ᠵᠤᠸᠠᠩ ᠾᠧ ᠲᠥᠯᠥᠭᠡᠯᠡᠭ᠌ᠴᠢ ᠄ ᠴᠢᠨᠠᠷ ᠰᠠᠢᠲᠠᠶ ᠬᠥᠭ᠌ᠵᠢᠯᠲᠡ᠎ᠳᠦ ᠲᠡᠮᠦᠷ ᠵᠠᠮ᠎ᠤᠨ ᠬᠦᠴᠦᠨ ᠎ᠢ ᠨᠡᠮᠡᠷᠢᠯᠡᠨ᠎ᠡ
2023-03-14 11:26:50
ᠵᠣᠬᠢᠶᠠᠭ᠍ᠴᠢ᠄
ᠯᠢ ᠬᠠᠨ ᠮᠠ ᠵᠢᠶᠠᠨ ᠴᠢᠤᠸᠠᠨ
ᠣᠩᠱᠢᠭ᠍ᠰᠠᠨ ᠣᠳᠠᠭ᠎ᠠ᠄
★★★☆☆


QQ截图20230314112627.png


《ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ ᠬᠡᠵᠦ ᠴᠢᠬᠤᠯᠠᠴᠢᠯᠠᠪᠠ᠃ ᠱᠢᠨ᠎ᠡ ᠠᠶᠠᠨ ᠳ᠋ᠠᠭᠠᠨ᠂ ᠪᠢᠳᠡ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠦᠷ᠎ᠡ ᠪᠦᠲᠦᠮᠵᠢ᠎ᠪᠡᠷ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠰᠠᠢᠲᠤᠷ ᠪᠡᠶᠡᠯᠡᠭᠦᠯᠬᠦ᠌᠎ᠳᠦ  ᠲᠡᠮᠦᠷ  ᠵᠠᠮ᠎ᠤᠨ  ᠬᠦᠴᠦᠨ ᠎ᠢ  ᠨᠡᠮᠡᠷᠢᠯᠡᠨ᠎ᠡ》 ᠭᠡᠵᠦ᠍ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶ᠋ᠢᠨ ᠲᠣᠪᠴᠢᠶᠠᠨ᠎ᠤ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠵᠤᠸᠠᠩ ᠾᠧ ᠡᠷᠡᠰ ᠰᠢᠭᠤᠷᠬᠠᠢ ᠢᠯᠡᠳᠭᠡᠪᠡ᠃

ᠥᠪᠥᠷ ᠮᠣᠩᠭᠣᠯ᠎ᠤᠨ 《ᠬᠣᠶᠠᠷ ᠬᠠᠯᠬᠠᠪᠴᠢ》 ᠎ᠶ᠋ᠢᠨ ᠪᠥᠲᠥᠭᠡᠨ ᠪᠠᠢᠭᠤᠯᠤᠯᠲᠠ ᠳ᠋ᠤ ᠦᠢᠯᠡᠴᠢᠯᠡᠬᠦ ᠲᠠᠯ᠎ᠠ᠎ᠪᠠᠷ ᠵᠤᠸᠠᠩ ᠾᠧ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶ᠋ᠢᠨ ᠲᠣᠪᠴᠢᠶ᠎ᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ ᠲᠡᠮᠦᠷ ᠵᠠᠮ᠎ᠤᠨ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠵᠢᠨᠢᠩ — ᠳ᠋ᠠᠲ᠋ᠦ᠋ᠩ — ᠶᠤᠸᠠᠨ ᠫᠢᠩ᠂ ᠪᠤᠭᠤᠲᠤ — ᠢᠷᠭᠠᠶ᠎ᠶ᠋ᠢᠨ ᠲᠦᠷᠭᠡᠨ᠎ᠦ ᠲᠡᠮᠦᠷ ᠵᠠᠮ ᠪᠠ ᠲᠠᠢᠶᠤᠸᠠᠨ— ᠱᠢᠯᠢᠩᠬᠣᠲᠠ ᠵᠢᠨ ᠲᠡᠮᠦᠷ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠵᠢᠨᠢᠩ᠎ᠡᠴᠡ ᠲᠦᠩᠯᠢᠶᠣᠤ ᠬᠥᠷᠬᠥ᠌ ᠲᠡᠮᠦᠷ ᠵᠠᠮ᠎ᠤᠨ ᠴᠠᠬᠢᠯᠭᠠᠨᠵᠢᠭᠤᠯᠬᠤ ᠥᠭᠡᠷᠡᠴᠢᠯᠡᠯᠲᠡ᠎ᠶ᠋ᠢ ᠴᠢᠨᠠᠷ ᠰᠠᠢᠲᠠᠶ ᠠᠬᠢᠭᠤᠯᠵᠤ᠂ ᠳᠥᠭᠥᠮ ᠳᠥᠲᠡ ᠰᠠᠭᠠᠳ ᠦᠬᠡᠢ᠂ ᠬᠢᠮᠳᠠ ᠪᠥᠭᠡᠳ ᠥᠨᠳᠥᠷ ᠪᠦᠲᠦᠮᠵᠢᠲᠡᠶ᠂ ᠣᠶᠤᠨᠴᠢ ᠪᠣᠬᠢᠷᠲᠤᠯ ᠥᠬᠡᠶ᠂ ᠠᠮᠤᠷ ᠲᠦᠪᠱᠢᠨ ᠨᠠᠢᠳᠠᠪᠤᠷᠢᠲᠠᠶ ᠣᠲᠣ ᠦᠶ᠎ᠡ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠢ ᠪᠠᠢᠭᠤᠯᠤᠨ᠎ᠠ᠃

ᠡᠭᠦᠨ᠎ᠦ ᠬᠠᠮᠲᠤ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠍᠂ ᠲᠦᠷᠭᠡᠨ᠎ᠦ ᠲᠡᠮᠦᠷ ᠵᠠᠮ ᠪᠣᠯᠤᠨ ᠠᠶᠠᠨᠴᠢᠳ᠎ᠤᠨ ᠭᠠᠯᠲᠤ ᠲᠡᠷᠭᠡ᠎ᠶ᠋ᠢᠨ ᠠᠮᠤᠷ ᠲᠦᠪᠱᠢᠨ᠎ᠤ ᠲᠠᠯ᠎ᠠ ᠪᠠᠷ ᠥᠴᠦᠬᠡᠨ ᠴᠦ᠍ ᠤᠰᠤᠯᠳᠠᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠬᠤ ᠤᠯᠤᠰ ᠲᠦᠷᠦ᠍᠎ᠶ᠋ᠢᠨ ᠤᠯᠠᠭᠠᠨ ᠱᠤᠭᠤᠮ ᠪᠣᠯᠤᠨ ᠠᠵᠢᠯ ᠮᠡᠷᠭᠡᠵᠢᠯ᠎ᠦᠨ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠲᠡᠮᠦᠷ ᠵᠠᠮ᠎ᠤᠨ ᠠᠮᠤᠷ ᠲᠦᠪᠱᠢᠨ᠎ᠦ ᠰᠠᠭᠤᠷᠢ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠠᠮᠤᠷ ᠲᠦᠪᠱᠢᠨ᠎ᠦ ᠠᠶᠤᠯ ᠲᠦᠭ᠌ᠰᠢᠭᠦᠷᠢ ᠭᠡᠮ ᠰᠣᠭᠣᠭ᠎ᠢ ᠬᠠᠮᠢᠶᠠᠷᠤᠨ ᠡᠵᠡᠮᠳᠡᠬᠦ᠌ ᠪᠠ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠲᠡᠮᠦᠷ ᠵᠠᠮ᠎ᠤᠨ ᠠᠮᠤᠷ ᠲᠦᠪᠱᠢᠨ ᠦᠷᠭᠦᠯᠵᠢᠯᠡᠨ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠨ᠎ᠠ ᠭᠡᠵᠦ ᠢᠯᠡᠳᠭᠡᠪᠡ᠃

ᠵᠤᠸᠠᠩ ᠾᠧ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶ᠋ᠢᠨ ᠲᠣᠪᠴᠢᠶ᠎ᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ ᠥᠪᠥᠷ ᠮᠣᠩᠭᠣᠯ᠎ᠤᠨ 《ᠬᠣᠶᠠᠷ ᠰᠠᠭᠤᠷᠢᠨ》᠎ᠤ᠋ ᠪᠥᠲᠥᠭᠡᠨ ᠪᠠᠢᠭᠤᠯᠤᠯᠲᠠ᠎ᠳᠤ ᠦᠶ᠋ᠯᠡᠴᠢᠯᠡᠬᠦ᠌ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠲᠥᠪ᠎ᠦᠨ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢ ᠢᠳᠡᠪᠬᠢᠲᠡᠶ ᠴᠤᠤᠷᠢᠶᠠᠲᠤᠨ ᠳᠠᠭᠠᠵᠤ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦ᠂ ᠦᠶ᠋ᠯᠡᠳᠬᠦ᠌ ᠦᠶ᠋ᠯᠡᠰ ᠵᠡᠷᠭᠡ ᠠᠵᠤ ᠦᠶ᠋ᠯᠡᠰ᠎ᠦᠨ ᠪᠠᠢᠷᠢᠱᠢᠭᠤᠯᠤᠯᠲᠠ᠎ᠳᠤ ᠲᠣᠬᠢᠷᠠᠭᠤᠯᠤᠯᠲᠠ ᠬᠢᠬᠦ᠌ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠳᠠᠭᠠᠵᠤ᠂ ᠲᠠᠨᠭᠱᠠᠨ ᠡᠴᠡ ᠪᠤᠭᠤᠲᠤ ᠬᠦᠷᠬᠦ᠂ ᠬᠤᠯᠪᠤᠭᠠᠯᠵᠢ ᠡᠴᠡ ᠵᠢᠶ ᠠᠨ ᠬᠦᠷᠬᠦ ᠵᠡᠷᠭᠡ ᠨᠡᠭᠦᠷᠡᠰᠦ ᠲᠡᠭᠡᠭᠡᠪᠦᠷᠢᠯᠡᠬᠦ᠌ ᠵᠠᠮ᠎ᠤᠨ ᠴᠢᠳᠠᠪᠤᠷᠢ᠎ᠶ᠋ᠢ ᠭᠦᠶ᠋ᠴᠡᠳ ᠬᠡᠷᠡᠭ᠌ᠯᠡᠨ᠂ ᠪᠠᠷᠠᠭᠤᠨᠳᠠᠬᠢ ᠨᠡᠭᠦᠷᠡᠰᠦ᠎ᠶ᠋ᠢ ᠵᠡᠭᠦᠨᠰᠢ ᠲᠡᠭᠡᠭᠡᠪᠦᠷᠢᠯᠡᠬᠦ᠌᠂ ᠥᠪᠥᠷ ᠮᠣᠩᠭᠣᠯ᠎ᠤᠨ ᠨᠡᠭᠦᠷᠡᠰᠦ᠎ᠶ᠋ᠢ ᠡᠮᠦᠨᠡᠰᠢ ᠲᠡᠭᠡᠭᠡᠪᠦᠷᠢᠯᠡᠬᠦ᠎ᠶ᠋ᠢ ᠪᠥᠬᠥ᠌ ᠬᠦᠴᠦᠨ᠎ᠢᠶᠡᠷ᠎ᠢᠶᠡᠨ ᠵᠣᠬᠢᠶᠠᠨ ᠪᠠᠢᠭᠤᠯᠵᠤ᠂ ᠡᠨᠧᠷᠭᠢ᠎ᠶ᠋ᠢᠨ ᠲᠡᠭᠡᠭᠡᠪᠦᠷᠢ᠎ᠳᠡᠬᠢ ᠲᠡᠮᠦᠷ ᠵᠠᠮ᠎ᠤᠨ ᠭᠤᠤᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠵᠦ᠍᠂ ᠲᠡᠮᠦᠷ ᠵᠠᠮ᠎ᠤᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠪᠡ᠃ ᠡᠭᠦᠨ᠎ᠦ ᠬᠠᠮᠲᠤ᠂ ᠲᠡᠮᠦᠷ ᠵᠠᠮ᠎ᠤᠨ ᠲᠡᠭᠡᠭᠡᠪᠦᠷᠢ᠎ᠶ᠋ᠢᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠮᠤ ᠪᠤᠳᠠᠭ᠎ᠠ᠂ ᠬᠢᠮᠢ᠎ᠶ᠋ᠢᠨ ᠪᠣᠷᠲᠣᠭᠣᠷ᠂ ᠦᠨᠢᠶᠡᠨ ᠰᠦ ᠵᠡᠷᠭᠡ ᠭᠤᠤᠯᠳᠠᠯᠭ᠎ᠠ᠎ᠲᠠᠶ ᠮᠠᠯ᠎ᠤᠨ ᠠᠰᠢᠭ ᠰᠢᠮ᠎ᠠ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠡᠭᠡᠭᠡᠪᠦᠷᠢ᠎ᠶ᠋ᠢᠨ ᠦᠶ᠋ᠯᠡᠴᠢᠯᠡᠭᠡ ᠪᠠᠲᠤᠯᠠᠭ᠎ᠠ᠎ᠶ᠋ᠢᠨ ᠡᠷᠴᠢᠮ᠎ᠢ ᠴᠢᠩᠭᠠᠷᠠᠭᠤᠯᠵᠤ᠂ ᠲᠡᠮᠦᠷ ᠵᠠᠮ᠎ᠤᠨ ᠲᠡᠭᠡᠭᠡᠪᠦᠷᠢ᠎ᠶ᠋ᠢᠨ ᠦᠶ᠋ᠯᠡᠴᠢᠯᠡᠭᠡᠨ᠎ᠦ ᠲᠦᠭᠡᠮᠡᠯ ᠬᠠᠷᠠᠭᠠᠯᠵᠠᠯᠲᠤ ᠴᠢᠨᠠᠷ᠂ ᠲᠡᠩᠴᠡᠭᠦᠷᠢᠲᠦ ᠴᠢᠨᠠᠷ᠂ ᠪᠣᠯᠤᠮᠵᠢᠲᠤ ᠴᠢᠨᠠᠷ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ ᠭᠡᠵᠦ ᠲᠠᠨᠢᠯᠴᠠᠭᠤᠯᠪᠠ᠃

《ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠳᠦ ᠦᠶ᠋ᠯᠡᠴᠢᠯᠡᠬᠦ᠌᠎ᠳᠦ᠂ ᠪᠢᠳᠡ ᠤᠯᠤᠰ᠎ᠤᠨ 〈ᠨᠢᠭᠡ ᠪᠦᠰᠡ ᠨᠢᠭᠡ ᠵᠠᠮ〉 ᠎ᠤ᠋ᠨ ᠰᠠᠨᠠᠭᠠᠴᠢᠯᠠᠭ᠎ᠠ᠎ᠳᠤ ᠰᠠᠭᠤᠷᠢᠯᠠᠵᠤ᠂ ᠡᠷᠢᠶᠡᠨ᠎ᠦ ᠲᠡᠮᠦᠷ ᠵᠠᠮ᠎ᠤᠨ ᠪᠣᠭᠣᠮᠲᠠ᠎ᠶ᠋ᠢᠨ ᠱᠢᠨ᠎ᠡ᠎ᠪᠡᠷ ᠨᠡᠮᠡᠭ᠌ᠳᠡᠭ᠌ᠰᠡᠨ ᠲᠡᠭᠡᠭᠡᠪᠦᠷᠢ᠎ᠶ᠋ᠢᠨ ᠴᠢᠳᠠᠪᠤᠷᠢ᠎ᠶ᠋ᠢ ᠪᠠᠳᠠᠷᠠᠭᠤᠯᠵᠤ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢ ᠰᠠᠢᠲᠤᠷ ᠵᠣᠬᠢᠶᠠᠨ ᠪᠠᠢᠭᠤᠯᠵᠤ᠂ ᠵᠢᠨᠢᠨᠭ ᠡᠴᠡ ᠡᠷᠢᠶᠡᠨ ᠬᠦᠷᠬᠦ᠂ ᠯᠢᠨ ᠾᠸ ᠡᠴᠡ ᠴᠡᠭᠡ ᠬᠦᠷᠬᠦ ᠲᠡᠮᠦᠷ ᠵᠠᠮ᠎ᠤᠨ ᠲᠡᠭᠡᠭᠡᠪᠦᠷᠢ᠎ᠶ᠋ᠢᠨ ᠳᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠪᠣᠭᠣᠮᠲᠠ᠎ᠶ᠋ᠢᠨ ᠲᠡᠭᠡᠭᠡᠪᠦᠷᠢ᠎ᠶ᠋ᠢᠨ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ》  ᠭᠡᠵᠦ᠍ ᠵᠤᠸᠠᠩ ᠾᠧ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号