— ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠬᠠᠶ ᠬᠣᠶᠠᠷᠲᠠ ᠥᠭᠦᠯᠡᠬᠦ᠌ ᠨᠢ
ᠡᠪᠡᠰᠦ ᠮᠣᠳᠣ ᠴᠤᠬᠤᠢᠨ ᠨᠠᠬᠢᠶᠠᠯᠠᠵᠤ ᠲᠦᠮᠡᠨ ᠪᠣᠳᠠᠰ ᠠᠮᠢᠯᠠᠨ᠎ᠠ᠂ ᠰᠠᠶᠢᠬᠠᠨ ᠲᠡᠭᠦᠰᠦᠭ᠌ᠰᠡᠨ ᠪᠦᠬᠦ᠌ ᠤᠯᠤᠰ᠎ᠤᠨ ᠬᠣᠶᠠᠷ ᠬᠤᠷᠠᠯ ᠱᠢᠨ᠎ᠡ ᠠᠶᠠᠨ ᠤ᠋ ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠤᠯᠠ᠃ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠪᠡᠶᠡᠯᠡᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠡᠨᠡ ᠬᠣᠶᠠᠷ ᠶᠡᠬᠡ ᠶᠠᠪᠤᠳᠠᠯ ᠪᠣᠯ ᠪᠢᠳᠡᠨ᠎ᠦ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠭᠣᠣᠯ ᠭᠠᠷᠳᠠᠴᠠ ᠮᠥᠨ᠂ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ᠃ ᠪᠢᠳᠡ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠬᠦᠴᠦᠯᠡᠬᠦ᠌ ᠴᠡᠭ᠎ᠢᠶᠡᠨ ᠡᠨᠡ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌ ᠳᠡᠬᠡᠷ᠎ᠡ ᠲᠠᠯᠪᠢᠬᠤ ᠬᠡᠷᠡᠭ᠌ᠲᠡᠢ᠃
ᠥᠪᠥᠷ ᠮᠣᠩᠭᠣᠯ ᠵᠢᠡᠨ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠭᠠᠨ ᠪᠥᠲᠥᠭᠡᠨ ᠪᠠᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ᠎ᠠ᠃ 《ᠲᠠᠪᠤᠨ ᠶᠡᠬᠡ ᠡᠭᠦᠷᠭᠡ》 ᠬᠠᠷᠢᠯᠴᠠᠨ ᠨᠥᠬᠥᠴᠡᠯᠳᠦᠵᠦ᠍ ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ 《ᠲᠦᠷᠪᠡᠨ ᠨᠢᠷᠤᠭᠤ ᠨᠠᠢ᠍ᠮᠠᠨ ᠲᠤᠯᠭᠠᠭᠤᠷᠢ》 ᠵᠢ ᠬᠠᠮᠲᠤ᠎ᠪᠠᠷ ᠪᠦᠷᠢᠯᠳᠦᠭᠦᠯᠪᠡ᠃ ᠣᠳᠣᠬᠠᠨ᠎ᠳᠤ᠂ 《ᠲᠠᠪᠤᠨ ᠶᠡᠬᠡ ᠡᠭᠦᠷᠭᠡ》 ᠵᠢᠨ ᠲᠥᠯᠥᠪᠯᠡᠭᠡ᠎ᠶ᠋ᠢᠨ ᠪᠢᠴᠢᠭ᠂ ᠪᠠᠷᠢᠯᠭ᠎ᠠ᠎ᠶ᠋ᠢᠨ ᠵᠢᠷᠤᠭ᠂ ᠴᠠᠭ᠎ᠤᠨ ᠬᠦᠰᠦᠨᠦᠭ᠌ᠲᠦ ᠴᠥᠮ ᠲᠣᠳᠣᠷᠬᠠᠢ ᠪᠣᠯᠵᠠᠢ᠂ ᠡᠷᠬᠡᠪᠰᠢ ᠬᠠᠷᠠᠯᠲᠠ᠎ᠪᠠᠨ ᠰᠤᠯᠠᠷᠠᠭᠤᠯᠤᠯ ᠦᠭᠡᠢ ᠴᠢᠩᠭ᠎ᠠ ᠠᠳᠭᠤᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ ᠬᠡᠷᠡᠭ᠌ᠲᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠠᠵᠠ ᠲᠣᠬᠢᠶᠠᠯ᠎ᠢ ᠡᠵᠡᠮᠳᠡᠵᠦ᠍᠂ ᠠᠵᠢᠯᠯᠠᠭ᠎ᠠ᠎ᠪᠠᠨ ᠲᠦᠷᠭᠡᠳᠭᠡᠵᠦ᠍᠂ ᠤᠯᠤᠯᠴᠠᠭ᠎ᠠ᠎ᠪᠠᠨ ᠴᠢᠩᠭᠠᠳᠭᠠᠵᠤ᠂ ᠤᠯᠤᠰ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢ ᠤᠯᠬᠤ᠎ᠪᠠᠷ ᠢᠳᠡᠪᠬᠢᠲᠡᠢ ᠴᠢᠷᠮᠠᠢᠬᠤ ᠬᠡᠷᠡᠭ᠌ᠲᠡᠢ; ᠬᠡᠷᠡᠭ᠌ᠵᠢᠭᠦᠯᠬᠦ᠌ ᠲᠥᠰᠦᠯ ᠪᠣᠯᠤᠨ ᠣᠨ᠎ᠤ ᠡᠭᠦᠷᠭᠡ᠎ᠶ᠋ᠢᠨ ᠨᠠᠷᠢᠨ ᠲᠠᠩᠰᠠ᠎ᠲᠠᠶ ᠬᠠᠷᠭᠤᠭᠤᠯᠵᠤ᠂ ᠴᠠᠭ ᠮᠥᠴᠡ᠎ᠲᠡᠶ ᠤᠷᠤᠯᠳᠤᠨ᠂ ᠡᠯ᠎ᠡ ᠵᠦᠢᠯ᠎ᠦᠨ ᠠᠵᠢᠯ᠎ᠢ ᠪᠠᠴᠢᠮ ᠶᠠᠭᠠᠷᠠᠯᠲᠠᠢ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠤᠯᠬᠤ᠎ᠪᠠᠷ ᠴᠢᠷᠮᠠᠢᠬᠤ ᠬᠡᠷᠡᠭᠳᠡᠢ᠃
