ᠰᠢᠨ᠎ᠠ ᠠᠶᠠᠨ ᠎ᠳᠤ ᠡᠷᠡᠮᠡᠬᠡᠢᠯᠡᠨ ᠴᠢᠷᠮᠠᠢᠵᠥ ᠰᠡᠷᠬᠦᠨ ᠮᠠᠨᠳᠤᠯᠳᠠ ᠵᠦᠭ ᠡᠷᠡᠯᠭᠡᠭᠯᠡᠨ ᠤᠷᠤᠭ᠍ᠰᠢᠯᠠᠰᠤᠭᠠᠢ
2023-03-14 10:55:54
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

—  ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠢᠯᠠᠯᠳᠠ᠎ᠲᠠᠶ ᠲᠡᠭᠦᠰᠦᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ


ᠰᠦᠷ ᠳᠠᠯᠠᠢᠴᠠᠲᠠᠶ ᠳᠣᠷᠣᠨ᠎ᠠ᠎ᠶ᠋ᠢᠨ ᠰᠠᠯᠬᠢᠨ᠎ᠢ ᠬᠦᠯᠦᠬᠯᠡᠵᠥ᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠨ᠎ᠠ; ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ᠂ ᠳᠠᠷᠪᠠᠭᠤᠯ ᠬᠡᠢᠰᠭᠡᠨ ᠡᠷᠡᠮᠡᠬᠡᠢᠯᠡᠨ ᠤᠷᠤᠭ᠍ᠰᠢᠯᠠᠨᠠᠮ᠃ 3 ᠰᠠᠷ᠎ᠠ᠎ᠶ᠋ᠢᠨ 13 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠳᠠᠭᠤᠰᠭᠠᠵᠤ᠂ ᠪᠡᠭᠡᠵᠢᠩ᠎ᠳᠦ ᠠᠮᠵᠢᠯᠲᠠ᠎ᠲᠠᠶ ᠲᠡᠭᠦᠰᠪᠡ᠃ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠠᠷᠠᠳ ᠲᠦᠮᠡᠨ᠎ᠦ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠦᠯ ᠦᠭᠡᠢ᠎ᠪᠡᠷ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠨ᠂ ᠬᠤᠷᠠᠯ᠎ᠤᠨ ᠡᠯ᠎ᠡ ᠵᠦᠢᠯ᠎ᠦᠨ ᠦᠷ᠎ᠡ ᠪᠦᠲᠦᠭᠡᠯ ᠨᠢ ᠨᠠᠮ᠎ᠤᠨ ᠵᠣᠷᠢᠯᠲᠠ ᠪᠠ ᠠᠷᠠᠳ ᠲᠦᠮᠡᠨ᠎ᠦ ᠬᠦᠰᠡᠯ ᠵᠣᠷᠢᠭ᠎ᠤᠨ ᠨᠢᠭᠡᠳᠦᠯ᠎ᠢ ᠭᠦᠢᠴᠡᠳ ᠢᠯᠡᠷᠡᠭᠦᠯᠵᠡᠢ᠃ ᠪᠢᠳᠡ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ᠎ᠲᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠦ᠍ ᠂ ᠶᠡᠬᠡ ᠬᠤᠷᠠᠯ᠎ᠤᠨ ᠢᠯᠠᠯᠳᠠ ᠣᠯᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ !

ᠡᠨᠡ ᠤᠳᠠᠭ᠎ᠠ ᠵᠢᠨ ᠶᠡᠬᠡ ᠬᠤᠷᠠᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶ᠋ᠢᠨ ᠵᠢᠯ᠎ᠳᠦ ᠬᠤᠷᠠᠯᠳᠤᠭᠤᠯᠤᠭ᠍ᠰᠠᠨ ᠨᠢᠭᠡ ᠤᠳᠠᠭᠠᠨ᠎ᠤ ᠴᠢᠬᠤᠯᠠ ᠬᠤᠷᠠᠯ ᠮᠥᠨ᠂ ᠠᠷᠠᠳᠴᠢᠯᠠᠯ᠎ᠲᠠᠶ᠂ ᠪᠦᠯᠬᠦᠮᠳᠡᠯ᠎ᠲᠡᠶ᠂ ᠦᠨᠡᠨ᠎ᠢ ᠪᠠᠷᠢᠮᠲᠠᠯᠠᠭ᠍ᠰᠠᠨ᠂ ᠡᠷᠡᠯᠬᠡᠭ᠌ᠯᠡᠨ ᠤᠷᠤᠭ᠍ᠰᠢᠯᠠᠭ᠍ᠰᠠᠨ ᠨᠢᠭᠡ ᠤᠳᠠᠭᠠᠨ᠎ᠤ ᠶᠡᠬᠡ ᠬᠤᠷᠠᠯ ᠮᠥᠨ᠃ ᠶᠡᠬᠡ ᠬᠤᠷᠠᠯ ᠡᠴᠡ ᠥᠩᠭᠡᠷᠡᠭ᠌ᠰᠡᠨ ᠲᠠᠪᠤᠨ ᠵᠢᠯ᠎ᠦᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠣᠯᠤᠭ᠍ᠰᠠᠨ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠴᠢᠬᠤᠯᠠ ᠶᠡᠬᠡ ᠠᠮᠵᠢᠯᠲᠠ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ ᠲᠥᠯᠥᠭᠡᠯᠡᠭ᠌ᠴᠢᠳ ᠡᠴᠡ ᠡᠨᠡ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠶ᠋ᠢᠨ ᠦᠷ᠎ᠡ ᠳ᠋ᠦᠩ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠦᠨ ᠭᠡᠵᠦ᠍ ᠰᠠᠨᠠᠯ ᠨᠢᠭᠡᠲᠡᠢ ᠦᠵᠡᠵᠡᠭᠡᠪᠡ᠃ ᠶᠡᠬᠡ ᠬᠤᠷᠠᠯ᠎ᠡᠴᠡ ᠰᠣᠩᠭᠣᠨ ᠲᠣᠭ᠍ᠲᠠᠭᠠᠭ᠍ᠰᠠᠨ ᠱᠢᠨ᠎ᠡ ᠨᠢᠭᠡ ᠬᠤᠭᠤᠴᠠᠭᠠᠨ᠎ᠤ ᠲᠦᠷᠦ᠍᠎ᠶ᠋ᠢᠨ ᠪᠠᠢᠭᠤᠯᠤᠮᠵᠢ᠎ᠶ᠋ᠢᠨ ᠤᠳᠤᠷᠢᠳᠭᠤ ᠬᠥᠮᠦᠰ᠎ᠦᠨ ᠪᠦᠲᠦᠴᠡ ᠨᠡᠩ ᠱᠢᠯᠢᠳᠡᠭ᠌ᠵᠢᠵᠦ᠍᠂ ᠠᠮᠢᠵᠢᠷᠠᠯ᠎ᠤᠨ ᠬᠦᠴᠦᠨ ᠨᠡᠩ ᠴᠢᠩᠭᠠᠷᠠᠵᠤ᠂ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠳᠦ ᠴᠢᠬᠤᠯᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠪᠠ᠃ ᠶᠡᠬᠡ ᠬᠤᠷᠠᠯ ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠪᠤᠰᠤᠳ ᠡᠯ᠎ᠡ ᠵᠦᠢᠯ᠎ᠦᠨ ᠴᠢᠬᠤᠯᠠ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠪᠡ᠃ ᠲᠥᠯᠥᠭᠡᠯᠡᠭ᠌ᠴᠢᠳ ᠡᠴᠡ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠵᠦ᠍᠂ ᠡᠨᠡ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠢ ᠱᠠᠭᠠᠷᠳᠠᠯᠭ᠎ᠠ᠂ ᠭᠣᠣᠯ ᠵᠢᠱ᠌ᠢᠭ᠌ᠰᠡᠨ ᠬᠠᠷᠠᠯᠲᠠ ᠪᠣᠯᠤᠨ ᠠᠵᠢᠯ᠎ᠤᠨ ᠭᠣᠣᠯᠳᠠᠯᠭ᠎ᠠ᠎ᠶ᠋ᠢ ᠲᠣᠳᠣᠷᠬᠠᠢᠯᠠᠪᠠ᠂ ᠡᠨᠡ ᠪᠣᠯ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠵᠠᠮ ᠨᠡᠭᠡᠭᠡᠨ ᠤᠷᠤᠭ᠍ᠰᠢᠯᠠᠭ᠍ᠰᠠᠨ᠂ ᠪᠦᠯᠬᠦᠮᠳᠡᠨ ᠡᠷᠴᠢ ᠵᠣᠷᠢᠭ᠎ᠢᠶᠠᠨ ᠬᠥᠪᠴᠢᠯᠡᠭ᠌ᠰᠡᠨ ᠰᠠᠢ᠌ᠨ ᠢᠯᠡᠳᠭᠡᠯ ᠪᠣᠯᠤᠨ᠎ᠠ᠃ ᠶᠡᠬᠡ ᠬᠤᠷᠠᠯ᠎ᠡᠴᠡ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠢ ᠬᠢᠨᠠᠨ ᠵᠥᠪᠯᠡᠵᠦ᠍ ᠪᠠᠲᠤᠯᠠᠭ᠍ᠰᠠᠨ ᠨᠢ ᠱᠢᠨ᠎ᠡ ᠴᠠᠭ ᠦᠶ᠎ᠡ᠎ᠳᠦ ᠬᠠᠤᠯᠢ ᠲᠣᠭ᠍ᠲᠠᠭᠠᠬᠤ ᠠᠵᠢᠯ᠎ᠳᠠᠬᠢ ᠨᠠᠮ ᠤ᠋ᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠬᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠠᠷᠢᠮᠲᠠᠯᠠᠨ ᠬᠥᠭ᠌ᠵᠢᠭᠦᠯᠬᠦ᠌᠂ ᠬᠠᠤᠯᠢ ᠲᠣᠭ᠍ᠲᠠᠭᠠᠬᠤ ᠠᠵᠢᠯ᠎ᠢ ᠴᠢᠩᠭᠠᠳᠭᠠᠨ ᠰᠠᠢᠵᠢᠷᠠᠭᠤᠯᠬᠤ᠂ ᠦᠨᠳᠦᠰᠦᠨ ᠬᠠᠤᠯᠢ᠎ᠪᠠᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌᠂ ᠬᠠᠤᠯᠢᠵᠢᠯ᠎ᠤᠨ ᠦᠨᠳᠦᠰᠦ᠎ᠶ᠋ᠢ ᠪᠡᠬᠢᠵᠢᠭᠦᠯᠬᠦ᠌᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠬᠡᠳᠤ᠎ᠳᠦ ᠠᠱᠢᠭ᠍ᠲᠠᠢ ᠪᠠᠢᠬᠤ ᠪᠠᠲᠤᠯᠠᠭ᠎ᠠ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ᠎ᠳᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠶᠡᠬᠡ ᠬᠤᠷᠠᠯ᠎ᠡᠴᠡ ᠬᠢᠨᠠᠨ ᠵᠥᠪᠯᠡᠵᠦ᠍ ᠵᠥᠪᠱᠢᠶᠡᠷᠡᠭ᠌ᠰᠡᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠲᠥᠰᠦᠯ ᠨᠢ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ᠎ᠶ᠋ᠢ ᠬᠤᠪᠢᠷᠠᠭᠤᠯᠬᠤ᠂ ᠬᠠᠤᠯᠢᠵᠢᠯ᠎ᠤᠨ ᠵᠠᠰᠠᠭ᠎ᠤᠨ ᠣᠷᠳᠣᠨ᠎ᠢ ᠲᠦᠷᠭᠡᠳᠭᠡᠨ ᠪᠠᠢᠭᠤᠯᠬᠤ᠎ᠪᠠᠷ ᠭᠣᠣᠯ ᠪᠤᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠂᠎ᠳ᠋ᠠᠢᠲ᠋ᠠ ᠶ᠋ᠢᠨ ᠬᠠᠮᠢᠶᠠᠷᠤᠯᠲᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠂ ᠦᠳᠡᠭᠦᠰ᠎ᠤᠨ ᠠᠵᠢᠯ ᠵᠡᠷᠭᠡ ᠭᠣᠣᠯᠳᠠᠯᠭ᠎ᠠ᠎ᠲᠠᠶ ᠬᠦᠷᠢᠶᠡᠨ᠎ᠦ ᠪᠠᠢᠭᠤᠯᠤᠮᠵᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠱᠢᠯᠢᠳᠡᠭ᠌ᠵᠢᠭᠦᠯᠦᠨ ᠲᠤᠬᠢᠷᠠᠭᠤᠯᠬᠤ᠎ᠶ᠋ᠢ ᠭᠣᠣᠯᠳᠠᠯᠭ᠎ᠠ᠎ᠲᠠᠶ ᠴᠢᠩᠭᠠᠳᠭᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠬᠦᠴᠦᠲᠡᠢ ᠪᠠᠲᠤᠯᠠᠭ᠎ᠠ ᠬᠠᠩᠭᠠᠬᠤ ᠨᠢ ᠯᠠᠪᠲᠠᠢ ᠭᠡᠵᠤ ᠰᠠᠨᠠᠯ ᠨᠢᠭᠡᠳᠠᠢ ᠦᠵᠡᠵᠡᠭᠡᠪᠡ᠃

《ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠳᠤᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠪᠤᠤᠬᠢᠶ᠎ᠠ᠂ ᠲᠡᠤᠭᠡᠳᠤ ᠴᠢᠨᠠᠷᠳᠠᠢ ᠪᠡᠷ ᠮᠠᠨ᠎ᠤ ᠡᠨᠡ ᠨᠢᠭᠡ ᠦᠶ᠎ᠡ᠎ᠶ᠋ᠢᠨ ᠬᠥᠮᠦᠰ᠎ᠦᠨ ᠮᠦᠷᠤᠨ ᠲᠡᠭᠡᠷ᠎ᠠ ᠲᠠᠯᠪᠢᠭ᠍ᠳᠠᠪᠠ》᠃ ᠲᠡᠭᠦᠰᠭᠦ ᠬᠤᠷᠠᠯ ᠳᠡᠭᠡᠷ᠎ᠡ᠂ ᠲᠡᠷᠢᠭᠦᠯᠡᠭ᠌ᠴᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ᠎ᠦ ᠭᠤᠤᠯ ᠡᠭᠦᠷᠭᠡ᠎ᠶ᠋ᠢ ᠭᠦᠨᠵᠡᠭᠡᠶ ᠲᠣᠳᠣᠷᠬᠠᠢᠯᠠᠵᠤ᠂ ᠤᠯᠤᠰ ᠵᠢᠡᠨ ᠬᠦᠴᠦᠷᠭᠡᠭᠵᠢᠬᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠱᠢᠨ᠎ᠡ ᠠᠶᠠᠨ ᠳ᠋ᠤ ᠠᠨᠭᠬᠠᠷᠤᠯ ᠵᠢᠡᠨ ᠬᠠᠨᠳᠤᠭᠤᠯᠵᠤ᠂ ᠪᠢᠳᠡ ᠴᠢᠨᠠᠷ ᠰᠠᠢᠲᠠᠶ ᠬᠥᠭ᠌ᠵᠢᠯᠲᠡ᠎ᠶ᠋ᠢ ᠡᠷᠡᠰ ᠭᠤᠢᠪᠢᠰᠢ ᠥᠬᠡᠶ ᠠᠬᠢᠭᠤᠯᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠤ᠂ 《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》ᠦᠢᠯᠡᠳᠦᠯᠭᠡ ᠪᠠ ᠡᠬᠡ ᠣᠷᠣᠨ᠎ᠢᠶᠠᠨ ᠨᠢᠭᠡᠳᠭᠡᠬᠦ᠌ ᠶᠡᠬᠡ ᠦᠢᠯᠡᠰ᠎ᠢ ᠯᠠᠪᠳᠠᠭᠤᠨ ᠪᠠᠲᠤᠲᠠᠢ ᠠᠬᠢᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠴᠢᠷᠮᠠᠢᠨ ᠠᠬᠢᠭᠤᠯᠬᠤ ᠵᠢ ᠴᠢᠬᠤᠯᠠᠴᠢᠯᠠᠵᠤ᠂ 《ᠤᠯᠤᠰ ᠵᠢᠡᠨ ᠬᠦᠴᠦᠷᠭᠡᠭᠵᠢᠬᠦᠯᠬᠦ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠳ᠋ᠤ᠂ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠪᠠᠢᠭᠤᠯᠤᠯᠳᠠ᠎ᠶ᠋ᠢ ᠦᠨᠡᠨ ᠬᠦ᠌ ᠴᠢᠩᠭᠠᠳᠭᠠᠬᠤ ᠬᠡᠷᠡᠭ᠌ᠲᠡᠢ》 ᠭᠡᠵᠤ ᠬᠦᠨᠵᠡᠭᠡᠢ ᠵᠢᠭᠠᠨ ᠭᠠᠷᠭᠠᠵᠤ᠂ 《ᠪᠢᠳᠡ ᠥᠷᠯᠥᠭᠡ ᠦᠳᠡᠰᠢ᠎ᠶ᠋ᠢ ᠲᠡᠮᠡᠴᠡᠵᠤ᠂ ᠲᠡᠦᠬᠡ᠎ᠶ᠋ᠢᠨ ᠢᠲᠡᠭᠡᠯ᠎ᠢᠶᠡᠨ ᠪᠠᠲᠤᠳᠭᠠᠵᠤ᠂ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠴᠢᠩᠭᠠᠳᠭᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠤ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠵᠣᠷᠢᠭ᠍ᠲᠠᠶ᠎ᠪᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠤᠯᠤᠰ ᠵᠢᠡᠨ ᠬᠦᠴᠤᠷᠭᠡᠭᠵᠢᠬᠦᠯᠬᠦ ᠪᠦᠳᠦᠭᠡᠨ ᠪᠠᠢᠭᠤᠯᠤᠯᠳᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ ᠲᠤ᠌ ᠬᠤᠪᠢ ᠨᠡᠮᠡᠷᠢ᠎ᠪᠡᠨ ᠦᠵᠡᠭᠦᠯᠵᠤ᠂ ᠦᠨᠭ᠌ᠭᠡ ᠭᠡᠷᠡᠯ ᠨᠡᠮᠡᠷᠢᠯᠡᠬᠦ᠌ ᠭᠡᠷᠡᠭᠳᠠᠢ!》