ᠱᠢᠤᠸᠠᠢ ᡁᠢ ᠯᠦᠩ ᠄ ᠠᠮᠢ ᠠᠬᠤᠢ ᠡᠴᠡ ᠠᠰᠢᠭ ᠬᠦᠷᠳᠡᠬᠦ ᠠᠵᠢᠯ᠎ᠢ ᠰᠠᠢᠲᠤᠷ ᠬᠢᠨ᠎ᠠ
2023-03-18 12:42:28
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 14 ᠪ ᠦᠳᠡ᠎ᠶ᠋ᠢᠨ ᠡᠮᠦᠨ᠎ᠡ᠂ ᠰᠠᠶᠢᠬᠠᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠩᠬᠠᠳᠤᠭᠠᠷ ᠬᠤᠷᠠᠯ᠎ᠳᠤ ᠣᠷᠣᠯᠴᠠᠭ᠍ᠰᠠᠨ ᠱᠢᠤᠸᠠᠢ ᡁᠢ ᠯᠦᠩ ᠲᠣᠰᠭᠣᠨ᠎ᠳᠠᠭᠠᠨ ᠪᠤᠴᠠᠨ ᠢᠷᠡᠵᠦ᠂ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠲᠣᠰᠭᠣᠨ᠎ᠤ ᠠᠷᠠᠳ᠎ᠲᠠᠭᠠᠨ ᠤᠯᠠᠮᠵᠢᠯᠠᠯ᠎ᠠ᠃

ᠵᠦᠸᠧᠽᠢ ᠱᠢᠶᠠᠨ᠎ᠤ ᠰᠢᠪᠡᠷᠲᠠᠢ ᠪᠠᠯᠭᠠᠰᠤᠨ᠎ᠤ ᠬᠤᠸᠠᠩ ᠴᠢ ᠲᠠᠨ ᠲᠣᠰᠭᠣᠨ᠎ᠤ ᠠᠷᠠᠳ᠎ᠤᠨ ᠵᠥᠪᠯᠡᠯ᠎ᠦᠨ ᠬᠦᠷᠢᠶᠡᠨ᠎ᠳᠦ᠂ ᠲᠣᠰᠭᠣᠨ᠎ᠤ ᠠᠷᠠᠳ ᠡᠷᠲᠡᠯᠡᠨ ᠢᠷᠡᠵᠦ᠍ ᠲᠤᠰᠬᠤᠨ᠎ᠤ ᠨᠠᠮ᠎ᠤᠨ ᠡᠭᠦᠷ᠎ᠤᠨ ᠱᠦᠵᠢ ᠱᠢᠤᠸᠠᠢ ᡁᠢ ᠯᠦᠩ ᠤ᠋ᠨ ᠪᠦᠬᠦ ᠤᠯᠤᠰ ᠤ᠋ᠨ ᠬᠤᠶᠠᠷ ᠬᠤᠷᠠᠯ ᠤ᠋ᠨ ᠲᠤᠬᠠᠢ ᠤᠬᠠᠭᠤᠯᠤᠨ ᠲᠠᠢᠯᠪᠤᠷᠢᠯᠡᠯᠲᠠ ᠵᠢ ᠰᠤᠨᠤᠰᠴᠠᠭᠠᠨ᠎ᠠ᠃ ᠱᠢᠤᠸᠠᠢ ᡁᠢ ᠯᠦᠩ ᠬᠣᠶᠠᠷ ᠬᠤᠷᠠᠯ᠎ᠤᠨ ᠢᠯᠡᠳᠭᠡᠯ᠎ᠳᠡᠬᠢ ᠣᠯᠠᠨ ᠲᠦᠮᠡᠨ᠎ᠦ ᠨᠡᠢᠳᠡᠮ ᠠᠩᠬᠠᠷᠴᠤ᠌ ᠪᠠᠢᠭ᠎ᠠ ᠨᠠᠰᠤᠵᠢᠯ᠎ᠤᠨ ᠠᠰᠠᠷᠠᠮᠵᠢ᠂ ᠡᠮ ᠡᠮᠨᠡᠯᠭᠡ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠲᠣᠰᠭᠣᠨ᠎ᠤ ᠠᠷᠠᠳ᠎ᠲᠤ ᠭᠦᠨᠵᠡᠭᠡᠶ ᠨᠠᠷᠢᠯᠢᠭ ᠤᠬᠠᠭᠤᠯᠤᠨ ᠲᠠᠢᠯᠪᠤᠷᠢᠯᠠᠪᠡ᠃

ᠬᠤᠸᠠᠩ ᠴᠢ ᠲᠠᠨ ᠲᠣᠰᠭᠣᠨ᠎ᠤ 71 ᠨᠠᠰᠤᠲᠠᠢ ᠰᠦᠩ ᠾᠧ ᠵᠦᠩ ᠄《ᠱᠢᠤᠸᠠᠢ ᠱᠦᠵᠢ᠎ᠶ᠋ᠢᠨ ᠶᠠᠷᠢᠭ᠍ᠰᠠᠨ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠣᠨᠣᠰᠤᠭᠠᠳ ᠪᠢ ᠮᠠᠰᠢ ᠵᠣᠷᠢᠭ᠍ᠵᠢᠪᠠ᠂ ᠡᠨᠡ ᠤᠳᠠᠭ᠎ᠠ᠎ᠶ᠋ᠢᠨ ᠪᠦᠬᠦ᠌ ᠤᠯᠤᠰ᠎ᠤᠨ ᠬᠣᠶᠠᠷ ᠬᠤᠷᠠᠯ ᠲᠡᠭᠡᠷ᠎ᠠ ᠮᠠᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠠᠯ᠎ᠠ᠎ᠶ᠋ᠢᠨ ᠮᠠᠰᠢ ᠤᠯᠠᠨ ᠰᠠᠢ᠌ᠨ ᠲᠦᠷᠦ᠍᠎ᠶ᠋ᠢᠨ ᠪᠤᠳᠤᠯᠭ᠎ᠠ᠎ᠶ᠋ᠢ ᠳᠤᠷᠠᠳᠪᠠ᠂ ᠪᠢ ᠨᠠᠮ᠎ᠤᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠤᠯᠠᠨ᠎ᠢ ᠳᠠᠭᠠᠭᠤᠯᠤᠨ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ ᠰᠠᠢᠲᠤᠷ ᠲᠤᠭᠤᠰᠢᠯᠠᠭᠤᠯᠬᠤ᠎ᠶ᠋ᠢᠨ ᠬᠠᠮᠲᠤ ᠲᠣᠰᠭᠣᠨ᠎ᠤ ᠲᠡᠵᠢᠭᠡᠪᠦᠷᠢ᠎ᠶ᠋ᠢᠨ ᠦᠢᠯᠡᠰ᠂ ᠲᠠᠷᠢᠮᠠᠯ᠎ᠤᠨ ᠦᠢᠯᠡᠰ ᠵᠢᠴᠢ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠪᠤᠵᠠᠭᠠᠢᠷᠠᠭᠤᠯᠬᠤ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠬᠡᠵᠦ ᠬᠡᠯᠡᠪᠡ᠃

