ᠲᠦᠷᠦᠬᠦᠬᠡᠨ ᠪᠥᠬᠥ ᠣᠷᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲᠧᠮ᠎ᠦᠨ ᠤᠳᠤᠷᠢᠳᠬᠤ ᠺᠠᠳ᠋ᠷᠴᠤᠳ᠎ᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠨᠣᠮ ᠤᠩᠰᠢᠬᠤ ᠠᠩᠭᠢ ᠵᠢᠨ ᠠᠵᠢᠯᠯᠠᠭ᠎ᠠ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠪᠤᠯᠪᠠᠰᠤᠷᠠᠯ ᠤᠨ ᠲᠦᠪ ᠲᠸ᠋ ᠶᠠᠪᠤᠬᠳᠠᠪᠠ᠃
ᠲᠣᠰ ᠤᠳᠠᠭᠠᠨ᠎ᠤ ᠨᠣᠮ ᠤᠩᠰᠢᠬᠤ ᠠᠩᠭᠢ ᠨᠢ 4 ᠡᠲᠦᠷ ᠤᠨ ᠬᠤᠭᠤᠴᠠᠭ᠎ᠠ ᠲᠠᠢ ᠶᠠᠪᠤᠬᠲᠠᠵᠦ᠂ ᠪᠢᠲᠡᠭᠦᠮᠵᠢᠯᠡᠨ ᠲᠥᠪᠯᠡᠷᠡᠭᠦᠯᠦᠨ ᠪᠣᠯᠪᠠᠰᠤᠷᠠᠭᠤᠯᠬᠤ ᠠᠷᠭ᠎ᠠ ᠮᠠᠶᠢᠭ᠋᠎ᠢ ᠠᠪᠴᠤ᠂ ᠲᠥᠪ᠎ᠦᠨ ᠨᠠᠮ᠎ᠤᠨ ᠰᠤᠷᠭᠠᠭᠤᠯᠢ᠂ ᠳᠤᠮᠳᠠᠳᠤ ᠤᠯᠤᠰ᠎ᠤᠨ ᠤᠯᠤᠰ ᠲᠦᠷᠦ ᠬᠠᠤᠯᠢ ᠴᠠᠭᠠᠵᠠ᠎ᠶᠢᠨ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ ᠫᠷᠤᠹᠸᠰᠰᠤᠷ᠎ᠢ ᠤᠷᠢᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠦ ᠨᠠᠢᠳᠠᠪᠤᠷᠢᠵᠢᠭᠤᠯᠬᠤ᠂ ᠦᠵᠡᠯ ᠤᠬᠠᠮᠰᠠᠷ᠎ᠤᠨ ᠬᠡᠯᠪᠡᠷᠢ᠎ᠶᠢᠨ ᠰᠠᠨᠠᠭᠠᠴᠢᠯᠠᠭᠠᠲᠤ ᠡᠷᠬᠡ᠎ᠶᠢ ᠡᠵᠡᠮᠳᠡᠬᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠵᠡᠷᠭᠡ ᠠᠭᠤᠯᠭ᠎ᠠ᠎ᠶᠢᠨ ᠲᠣᠭᠣᠷᠢᠨ᠎ᠳᠤ ᠭᠦᠨᠵᠡᠭᠡᠢ ᠲᠠᠢᠯᠤᠮᠵᠢ ᠬᠢᠯᠭᠡᠬᠦ ᠮᠦᠷᠲᠡᠭᠡᠨ ᠪᠠᠰᠠ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠪᠠ ᠲᠤᠰᠬᠠᠢ ᠰᠡᠳᠦᠪᠲᠦ ᠬᠥᠮᠦᠵᠢᠯ᠎ᠤᠨ ᠬᠢᠴᠢᠶᠡᠯ ᠲᠣᠬᠢᠷᠠᠭᠤᠯᠪᠠ᠃
