
ᠶᠡᠬᠡ ᠬᠤᠷᠠᠯ ᠤ᠋ᠨ ᠠᠬᠤᠢ ᠲᠠᠯᠠᠪᠠᠢ
ᠰᠢᠨᠬᠤᠸᠠ ᠬᠤᠷᠢᠶ᠎ᠠ ᠡᠴᠡ ᠠᠪᠤᠪᠠ

ᠰᠠᠨᠠᠯ ᠰᠠᠨᠠᠭᠤᠯᠭ᠎ᠠ ᠭᠠᠷᠭᠠᠵᠦ ᠠᠷᠭ᠎ᠠ ᠪᠤᠳᠤᠯᠭ᠎ᠠ ᠲᠡᠪᠰᠢᠬᠦᠯᠦᠨ᠎ᠡ

ᠢᠯᠡᠳᠬᠡᠯ᠎ᠢ ᠬᠢᠨᠠᠨ ᠵᠦᠪᠯᠡᠨ᠎ᠡ

ᠦᠪᠦᠷ ᠮᠤᠩᠭᠤᠯ ᠤ᠋ᠨ ᠲᠦᠯᠦᠬᠡᠯᠡᠭᠴᠢᠳ ᠤ᠋ᠨ ᠪᠦᠯᠬᠦᠮ ᠰᠤᠨᠢᠨ ᠮᠡᠳᠡᠬᠡ ᠨᠡᠢᠳᠡᠯᠡᠬᠦ ᠬᠤᠷᠠᠯ ᠬᠢᠪᠠ
3 ᠰᠠᠷ᠎ᠠ᠎ᠶ᠋ᠢᠨ 13 ᠤ᠋ ᠡᠳᠦᠷ᠂ ᠡᠯ᠎ᠡ ᠵᠤᠢᠯ ᠤ᠋ᠨ ᠵᠥᠪᠯᠡᠬᠦ᠌ ᠵᠦᠢᠯᠡᠰ᠎ᠢᠶᠡᠨ ᠲᠡᠭᠦᠰ ᠠᠮᠵᠢᠯᠲᠠ᠎ᠲᠠᠶ ᠳᠠᠭᠤᠰᠭᠠᠭᠠᠳ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠪᠡᠭᠡᠵᠢᠩ᠎ᠳᠦ ᠠᠮᠵᠢᠯᠲᠠ᠎ᠲᠠᠶ ᠲᠡᠭᠦᠰᠪᠡ᠃
ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠡᠭᠦᠷᠭᠡᠯᠡᠵᠦ᠍᠂ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠨ᠎ᠡ᠃ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ 58 ᠨᠡᠷᠡᠰ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢ ᠪᠠᠳᠤ ᠴᠢᠩᠭ᠎ᠠ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠡᠬᠦᠷᠭᠡᠳᠤ ᠤᠪᠤᠷ ᠵᠢᠡᠷ ᠡᠯ᠎ᠡ ᠵᠦᠶ᠋ᠯ᠎ᠦᠨ ᠠᠵᠢᠯ᠎ᠤᠨ ᠮᠡᠳᠡᠭᠦᠯᠦᠯᠲᠡ ᠪᠠ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠤᠭ᠍ᠰᠠᠨ ᠲᠥᠰᠦᠯ᠎ᠢ ᠬᠢᠨᠠᠮᠠᠭᠠᠶ ᠬᠢᠨᠠᠨ ᠵᠥᠪᠯᠡᠵᠦ᠍᠂ ᠰᠣᠩᠭᠣᠭᠤᠯᠢ ᠬᠢᠬᠦ᠌ ᠪᠠ ᠪᠠᠲᠤᠯᠠᠬᠤ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠱᠢᠨ᠎ᠡ ᠮᠠᠲ᠋ᠧᠷᠢᠶᠠᠯ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠂ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠠᠵᠤ ᠦᠶ᠋ᠯᠡᠰ᠎ᠦᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠤᠨ ᠢᠳᠡᠪᠬᠢᠲᠡᠶ᠎ᠪᠡᠷ ᠰᠠᠨᠠᠯ ᠰᠠᠨᠠᠭᠤᠯᠭ᠎ᠠ ᠲᠡᠪᠰᠢᠬᠦᠯᠵᠦ᠂ 1 ᠬᠤᠪᠢ ᠰᠠᠨᠠᠯ ᠲᠤᠷᠠᠳᠤᠯᠭ᠎ᠠ᠂ 116 ᠬᠤᠪᠢ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ᠎ᠤᠨ ᠬᠤᠭᠤᠴᠠᠭᠠᠨ᠎ᠳᠤ᠂ ᠲᠥᠯᠥᠭᠡᠯᠡᠭ᠌ᠴᠢᠳ ᠬᠤᠷᠠᠯ᠎ᠤᠨ ᠰᠤᠷᠲᠠᠯ ᠰᠠᠬᠢᠯᠭ᠎ᠠ ᠪᠠᠲᠤ᠎ᠶ᠋ᠢ ᠴᠢᠩᠭ᠎ᠠ ᠵᠢᠷᠤᠮᠯᠠᠨ᠂ ᠰᠡᠳᠭᠢᠯ ᠰᠠᠨᠠᠭ᠎ᠠ᠎ᠪᠠᠨ ᠲᠥᠪᠯᠡᠷᠡᠭᠦᠯᠦᠨ ᠬᠤᠷᠠᠯ᠎ᠳᠤ ᠣᠷᠣᠯᠴᠠᠵᠤ᠂ ᠰᠠᠢᠨ ᠰᠠᠢᠬᠠᠨ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠨ ᠢᠯᠡᠷᠡᠭᠦᠯᠪᠡ᠃
ᠮᠠᠷᠡᠢᠨ ᠲᠡᠮᠡᠴᠡᠵᠦ ᠭᠢᠯᠠᠯᠵᠠᠮ᠎ᠠ ᠠᠮᠵᠢᠯᠲᠠ᠎ᠶ᠋ᠢ ᠡᠭᠦᠳᠴᠦ᠍᠂ ᠪᠣᠳᠠᠲᠠᠶ ᠠᠵᠢᠯᠯᠠᠨ ᠰᠠᠷᠠᠭᠤᠯ ᠢᠷᠡᠭᠡᠳᠦᠶ᠎ᠪᠡᠨ ᠴᠤᠬᠴᠠᠯᠠᠨ᠎ᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠡᠬᠢᠯᠡᠯᠲᠡ᠎ᠶ᠋ᠢᠨ ᠵᠢᠯ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠡᠬᠢᠯᠡᠯᠲᠡ᠎ᠶ᠋ᠢᠨ ᠵᠢᠯ᠂ ᠡᠷᠴᠢ ᠵᠣᠷᠢᠭ ᠪᠠᠳᠠᠷᠠᠭ᠍ᠰᠠᠨ ᠤᠷᠢᠬᠠᠨ ᠬᠠᠪᠤᠷ᠎ᠲᠤ᠂ ᠲᠥᠯᠥᠭᠡᠯᠡᠭ᠌ᠴᠢᠳ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠡᠭᠦᠷᠢᠳᠡ ᠴᠥᠬᠥᠷᠡᠰᠢ ᠦᠭᠡᠢ ᠤᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠠᠷᠠᠳ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠰᠣᠨᠣᠰᠴᠤ᠌ ᠂ ᠠᠷᠠᠳ ᠲᠦᠮᠡᠨ᠎ᠦ ᠤᠶᠤᠨ ᠤᠬᠠᠭᠠᠨ᠎ᠢ ᠨᠢᠭ᠍ᠲᠠᠷᠠᠭᠤᠯᠵᠤ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤ ᠥᠭ᠌ᠴᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌ ᠳᠦᠷᠰᠦ ᠪᠠᠢᠳᠠᠯ᠂ ᠣᠮᠣᠭ ᠪᠠᠳᠠᠷᠠᠩᠭᠤᠢ ᠵᠢᠪᠬᠤᠭ᠎ᠠ ᠲᠡᠭᠦᠯᠳᠡᠷ᠎ᠢᠶᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃

ᠬᠦᠡᠵᠡᠬᠡᠢ ᠰᠤᠳᠤᠯᠤᠨ ᠶᠠᠷᠢᠯᠴᠠᠨ᠎ᠠ

ᠨᠠᠷᠢᠨ ᠬᠢᠨᠠᠮᠠᠭᠠᠢ ᠳᠡᠮᠳᠡᠭᠯᠡᠯ ᠬᠢᠨ᠎ᠡ

ᠢᠳᠡᠬᠡᠯ ᠲᠡᠬᠦᠯᠳᠡᠷ ᠵᠢᠡᠷ ᠬᠤᠷᠠᠯ᠎ᠤᠨ ᠲᠠᠯᠠᠪᠠᠢ ᠡᠴᠡ ᠭᠠᠷᠤᠨ᠎ᠠ