ᠲᠣᠰᠭᠣᠨ᠎ᠤ ᠠᠷᠠᠳ᠎ᠤᠨ ᠶᠡᠬᠡ ᠬᠤᠷᠠᠯ ᠲᠡᠭᠦᠰᠦᠭ᠌ᠰᠡᠨ᠎ᠦ ᠳᠠᠷᠠᠭ᠎ᠠ᠂ ᠱᠢᠤᠸᠠᠢ ᡁᠢ ᠯᠦᠩ ᠲᠠᠷᠤᠢᠬᠠᠨ ᠲᠣᠰᠭᠣᠨ᠎ᠤ ᠯᠤᠤ ᠯᠢ ᠪᠤᠷᠴᠠᠭ᠎ᠤᠨ ᠴᠢᠴᠢᠭᠡᠰᠦ᠎ᠶ᠋ᠢᠨ ᠵᠢᠵᠢᠭ ᠦᠢᠯᠡᠳᠭᠡᠯ᠎ᠳᠦ ᠬᠦᠷᠴᠦ᠍᠂ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ ᠳᠤᠷᠠᠳᠤᠭ᠍ᠰᠠᠨ ᠠᠷᠠᠳ᠎ᠲᠤ ᠠᠱᠢᠭ ᠬᠦᠷᠲᠡᠭᠡᠬᠦ᠌ ᠲᠦᠷᠦ᠍᠎ᠶ᠋ᠢᠨ ᠪᠤᠳᠤᠯᠭ᠎ᠠ᠎ᠶ᠋ᠢ ᠠᠵᠢᠯᠴᠢᠳ᠎ᠲᠤ ᠤᠯᠠᠮᠵᠢᠯᠠᠵᠤ᠂ ᠲᠣᠰᠭᠣᠨ᠎ᠤ ᠬᠠᠮᠲᠤ᠎ᠶ᠋ᠢᠨ ᠠᠵᠤ ᠠᠬᠤᠢ᠎ᠶ᠋ᠢᠨ ᠲᠦᠷᠦᠯ ᠵᠦᠢᠯ᠎ᠦᠨ ᠬᠥᠭ᠌ᠵᠢᠨ ᠪᠤᠵᠠᠭᠠᠢ᠌ᠷᠠᠬᠤ᠎ᠳᠤ ᠢᠲᠡᠭᠡᠯ ᠵᠣᠷᠢᠭ ᠪᠠ ᠬᠥᠳᠡᠯᠭᠡᠬᠦ᠌ ᠬᠦᠴᠦᠨ ᠨᠡᠮᠡᠷᠢᠯᠡᠭᠰᠡᠨ ᠪᠠᠢᠨ᠎ᠠ᠃

ᠬᠤᠸᠠᠩ ᠴᠢ ᠲᠠᠨ ᠲᠣᠰᠭᠣᠨ᠎ᠤ ᠪᠤᠷᠴᠠᠭ ᠤ᠋ᠨ ᠴᠢᠴᠢᠭᠡᠰᠤ ᠵᠢᠨ ᠵᠢᠵᠢᠭ ᠦᠢᠯᠡᠳᠭᠡᠯ᠎ᠦᠨ ᠬᠠᠷᠢᠭᠤᠴᠠᠯᠭᠠᠲᠠᠨ ᠯᠢ ᠶᠤᠸᠠᠨ ᠄《ᠱᠢᠤᠸᠠᠢ ᠱᠦᠵᠢ᠎ᠶ᠋ᠢᠨ ᠶᠠᠷᠢᠭ᠍ᠰᠠᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠣᠨᠣᠰᠤᠭᠠᠳ ᠪᠢ ᠢᠲᠡᠭᠡᠯ ᠲᠡᠭᠦᠯᠳᠡᠷ ᠪᠣᠯᠤᠯ᠎ᠠ᠂ ᠲᠠᠷᠠᠭᠠᠴᠢ ᠪᠡᠷ᠂ ᠪᠢᠳᠡ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠢᠳᠡᠭᠡᠨ᠎ᠦ ᠠᠮᠤᠷ ᠲᠦᠪᠱᠢᠨ᠎ᠢ ᠪᠠᠲᠤᠯᠠᠭ᠍ᠰᠠᠨ ᠤᠷᠢᠲᠠᠯ ᠳᠤᠤᠷ᠎ᠠ᠂ ᠦᠶ᠋ᠯᠡᠳᠪᠦᠷᠢᠯᠡᠯ᠎ᠦᠨ ᠬᠡᠪᠴᠢᠶ᠎ᠡ᠎ᠪᠡᠨ ᠥᠷᠭᠡᠳᠭᠡᠵᠦ᠍᠂ ᠦᠶ᠋ᠯᠡᠳᠬᠦᠨ᠎ᠦ ᠲᠥᠷᠥᠯ ᠵᠦᠶ᠋ᠯ᠎ᠢᠶᠡᠨ ᠨᠡᠮᠡᠭ᠌ᠳᠡᠭᠦᠯᠵᠦ᠍᠂ ᠬᠥᠳᠡᠭᠡ ᠲᠣᠰᠭᠣᠨ᠎ᠤ ᠠᠵᠤ ᠦᠶ᠋ᠯᠡᠰ᠎ᠢ ᠨᠠᠩ ᠰᠠᠢᠲᠤᠷ ᠬᠥᠭ᠌ᠵᠢᠭᠦᠯᠬᠦ᠌᠎ᠶ᠋ᠢᠨ ᠲᠥᠯᠥᠭᠡ ᠴᠢᠷᠮᠠᠢᠨ᠎ᠠ》 ᠭᠡᠵᠦ᠍ ᠶᠠᠷᠢᠪᠠ᠃

ᠱᠢᠤᠸᠠᠢ ᡁᠢ ᠯᠦᠩ᠄《ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠠᠵᠤ ᠦᠢᠯᠡᠰ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢᠨ ᠴᠢᠬᠤᠯᠠ᠎ᠠᠴᠠ ᠴᠢᠬᠤᠯᠠ ᠵᠦᠢᠯ ᠪᠣᠯᠭᠠᠵᠤ᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠲᠠᠰᠤᠷᠠᠯᠳᠠ ᠦᠭᠡᠢ ᠥᠷᠭᠡᠳᠭᠡᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠬᠥᠳᠡᠭᠡ᠎ᠠᠴᠠ ᠢᠷᠡᠭ᠌ᠰᠡᠨ ᠠᠷᠠᠳ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠲᠥᠪ ᠬᠤᠷᠢᠶ᠎ᠠ ᠵᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠡᠷᠡᠰ ᠵᠣᠷᠢᠭ᠎ᠢ ᠨᠡᠩ ᠭᠦᠨᠵᠡᠭᠡᠢ ᠣᠢᠯᠠᠭᠠᠪᠠ᠃ ᠪᠢ ᠲᠣᠰᠭᠣᠨ᠎ᠤ ᠬᠠᠮᠲᠤ᠎ᠤᠯᠠᠨ ᠵᠢᠡᠨ ᠳᠠᠭᠠᠭᠤᠯᠤᠨ᠂ ᠲᠣᠰ ᠭᠠᠵᠠᠷ ᠣᠷᠣᠨ᠎ᠤ ᠳᠠᠪᠠᠭᠤᠯᠢᠭ᠎ᠲᠠᠭᠠᠨ ᠰᠠᠭᠤᠷᠢᠯᠠᠵᠤ᠂ ᠬᠥᠭ᠌ᠵᠢᠯᠲᠡ᠎ᠶ᠋ᠢᠨ ᠢᠷᠡᠭᠡᠳᠦᠶ᠎ᠲᠡᠶ ᠠᠵᠤ ᠦᠶ᠋ᠯᠡᠰ ᠤ᠋ᠨ ᠲᠦᠷᠦᠯ ᠵᠤᠢᠯ ᠢ᠋ ᠶᠡᠬᠡ᠎ᠪᠡᠷ ᠣᠷᠣᠭᠤᠯᠤᠨ ᠠᠪᠴᠢᠷᠠᠵᠤ ᠡᠵᠡᠩᠨᠡᠨ᠎ᠠ᠃ ᠪᠢᠳᠡ ᠲᠣᠰᠭᠣᠨ᠎ᠤ ᠱᠢᠨ᠎ᠡ᠎ᠪᠡᠷ ᠪᠠᠢᠭᠤᠯᠤᠭ᠍ᠰᠠᠨ ᠬᠠᠷᠭᠠᠨ᠎ᠠ ᠵᠢᠨ ᠲᠡᠵᠢᠭᠡᠯ ᠪᠣᠷᠳᠣᠭᠠᠨ᠎ᠤ ᠦᠶ᠋ᠯᠡᠳᠪᠦᠷᠢ᠎ᠶ᠋ᠢ ᠭᠦᠶ᠋ᠴᠡᠳ ᠠᠱᠢᠭ᠍ᠯᠠᠨ ᠠᠱᠢᠭ ᠣᠷᠣᠯᠭ᠎ᠠ ᠡᠭᠦᠳᠴᠦ᠍᠂ ᠲᠣᠰᠭᠣᠨ᠎ᠤ ᠠᠲᠠᠷ ᠭᠠᠵᠠᠷ᠎ᠢ ᠠᠱᠢᠭ᠍ᠯᠠᠵᠤ ᠬᠠᠷᠭᠠᠨ᠎ᠠ ᠳᠠᠷᠢᠵᠤ ᠠᠮᠢ ᠠᠬᠤᠶ᠎ᠪᠠᠨ ᠬᠠᠮᠠᠭᠠᠯᠠᠬᠤ᠎ᠶ᠋ᠢᠨ ᠬᠠᠮᠲᠤ᠂ ᠠᠮᠢ ᠠᠬᠤᠢ ᠡᠴᠡ ᠠᠰᠢᠭ ᠬᠦᠷᠳᠡᠬᠦ ᠠᠵᠢᠯ᠎ᠢ ᠰᠠᠢᠲᠤᠷ ᠬᠢᠵᠦ᠍᠂ ᠠᠮᠢ ᠠᠬᠤᠶ᠎ᠶ᠋ᠢ ᠠᠵᠤ ᠦᠢᠯᠡᠰᠵᠢᠭᠦᠯᠬᠦ᠌᠂ ᠠᠵᠤ ᠦᠶ᠋ᠯᠡᠰ᠎ᠢ ᠠᠮᠢ ᠠᠬᠤᠢᠵᠢᠭᠤᠯᠬᠤ ᠵᠠᠮ᠎ᠢᠶᠠᠷ ᠰᠠᠢᠲᠤᠷ ᠵᠠᠮᠨᠠᠨ᠎ᠠ》 ᠬᠡᠵᠤ ᠪᠤᠳᠤᠯ ᠵᠢᠡᠨ ᠶᠠᠷᠢᠨ᠎ᠠ᠃

ᠬᠤᠸᠠᠩ ᠴᠢ ᠲᠠᠨ ᠲᠣᠰᠭᠣᠨ ᠨᠢ ᠰᠢᠪᠠᠷᠲᠠᠢ ᠪᠠᠯᠭᠠᠰᠤ ᠡᠴᠡ ᠵᠡᠭᠦᠨ ᠬᠤᠢᠨ᠎ᠠ 8 ᠺᠢᠯᠣᠮᠧᠲ᠋ᠷ ᠵᠠᠢᠲᠠᠢ ᠪᠠᠢᠷᠢᠯᠠᠵᠤ᠂ ᠬᠠᠷᠢᠶᠠᠨ ᠳ᠋ᠤᠨᠢ 6 ᠪᠠᠢᠭᠠᠯᠢᠯᠢᠭ ᠲᠣᠰᠭᠣᠨ 556 ᠡᠷᠦᠬᠡ 1112 ᠬᠥᠮᠦᠨ ᠠᠮᠠ᠎ᠲᠠᠶ᠂ ᠪᠠᠢᠩᠭᠤ ᠰᠠᠭᠤᠭ᠎ᠠ 135 