ᠨᠤᠮ ᠤᠩᠰᠢᠬᠤ ᠠᠩᠬᠢ ᠡᠴᠡ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠢᠰᠲ᠋ᠸᠮ᠎ᠤᠨ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭᠠᠨ᠎ᠤ ᠪᠠᠶᠠᠯᠢᠭ᠋ ᠠᠭᠤᠯᠤᠭᠳᠠᠬᠤᠨ᠎ᠢ ᠭᠦᠨᠵᠡᠭᠡᠢ ᠣᠢᠯᠠᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠰᠤᠷᠤᠯᠴᠠᠵᠤ᠂ ᠪᠦᠬᠦ ᠲᠠᠯ᠎ᠠ᠎ᠪᠠᠷ ᠡᠵᠡᠮᠳᠡᠵᠦ᠂ ᠪᠦᠬᠦ ᠲᠠᠯ᠎ᠠ᠎ᠪᠠᠷ ᠨᠠᠢᠳᠠᠪᠤᠷᠢᠵᠢᠭᠤᠯᠤᠨ᠂ ᠦᠨᠡᠨ ᠬᠦ᠌ 《ᠵᠠᠩᠭᠢᠯᠠᠭ᠎ᠠ᠎ᠶᠢᠨ ᠴᠥᠭᠡᠨ ᠲᠣᠭᠠᠲᠠᠨ》 ᠢ᠋ᠢᠡᠷ 《ᠵᠣᠩᠬᠢᠯᠠᠬᠤ ᠤᠯᠠᠨ ᠲᠣᠭᠠᠲᠠᠨ》 ᠢ᠋ ᠲᠠᠢ᠍ᠢᠴᠢᠯᠠᠵᠤ᠂ ᠦᠨᠡᠨ ᠬᠦ᠌ ᠨᠠᠮ᠎ᠤᠨ ᠰᠢᠨ᠎ᠡ ᠵᠢ ᠡᠭᠦᠲᠦᠭᠰᠡᠨ ᠤᠨᠤᠯ᠎ᠢᠶᠠᠷ ᠲᠠᠷᠢᠬᠢ ᠲᠣᠯᠣᠭᠠᠢ᠎ᠪᠠᠨ ᠵᠡᠪᠰᠡᠭᠯᠡᠵᠦ᠂ ᠦᠢᠯᠡᠳᠦᠯᠭᠡ᠎ᠪᠡᠨ ᠵᠢᠯᠣᠭᠣᠳᠤᠭᠤᠯᠤᠨ᠂ ᠠᠵᠢᠯ᠎ᠢᠶᠠᠨ ᠠᠬᠢᠭᠤᠯᠬᠤ ᠬᠡᠷᠡᠭᠲᠡᠢ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠡᠨᠡ ᠵᠢᠯ᠎ᠦᠨ ᠭᠣᠣᠯᠳᠠᠯᠭ᠎ᠠ᠎ᠲᠠᠢ ᠠᠵᠢᠯ᠎ᠢ ᠰᠠᠢᠲᠤᠷ ᠬᠢᠬᠦ᠎ᠲᠠᠢ ᠨᠢᠭ᠍ᠲᠠ ᠤᠶᠠᠯᠳᠤᠭᠤᠯᠵᠤ᠂ ᠡᠯ᠎ᠡ ᠵᠦᠢᠯ᠎ᠦᠨ ᠬᠠᠷᠠᠯᠲᠠ ᠡᠭᠦᠷᠭᠡ᠎ᠶᠢ ᠨᠠᠷᠢᠯᠢᠭ᠍ᠵᠢᠭᠤᠯᠤᠨ ᠪᠣᠳᠠᠲᠠᠢᠵᠢᠭᠤᠯᠵᠤ᠂ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠡᠮᠬᠢ ᠵᠢᠷᠤᠮ᠎ᠲᠠᠢ ᠠᠬᠢᠭᠤᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠲᠦᠷᠦᠭᠦᠯᠡᠨ ᠬᠡᠷᠡᠭᠵᠢᠭᠦᠯᠬᠦ᠎ᠶᠢ ᠠᠳᠬᠤᠵᠤ᠂ ᠠᠬᠢᠭᠤᠯᠬᠤ᠎ᠶᠢ ᠠᠳᠬᠤᠵᠤ᠂ ᠨᠠᠢᠳᠠᠪᠤᠷᠢᠵᠢᠭᠤᠯᠬᠤ᠎ᠶᠢ ᠠᠳᠬᠤᠵᠤ᠂ ᠯᠠᠪᠳᠠᠭᠤᠨ ᠪᠠᠲᠤᠲᠠᠢ ᠠᠵᠢᠯ᠎ᠢᠶᠠᠷ᠎ᠢᠶᠠᠨ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠠᠵᠢᠯ᠎ᠤᠨ ᠰᠢᠨ᠎ᠡ ᠪᠠᠢᠳᠠᠯ᠎ᠢ ᠪᠤᠢ ᠪᠣᠯᠭᠠᠬᠤ ᠬᠡᠷᠡᠭᠲᠡᠢ ᠬᠡᠵᠦ ᠱᠠᠭᠠᠷᠲᠠᠪᠠ᠃