ᠱᠢᠤᠢ ᠵᠢᠶᠠᠨ ᠱᠢᠩ ᠲᠦᠯᠦᠭᠡᠯᠡᠭᠴᠢ᠄ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠵᠤ ᠱᠢᠨ᠎ᠡ᠎ᠶ᠋ᠢ ᠡᠭᠦᠳᠬᠦ᠌ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠨ᠎ᠠ
2023-03-14 11:29:58
ᠵᠣᠬᠢᠶᠠᠭ᠍ᠴᠢ᠄
ᠴᠧᠨ ᠴᠦᠨ ᠶᠠᠨ ᠮᠠ ᠵᠢᠶᠠᠨ ᠴᠢᠤᠸᠠᠨ
ᠣᠩᠱᠢᠭ᠍ᠰᠠᠨ ᠣᠳᠠᠭ᠎ᠠ᠄
★★★☆☆


QQ截图20230314112636.png


ᠦᠷ᠎ᠡ ᠪᠣᠯ ᠲᠠᠷᠢᠶᠠᠯᠠᠩ᠎ᠤᠨ 《ᠭᠤᠤᠯ ᠴᠦᠮ᠎ᠡ》 ᠮᠥᠨ᠂ ᠲᠡᠷᠡ ᠨᠢ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠳᠦ ᠬᠣᠯᠪᠣᠭ᠍ᠳᠠᠵᠤ ᠪᠠᠢᠳᠠᠭ᠃ 《ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠬᠦ᠌》ᠶ᠋ᠢ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠪᠢᠴᠢᠨ ᠣᠷᠣᠭᠤᠯᠪᠠ᠂ ᠡᠨᠡ᠎ᠨᠢ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠰᠠᠨ ᠫᠠᠩ ᠳ᠋ᠠᠨ (ᠥᠪᠥᠷ ᠮᠣᠩᠭᠣᠯ) ᠢᠳᠡᠭᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠱᠢᠤᠢ ᠵᠢᠶᠠᠨ ᠱᠢᠩ᠎ᠢ ᠲᠤᠢᠯ᠎ᠢᠶᠠᠷ ᠤᠷᠮᠠᠱᠢᠭᠤᠯᠤᠨ ᠵᠣᠷᠢᠭ᠍ᠵᠢᠭᠤᠯᠵᠠᠶ᠃ 《ᠪᠢ ᠠᠵᠤ ᠠᠬᠤᠢᠯᠠᠯ᠎ᠤᠨ ᠵᠢᠡᠨ ᠲᠠᠷᠠᠭᠠᠴᠢ᠎ᠶ᠋ᠢᠨ ᠠᠯᠬᠤᠮ᠎ᠤᠨ ᠬᠥᠭ᠌ᠵᠢᠯᠲᠡ᠎ᠳᠦ ᠢᠲᠡᠭᠡᠯ ᠳᠦᠭᠦᠷᠡᠩ ᠪᠠᠢᠨ᠎ᠠ》  ᠬᠡᠪᠡ᠃

