(2023 ᠣᠨ᠎ᠤ 3 ᠰᠠᠷ᠎ᠠ᠎ᠶ᠋ᠢᠨ 13 ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠤᠨ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠠᠩᠬᠠᠳᠤᠭᠠᠷ ᠬᠤᠷᠠᠯ ᠡᠴᠡ ᠪᠠᠲᠤᠯᠠᠪᠠ)
ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠡᠴᠡ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠺᠧ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠴᠤ᠌ ᠬᠢᠨᠠᠨ ᠵᠦᠪᠯᠡᠪᠡ᠃ ᠬᠤᠷᠠᠯ᠎ᠡᠴᠡ ᠱᠢᠨ᠎ᠡ ᠴᠠᠭ ᠦᠶ᠎ᠡ᠎ᠶ᠋ᠢᠨ ᠠᠷᠪᠠᠨ ᠵᠢᠯ ᠳ᠋ᠦ ᠮᠠᠨ᠎ᠤ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠤᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ᠎ᠶ᠋ᠢ ᠳᠡᠭᠡᠳᠦ ᠬᠡᠮᠵᠢᠢ᠎ᠡ᠎ᠪᠡᠷ ᠦᠨᠡᠯᠡᠵᠦ᠍᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠥᠩᠭᠡᠷᠡᠭ᠌ᠰᠡᠨ ᠨᠢᠭᠡ ᠵᠢᠯ ᠪᠣᠯᠤᠨ ᠲᠠᠪᠤᠨ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠢᠯᠡᠳᠭᠡᠯ᠎ᠳᠦ ᠳᠤᠷᠠᠳᠤᠭ᠍ᠰᠠᠨ 2023 ᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠢ ᠱᠠᠭᠠᠷᠳᠠᠯᠭ᠎ᠠ᠂ ᠭᠣᠣᠯ ᠬᠠᠷᠠᠯᠲᠠ᠂ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ ᠪᠣᠯᠤᠨ ᠭᠣᠣᠯᠳᠠᠯᠭ᠎ᠠ᠎ᠲᠠᠶ ᠠᠵᠢᠯ᠎ᠢ ᠵᠥᠪᠱᠢᠶᠡᠷᠡᠵᠦ᠍᠂ ᠡᠨᠡ ᠬᠦ᠌ ᠢᠯᠡᠳᠭᠡᠯ᠎ᠢ ᠵᠥᠪᠱᠢᠶᠡᠷᠡᠬᠦ᠌᠎ᠪᠡᠷ ᠲᠣᠭ᠍ᠲᠠᠪᠠ᠃
ᠬᠤᠷᠠᠯ᠎ᠡᠴᠡ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠨᠢᠭᠡᠳᠦᠭᠡᠷ᠂ ᠬᠣᠶᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠵᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠦᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠯᠠᠪᠳᠠᠭᠤᠨ ᠠᠬᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠡᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠂ ᠵᠠᠬ᠎ᠠ ᠳᠡᠯᠭᠡᠭᠦᠷ᠎ᠦᠨ ᠢᠲᠡᠭᠡᠯ᠎ᠢ ᠶᠡᠬᠡᠪᠡᠷ ᠨᠡᠮᠡᠭ᠌ᠳᠡᠭᠦᠯᠵᠦ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠲᠡᠶ ᠣᠷᠭᠠᠨᠢᠭ᠎ᠢᠶᠠᠷ ᠤᠶᠠᠯᠳᠤᠭᠤᠯᠵᠤ᠂ ᠨᠡᠮᠡᠭ᠌ᠳᠡᠯ᠎ᠢ ᠲᠤᠭᠳᠠᠭᠤᠨ ᠪᠠᠢᠯᠭᠠᠬᠤ᠂ ᠠᠵᠢᠯ ᠣᠯᠭᠣᠯᠲᠠ᠎ᠵᠢ ᠲᠤᠭᠳᠠᠭᠤᠨ ᠪᠠᠢᠯᠭᠠᠬᠤ᠂ ᠪᠠᠷᠠᠭᠠᠨ᠎ᠤ ᠦᠨ᠎ᠡ᠎ᠶ᠋ᠢ ᠲᠤᠭᠳᠠᠭᠤᠨ ᠪᠠᠢᠯᠭᠠᠬᠤ ᠠᠵᠢᠯ ᠢ᠋ ᠳᠣᠪᠣᠢᠯᠭᠠᠵᠤ᠂ ᠬᠦᠨᠳᠦ ᠶᠡᠬᠡ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠠᠵᠤ ᠠᠬᠤᠢ᠎ᠶ᠋ᠢᠨ ᠠᠵᠢᠯᠯᠠᠭᠠᠨ᠎ᠤ ᠪᠦᠬᠦᠯᠢ ᠴᠣᠭ᠍ᠴᠠ᠎ᠶ᠋ᠢᠨ ᠰᠠᠢᠵᠢᠷᠠᠯᠲᠠ᠎ᠶ᠋ᠢ ᠠᠬᠢᠭᠤᠯᠵᠤ᠂ ᠶᠠᠰᠤ ᠴᠢᠨᠠᠷ᠎ᠢ ᠪᠦᠲᠦᠮᠵᠢᠲᠡᠶ ᠳᠡᠭᠡᠭ᠌ᠰᠢᠯᠡᠭᠦᠯᠬᠦ᠌ ᠪᠠ ᠲᠣᠭ᠎ᠠ ᠬᠡᠮᠵᠢᠶ᠎ᠡ᠎ᠶ᠋ᠢ ᠵᠦᠶ ᠵᠣᠬᠢᠰᠲᠠᠶ ᠨᠡᠮᠡᠭ᠌ᠳᠡᠭᠦᠯᠬᠦ᠌᠎ᠶ᠋ᠢ ᠪᠡᠶᠡᠯᠡᠭᠦᠯᠤᠨ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠰᠠᠢᠵᠢᠷᠠᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠵᠦ᠂ ᠨᠢᠭᠡ ᠰᠡᠳᠭᠢᠯ ᠨᠢᠭᠡ ᠵᠣᠷᠢᠭ᠎ᠢᠶᠡᠷ ᠱᠢᠷᠭᠠᠭᠤ ᠠᠵᠢᠯᠯᠠᠵᠤ ᠪᠣᠳᠠᠲᠠᠶ ᠠᠵᠢᠯᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠶ᠋ᠢᠨ ᠲᠥᠯᠥᠭᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠵᠡᠬᠡᠶ᠎ᠡ ᠭᠡᠵᠦ ᠤᠷᠢᠶᠠᠯᠠᠪᠠ!
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 13 ᠤ᠋ ᠴᠠᠬᠢᠯᠭᠠᠨ ᠮᠡᠳᠡᠭᠡ)