3 ᠰᠠᠷ᠎ᠠ᠎ᠶᠢᠨ 13᠎ᠤ ᠦᠳᠡ᠎ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ
ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠲᠡᠭᠦᠰᠦᠭᠰᠡᠨ᠎ᠦ
ᠳᠠᠷᠠᠭ᠎ᠠ᠂ ᠲᠥᠷᠥ᠍᠎ᠶᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢᠳ ᠯᠢ ᠴᠢᠶᠠᠩ ᠠᠷᠠᠳ᠎ᠤᠨ ᠶᠡᠬᠡ ᠬᠤᠷᠠᠯ᠎ᠤᠨ
ᠲᠠᠩᠬᠢᠮ᠎ᠤᠨ ᠭᠤᠷᠪᠠᠳᠤᠭᠠᠷ ᠳᠠᠪᠬᠤᠷᠯᠢᠭ᠋᠎ᠤᠨ ᠠᠯᠲᠠᠨ ᠰᠢᠷᠭᠠᠯ ᠲᠢᠩᠬᠢᠮ᠎ᠳᠦ ᠰᠣᠷᠪᠣᠯᠵᠢᠯᠠᠭ᠍ᠴᠢᠳ᠎ᠤᠨ
ᠬᠤᠷᠠᠯ ᠳ᠋ᠤ ᠤᠷᠤᠯᠴᠠᠵᠤ᠂ ᠳᠤᠳᠤᠭᠠᠳᠤ ᠭᠠᠳᠠᠭᠠᠳᠤ ᠵᠢᠨ ᠰᠤᠷᠪᠤᠯᠵᠢᠯᠠᠭᠴᠢᠳ᠎ᠤᠨ ᠠᠰᠠᠭᠤᠯᠳᠠ ᠵᠢ ᠬᠠᠷᠢᠭᠤᠯᠪᠠ᠃

ᠰᠢᠨ᠎ᠡ ᠡᠭᠡᠯᠵᠢ ᠵᠢᠨ ᠵᠠᠰᠠᠭ᠎ᠤᠨ ᠣᠷᠳᠣᠨ᠎ᠤ ᠵᠠᠰᠠᠭ ᠶᠠᠪᠤᠭᠤᠯᠬᠤ
ᠬᠠᠷᠠᠯᠲᠠ᠎ᠶᠢᠨ ᠲᠤᠬᠠᠢ
ᠰᠢᠨ᠎ᠡ ᠨᠢᠭᠡ ᠡᠭᠡᠯᠵᠢ ᠵᠢᠨ ᠵᠠᠰᠠᠭ᠎ᠤᠨ ᠣᠷᠳᠣᠨ᠎ᠤ ᠠᠵᠢᠯ ᠪᠣᠯ ᠳᠠᠷᠤᠢ ᠨᠠᠮ᠎ᠤᠨ
ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠰᠠᠢᠲᠤᠷ ᠲᠤᠭᠤᠱᠢᠯᠠᠭᠤᠯᠵᠤ᠂ ᠰᠠᠢᠲᠤᠷ
ᠨᠠᠢᠳᠠᠪᠤᠷᠢᠵᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠠᠴᠠ ᠵᠢᠷᠤᠭᠯᠠᠭᠰᠠᠨ ᠠᠤᠭ᠎ᠠ ᠲᠥᠰᠥᠪ᠎ᠢ ᠪᠠᠷᠢᠯᠭ᠎ᠠ᠎ᠶᠢᠨ
ᠵᠢᠷᠤᠭ ᠪᠣᠯᠭᠠᠨ ᠬᠤᠪᠢᠷᠠᠭᠤᠯᠵᠤ᠂ ᠪᠦᠬᠦ ᠤᠯᠤᠰ᠎ᠤᠨ ᠠᠷᠠᠳ ᠲᠦᠮᠡᠨ᠎ᠲᠠᠢ ᠬᠠᠮᠲᠤ ᠪᠠᠷ ᠠᠯᠬᠤᠮ ᠠᠯᠬᠤᠮ᠎ᠢᠶᠠᠷ
ᠠᠤᠭ᠎ᠠ ᠲᠥᠰᠥᠪ᠎ᠢ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃
ᠦᠨᠡᠨ᠎ᠢ ᠬᠡᠯᠡᠪᠡᠯ᠂ ᠨᠠᠮ ᠪᠠ ᠵᠠᠰᠠᠭ᠎ᠤᠨ ᠣᠷᠳᠣᠨ᠎ᠤ ᠠᠯᠢᠪᠠ ᠠᠵᠢᠯ᠎ᠤᠨ ᠵᠣᠷᠢᠯᠲᠠ
ᠪᠣᠯ ᠳᠠᠷᠤᠢ ᠠᠷᠠᠳ ᠲᠦᠮᠡᠨ᠎ᠳᠦ ᠪᠤᠶᠠᠨ ᠦᠢᠯᠡᠳᠬᠦ ᠶᠠᠪᠤᠳᠠᠯ ᠪᠣᠯᠣᠨ᠎ᠠ᠃ ᠪᠤᠰᠤᠳᠴᠢ᠎ᠪᠠᠷ ᠬᠡᠯᠡᠪᠡᠯ᠂ ᠵᠣᠩᠬᠢᠯᠠᠬᠤ
ᠣᠯᠠᠨ ᠲᠣᠭᠠᠨ᠎ᠤ ᠠᠷᠠᠳ ᠲᠦᠮᠡᠨ GDP ᠶ᠋ᠢᠨ ᠬᠡᠳᠦᠢ ᠨᠡᠮᠡᠭᠳᠡᠭᠰᠡᠨ ᠢ᠋ ᠡᠳᠦᠷ ᠪᠣᠯᠭᠠᠨ ᠬᠠᠷᠠᠵᠤ ᠰᠠᠭᠤᠬᠤ ᠦᠭᠡᠢ ᠶᠤᠮ᠂
ᠣᠯᠠᠨ᠎ᠢᠶᠠᠷ᠎ᠢᠶᠠᠨ ᠣᠷᠣᠨ ᠰᠠᠭᠤᠴᠠ᠂ ᠠᠵᠢᠯ ᠣᠯᠭᠣᠯᠲᠠ᠂ ᠣᠷᠣᠯᠭ᠎ᠠ᠂ ᠰᠤᠷᠭᠠᠨ ᠬᠥᠮᠦᠵᠢᠯ᠂ ᠡᠮ ᠡᠮᠨᠡᠯᠭᠡ᠂ ᠠᠮᠢ
ᠠᠬᠤᠢ ᠶ᠋ᠢᠨ ᠣᠷᠴᠢᠨ ᠲᠤᠭᠤᠷᠢᠨ ᠵᠡᠷᠭᠡ ᠲᠠᠯ᠎ᠠ ᠶ᠋ᠢᠨ ᠪᠣᠳᠠᠲᠠᠢ ᠶᠠᠪᠤᠳᠠᠯ ᠢ᠋ ᠨᠡᠩ ᠢᠯᠡᠭᠦᠦ ᠠᠩᠬᠠᠷᠴᠤ ᠪᠠᠢᠨ᠎ᠠ᠃ ᠵᠠᠰᠠᠭ᠎ᠤᠨ ᠣᠷᠳᠣᠨ᠎ᠤ
ᠠᠵᠢᠯ ᠪᠣᠯ ᠳᠠᠷᠤᠢ ᠠᠷᠠᠳ ᠤᠯᠠᠨ᠎ᠤ ᠪᠣᠳᠠᠲᠦ ᠲᠥᠷᠥᠭᠳᠡᠯ᠎ᠡᠴᠡ ᠡᠭᠦᠰᠦᠨ ᠠᠷᠭ᠎ᠠ ᠰᠦᠪᠡᠭᠴᠢᠯᠡᠵᠦ᠂ ᠲᠦᠯᠬᠢᠨ
ᠠᠬᠢᠭᠤᠯᠵᠤ᠂ ᠠᠷᠠᠳ ᠲᠦᠮᠡᠨ ᠬᠦᠰᠡᠯ ᠡᠷᠡᠮᠡᠯᠵᠡᠯ᠎ᠲᠠᠢ᠂ ᠵᠠᠰᠠᠭ᠎ᠤᠨ ᠤᠷᠳᠤᠨ ᠡᠬᠦᠷᠭᠡ ᠬᠠᠷᠢᠭᠤᠴᠠᠯᠭ᠎ᠠ
ᠳᠠᠢ ᠪᠠᠢᠬᠤ᠎ᠶᠢ ᠦᠨᠡᠨ ᠬᠦ᠌ ᠪᠡᠶᠡᠯᠡᠭᠦᠯᠬᠦ ᠶᠠᠪᠤᠳᠠᠯ ᠪᠣᠯᠣᠨ᠎ᠠ᠃
ᠪᠦᠬᠦ ᠵᠢᠯ᠎ᠦᠨ ᠠᠵᠤ ᠠᠬᠤᠢ᠎ᠶᠢᠨ ᠦᠰᠦᠯᠲᠡ ᠵᠢᠨ ᠬᠠᠷᠠᠯᠳᠠ ᠵᠢᠨ ᠳᠤᠬᠠᠢ
ᠡᠨᠡ ᠵᠢᠯ ᠳᠤᠮᠳᠠᠳᠤ ᠤᠯᠤᠰ᠎ᠤᠨ ᠠᠵᠤ ᠠᠬᠤᠢ᠎ᠶᠢᠨ ᠵᠢᠱ᠌ᠢᠭᠰᠡᠨ ᠦᠰᠦᠯᠲᠡ ᠵᠢᠨ ᠬᠠᠷᠠᠯᠲᠠ᠎ᠶᠢ
5% ᠣᠷᠴᠢᠮ᠎ᠢᠶᠠᠷ ᠲᠣᠭᠲᠠᠭᠠᠪᠠ᠂ ᠡᠭᠦᠨ᠎ᠢ ᠪᠢᠳᠡ ᠡᠯ᠎ᠡ ᠲᠠᠯ᠎ᠠ᠎ᠶᠢᠨ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠭᠰᠠᠨ᠎ᠤ
ᠲᠠᠷᠠᠭ᠎ᠠ ᠲᠣᠭᠲᠠᠭᠠᠭᠰᠠᠨ ᠶᠤᠮ᠃ ᠳᠤᠮᠳᠠᠳᠤ ᠤᠯᠤᠰ᠎ᠤᠨ ᠠᠵᠤ ᠠᠬᠤᠢ ᠶ᠋ᠢᠨ ᠶᠡᠷᠦᠩᠬᠡᠢ ᠬᠡᠮᠵᠢᠶ᠎ᠡ ᠨᠢᠭᠡᠨᠲᠡ
