—— 2023 ᠣᠨ᠎ᠤ 3 ᠰᠠᠷ᠎ᠠ᠎ᠶ᠋ᠢᠨ 7᠎ᠤ᠋ ᠡᠳᠦᠷ ᠠᠷᠪᠠᠨ ᠲᠦᠷᠪᠡᠳᠦᠬᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ ᠳᠡᠭᠡᠷ᠎ᠡ
ᠪᠦᠬᠦ
ᠤᠯᠤᠰ᠎ᠤᠨ ᠠᠷᠠᠳ᠎ᠤᠨ ᠲᠦᠯᠦᠬᠡᠯᠡᠭᠴᠢᠳ᠎ᠤᠨ ᠶᠡᠬᠡ
ᠬᠤᠷᠠᠯ᠎ᠤᠨ ᠪᠠᠢᠩᠭᠤ ᠵᠢᠨ ᠬᠣᠷᠢᠶ᠎ᠠ ᠵᠢᠨ
ᠬᠤᠷᠢᠶᠠᠨ ᠳᠠᠷᠤᠭ᠎ᠠ ᠯᠢ
ᠵᠠᠨ ᠱᠸ᠋
ᠲᠥᠯᠥᠭᠡᠯᠡᠭ᠌ᠴᠢᠳ ᠡ ᠄
ᠤᠳᠤ ᠪᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠢᠳᠠᠯᠭ᠎ᠠ᠎ᠪᠠᠷ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠃
ᠥᠩᠭᠡᠷᠡᠭ᠌ᠰᠡᠨ ᠨᠢᠭᠡ ᠵᠢᠯ ᠵᠢᠴᠢ ᠲᠠᠪᠤᠨ ᠵᠢᠯ᠎ᠤᠨ ᠭᠤᠤᠯ ᠠᠵᠢᠯ
ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠳᠡᠯᠡᠬᠡᠶ᠎ᠶ᠋ᠢᠨ ᠪᠠᠢᠳᠠᠯ ᠪᠣᠯᠤᠨ ᠬᠤᠢᠨ᠎ᠠ ᠬᠤᠢᠨ᠎ᠠ᠎ᠠᠴᠠ᠎ᠪᠠᠨ ᠵᠠᠯᠭᠠᠯᠲᠤᠭ᠍ᠰᠠᠨ ᠲᠦᠭ᠌ᠰᠢᠭᠦᠷᠢ ᠱᠢᠯᠭᠠᠯᠲᠠ᠎ᠶ᠋ᠢᠨ ᠡᠮᠦᠨ᠎ᠡ᠂ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠠᠯᠢ ᠣᠯᠠᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠷᠭ᠎ᠠ ᠬᠡᠮᠵᠢᠶ᠎ᠡ᠎ᠶ᠋ᠢ ᠠᠪᠴᠤ᠌᠂ ᠠᠯᠢ ᠣᠯᠠᠨ ᠬᠤᠪᠢᠰᠤᠯᠲᠠ᠎ᠶ᠋ᠢᠨ ᠴᠢᠨᠠᠷᠲᠠᠶ ᠦᠢᠯᠡᠳᠦᠯᠭᠡ᠎ᠶ᠋ᠢ ᠠᠬᠢᠭᠤᠯᠵᠤ᠂ ᠠᠯᠢ ᠤᠯᠠᠨ ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠎ᠶ᠋ᠢ ᠪᠡᠶᠡᠯᠡᠭᠦᠯᠵᠦ᠍᠂ ᠠᠯᠢ ᠤᠯᠠᠨ ᠪᠡᠯᠭᠡ ᠲᠡᠮᠳᠡᠭ᠎ᠤᠨ ᠴᠢᠨᠠᠷᠲᠠᠶ ᠦᠷ᠎ᠡ ᠪᠦᠲᠦᠭᠡᠯ ᠣᠯᠵᠤ᠂ ᠮᠠᠨ᠎ᠤ ᠤᠯᠤᠰ᠎ᠤᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠵᠠᠮ᠎ᠳᠤ ᠣᠷᠣᠬᠤ᠎ᠶ᠋ᠢ ᠠᠬᠢᠭᠤᠯᠪᠠ᠃ ᠮᠠᠨ᠎ᠤ ᠨᠠᠮ ᠳᠡᠯᠡᠬᠡᠶ ᠳ᠋ᠠᠬᠢᠨ᠎ᠤ ᠠᠩᠬᠠᠷᠤᠯ᠎ᠢ ᠲᠠᠲᠠᠭ᠍ᠰᠠᠨ ᠠᠷᠪᠠ ᠶᠢᠰᠦᠳᠦᠭᠡᠷ ᠤᠳᠠᠭ᠎ᠠ ᠂ ᠬᠤᠷᠢᠳᠤᠭᠠᠷ ᠤᠳᠠᠭ᠎ᠠ ᠵᠢᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢ ᠢᠯᠠᠯᠲᠠ᠎ᠲᠠᠢ᠎ᠪᠠᠷ ᠬᠤᠷᠠᠯᠳᠤᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠤ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠠᠯᠢ ᠤᠯᠠᠨ ᠴᠢᠬᠤᠯᠠ ᠶᠡᠭᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭ᠌ᠴᠦ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ᠂ ᠠᠵᠢᠯᠯᠠᠭᠠᠨ᠎ᠤ ᠵᠦᠭ᠌ᠯᠡᠭᠦᠷ᠎ᠢ ᠲᠣᠭ᠍ᠲᠠᠭᠠᠵᠤ ᠥᠭ᠌ᠬᠦᠬᠡᠳ᠂ ᠤᠯᠤᠰ ᠲᠥᠷᠥ᠍᠂ ᠣᠨᠣᠯ᠂ ᠦᠢᠯᠡᠳᠦᠯᠭᠡ᠎ᠶ᠋ᠢᠨ ᠲᠠᠯ᠎ᠠ᠎ᠪᠠᠷ᠎ᠬᠢ ᠠᠯᠢ ᠣᠯᠠᠨ ᠴᠢᠬᠤᠯᠠ ᠶᠡᠭᠡ ᠦᠷ᠎ᠡ ᠪᠦᠲᠦᠭᠡᠯ᠎ᠢᠶᠠᠷ᠎ᠢᠶᠠᠨ ᠲᠡᠦᠬᠡᠨ ᠬᠠᠭᠤᠳᠠᠰᠤᠨ᠎ᠳᠤ ᠲᠡᠮᠳᠡᠭ᠌ᠯᠡᠭ᠌ᠳᠡᠭ᠌ᠰᠡᠨ ᠪᠦᠬᠡᠳ ᠱᠢᠨ᠎ᠡ ᠴᠠᠭ ᠦᠶ᠎ᠡ᠎ᠳᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠰᠠᠢᠲᠤᠷ ᠬᠢᠬᠦ᠌᠎ᠳᠤ ᠴᠢᠭ᠌ᠯᠡᠯ᠎ᠢ ᠤᠯᠠᠮ ᠨᠢᠭᠡ ᠠᠯᠬᠤᠮ ᠲᠣᠳᠣᠷᠬᠠᠶ ᠵᠢᠭᠠᠨ ᠥᠭ᠌ᠴᠦ᠂ ᠵᠢᠷᠤᠮᠯᠠᠯ ᠬᠠᠩᠭᠠᠭ᠍ᠰᠠᠨ ᠪᠠᠢᠨ᠎ᠠ᠃
ᠥᠩᠭᠡᠷᠡᠭ᠌ᠰᠡᠨ ᠨᠢᠭᠡ ᠵᠢᠯ᠎ᠳᠤ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠲᠤᠭᠤᠱᠢᠯᠠᠭᠤᠯᠤᠨ᠂ ᠬᠠᠤᠯᠢ ᠲᠣᠭ᠍ᠲᠠᠭᠠᠬᠤ ᠠᠵᠢᠯ᠎ᠢ ᠴᠢᠨᠠᠷ ᠰᠠᠢᠲᠠᠶ ᠰᠠᠢᠲᠤᠷ ᠬᠢᠬᠦ᠌᠎ᠶ᠋ᠢ ᠪᠠᠷᠢᠮᠲᠠᠯᠠᠵᠤ᠂ 5 ᠬᠠᠤᠯᠢ ᠴᠠᠭᠠᠵᠠ ᠲᠣᠭ᠍ᠲᠠᠭᠠᠵᠤ᠂ 9 ᠬᠠᠤᠯᠢ ᠴᠠᠭᠠᠵᠠ᠎ᠳᠤ ᠵᠠᠰᠠᠪᠤᠷᠢ ᠣᠷᠣᠭᠤᠯᠵᠤ᠂ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠠᠰᠠᠭᠤᠳᠠᠯ ᠪᠠ ᠴᠢᠬᠤᠯᠠ ᠶᠡᠭᠡ ᠠᠰᠠᠭᠤᠳᠠᠯ᠎ᠤᠨ ᠲᠤᠬᠠᠶ ᠲᠣᠭ᠍ᠲᠠᠭᠠᠯ᠎ᠢ 4 ᠬᠤᠪᠢ ᠪᠠᠲᠤᠯᠠᠵᠤ᠂ 1 ᠬᠤᠪᠢ ᠬᠠᠤᠯᠢ ᠴᠠᠭᠠᠵᠠ᠎ᠶ᠋ᠢᠨ ᠲᠠᠢᠯᠪᠤᠷᠢᠯᠠᠯᠲᠠ ᠬᠢᠪᠡ; ᠬᠢᠨᠠᠯᠲᠠ ᠲᠠᠯᠪᠢᠬᠤ ᠠᠵᠢᠯ᠎ᠢ ᠴᠢᠨᠠᠷ ᠰᠠᠢᠲᠠᠶ ᠰᠠᠢᠲᠤᠷ ᠬᠢᠬᠦ᠌᠎ᠶ᠋ᠢ ᠪᠠᠷᠢᠮᠲᠠᠯᠠᠵᠤ᠂ 5 ᠬᠠᠤᠯᠢ ᠴᠠᠭᠠᠵᠠ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ ᠬᠢᠨᠠᠯᠲᠠ ᠲᠠᠯᠪᠢᠬᠤ ᠠᠵᠢᠯ᠎ᠤᠨ 23 ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠦ᠍᠂ ᠲᠤᠰᠭᠠᠢ ᠰᠡᠳᠦᠪᠲᠦ ᠯᠠᠪᠯᠠᠨ ᠠᠰᠠᠭᠤᠯᠭ᠎ᠠ᠎ᠶ᠋ᠢ ᠥᠷᠨᠢᠭᠦᠯᠵᠦ᠍᠂ 8 ᠵᠦᠢᠯ᠎ᠤᠨ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠬᠢᠪᠡ; ᠲᠥᠯᠥᠭᠡᠯᠡᠭ᠌ᠴᠢᠳ᠎ᠤᠨ ᠠᠵᠢᠯ᠎ᠢ ᠴᠢᠨᠠᠷ ᠰᠠᠢᠲᠠᠶ ᠰᠠᠢᠲᠤᠷ ᠬᠢᠬᠦ᠌᠎ᠶ᠋ᠢ ᠪᠠᠷᠢᠮᠲᠠᠯᠠᠵᠤ᠂ ᠲᠥᠯᠥᠭᠡᠯᠡᠭ᠌ᠴᠢᠳ᠎ᠤᠨ 487 ᠬᠤᠪᠢ ᠰᠠᠨᠠᠯ ᠵᠥᠪᠯᠡᠯᠭᠡ᠂ 9349 ᠬᠤᠪᠢ ᠰᠠᠨᠠᠭᠤᠯᠭ᠎ᠠ᠎ᠶ᠋ᠢ ᠱᠢᠢᠳᠪᠤᠷᠢᠯᠡᠵᠤ᠂ ᠲᠥᠯᠥᠭᠡᠯᠡᠭ᠌ᠴᠢ ᠨᠡᠢᠲᠡ 100 ᠭᠠᠷᠤᠶ ᠬᠥᠮᠦᠨ ᠤᠳᠠᠭ᠎ᠠ ᠪᠠᠢᠩᠭᠤ᠎ᠶ᠋ᠢᠨ ᠬᠤᠷᠢᠶ᠎ᠠ᠂ ᠲᠤᠰᠭᠠᠶ ᠵᠥᠪᠯᠡᠯ᠂ ᠠᠵᠢᠯ᠎ᠤᠨ ᠵᠥᠪᠯᠡᠯ᠎ᠤᠨ ᠠᠵᠢᠯ᠎ᠳᠤ ᠣᠷᠣᠯᠴᠠᠪᠠ; ᠭᠠᠳᠠᠭᠠᠳᠤ ᠶᠠᠪᠤᠳᠠᠯ᠎ᠤᠨ ᠠᠵᠢᠯ᠎ᠢ ᠴᠢᠨᠠᠷ ᠰᠠᠢᠲᠠᠶ ᠰᠠᠢᠲᠤᠷ ᠬᠢᠬᠦ᠌᠎ᠶ᠋ᠢ ᠪᠠᠷᠢᠮᠲᠠᠯᠠᠵᠤ᠂ 14 ᠵᠦᠢᠯ᠎ᠤᠨ ᠭᠡᠷ᠎ᠡ ᠪᠣᠯᠤᠨ ᠴᠢᠬᠤᠯᠠ ᠬᠡᠯᠡᠯᠴᠡᠭᠡᠷ᠎ᠢ ᠵᠥᠪᠱᠢᠶᠡᠷᠡᠬᠦ᠌ ᠪᠤᠶᠤ ᠲᠡᠬᠦᠨ᠎ᠳᠤ ᠣᠷᠣᠯᠴᠠᠬᠤ᠎ᠪᠠᠷ ᠲᠣᠭ᠍ᠲᠠᠵᠤ᠂ ᠬᠤᠶᠠᠷ ᠲᠠᠯᠠᠲᠤ ᠸᠢᠳᠢᠤ᠋ ᠠᠵᠢᠯᠯᠠᠭ᠎ᠠ ᠥᠷᠨᠢᠭᠦᠯᠵᠦ᠍᠂ ᠰᠦᠯᠵᠢᠶᠡᠨ ᠳᠡᠭᠡᠷ᠎ᠡ 116 ᠲᠠᠯᠠᠪᠤᠷ ᠣᠯᠠᠨ ᠤᠯᠤᠰ᠎ᠤᠨ ᠬᠤᠷᠠᠯ᠎ᠳᠤ ᠣᠷᠣᠯᠴᠠᠵᠤ᠂ ᠰᠦᠯᠵᠢᠶᠡᠨ ᠭᠠᠳᠠᠨᠠᠬᠢ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠶ᠋ᠢ 38 ᠤᠳᠠᠭ᠎ᠠ ᠥᠷᠨᠢᠭᠦᠯᠵᠦ᠍᠂ ᠭᠠᠳᠠᠭᠠᠳᠤ ᠬᠠᠷᠢᠯᠴᠠᠭᠠᠨ᠎ᠤ ᠵᠠᠬᠢᠳᠠᠯ ᠴᠢᠮᠡᠭᠡᠨ᠎ᠤ ᠬᠠᠷᠢᠯᠴᠠᠭ᠎ᠠ 600 ᠱᠢᠬᠠᠮ ᠬᠤᠪᠢ᠎ᠳᠤ ᠬᠦᠷᠪᠡ᠃ ᠬᠠᠤᠯᠢ ᠶᠣᠰᠣᠭᠠᠷ ᠲᠦᠷᠦ᠍᠎ᠶ᠋ᠢᠨ ᠪᠠᠢᠭᠤᠯᠭ᠎ᠠ᠎ᠶ᠋ᠢᠨ ᠠᠵᠢᠯᠳᠠᠨ᠎ᠢ 393 ᠬᠥᠮᠦᠨ ᠤᠳᠠᠭ᠎ᠠ ᠲᠣᠮᠢᠯᠠᠬᠤ ᠪᠤᠶᠤ ᠪᠠᠭᠤᠯᠭᠠᠵᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠠᠪᠤᠳᠤᠭᠠᠷ ᠬᠤᠷᠠᠯ ᠡᠴᠡ ᠲᠣᠭ᠍ᠲᠠᠭᠠᠭ᠍ᠰᠠᠨ ᠡᠭᠦᠷᠭᠡ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃
ᠲᠥᠯᠥᠭᠡᠯᠡᠭ᠌ᠴᠢᠳ ᠡ!
ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠠᠪᠤᠨ ᠵᠢᠯ᠎ᠤᠨ ᠲᠤᠱᠢᠶᠠᠯ᠎ᠤᠨ ᠬᠤᠭᠤᠴᠠᠭ᠎ᠠ᠎ᠨᠢ ᠶᠠᠭ ᠨᠠᠮ ᠪᠠ ᠤᠯᠤᠰ᠎ᠤᠨ ᠠᠵᠢᠯ ᠦᠢᠯᠡᠰ ᠥᠷᠨᠢᠨ ᠬᠥᠭ᠌ᠵᠢᠭ᠌ᠰᠡᠨ ᠠᠭᠤᠤ ᠶᠡᠭᠡ ᠲᠡᠦᠬᠡᠨ ᠬᠤᠪᠢᠰᠤᠯᠲᠠ᠎ᠶ᠋ᠢᠨ ᠴᠠᠭ ᠦᠶ᠎ᠡ᠎ᠳᠤ ᠲᠤᠬᠢᠶᠠᠯᠳᠤᠭ᠍ᠰᠠᠨ ᠪᠠᠢᠨ᠎ᠠ᠃ ᠪᠠᠢᠩᠭᠤ᠎ᠶ᠋ᠢᠨ ᠬᠤᠷᠢᠶ᠎ᠠ 《ᠬᠤᠶᠠᠷ᠎ᠢ ᠲᠣᠭ᠍ᠲᠠᠭᠠᠬ᠍ᠰᠠᠨ》 ᠤ᠋ ᠱᠢᠢᠳᠪᠦᠷᠢᠯᠡᠭ᠌ᠴᠢ ᠴᠢᠨᠠᠷᠲᠠᠶ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠵᠢ ᠪᠡᠶᠡᠯᠡᠭᠦᠯᠵᠤ᠂ ᠢᠮᠠᠭ᠍ᠲᠠ ᠨᠠᠮ᠎ᠤᠨ ᠲᠥᠪ ᠬᠣᠷᠢᠶ᠎ᠠ ᠵᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠠᠲᠤᠯᠠᠵᠤ᠂ ᠨᠠᠮ᠎ᠤᠨ ᠣᠨᠣᠯ ᠱᠤᠭᠤᠮ ᠴᠢᠭ᠌ᠯᠡᠯᠲᠡ ᠲᠦᠷᠦ᠍᠎ᠶ᠋ᠢᠨ ᠪᠣᠳᠣᠯᠭ᠎ᠠ᠎ᠶ᠋ᠢ ᠡᠷᠡᠰ ᠲᠤᠭᠤᠱᠢᠯᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠵᠥᠪ ᠴᠢᠭ᠌ᠯᠡᠯ᠎ᠢ ᠪᠠᠲᠤ ᠡᠵᠡᠮᠳᠡᠨ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠭᠡ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠴᠢᠩᠭ᠎ᠠ ᠳᠠᠭᠠᠵᠤ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠲᠠᠢ ᠨᠢᠭ᠍ᠲᠠ ᠤᠶᠠᠯᠳᠤᠭᠤᠯᠤᠨ᠂ ᠲᠦᠷᠦ᠍᠎ᠶ᠋ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠭᠡ ᠣᠢᠯᠠᠭᠠᠭ᠍ᠳᠠᠬᠤᠨ᠎ᠢ ᠲᠤᠭᠤᠱᠢᠯᠠᠭᠤᠯᠤᠨ᠂ ᠪᠦᠬᠦ᠌ ᠲᠥᠯᠥᠭᠡᠯᠡᠭ᠌ᠴᠢᠳ᠎ᠲᠤ ᠴᠢᠩᠭ᠎ᠠ ᠲᠦᠱᠢᠭ᠌ᠯᠡᠨ᠂ ᠬᠠᠤᠯᠢ ᠲᠣᠭ᠍ᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭ᠍ᠲᠠᠭᠠᠬᠤ ᠡᠷᠬᠡ᠂ ᠲᠣᠮᠢᠯᠠᠬᠤ ᠪᠠᠭᠤᠯᠭᠠᠬᠤ ᠡᠷᠬᠡ᠎ᠪᠠᠨ ᠬᠠᠤᠯᠢ ᠶᠣᠰᠣᠭᠠᠷ ᠬᠡᠷᠡᠭ᠌ᠵᠢᠭᠦᠯᠵᠦ᠍᠂ ᠨᠠᠮ ᠪᠣᠯᠤᠨ ᠠᠷᠠᠳ ᠲᠦᠮᠡᠨ᠎ᠠᠴᠠ ᠣᠯᠭᠤᠭ᠍ᠰᠠᠨ ᠢᠷᠠᠭᠤ ᠠᠯᠳᠠᠷᠲᠤ ᠲᠤᠱᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠤ᠂ ᠨᠠᠮ᠎ᠤᠨ ᠲᠥᠪ ᠬᠣᠷᠢᠶ᠎ᠠ ᠵᠢᠨ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠬᠥᠰᠡᠷᠳᠡᠭᠦᠯᠬᠦ᠌ ᠦᠭᠡᠢ ᠭᠡᠰᠡᠨ ᠲᠥᠪ ᠴᠢᠩᠭ᠎ᠠ ᠠᠮᠠᠯᠠᠯᠲᠠ᠎ᠪᠠᠨ ᠪᠡᠶᠡᠯᠡᠭᠦᠯᠬᠦ᠌᠎ᠪᠠᠷ ᠴᠢᠷᠮᠠᠢᠪᠠ᠃
ᠲᠠᠪᠤᠨ ᠵᠢᠯ᠎ᠤᠨ ᠲᠤᠷᠱᠢᠬᠢ᠂ ᠬᠠᠮᠤᠭ᠎ᠤᠨ ᠴᠢᠬᠤᠯᠠ ᠦᠷ᠎ᠡ ᠪᠦᠲᠦᠭᠡᠯ ᠪᠣᠯ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠨᠤᠯ ᠪᠣᠯᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠦᠢᠯᠡᠳᠦᠯᠭᠡ᠎ᠶ᠋ᠢ ᠵᠢᠯᠣᠭᠤᠳᠤᠨ ᠠᠬᠢᠭᠤᠯᠵᠤ ᠴᠢᠬᠤᠯᠠ ᠠᠬᠢᠴᠠ᠎ᠲᠠᠢ ᠪᠣᠯᠭᠠᠪᠠ᠄ ᠶᠡᠷᠦᠩᠬᠡᠶ ᠱᠦᠵᠢ ᠰᠢ᠎ᠶ᠋ᠢᠨ ᠫᠢᠩ᠎ᠤᠨ ᠳᠤᠷᠠᠳᠤᠭ᠍ᠰᠠᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠭᠡ ᠣᠢᠯᠠᠭᠠᠭ᠍ᠳᠠᠬᠤᠨ᠎ᠨᠢ ᠮᠡᠨ᠎ᠤ ᠤᠯᠤᠰ᠎ᠤᠨ ᠨᠡᠢᠬᠡᠮ ᠵᠢᠷᠤᠮ᠎ᠤᠨ ᠠᠷᠠᠳᠴᠢᠯᠡᠯ᠎ᠤᠨ ᠠᠭᠤᠯᠤᠭ᠍ᠳᠠᠬᠤᠨ᠂ ᠮᠥᠨ ᠴᠢᠨᠠᠷ᠎ᠤᠨ ᠣᠨᠴᠠᠯᠢᠭ᠂ ᠴᠢᠬᠤᠯᠠ ᠶᠡᠭᠡ ᠵᠠᠷᠴᠢᠮ᠎ᠢ ᠭᠦᠨᠵᠡᠭᠡᠶ ᠲᠠᠢᠯᠪᠤᠷᠢᠯᠠᠭᠠᠳ᠂ ᠮᠠᠷᠺᠰ᠎ᠤᠨ ᠦᠵᠡᠯ᠎ᠤᠨ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠤᠨᠤᠯ᠎ᠳᠤ ᠤᠤᠭᠠᠯ ᠡᠬᠦᠳᠦᠯᠳᠡ᠎ᠶ᠋ᠢᠨ ᠴᠢᠨᠠᠷᠲᠡᠢ ᠬᠤᠪᠢ ᠨᠡᠮᠡᠷᠢ ᠦᠵᠡᠭᠦᠯᠪᠡ; ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ 《ᠳᠥᠷᠪᠡᠨ ᠪᠠᠢᠭᠤᠯᠭ᠎ᠠ》 ᠶ᠋ᠢᠨ ᠪᠠᠢᠷᠢ ᠲᠣᠭ᠍ᠲᠠᠭᠠᠯᠲᠠ᠎ᠶ᠋ᠢ ᠲᠣᠳᠣᠷᠬᠠᠢᠯᠠᠭ᠍ᠰᠠᠨ᠎ᠨᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠨᠠᠩ ᠪᠣᠯᠪᠠᠰᠤᠷᠠᠩᠭᠤᠶ ᠪᠤᠯᠵᠤ ᠬᠡᠪᠱᠢᠭ᠌ᠰᠡᠨ᠂ ᠨᠠᠩ ᠪᠠᠬᠢᠵᠢᠨ ᠲᠡᠭᠦᠯᠳᠡᠷᠵᠢᠭ᠌ᠰᠡᠨᠢ ᠬᠠᠷᠠᠭᠤᠯᠵᠤ ᠪᠠᠢᠨ᠎ᠠ; ᠨᠠᠮ᠎ᠤᠨ ᠲᠥᠪ ᠬᠤᠷᠢᠶ᠎ᠠ ᠠᠩᠬ᠎ᠠ ᠤᠳᠠᠭ᠎ᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ ᠴᠢᠬᠤᠯᠠ ᠶᠠᠷᠢᠶ᠎ᠠ ᠲᠠᠯᠪᠢᠵᠤ᠂ ᠱᠢᠨ᠎ᠡ ᠴᠠᠭ ᠦᠶ᠎ᠡ᠎ᠳᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠱᠢᠰᠲ᠋ᠧᠮ᠎ᠲᠠᠢ ᠪᠠᠢᠷᠢᠯᠠᠭᠤᠯᠤᠯᠲᠠ ᠬᠢᠪᠡ; ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠤᠰᠤᠭᠠᠷ ᠤᠯᠤᠰ᠎ᠢᠶᠠᠨ ᠵᠠᠰᠠᠬᠤ᠎ᠶ᠋ᠢ ᠪᠠᠷᠢᠮᠲᠠᠯᠠᠬᠤ ᠭᠤᠷᠪᠠ ᠶ᠋ᠢ ᠵᠢᠩᠬᠢᠨᠢ᠎ᠪᠠᠷ ᠨᠡᠪᠲᠡᠷᠡᠭᠦᠯᠵᠦ᠍᠂ ᠣᠷᠭᠠᠨᠢᠭ ᠵᠢᠡᠷ ᠨᠢᠭᠡᠳᠤᠭᠦᠯᠦᠨ᠂ ᠲᠦᠷᠦ᠍᠎ᠶ᠋ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢ ᠲᠤᠯᠭᠠᠭᠤᠷᠢᠯᠠᠬᠤ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ᠎ᠤᠨ ᠦᠢᠯᠡᠳᠦᠯ᠎ᠢ᠎ᠨᠢ ᠪᠠᠳᠠᠷᠠᠭᠤᠯᠪᠠ; ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠪᠦᠬᠦᠯᠢ ᠴᠣᠭ᠍ᠴᠠ᠎ᠶ᠋ᠢᠨ ᠦᠢᠯᠡᠳᠦᠯ᠎ᠢ ᠭᠦᠢᠴᠡᠳ ᠢᠯᠡᠷᠡᠭᠦᠯᠵᠦ᠍᠂ ᠦᠢᠯᠡᠳᠦᠯᠭᠡ᠎ᠶ᠋ᠢᠨ ᠳᠤᠮᠳᠠ ᠬᠦᠴᠦᠷᠬᠡᠭ ᠶᠡᠭᠡ ᠠᠮᠢᠵᠢᠷᠠᠯ᠎ᠤᠨ ᠬᠦᠴᠦᠨ ᠪᠠ ᠯᠤᠲᠤ ᠶᠡᠭᠡ ᠳᠠᠪᠠᠭᠤᠯᠢᠭ ᠴᠢᠨᠠᠷ᠎ᠢ᠎ᠨᠢ ᠢᠯᠡᠷᠡᠭᠦᠯᠵᠦ᠍᠂ ᠠᠷᠠᠳ ᠲᠦᠮᠡᠨ᠎ᠤ ᠬᠠᠤᠯᠢ ᠶᠣᠰᠣᠭᠠᠷ ᠡᠯ᠎ᠡ ᠵᠦᠢᠯ᠎ᠤᠨ ᠠᠷᠭ᠎ᠠ ᠵᠠᠮ ᠪᠠ ᠬᠡᠯᠪᠡᠷᠢ᠎ᠪᠠᠷ ᠳᠠᠮᠵᠢᠭᠤᠯᠤᠨ ᠲᠦᠷᠦ᠍᠎ᠶ᠋ᠢᠨ ᠬᠡᠷᠡᠭ ᠶᠠᠪᠤᠳᠠᠯ᠎ᠢ ᠬᠠᠮᠢᠶᠠᠷᠬᠤ᠂ ᠠᠵᠤ ᠠᠬᠤᠢ ᠪᠠ ᠰᠤᠶᠤᠯ᠎ᠤᠨ ᠦᠢᠯᠡᠰ᠎ᠢ ᠬᠠᠮᠢᠶᠠᠷᠬᠤ᠂ ᠨᠡᠢᠬᠡᠮ᠎ᠤᠨ ᠬᠡᠷᠡᠭ ᠶᠠᠪᠤᠳᠠᠯ᠎ᠢ ᠬᠠᠮᠢᠶᠠᠷᠬᠤ᠎ᠶ᠋ᠢ ᠦᠨᠡᠨ ᠬᠦ᠌ ᠪᠠᠲᠤᠯᠠᠪᠠ᠃
ᠲᠠᠪᠤᠨ ᠵᠢᠯ᠎ᠤᠨ ᠲᠤᠷᠰᠢ᠂ ᠦᠨᠳᠦᠰᠦᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠢ ᠪᠠᠲᠤᠯᠠᠵᠤ᠂ 47 ᠬᠠᠤᠯᠢ ᠴᠠᠭᠠᠵᠠ ᠲᠤᠭ᠍ᠳᠠᠭᠠᠵᠤ᠂ 111ᠬᠤᠪᠢ ᠤᠳᠠᠭ᠎ᠠ ᠬᠠᠤᠯᠢ ᠴᠠᠭᠠᠵᠠ᠎ᠳᠤ ᠵᠠᠰᠠᠪᠤᠷᠢ ᠣᠷᠣᠭᠤᠯᠵᠤ᠂ ᠬᠠᠤᠯᠢ ᠴᠠᠭᠠᠵᠠ᠎ᠶ᠋ᠢᠨ ᠲᠠᠢᠯᠪᠤᠷᠢᠯᠠᠯᠲᠠ᠂ ᠬᠤᠯᠪᠤᠭ᠍ᠳᠠᠯ ᠪᠦᠬᠦᠢ ᠬᠠᠤᠯᠢ ᠴᠠᠭᠠᠵᠠ᠎ᠶ᠋ᠢᠨ ᠠᠰᠠᠭᠤᠳᠠᠯ ᠪᠠ ᠴᠢᠬᠤᠯᠠ ᠶᠡᠭᠡ ᠠᠰᠠᠭᠤᠳᠠᠯ᠎ᠤᠨ ᠲᠤᠬᠠᠶ 53 ᠬᠤᠪᠢ ᠲᠣᠭ᠍ᠲᠠᠭᠠᠯ ᠱᠢᠢᠳᠪᠦᠷᠢ ᠭᠠᠷᠭᠠᠵᠤ᠂ 19 ᠬᠤᠪᠢ ᠬᠠᠤᠯᠢ ᠴᠠᠭᠠᠵᠠ᠎ᠶ᠋ᠢᠨ ᠲᠦᠰᠦᠯ᠂ ᠲᠣᠭ᠍ᠲᠠᠭᠠᠯ᠎ᠤᠨ ᠲᠦᠰᠦᠯ᠎ᠢ ᠨᠢᠬᠡᠨᠳᠡ ᠬᠢᠨᠠᠨ ᠶᠠᠷᠢᠯᠴᠠᠬ᠍ᠰᠠᠨ ᠪᠤᠯᠪᠠᠴᠤ᠌ ᠬᠠᠷᠠᠬᠠᠨ ᠪᠠᠲᠤᠯᠠᠭᠠᠳᠤᠶ ᠪᠠᠢᠨ᠎ᠠ; 182 ᠬᠤᠪᠢ ᠬᠢᠨᠠᠯᠲᠠ ᠲᠠᠯᠪᠢᠬᠤ ᠠᠵᠢᠯ᠎ᠤᠨ ᠮᠡᠳᠡᠭᠦᠯᠦᠯᠲᠡ ᠪᠠ ᠪᠤᠰᠤᠳ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠵᠤ᠂ 30 ᠬᠤᠪᠢ ᠬᠠᠤᠯᠢ ᠴᠠᠭᠠᠵᠠ ᠪᠠ ᠲᠣᠭ᠍ᠲᠠᠭᠠᠯ᠎ᠢ ᠬᠡᠷᠡᠭ᠌ᠵᠢᠭᠦᠯᠦᠭ᠌ᠰᠡᠨ ᠪᠠᠢᠳᠠᠯ᠎ᠢ ᠪᠠᠢᠴᠠᠭᠠᠵᠤ᠂ 11 ᠣᠳᠠᠭ᠎ᠠ ᠵᠢᠨ ᠲᠤᠰᠭᠠᠶ ᠰᠡᠳᠦᠪᠲᠦ ᠯᠠᠪᠯᠠᠨ ᠠᠰᠠᠭᠤᠯᠭ᠎ᠠ᠂ 33 ᠵᠦᠢᠯ᠎ᠤᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠪᠡ; 2282 ᠬᠤᠪᠢ ᠲᠥᠯᠥᠭᠡᠯᠡᠭ᠌ᠴᠢ᠎ᠶ᠋ᠢᠨ ᠰᠠᠨᠠᠯ ᠵᠥᠪᠯᠡᠯᠭᠡ᠂ 43750 ᠬᠤᠪᠢ ᠲᠥᠯᠥᠭᠡᠯᠡᠭ᠌ᠴᠢ᠎ᠶ᠋ᠢᠨ ᠰᠠᠨᠠᠭᠤᠯᠭ᠎ᠠ᠎ᠶ᠋ᠢ ᠴᠦᠮ ᠱᠢᠢᠳᠪᠦᠷᠢᠯᠡᠵᠦ᠍ ᠳᠠᠭᠤᠰᠭᠠᠭᠠᠳ᠂ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠰᠠᠨᠠᠭᠤᠯᠭ᠎ᠠ᠎ᠶ᠋ᠢ ᠱᠢᠢᠳᠪᠦᠷᠢᠯᠡᠬᠦ᠌ ᠠᠵᠢᠯ᠎ᠳᠤ ᠬᠠᠨᠤᠮᠵᠢᠲᠠᠶ ᠪᠠᠢᠬᠤ ᠬᠡᠮᠵᠢᠶ᠎ᠡ 98% ᠳ᠋ᠦ ᠬᠦᠷᠦᠭ᠌ᠰᠡᠨ ᠪᠠᠢᠨ᠎ᠠ; 36 ᠵᠦᠢᠯ᠎ᠤᠨ ᠬᠡᠷ᠎ᠡ ᠪᠤᠯᠤᠨ ᠴᠢᠬᠤᠯᠠ ᠬᠡᠯᠡᠯᠴᠡᠬᠡᠷ ᠢ ᠵᠦᠪᠱᠢᠶᠡᠷᠡᠬᠦ᠌ ᠪᠤᠶᠤ ᠲᠡᠭᠦᠨ᠎ᠳᠤ ᠣᠷᠣᠯᠴᠠᠬᠤ᠎ᠪᠠᠷ ᠲᠣᠭ᠍ᠲᠠᠭᠠᠵᠤ᠂ ᠠᠢᠯᠴᠢᠯᠠᠯᠳᠠ᠎ᠶ᠋ᠢᠨ ᠪᠦᠯᠬᠦᠮ ᠳᠤᠭᠤᠢᠯᠠᠩ᠎ᠢ ᠵᠣᠬᠢᠶᠠᠨ ᠪᠠᠢᠭᠤᠯᠵᠤ ᠲᠤᠮᠢᠯᠠᠬ᠍ᠰᠠᠨ ᠪᠠ ᠠᠢᠯᠴᠢᠯᠠᠵᠤ ᠢᠷᠡᠭ᠌ᠰᠡᠨ ᠪᠦᠯᠬᠦᠮ ᠳᠤᠭᠤᠢᠯᠠᠩ᠎ᠢ ᠬᠦᠯᠢᠶᠡᠨ ᠠᠪᠴᠤ᠌ ᠵᠣᠴᠢᠯᠠᠬ᠍ᠰᠠᠨᠨᠢ 261 ᠤᠳᠠᠭ᠎ᠠ ᠪᠠᠢᠵᠤ᠂ ᠬᠤᠶᠠᠷ ᠲᠠᠯ᠎ᠠ᠎ᠳᠤ ᠪᠠ ᠤᠯᠠᠨ ᠲᠠᠯ᠎ᠠ᠎ᠳᠤ ᠰᠦᠯᠵᠢᠶᠠᠨ ᠳᠡᠭᠡᠷᠡᠬᠢ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠶ᠋ᠢ 400 ᠭᠠᠷᠤᠢ ᠲᠠᠯᠠᠪᠤᠷ ᠶᠠᠪᠤᠭᠤᠯᠪᠠ; ᠬᠠᠤᠯᠢ ᠶᠣᠰᠣᠭᠠᠷ ᠲᠥᠷᠥ᠎ᠶ᠋ᠢᠨ ᠪᠠᠢᠭᠤᠯᠭ᠎ᠠ᠎ᠶ᠋ᠢᠨ ᠠᠵᠢᠯᠲᠠᠨ᠎ᠢ 1515 ᠬᠥᠮᠦᠨ ᠤᠳᠠᠭ᠎ᠠ ᠲᠣᠮᠢᠯᠠᠵᠤ ᠪᠠᠭᠤᠯᠭᠠᠪᠠ᠃ ᠭᠤᠤᠯᠳᠠᠭᠤ ᠳᠣᠤᠷᠠᠬᠢ ᠠᠵᠢᠯ᠎ᠤᠳ᠎ᠢ ᠥᠷᠨᠢᠭᠦᠯᠪᠡ᠃
ᠨᠢᠭᠡ᠂ ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠵᠦ᠍᠂ ᠦᠨᠳᠦᠰᠦᠨ ᠬᠠᠤᠯᠢ᠎ᠶ᠋ᠢᠨ ᠡᠷᠬᠡ ᠰᠦᠷ ᠪᠠ ᠨᠡᠷ᠎ᠡ ᠬᠦᠨᠳᠦ᠍᠎ᠶ᠋ᠢ ᠬᠠᠮᠠᠭᠠᠯᠠᠪᠠ
