ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠲᠤᠭᠤᠰᠢᠯᠠᠭᠤᠯᠬᠤ ᠶᠡᠬᠡ ᠬᠤᠷᠠᠯ ᠬᠤᠷᠠᠯᠳᠤᠭᠤᠯᠪᠠ
2023-03-16 09:59:18
ᠵᠣᠬᠢᠶᠠᠭ᠍ᠴᠢ᠄
​ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ  ᠶᠠᠨ ᠺᠦᠨ ᠶᠠᠷᠢᠶ᠎ᠠ ᠲᠠᠯᠪᠢᠵᠠᠢ

3 ᠰᠠᠷ᠎ᠠ᠎ᠶ᠋ᠢᠨ 15 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠲᠤᠭᠤᠱᠢᠯᠠᠭᠤᠯᠬᠤ ᠶᠡᠬᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠪᠠ᠃

ᠬᠤᠷᠠᠯ ᠳᠡᠭᠡᠷ᠎ᠡ᠂ ᠵᠠᠩ ᠶᠠᠨ ᠺᠦᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠠᠨ ᠷᠦᠨ ᠱᠧᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠰᠦᠨ ᠵᠢᠶᠦ᠋ᠨ ᠴᠢᠩ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠠᠩᠬᠠᠳᠤᠭᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠣ᠌᠂ ᠴᠡᠴᠡᠭ᠂ ᠵᠠᠩ ᠯᠸᠢ᠂ ᠵᠠᠩ ᠪᠠᠶ ᠴᠧᠩ᠂ ᠶᠠᠩ ᠵᠢᠶᠸ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃

ᠬᠤᠷᠠᠯ᠎ᠡᠴᠡ᠂ ᠪᠦᠬᠦ᠌ ᠤᠯᠤᠰ᠎ᠤᠨ ᠬᠣᠶᠠᠷ ᠬᠤᠷᠠᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶ᠋ᠢᠨ ᠵᠢᠯ᠎ᠳᠦ ᠬᠤᠷᠠᠯᠳᠤᠭ᠍ᠰᠠᠨ ᠴᠢᠬᠤᠯᠠ ᠬᠤᠷᠠᠯ ᠪᠣᠯᠤᠨ᠎ᠠ᠂ ᠴᠢᠬᠤᠯᠠ ᠶᠡᠬᠡ ᠠᠴᠢ ᠬᠣᠯᠪᠣᠭ᠍ᠳᠠᠯ᠎ᠲᠠᠶ᠂ ᠠᠯᠤᠰ ᠬᠡᠳᠤ᠎ᠶ᠋ᠢᠨ ᠨᠥᠯᠥᠭᠡ᠎ᠲᠡᠶ ᠶᠤᠮ᠃ ᠪᠥᠬᠥ᠌ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠬᠰᠡᠨ》 ᠢ᠋ ᠡᠷᠡᠰ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠪᠥᠬᠥ᠌ ᠤᠯᠤᠰ᠎ᠤᠨ ᠬᠣᠶᠠᠷ ᠬᠤᠷᠠᠯ᠎ᠡᠴᠡ ᠳᠤᠷᠠᠳᠤᠭ᠍ᠰᠠᠨ ᠬᠠᠷᠠᠯᠲᠠ ᠡᠭᠦᠷᠭᠡ᠎ᠶ᠋ᠢ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠲᠠᠶ ᠦᠨᠡᠨ ᠬᠦ᠌ ᠨᠢᠭ᠍ᠲᠠ ᠤᠶᠠᠯᠳᠤᠭᠤᠯᠵᠤ᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠣᠨ᠎ᠤ ᠠᠵᠢᠯ᠎ᠤᠨ ᠰᠡᠳᠭᠢᠮᠵᠢ ᠪᠣᠯᠤᠨ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠥᠨᠳᠥᠷ ᠲᠦᠪᠱᠢᠨ᠎ᠢᠶᠡᠷ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠪᠡᠷ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠩ ᠰᠠᠢᠲᠤᠷ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠶ ᠭᠡᠵᠤ ᠵᠢᠭᠠᠵᠤ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号