ᠪᠥᠬᠥ᠌ ᠣᠷᠣᠨ᠎ᠤ ᠲᠢᠩᠬᠢᠮ᠎ᠦᠨ ᠲᠠᠰ᠎ᠤᠨ ᠤᠳᠤᠷᠢᠳᠭᠤ ᠺᠠᠳ᠋ᠷᠴᠤᠳ᠎ᠤᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠰᠭᠠᠶ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ᠎ᠶᠠᠪᠤᠬᠳᠠᠪᠠ
2023-03-17 09:22:46
ᠵᠣᠬᠢᠶᠠᠭ᠍ᠴᠢ᠄
ᠰᠦᠩ ᠱᠤᠸᠠᠩ ᠂ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠯᠢ ᠱᠢᠤᠸᠠᠢ ᠶᠣᠣ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠤᠬᠢᠷᠠᠭᠤᠯᠤᠯᠳᠠ ᠪᠠᠢᠷᠢᠯᠠᠭᠤᠯᠤᠯᠲᠠ ᠶᠣᠰᠣᠭᠠᠷ᠂ ᠤᠢ᠍ᠢᠷ᠎ᠠ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠳᠤ ᠪᠦᠬᠦ᠌ ᠣᠷᠣᠨ᠎ᠤ ᠲᠢᠩᠬᠢᠮ᠎ᠦᠨ ᠲᠡᠰ᠎ᠤᠨ ᠤᠳᠤᠷᠢᠳᠭᠤ ᠺᠠᠳ᠋ᠷ᠎ᠤᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠬᠢ ᠵᠢ ᠡᠷᠬᠢᠯᠡᠪᠡ᠃

ᠲᠠᠨᠢᠯᠴᠠᠭᠤᠯᠤᠭ᠍ᠰᠠᠨ᠎ᠢᠶᠠᠷ᠂ ᠲᠣᠰ ᠤᠳᠠᠭᠠᠨ᠎ᠤ ᠡᠭᠡᠯᠵᠢᠯᠡᠨ ᠪᠣᠯᠪᠠᠰᠤᠷᠠᠭᠤᠯᠬᠤ ᠠᠩᠭᠢ ᠨᠡᠢᠲᠡ 5 ᠬᠤᠭᠤᠴᠠᠭ᠎ᠠ ᠶᠠᠪᠤᠭᠳᠠᠨ᠎ᠠ᠂ ᠬᠤᠭᠤᠴᠠᠭ᠎ᠠ ᠪᠦᠷᠢ 5 ᠡᠳᠦᠷ ᠪᠠᠢᠵᠤ᠂ ᠬᠦᠷᠢᠶ᠎ᠡ ᠬᠡᠪᠴᠢᠶ᠎ᠡ ᠬᠤᠪᠢᠶᠠᠨ ᠲᠤᠰᠭᠠᠶ ᠰᠡᠳᠦᠪ ᠬᠤᠪᠢᠶᠠᠨ ᠠᠩᠭᠢ ᠤᠳᠠᠭ᠎ᠠ ᠵᠢ ᠲᠣᠬᠢᠷᠠᠭᠤᠯᠤᠨ᠎ᠠ᠃ ᠣᠳᠣᠬᠠᠨ᠎ᠳᠤ ᠨᠢᠭᠡᠨᠲᠡ 2 ᠬᠤᠭᠤᠴᠠᠭ᠎ᠠ ᠡᠷᠭᠢᠯᠡᠵᠦ᠍᠂ ᠲᠢᠩᠬᠢᠮ᠎ᠦᠨ ᠲᠠᠰ᠎ᠤᠨ ᠨᠡᠢᠲᠡ 400 ᠭᠠᠷᠤᠶ ᠤᠳᠤᠷᠢᠳᠭᠤ ᠺᠠᠳ᠋ᠷ ᠪᠣᠯᠪᠠᠰᠤᠷᠠᠯ᠎ᠳᠤ ᠣᠷᠣᠯᠴᠠᠪᠡ᠃ ᠡᠭᠡᠯᠵᠢᠯᠡᠨ ᠪᠣᠯᠪᠠᠰᠤᠷᠠᠭᠤᠯᠬᠤ᠎ᠳᠤ ᠲᠤᠰᠭᠠᠢᠵᠢᠭᠤᠯᠬᠤ᠂ ᠨᠠᠷᠢᠯᠢᠬ᠍ᠵᠢᠭᠤᠯᠬᠤ ᠪᠠ ᠵᠢᠩᠭᠢᠨᠢ ᠪᠠᠢ᠌ᠯᠳᠤᠭᠠᠨᠴᠢᠯᠠᠬᠤ ᠱᠠᠭᠠᠷᠳᠠᠯᠭ᠎ᠠ᠎ᠶ᠋ᠢ ᠳᠤᠪᠤᠢ᠌ᠯᠭᠠᠵᠤ᠂《〈ᠬᠣᠶᠠᠷ᠎ᠢ ᠲᠣᠭ᠍ᠲᠠᠭᠠᠬᠰᠠᠨ〉 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠬᠤ ᠬᠡᠷᠡᠭ᠌ᠲᠡᠢ》 ᠂ 《ᠮᠠᠷᠺᠰ᠎ᠤᠨ ᠦᠵᠡᠯ᠎ᠦᠨ ᠳᠤᠮᠳᠠᠳᠤ ᠤᠯᠤᠰᠴᠢᠯᠠᠵᠤ ᠴᠠᠭ ᠦᠶᠡᠴᠢᠯᠡᠭ᠌ᠰᠡᠨ ᠱᠢᠨ᠎ᠡ ᠠᠬᠤᠢ ᠪᠠᠢᠳᠠᠯ᠎ᠢ ᠳᠠᠰᠤᠷᠠᠯᠳᠠ ᠦᠭᠡᠢ ᠨᠡᠭᠡᠭᠡᠬᠦ᠌ ᠬᠡᠷᠡᠭ᠌ᠲᠡᠢ》 ᠵᠡᠷᠭᠡ 20 ᠭᠠᠷᠤᠢ ᠲᠤᠰᠭᠠᠢ ᠰᠡᠳᠦᠪᠲᠦ ᠬᠢᠴᠢᠶᠡᠯ᠎ᠢ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠵᠤ᠂ ᠰᠤᠷᠤᠭ᠍ᠴᠢᠳ᠎ᠢ ᠵᠣᠬᠢᠶᠠᠨ ᠪᠠᠢᠭᠤᠯᠤᠨ ᠤᠭ ᠵᠣᠬᠢᠶᠠᠯ᠎ᠢ ᠨᠢ ᠤᠩᠱᠢᠭᠤᠯᠵᠤ ᠤᠭ ᠶᠣᠰᠣ᠎ᠶ᠋ᠢ ᠨᠢ ᠤᠢ᠍ᠢᠯᠠᠭᠠᠭᠤᠯᠪᠠ᠃ ᠪᠣᠯᠪᠠᠰᠤᠷᠠᠯ᠎ᠳᠤ ᠣᠷᠣᠯᠴᠠᠭ᠍ᠰᠠᠨ ᠰᠤᠷᠤᠯᠭᠠᠳᠠᠳ ᠪᠣᠯᠪᠠᠰᠤᠷᠠᠯ᠎ᠤᠨ ᠠᠭᠤᠯᠭ᠎ᠠ ᠪᠦᠷᠢᠨ᠂ ᠲᠥᠬᠥᠮ ᠣᠢᠯᠠᠭᠠᠮᠵᠢᠲᠠᠶ᠂ ᠮᠠᠰᠢ ᠴᠢᠩᠭ᠎ᠠ ᠣᠨᠣᠯ᠎ᠤᠨ ᠵᠢᠯᠣᠭᠣᠳᠭᠤ ᠴᠢᠨᠠᠷ ᠪᠠ ᠦᠶ᠋ᠯᠡᠳᠦᠯᠭᠡ᠎ᠶ᠋ᠢᠨ ᠬᠠᠨᠳᠤᠯᠭᠠᠲᠤ ᠴᠢᠨᠠᠷ᠎ᠲᠠᠶ᠂ ᠬᠣᠢᠱᠢᠳᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠶᠢᠷᠲᠢᠨᠴᠦ᠍᠎ᠶ᠋ᠢᠨ ᠦᠵᠡᠯᠲᠡ ᠪᠠ ᠠᠷᠭ᠎ᠠ᠎ᠶ᠋ᠢᠨ ᠣᠨᠣᠯ᠎ᠢ ᠰᠠᠢᠲᠤᠷ ᠡᠵᠡᠮᠱᠢᠵᠦ᠍᠂ ᠡᠭᠦᠨ᠎ᠳᠦ ᠲᠤᠭᠤᠱᠢᠯᠠᠭ᠍ᠳᠠᠵᠤ ᠪᠠᠢᠭ᠎ᠠ ᠵᠣᠭ᠍ᠰᠣᠯᠲᠠ ᠦᠵᠡᠯᠲᠡ ᠠᠷᠭ᠎ᠠ᠎ᠶ᠋ᠢ ᠰᠠᠢᠲᠤᠷ ᠪᠠᠷᠢᠮᠲᠠᠯᠠᠨ ᠰᠠᠢᠲᠤᠷ ᠬᠡᠷᠡᠭ᠌ᠯᠡᠨ᠎ᠠ ᠭᠡᠵᠦ ᠢᠯᠡᠳᠭᠡᠵᠡᠭᠡᠪᠡ᠃

ᠪᠣᠯᠪᠠᠰᠤᠷᠠᠯ᠎ᠳᠤ ᠣᠷᠣᠯᠴᠠᠭ᠍ᠰᠠᠨ᠎ᠤ ᠳᠠᠷᠠᠭ᠎ᠠ᠂ ᠬᠥᠯᠥᠨ ᠪᠣᠢᠷ ᠬᠣᠲᠠ᠎ᠶ᠋ᠢᠨ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠶᠠᠨ ᠢ ᠱᠧᠩ ᠭᠦᠨᠵᠡᠭᠡᠢ ᠰᠡᠩᠬᠡᠷᠡᠭᠦᠯᠦᠯ ᠣᠯᠵᠠᠶ᠃ ᠲᠡᠷᠡ᠂ ᠬᠣᠢᠱᠢᠳᠠ᠎ᠶ᠋ᠢᠨ ᠠᠵᠢᠯ᠎ᠤᠨ ᠳᠤᠮᠳᠠ ᠰᠣᠷᠣᠭ᠍ᠰᠠᠨ᠎ᠢᠶᠠᠨ ᠬᠡᠷᠡᠭ᠌ᠯᠡᠬᠦ᠌᠂ ᠮᠡᠳᠡᠬᠦᠶ ᠬᠢᠬᠦᠶ᠎ᠪᠡᠨ ᠨᠢᠭᠡᠳᠭᠡᠬᠦ᠌᠎ᠶ᠋ᠢ ᠪᠠᠷᠢᠮᠲᠠᠯᠠᠵᠤ᠂ ᠬᠥᠯᠥᠨ ᠪᠣᠢᠷ ᠬᠣᠲᠠ᠎ᠶ᠋ᠢᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠬᠡᠯᠡᠪᠡ᠃

《ᠡᠨᠡ ᠤᠳᠠᠭ᠎ᠠ᠎ᠶ᠋ᠢᠨ ᠲᠥᠪᠯᠡᠷᠡᠬᠦᠯᠦᠭᠰᠡᠨ ᠪᠣᠯᠪᠠᠰᠤᠷᠠᠯ᠎ᠳᠤ᠂ ᠡᠯ᠎ᠡ ᠲᠤᠰᠭᠠᠢ ᠮᠡᠷᠭᠡᠵᠢᠯᠲᠡᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠠᠢᠯᠪᠤᠷᠢᠯᠠᠵᠤ᠂ ᠱᠢᠰᠲ᠋ᠧᠮ᠎ᠲᠡᠶ ᠵᠠᠳᠠᠯᠵᠤ᠂ ᠭᠦᠨᠵᠡᠭᠡᠢ ᠲᠠᠢᠯᠤᠮᠵᠢ ᠬᠢᠵᠦ᠂ ᠪᠢ ᠲᠤᠩ ᠶᠡᠬᠡ ᠠᠱᠢᠭ ᠬᠦᠷᠲᠡᠪᠠ᠃ ᠲᠠᠷᠠᠭᠠᠴᠢ᠎ᠶ᠋ᠢᠨ ᠠᠯᠬᠤᠮ᠎ᠳᠤ᠂ ᠰᠤᠷᠤᠯᠴᠠᠨ ᠣᠢᠯᠠᠭᠠᠵᠤ ᠨᠡᠪᠲᠡᠷᠡᠲᠡᠯ᠎ᠡ ᠡᠵᠡᠮᠰᠢᠵᠦ ᠪᠣᠳᠠᠲᠠᠢᠵᠢᠭᠤᠯᠬᠤ ᠱᠠᠭᠠᠷᠳᠠᠯᠭ᠎ᠠ ᠶᠣᠰᠣᠭᠠᠷ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢ ᠪᠣᠳᠠᠲᠠᠶ᠎ᠶ᠋ᠢ ᠡᠷᠬᠢᠮᠯᠡᠬᠦ᠌ ᠠᠵᠢᠯᠯᠠᠭ᠎ᠠ ᠪᠣᠯᠭᠠᠨ ᠬᠤᠪᠢᠷᠠᠭᠤᠯᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠳᠤᠮᠳᠠᠳᠤᠴᠤᠳ᠎ᠤᠨ ᠪᠤᠳᠠᠭᠠᠨ ᠠᠶᠠᠭᠠᠨ᠎ᠳᠤ ᠥᠪᠥᠷ ᠮᠣᠩᠭᠣᠯ᠎ᠤᠨ ᠨᠠᠩ ᠣᠯᠠᠨ ᠴᠢᠨᠠᠷ ᠰᠠᠢᠳᠠᠢ ᠠᠮᠤ ᠪᠤᠳᠠᠭ᠎ᠠ ᠮᠢᠬ᠎ᠠ ᠰᠦ ᠵᠢ ᠰᠠᠪᠠᠯᠠᠵᠤ᠂ 〈ᠮᠢᠩᠭᠠᠨ ᠭᠠᠵᠠᠷ᠎ᠤᠨ ᠲᠠᠯ᠎ᠠ ᠨᠤᠲᠤᠭ᠂ ᠲᠦᠮᠡᠨ ᠾᠸᠺᠲ᠋ᠠᠷ ᠤ᠋ᠨ ᠮᠠᠯᠵᠢᠯ᠎ᠤᠨ ᠲᠠᠯᠠᠪᠠᠶ᠂ ᠠᠮᠢ ᠠᠬᠤᠶ᠎ᠶ᠋ᠢᠨ ᠥᠪᠥᠷ ᠮᠣᠩᠭᠣᠯ᠂ ᠪᠣᠬᠢᠷᠲᠤᠯ ᠥᠬᠡᠶ ᠰᠠᠢᠬᠠᠨ ᠦᠨᠦᠷ ᠠᠮᠲᠠ〉 ᠶ᠋ᠢ ᠤᠯᠠᠮ᠎ᠡᠴᠡ ᠤᠯᠠᠮ ᠠᠯᠳᠠᠷᠰᠢᠭᠤᠯᠬᠤ ᠪᠤᠯᠭᠠᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠦᠨ ᠳᠡᠳ᠋ ᠳᠠᠷᠤᠭ᠎ᠠ ᠵᠣᠣ ᠢᠦᠶ ᠱᠧᠩ ᠲᠥᠷᠥᠭ᠌ᠳᠡᠯ᠎ᠭᠦᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号