— ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠨᠢᠭᠡᠨᠲᠡ ᠥᠭᠦᠯᠡᠬᠦ᠌ ᠨᠢ
ᠪᠦᠬᠦ᠌ ᠤᠯᠤᠰ᠎ᠤᠨ ᠬᠣᠶᠠᠷ ᠬᠤᠷᠠᠯ ᠲᠡᠭᠦᠰᠦᠮᠡᠭ᠌ᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃ ᠣᠷᠣᠨ ᠳᠠᠶᠠᠭᠠᠷ᠎ᠢᠶᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ᠎ᠤᠨ ᠳᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠶ᠃
ᠪᠠᠳᠠᠷᠠᠯᠲᠤ ᠲᠥᠷᠥ᠍ ᠵᠢᠨ ᠦᠪᠡᠳᠡᠭ᠌ᠰᠢ ᠬᠤᠷᠠᠯ ᠶᠠᠪᠤᠭᠳᠠᠵᠤ᠂ ᠦᠪᠡᠳᠡᠭ᠌ᠰᠢ ᠬᠤᠷᠠᠯ ᠡᠴᠡ ᠠᠸ᠋ᠭ᠎ᠠ ᠳᠦᠰᠦᠪ᠎ᠢ ᠵᠢᠷᠤᠭ᠍ᠯᠠᠪᠠ᠃ ᠨᠠᠮ᠎ᠤᠨ ᠬᠣᠷᠢᠳᠤᠭᠠᠷ ᠶᠡᠬᠡ ᠬᠤᠷᠠᠯ ᠢᠯᠠᠯᠳᠠ᠎ᠲᠠᠶ ᠬᠤᠷᠠᠯᠳᠤᠭ᠍ᠰᠠᠨᠤ ᠳᠠᠷᠠᠭᠠᠬᠢ ᠠᠩᠬᠠᠳᠠᠭ᠍ᠴᠢ ᠪᠦᠬᠦ᠌ ᠤᠯᠤᠰ᠎ᠤᠨ ᠬᠣᠶᠠᠷ ᠬᠤᠷᠠᠯ ᠪᠣᠯᠤᠭ᠍ᠰᠠᠨ᠎ᠤ ᠬᠤᠪᠢ᠎ᠳᠤ᠂ ᠬᠤᠷᠠᠯ᠎ᠤᠨ ᠦᠷ᠎ᠡ ᠪᠦᠲᠦᠭᠡᠯ ᠡᠯᠪᠡᠭ ᠪᠠᠶᠠᠯᠢᠭ᠂ ᠠᠴᠢ ᠬᠣᠯᠪᠣᠭ᠍ᠳᠠᠯ ᠴᠢᠬᠤᠯᠠ ᠶᠡᠬᠡ᠂ ᠨᠥᠯᠥᠭᠡ ᠭᠦᠨ ᠭᠦᠨᠵᠡᠭᠡᠢ ᠶᠤᠮ᠃ ᠱᠢᠨ᠎ᠡ ᠨᠢᠭᠡ ᠬᠤᠭᠤᠴᠠᠭᠠᠨ᠎ᠤ ᠲᠦᠷᠦ᠍᠎ᠶ᠋ᠢᠨ ᠪᠠᠢᠭᠤᠯᠤᠮᠵᠢ ᠪᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠤᠳᠤᠷᠢᠳᠭᠤ ᠬᠥᠮᠦᠰ᠎ᠢ ᠰᠣᠩᠭᠣᠵᠥ ᠭᠠᠷᠭᠠᠬᠰᠠᠨ ᠪᠠ ᠳᠤᠰᠢᠶᠠᠯ ᠳ᠋ᠤ ᠳᠤᠮᠢᠯᠠᠬᠤ ᠪᠡᠷ ᠲᠣᠭ᠍ᠲᠠᠭᠠᠭ᠍ᠰᠠᠨ ᠨᠢ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠳᠦ ᠪᠠᠲᠤ ᠪᠡᠬᠢ ᠵᠣᠬᠢᠶᠠᠨ ᠪᠠᠢᠭᠤᠯᠤᠯᠲᠠ᠎ᠶ᠋ᠢᠨ ᠰᠠᠭᠤᠷᠢ ᠪᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠪᠠ᠃ ᠢᠯᠠᠩᠭᠤᠶ᠎ᠠ ᠰᠢ ᠵᠢᠨ ᠫᠢᠩ ᠨᠥᠬᠥᠷ ᠪᠦᠷᠢᠨ ᠪᠢᠯᠧᠲ᠎ᠢᠶᠡᠷ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ᠎ᠪᠡᠷ ᠰᠣᠩᠭᠣᠭ᠍ᠳᠠᠭ᠍ᠰᠠᠨ ᠨᠢ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠵᠣᠷᠢᠭ ᠰᠠᠨᠠᠭ᠎ᠠ᠂ ᠬᠠᠮᠲᠤ᠎ᠶ᠋ᠢᠨ ᠬᠦᠰᠡᠯ ᠡᠷᠡᠮᠡᠯᠵᠡᠯ᠂ ᠬᠠᠮᠲᠤ᠎ᠶ᠋ᠢᠨ ᠬᠦᠰᠡᠯ ᠰᠠᠨᠠᠭ᠎ᠠ ᠵᠢ ᠭᠦᠢᠴᠡᠳ ᠲᠤᠰᠭᠠᠵᠤ ᠂ ᠲᠦᠭ ᠲᠦᠮᠡᠨ ᠠᠷᠠᠳ ᠲᠦᠮᠡᠨ᠎ᠦ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠣᠮᠣᠭ ᠵᠣᠷᠢᠭ ᠪᠠ ᠲᠡᠮᠡᠴᠡᠯ᠎ᠦᠨ ᠵᠣᠷᠢᠭ᠎ᠢ ᠲᠤᠢᠯ᠎ᠤᠨ ᠶᠡᠬᠡᠪᠡᠷ ᠬᠥᠭ᠌ᠵᠢᠭᠡᠪᠡ ᠃
ᠰᠦᠷᠯᠢᠭ ᠪᠠᠷᠳᠠᠭᠠᠳᠤ ᠠᠭᠤᠯᠠ ᠨᠢᠷᠤᠭᠤᠳ ᠤ᠋ᠨ ᠲᠤᠮᠳᠠ ᠯᠠᠪᠳᠠᠢ ᠨᠤᠶᠠᠨ ᠤᠷᠬᠢᠯ ᠪᠠᠢᠳᠠᠭ; ᠮᠢᠩᠭᠠᠨ ᠵᠢᠶᠦᠢ᠍ᠨᠤ ᠬᠦᠯᠭᠡ ᠤᠨᠭᠭᠤᠴᠠ ᠴᠦ᠍ ᠵᠠᠯᠠᠭᠤᠷᠴᠢᠨ ᠡᠴᠡ ᠰᠠᠯᠵᠤ ᠴᠢᠳᠠᠬᠤ ᠦᠭᠡᠢ᠃ ᠱᠢᠨ᠎ᠡ ᠴᠠᠭ ᠦᠶ᠎ᠡ᠎ᠡᠴᠡ ᠨᠠᠭᠠᠱᠢᠬᠢ ᠡᠨᠡ 10 ᠵᠢᠯ᠎ᠢ ᠡᠷᠭᠢᠴᠡᠭᠦᠯᠬᠦᠶ᠎ᠠ᠂ ᠨᠠᠮ ᠪᠣᠯᠤᠨ ᠤᠯᠤᠰ᠎ᠤᠨ ᠠᠵᠢᠯ ᠦᠢᠯᠡᠰ ᠳᠡᠯᠡᠬᠡᠢ ᠳ᠋ᠠᠬᠢᠨ᠎ᠳᠤ ᠬᠣᠪᠣᠷ ᠲᠣᠬᠢᠶᠠᠯᠳᠤᠬᠤ᠂ ᠲᠡᠦᠬᠡᠨ᠎ᠳᠦ ᠬᠣᠪᠣᠷ ᠲᠣᠬᠢᠶᠠᠯᠳᠤᠬᠤ ᠠᠶᠤᠯ ᠲᠦᠭ᠌ᠰᠢᠭᠦᠷᠢ ᠥᠷᠢᠰᠥᠯᠳᠦᠭᠡᠨ᠎ᠤ ᠲᠤᠮᠳᠠ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ᠎ᠶᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠌ ᠴᠢᠳᠠᠭ᠍ᠰᠠᠨ᠎ᠤ ᠬᠠᠮᠤᠭ᠎ᠤᠨ ᠦᠨᠳᠦᠰᠦᠨ ᠱᠢᠯᠲᠠᠭᠠᠨ ᠨᠢ ᠳᠠᠷᠤᠢ ᠶᠡᠷᠦᠩᠬᠡᠢ ᠱᠦᠵᠢ ᠰᠢ ᠵᠢᠨ ᠫᠢᠩ᠎ᠦᠨ ᠵᠠᠯᠠᠭᠤᠷ᠎ᠢ ᠠᠳᠭᠤᠨ ᠠᠶᠠᠯᠠᠯ᠎ᠢ ᠵᠢᠯᠣᠭᠣᠳᠤᠭ᠍ᠰᠠᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ ᠪᠣᠯ ᠨᠠᠮ᠎ᠤᠨ ᠭᠣᠣᠯᠯᠠᠭ᠍ᠴᠢ᠂ ᠠᠷᠠᠳ ᠲᠦᠮᠡᠨ᠎ᠦ ᠤᠳᠤᠷᠢᠳᠤᠭ᠍ᠴᠢ᠂ ᠴᠡᠷᠢᠭ ᠠᠩᠬᠢ᠎ᠶ᠋ᠢᠨ ᠶᠡᠷᠦᠩᠬᠡᠢ ᠵᠢᠯᠤᠭᠤᠳᠤᠬ᠍ᠴᠢ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠵᠠᠮᠴᠢᠯᠠᠭ᠍ᠴᠢ᠂ ᠲᠦᠭ ᠲᠦᠮᠡᠨ ᠠᠷᠠᠳ ᠲᠦᠮᠡᠨ᠎ᠦ ᠦᠮᠦᠭ ᠲᠦᠰᠢᠭ ᠮᠥᠨ ᠬᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠪᠡ᠃ ᠪᠥᠬᠥ᠌ ᠣᠷᠣᠨ ᠳᠠᠶᠠᠭᠠᠷ᠎ᠢᠶᠠᠨ ᠡᠷᠬᠡᠪᠰᠢ ᠤᠯᠤᠰ ᠲᠥᠷᠥ᠎ᠶ᠋ᠢᠨ᠂ ᠪᠠᠢᠯᠳᠤᠬᠤ ᠪᠣᠳᠣᠯᠭ᠎ᠠ᠎ᠶ᠋ᠢᠨ᠂ ᠪᠥᠬᠥ᠌ ᠲᠠᠯ᠎ᠠ᠎ᠶ᠋ᠢᠨ ᠦᠨᠳᠦᠷᠴᠡ᠎ᠡᠴᠡ 《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠴᠢᠨᠠᠷᠲᠠᠶ ᠠᠴᠢ ᠬᠣᠯᠪᠣᠭ᠍ᠳᠠᠯ᠎ᠢ ᠨᠠᠩ ᠭᠦᠨᠵᠡᠭᠡᠶ ᠣᠢᠯᠠᠭᠠᠵᠤ᠂ ᠢᠮᠠᠭ᠍ᠲᠠ 《 ᠬᠣᠶᠠᠷ᠎ᠢ ᠲᠣᠭ᠍ᠲᠠᠭᠠᠬᠰᠡᠨ》 ᠢ᠋ ᠬᠦᠷᠢᠶᠡᠯᠡᠬᠦ᠌᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠬᠦ᠌᠎ᠶ᠋ᠢ ᠬᠠᠮᠤᠭ᠎ᠤᠨ ᠶᠡᠬᠡ ᠤᠯᠤᠰ ᠲᠥᠷᠥ᠂ ᠬᠠᠮᠤᠭ᠎ᠤᠨ ᠶᠡᠬᠡ ᠶᠡᠬᠡ ᠲᠠᠯ᠎ᠠ᠂ ᠬᠠᠮᠤᠭ᠎ᠤᠨ ᠦᠨᠳᠦᠰᠦᠨ ᠤᠯᠤᠰ ᠲᠥᠷᠥ᠎ᠶ᠋ᠢᠨ ᠰᠠᠬᠢᠯᠭ᠎ᠠ ᠪᠠᠲᠤ ᠪᠠ ᠤᠯᠤᠰ ᠲᠥᠷᠥ᠎ᠶ᠋ᠢᠨ ᠶᠣᠰᠣ ᠲᠦᠷᠢᠮ᠎ᠢᠶᠡᠨ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ ᠤ᠋ᠨ ᠲᠤᠭᠤᠷᠢᠨ ᠳ᠋ᠤ 《ᠪᠠᠲᠤ ᠪᠠᠬᠢ ᠪᠣᠯᠣᠳ ᠲᠡᠮᠦᠷ》 ᠪᠤᠯᠵᠤ ᠨᠢᠬᠳᠠᠷᠡᠵᠥ᠂ ᠶᠡᠷᠦᠩᠬᠡᠶ ᠱᠦᠵᠢ ᠰᠢ ᠵᠢᠨ ᠫᠢᠩ ᠢ᠋ ᠡᠷᠡᠰ ᠲᠠᠭᠠᠵᠤ ᠱᠢᠨ᠎ᠡ ᠲᠡᠦᠬᠡᠨ ᠠᠭᠤᠤ ᠦᠶ᠋ᠯᠡᠰ᠎ᠢ ᠡᠭᠦᠳᠦᠨ ᠪᠦᠲᠦᠭᠡᠬᠦ᠌ ᠭᠡᠷᠡᠭᠳᠠᠢ᠃
ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠢ ᠱᠦᠵᠢ ᠰᠢ ᠵᠢᠨ ᠫᠢᠩ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠤᠨ ᠲᠤᠬᠠᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠪᠢᠳᠡᠨ᠎ᠦ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠪᠠ᠃ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠡᠭᠦᠰᠭᠦ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠰᠦᠷ ᠳᠠᠯᠠᠢᠴᠠᠲᠠᠶ᠂ ᠲᠦᠪᠯᠡᠭᠦᠨ ᠴᠢᠬᠢᠮᠠᠢ᠂ ᠡᠷᠡᠮᠡᠬᠡᠢᠯᠡᠨ ᠤᠷᠤᠭᠰᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠨᠠᠩ ᠢᠲᠡᠭᠡᠯ ᠲᠡᠭᠦᠯᠳᠡᠷ ᠪᠣᠯᠭᠠᠪᠠ᠃ ᠪᠥᠬᠥ᠌ ᠣᠷᠣᠨ᠎ᠤ ᠡᠯ᠎ᠡ ᠱᠠᠲᠤ ᠡᠯ᠎ᠡ ᠭᠠᠵᠠᠷ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠰᠡᠳᠬᠢᠯ ᠨᠢᠭᠡᠳᠦᠨ ᠬᠦᠴᠦ ᠪᠡᠨ ᠬᠠᠮᠳᠤᠳᠬᠠᠵᠤ᠂ ᠲᠥᠪ᠎ᠦᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠳᠠᠲᠠᠶ ᠠᠵᠢᠯ᠎ᠤᠨ ᠳᠤᠮᠳᠠ ᠦᠨᠡᠨ ᠬᠦ᠌ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠶ᠃
ᠰᠦᠷ ᠳᠠᠯᠠᠢᠴᠠᠳᠠᠢ ᠳᠤᠷᠤᠨ᠎ᠠ ᠵᠢᠨ ᠰᠠᠯᠬᠢ ᠤᠷᠢᠬᠠᠨ ᠬᠠᠪᠤᠷ᠎ᠢ ᠮᠡᠳᠡᠬᠡᠯᠡᠵᠥ᠂ ᠲᠦᠮᠡᠨ ᠭᠠᠵᠠᠷ᠎ᠤᠨ ᠠᠶᠠᠨ ᠵᠠᠮ᠎ᠳᠤ ᠡᠷᠡᠮᠡᠬᠡᠢᠯᠡᠨ ᠤᠷᠤᠭ᠍ᠰᠢᠯᠠᠬᠤ ᠯᠡ ᠶᠤᠰᠤᠳᠠᠢ᠃ ᠪᠦᠬᠦ᠌ ᠤᠯᠤᠰ᠎ᠤᠨ ᠬᠣᠶᠠᠷ ᠬᠤᠷᠠᠯ ᠱᠢᠨ᠎ᠡ ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠪᠠ᠂ ᠪᠢᠳᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ 《ᠬᠣᠶᠠᠷ᠎ᠢ ᠲᠣᠭ᠍ᠲᠠᠭᠠᠬᠰᠠᠨ》 ᠤ᠋ ᠱᠢᠢᠳᠪᠦᠷᠢᠯᠡᠭᠴᠢ ᠴᠢᠨᠠᠷᠲᠠᠢ ᠠᠴᠢ ᠬᠣᠯᠪᠣᠭ᠍ᠳᠠᠯ᠎ᠢ ᠨᠡᠩ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠭᠠᠵᠤ᠂ 《ᠲᠦᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠵᠤ᠂ ᠤᠷᠢᠬᠠᠨ ᠬᠠᠪᠤᠷ᠎ᠤᠨ ᠤᠷᠢᠨ ᠲᠤᠯᠠᠭᠠᠨᠢ ᠤᠭ᠍ᠲᠤᠨ᠂ ᠢᠯᠠᠯᠲᠠ ᠤᠯᠬᠤ ᠢᠲᠡᠭᠡᠯ ᠵᠣᠷᠢᠭ᠎ᠢ ᠡᠪᠦᠷᠯᠡᠵᠦ᠍᠂ ᠱᠢᠨ᠎ᠡ ᠬᠠᠷᠠᠯᠲᠠ ᠵᠦᠭ ᠡᠷᠡᠮᠡᠬᠡᠢᠯᠡᠨ ᠤᠷᠤᠭ᠍ᠰᠢᠯᠠᠶ᠎ᠠ᠃