ᠭᠡᠵᠤ ᠴᠢᠬᠤᠯᠠᠴᠢᠯᠠᠪᠠ᠃ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠠᠷᠠᠳ ᠲᠦᠮᠡᠨ᠎ᠦ ᠵᠣᠭ᠍ᠰᠣᠯᠲᠠ᠎ᠶ᠋ᠢ ᠪᠠᠲᠤ ᠰᠠᠬᠢᠵᠤ᠂ ᠲᠡᠦᠬᠡ᠎ᠶ᠋ᠢᠨ ᠢᠲᠡᠭᠡᠯ᠎ᠢ ᠪᠠᠲᠤᠳᠭᠠᠵᠤ᠂ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠍᠂ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠵᠢᠭᠠᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠵᠣᠷᠢᠭ᠍ᠵᠢᠭᠤᠯᠤᠨ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠱᠢᠨ᠎ᠡ ᠠᠶᠠᠨ᠎ᠳᠤ ᠤᠮᠤᠭ ᠵᠤᠷᠢᠭ ᠪᠠᠳᠠᠷᠠᠨᠭᠭᠤᠢ ᠪᠡᠷ ᠡᠷᠡᠯᠭᠡᠭᠯᠡᠨ ᠴᠢᠷᠮᠠᠢᠯᠭᠠᠵᠤ ᠂ ᠵᠤᠷᠢᠬᠳᠠᠢ ᠤᠷᠤᠬᠰᠢᠯᠠᠭᠤᠯᠬᠤ  ᠨᠢ  ᠯᠠᠪᠳᠠᠢ᠃

ᠪᠠᠢᠭᠤᠯᠤᠯ ᠲᠣᠭ᠍ᠲᠠᠭᠤᠨ ᠪᠣᠯ ᠤᠯᠤᠰ ᠣᠷᠣᠨ ᠲᠣᠭ᠍ᠲᠠᠭᠤᠨ᠂ ᠪᠠᠢᠭᠤᠯᠤᠯ ᠴᠢᠩᠭ᠎ᠠ ᠪᠣᠯ ᠤᠯᠤᠰ ᠣᠷᠣᠨ ᠬᠦᠴᠦᠷᠬᠡᠭ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠲᠤᠬᠢᠷᠠᠭᠤᠯᠤᠯᠳᠠ ᠮᠥᠨ᠂ ᠮᠠᠨ᠎ᠤ ᠤᠯᠤᠰ᠎ᠤᠨ ᠤᠯᠤᠰ᠎ᠤᠨ ᠪᠠᠢᠳᠠᠯ ᠪᠠ ᠪᠣᠳᠠᠲᠤ ᠪᠠᠢᠳᠠᠯ᠎ᠲᠠᠶ ᠨᠡᠢᠴᠡᠬᠦ᠌᠂ ᠨᠡᠢᠭᠡᠮ ᠵᠢᠷᠤᠮᠲᠤ ᠤᠯᠤᠰ᠎ᠤᠨ ᠱᠢᠨᠵᠢ ᠴᠢᠨᠠᠷ᠎ᠢ ᠢᠯᠡᠷᠡᠭᠦᠯᠬᠦ᠌᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢ ᠪᠠᠲᠤᠯᠠᠬᠤ ᠰᠠᠢ᠌ᠨ ᠪᠠᠢᠭᠤᠯᠤᠯ ᠮᠥᠨ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠪᠡ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ᠂ ᠪᠢᠳᠡ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠡᠷᠡᠰ ᠭᠤᠢᠪᠢᠰᠢ ᠦᠭᠡᠢ ᠪᠠᠷᠢᠮᠲᠠᠯᠠᠵᠤ᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ ᠲᠡᠭᠦᠯᠳᠡᠷᠵᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠤᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠦᠷᠭᠦᠯᠵᠢᠯᠡᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢᠶᠠᠷ ᠳᠠᠮᠵᠢᠭᠤᠯᠤᠨ ᠤᠯᠤᠰ ᠣᠷᠣᠨ ᠪᠠ ᠦᠨᠳᠦᠰᠦᠲᠡᠨ᠎ᠦ ᠢᠷᠡᠭᠡᠳᠦᠢ ᠬᠤᠪᠢ ᠵᠠᠶᠠᠭ᠎ᠠ᠎ᠶ᠋ᠢ ᠠᠷᠠᠳ ᠲᠦᠮᠡᠨ᠎ᠦ ᠭᠠᠷ᠎ᠲᠤ ᠪᠠᠲᠤ ᠡᠵᠡᠮᠱᠢᠭᠦᠯᠵᠦ᠍᠂ ᠡᠯ᠎ᠡ ᠲᠠᠯ᠎ᠠ᠎ᠶ᠋ᠢᠨ ᠤᠶᠤᠨ ᠤᠬᠠᠭᠠᠨ ᠪᠠ ᠬᠦᠴᠦᠨ ᠴᠢᠳᠠᠯ᠎ᠢ ᠨᠠᠮ ᠪᠠ ᠠᠷᠠᠳ ᠲᠦᠮᠡᠨ᠎ᠦ ᠦᠢᠯᠡᠰ᠎ᠲᠦ ᠨᠡᠩ ᠰᠠᠢ᠌ᠨ ᠨᠢᠭ᠍ᠲᠠᠷᠠᠭᠤᠯᠬᠤ ᠬᠡᠷᠡᠭ᠌ᠲᠡᠢ᠃

ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠵᠤ᠂ ᠱᠢᠨ᠎ᠡ ᠴᠠᠭ ᠦᠶ᠎ᠡ ᠱᠢᠨ᠎ᠡ ᠠᠶᠠᠨ ᠳ᠋ᠠᠬᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠲᠣᠳᠣᠷᠬᠠᠢᠯᠠᠪᠠ᠃ ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠮᠠᠨ᠎ᠤ ᠤᠯᠤᠰ᠎ᠤᠨ ᠬᠥᠭ᠌ᠵᠢᠯᠲᠡ᠎ᠳᠦ ᠱᠢᠨ᠎ᠡ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ᠂ ᠱᠢᠨ᠎ᠡ ᠪᠠᠢᠯᠳᠤᠬᠤ ᠪᠤᠳᠤᠯᠭ᠎ᠠ᠎ᠶ᠋ᠢᠨ ᠡᠭᠦᠷᠭᠡ᠂ ᠱᠢᠨ᠎ᠡ ᠪᠠᠢᠯᠳᠤᠬᠤ ᠪᠤᠳᠤᠯᠭ᠎ᠠ᠎ᠶ᠋ᠢᠨ ᠱᠠᠳᠤ ᠦᠶ᠎ᠡ᠂ ᠱᠢᠨ᠎ᠡ ᠪᠠᠢᠯᠳᠤᠬᠤ ᠪᠤᠳᠤᠯᠭ᠎ᠠ᠎ᠶ᠋ᠢᠨ ᠱᠠᠭᠠᠷᠳᠠᠯᠭ᠎ᠠ᠂ ᠱᠢᠨ᠎ᠡ ᠪᠠᠢᠯᠳᠤᠬᠤ ᠪᠤᠳᠤᠯᠭ᠎ᠠ᠎ᠶ᠋ᠢᠨ ᠣᠷᠴᠢᠨ ᠨᠦᠬᠦᠴᠡᠯ ᠲᠤᠯᠭᠠᠷᠠᠵᠤ ᠪᠠᠢᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠪᠣᠯ ᠤᠷᠢᠳᠤ ᠡᠮᠦᠨ᠎ᠡ ᠪᠠᠢᠭ᠎ᠠ ᠦᠭᠡᠢ ᠡᠭᠦᠳᠦᠯᠲᠡ᠎ᠶ᠋ᠢᠨ ᠴᠢᠨᠠᠷᠲᠠᠢ ᠦᠢᠯᠡᠰ ᠮᠥᠨ᠂ ᠡᠯ᠎ᠡ ᠵᠦᠢᠯ᠎ᠦᠨ ᠲᠥᠰᠦᠭᠡᠯᠡᠵᠦ᠍ ᠪᠣᠯᠬᠤ ᠪᠠ ᠲᠥᠰᠦᠭᠡᠯᠡᠬᠦᠶ᠎ᠡ ᠪᠡᠷᠬᠡ ᠠᠶᠤᠯ ᠲᠦᠭ᠌ᠰᠢᠭᠦᠷᠢ ᠥᠷᠢᠰᠥᠯᠳᠦᠭᠡᠨ᠂ ᠬᠦᠴᠢᠷ ᠪᠡᠷᠬᠡᠱᠢᠶᠡᠯ ᠬᠠᠷᠰᠢ ᠰᠠᠭᠠᠳ ᠴᠢᠨᠠᠭ᠍ᠰᠢᠯᠠᠪᠠᠯ ᠲᠤᠬ᠍ᠰᠢᠨ ᠳᠠᠪᠠᠯᠭᠠᠨ ᠱᠢᠷᠦᠭᠦᠨ ᠰᠠᠯᠬᠢᠨ ᠎ᠳ᠋ᠤ ᠤᠴᠠᠷᠠᠬᠤ ᠨᠢ ᠵᠠᠢᠯᠠᠰᠢ ᠦᠭᠡᠢ ᠶᠤᠮ᠃ ᠪᠦᠯᠬᠦᠮᠳᠡᠯ ᠪᠣᠯ ᠬᠦᠴᠦᠨ ᠮᠥᠨ᠂ ᠲᠡᠮᠡᠴᠡᠯ ᠢᠷᠡᠭᠡᠳᠦᠢ᠎ᠶ᠋ᠢ ᠴᠣᠭ᠍ᠴᠠᠯᠠᠨ᠎ᠠ᠃ ᠳᠡᠯᠡᠬᠡᠢ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠣᠷᠴᠢᠨ ᠨᠥᠬᠥᠴᠡᠯ᠎ᠳᠦ ᠭᠠᠷᠤᠭ᠍ᠰᠠᠨ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ᠎ᠶ᠋ᠢᠨ ᠡᠮᠦᠨ᠎ᠡ᠂ ᠪᠢᠳᠡ ᠪᠠᠢᠯᠳᠤᠬᠤ ᠪᠣᠳᠣᠯᠭ᠎ᠠ᠎ᠶ᠋ᠢᠨ ᠰᠡᠷᠭᠡᠭ ᠴᠢᠨᠡᠷ᠂ ᠪᠠᠢᠯᠳᠤᠬᠤ ᠪᠣᠳᠣᠯᠭ᠎ᠠ᠎ᠶ᠋ᠢᠨ ᠢᠲᠡᠭᠡᠯ ᠂ ᠪᠠᠢᠯᠳᠤᠬᠤ ᠪᠣᠳᠣᠯᠭ᠎ᠠ᠎ᠶ᠋ᠢᠨ ᠰᠠᠨᠠᠭᠠᠴᠢᠯᠠᠭᠠᠲᠤ ᠴᠢᠨᠠᠷ᠎ᠢᠶᠠᠨ ᠪᠠᠲᠤᠯᠠᠵᠤ᠂ ᠵᠠᠪᠠᠯ ᠢᠯᠠᠬᠤ ᠢᠲᠡᠭᠡᠯ ᠵᠣᠷᠢᠭ᠎ᠢᠶᠠᠨ ᠪᠠᠲᠤᠳᠭᠠᠵᠤ᠂ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ᠎ᠢ ᠠᠮᠵᠢᠨ᠂ ᠱᠢᠯᠭᠠᠯᠲᠠ᠎ᠶ᠋ᠢ ᠯᠠᠪᠳᠠᠭᠤᠨ᠎ᠢᠶᠠᠷ ᠠᠷᠭᠠᠴᠠᠭᠠᠵᠤ᠂  ᠬᠠᠷᠰᠢ ᠰᠠᠭᠠᠳ᠎ᠢ ᠦᠷᠭᠦᠯᠵᠢᠯᠡᠨ ᠢᠯᠠᠨ ᠳᠠᠪᠠᠵᠤ᠂ ᠨᠢᠭᠡᠨᠲᠡ ᠲᠣᠭ᠍ᠲᠠᠭᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ ᠲᠡᠢᠰᠢ ᠤᠷᠤᠭ᠍ᠰᠢᠯᠠᠵᠤ᠂ ᠯᠠᠪᠳᠠᠭᠤᠨ ᠲᠣᠭ᠍ᠲᠠᠭᠤᠨ ᠪᠠᠢᠵᠤ᠂ ᠲᠤᠭᠳᠠᠯ ᠬᠦᠴᠦᠨ᠎ᠢᠶᠡᠨ ᠪᠠᠲᠤᠯᠠᠵᠤ᠂ ᠲᠣᠭ᠍ᠲᠠᠭᠤᠨ ᠤ᠋ ᠲᠤᠮᠳᠠ ᠤᠷᠤᠭ᠍ᠰᠢᠯᠠᠨ ᠲᠠᠪᠱᠢᠵᠥ᠍᠂ ᠢᠳᠡᠪᠬᠢᠲᠡᠢ ᠵᠢᠳᠭᠦᠯ ᠴᠢᠷᠮᠠᠢ᠌ᠯᠭ᠎ᠠ ᠭᠠᠷᠭᠠᠵᠤ᠂ ᠪᠦᠯᠬᠦᠮᠳᠡᠨ ᠨᠢᠭᠡᠳᠴᠦ᠍᠂ ᠵᠣᠷᠢᠭ᠍ᠲᠠᠢ ᠲᠡᠮᠡᠴᠡᠵᠦ᠍᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠵᠥ᠍᠂ ᠤᠯᠠᠨ᠎ᠤ ᠵᠤᠷᠢᠭ᠎ᠢ ᠨᠢᠭᠡᠳᠭᠡᠵᠦ᠂ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠴᠦ᠍᠂ ᠨᠠᠩ ᠶᠡᠬᠡ ᠱᠢᠨ᠎ᠡ ᠢᠯᠠᠯᠲᠠ᠎ᠶ᠋ᠢ ᠲᠠᠰᠣᠷᠠᠯᠳᠠ ᠥᠭᠡᠢ ᠲᠡᠮᠡᠴᠡᠨ ᠣᠯᠬᠣ ᠬᠡᠷᠡᠭ᠌ᠲᠡᠢ᠃

ᠡᠨᠡ ᠵᠢᠯ ᠪᠣᠯ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠤᠷᠢᠶ᠎ᠠ ᠵᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠩᠬᠠᠨ᠎ᠤ ᠵᠢᠯ ᠪᠣᠯᠤᠨ᠎ᠠ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠵᠢ ᠪᠠᠷᠢᠮᠳᠠᠯᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠎ᠵᠢ ᠪᠠᠷᠢᠮᠳᠠᠯᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠠ᠂ ᠰᠠᠢᠲᠤᠷ ᠲᠡᠭᠦᠯᠳᠡᠷᠵᠢᠭᠦᠯᠦᠨ᠂ ᠰᠠᠢᠲᠤᠷ ᠬᠡᠷᠡᠭ᠌ᠵᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠯᠠᠪᠳᠠᠭᠤᠨ᠎ᠢᠶᠠᠷ ᠲᠦᠯᠬᠢᠨ ᠠᠬᠢᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠦ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠠᠬᠢ ᠨᠠᠮ ᠪᠣᠯᠤᠨ ᠤᠯᠤᠰ᠎ᠤᠨ ᠭᠣᠣᠯ ᠡᠭᠦᠷᠭᠡ᠎ᠶ᠋ᠢᠨ ᠲᠣᠭᠣᠷᠢᠨ᠎ᠳᠤ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠂ ᠡᠭᠦᠷᠭᠡ ᠬᠠᠷᠢᠭᠤᠴᠠᠯᠭ᠎ᠠ᠎ᠪᠠᠨ ᠰᠠᠢᠳᠤᠷ ᠭᠦᠢᠴᠡᠳᠭᠡᠵᠦ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠳᠤ ᠰᠠᠢᠨ ᠡᠬᠢᠯᠡᠯᠲᠡ᠎ᠲᠡᠶ ᠪᠣᠯᠭᠠᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠬᠦ᠌ ᠬᠡᠷᠡᠭ᠌ᠲᠡᠶ᠃ ᠱᠢᠨ᠎ᠡ ᠨᠢᠭᠡ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠢ᠎ᠠ ᠯᠠᠪᠲᠠᠢ ᠱᠢᠨ᠎ᠡ ᠴᠠᠭ ᠦᠶ᠎ᠡ᠎ᠡᠴᠡ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠤ ᠣᠯᠭᠣᠭ᠍ᠰᠠᠨ ᠲᠡᠦᠬᠡᠲᠦ ᠡᠭᠦᠷᠭᠡ᠎ᠶ᠋ᠢ ᠡᠭᠦᠷᠭᠡᠯᠡᠵᠦ᠍᠂ ᠵᠠᠮ ᠨᠡᠭᠡᠭᠡᠨ ᠤᠷᠤᠭ᠍ᠰᠢᠯᠠᠵᠤ᠂  ᠡᠷᠡᠮᠡᠬᠡᠢᠯᠡᠨ ᠲᠡᠮᠡᠴᠡᠵᠦ ᠵᠢᠳᠭᠦᠯ ᠭᠠᠷᠭᠠᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠦᠨ᠎ᠡ ᠭᠡᠳᠡᠭ᠎ᠢ ᠪᠢᠳᠡ ᠢᠲᠡᠭᠡᠵᠦ᠍ ᠪᠠᠢᠨ᠎ᠠ᠃

ᠱᠢᠨ᠎ᠡ ᠠᠶᠠᠨ᠎ᠳᠤ ᠡᠷᠡᠮᠡᠬᠡᠢᠯᠡᠨ ᠴᠢᠷᠮᠠᠢᠵᠥ᠂ ᠰᠡᠷᠭᠦᠨ ᠮᠠᠨᠳᠤᠯᠲᠠ ᠵᠦᠭ ᠡᠷᠡᠯᠬᠡᠭᠯᠡᠨ ᠤᠷᠤᠬᠰᠢᠯᠠᠨ᠎ᠠ᠃ ᠥᠨᠥᠳᠦᠷ ᠲᠦᠭ ᠲᠦᠮᠡᠨ ᠠᠷᠠᠳ ᠲᠦᠮᠡᠨ ᠡᠷᠴᠢ ᠵᠤᠷᠢᠭ᠎ᠵᠢᠡᠨ ᠬᠦᠪᠴᠢᠯᠡᠨ ᠪᠦᠯᠬᠦᠮᠳᠡᠨ ᠨᠢᠭᠡᠳᠴᠦ᠍ ᠢᠷᠠᠭᠤ ᠠᠯᠳᠠᠷ ᠪᠠ ᠬᠦᠰᠡᠯ ᠵᠡᠭᠦᠳᠦ᠍᠎ᠪᠡᠷ ᠪᠢᠯᠬᠠᠭ᠍ᠰᠠᠨ ᠱᠢᠨ᠎ᠡ ᠠᠶᠠᠨ ᠵᠠᠮ᠎ᠳᠤ ᠡᠷᠡᠯᠬᠡᠭ᠌ᠯᠡᠨ ᠤᠷᠤᠭ᠍ᠰᠢᠯᠠᠵᠤ ᠪᠠᠢᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠎ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠎ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠦᠪᠡᠷ᠎ᠢ ᠪᠠᠨ ᠢᠳᠡᠭᠡᠨ ᠥᠪᠡᠷ᠎ᠢ᠎ᠪᠡᠨ ᠬᠦᠴᠦᠷᠬᠡᠭ᠌ᠵᠢᠭᠦᠯᠵᠦ᠍᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠡᠷᠡᠮᠡᠬᠡᠢᠯᠡᠨ ᠤᠷᠤᠭ᠍ᠰᠢᠯᠠᠵᠤ ᠱᠢᠷᠭᠠᠭᠤ ᠲᠡᠮᠡᠴᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号