120 ᠲᠦᠮᠡᠨ ᠳ᠋ᠦᠩᠰᠢᠭᠤᠷ ᠲᠥᠭᠥᠷᠢᠭ ᠢ᠋ ᠳᠠᠪᠠᠵᠤ᠂ ᠰᠠᠭᠤᠷᠢ ᠲᠣᠭ᠎ᠠ ᠮᠠᠰᠢ ᠥᠨᠳᠥᠷ ᠪᠠᠢᠨ᠎ᠠ᠂ ᠡᠭᠦᠨ᠎ᠦ ᠳᠡᠭᠡᠷ᠎ᠡ
ᠡᠨᠡ ᠵᠢᠯ᠎ᠦᠨ ᠰᠢᠨ᠎ᠡ ᠰᠢᠯᠭᠠᠯᠲᠠ ᠴᠥᠭᠡᠨ ᠪᠤᠰᠤ ᠪᠠᠢᠭ᠎ᠠ ᠪᠣᠯᠬᠣᠷ 5% ᠣᠷᠴᠢᠮ᠎ᠤᠨ ᠦᠰᠦᠯᠲᠡ ᠵᠢ ᠪᠡᠶᠡᠯᠡᠭᠦᠯᠬᠦ᠎ᠳᠦ
ᠲᠡᠶ᠋ᠢᠮᠦ ᠬᠢᠯᠪᠠᠷ ᠪᠢᠰᠢ ᠶᠤᠮ᠂ ᠡᠭᠦᠨ᠎ᠳᠦ ᠬᠤᠪᠢ ᠳᠠᠬᠢᠨ ᠴᠢᠷᠮᠠᠢᠬᠤ ᠬᠡᠷᠡᠭᠲᠡᠢ᠃
ᠪᠣᠳᠠᠲᠠᠢ ᠠᠵᠢᠯ᠎ᠤᠨ ᠳᠤᠮᠳᠠ ᠡᠢᠮᠦ ᠬᠡᠳᠦᠨ ᠢᠵᠢ ᠠᠷᠭ᠎ᠠ ᠬᠡᠮᠵᠢᠶ᠎ᠡ ᠠᠪᠬᠤ ᠬᠡᠷᠡᠭᠲᠡᠢ᠄
ᠨᠢᠭᠡ᠎ᠳᠦ᠂ ᠬᠣᠷᠸ᠎ᠠ ᠲᠥᠷᠥ᠍ ᠶ᠋ᠢᠨ ᠪᠣᠳᠣᠯᠭ᠎ᠠ ᠶ᠋ᠢᠨ ᠬᠠᠮ ᠠᠷᠭ᠎ᠠ ᠬᠡᠮᠵᠢᠶ᠎ᠡ᠂ ᠬᠣᠶᠠᠷ᠎ᠲᠤ᠂ ᠬᠡᠷᠡᠭᠯᠡᠭᠡ
ᠶ᠋ᠢ ᠥᠷᠭᠡᠳᠬᠡᠬᠦ ᠬᠠᠮ ᠠᠷᠭ᠎ᠠ ᠬᠡᠮᠵᠢᠶ᠎ᠡ᠂ ᠭᠤᠷᠪᠠ᠎ᠳᠤ᠂ ᠥᠭᠡᠷᠡᠴᠢᠯᠡᠯᠲᠡ ᠬᠢᠵᠦ ᠰᠢᠨ᠎ᠡ ᠶ᠋ᠢ ᠡᠭᠦᠳᠬᠦ ᠬᠠᠮ
ᠠᠷᠭ᠎ᠠ ᠬᠡᠮᠵᠢᠶ᠎ᠡ᠂ ᠳᠥᠷᠪᠡ᠎ᠳᠦ᠂ ᠠᠶᠤᠯ ᠲᠦᠭᠰᠢᠭᠦᠷᠢ ᠶ᠋ᠢ ᠰᠡᠷᠭᠡᠢᠯᠡᠨ ᠠᠷᠢᠯᠭᠠᠬᠤ ᠬᠠᠮ ᠠᠷᠭ᠎ᠠ ᠬᠡᠮᠵᠢᠶ᠎ᠡ᠃
ᠠᠷᠠᠳ᠎ᠤᠨ ᠡᠵᠡᠩᠨᠡᠯᠲᠠ ᠵᠢᠨ ᠠᠵᠤ ᠠᠬᠤᠢ᠎ᠶᠢᠨ ᠲᠤᠬᠠᠢ
ᠠᠷᠠᠳ᠎ᠤᠨ ᠡᠵᠡᠩᠨᠡᠯᠲᠠ ᠵᠢᠨ ᠠᠵᠤ ᠠᠬᠤᠢ᠎ᠶᠢ ᠬᠥᠭᠵᠢᠭᠦᠯᠬᠦ ᠠᠰᠠᠭᠤᠳᠠᠯ᠎ᠤᠨ ᠲᠠᠯ᠎ᠠ᠎ᠪᠠᠷ
ᠨᠠᠮ᠎ᠤᠨ ᠲᠥᠪ ᠬᠣᠷᠢᠶᠠᠨ᠎ᠤ ᠴᠢᠭᠯᠡᠯᠲᠡ ᠲᠦᠷᠦ᠎ᠶᠢᠨ ᠪᠣᠳᠣᠯᠭ᠎ᠠ ᠶᠡᠷᠦ᠎ᠡᠴᠡ ᠲᠤᠢᠯ᠎ᠤᠨ ᠲᠣᠳᠣᠷᠬᠠᠢ ᠪᠠᠢᠭᠰᠠᠨ
ᠶᠤᠮ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠬᠣᠷᠢᠳᠤᠭᠠᠷ ᠶᠡᠬᠡ ᠬᠤᠷᠠᠯ ᠪᠣᠯᠣᠨ ᠨᠢᠳᠤᠨᠤᠨ᠎ᠤ ᠲᠥᠪ᠎ᠦᠨ
ᠠᠵᠤ ᠠᠬᠤᠢ᠎ᠶᠢᠨ ᠠᠵᠢᠯ᠎ᠤᠨ ᠬᠤᠷᠠᠯ᠎ᠠᠴᠠ ᠪᠦᠷ ᠴᠢᠬᠤᠯᠠᠴᠢᠯᠠᠭᠰᠠᠨ ᠪᠠᠢᠨ᠎ᠠ᠃ ᠡᠭᠦᠨ ᠳ᠋ᠤ ᠪᠢᠳᠡ ᠲᠤᠭ ᠲᠡᠮᠳᠡᠭ