ᠡᠷᠦᠬᠡ 249 ᠬᠥᠮᠦᠨ ᠠᠮᠠ᠎ᠲᠠᠶ᠃ ᠪᠦᠬᠦ ᠲᠠᠷᠢᠶᠠᠨ ᠭᠠᠵᠠᠷ᠎ᠤᠨ ᠲᠠᠯᠠᠪᠠᠶ ᠨᠢ 5002 ᠮᠥ᠍ ᠪᠠᠢᠬᠤ ᠵᠢᠨ ᠲᠤᠳᠤᠷ᠎ᠠ᠂ ᠤᠰᠤᠯᠠᠯᠲᠠ᠎ᠶ᠋ᠢᠨ ᠲᠠᠷᠢᠶᠠᠨ ᠭᠠᠵᠠᠷ 3045 ᠮᠥ᠍᠂ ᠣᠢᠲᠤ ᠭᠠᠵᠠᠷ᠎ᠤᠨ ᠲᠠᠯᠠᠪᠠᠶ 4740 ᠮᠥ᠍ ᠪᠤᠢ᠃ ᠲᠤᠰ ᠲᠣᠰᠭᠣᠨ ᠨᠢ ᠲᠠᠷᠢᠵᠤ ᠲᠡᠵᠢᠭᠡᠬᠦ᠌ ᠦᠢᠯᠡᠰ᠎ᠢᠶᠡᠷ ᠭᠣᠣᠯᠯᠠᠵᠤ᠂ ᠲᠠᠷᠢᠮᠠᠯ ᠨᠢ ᠨᠡᠷᠡᠨ ᠬᠤᠸᠠᠷ᠂ ᠡᠷᠳᠡᠨᠢ ᠱᠢᠰᠢ᠂ ᠲᠥᠮᠥᠰᠥ᠍ ᠵᠡᠷᠭᠡ᠎ᠪᠡᠷ ᠭᠣᠣᠯᠯᠠᠵᠤ ᠪᠠᠰᠠ ᠦᠬᠡᠷ᠂ ᠬᠣᠨᠢ᠂ ᠭᠠᠬᠠᠶ᠂ ᠲᠠᠬᠢᠶ᠎ᠠ ᠵᠡᠷᠭᠡ ᠲᠠᠵᠢᠭᠡᠪᠦᠷᠢ ᠵᠢᠨ ᠤᠢᠯᠡᠰ ᠡᠷᠬᠢᠯᠡᠵᠦ ᠪᠤᠢ᠃ ᠲᠣᠰ ᠲᠣᠰᠭᠣᠨ ᠨᠢ ᠲᠣᠰᠭᠣᠨ᠎ᠤ ᠲᠠᠰ᠎ᠤᠨ ᠬᠡᠷᠡᠯᠴᠢ ᠴᠡᠨᠡᠭ᠎ᠦᠨ ᠴᠠᠬᠢᠯᠭᠠᠨ ᠥᠷᠲᠡᠭᠡᠨ᠎ᠦ ᠲᠥᠷᠥᠯ ᠵᠦᠶ᠋ᠯ᠂ ᠵᠢᠨ ᠴᠧᠩ ᠸᠠ ᠵᠢᠨ ᠭᠠᠬᠠᠶ ᠲᠡᠵᠢᠭᠡᠬᠦ᠌ ᠲᠠᠯᠠᠪᠠᠶ ᠵᠡᠷᠭᠡ ᠲᠦᠷᠦᠯ ᠵᠤᠢᠯ ᠳ᠋ᠤ ᠪᠡᠯᠡ ᠤᠷᠤᠭᠤᠯᠤᠨ ᠠᠰᠢᠭ ᠬᠦᠷᠳᠡᠬᠦ᠎ᠪᠡᠷ ᠳᠠᠮᠵᠢᠭᠤᠯᠤᠨ ᠬᠠᠮᠲᠤ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠍᠂ ᠣᠳᠣᠬᠠᠨ᠎ᠳᠤ ᠬᠠᠮᠳᠤ ᠵᠢᠨ ᠠᠵᠤ ᠠᠬᠤᠢ ᠵᠢᠨ ᠤᠷᠤᠯᠭ᠎ᠠ ᠨᠢ ᠨᠢᠭᠡᠨᠲᠡ 128 ᠲᠦᠮᠡᠨ ᠲᠥᠭᠥᠷᠢᠭ ᠲᠤ᠌ ᠬᠦᠷᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号