2023 ᠣᠨ᠎ᠤ ᠲᠥᠪ᠎ᠦᠨ ᠨᠢᠭᠡᠳᠤᠭᠡᠷ ᠲᠣᠭᠠᠲᠤ ᠪᠢᠴᠢᠭ ᠮᠠᠲ᠋ᠧᠷᠢᠶᠠᠯ᠎ᠳᠤ ᠪᠠᠰᠠ᠂ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠠᠮᠢᠳᠤ ᠪᠣᠳᠠᠰ᠎ᠤᠨ ᠡᠭᠦᠯᠳᠡᠷ ᠪᠣᠢᠵᠢᠭᠤᠯᠬᠤ ᠴᠢᠬᠤᠯᠠ ᠶᠡᠬᠡ ᠲᠥᠷᠥᠯ ᠵᠦᠶ᠋ᠯ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠲᠠᠷᠢᠶᠠᠯᠠᠩ᠎ᠤᠨ ᠣᠳᠣᠬᠢᠴᠢᠯᠠᠯᠲᠠ  ᠬᠥᠭ᠌ᠵᠢᠯᠲᠡ᠎ᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠡᠴᠡ ᠲᠠᠷᠢᠮᠠᠯ᠎ᠤᠨ ᠦᠷ᠎ᠡ᠎ᠶ᠋ᠢᠨ ᠦᠢᠯᠡᠰ᠎ᠦᠨ ᠬᠥᠭ᠌ᠵᠢᠯᠲᠡ᠎ᠶ᠋ᠢ ᠳᠡᠭᠡᠳᠤ ᠬᠡᠮᠵᠢᠶ᠎ᠡ᠎ᠪᠡᠷ ᠴᠢᠬᠤᠯᠠᠴᠢᠯᠠᠵᠤ᠂ ᠠᠵᠤ ᠠᠬᠤᠢᠯᠠᠯ᠎ᠤᠨ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃

ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠬᠡᠷᠬᠢᠨ ᠱᠢᠨ᠎ᠡ ᠠᠵᠠ ᠲᠣᠬᠢᠶᠠᠯ᠎ᠢ ᠰᠠᠢᠲᠤᠷ ᠡᠵᠡᠮᠳᠡᠵᠦ᠍᠂ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢᠶᠡᠨ ᠤᠯᠠᠮ   ᠪᠠᠳᠠᠷᠠᠭᠤᠯᠬᠤ ᠲᠤᠬᠠᠢ ᠱᠢᠤᠢ ᠵᠢᠶᠠᠨ ᠱᠢᠩ᠎ᠤᠨ ᠦᠵᠡᠬᠦ᠌᠎ᠪᠡᠷ ᠵᠠᠩᠭᠢᠯᠠᠭ᠎ᠠ ᠨᠢ ᠠᠵᠤ ᠠᠬᠤᠢᠯᠠᠯ᠎ᠤᠨ ᠭᠣᠣᠯᠯᠠᠭ᠍ᠴᠢ ᠦᠷᠢᠰᠦᠯᠳᠦᠬᠦ᠌ ᠬᠦᠴᠦᠨ᠎ᠢ ᠴᠢᠩᠭᠠᠳᠭᠠᠬᠤ᠎ᠳᠤ ᠪᠤᠢ᠃《ᠶᠠᠰᠤ ᠴᠢᠨᠠᠷ ᠪᠣᠯ ᠢᠮᠠᠭ᠍ᠲᠠ ᠠᠵᠤ ᠠᠬᠤᠢᠯᠠᠯ᠎ᠤᠨ ᠠᠮᠢ ᠨᠠᠰᠤ ᠮᠥᠨ᠂ ᠡᠷᠬᠡᠪᠰᠢ ᠲᠦᠷᠦᠯ ᠵᠦᠢᠯ᠂ ᠶᠠᠰᠤ ᠴᠢᠨᠠᠷ᠂ ᠲᠦᠷᠦᠯ ᠲᠡᠮᠳᠡᠭ ᠳᠡᠭᠡᠷ᠎ᠡ ᠬᠦᠴᠦ᠍ ᠲᠠᠯᠪᠢᠬᠤ ᠬᠡᠷᠡᠭ᠌ᠲᠡᠢ᠃ ᠪᠢᠳᠡ〈ᠨᠡᠷᠡᠨ ᠬᠤᠸᠠᠷ᠎ᠤᠨ ᠦᠷ᠎ᠡ᠎ᠶ᠋ᠢ ᠰᠠᠢᠲᠤᠷ ᠳᠠᠷᠢᠵᠤ᠂ ᠨᠡᠷᠡᠨ ᠬᠤᠸᠠᠷ᠎ᠤᠨ ᠦᠷ᠎ᠡ᠎ᠶ᠋ᠢ ᠰᠠᠢᠲᠤᠷ ᠬᠠᠭᠤᠷᠬᠤ〉ᠵᠢ ᠪᠠᠷᠢᠮᠲᠠᠯᠠᠵᠤ᠂ ᠡᠭᠦᠪᠡᠷ ᠲᠠᠷᠢᠮᠠᠯ᠎ᠤᠨ ᠡᠷᠦᠬᠡ ᠪᠣᠯᠤᠨ ᠬᠡᠷᠡᠭ᠌ᠯᠡᠭ᠌ᠴᠢᠳ᠎ᠲᠦ ᠮᠡᠳᠡᠷᠡᠭ᠌ᠳᠡᠪᠡ᠃ ᠲᠠᠷᠠᠭᠠᠴᠢ᠎ᠶ᠋ᠢᠨ ᠠᠯᠬᠤᠮ᠎ᠳᠤ᠂ ᠪᠠᠰᠠ ᠲᠣᠯᠣᠭᠠᠢᠯᠠᠭ᠍ᠴᠢ ᠠᠵᠤ ᠠᠬᠤᠢᠯᠠᠯ᠎ᠤᠨ ᠳᠠᠢᠴᠢᠯᠠᠬᠤ ᠦᠢᠯᠡᠳᠦᠯ᠎ᠢ ᠢᠳᠡᠪᠬᠢᠲᠡᠢ ᠪᠠᠳᠠᠷᠠᠭᠤᠯᠵᠤ᠂ ᠬᠡᠪᠴᠢᠶᠡᠵᠢᠭ᠌ᠰᠡᠨ᠂ ᠪᠠᠷᠢᠮᠵᠢᠶᠠᠵᠢᠭ᠍ᠰᠠᠨ ᠦᠢᠯᠡᠳᠪᠦᠷᠢᠯᠡᠯ᠎ᠢ ᠠᠬᠢᠭᠤᠯᠵᠤ᠂ ᠴᠢᠨᠠᠷ ᠰᠠᠢᠲᠠᠢ ᠲᠠᠷᠢᠶᠠᠯᠠᠩ᠎ᠤᠨ ᠪᠦᠲᠦᠭᠡᠭ᠌ᠳᠡᠬᠦᠨ᠎ᠦ ᠵᠠᠬ᠎ᠠ ᠳᠡᠯᠭᠡᠭᠦᠷ᠎ᠲᠡᠬᠢ ᠦᠷᠢᠰᠦᠯᠳᠦᠬᠦ᠌ ᠬᠦᠴᠦᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ》  ᠭᠡᠪᠡ᠃

ᠪᠠᠶᠠᠨᠨᠠᠭᠤᠷ ᠬᠤᠲᠠ ᠪᠣᠯ ᠪᠦᠬᠦ᠌ ᠤᠯᠤᠰ᠎ᠤᠨ ᠨᠡᠷᠡᠨ ᠬᠤᠸᠠᠷ᠎ᠤᠨ ᠬᠠᠮᠤᠭ᠎ᠤᠨ ᠲᠤᠮᠤ ᠦᠢᠯᠡᠳᠪᠦᠷᠢᠯᠡᠯ᠎ᠦᠨ ᠰᠠᠭᠤᠷᠢᠨ ᠪᠣᠯᠤᠨ᠎ᠠ᠂ ᠪᠦᠬᠦ᠌ ᠬᠤᠲᠠ᠎ᠶ᠋ᠢᠨ ᠨᠡᠷᠡᠨ ᠬᠤᠸᠠᠷ᠎ᠤᠨ ᠲᠠᠷᠢᠮᠠᠯ᠎ᠤᠨ ᠲᠠᠯᠠᠪᠠᠢ 400 ᠲᠦᠮᠡᠨ ᠮᠦ᠍ ᠱᠢᠬᠠᠮ᠎ᠳᠤ ᠬᠦᠷᠴᠡᠢ᠃ ᠦᠷ᠎ᠡ᠎ᠶ᠋ᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠦᠷ᠎ᠡ᠎ᠶ᠋ᠢᠨ ᠠᠵᠤ ᠠᠬᠤᠢᠯᠠᠯ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠨᠢ ᠠᠯᠤᠰ ᠬᠡᠲᠦ᠍᠎ᠶ᠋ᠢᠨ ᠠᠴᠢ ᠬᠣᠯᠪᠣᠭ᠍ᠳᠠᠯ᠎ᠲᠠᠶ ᠶᠤᠮ᠃ ᠡᠭᠦᠨ᠎ᠦ ᠲᠤᠯᠠᠳᠠ᠂ ᠱᠢᠤᠢ ᠵᠢᠶᠠᠨ ᠱᠢᠩ ᠡᠴᠡ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠲᠦᠷᠦᠭᠦᠯᠡᠨ᠂ ᠦᠢᠯᠡᠳᠪᠦᠷᠢᠯᠡᠯ ᠰᠤᠷᠭᠠᠨ ᠬᠦᠮᠦᠵᠢᠯ ᠱᠢᠨᠵᠢᠯᠡᠬᠦ᠌ ᠤᠬᠠᠭᠠᠨ᠎ᠤ ᠰᠤᠳᠤᠯᠭᠠᠨ᠎ᠢ᠋ ᠤᠶᠠᠯᠳᠤᠭᠤᠯᠤᠭ᠍ᠰᠠᠨ ᠱᠢᠨ᠎ᠡ᠎ᠶ᠋ᠢ ᠡᠭᠦᠳᠬᠦ᠌ ᠲᠠᠪᠴᠠᠩ ᠪᠠᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠶᠡᠬᠡ ᠳᠡᠭᠡᠳᠦ ᠰᠤᠷᠭᠠᠭᠤᠯᠢ᠂ ᠠᠵᠤ ᠠᠬᠤᠢᠯᠠᠯ᠎ᠤᠨ ᠭᠦᠨᠵᠡᠭᠡᠶ ᠬᠠᠮᠲᠤᠷᠠᠯᠴᠠᠭ᠎ᠠ᠎ᠵᠢ ᠴᠢᠩᠭᠠᠳᠭᠠᠬᠤ᠎ᠶ᠋ᠢ ᠬᠥᠲᠥᠯᠥᠨ ᠵᠢᠯᠣᠭᠣᠳᠴᠤ᠌᠂ ᠦᠷ᠎ᠡ᠎ᠶ᠋ᠢᠨ ᠦᠶ᠋ᠯᠡᠰ᠎ᠦᠨ ᠬᠥᠭ᠌ᠵᠢᠯᠲᠡ᠎ᠶ᠋ᠢᠨ ᠴᠢᠳᠠᠪᠤᠷᠢᠲᠠᠨ᠎ᠤ ᠰᠠᠭᠤᠷᠢ ᠮᠥᠩᠭᠥ᠌ ᠪᠠᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠠᠵᠤ ᠠᠬᠤᠢᠯᠠᠯ᠎ᠳᠤ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠪᠠᠢᠭᠤᠯᠬᠤ᠎ᠶ᠋ᠢ ᠵᠣᠷᠢᠭ᠍ᠵᠢᠭᠤᠯᠵᠤ᠂ ᠠᠵᠤ ᠠᠬᠤᠢᠯᠠᠯ᠎ᠤᠨ ᠦᠷ᠎ᠡ ᠵᠢᠨ ᠢᠷᠡᠯᠲᠡ᠎ᠶ᠋ᠢᠨ ᠭᠧᠨ᠎ᠦ ᠰᠤᠳᠤᠯᠭᠠᠨ᠎ᠢ ᠥᠷᠨᠢᠭᠦᠯᠵᠦ᠍᠂ ᠱᠢᠨ᠎ᠡ ᠡᠭᠦᠯᠳᠡᠷ᠎ᠢ ᠰᠣᠩᠭᠣᠨ ᠪᠣᠢᠵᠢᠭᠤᠯᠬᠤ ᠮᠡᠷᠭᠡᠵᠢᠯ᠎ᠦᠨ  ᠲᠦᠪᠱᠢᠨ᠎ᠢ ᠳᠡᠭᠡᠭ᠌ᠰᠢᠯᠡᠭᠦᠯᠬᠦ᠌᠎ᠶ᠋ᠢ ᠦᠷᠨᠢᠬᠦᠯᠬᠦ ᠵᠢ ᠰᠠᠨᠠᠭᠤᠯᠪᠠ᠃

ᠱᠢᠤᠢ ᠵᠢᠶᠠᠨ ᠱᠢᠩ ᠪᠠᠰᠠ ᠤᠯᠤᠰ᠎ᠡᠴᠡ ᠪᠠᠷᠠᠭᠤᠨ ᠣᠷᠣᠨ᠎ᠤ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠠᠷᠢᠮᠵᠢᠶᠠᠵᠢᠭ᠍ᠰᠠᠨ ᠴᠢᠨᠠᠷ ᠰᠠᠢᠲᠠᠢ ᠦᠢᠯᠡᠳᠪᠦᠷᠢᠯᠡᠯ᠎ᠦᠨ ᠰᠠᠭᠤᠷᠢᠨ᠎ᠤ ᠪᠦᠳᠦᠭᠡᠨ ᠪᠠᠢᠭᠤᠯᠤᠯᠲᠠ᠎ᠳᠠᠬᠢ ᠪᠡᠯᠡ ᠣᠷᠣᠭᠤᠯᠤᠯᠲᠠ᠎ᠪᠠᠨ ᠦᠷᠭᠦᠯᠵᠢᠯᠡᠨ ᠨᠡᠮᠡᠭ᠌ᠳᠡᠭᠦᠯᠵᠦ᠍᠂ ᠪᠠᠷᠠᠭᠤᠨ ᠣᠷᠣᠨ᠎ᠤ ᠪᠣᠬᠢᠷᠲᠤᠯ ᠦᠭᠡᠢ ᠣᠷᠭᠠᠨᠢᠭ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠡᠷᠡᠴᠢᠯᠡᠬᠦ᠌ ᠪᠠ ᠦᠢᠯᠡᠳᠪᠦᠷᠢᠯᠡᠵᠦ᠍ ᠡᠳ᠋ᠱᠢᠭᠦᠯᠬᠦ᠌᠎ᠶ᠋ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠰᠠᠢ᠌ᠨ ᠦᠢᠯᠡᠳᠬᠦᠨ᠎ᠢ ᠰᠠᠢ᠌ᠨ ᠦᠨ᠎ᠡ᠎ᠪᠡᠷ ᠬᠤᠳᠠᠯᠳᠤᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠶ᠋ᠢ ᠬᠦᠰᠡᠵᠦ᠍ ᠪᠠᠢᠨ᠎ᠠ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号