ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ ᠲᠤᠭᠤᠱᠢᠯᠠᠭᠤᠯᠪᠠ
2023-03-17 09:19:10
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 16 ᠎ᠤ᠋ ᠡᠳᠦᠷ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠪᠥᠬᠥ᠌ ᠤᠯᠤᠰ᠎ᠤᠨ ᠬᠣᠶᠠᠷ ᠬᠤᠷᠠᠯ᠎ᠤᠨ ᠬᠣᠯᠪᠣᠭ᠍ᠳᠠᠯ ᠪᠥᠬᠥᠶ ᠪᠦᠯᠬᠦᠮ ᠳᠤᠭᠤᠢᠯᠠᠩ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ 3 ᠰᠠᠷ᠎ᠠ᠎ᠶ᠋ᠢᠨ 14 ᠎ᠤ᠋ ᠡᠳᠦᠷ᠎ᠦᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ᠎ᠶ᠋ᠢᠨ ᠬᠤᠷᠠᠯ᠂ ᠺᠠᠳ᠋ᠷᠴᠤᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠵᠠᠩ ᠱᠤᠤ ᠴᠦᠨ ᠶᠠᠷᠢᠶ᠎ᠠ ᠲᠠᠯᠪᠢᠵᠤ᠂ ᠳᠡᠳ᠋ ᠡᠷᠬᠢᠯᠡᠭ᠌ᠴᠢ ᠳ᠋ᠤᠸᠠᠨ ᡁᠢ ᠴᠢᠶᠠᠩ᠂ ᠠᠶ ᠯᠢ ᠬᠤᠸᠠ᠂ ᠯᠢ ᠪᠢᠩ ᠷᠦᠩ ᠬᠤᠷᠠᠯ᠎ᠳᠤ ᠣᠷᠣᠯᠴᠠᠵᠤ᠂ ᠨᠠᠷᠢᠨ ᠪᠢᠴᠢᠭ᠎ᠦᠨ ᠳᠠᠷᠤᠭ᠎ᠠ ᠱ᠌ᠢ ᠸᠸᠨ ᠱᠢᠤᠸᠠᠢ ᠬᠤᠷᠠᠯ᠎ᠢ ᠡᠷᠭᠢᠯᠡᠵᠦ᠍᠂ ᠬᠥᠬᠡᠬᠣᠲᠠ᠎ᠳᠤ ᠪᠠᠢᠭ᠎ᠠ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠬᠦᠨ᠎ᠨᠡᠷ ᠬᠤᠷᠠᠯ᠎ᠳᠤ ᠣᠷᠣᠯᠴᠠᠵᠠᠶ᠃

ᠬᠤᠷᠠᠯ᠎ᠠᠴᠠ ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠦᠵᠡᠯ ᠰᠠᠨᠠᠭ᠎ᠠ ᠲᠠᠨᠢᠯᠲᠠ᠎ᠪᠠᠨ ᠨᠢᠭᠡᠳᠭᠡᠨ᠂ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠥᠭ᠌ᠵᠢᠯᠲᠡ᠎ᠶ᠋ᠢᠨ ᠬᠡᠷᠡᠭ᠌ᠴᠡᠭᠡ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠴᠢᠳᠠᠪᠬᠢ᠎ᠳᠤ ᠰᠠᠭᠤᠷᠢᠯᠠᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠶᠠᠰᠤ ᠴᠢᠨᠠᠷ ᠪᠣᠯᠤᠨ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠨᠠᠩ ᠰᠠᠢᠳᠤᠷ ᠬᠦᠴᠦᠨ ᠨᠡᠮᠡᠷᠢᠯᠡᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号