《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ᠂ ᠶᠡᠬᠡ ᠲᠠᠯ᠎ᠠ ᠡᠴᠡ ᠰᠡᠳᠭᠢᠬᠦ᠌ ᠪᠠ ᠠᠵᠢᠯᠯᠠᠭᠠᠥᠷᠨᠢᠭᠦᠯᠬᠦ᠌ᠶ᠋ᠢ ᠪᠠᠷᠢᠮᠲᠠᠯᠠᠵᠤ᠂ ᠤᠬᠠᠮᠰᠠᠷ᠎ᠡᠴᠡ᠎ᠪᠠᠨ ᠥᠪᠥᠷ ᠮᠣᠩᠭᠣᠯ᠎ᠤᠨ ᠠᠵᠢᠯ᠎ᠢ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ ᠳᠡᠭᠡᠷ᠎ᠡ ᠲᠠᠯᠪᠢᠵᠤ ᠬᠢᠨᠠᠨ ᠲᠥᠯᠥᠪᠵᠢᠭᠦᠯᠵᠦ᠍᠂ ᠨᠢᠭᠡ ᠣᠷᠣᠨ ᠪᠦᠰᠡ᠎ᠳᠦ ᠬᠡᠷᠡᠯ ᠭᠢᠯᠪᠠᠭ᠎ᠠ ᠨᠡᠮᠡᠷᠢᠯᠡᠬᠦ᠌᠎ᠪᠡᠷ ᠪᠠᠷᠠᠬᠤ ᠥᠬᠡᠶ ᠨᠠᠩ ᠴᠤ᠌ ᠪᠥᠬᠥ᠌ ᠲᠠᠯ᠎ᠠ᠎ᠳᠤ ᠬᠡᠷᠡᠯ ᠭᠢᠯᠪᠠᠭ᠎ᠠ ᠨᠡᠮᠡᠷᠢᠯᠡᠬᠦ᠌ ᠬᠡᠷᠡᠭ᠌ᠲᠡᠶ᠃ ᠨᠠᠮ᠎ᠤᠨ ᠠᠴᠢ ᠡᠨᠡᠷᠢᠯ ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠶᠡᠷᠦᠩᠬᠡᠢ ᠱᠦᠵᠢ ᠰᠢ ᠵᠢᠨ ᠫᠢᠩ᠎ᠦᠨ ᠲᠠᠭᠠᠭᠤᠯᠭ᠎ᠠ ᠲᠤᠤᠷ᠎ᠠ ᠡᠷᠡᠮᠡᠬᠡᠢᠯᠡᠨ ᠤᠷᠤᠭ᠍ᠰᠢᠯᠠᠬᠤ ᠱᠢᠨ᠎ᠡ ᠠᠶᠠᠨ᠎ᠳᠤ ᠬᠣᠱᠢᠭᠤᠴᠢᠯᠠᠬᠤ ᠬᠡᠷᠡᠭ᠌ᠲᠡᠢ; ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠂ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠬᠤ ᠲᠠᠯ᠎ᠠ᠎ᠪᠠᠷ ᠵᠣᠷᠢᠭ᠍ᠲᠠᠢ ᠪᠡᠷ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠠᠯ᠎ᠠ᠎ᠪᠠᠷ ᠡᠮᠦᠨ᠎ᠡ ᠨᠢ ᠶᠠᠪᠤᠬᠤ ᠬᠡᠷᠡᠭ᠌ᠲᠡᠶ; ᠰᠦᠷᠯᠢᠭ ᠰᠠᠢᠬᠠᠨ ᠡᠶᠡᠯᠰᠡᠭ ᠰᠠᠢᠬᠠᠨ ᠰᠠᠢᠨ ᠰᠠᠢᠬᠠᠨ᠂ ᠢᠲᠡᠭᠡᠮᠵᠢᠲᠡᠶ ᠲᠤᠳᠤᠨᠤᠰᠤᠭ ᠪᠠᠬᠠᠷᠠᠯ ᠢ ᠲᠠᠲᠠᠬᠰᠠᠨ ᠥᠪᠥᠷ ᠮᠣᠩᠭᠣᠯ᠎ᠤᠨ ᠳᠦᠷᠢ ᠲᠥᠷᠬᠦ᠌᠎ᠶ᠋ᠢ ᠴᠤᠭᠴᠠᠯᠠᠨ ᠱᠤᠭᠤᠬᠤ ᠲᠠᠯ᠎ᠠ᠎ᠪᠠᠷ ᠬᠠᠮᠲᠤ᠎ᠪᠠᠷ ᠴᠢᠷᠮᠠᠢᠬᠤ ᠬᠡᠷᠡᠭ᠌ᠲᠡᠶ; ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠥᠨᠳᠥᠷ ᠪᠦᠲᠦᠮᠵᠢᠲᠡᠶ ᠵᠠᠰᠠᠯᠲᠠ ᠬᠢᠬᠦ᠌ ᠲᠠᠯ᠎ᠠ᠎ᠪᠠᠷ ᠱᠢᠨ᠎ᠡ ᠵᠠᠮ᠎ᠢ ᠨᠡᠭᠡᠭᠡᠬᠦ᠌ ᠬᠡᠷᠡᠭ᠌ᠲᠡᠶ; ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠲᠠᠯ᠎ᠠ᠎ᠪᠠᠷ ᠦᠯᠢᠭᠡᠷ ᠳᠠᠭᠤᠷᠢᠶᠠᠯ ᠪᠣᠯᠬᠤ ᠬᠡᠷᠡᠭ᠌ᠲᠡᠶ; ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠬᠥᠭ᠌ᠵᠢᠭᠦᠯᠬᠦ᠌᠂ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠤᠶᠤᠨ᠎ᠤ ᠪᠠ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠬᠤ ᠲᠠᠯ᠎ᠠ᠎ᠪᠠᠷ ᠪᠣᠳᠠᠲᠠᠢ ᠠᠵᠢᠯ ᠬᠢᠬᠦ᠌ ᠬᠡᠷᠡᠭ᠌ᠲᠡᠢ᠃ ᠭᠣᠣᠯᠳᠠᠯᠭ᠎ᠠ᠎ᠶ᠋ᠢ ᠳᠤᠪᠤᠢ᠌ᠯᠭᠠᠵᠤ᠂ ᠠᠴᠢᠶᠠᠯᠠᠪᠤᠷᠢ᠎ᠶ᠋ᠢᠨ ᠱᠢᠨ᠎ᠡ᠎ᠶ᠋ᠢ ᠡᠭᠦᠳᠴᠦ᠍᠂ ᠭᠠᠷᠳᠠᠴᠠ ᠵᠢ ᠪᠣᠳᠠᠲᠠᠢᠵᠢᠭᠤᠯᠵᠤ᠂ ᠰᠠᠭᠤᠷᠢ ᠴᠢᠨᠠᠷᠲᠠᠢ᠂ ᠬᠦᠳᠦᠯᠥᠨ ᠳᠠᠭᠠᠭᠤᠯᠬᠤ ᠴᠢᠨᠠᠷᠲᠠᠢ ᠠᠵᠢᠯ᠎ᠢ ᠰᠠᠢᠲᠤᠷ ᠠᠳᠭᠤᠬᠤ᠎ᠪᠠᠷ ᠲᠠᠮᠵᠢᠨ ᠵᠢᠱ᠌ᠢᠶᠡᠴᠢ᠎ᠶ᠋ᠢ ᠡᠯ᠎ᠡ ᠬᠦᠷᠢᠶ᠎ᠡ᠂ ᠡᠯ᠎ᠡ ᠲᠠᠯ᠎ᠠ᠎ᠳᠤ ᠢᠯᠡᠷᠡᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠭᠡᠬᠦ᠌ ᠡᠨᠡ ᠬᠦ᠌ ᠠᠯᠳᠠᠨ ᠱᠤᠰᠢᠭ᠎ᠠ᠎ᠶ᠋ᠢ ᠱᠢᠨ᠎ᠡ ᠴᠠᠭ ᠦᠶ᠎ᠡ᠎ᠳᠦ ᠨᠡᠩ ᠭᠡᠷᠡᠯ ᠭᠢᠯᠪᠠᠭ᠎ᠠ ᠰᠠᠴᠤᠷᠠᠭᠤᠯᠬᠤ ᠬᠡᠷᠡᠭ᠌ᠲᠡᠢ᠃
ᠱᠢᠨ᠎ᠡ ᠠᠶᠠᠨ᠎ᠳᠤ ᠲᠠᠪᠬᠢᠨ ᠤᠷᠤᠬᠰᠢᠯᠠᠬᠤ ᠳ᠋ᠤ᠂ ᠪᠢᠳᠡ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ᠂ ᠬᠣᠶᠠᠷ ᠶᠡᠬᠡ ᠶᠠᠪᠤᠳᠠᠯ᠎ᠢ ᠤᠨᠢᠯᠠᠨ ᠬᠤᠷᠳᠤᠨ ᠮᠤᠷᠢᠨ ᠳ᠋ᠦ ᠲᠠᠰᠢᠭᠤᠷ ᠲᠠᠯᠪᠢᠵᠤ᠂ ᠰᠠᠭᠠᠳᠠᠰᠢ ᠦᠭᠡᠢ ᠪᠡᠷ ᠤᠷᠤᠭᠰᠢᠯᠠᠵᠤ᠂ ᠡᠯ᠎ᠡ ᠱᠠᠲᠤᠨ᠎ᠤ ᠤᠳᠤᠷᠢᠳᠭᠤ ᠪᠠᠢᠭᠤᠯᠭ᠎ᠠ ᠪᠣᠯᠤᠨ ᠤᠳᠤᠷᠢᠳᠭᠤ ᠺᠠᠳ᠋ᠷ ᠲᠦᠷᠦᠬᠦᠯᠡᠨ ᠪᠦᠬᠦ᠌ ᠣᠷᠣᠨ᠎ᠤ ᠡᠯ᠎ᠡ ᠱᠠᠲᠤᠨ᠎ᠤ ᠠᠷᠠᠳ ᠲᠦᠮᠡᠨ᠎ᠢ ᠲᠠᠢᠴᠢᠯᠡᠨ ᠳᠠᠭᠠᠭᠤᠯᠬᠤ ᠬᠡᠷᠡᠭ᠌ᠲᠡᠢ᠃ ᠦᠨᠡᠨ ᠪᠣᠳᠠᠲᠠᠢ ᠦᠷ᠎ᠡ ᠪᠦᠲᠦᠮᠵᠢ ᠭᠠᠷᠭᠠᠬᠤ ᠲᠠᠯ᠎ᠠ ᠪᠡᠷ ᠤᠨᠤᠴᠠᠳᠠᠢ ᠬᠦᠴᠦᠯᠡᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠲᠦᠮᠡᠨ ᠭᠠᠵᠠᠷ᠎ᠤᠨ ᠨᠣᠮᠢᠨ ᠨᠣᠭᠣᠭᠠᠨ ᠤᠷᠲᠤ ᠴᠠᠭᠠᠨ ᠬᠡᠷᠡᠮ᠎ᠢ ᠴᠣᠭ᠍ᠴᠠᠯᠠᠵᠤ᠂ ᠡᠬᠡ ᠤᠯᠤᠰ᠎ᠤᠨ 《ᠤᠮᠠᠷᠠᠳᠤ ᠶᠡᠭᠡ ᠬᠠᠭᠠᠯᠭ᠎ᠠ》 ᠶ᠋ᠢ ᠰᠠᠢᠲᠤᠷ ᠰᠠᠬᠢᠵᠤ᠂ ᠨᠡᠢᠰᠯᠡᠯ᠎ᠦᠨ 《ᠤᠨᠠᠭᠤᠯᠢ ᠭᠤᠤᠯ》 ᠢ᠋ ᠰᠠᠢᠲᠤᠷ ᠪᠠᠢᠭᠤᠯᠵᠤ᠂ ᠱᠢᠨ᠎ᠡ ᠡᠨᠧᠷᠭᠢ᠎ᠶ᠋ᠢᠨ ᠬᠦᠷᠢᠶᠠᠨ ᠳ᠋ᠤ 《ᠬᠣᠶᠠᠷ᠎ᠢ ᠲᠦᠷᠦᠭᠦᠯᠡᠨ ᠬᠢᠬᠦ᠌》 ᠶ᠋ᠢ ᠴᠢᠷᠮᠠᠢᠨ ᠪᠡᠶᠡᠯᠡᠭᠦᠯᠵᠤ᠂ ᠤᠯᠤᠰ᠎ᠤᠨ 《ᠠᠮᠤ ᠵᠢᠨ ᠰᠠᠩ》᠂ 《ᠮᠢᠬᠠᠨ᠎ᠤ ᠬᠥᠮᠥᠷᠭᠡ》 ᠂ 《ᠰᠦ ᠵᠢᠨ ᠬᠦᠨᠦᠭ》 ᠂ 《ᠨᠣᠯᠤᠸ᠋ᠭᠤᠷᠤᠨ ᠤᠷᠤᠨ》 ᠢ᠋ ᠰᠠᠢᠲᠤᠷ ᠪᠥᠲᠥᠭᠡᠨ ᠪᠠᠢᠭᠤᠯᠵᠤ᠂ ᠪᠦᠬᠦ᠌ ᠣᠷᠣᠨ ᠪᠦᠰᠡ᠎ᠶ᠋ᠢᠨ ᠨᠡᠭᠡᠭᠡᠯᠲᠡ᠎ᠶ᠋ᠢᠨ ᠲᠠᠪᠴᠠᠩ᠎ᠢ ᠪᠠᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠢ᠋ ᠬᠦᠴᠦᠲᠡᠢ ᠪᠦᠳᠦᠭᠡᠨ ᠪᠠᠢᠭᠤᠯᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠬᠡᠮᠵᠢᠶ᠎ᠡ ᠶᠡᠬᠡ ᠴᠢᠨᠠᠷ ᠰᠠᠢᠳᠠᠢ ᠪᠡᠷ ᠪᠦᠳᠦᠭᠡᠨ ᠪᠠᠢᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠦᠷᠨᠢᠭᠦᠨ ᠪᠠᠳᠠᠷᠠᠩᠭᠤᠶ ᠰᠡᠭᠦᠢᠨ ᠰᠦᠨᠳᠡᠷᠯᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠦᠶ᠋ᠯᠡᠳᠦᠯᠭᠡ᠎ᠶ᠋ᠢ ᠡᠬᠡ ᠤᠯᠤᠰ᠎ᠤᠨ ᠤᠮᠠᠷᠠᠲᠤ ᠬᠢᠯᠢ᠎ᠳᠦ ᠭᠠᠢᠬᠠᠮᠰᠢᠬᠳᠤ ᠰᠠᠢᠬᠠᠨ ᠭᠡᠷᠡᠯ ᠭᠢᠯᠪᠠᠭ᠎ᠠ ᠰᠠᠴᠤᠷᠠᠭᠤᠯᠬᠤ ᠭᠡᠷᠡᠭᠳᠠᠢ᠃
ᠤᠷᠢᠬᠠᠨᠬᠠᠪᠤᠷ ᠡᠴᠡ ᠠᠶᠠᠨᠦ ᠭᠠᠷᠤᠭ᠎ᠠ ᠠᠪᠴᠤ᠂ ᠢᠷᠠᠭᠤ ᠠᠯᠳᠠᠷ ᠪᠠ ᠬᠦᠰᠡᠯ ᠵᠡᠭᠦᠳᠦ᠍᠎ᠶ᠋ᠢᠨ ᠵᠠᠮ ᠵᠢᠠᠷ ᠡᠷᠡᠯᠬᠡᠭ᠌ᠯᠡᠨ ᠤᠷᠤᠭ᠍ᠰᠢᠯᠠᠶ᠎ᠠ᠃ ᠪᠢᠳᠡ ᠡᠷᠴᠢ ᠵᠣᠷᠢᠭ᠎ᠢᠶᠠᠨ ᠬᠥᠪᠴᠢᠯᠡᠵᠦ᠍᠂ ᠬᠦᠴᠦᠯᠡᠨ ᠴᠢᠷᠮᠠᠢᠵᠤ᠂ 《ᠲᠡᠮᠡᠴᠡᠯ》 ᠤ᠋ᠨ ᠵᠣᠷᠢᠭ ᠰᠠᠨᠠᠭ᠎ᠠ᠂ 《ᠱᠢᠪᠲᠤᠯᠤᠯᠳᠠ》 ᠵᠢᠨ ᠵᠣᠷᠢᠭ ᠰᠠᠨᠠᠭ᠎ᠠ᠂ 《ᠡᠭᠦᠳᠤᠯᠳᠠ》 ᠵᠢᠨ ᠰᠥᠰᠥ᠍ ᠵᠣᠷᠢᠭ᠎ᠢᠶᠠᠷ ᠠᠵᠢᠯ ᠨᠢᠭᠡᠪᠦᠷᠢ᠎ᠶ᠋ᠢ ᠪᠦᠬᠦ᠌ ᠬᠦᠴᠦᠨ᠎ᠢᠶᠡᠷ ᠰᠠᠢᠲᠤᠷ ᠬᠢᠵᠦ᠍᠂ ᠤᠴᠢᠷ ᠶᠠᠪᠤᠳᠠᠯ ᠨᠢᠭᠡᠪᠦᠷᠢ᠎ᠶ᠋ᠢ ᠰᠠᠢᠲᠤᠷ ᠪᠡᠶᠡᠯᠡᠭᠦᠯᠵᠦ᠂ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠶᠡᠬᠡ ᠠᠯᠬᠤᠮ᠎ᠢᠶᠡᠷ ᠤᠷᠤᠭ᠍ᠰᠢᠯᠠᠵᠤ᠂ ᠨᠡᠩ ᠭᠡᠷᠡᠯ ᠰᠠᠴᠤᠷᠠᠩᠭᠤᠢ ᠰᠠᠢ᠌ᠨ ᠰᠠᠢᠬᠠᠨ ᠢᠷᠡᠭᠡᠳᠦᠢ ᠵᠦᠭ ᠤᠷᠤᠭ᠍ᠰᠢᠯᠠᠵᠠᠭᠠᠶᠠ᠃