ᠲᠣᠳᠣᠷᠬᠠᠢ᠂ ᠭᠤᠢᠪᠢᠰᠢ ᠦᠭᠡᠢ ᠶᠤᠮ᠃
ᠠᠷᠠᠳ᠎ᠤᠨ ᠡᠵᠡᠩᠨᠡᠯᠲᠠ ᠵᠢᠨ ᠠᠵᠤ ᠠᠬᠤᠢ᠎ᠶᠢᠨ ᠬᠥᠭᠵᠢᠯᠲᠡ᠎ᠶᠢᠨ ᠣᠷᠴᠢᠨ ᠲᠤᠭᠤᠷᠢᠨ
ᠤᠯᠠᠮ᠎ᠠᠴᠠ ᠤᠯᠠᠮ ᠰᠠᠢᠵᠢᠷᠠᠵᠤ᠂ ᠬᠥᠭᠵᠢᠯᠲᠡ᠎ᠶᠢᠨ ᠣᠷᠣᠨ ᠵᠠᠢ ᠤᠯᠠᠮ᠎ᠠᠴᠠ ᠤᠯᠠᠮ ᠶᠡᠬᠡ ᠪᠣᠯᠬᠤ ᠶᠤᠮ᠃
ᠠᠵᠤ ᠠᠬᠤᠢ᠎ᠶᠢᠨ ᠬᠥᠭᠵᠢᠯᠲᠡ᠎ᠳᠦ ᠪᠤᠰᠤᠳᠴᠢ ᠵᠢᠮ᠎ᠡ ᠶᠣᠰᠣ᠌ ᠪᠠᠢᠳᠠᠭ ᠪᠥᠭᠡᠳ ᠪᠠᠰᠠ
ᠪᠤᠰᠤᠳᠴᠢ ᠨᠥᠬᠥᠴᠡᠯ᠎ᠳᠦ ᠲᠦᠰᠢᠭᠯᠡᠳᠡᠭ᠂ ᠭᠡᠪᠡᠴᠦ ᠨᠡᠩ ᠴᠤ᠌ ᠮᠠᠰᠢ ᠴᠢᠩᠭ᠎ᠠ ᠪᠡᠶᠡᠴᠢ ᠴᠢᠳᠠᠮᠠᠭᠠᠢ ᠴᠢᠨᠠᠷ
ᠱᠠᠭᠠᠷᠳᠠᠭᠳᠠᠨ᠎ᠠ᠃ ᠠᠷᠠᠳ᠎ᠤᠨ ᠡᠵᠡᠩᠨᠡᠯᠲᠡ ᠵᠢᠨ ᠠᠵᠤ ᠠᠬᠤᠢᠯᠠᠯᠲᠠᠳ ᠰᠢᠯᠢᠳᠡᠭ ᠠᠵᠤ ᠠᠬᠤᠢᠯᠠᠯᠲᠠᠨ᠎ᠤ ᠵᠣᠷᠢᠭ᠋
ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠢᠲᠡᠭᠡᠯ ᠵᠣᠷᠢᠭ᠋᠎ᠢᠶᠠᠨ ᠪᠠᠲᠤᠳᠬᠠᠵᠤ ᠲᠠᠬᠢᠨ ᠮᠣᠷᠳᠠᠬᠤ ᠵᠢ ᠬᠦᠰᠡᠵᠦ
ᠪᠠᠢᠨ᠎ᠠ᠃
ᠬᠥᠮᠥᠨ ᠠᠮᠠ᠎ᠶᠢᠨ ᠲᠤᠬᠠᠢ
ᠬᠥᠮᠥᠨ ᠠᠮᠠ ᠶᠢᠨ ᠠᠰᠢᠭ᠋
ᠭᠡᠳᠡᠭ ᠶᠡᠷᠦᠩᠬᠡᠢ ᠬᠡᠮᠵᠢᠶ᠎ᠡ ᠶᠢ ᠦᠵᠡᠬᠦ᠎ᠪᠡᠷ ᠪᠠᠷᠠᠬᠤ ᠦᠭᠡᠢ ᠨᠡᠩ ᠴᠤ᠌ ᠶᠠᠰᠤ
ᠴᠢᠨᠠᠷ᠎ᠢ ᠦᠵᠡᠬᠦ ᠬᠡᠷᠡᠭᠲᠡᠢ᠂ ᠬᠥᠮᠥᠨ ᠠᠮᠠ᠎ᠶᠢ ᠦᠵᠡᠬᠦ᠎ᠪᠡᠷ ᠪᠠᠷᠠᠬᠤ ᠦᠭᠡᠢ ᠨᠡᠩ ᠴᠤ᠌ ᠴᠢᠳᠠᠪᠤᠷᠢᠲᠠᠨ᠎ᠢ
ᠦᠵᠡᠬᠦ ᠬᠡᠷᠡᠭᠲᠡᠢ᠃
ᠮᠠᠨ᠎ᠤ ᠤᠯᠤᠰ᠎ᠲᠤ 9 ᠳ᠋ᠦᠩᠰᠢᠭᠤᠷ ᠰᠢᠬᠠᠮ ᠬᠥᠳᠡᠯᠮᠦᠷᠢ ᠬᠦᠴᠦᠲᠠᠢ᠂ ᠵᠢᠯ ᠪᠦᠷᠢ᠎ᠶᠢᠨ
ᠰᠢᠨ᠎ᠡ᠎ᠪᠡᠷ ᠨᠡᠮᠡᠭᠳᠡᠬᠦ ᠬᠥᠳᠡᠯᠮᠦᠷᠢ ᠬᠦᠴᠦ ᠴᠥᠮ 1500 ᠲᠦᠮᠡ᠎ᠶᠢ ᠳᠠᠪᠠᠵᠤ᠂ ᠬᠥᠮᠥᠨ᠎ᠦ ᠬᠦᠴᠦᠨ᠎ᠦ ᠡᠬᠢ
ᠪᠠᠶᠠᠯᠢᠭ᠋ ᠡᠯᠪᠡᠭ ᠳᠡᠯᠪᠡᠭ ᠪᠠᠢᠬᠤ ᠨᠢ ᠮᠥᠨ ᠯᠡ ᠳᠤᠮᠳᠠᠳᠤ ᠤᠯᠤᠰ᠎ᠤᠨ ᠲᠣᠪᠣᠢᠮ᠎ᠠ ᠳᠠᠪᠠᠭᠤᠯᠢᠭ᠋ ᠲᠠᠯ᠎ᠠ
ᠪᠣᠯᠵᠤ ᠪᠠᠢᠨ᠎ᠠ᠃ ᠨᠡᠩ ᠴᠢᠬᠤᠯᠠ ᠨᠢ ᠮᠠᠨ᠎ᠤ ᠤᠯᠤᠰ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ ᠭᠥᠷᠳᠡᠭᠰᠡᠨ
ᠬᠥᠮᠥᠨ ᠠᠮᠠ ᠨᠢᠭᠡᠨᠲᠡ 2.4 ᠳ᠋ᠦᠩᠰᠢᠭᠤᠷ᠎ᠢ ᠳᠠᠪᠠᠵᠤ᠂ ᠰᠢᠨ᠎ᠡ᠎ᠪᠡᠷ ᠨᠡᠮᠡᠭᠳᠡᠭᠰᠡᠨ ᠬᠥᠳᠡᠯᠮᠦᠷᠢ ᠬᠦᠴᠦᠨ᠎ᠦ
ᠰᠤᠷᠭᠠᠨ ᠬᠥᠮᠦᠵᠢᠯ ᠭᠥᠷᠳᠡᠭᠰᠡᠨ ᠳᠤᠮᠳᠠᠴᠢ ᠵᠢᠯ ᠬᠤᠭᠤᠴᠠᠭ᠎ᠠ ᠨᠢ 14 ᠵᠢᠯ ᠪᠣᠯᠵᠠᠢ᠃
ᠮᠠᠨ᠎ᠤ 《ᠬᠥᠮᠥᠨ ᠠᠮᠠ ᠶᠢᠨ ᠠᠰᠢᠭ᠋》 ᠳᠠᠭᠤᠰᠤᠭᠠᠳᠤᠢ᠂ 《ᠴᠢᠳᠠᠪᠤᠷᠢᠲᠠᠨ᠎ᠤ ᠠᠰᠢᠭ᠋》 ᠶᠠᠭ ᠪᠦᠷᠢᠯᠳᠦᠵᠦ ᠪᠠᠢᠨ᠎ᠠ᠂
ᠬᠥᠭᠵᠢᠯᠲᠡ᠎ᠶᠢᠨ ᠬᠥᠳᠡᠯᠭᠡᠭᠦ ᠬᠦᠴᠦᠨ ᠮᠥᠨ ᠢᠳᠡ ᠬᠦᠴᠦᠲᠡᠢ ᠪᠠᠢᠨ᠎ᠠ ᠭᠡᠵᠦ ᠬᠡᠯᠡᠵᠦ ᠪᠣᠯᠣᠨ᠎ᠠ᠃ ᠬᠡᠯᠡᠯᠭᠡᠨ
ᠦᠭᠡᠢ᠂ ᠪᠢᠳᠡ ᠬᠥᠮᠥᠨ ᠠᠮᠠ᠎ᠶᠢᠨ ᠨᠡᠮᠡᠭᠳᠡᠯ ᠬᠠᠰᠤᠭᠳᠠᠯ᠎ᠠᠴᠠ ᠪᠣᠯᠵᠤ ᠮᠡᠳᠡᠬᠦ ᠠᠰᠠᠭᠤᠳᠠᠯ᠎ᠢ ᠪᠠᠰᠠ ᠭᠦᠨᠵᠡᠭᠡᠢ
ᠵᠠᠳᠠᠯᠤᠨ ᠰᠤᠳᠤᠯᠵᠤ ᠮᠠᠭᠠᠳᠯᠠᠨ᠂ ᠢᠳᠡᠪᠬᠢᠲᠡᠢ᠎ᠪᠡᠷ ᠠᠷᠭᠠᠴᠠᠭᠠᠬᠤ ᠬᠡᠷᠡᠭᠲᠡᠢ᠃
ᠠᠮᠤ ᠪᠤᠳᠠᠭᠠᠨ᠎ᠤ ᠦᠢᠯᠡᠳᠪᠦᠷᠢᠯᠡᠯ᠎ᠦᠨ ᠲᠤᠬᠠᠢ
ᠮᠠᠨ᠎ᠤ ᠤᠯᠤᠰ᠎ᠤᠨ ᠠᠮᠤ ᠪᠤᠳᠠᠭᠠᠨ᠎ᠤ ᠤᠨᠠᠯᠲᠠ 8 ᠵᠢᠯ ᠳᠠᠷᠠᠭᠠᠯᠠᠨ 1.3 ᠲᠦᠮᠡᠨ
ᠳ᠋ᠦᠩᠰᠢᠭᠤᠷ ᠵᠢᠩ᠎ᠢ ᠳᠠᠪᠠᠵᠤ᠂ ᠶᠡᠷᠦᠩᠬᠡᠢ᠎ᠳᠡᠭᠡᠨ ᠠᠮᠤ ᠪᠤᠳᠠᠭᠠᠨ᠎ᠤ ᠠᠮᠤᠷ ᠲᠦᠪᠰᠢᠨ ᠪᠠᠲᠤᠯᠠᠭ᠎ᠠ᠎ᠲᠠᠢ ᠶᠤᠮ᠂
ᠪᠢᠳᠡ ᠲᠠᠷᠢᠶᠠᠨ ᠭᠠᠵᠠᠷ ᠪᠠ ᠳᠠᠷᠢᠶᠠᠨ ᠦᠷ᠎ᠡ᠎ᠶᠢᠨ 《ᠬᠣᠶᠠᠷ ᠵᠠᠨᠭᠬᠢᠯᠠᠭᠠ》ᠵᠢ ᠠᠳᠬᠤᠵᠤ᠂ ᠠᠮᠤ ᠪᠤᠳᠠᠭᠠᠨ᠎ᠤ
ᠦᠢᠯᠡᠳᠪᠦᠷᠢᠯᠡᠯ᠎ᠦᠨ ᠴᠢᠳᠠᠪᠤᠷᠢ᠎ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃
ᠪᠢ ᠡᠨᠳᠡ ᠲᠠᠷᠢᠶᠠᠴᠢᠳ᠎ᠲᠤ ᠣᠨᠴᠠᠭᠠᠢᠯᠠᠨ ᠨᠢᠭᠡ ᠦᠭᠡ ᠬᠡᠯᠡᠶ᠎ᠡ᠂ ᠠᠮᠤ ᠪᠤᠳᠠᠭᠠᠨ᠎ᠤ
ᠦᠢᠯᠡᠳᠪᠦᠷᠢᠯᠡᠯ᠎ᠢ ᠳᠡᠮᠵᠢᠬᠦ ᠵᠠᠰᠠᠭ᠎ᠤᠨ ᠣᠷᠳᠣᠨ᠎ᠤ ᠪᠤᠢ ᠪᠦᠬᠦᠢ ᠲᠦᠷᠦ᠎ᠶᠢᠨ ᠪᠣᠳᠣᠯᠭ᠎ᠠ᠎ᠶᠢ ᠨᠡᠮᠡᠭᠳᠡᠭᠦᠯᠬᠦ᠎ᠡᠴᠡ
ᠪᠢᠰᠢ ᠬᠠᠰᠤᠭᠳᠠᠭᠤᠯᠬᠤ ᠦᠭᠡᠢ ᠪᠠᠢᠵᠤ᠂ ᠤᠯᠠᠨ᠎ᠢ ᠵᠣᠷᠢᠭ᠍ᠵᠢᠭᠤᠯᠤᠨ ᠤᠯᠠᠨ ᠵᠦᠢᠯ᠎ᠦᠨ ᠠᠮᠤ ᠪᠤᠳᠠᠭ᠎ᠠ ᠳᠠᠷᠢᠭᠤᠯᠵᠤ᠂
ᠳᠤᠮᠳᠠᠳᠤ ᠤᠯᠤᠰ᠎ᠤᠨ 14 ᠳ᠋ᠦᠩᠰᠢᠭᠤᠷ ᠭᠠᠷᠤᠢ ᠬᠥᠮᠥᠨ᠎ᠦ ᠪᠤᠳᠠᠭᠠᠨ ᠠᠶᠠᠭ᠎ᠠ᠎ᠶᠢ ᠥᠪᠡᠷ᠎ᠦᠨ ᠭᠠᠷ᠎ᠲᠠᠭᠠᠨ ᠪᠠᠲᠤ
ᠡᠵᠡᠮᠳᠡᠬᠦ᠎ᠶᠢ ᠪᠠᠲᠤᠯᠠᠬᠤ ᠶᠤᠮ᠃
ᠵᠠᠰᠠᠭ᠎ᠤᠨ ᠣᠷᠳᠣᠨ᠎ᠤ ᠲᠤᠰ ᠪᠡᠶ᠎ᠡ᠎ᠶᠢᠨ ᠪᠠᠢᠭᠤᠯᠤᠯᠳᠠ ᠵᠢᠨ ᠳᠤᠬᠠᠢ
ᠪᠢ ᠤᠷᠳᠤ ᠬᠤᠭᠤᠴᠠᠭ᠎ᠠ᠎ᠪᠠᠷ ᠣᠷᠣᠨ ᠨᠤᠲᠤᠭ᠎ᠲᠤ ᠠᠵᠢᠯᠯᠠᠭᠠᠳ ᠮᠠᠰᠢ ᠭᠦᠨ ᠲᠥᠷᠥᠭᠳᠡᠯ᠎ᠲᠠᠢ
ᠪᠣᠯᠪᠠ᠄ ᠠᠯᠪᠠᠨ ᠭᠡᠷ᠎ᠲᠦ ᠰᠠᠭᠤᠭᠠᠳ ᠲᠣᠬᠢᠶᠠᠯᠳᠤᠭᠰᠠᠨ ᠨᠢ ᠪᠦᠷ ᠠᠰᠠᠭᠤᠳᠠᠯ ᠪᠠᠢᠬᠤ᠎ᠳᠤ᠂ ᠦᠨᠳᠦᠰᠦᠨ ᠱᠠᠲᠤᠨ᠎ᠳᠤ
ᠭᠦᠨᠵᠡᠭᠡᠢᠷᠡᠭᠡᠳ ᠣᠯᠵᠤ ᠦᠵᠡᠭᠰᠡᠨ ᠨᠢ ᠬᠠᠷᠢᠨ ᠪᠦᠷ ᠠᠷᠭ᠎ᠠ ᠪᠣᠯᠣᠨ᠎ᠠ᠃ ᠴᠢᠳᠠᠪᠤᠷᠢᠳᠠᠳ ᠠᠷᠠᠳ᠎ᠤᠨ ᠳᠤᠮᠳᠠ
ᠪᠤᠢ᠃ ᠪᠢᠳᠡ ᠡᠯ᠎ᠡ ᠱᠠᠲᠤᠨ᠎ᠤ ᠺᠠᠳ᠋ᠷᠴᠤᠳ᠎ᠤᠨ ᠨᠢᠭᠡᠳᠦᠭᠡᠷ ᠹᠷᠣᠨᠲ᠎ᠲᠤ ᠢᠯᠡᠭᠦᠬᠡᠨ ᠣᠴᠢᠬᠤ᠎ᠶᠢ ᠠᠬᠢᠭᠤᠯᠵᠤ᠂
ᠬᠡᠷᠡᠭᠴᠡᠭᠡ᠎ᠶᠢ ᠠᠷᠠᠳ᠎ᠠᠴᠠ ᠠᠰᠠᠭᠤᠵᠤ᠂ ᠠᠷᠭ᠎ᠠ ᠪᠣᠳᠣᠯᠭ᠎ᠠ᠎ᠶᠢ ᠠᠷᠠᠳ᠎ᠠᠴᠠ ᠠᠰᠠᠭᠤᠵᠤ᠂ ᠠᠷᠠᠳ ᠤᠯᠠᠨ᠎ᠠᠴᠠ
ᠰᠤᠷᠤᠯᠴᠠᠵᠤ᠂ ᠦᠨᠳᠦᠰᠦᠨ ᠱᠠᠲᠤ᠎ᠶᠢ ᠦᠨᠡᠨ ᠬᠦ᠌ ᠬᠠᠪᠰᠤᠷᠴᠤ ᠪᠣᠳᠠᠲᠠᠢ ᠠᠰᠠᠭᠤᠳᠠᠯ᠎ᠢ ᠨᠢ ᠰᠢᠢᠳᠪᠦᠷᠢᠯᠡᠵᠦ
ᠥᠭᠬᠦ ᠬᠡᠷᠡᠭᠲᠡᠢ᠃ ᠢᠯᠠᠩᠭᠤᠶ᠎ᠠ ᠲᠣᠮᠣ᠌ ᠪᠠᠢᠭᠤᠯᠭ᠎ᠠ᠎ᠳᠤ ᠤᠷᠳᠤ ᠬᠤᠭᠤᠴᠠᠭ᠎ᠠ᠎ᠪᠠᠷ ᠠᠵᠢᠯᠯᠠᠭᠰᠠᠨ ᠵᠠᠯᠠᠭᠤ
ᠨᠥᠬᠥᠳ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠰᠡᠳᠬᠢᠯ ᠵᠢᠷᠦᠬᠡᠨ᠎ᠳᠡᠭᠡᠨ ᠦᠨᠳᠦᠰᠦᠨ ᠱᠠᠲᠤᠨ᠎ᠳᠤ ᠭᠦᠨᠵᠡᠭᠡᠢᠷᠡᠵᠦ᠂
ᠤᠯᠠᠨ ᠲᠦᠮᠡᠨ᠎ᠲᠠᠢ ᠨᠡᠩ ᠢᠯᠡᠭᠦᠦ ᠣᠢᠷᠠᠲᠤᠬᠤ ᠬᠡᠷᠡᠭᠲᠡᠢ᠃
ᠰᠢᠶᠠᠩᠭᠠᠩ ᠣᠣᠮᠧᠨ᠎ᠦ ᠢᠷᠡᠭᠡᠳᠦᠢ᠎ᠶᠢᠨ ᠬᠥᠭᠵᠢᠯᠲᠡ᠎ᠶᠢᠨ ᠲᠤᠬᠠᠢ
ᠲᠥᠪ᠎ᠤᠨ ᠵᠠᠰᠠᠭ᠎ᠤᠨ ᠣᠷᠳᠣᠨ᠎ᠠᠴᠠ ᠰᠢᠶᠠᠩᠭᠠᠩ᠂ ᠣᠣᠮᠧᠨ᠎ᠦ ᠳᠠᠪᠠᠭᠤᠯᠢᠭ᠋ ᠪᠠ ᠣᠨᠴᠠᠯᠢᠭ᠋᠎ᠢ
ᠪᠠᠳᠠᠷᠠᠭᠤᠯᠬᠤ᠎ᠶᠢ ᠢᠮᠠᠭᠲᠠ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭᠰᠠᠭᠠᠷ ᠢᠷᠡᠪᠡ᠃ ᠡᠬᠡ ᠣᠷᠣᠨ᠎ᠳᠠᠭᠠᠨ
ᠪᠤᠴᠠᠵᠤ ᠢᠷᠡᠭᠰᠡᠨ᠎ᠡᠴᠡ ᠨᠠᠭᠠᠰᠢ᠂ ᠤᠯᠤᠰ᠎ᠤᠨ ᠳᠡᠮᠵᠢᠯᠭᠡ ᠳᠣᠣᠷ᠎ᠠ᠂ ᠰᠢᠶᠠᠩᠭᠠᠩ᠎ᠤᠨ ᠣᠯᠠᠨ ᠤᠯᠤᠰ᠎ᠤᠨ ᠮᠥᠩᠭᠥᠨ
ᠭᠦᠢᠯᠭᠡᠭᠡ᠂ ᠤᠰᠤᠨ ᠵᠠᠮ᠎ᠤᠨ ᠲᠡᠭᠡᠭᠡᠪᠦᠷᠢ᠂ ᠠᠷᠠᠯᠵᠢᠶᠠᠨ᠎ᠤ ᠭᠤᠷᠪᠠᠨ ᠶᠡᠬᠡ ᠲᠥᠪ ᠪᠣᠯᠬᠤ ᠪᠠᠢᠷᠢ ᠰᠠᠭᠤᠷᠢ
ᠪᠡᠬᠢᠵᠢᠨ ᠳᠡᠭᠡᠭᠰᠢᠯᠡᠵᠦ᠂ ᠣᠣᠮᠧᠨ ᠵᠢᠭᠤᠯᠴᠢᠯᠠᠯ ᠰᠡᠯᠡᠭᠦᠴᠡᠯ᠎ᠦᠨ ᠲᠥᠪ ᠪᠣᠯᠤᠭᠰᠠᠨ᠎ᠤ ᠬᠤᠪᠢ᠎ᠳᠤ ᠳᠡᠯᠡᠬᠡᠢ᠎ᠳᠦ
ᠠᠯᠳᠠᠷᠲᠠᠢ ᠪᠣᠯᠵᠠᠢ᠃
ᠡᠬᠡ ᠤᠯᠤᠰ᠎ᠤᠨ ᠪᠠᠲᠤ ᠴᠢᠩᠭ᠎ᠠ ᠥᠮᠥᠭ ᠲᠦᠰᠢᠭ᠎ᠲᠠᠢ᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭᠵᠢᠭᠦᠯᠬᠦ》 ᠪᠠᠢᠭᠤᠯᠤᠯ᠎ᠤᠨ ᠪᠠᠲᠤᠯᠠᠭ᠎ᠠ ᠲᠠᠢ᠂ ᠰᠢᠶᠠᠩᠭᠠᠩ᠂ ᠣᠣᠮᠧᠨ᠎ᠦ ᠪᠠᠢᠷᠢ ᠰᠠᠭᠤᠷᠢ ᠪᠠ ᠦᠢᠯᠡᠳᠦᠯ᠎ᠢ
