠦᠯᠵᠤ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠤᠨ ᠥᠷᠭᠡᠳᠭᠡᠵᠤ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠤᠯᠠᠮ ᠲᠡᠭᠦᠯᠳᠡᠷᠵᠢᠭᠦᠯᠵᠤ᠂ ᠴᠢᠳᠠᠪᠤᠷᠢᠲᠠᠨ᠎ᠤ ᠱᠢᠨ᠎ᠡ᠎ᠶ᠋ᠢ ᠡᠭᠦᠳᠦᠨ ᠦᠶ᠋ᠯᠡᠰ ᠪᠤᠰᠬᠠᠬᠤ ᠠᠮᠢᠵᠢᠷᠠᠯ᠎ᠤᠨ ᠬᠦᠴᠦᠨ᠎ᠢ ᠬᠥᠭ᠌ᠵᠢᠭᠡᠵᠤ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠤ᠂ ᠠᠷᠠᠳ᠎ᠲᠤ ᠢᠯᠡᠭᠦᠬᠡᠨ ᠠᠱᠢᠭ ᠬᠦᠷᠲᠡᠭᠡᠬᠦ᠂ ᠠᠷᠠᠳ᠎ᠤᠨ ᠵᠣᠪᠠᠨᠢᠯ᠎ᠢ ᠠᠷᠢᠯᠭᠠᠬᠤ᠂ ᠠᠷᠠᠳ᠎ᠤᠨ ᠰᠡᠳᠭᠢᠯ᠎ᠢ ᠳᠤᠯᠠᠭᠠᠴᠠᠭᠤᠯᠬᠤ ᠲᠥᠷᠥ᠎ᠶ᠋ᠢᠨ ᠪᠣᠳᠣᠯᠭ᠎ᠠ ᠵᠢ ᠢᠯᠡᠬᠦᠭᠡᠨ ᠲᠤᠬᠳᠠᠭᠠᠵᠤ᠂ ᠦᠨᠡᠨ ᠪᠣᠳᠠᠲᠠᠶ ᠠᠷᠭ᠎ᠠ ᠬᠡᠮᠵᠢᠶ᠎ᠡ ᠪᠠ ᠠᠵᠢᠯᠯᠠᠭ᠎ᠠ ᠪᠡᠷ ᠠᠷᠠᠳ ᠣᠯᠠᠨ᠎ᠤ 《ᠲᠣᠭ᠍ᠲᠠᠭᠤᠨ ᠵᠣᠯ ᠵᠢᠷᠭᠠᠯ》 ᠢ᠋ ᠴᠣᠭ᠍ᠴᠠᠯᠠᠨ᠎ᠠ ᠭᠡᠵᠤ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠰᠤᠷᠭᠠᠭᠤᠯᠢ᠎ᠶ᠋ᠢᠨ ᠭᠠᠳᠠᠨᠠᠬᠢ ᠰᠤᠷᠭᠠᠨ ᠬᠥᠮᠦᠵᠢᠯ᠎ᠦᠨ ᠪᠣᠯᠪᠠᠰᠤᠷᠠᠯ ᠤ᠋ᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ ᠯᠢ ᠴᠢᠶᠠᠩ ᠄ 《〈ᠬᠤᠶᠠᠷ ᠢ᠋ ᠬᠦᠨᠭᠭᠡᠷᠡᠬᠦᠯᠬᠦ〉ᠠᠵᠢᠯ ᠪᠣᠯ ᠨᠠᠮ᠎ᠤᠨ ᠲᠥᠪ ᠬᠣᠷᠢᠶ᠎ᠠ᠎ᠡᠴᠡ ᠪᠠᠢᠷᠢᠯᠠᠭᠤᠯᠤᠭ᠍ᠰᠠᠨ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠮᠥᠨ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ ᠮᠥᠨ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠳᠦ ᠬᠣᠯᠪᠣᠭ᠍ᠳᠠᠵᠤ᠂ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠣᠯᠪᠣᠭ᠍ᠳᠠᠵᠤ ᠪᠠᠢᠳᠠᠭ᠃ ᠪᠢᠳᠡ ᠡᠷᠬᠡᠪᠰᠢ 〈ᠬᠤᠶᠠᠷ ᠢ᠋ ᠬᠦᠨᠭᠭᠡᠷᠡᠬᠦᠯᠬᠦ〉ᠠᠵᠢᠯ᠎ᠤᠨ ᠲᠤᠢᠯ᠎ᠤᠨ ᠴᠢᠬᠤᠯᠠ ᠴᠢᠨᠠᠷ᠎ᠢ ᠭᠦᠶ᠋ᠴᠡᠳ ᠲᠠᠨᠢᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠲᠡᠷᠡ ᠶᠣᠰᠣᠭᠠᠷ ᠨᠢ ᠰᠠᠢᠲᠤᠷ ᠠᠳᠭᠤᠵᠤ᠂ ᠬᠠᠷᠠᠯᠲᠠ ᠡᠭᠦᠷᠭᠡ᠎ᠪᠡᠨ ᠲᠣᠭ᠍ᠲᠠᠭᠠᠵᠤ᠂ ᠰᠤᠷᠭᠠᠭᠤᠯᠢ᠎ᠶ᠋ᠢᠨ ᠬᠥᠮᠦᠨ ᠬᠥᠮᠦᠵᠢᠭᠦᠯᠬᠦ᠌ ᠭᠤᠤᠯ ᠵᠢᠭ᠍ᠰᠠᠭᠠᠯ᠎ᠤᠨ ᠭᠠᠵᠠᠷ᠎ᠤᠨ ᠦᠶ᠋ᠯᠡᠳᠦᠯ᠎ᠢ ᠦᠷᠭᠦᠯᠵᠢᠯᠡᠨ ᠴᠢᠩᠭᠠᠳᠭᠠᠵᠤ᠂ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠵᠠᠰᠠᠯᠲᠠ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠵᠦ᠍᠂ ᠰᠤᠷᠤᠭ᠍ᠴᠢᠳ᠎ᠤᠨ ᠬᠡᠲᠦ ᠬᠦᠨᠳᠦ ᠳᠠᠰᠭᠠᠯ ᠳᠠᠭᠠᠭᠠᠯᠭᠠᠪᠤᠷᠢ ᠪᠠ ᠰᠤᠷᠭᠠᠭᠤᠯᠢ᠎ᠶ᠋ᠢᠨ ᠭᠠᠳᠠᠨᠠᠬᠢ ᠪᠣᠯᠪᠠᠰᠤᠷᠠᠯ᠎ᠤᠨ ᠳᠠᠷᠤᠭᠠᠰᠤ᠂ ᠬᠡᠷ ᠪᠦᠯᠢ᠎ᠶ᠋ᠢᠨ ᠰᠤᠷᠭᠠᠨ ᠬᠥᠮᠦᠵᠢᠯ᠎ᠦᠨ ᠵᠠᠷᠤᠯᠭ᠎ᠠ ᠪᠠ ᠬᠡᠷ᠎ᠦᠨ ᠠᠬᠠᠮᠠᠳ᠎ᠤᠨ  ᠣᠶᠤᠨ ᠰᠠᠨᠠᠭᠠᠨ᠎ᠤ ᠳᠠᠷᠤᠭᠠᠰᠤ᠎ᠶ᠋ᠢ ᠤᠯᠠᠮ ᠬᠥᠩᠭᠡᠷᠡᠭᠦᠯᠵᠦ᠍᠂ ᠠᠷᠠᠳ ᠣᠯᠠᠨ᠎ᠤ ᠰᠤᠷᠭᠠᠨ ᠬᠥᠮᠦᠵᠢᠯ᠎ᠦᠨ ᠬᠦᠷᠲᠡᠮᠵᠢ᠎ᠶ᠋ᠢᠨ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠬᠦ᠌ ᠬᠡᠷᠡᠭ᠌ᠲᠡᠶ》  ᠭᠡᠵᠤ ᠬᠡᠯᠡᠪᠡ᠃

ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠪᠢ ᠬᠦᠢ ᠶᠤᠸᠠᠨ ᠨᠡᠢᠭᠡᠮ ᠲᠣᠭᠣᠷᠢᠭ᠎ᠲᠤ ᠂   ᠨᠠᠮ᠎ᠤᠨ   ᠭᠡᠱᠢᠭᠦᠨ   ᠺᠠᠳ᠋ᠷ   ᠤᠯᠠᠨ ᠲᠦᠮᠡᠨ   ᠬᠠᠮᠲᠤ᠎ᠪᠠᠷ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠣᠨᠣᠰᠪᠠ᠃ ᠪᠢ ᠬᠦᠢ ᠶᠤᠸᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ ᠵᠢᠨ ᠱᠦᠵᠢ ᠪᠦᠦ ᠶᠤᠸᠠᠨ ᠶᠤᠸᠠᠨ᠂ ᠲᠡᠷᠢᠭᠦᠯᠡᠭ᠌ᠴᠢ ᠰᠢ ᠵᠢᠨ ᠫᠢᠩ ᠢᠮᠠᠭ᠍ᠲᠠ ᠠᠷᠠᠳ ᠲᠦᠮᠡᠨ᠎ᠦ ᠵᠣᠯ ᠵᠢᠷᠭᠠᠯ᠎ᠢ ᠰᠡᠳᠭᠢᠯ᠎ᠳᠡᠭᠡᠨ ᠪᠤᠳᠤᠵᠤ᠂ ᠠᠷᠠᠳ᠎ᠤᠨ ᠠᠮᠢᠳᠤᠷᠠᠯ᠎ᠤᠨ ᠠᠰᠠᠭᠤᠳᠠᠯ ᠢᠮᠠᠭ᠍ᠲᠠ ᠲᠡᠭᠦᠨ᠎ᠦ ᠠᠩᠬᠠᠷᠤᠯ᠎ᠤᠨ ᠭᠣᠣᠯᠳᠠᠯᠭ᠎ᠠ ᠪᠣᠯᠤᠭ᠍ᠰᠠᠭᠠᠷ ᠢᠷᠡᠵᠠᠢ᠃ ᠡᠨᠡ ᠵᠢᠯ᠂ ᠪᠢ ᠬᠦᠢ ᠶᠤᠸᠠᠨ ᠨᠡᠢᠭᠡᠮ ᠲᠣᠭᠣᠷᠢᠭ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ᠎ᠶ᠋ᠢ ᠲᠡᠭᠦᠯᠳᠡᠷᠵᠢᠭᠦᠯᠦᠭ᠌ᠰᠡᠨ ᠰᠠᠭᠤᠷᠢᠨ ᠳᠡᠭᠡᠷ᠎ᠡ᠂ 《ᠲᠠᠪᠤᠨ ᠵᠦᠢᠯ᠎ᠦᠨ ᠦᠢᠯᠡᠴᠢᠯᠡᠭᠡ᠎ᠲᠡᠶ᠂ ᠲᠠᠪᠤᠨ ᠵᠦᠢᠯ᠎ᠦᠨ ᠨᠠᠰᠤᠵᠢᠯ᠎ᠤᠨ ᠠᠰᠠᠷᠠᠮᠵᠢ᠎ᠲᠠᠶ》 ᠪᠠᠢᠬᠤ ᠠᠵᠢᠯ᠎ᠤᠨ ᠵᠠᠭ᠍ᠪᠤᠷ᠎ᠢ ᠦᠢᠯᠡᠳᠦᠯᠭᠡᠵᠢᠭᠦᠯᠵᠦ᠍᠂ ᠨᠠᠰᠤᠲᠠᠢᠴᠤᠳ᠎ᠤᠨ ᠭᠡᠷ᠎ᠦᠨ ᠡᠭᠦᠳᠡᠨ᠎ᠳᠦ ᠨᠠᠰᠤᠵᠢᠯ᠎ᠤᠨ ᠠᠰᠠᠷᠠᠮᠵᠢ᠎ᠶ᠋ᠢᠨ 《ᠵᠣᠯ ᠵᠢᠷᠭᠠᠯ᠎ᠤᠨ ᠲᠣᠭᠣᠷᠢᠭ》 ᠢ᠋ ᠪᠠᠢᠭᠤᠯᠵᠤ᠂ ᠬᠠᠷᠢᠶ᠎ᠠ ᠲᠣᠭᠣᠷᠢᠭ᠎ᠤᠨ ᠨᠠᠰᠤᠲᠠᠢᠴᠤᠳ᠎ᠲᠤ ᠨᠡᠩ ᠳᠥᠭᠥᠮ ᠳᠥᠲᠡ᠂ ᠨᠡᠩ ᠪᠠᠶᠠᠷ ᠪᠠᠶᠠᠰᠤᠯ᠎ᠲᠠᠶ ᠦᠳᠡᠯᠦᠭᠡ ᠨᠠᠰᠤᠨ᠎ᠤ ᠠᠮᠢᠳᠤᠷᠠᠯ᠎ᠢ ᠡᠳ᠋ᠯᠡᠭᠦᠯᠦᠨ᠎ᠡ ᠭᠡᠵᠤ ᠬᠡᠯᠡᠪᠡ᠃

ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠪᠤᠤᠬᠢᠶ᠎ᠠ ᠶ᠋ᠢ ᠵᠠᠯᠭᠠᠨ ᠠᠪᠤᠪᠠ

ᠲᠡᠷᠢᠭᠦᠯᠡᠭ᠌ᠴᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠪᠤᠤᠬᠢᠶ᠎ᠠ᠂ ᠲᠡᠦᠬᠡᠳᠦ ᠴᠢᠨᠠᠷᠲᠠᠢ ᠪᠡᠷ ᠮᠠᠨ᠎ᠤ ᠡᠨᠡ ᠨᠢᠭᠡ ᠦᠶ᠎ᠡ᠎ᠶ᠋ᠢᠨ ᠬᠥᠮᠦᠰ᠎ᠦᠨ ᠮᠦᠷᠦᠨ ᠳᠡᠭᠡᠷ᠎ᠡ ᠲᠠᠯᠪᠢᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠵᠣᠬᠢᠶᠠᠨ ᠪᠠᠢᠭᠤᠯᠬᠤ ᠬᠡᠯᠲᠡᠰ᠎ᠦᠨ ᠺᠠᠳ᠋ᠷ᠎ᠤᠨ ᠨᠢᠭᠡᠳᠦᠭᠡᠷ ᠭᠠᠵᠠᠷ᠎ᠤᠨ ᠺᠠᠳ᠋ᠷ ᠬᠠᠨ ᠱᠢᠶᠤᠤ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠤᠭ᠎ᠠ ᠬᠠᠷᠠᠯᠲᠠ ᠨᠢ ᠮᠠᠨ᠎ᠤ ᠡᠨᠡ ᠦᠶ᠎ᠡ᠎ᠶ᠋ᠢᠨ ᠬᠥᠮᠦᠰ᠎ᠦᠨ ᠴᠥᠬᠥᠷᠡᠰᠢ ᠦᠭᠡᠢ ᠴᠢᠷᠮᠠᠢᠯᠭ᠎ᠠ᠎ᠶ᠋ᠢ ᠱᠠᠭᠠᠷᠳᠠᠨ᠎ᠠ᠃ ᠪᠢᠳᠡ 《ᠬᠣᠶᠠᠷ᠎ᠢ ᠲᠣᠭ᠍ᠲᠠᠭᠠᠭᠰᠠᠨ 》 ᠤ᠋ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠎ᠵᠢᠡᠨ ᠴᠢᠩᠭᠠᠳᠭᠠᠵᠤ᠂ 《ᠳᠥᠷᠪᠡᠨ ᠢᠲᠡᠭᠡᠯ》᠎ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠠᠵᠢᠯ᠎ᠤᠨ ᠪᠠᠢᠷᠢ᠎ᠶ᠋ᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠪᠣᠯᠤᠨ ᠡᠯ᠎ᠡ ᠲᠠᠯ᠎ᠠ᠎ᠶ᠋ᠢᠨ ᠴᠢᠳᠠᠪᠤᠷᠢᠲᠠᠨ᠎ᠢ ᠪᠦᠲᠦᠮᠵᠢᠲᠡᠶ ᠵᠣᠬᠢᠶᠠᠨ ᠪᠠᠢᠭᠤᠯᠵᠤ᠂ ᠥᠷᠭᠡᠨ ᠣᠯᠠᠨ ᠦᠨᠳᠦᠰᠦᠨ ᠱᠠᠲᠤᠨ᠎ᠤ ᠠᠷᠠᠳ ᠲᠦᠮᠡᠨ᠎ᠢ ᠥᠷᠭᠡᠨ᠎ᠢᠶᠡᠷ ᠨᠢᠭ᠍ᠲᠠᠷᠠᠭᠤᠯᠵᠤ᠂ ᠡᠯ᠎ᠡ ᠱᠠᠲᠤᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠬᠠᠷᠠᠯᠲᠠ  ᠲᠡᠢᠰᠢ ᠡᠷᠡᠮᠡᠬᠡᠢᠯᠡᠨ ᠤᠷᠤᠭ᠍ᠰᠢᠯᠠᠬᠤ ᠬᠡᠷᠡᠭ᠌ᠲᠡᠶ ᠭᠡᠵᠦ ᠢᠯᠡᠳᠭᠡᠪᠡ᠃

ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ᠂ ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ ᠬᠠᠩᠭᠠᠨ ᠪᠣᠷᠣᠯᠠᠭᠤᠯᠬᠤ ᠬᠤᠷᠱᠢᠶ᠎ᠠ᠎ᠶ᠋ᠢᠨ ᠭᠡᠱᠢᠭᠦᠨ᠂ ᠲᠦᠴᠢᠦᠸᠠᠨ ᠱᠢᠶᠠᠨ᠎ᠤ ᠵᠢᠦ ᠯᠦᠩ ᠱᠢᠶᠠᠩ᠎ᠤᠨ ᠵᠢᠦ ᠳ᠋ᠢᠩ ᠲᠣᠰᠭᠣᠨ᠎ᠤ ᠲᠣᠰᠭᠣᠨ᠎ᠳᠤ ᠰᠠᠭᠤᠭ᠎ᠠ ᠨᠢᠭᠡᠳᠦᠭᠡᠷ ᠱᠦᠵᠢ ᠰᠦᠩ ᠴᠦᠨ ᠬᠤᠤ ᠄ 《ᠲᠣᠰᠭᠣᠨ᠎ᠳᠤ ᠰᠠᠭᠤᠭ᠎ᠠ 7 ᠵᠢᠯ᠎ᠦᠨ ᠬᠤᠭᠤᠴᠠᠭᠠᠨ᠎ᠳᠤ᠂ ᠪᠢ ᠲᠣᠰᠭᠣᠨ᠎ᠤ ᠠᠷᠠᠳ᠂ ᠲᠠᠷᠢᠶᠠᠨ ᠭᠠᠵᠠᠷ᠎ᠲᠤ ᠬᠦᠷᠴᠦ᠍᠂ ᠠᠷᠠᠳ᠎ᠤᠨ ᠬᠦᠰᠡᠯ ᠪᠤᠳᠤᠯ᠎ᠢ ᠰᠣᠨᠣᠰᠭᠤ ᠳᠤᠮᠳᠠ ᠠᠷᠠᠳ ᠲᠦᠮᠡᠨ᠎ᠳᠦ ᠦᠢᠯᠡᠴᠢᠯᠡᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠤᠯᠠᠨ ᠲᠦᠮᠡᠨ᠎ᠦ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠴᠠᠭ ᠲᠤᠬᠠᠢ᠎ᠳᠤᠨᠢ ᠱᠢᠢᠳᠪᠦᠷᠢᠯᠡᠵᠦ᠍᠂ ᠵᠠᠯᠠᠭᠤ ᠨᠠᠰᠤᠨ᠎ᠤ ᠬᠦᠴᠦ᠍ ᠬᠥᠯᠥᠰᠥ᠎ᠪᠡᠨ ᠨᠤᠲᠤᠭ ᠣᠷᠣᠨ᠎ᠤ᠎ᠪᠠᠨ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ ᠠᠰᠭᠠᠷᠠᠭᠤᠯᠪᠠ᠃ ᠡᠳᠦᠭᠡ ᠬᠠᠷᠢᠭᠤᠴᠠᠯᠭ᠎ᠠ ᠬᠦᠨᠳᠦ ᠶᠡᠬᠡ᠂ ᠡᠭᠦᠷᠭᠡ ᠦᠩᠬᠡ ᠬᠡᠷᠡᠯᠳᠡᠢ ᠰᠠᠨᠠᠭ᠍ᠳᠠᠵᠤ ᠪᠠᠢᠨ᠎ᠠ᠃ ᠵᠠᠯᠠᠭᠤ ᠺᠠᠳ᠋ᠷ ᠪᠠ ᠲᠣᠰᠭᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠤᠭ᠍ᠰᠠᠨ᠎ᠤ ᠬᠤᠪᠢ᠎ᠳᠤ᠂ ᠬᠣᠢᠱᠢᠳᠠ᠎ᠶ᠋ᠢᠨ ᠠᠵᠢᠯ᠎ᠳᠠᠭᠠᠨ ᠪᠢ ᠦᠷᠭᠦᠯᠵᠢᠯᠡᠨ ᠡᠷᠡᠮᠡᠬᠡᠢᠯᠡᠨ ᠤᠷᠤᠭ᠍ᠰᠢᠯᠠᠵᠤ᠂ 〈ᠬᠠᠩᠭᠠᠨ ᠪᠣᠷᠣᠯᠠᠭᠤᠯᠤᠭ᠍ᠴᠢ〉 ᠵᠢᠨ ᠤᠬ ᠰᠠᠨᠠᠭ᠎ᠠ᠎ᠪᠠᠨ ᠦᠯᠦ᠍ ᠮᠠᠷᠲᠠᠵᠤ᠂ 〈ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ〉 ᠳ᠋ᠤ ᠴᠢᠷᠮᠠᠢᠨ ᠦᠢᠯᠡᠴᠢᠯᠡᠵᠦ᠍᠂ ᠪᠣᠳᠠᠳᠤ ᠠᠵᠢᠯᠯᠠᠭ᠎ᠠ᠎ᠪᠠᠷ᠎ᠢᠶᠠᠨ 〈ᠬᠠᠩᠭᠠᠨ ᠪᠣᠷᠣᠯᠠᠭᠤᠯᠤᠭ᠍ᠴᠢ〉 ᠵᠢᠨ ᠴᠠᠭ ᠦᠶ᠎ᠡ᠎ᠶ᠋ᠢᠨ ᠡᠭᠦᠷᠭᠡᠯᠡᠯ᠎ᠢ ᠪᠢᠴᠢᠭ᠌ᠯᠡᠨ᠎ᠡ》 ᠭᠡᠵᠦ ᠰᠡᠳᠬᠢᠯ ᠲᠤᠭᠲᠤᠯᠤᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号