ᠴᠢᠩᠭᠠᠷᠠᠭᠤᠯᠬᠤ᠎ᠠᠴᠠ ᠪᠢᠰᠢ ᠰᠤᠯᠠᠷᠠᠭᠤᠯᠬᠤ ᠦᠭᠡᠢ ᠶᠤᠮ᠃ ᠰᠢᠶᠠᠩᠭᠠᠩ᠂ ᠣᠣᠮᠧᠨ᠎ᠦ ᠢᠷᠡᠭᠡᠳᠦᠢ ᠨᠡᠩ ᠰᠠᠢᠨ
ᠰᠠᠢᠬᠠᠨ ᠪᠣᠯᠬᠤ ᠨᠢ ᠯᠠᠪᠲᠠᠢ ᠶᠤᠮ᠃
ᠳᠤᠮᠳᠠᠳᠤ ᠠᠮᠧᠷᠢᠺᠠ᠎ᠶᠢᠨ ᠬᠠᠷᠢᠴᠠᠭᠠᠨ᠎ᠤ ᠲᠤᠬᠠᠢ
ᠡᠨᠡ ᠬᠡᠳᠦᠨ ᠵᠢᠯ᠎ᠳᠦ ᠠᠮᠧᠷᠢᠺᠠ᠎ᠶᠢᠨ ᠤᠯᠤᠰ᠎ᠤᠨ ᠳᠣᠲᠣᠭᠠᠳᠤ᠎ᠳᠤ ᠵᠠᠷᠢᠮ ᠬᠥᠮᠥᠨ
ᠬᠣᠶᠠᠷ ᠤᠯᠤᠰ᠎ᠤᠨ 《ᠬᠠᠷᠢᠴᠠᠭ᠎ᠠ᠎ᠪᠠᠨ ᠰᠠᠯᠭᠠᠬᠤ》 ᠵᠢ ᠬᠥᠭᠡᠷᠭᠡᠳᠡᠵᠦ
ᠪᠠᠢᠬᠤ᠎ᠶᠢ ᠪᠢ ᠮᠡᠳᠡᠵᠦ ᠪᠠᠢᠨ᠎ᠠ᠂ ᠵᠠᠷᠢᠮ᠎ᠳᠠᠭᠠᠨ ᠪᠠᠰᠠ ᠶᠡᠬᠡ ᠬᠠᠯᠠᠮᠰᠢᠯ᠎ᠲᠠᠢ ᠪᠠᠢᠨ᠎ᠠ᠂ ᠭᠡᠪᠡᠴᠦ ᠴᠣᠬᠣᠮ
ᠬᠡᠳᠦᠢ ᠬᠥᠮᠥᠨ ᠡᠨᠡ ᠬᠦ᠌ ᠬᠥᠭᠡᠷᠭᠡᠳᠡᠯ᠎ᠦᠨ ᠳᠤᠮᠳᠠ᠎ᠠᠴᠠ ᠦᠨᠡᠨ ᠬᠦ᠌ ᠠᠰᠢᠭ᠋ ᠬᠦᠷᠳᠡᠬᠦ᠎ᠶᠢ ᠪᠢ ᠮᠡᠳᠡᠬᠦ
ᠦᠭᠡᠢ ᠪᠠᠢᠨ᠎ᠠ᠃
ᠳᠤᠮᠳᠠᠳᠤ ᠤᠯᠤᠰ᠎ᠤᠨ ᠲᠠᠯ᠎ᠠ᠎ᠶᠢᠨ ᠪᠦᠷᠢᠳᠬᠡᠯ᠎ᠢ ᠦᠨᠳᠦᠰᠦᠯᠡᠪᠡᠯ᠂ ᠨᠢᠳᠤᠨᠤᠨ ᠳᠤᠮᠳᠠᠳᠤ
ᠠᠮᠧᠷᠢᠺᠠ ᠵᠢᠨ ᠠᠷᠠᠯᠵᠢᠶᠠᠨ᠎ᠤ ᠬᠡᠮᠵᠢᠶ᠎ᠡ 7600 ᠳ᠋ᠦᠩᠰᠢᠭᠤᠷ ᠳ᠋ᠣᠯᠯᠠᠷ᠎ᠲᠤ ᠬᠦᠷᠴᠦ᠂ ᠲᠡᠦᠬᠡ᠎ᠶᠢᠨ ᠰᠢᠨ᠎ᠡ
ᠲᠡᠮᠳᠡᠭᠯᠡᠯ᠎ᠢ ᠡᠭᠦᠳᠴᠡᠢ᠃ ᠳᠤᠮᠳᠠᠳᠤ ᠠᠮᠧᠷᠢᠺᠠ ᠬᠣᠶᠠᠷ ᠤᠯᠤᠰ᠎ᠤᠨ ᠠᠵᠤ ᠠᠬᠤᠢ ᠬᠠᠷᠢᠯᠴᠠᠨ ᠴᠥᠮ ᠨᠦᠬᠦᠬᠡ
ᠡᠲᠡᠭᠡᠳ᠎ᠦᠨ᠎ᠢᠶᠡᠨ ᠬᠥᠭᠵᠢᠯᠲᠡ᠎ᠡᠴᠡ ᠠᠰᠢᠭ᠋ ᠬᠦᠷᠳᠡᠨ᠎ᠠ᠃
ᠳᠤᠮᠳᠠᠳᠤ ᠠᠮᠧᠷᠢᠺᠠ ᠬᠠᠮᠲᠤᠷᠠᠨ ᠠᠵᠢᠯᠯᠠᠵᠤ ᠪᠣᠯᠬᠤ ᠪᠥᠭᠡᠳ ᠬᠠᠮᠲᠤᠷᠠᠨ ᠠᠵᠢᠯᠯᠠᠬᠤ
ᠴᠤ᠌ ᠶᠣᠰᠣᠲᠠᠢ᠃ ᠳᠤᠮᠳᠠᠳᠤ ᠠᠮᠧᠷᠢᠺᠠ᠎ᠶᠢᠨ ᠬᠠᠮᠲᠤᠷᠠᠯᠴᠠᠭ᠎ᠠ ᠶᠡᠬᠡ ᠡᠷᠡᠮᠡᠯᠵᠡᠯ᠎ᠲᠠᠢ ᠪᠠᠢᠨ᠎ᠠ᠃ ᠪᠦᠰᠡᠯᠡᠬᠦ᠂
ᠳᠠᠷᠤᠬᠤ ᠨᠢ ᠬᠡᠨ᠎ᠳᠦ ᠴᠦ᠍ ᠠᠰᠢᠭ᠋ ᠦᠭᠡᠢ ᠶᠤᠮ᠃
ᠢᠷᠡᠯᠳᠡ᠄ ᠲᠦᠪ
ᠲᠸᠯᠸᠢᠰ᠎ᠤᠨ ᠰᠤᠨᠢᠨ ᠮᠡᠳᠡᠭᠡ