ᠣᠳᠣ᠎ᠶ᠋ᠢᠨ ᠬᠡᠷᠡᠭ᠌ᠵᠢᠭᠦᠯᠵᠦ᠍ ᠪᠠᠢᠭ᠎ᠠ ᠦᠨᠳᠦᠰᠦᠨ ᠬᠠᠤᠯᠢ᠎ᠶ᠋ᠢ ᠨᠡᠢᠲᠡᠯᠡᠨ ᠬᠡᠷᠡᠭ᠌ᠵᠢᠭᠦᠯᠦᠭ᠌ᠰᠡᠨ 40 ᠵᠢᠯ᠎ᠤᠨ ᠣᠢ᠎ᠶ᠋ᠢᠨ ᠲᠠᠱᠢᠷᠠᠮ᠎ᠢᠶᠠᠷ᠂ ᠶᠡᠷᠦᠩᠬᠡᠶ ᠱᠦᠵᠢ ᠰᠢ᠎ᠶ᠋ᠢᠨ ᠫᠢᠩ ᠴᠢᠬᠤᠯᠠ ᠵᠣᠬᠢᠶᠠᠯ ᠨᠡᠢᠲᠡᠯᠡᠵᠦ᠍᠂ ᠦᠨᠳᠦᠰᠦᠨ ᠬᠠᠤᠯᠢ᠎ᠶ᠋ᠢᠨ ᠡᠷᠬᠢᠮ ᠳᠡᠭᠡᠳᠦ ᠪᠠᠢᠷᠢ ᠰᠠᠭᠤᠷᠢ᠎ᠶ᠋ᠢ ᠭᠦᠨᠵᠡᠭᠡᠶ ᠲᠠᠢᠯᠪᠤᠷᠢᠯᠠᠵᠤ᠂ ᠦᠨᠳᠦᠰᠦᠨ ᠬᠠᠤᠯᠢ᠎ᠶ᠋ᠢᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠳᠠᠯᠠᠬᠤ ᠪᠠ ᠴᠢᠩᠭᠠᠳᠭᠠᠬᠤ᠎ᠶ᠋ᠢ ᠴᠢᠬᠤᠯᠠᠴᠢᠯᠠᠨ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ᠎ᠶ᠋ᠢ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠲᠡᠶ ᠭᠡᠵᠦ᠍ ᠱᠠᠭᠠᠷᠳᠠᠵᠤ᠂ ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠬᠦ᠌᠎ᠳᠤ ᠴᠢᠭ᠌ᠯᠡᠯ᠎ᠢ ᠲᠣᠳᠣᠷᠬᠠᠶ ᠵᠢᠭᠠᠵᠤ ᠥᠭ᠌ᠭᠦᠭ᠌ᠰᠡᠨ ᠪᠠᠢᠨ᠎ᠠ᠃
(ᠨᠢᠭᠡ) ᠦᠨᠳᠦᠰᠦᠨ ᠬᠠᠤᠯᠢ ᠵᠢᠴᠢ ᠦᠨᠳᠦᠰᠦᠨ ᠬᠠᠤᠯᠢ᠎ᠶ᠋ᠢᠨ ᠬᠠᠮᠢᠶ᠎ᠠ ᠪᠥᠬᠦᠶ ᠬᠠᠤᠯᠢ᠎ᠶ᠋ᠢ ᠲᠡᠭᠦᠯᠳᠡᠷᠵᠢᠭᠦᠯᠪᠠ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠩᠬᠠᠳᠤᠭᠠᠷ ᠬᠤᠷᠠᠯ᠎ᠡᠴᠡ ᠦᠨᠳᠦᠰᠦᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠪᠠᠲᠤᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠪᠣᠯᠬᠤ᠎ᠶ᠋ᠢ ᠲᠣᠳᠣᠷᠬᠠᠢᠯᠠᠵᠤ᠂ ᠰᠢ᠎ᠶ᠋ᠢᠨ ᠫᠢᠩ ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠤᠯᠤᠰ ᠤᠷᠤᠨ᠎ᠤ ᠤᠯᠤᠰ ᠲᠦᠷᠦ᠍ ᠪᠠ ᠨᠡᠢᠭᠡᠮ᠎ᠤᠨ ᠠᠮᠢᠳᠤᠷᠠᠯ᠎ᠳᠠᠬᠢ ᠵᠢᠯᠣᠭᠤᠳᠭᠤ ᠪᠠᠢᠷᠢ ᠰᠠᠭᠤᠷᠢ᠎ᠶ᠋ᠢ ᠲᠣᠭ᠍ᠲᠠᠭᠠᠪᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠵᠣᠬᠢᠶᠠᠨ ᠪᠠᠢᠭᠤᠯᠬᠤ ᠳᠦᠷᠢᠮ᠂ ᠰᠣᠩᠭᠤᠭᠤᠯᠢ᠎ᠶ᠋ᠢᠨ ᠳᠦᠷᠢᠮ ᠪᠠ ᠠᠵᠢᠯᠯᠠᠭᠠᠨ᠎ᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠰᠣᠩᠭᠤᠭᠤᠯᠢ᠎ᠶ᠋ᠢᠨ ᠬᠠᠤᠯᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠡᠷᠡᠭ ᠵᠥᠪᠯᠡᠬᠦ᠌ ᠲᠦᠷᠢᠮ᠎ᠳᠤ ᠵᠠᠰᠠᠪᠤᠷᠢ ᠣᠷᠣᠭᠤᠯᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠵᠣᠬᠢᠶᠠᠨ ᠪᠠᠢᠭᠤᠯᠬᠤ ᠬᠠᠤᠯᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠡᠷᠡᠭ ᠵᠥᠪᠯᠡᠬᠦ᠌ ᠳᠦᠷᠢᠮ᠂ ᠣᠷᠣᠨ ᠨᠤᠲᠤᠭ᠎ᠤᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠦᠯᠦᠬᠡᠯᠡᠭ᠌ᠴᠢᠳ᠎ᠤᠨ ᠶᠡᠭᠡ ᠬᠤᠷᠠᠯ᠎ᠢᠶᠠᠷ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠵᠦ᠍᠂ ᠬᠠᠤᠯᠢ ᠲᠣᠭ᠍ᠲᠠᠭᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠢ ᠬᠢᠨᠠᠨ ᠶᠠᠷᠢᠯᠴᠠᠭᠠᠳ ᠶᠡᠭᠡ ᠬᠤᠷᠠᠯ᠎ᠳᠤ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠪᠡ᠃ ᠬᠢᠨᠠᠨ ᠪᠠᠢᠴᠠᠭᠠᠬᠤ ᠬᠠᠤᠯᠢ᠂ ᠬᠢᠨᠠᠨ ᠪᠠᠢᠴᠠᠭᠠᠬᠤ ᠲᠤᠱᠢᠶᠠᠯᠲᠠᠨ᠎ᠤ ᠬᠠᠤᠯᠢ᠂ ᠠᠯᠪᠠᠨ ᠲᠤᠱᠢᠶᠠᠯᠲᠠᠨ᠎ᠤ ᠵᠠᠰᠠᠭ᠎ᠤᠨ ᠶᠠᠪᠤᠳᠠᠯ᠎ᠤᠨ ᠱᠢᠢᠳᠭᠡᠯ᠎ᠤᠨ ᠬᠠᠤᠯᠢ᠎ᠶ᠋ᠢ ᠲᠣᠭ᠍ᠲᠠᠭᠠᠵᠤ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠬᠢᠨᠠᠨ ᠪᠠᠢᠴᠠᠭᠠᠬᠤ ᠬᠠᠤᠯᠢ ᠲᠣᠭ᠍ᠲᠠᠭᠠᠯ ᠲᠣᠭ᠍ᠲᠠᠭᠠᠬᠤ ᠲᠤᠬᠠᠶ ᠲᠣᠭ᠍ᠲᠠᠭᠠᠯ᠎ᠢ ᠭᠠᠷᠭᠠᠪᠠ᠃ ᠠᠷᠠᠳ᠎ᠤᠨ ᠱᠢᠭᠦᠬᠦ᠌ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠂ ᠠᠷᠠᠳ᠎ᠤᠨ ᠪᠠᠢᠴᠠᠭᠠᠬᠤ ᠬᠣᠷᠢᠶ᠎ᠠ ᠵᠢᠨ ᠵᠣᠬᠢᠶᠠᠨ ᠪᠠᠢᠭᠤᠯᠬᠤ ᠬᠠᠤᠯᠢ᠂ ᠱᠢᠬᠦᠬᠦ᠌ ᠲᠤᠱᠢᠶᠠᠯᠲᠠᠨ᠎ᠤ ᠬᠠᠤᠯᠢ᠂ ᠪᠠᠢᠴᠠᠭᠠᠬᠤ ᠲᠤᠱᠢᠶᠠᠯᠲᠠᠨ᠎ᠤ ᠬᠠᠤᠯᠢ᠎ᠳᠤ ᠵᠠᠰᠠᠪᠤᠷᠢ ᠣᠷᠣᠭᠤᠯᠵᠤ᠂ ᠠᠷᠠᠳ᠎ᠤᠨ ᠬᠠᠪᠰᠤᠷᠤᠨ ᠱᠢᠭᠦᠭ᠌ᠴᠢ᠎ᠶ᠋ᠢᠨ ᠬᠠᠤᠯᠢ᠎ᠶ᠋ᠢ ᠲᠣᠭ᠍ᠲᠠᠭᠠᠪᠠ᠃ ᠠᠯᠪᠠᠲᠠᠨ᠎ᠤ ᠬᠠᠤᠯᠢ᠂ ᠠᠵᠢᠯᠴᠢᠨ᠎ᠤ ᠡᠪᠯᠡᠯ᠎ᠤᠨ ᠬᠠᠤᠯᠢ᠂ ᠲᠤᠰᠭᠤᠨ᠎ᠤ ᠠᠷᠠᠳ᠎ᠤᠨ ᠵᠥᠪᠯᠡᠯ᠎ᠤᠨ ᠵᠣᠬᠢᠶᠠᠨ ᠪᠠᠢᠭᠤᠯᠬᠤ ᠬᠠᠤᠯᠢ᠂ ᠬᠤᠳᠠ᠎ᠶ᠋ᠢᠨ ᠰᠠᠭᠤᠭᠠᠯᠢ ᠠᠷᠠᠳ᠎ᠤᠨ ᠵᠥᠪᠯᠡᠯ᠎ᠤᠨ ᠵᠣᠬᠢᠶᠠᠨ ᠪᠠᠢᠭᠤᠯᠬᠤ ᠬᠠᠤᠯᠢ᠎ᠳᠤ ᠵᠠᠰᠠᠪᠤᠷᠢ ᠣᠷᠣᠭᠤᠯᠪᠠ᠃ ᠦᠷᠡᠭ᠌ᠳᠡᠭ᠌ᠰᠡᠨ ᠪᠠᠭᠠᠲᠤᠷᠴᠤᠳ᠎ᠢ ᠬᠠᠮᠠᠭᠠᠯᠠᠬᠤ ᠬᠠᠤᠯᠢ᠎ᠶ᠋ᠢ ᠲᠣᠭ᠍ᠲᠠᠭᠠᠨ᠂ ᠤᠯᠤᠰ᠎ᠤᠨ ᠲᠤᠬ᠎ᠤᠨ ᠬᠠᠤᠯᠢ᠂ ᠤᠯᠤᠰ᠎ᠤᠨ ᠰᠦᠯᠳᠡ᠎ᠶ᠋ᠢᠨ ᠬᠠᠤᠯᠢ᠎ᠳᠤ ᠵᠠᠰᠠᠪᠤᠷᠢ ᠣᠷᠣᠭᠤᠯᠵᠤ᠂ ᠤᠯᠤᠰ᠎ᠤᠨ ᠳᠠᠭᠤᠤ᠎ᠶ᠋ᠢᠨ ᠬᠠᠤᠯᠢ᠎ᠶ᠋ᠢᠨ ᠲᠤᠬᠠᠢ ᠬᠤᠯᠪᠣᠭ᠍ᠳᠠᠯ ᠪᠦᠬᠦᠢ ᠲᠣᠭ᠍ᠲᠠᠭᠠᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠤᠨ᠂ ᠦᠷᠡᠭ᠌ᠳᠡᠭ᠌ᠰᠡᠨ ᠪᠠᠭᠠᠲᠤᠷᠴᠤᠳ᠎ᠤᠨ ᠨᠡᠷ᠎ᠡ ᠬᠦᠨᠳᠦ ᠪᠠ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠬᠠᠮᠠᠭᠠᠯᠠᠵᠤ᠂ ᠤᠯᠤᠰ᠎ᠤᠨ ᠪᠡᠯᠭᠡᠳᠡᠯ ᠪᠠ ᠪᠡᠯᠭᠡ ᠲᠡᠮᠳᠡᠭ᠎ᠤᠨ ᠨᠡᠷ᠎ᠡ ᠬᠦᠨᠳᠦ᠍᠎ᠶ᠋ᠢ ᠬᠠᠮᠠᠭᠠᠯᠠᠨ᠂ ᠨᠡᠢᠭᠡᠮ ᠵᠢᠷᠤᠮ᠎ᠤᠨ ᠭᠤᠤᠯᠯᠠᠬᠤ ᠦᠷᠲᠡᠭ᠎ᠤᠨ ᠦᠵᠡᠯᠲᠡ ᠪᠠ ᠡᠬᠡ ᠣᠷᠣᠨᠴᠢ ᠦᠵᠡᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠤᠯᠤᠰ᠎ᠤᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠢ ᠬᠠᠤᠯᠢ ᠶᠣᠰᠣᠭᠠᠷ ᠬᠠᠮᠠᠭᠠᠯᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠪᠡ᠃
(ᠬᠤᠶᠠᠷ) ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠦᠨᠳᠦᠰᠦᠨ ᠬᠠᠤᠯᠢᠲᠤ ᠡᠮᠬᠢ ᠵᠢᠷᠤᠮ᠎ᠢ ᠬᠠᠮᠠᠭᠠᠯᠠᠪᠠ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ ᠡᠴᠡ ᠦᠨᠳᠦᠰᠦᠨ ᠬᠠᠤᠯᠢ᠎ᠶ᠋ᠢ ᠦᠨᠳᠦᠰᠦᠯᠡᠨ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ ᠴᠠᠭᠠᠵᠠ᠎ᠶ᠋ᠢᠨ ᠪᠠᠢᠭᠤᠯᠤᠯ ᠪᠣᠯᠤᠨ ᠬᠡᠷᠡᠭ᠌ᠵᠢᠭᠦᠯᠬᠦ᠌ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠬᠦ᠌ ᠲᠤᠬᠠᠶ ᠲᠣᠭ᠍ᠲᠠᠭᠠᠯ᠎ᠢ ᠪᠠᠲᠤᠯᠠᠵᠤ᠂ ᠪᠠᠢᠩᠭᠤ᠎ᠶ᠋ᠢᠨ ᠬᠤᠷᠢᠶ᠎ᠠ ᠶᠡᠭᠡ ᠬᠤᠷᠠᠯ᠎ᠤᠨ ᠡᠷᠬᠡ ᠣᠯᠭᠤᠯᠲᠠ᠎ᠶ᠋ᠢ ᠦᠨᠳᠦᠰᠦᠯᠡᠨ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠢ ᠣᠷᠣᠨ᠎ᠤ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ᠎ᠶ᠋ᠢ ᠲᠤᠭ᠍ᠳᠠᠭᠠᠬ᠍ᠰᠠᠨ ᠪᠦᠬᠡᠳ ᠲᠡᠭᠦᠨ᠎ᠢ ᠱᠢᠶᠠᠩᠭᠠᠩ᠎ᠤᠨ ᠭᠤᠤᠯ ᠬᠠᠤᠯᠢ᠎ᠶ᠋ᠢᠨ ᠳᠠᠭᠠᠯᠳᠤᠭᠤᠯᠤᠯ ᠭᠤᠷᠪᠠ ᠪᠤᠯᠭᠠᠨ ᠵᠢᠭ᠍ᠰᠠᠭᠠᠬᠤ᠎ᠪᠠᠷ ᠲᠤᠭ᠍ᠳᠠᠭᠠᠵᠤ᠂ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠠᠴᠠ ᠲᠤᠬᠠᠶ᠎ᠶ᠋ᠢᠨ ᠭᠠᠵᠠᠷ᠎ᠲᠤ ᠨᠡᠢᠲᠡᠯᠡᠨ ᠬᠡᠷᠡᠭ᠌ᠵᠢᠭᠦᠯᠤᠨ᠎ᠠ ᠬᠡᠵᠤ ᠲᠤᠳᠤᠷᠬᠠᠢ᠌ᠯᠠᠭᠠᠳ᠂ ᠱᠢᠶᠠᠩᠭᠠᠩ᠎ᠤᠨ ᠤᠯᠤᠰ᠎ᠤᠨ ᠠᠮᠤᠷ ᠲᠦᠪᠱᠢᠨ᠎ᠤ ᠬᠦᠷᠢᠶᠡᠨ᠎ᠳᠤ ᠤᠷᠲᠤ ᠬᠤᠭᠤᠴᠠᠭ᠎ᠠ᠎ᠪᠠᠷ ᠰᠡᠷᠭᠡᠢᠯᠡᠯᠲᠡ ᠦᠭᠡᠶ ᠪᠠᠢᠬ᠍ᠰᠠᠨ ᠬᠦᠨᠳᠦ ᠬᠡᠴᠡᠬᠦᠤ ᠪᠠᠢᠳᠠᠯ᠎ᠢ ᠬᠤᠪᠢᠷᠠᠭᠤᠯᠪᠠ᠃ ᠱᠢᠶᠠᠩᠭᠠᠩ᠎ᠤᠨ ᠤᠯᠤᠰ᠎ᠤᠨ ᠠᠮᠤᠷ ᠲᠦᠪᠱᠢᠨ᠎ᠤ ᠬᠠᠤᠯᠢ᠎ᠶ᠋ᠢᠨ ᠬᠤᠯᠪᠣᠭ᠍ᠳᠠᠯ ᠪᠦᠬᠦᠢ ᠵᠦᠢᠯ ᠵᠤᠷᠪᠤᠰ᠎ᠲᠤ ᠲᠠᠢᠯᠪᠤᠷᠢᠯᠠᠯᠲᠠ ᠬᠢᠵᠦ᠍᠂ ᠱᠢᠶᠠᠩᠭᠠᠩ᠎ᠤᠨ ᠤᠯᠤᠰ᠎ᠤᠨ ᠠᠮᠤᠷ ᠲᠦᠪᠱᠢᠨ᠎ᠤ ᠵᠥᠪᠯᠡᠯ ᠪᠠ ᠵᠠᠰᠠᠭ ᠵᠠᠬᠢᠷᠭᠠᠨ᠎ᠤ ᠳᠠᠷᠤᠭ᠎ᠠ᠎ᠶ᠋ᠢᠨ ᠤᠯᠤᠰ᠎ᠤᠨ ᠠᠮᠤᠷ ᠲᠦᠪᠱᠢᠨ᠎ᠤ ᠠᠰᠠᠭᠤᠳᠠᠯ᠎ᠢ ᠱᠢᠢᠳᠪᠦᠷᠢᠯᠡᠬᠦ᠌ ᠲᠠᠯ᠎ᠠ᠎ᠪᠠᠷ᠎ᠬᠢ ᠪᠠᠢᠷᠢ ᠰᠠᠭᠤᠷᠢ ᠪᠠ ᠲᠤᠱᠢᠶᠠᠯ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠪᠠ᠃ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯ ᠡᠴᠡ ᠦᠨᠳᠦᠰᠦᠨ ᠬᠠᠤᠯᠢ᠎ᠶ᠋ᠢ ᠦᠨᠳᠦᠰᠦᠯᠡᠨ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠢ ᠣᠷᠣᠨ᠎ᠤ ᠰᠣᠩᠭᠤᠭᠤᠯᠢ᠎ᠶ᠋ᠢᠨ ᠳᠦᠷᠢᠮ᠎ᠢ ᠲᠡᠭᠦᠯᠳᠡᠷᠵᠢᠭᠦᠯᠬᠦ᠌ ᠲᠤᠬᠠᠢ ᠲᠣᠭ᠍ᠲᠠᠭᠠᠯ᠎ᠢ ᠪᠠᠲᠤᠯᠠᠵᠤ᠂ ᠪᠠᠢᠩᠭᠤ᠎ᠶ᠋ᠢᠨ ᠬᠤᠷᠢᠶ᠎ᠠ ᠶᠡᠭᠡ ᠬᠤᠷᠠᠯ᠎ᠤᠨ ᠡᠷᠬᠡ ᠣᠯᠭᠤᠯᠲᠠ᠎ᠶ᠋ᠢ ᠦᠨᠳᠦᠰᠦᠯᠡᠨ ᠱᠢᠶᠠᠩᠭᠠᠩ᠎ᠤᠨ ᠭᠤᠤᠯ ᠬᠠᠤᠯᠢ᠎ᠶ᠋ᠢᠨ ᠳᠠᠭᠠᠯᠳᠤᠭᠤᠯᠤᠯ ᠨᠢᠭᠡ ᠪᠠ ᠳᠠᠭᠠᠯᠳᠤᠭᠤᠯᠤᠯ ᠬᠤᠶᠠᠷ᠎ᠢ ᠵᠠᠰᠠᠪᠤᠷᠢᠯᠠᠨ ᠲᠤᠭ᠍ᠳᠠᠭᠠᠵᠤ᠂ ᠵᠠᠰᠠᠭ ᠵᠠᠬᠢᠷᠭᠠᠨ᠎ᠤ ᠳᠠᠷᠤᠭ᠎ᠠ ᠪᠠ ᠬᠠᠤᠯᠢ ᠲᠣᠭ᠍ᠲᠠᠭᠠᠬᠤ ᠬᠤᠷᠠᠯ᠎ᠢ ᠭᠠᠷᠭᠠᠬᠤ ᠬᠤᠶᠠᠷ ᠠᠷᠭ᠎ᠠ᠎ᠶ᠋ᠢ ᠲᠡᠭᠦᠯᠳᠡᠷᠵᠢᠭᠦᠯᠵᠤ᠂ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠢ ᠣᠷᠣᠨ᠎ᠤ ᠬᠠᠤᠯᠢ ᠲᠣᠭ᠍ᠲᠠᠭᠠᠬᠤ ᠬᠤᠷᠠᠯ᠎ᠤᠨ ᠵᠥᠪᠯᠡᠯᠭᠡᠨ᠎ᠤ ᠭᠡᠱᠢᠭᠦᠨ᠎ᠤ ᠬᠢᠷᠢ ᠬᠡᠮ᠎ᠤᠨ ᠠᠰᠠᠭᠤᠳᠠᠯ᠎ᠤᠨ ᠲᠤᠬᠠᠶ ᠲᠣᠭ᠍ᠲᠠᠭᠠᠯ ᠵᠡᠷᠭᠡ᠎ᠶ᠋ᠢ ᠭᠠᠷᠭᠠᠭᠠᠳ᠂ ᠨᠢᠭᠡᠨ ᠢᠵᠢ ᠪᠦᠲᠦᠮᠵᠢᠲᠡᠶ ᠠᠷᠠᠳᠴᠢᠯᠠᠯ᠎ᠢᠶᠠᠷ ᠰᠣᠩᠭᠤᠬᠤ ᠲᠦᠷᠢᠮ᠎ᠢ ᠪᠤᠢ ᠪᠣᠯᠭᠠᠪᠠ᠃ ᠤᠷᠢᠳ ᠬᠤᠵᠢᠳ ᠣᠣᠮᠧᠨ᠎ᠤ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠾᠧᠩᠴᠢᠨ ᠪᠣᠭᠤᠮᠲᠠ᠎ᠶ᠋ᠢᠨ ᠣᠣᠮᠧᠨ᠎ᠤ ᠲᠠᠯ᠎ᠠ᠎ᠶ᠋ᠢᠨ ᠪᠣᠭᠤᠮᠲᠠ᠎ᠶ᠋ᠢᠨ ᠣᠷᠣᠨ ᠵᠢᠴᠢ ᠬᠠᠮᠢᠶ᠎ᠠ ᠪᠦᠬᠦᠢ ᠤᠷᠲᠤᠳᠭᠠᠭ᠍ᠰᠠᠨ ᠣᠷᠣᠨ᠎ᠳᠤ ᠬᠠᠮᠢᠶᠠᠷᠬᠤ ᠬᠠᠷᠢᠶᠠᠯᠠᠯ ᠶᠠᠪᠤᠭᠤᠯᠬᠤ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠳᠣᠲᠣᠷ ᠭᠠᠵᠠᠷ᠎ᠤᠨ ᠶᠢᠰᠦᠨ ᠬᠤᠲᠠ᠎ᠳᠤ ᠱᠢᠶᠠᠩᠭᠠᠩ᠎ᠤᠨ ᠬᠠᠤᠯᠢ ᠴᠠᠭᠠᠵᠠ᠎ᠶ᠋ᠢᠨ ᠠᠵᠢᠯ ᠡᠷᠬᠢᠯᠡᠭ᠌ᠰᠡᠳ ᠪᠣᠯᠤᠨ ᠣᠣᠮᠧᠨ᠎ᠤ ᠠᠵᠢᠯ ᠡᠷᠬᠢᠯᠡᠬᠦ᠌ ᠬᠠᠤᠯᠢᠴᠢ᠎ᠶ᠋ᠢᠨ ᠠᠵᠢᠯ ᠡᠷᠬᠢᠯᠡᠬᠦ᠌ ᠲᠤᠷᠱᠢᠯᠲᠠ ᠶᠠᠪᠤᠭᠤᠯᠬᠤ ᠵᠡᠷᠭᠡ ᠶᠠᠪᠤᠳᠠᠯ᠎ᠤᠨ ᠲᠤᠬᠠᠶ ᠲᠣᠭ᠍ᠲᠠᠭᠠᠯ ᠭᠠᠷᠭᠠᠭᠠᠳ᠂ ᠱᠢᠶᠠᠩᠭᠠᠩ᠂ ᠣᠣᠮᠧᠨ᠎ᠤ ᠤᠯᠤᠰ ᠤᠷᠤᠨ᠎ᠤ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠨᠡᠩ ᠰᠠᠢᠲᠤᠷ ᠠᠭᠤᠰᠤᠯᠴᠠᠨ ᠤᠷᠤᠬᠤ᠎ᠶ᠋ᠢ ᠠᠬᠢᠭᠤᠯᠪᠠ᠃ ᠵᠠᠰᠠᠭ ᠵᠠᠬᠢᠷᠭᠠᠨ᠎ᠤ ᠣᠨᠴᠠᠭᠠᠢ ᠣᠷᠣᠨ᠎ᠤ ᠲᠤᠬᠠᠶ ᠠᠯᠢ ᠣᠯᠠᠨ ᠬᠠᠤᠯᠢ ᠲᠣᠭ᠍ᠲᠠᠭᠠᠯᠲᠠ ᠪᠠ ᠲᠣᠭ᠍ᠲᠠᠭᠠᠯ᠎ᠨᠢ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》᠂ 《ᠱᠢᠶᠠᠩᠭᠠᠩ᠎ᠤᠨ ᠬᠥᠮᠦᠨ᠎ᠢᠶᠠᠷ ᠱᠢᠶᠠᠩᠭᠠᠩ᠎ᠢ ᠵᠠᠰᠠᠭᠤᠯᠬᠤ》᠂ 《ᠣᠣᠮᠧᠨ᠎ᠤ ᠬᠥᠮᠦᠨ᠎ᠢᠶᠠᠷ ᠣᠣᠮᠧᠨ᠎ᠢ ᠵᠠᠰᠠᠭᠤᠯᠬᠤ》᠂ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭ᠌ᠯᠡᠯᠲᠡ ᠪᠠ 《ᠡᠬᠡ ᠤᠷᠤᠨᠴᠢ ᠬᠦᠮᠦᠰ᠎ᠢᠶᠠᠷ ᠱᠢᠶᠠᠩᠭᠠᠩ᠎ᠢ ᠵᠠᠰᠠᠭᠤᠯᠬᠤ》᠂ 《ᠡᠭᠡ ᠣᠷᠣᠨᠴᠢ ᠬᠥᠮᠦᠰ᠎ᠢᠶᠠᠷ ᠣᠣᠮᠧᠨ᠎ᠢ ᠵᠠᠰᠠᠭᠤᠯᠬᠤ》 ᠵᠠᠷᠴᠢᠮ᠎ᠢ ᠨᠠᠢᠳᠠᠪᠤᠷᠢᠵᠢᠭᠤᠯᠵᠤ᠂ ᠲᠥᠪ᠎ᠤᠨ ᠪᠦᠬᠦ᠌ ᠲᠠᠯ᠎ᠠ᠎ᠪᠠᠷ ᠬᠠᠮᠢᠶᠠᠷᠤᠨ ᠵᠠᠰᠠᠬᠤ ᠡᠷᠬᠡ᠎ᠶ᠋ᠢ ᠭᠦᠢᠴᠡᠳ ᠢᠯᠡᠷᠡᠭᠦᠯᠵᠤ᠂ ᠱᠢᠶᠠᠩᠭᠠᠩ᠎ᠤᠨ ᠰᠠᠮᠠᠭᠤᠷᠠᠯ᠎ᠠᠴᠠ ᠵᠠᠰᠠᠯᠲᠠ᠎ᠳᠤ ᠬᠦᠷᠦᠭ᠌ᠰᠡᠨᠠᠴᠠᠪᠠᠨ ᠵᠠᠰᠠᠯᠳᠠ᠎ᠠᠴᠠ ᠪᠠᠳᠠᠷᠠᠯᠳᠤ ᠬᠦᠷᠬᠦ᠌ ᠱᠢᠨ᠎ᠡ ᠱᠠᠲᠤ ᠦᠶ᠎ᠠ᠎ᠳᠤ ᠣᠷᠣᠬᠤ᠂ ᠱᠢᠶᠠᠩᠭᠠᠩ ᠣᠣᠮᠧᠨ᠎ᠤ ᠤᠷᠲᠤ ᠬᠤᠭᠤᠴᠠᠭ᠎ᠠ᠎ᠪᠠᠷ ᠴᠡᠴᠡᠭ᠌ᠯᠡᠨ ᠬᠥᠭ᠌ᠵᠢᠵᠦ᠍ ᠲᠣᠭ᠍ᠲᠠᠭᠤᠨ ᠪᠠᠢᠬᠤ᠎ᠶ᠋ᠢ ᠪᠠᠲᠤᠯᠠᠬᠤ᠎ᠶ᠋ᠢ ᠠᠬᠢᠭᠤᠯᠬᠤ᠎ᠳᠤ ᠬᠠᠤᠯᠢ᠎ᠪᠠᠷ ᠵᠠᠰᠠᠬᠤ᠎ᠶ᠋ᠢᠨ ᠬᠦᠴᠦᠲᠡᠢ ᠪᠠᠲᠤᠯᠠᠭ᠎ᠠ ᠬᠠᠩᠭᠠᠭ᠍ᠰᠠᠨ ᠪᠠᠢᠨ᠎ᠠ᠃
(ᠭᠤᠷᠪᠠ) ᠤᠢ᠍ᠡᠳᠦᠰᠦᠠ ᠬᠠᠦᠯᠢ᠎ᠳᠤ ᠨᠡᠢᠴᠡᠬᠦ᠌ ᠡᠰᠡᠬᠦ᠌᠎ᠶ᠋ᠢ ᠬᠢᠨᠡᠠ ᠪᠠᠢᠴᠡᠭᠠᠬᠤ ᠠᠵᠢᠯ᠎ᠢ ᠴᠢᠩᠭᠠᠳᠭᠠᠵᠤ᠂ ᠳᠠᠩᠰᠠᠯᠠᠭᠤᠯᠵᠤ ᠬᠢᠨᠠᠨ ᠪᠠᠢᠴᠠᠭᠠᠬᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠪᠠ᠃ ᠦᠨᠳᠦᠰᠦᠨ ᠬᠠᠤᠯᠢ᠎ᠳᠤ ᠨᠡᠢᠴᠡᠬᠦ᠌ ᠡᠰᠡᠬᠦ᠌᠎ᠶ᠋ᠢ ᠬᠢᠨᠠᠨ ᠪᠠᠢᠴᠠᠭᠠᠬᠤ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠬᠠᠤᠯᠢ ᠲᠣᠭ᠍ᠲᠠᠭᠠᠬᠤ ᠬᠠᠤᠯᠢ ᠴᠠᠭᠠᠵᠠ᠎ᠳᠤ ᠵᠠᠰᠠᠪᠤᠷᠢ ᠤᠷᠤᠭᠤᠯᠬᠤ ᠠᠵᠢᠯ᠎ᠢ ᠬᠢᠬᠦ᠌᠎ᠠᠴᠠ ᠡᠮᠦᠨ᠎ᠡ᠂ ᠬᠢᠬᠦ᠌ ᠳᠤᠮᠳᠠ᠂ ᠬᠢᠭ᠌ᠰᠡᠨ᠎ᠤ ᠳᠠᠷᠠᠭ᠎ᠠ ᠪᠦᠬᠦ᠌ ᠶᠠᠪᠤᠴᠠ᠎ᠶ᠋ᠢᠨ᠂ ᠪᠠᠢᠩᠭᠤᠵᠢᠭ᠍ᠰᠠᠨ ᠦᠨᠳᠦᠰᠦᠨ ᠬᠠᠤᠯᠢ᠎ᠳᠤ ᠨᠡᠢᠴᠡᠬᠦ᠌ ᠡᠰᠡᠬᠦ᠌ ᠲᠤᠬᠠᠢ ᠬᠢᠨᠠᠨ ᠪᠠᠢᠴᠠᠭᠠᠯᠳᠠ᠎ᠶ᠋ᠢ ᠦᠷᠨᠢᠬᠦᠯᠪᠠ᠃ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ᠎ᠤᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠳᠠᠬᠢ ᠦᠨᠳᠦᠰᠦᠨ ᠬᠠᠤᠯᠢ᠎ᠳᠤ ᠨᠡᠢᠴᠡᠬᠦ᠌ ᠡᠰᠡᠬᠦ᠌ ᠠᠰᠠᠭᠤᠳᠠᠯ᠎ᠤᠨ ᠲᠤᠬᠠᠶ ᠦᠨᠳᠦᠰᠦᠨ ᠬᠠᠤᠯᠢ᠎ᠶ᠋ᠢᠨ ᠲᠣᠭ᠍ᠲᠠᠭᠠᠯ᠎ᠤᠨ ᠠᠰᠠᠭᠤᠳᠠᠯ᠎ᠳᠤ ᠬᠤᠯᠪᠣᠭ᠍ᠳᠠᠬᠤ ᠰᠤᠳᠤᠯᠭᠠᠨ᠎ᠤ ᠰᠠᠨᠠᠯ᠎ᠢ ᠪᠦᠷᠢᠯᠳᠦᠬᠦᠯᠪᠡ᠃ ᠠᠷᠠᠳ ᠢᠷᠭᠡᠳ᠎ᠤᠨ ᠵᠠᠬᠢᠳᠠᠯ ᠬᠠᠷᠢᠯᠴᠠᠭᠠᠨ᠎ᠤ ᠡᠷᠬᠡ ᠴᠢᠯᠥᠭᠡ ᠪᠠ ᠵᠠᠬᠢᠳᠠᠯ ᠬᠠᠷᠢᠯᠴᠠᠭᠠᠨ᠎ᠤ ᠨᠢᠭᠤᠴᠠ᠎ᠶ᠋ᠢ ᠬᠠᠮᠠᠭᠠᠯᠠᠬᠤ᠂ ᠬᠥᠮᠦᠨ᠎ᠤ ᠪᠡᠶ᠎ᠡ᠎ᠶ᠋ᠢᠨ ᠬᠤᠬᠢᠷᠠᠯ᠎ᠤᠨ ᠲᠥᠯᠥᠪᠦᠷᠢ᠎ᠶ᠋ᠢᠨ ᠬᠤᠲᠠ ᠬᠥᠳᠡᠭᠡ᠎ᠶ᠋ᠢᠨ ᠪᠠᠷᠢᠮᠵᠢᠶ᠎ᠠ᠎ᠶ᠋ᠢ ᠨᠢᠭᠡᠳᠦᠯᠲᠠᠢ ᠪᠤᠯᠭᠠᠬᠤ᠂ ᠦᠨᠳᠦᠰᠦᠲᠡᠨ᠎ᠤ ᠭᠠᠵᠠᠷ ᠣᠷᠣᠨ᠎ᠳᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭ᠌ᠯᠡᠬᠦ᠌ ᠵᠡᠷᠭᠡ ᠨᠡᠢᠭᠡᠮ ᠨᠡᠢᠳᠡ᠎ᠶ᠋ᠢᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠬᠠᠷᠢᠭᠤ ᠥᠭ᠌ᠬᠦᠨ᠂ ᠲᠣᠬᠢᠲᠠᠶ ᠱᠢᠢᠳᠪᠦᠷᠢᠯᠡᠵᠤ᠂ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠶ᠎ᠡ᠎ᠶ᠋ᠢ ᠦᠨᠳᠦᠰᠦᠨ ᠬᠠᠤᠯᠢ᠎ᠶ᠋ᠢᠨ ᠲᠣᠭ᠍ᠲᠠᠭᠠᠯ᠂ ᠦᠨᠳᠦᠰᠦᠨ ᠬᠠᠤᠯᠢ᠎ᠶ᠋ᠢᠨ ᠵᠠᠷᠴᠢᠮ᠂ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠲᠠᠢ ᠨᠡᠢᠴᠡᠭᠦᠯᠬᠦ᠌᠎ᠶ᠋ᠢ ᠦᠨᠡᠨ ᠬᠦ᠌ ᠪᠠᠲᠤᠯᠠᠪᠠ᠃ ᠬᠠᠤᠯᠢ ᠲᠣᠭ᠍ᠲᠠᠭᠠᠯ᠂ ᠬᠠᠤᠯᠢ ᠪᠠᠷᠢᠬᠤ ᠲᠠᠢᠯᠪᠤᠷᠢᠯᠠᠯᠲᠠ᠎ᠶ᠋ᠢ ᠳᠠᠩᠰᠠᠯᠠᠭᠤᠯᠵᠤ ᠬᠢᠨᠠᠨ ᠪᠠᠢᠴᠠᠭᠠᠬᠤ ᠠᠵᠢᠯ᠎ᠤᠨ ᠠᠷᠭ᠎ᠠ᠎ᠶ᠋ᠢ ᠲᠣᠭ᠍ᠲᠠᠭᠠᠵᠤ᠂ ᠳᠠᠩᠰᠠᠯᠠᠭᠤᠯᠵᠤ ᠬᠢᠨᠠᠨ ᠪᠠᠢᠴᠠᠭᠠᠬᠤ᠎ᠶ᠋ᠢ ᠵᠣᠯᠭᠠᠯᠳᠤᠭᠤᠯᠵᠤ ᠬᠠᠮᠳᠤᠷᠠᠨ ᠬᠥᠳᠡᠯᠦᠯᠴᠡᠬᠦ᠌ ᠲᠣᠭ᠍ᠲᠠᠴᠠ᠂ ᠳᠠᠩᠰᠠᠯᠠᠭᠤᠯᠵᠤ ᠬᠢᠨᠠᠨ ᠪᠠᠢᠴᠠᠭᠠᠬ᠍ᠰᠠᠨ ᠣᠨ᠎ᠤ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠪᠠᠢᠩᠭᠤ᠎ᠶ᠋ᠢᠨ ᠬᠤᠷᠢᠶ᠎ᠠ ᠰᠣᠨᠣᠰᠴᠤ᠌ ᠬᠢᠨᠠᠨ ᠶᠠᠷᠢᠯᠴᠠᠬᠤ ᠳᠦᠷᠢᠮ᠎ᠢ ᠪᠠᠢᠭᠤᠯᠤᠨ ᠪᠦᠷᠢᠨᠱᠢᠭᠦᠯᠵᠦ᠍᠂ ᠳᠠᠩᠰᠠᠯᠠᠭᠤᠯᠵᠤ ᠬᠢᠨᠠᠨ ᠪᠠᠢᠴᠠᠭᠠᠬᠤ ᠲᠤᠰᠭᠠᠶ ᠮᠡᠷᠭᠡᠵᠢᠯᠲᠡᠨ᠎ᠤ ᠵᠥᠪᠯᠡᠯ᠎ᠢ ᠪᠠᠢᠭᠤᠯᠤᠨ᠂ ᠳᠠᠩᠰᠠᠯᠠᠭᠤᠯᠵᠤ ᠬᠢᠨᠠᠨ ᠪᠠᠢᠴᠠᠭᠠᠬᠤ ᠠᠵᠢᠯ᠎ᠢ ᠳᠦᠷᠢᠮᠵᠢᠭᠦᠯᠬᠦ᠂ ᠵᠢᠷᠤᠮᠵᠢᠭᠤᠯᠬᠤ᠂ ᠲᠤᠰᠭᠠᠢᠵᠢᠭᠤᠯᠬᠤ ᠬᠢᠷᠢ ᠬᠡᠮᠵᠢᠶ᠎ᠡ ᠢᠯᠡᠳᠲᠡ ᠳᠡᠭᠡᠭ᠌ᠰᠢᠯᠡᠪᠡ᠃ ᠪᠢᠴᠢᠭ ᠮᠠᠲ᠋ᠧᠷᠢᠶᠠᠯ ᠪᠠᠢᠪᠠᠯ ᠵᠠᠪᠠᠯ ᠲᠠᠩᠰᠠᠯᠠᠭᠤᠯᠬᠤ᠂ ᠳᠠᠩᠰᠠᠯᠠᠭᠤᠯᠪᠠᠯ ᠵᠠᠪᠠᠯ ᠬᠢᠨᠠᠨ ᠪᠠᠢᠴᠠᠭᠠᠬᠤ᠂ ᠪᠤᠷᠤᠭᠤ ᠪᠠᠢᠪᠠᠯ ᠵᠠᠪᠠᠯ ᠵᠠᠯᠠᠷᠠᠭᠤᠯᠬᠤ᠎ᠶ᠋ᠢ ᠪᠠᠷᠢᠮᠳᠠᠯᠠᠵᠤ᠂ ᠮᠡᠳᠡᠭᠦᠯᠦᠨ ᠬᠦᠷᠭᠡᠵᠦ᠍ ᠳᠠᠩᠰᠠᠯᠠᠭᠤᠯᠤᠭ᠍ᠰᠠᠨ 7261ᠬᠤᠪᠢ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠨᠢᠭᠡᠳ ᠨᠢᠭᠡ᠎ᠪᠠᠷ ᠬᠢᠨᠠᠨ ᠪᠠᠢᠴᠠᠭᠠᠵᠤ᠂ ᠠᠷᠠᠳ ᠢᠷᠭᠡᠨ᠂ ᠵᠣᠬᠢᠶᠠᠨ ᠪᠠᠢᠭᠤᠯᠤᠯᠲᠠ᠎ᠶ᠋ᠢᠨ ᠳᠤᠷᠠᠳᠤᠭ᠍ᠰᠠᠨ 17769 ᠬᠤᠪᠢ ᠬᠢᠨᠠᠨ ᠪᠠᠢᠴᠠᠭᠠᠬᠤ ᠰᠠᠨᠠᠭᠤᠯᠭ᠎ᠠ᠎ᠶ᠋ᠢ ᠨᠢᠭᠡᠳ ᠨᠢᠭᠡ᠎ᠪᠠᠷ ᠰᠤᠳᠤᠯᠵᠤ᠂ ᠱᠢᠢᠳᠪᠦᠷᠢᠯᠡᠬᠦ᠌ ᠰᠠᠨᠠᠯ᠎ᠢᠶᠠᠨ ᠨᠠᠷᠢᠨ ᠬᠢᠨᠠᠮᠠᠭᠠᠶ ᠳᠤᠷᠠᠳᠪᠠ; ᠠᠮᠢ ᠠᠬᠤᠢ᠎ᠶ᠋ᠢᠨ ᠣᠷᠴᠢᠨ ᠨᠦᠬᠦᠴᠡᠯ᠎ᠤᠨ ᠬᠠᠮᠠᠭᠠᠯᠠᠯᠲᠠ᠂ ᠬᠤᠳᠠᠯᠳᠤᠭ᠎ᠠ ᠡᠵᠡᠩᠨᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠬᠦᠯᠬᠦ᠂ ᠢᠳᠡᠭᠡᠨ᠎ᠤ ᠵᠦᠢᠯ ᠡᠮ᠎ᠤᠨ ᠵᠦᠢᠯ᠎ᠤᠨ ᠠᠮᠤᠷ ᠲᠦᠪᠱᠢᠨ᠂ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ᠂ ᠢᠷᠭᠡᠨ᠎ᠤ ᠬᠠᠤᠯᠢ᠎ᠶ᠋ᠢᠨ ᠪᠢᠴᠢᠭ᠎ᠢ ᠲᠤᠭᠤᠱᠢᠯᠠᠭᠤᠯᠤᠨ ᠬᠡᠷᠡᠭ᠌ᠵᠢᠭᠦᠯᠬᠦ᠂ ᠵᠠᠰᠠᠭ ᠵᠠᠬᠢᠷᠭᠠᠨ᠎ᠤ ᠱᠢᠢᠳᠭᠡᠯ ᠵᠡᠷᠭᠡ 20 ᠭᠠᠷᠤᠶ ᠬᠦᠷᠢᠶᠡᠨ᠎ᠳᠤ ᠬᠤᠯᠪᠣᠭ᠍ᠳᠠᠭ᠍ᠰᠠᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠤᠰᠭᠠᠶ ᠬᠢᠨᠠᠨ ᠪᠠᠢᠴᠠᠭᠠᠭ᠍ᠰᠠᠨ ᠪᠠ ᠡᠮᠬᠢᠯᠡᠨ ᠲᠢᠭ᠌ᠯᠡᠵᠤ᠂ ᠲᠣᠭ᠍ᠲᠠᠭᠠᠭ᠍ᠰᠠᠨ ᠪᠠᠢᠭᠤᠯᠭ᠎ᠠ᠎ᠶ᠋ᠢ ᠱᠢᠪᠠᠳᠠᠨ 2.5 ᠲᠦᠮᠡ ᠭᠠᠷᠤᠶ ᠵᠦᠢᠯ᠎ᠳᠤ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ᠎ᠶ᠋ᠢ ᠠᠬᠢᠭᠤᠯᠵᠤ᠂ ᠠᠷᠠᠳ ᠢᠷᠭᠡᠨ᠎ᠤ ᠬᠠᠤᠯᠢ ᠶᠣᠰᠣᠨ᠎ᠤ ᠡᠷᠬᠡ ᠠᠱᠢᠭ ᠪᠠ ᠤᠯᠤᠰ ᠤᠷᠤᠨ᠎ᠤ ᠬᠠᠤᠯᠢ᠎ᠪᠠᠷ ᠵᠠᠰᠠᠬᠤ᠎ᠶ᠋ᠢᠨ ᠨᠢᠭᠡᠳᠦᠯ᠎ᠢ ᠬᠠᠮᠠᠭᠠᠯᠠᠪᠠ᠃
(ᠳᠥᠷᠪᠡ) ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠤᠬᠠᠭᠤᠯᠭ᠎ᠠ ᠬᠥᠮᠦᠵᠢᠯ᠎ᠢ ᠠᠬᠢᠭᠤᠯᠪᠠ᠃ ᠵᠢᠯ ᠪᠦᠷᠢ᠎ᠶ᠋ᠢᠨ ᠤᠯᠤᠰ᠎ᠤᠨ ᠦᠨᠳᠦᠰᠦᠨ ᠬᠠᠤᠯᠢ᠎ᠶ᠋ᠢᠨ ᠡᠳᠦᠷ᠎ᠤᠨ ᠠᠵᠢᠯᠯᠠᠭ᠎ᠠ᠎ᠶ᠋ᠢ ᠨᠠᠷᠢᠨ ᠬᠢᠨᠠᠮᠠᠭᠠᠶ ᠵᠣᠬᠢᠶᠠᠨ ᠪᠠᠢᠭᠤᠯᠤᠨ ᠦᠷᠨᠢᠬᠦᠯᠵᠤ᠂ ᠤᠯᠤᠰ᠎ᠤᠨ ᠦᠨᠳᠦᠰᠦᠨ ᠬᠠᠤᠯᠢ᠎ᠶ᠋ᠢᠨ ᠡᠳᠦᠷ᠎ᠤᠨ ᠶᠠᠷᠢᠯᠴᠠᠬᠤ ᠬᠤᠷᠠᠯ᠎ᠬᠤᠷᠠᠯᠳᠤᠭᠤᠯᠵᠤ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ᠎ᠶ᠋ᠢ ᠠᠷᠠᠳ ᠨᠡᠢᠳᠡ᠎ᠶ᠋ᠢᠨ ᠤᠬᠠᠮᠰᠠᠷᠲᠤ ᠠᠵᠢᠯᠯᠠᠭ᠎ᠠ ᠪᠣᠯᠭᠠᠬᠤ᠎ᠶ᠋ᠢ ᠠᠬᠢᠭᠤᠯᠪᠠ᠃ ᠦᠨᠳᠦᠰᠦᠨ ᠬᠠᠤᠯᠢ᠎ᠳᠤ ᠲᠣᠭ᠍ᠲᠠᠭᠠᠭ᠍ᠰᠠᠨ ᠬᠠᠮᠢᠶ᠎ᠠ ᠪᠦᠬᠦᠢ ᠳᠦᠷᠢᠮ᠎ᠢ ᠬᠡᠷᠡᠭ᠌ᠵᠢᠭᠦᠯᠵᠦ᠍᠂ ᠤᠯᠤᠰ᠎ᠤᠨ ᠭᠠᠪᠢᠶᠠᠨ ᠲᠡᠮᠳᠡᠭ ᠪᠣᠯᠤᠨ ᠤᠯᠤᠰ᠎ᠤᠨ ᠢᠷᠠᠭᠤ ᠠᠯᠳᠠᠷ᠎ᠤᠨ ᠴᠣᠯᠠ ᠣᠯᠭᠤᠬᠤ ᠲᠤᠬᠠᠶ ᠬᠤᠶᠠᠷ ᠤᠳᠠᠭ᠎ᠠ ᠲᠣᠭ᠍ᠲᠠᠭᠠᠯ ᠭᠠᠷᠭᠠᠵᠤ᠂ ᠱᠢᠨ᠎ᠡ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ ᠪᠣᠯᠤᠨ ᠬᠥᠭ᠌ᠵᠢᠯᠲᠡ᠎ᠳᠤ ᠭᠠᠷᠮᠠᠭᠠᠶ ᠭᠠᠪᠢᠶ᠎ᠠ ᠵᠢᠳᠬᠦᠯ ᠭᠠᠷᠭᠠᠭ᠍ᠰᠠᠨ ᠱᠢᠯᠭᠠᠷᠠᠭ᠍ᠰᠠᠨ ᠬᠥᠮᠦᠰ ᠪᠣᠯᠤᠨ ᠳᠤᠮᠳᠠᠳᠤ ᠭᠠᠳᠠᠭᠠᠳᠤ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠬᠤ᠎ᠳᠤ ᠭᠠᠷᠮᠠᠭᠠᠶ ᠬᠤᠪᠢ ᠨᠡᠮᠡᠷᠢ ᠦᠵᠡᠭᠦᠯᠦᠭ᠌ᠰᠡᠨ ᠣᠯᠠᠨ ᠤᠯᠤᠰ᠎ᠤᠨ ᠨᠥᠬᠦᠷᠰᠡᠭ ᠬᠥᠮᠦᠰ᠎ᠢ ᠬᠥᠬᠢᠭᠦᠯᠦᠨ ᠰᠠᠢᠱᠢᠶᠠᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠢ ᠡᠰᠡᠷᠭᠦᠴᠡᠭ᠌ᠰᠡᠨ ᠲᠡᠮᠡᠴᠡᠯ ᠳᠤᠮᠳᠠ ᠭᠠᠷᠮᠠᠭᠠᠶ ᠬᠤᠪᠢ ᠨᠡᠮᠡᠷᠢ ᠦᠵᠡᠭᠦᠯᠦᠭ᠌ᠰᠡᠨ ᠬᠥᠮᠦᠰ᠎ᠢ ᠬᠥᠬᠢᠭᠦᠯᠦᠨ ᠰᠠᠢᠱᠢᠶᠠᠪᠠ; ᠡᠷᠡᠭᠦᠦ ᠱᠢᠢᠳᠭᠡᠯ ᠭᠦᠢᠴᠡᠳᠭᠡᠵᠦ᠍ ᠪᠠᠢᠭ᠎ᠠ ᠬᠡᠰᠡᠭ ᠶᠠᠯᠠᠲᠠᠨ᠎ᠳᠤ ᠣᠨᠴᠠ ᠠᠭᠤᠴᠢᠯᠠᠯ ᠦᠵᠡᠭᠦᠯᠬᠦ᠌ ᠲᠤᠬᠠᠢ ᠲᠣᠭ᠍ᠲᠠᠭᠠᠯ ᠭᠠᠷᠭᠠᠵᠤ᠂ ᠡᠷᠡᠭᠦᠤ ᠱᠢᠢᠳᠭᠡᠯ ᠭᠦᠢᠴᠡᠳᠭᠡᠵᠦ᠍ ᠪᠠᠢᠭ᠎ᠠ 23593 ᠶᠠᠯᠠᠳᠠᠨ᠎ᠳᠤ ᠬᠠᠤᠯᠢ᠎ᠪᠠᠷ ᠲᠣᠭ᠍ᠲᠠᠭᠠᠭ᠍ᠰᠠᠨ ᠵᠢᠷᠤᠮ᠎ᠢᠶᠠᠷ ᠲᠠᠮᠵᠢᠭᠤᠯᠤᠨ ᠣᠨᠴᠠ ᠠᠭᠤᠴᠢᠯᠠᠯ ᠦᠵᠡᠬᠦᠯᠵᠤ᠂ ᠨᠡᠢᠭᠡᠮ ᠵᠢᠷᠤᠮ᠎ᠤᠨ ᠬᠥᠮᠦᠯᠢᠭ ᠦᠵᠡᠯ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠪᠡ᠃ ᠪᠠᠢᠩᠭᠤ᠎ᠶ᠋ᠢᠨ ᠬᠣᠷᠢᠶ᠎ᠠ ᠵᠢᠨ ᠲᠣᠮᠢᠯᠠᠭ᠍ᠰᠠᠨ 132 ᠬᠥᠮᠦᠨ ᠤᠳᠠᠭ᠎ᠠ᠎ᠶ᠋ᠢᠨ ᠲᠦᠷᠦ᠍᠎ᠶ᠋ᠢᠨ ᠠᠵᠢᠯᠳᠠᠨ᠎ᠢ ᠵᠣᠬᠢᠶᠠᠨ ᠪᠠᠢᠭᠤᠯᠵᠤ ᠦᠨᠳᠦᠰᠦᠨ ᠬᠠᠤᠯᠢ᠎ᠳᠤ ᠲᠠᠩᠭᠠᠷᠢᠭ᠍ᠯᠠᠭᠤᠯᠤᠨ᠂ ᠠᠯᠪᠠᠨ ᠲᠤᠱᠢᠶᠠᠯᠲᠠᠨ᠎ᠤ ᠦᠨᠳᠦᠰᠦᠨ ᠬᠠᠤᠯᠢ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠬᠦ᠌ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠎ᠢ ᠴᠢᠩᠭᠠᠷᠠᠭᠤᠯᠪᠠ᠃
ᠦᠨᠳᠦᠰᠦᠨ ᠬᠠᠤᠯᠢ᠎ᠶ᠋ᠢ ᠬᠡᠷᠡᠭ᠌ᠵᠢᠭᠦᠯᠬᠦ᠌᠎ᠶ᠋ᠢ ᠠᠬᠢᠭᠤᠯᠬᠤ ᠦᠢᠯᠡᠳᠦᠯᠭᠡ᠎ᠶ᠋ᠢᠨ ᠳᠤᠮᠳᠠ᠂ ᠦᠨᠳᠦᠰᠦᠨ ᠬᠠᠤᠯᠢ᠎ᠨᠢ ᠨᠠᠮ ᠪᠠ ᠠᠷᠠᠳ ᠲᠦᠮᠡᠨ᠎ᠤ ᠨᠢᠭᠡᠳᠦᠯᠲᠡᠶ ᠵᠣᠷᠢᠭ ᠰᠠᠨᠠᠭ᠎ᠠ ᠪᠣᠯᠤᠨ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠥᠪᠯᠡᠷᠡᠩᠭᠦᠶ ᠢᠯᠡᠷᠡᠬᠦᠯᠵᠤ ᠪᠠᠢᠳᠠᠭ᠂ ᠲᠡᠷᠡ᠎ᠨᠢ ᠲᠦᠷᠦ᠍᠎ᠶ᠋ᠢᠨ ᠵᠣᠷᠢᠭ ᠰᠠᠨᠠᠭᠠᠨ᠎ᠤ ᠬᠠᠮᠤᠭ᠎ᠤᠨ ᠳᠡᠭᠡᠳᠦ ᠢᠯᠡᠷᠡᠬᠦ᠌ ᠬᠡᠯᠪᠡᠷᠢ ᠮᠥᠨ᠂ ᠲᠡᠬᠦᠨ᠎ᠳᠤ ᠦᠨᠳᠦᠰᠦᠨ ᠴᠢᠨᠠᠷᠳᠠᠢ᠂ ᠪᠦᠬᠦ᠌ ᠲᠠᠯ᠎ᠠ᠎ᠶ᠋ᠢᠨ ᠴᠢᠨᠠᠷᠳᠠᠢ᠂ ᠲᠣᠭ᠍ᠲᠠᠪᠤᠷᠢᠲᠤ ᠴᠢᠨᠠᠷᠳᠠᠢ᠂ ᠤᠷᠳᠤ ᠤᠳᠠᠭᠠᠨ ᠴᠢᠨᠠᠷᠲᠠᠶ ᠪᠠᠢᠳᠠᠭ᠎ᠢ ᠪᠢᠳᠡ ᠨᠡᠩ ᠬᠦᠨ ᠬᠦᠨᠵᠡᠬᠡᠢ ᠲᠠᠨᠢᠵᠤ ᠤᠯᠪᠠ᠃ ᠦᠨᠳᠦᠰᠦᠨ ᠬᠠᠤᠯᠢ᠎ᠳᠤ ᠤᠯᠤᠰ ᠤᠷᠤᠨ᠎ᠤ ᠴᠢᠬᠤᠯᠠ ᠶᠡᠭᠡ ᠪᠠᠢᠭᠤᠯᠤᠯ ᠪᠠ ᠴᠢᠬᠤᠯᠠ ᠶᠡᠭᠡ ᠬᠡᠷᠡᠭ ᠶᠠᠪᠤᠳᠠᠯ᠎ᠢ ᠲᠣᠭ᠍ᠲᠠᠭᠠᠳᠠᠬ᠂ ᠲᠡᠷᠡ᠎ᠨᠢ ᠤᠯᠤᠰ ᠤᠷᠤᠨ ᠪᠠ ᠨᠡᠢᠭᠡᠮ᠎ᠤᠨ ᠠᠮᠢᠳᠤᠷᠠᠯ᠎ᠤᠨ ᠳᠤᠮᠳᠠ ᠶᠡᠷᠦᠩᠬᠡᠢᠯᠡᠭ᠌ᠰᠡᠨ ᠴᠢᠨᠠᠷᠳᠠᠢ᠂ ᠵᠠᠷᠴᠢᠮᠲᠤ ᠴᠢᠨᠠᠷᠳᠠᠢ᠂ ᠬᠥᠲᠥᠯᠪᠦᠷᠢ᠎ᠲᠦ ᠴᠢᠨᠠᠷᠳᠠᠢ᠂ ᠴᠢᠭ᠌ᠯᠡᠯ᠎ᠲᠤ ᠴᠢᠨᠠᠷᠲᠠᠶ ᠪᠠᠢᠳᠠᠭ᠃ ᠦᠨᠳᠦᠰᠦᠨ ᠬᠠᠤᠯᠢ᠎ᠶ᠋ᠢᠨ ᠠᠮᠢ ᠨᠠᠰᠤ᠎ᠨᠢ ᠬᠡᠷᠡᠭ᠌ᠵᠢᠭᠦᠯᠬᠦ᠌᠎ᠳᠤ ᠪᠠᠢᠳᠠᠭ᠂ ᠦᠨᠳᠦᠰᠦᠨ ᠬᠠᠤᠯᠢ᠎ᠶ᠋ᠢᠨ ᠡᠷᠬᠡ ᠰᠦᠷ᠎ᠨᠢ ᠴᠦ᠍ ᠬᠡᠷᠡᠭ᠌ᠵᠢᠭᠦᠯᠬᠦ᠌᠎ᠳᠤ ᠪᠠᠢᠳᠠᠭ᠃ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠵᠤ ᠦᠨᠳᠦᠰᠦᠨ ᠬᠠᠤᠯᠢ᠎ᠶ᠋ᠢ ᠲᠡᠭᠦᠯᠳᠡᠷᠵᠢᠭᠦᠯᠦᠨ ᠬᠥᠭ᠌ᠵᠢᠭᠦᠯᠵᠦ᠍᠂ ᠦᠨᠳᠦᠰᠦᠨ ᠬᠠᠤᠯᠢ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢ ᠪᠠᠲᠤᠯᠠᠬᠤ ᠪᠠᠢᠭᠤᠯᠤᠯ᠎ᠤᠨ ᠱᠢᠰᠲ᠋ᠧᠮ᠎ᠢ ᠪᠦᠷᠢᠨᠱᠢᠭᠦᠯᠵᠦ᠍᠂ ᠦᠨᠳᠦᠰᠦᠨ ᠬᠠᠤᠯᠢ᠎ᠶ᠋ᠢᠨ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠪᠠᠢᠭᠤᠯᠤᠯ ᠪᠠ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠠᠤᠯᠢ᠎ᠪᠠᠷ ᠵᠠᠰᠠᠬᠤ ᠵᠠᠮ᠎ᠢᠶᠠᠷ ᠲᠦᠷᠦ᠍᠎ᠶ᠋ᠢ ᠵᠠᠰᠠᠬᠤ ᠱᠢᠰᠲ᠋ᠧᠮ ᠪᠠ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ ᠶ᠋ᠢ ᠠᠬᠢᠭᠤᠯᠬᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠳᠦᠭᠡᠨ ᠪᠠᠢᠭᠤᠯᠬᠤ᠎ᠶ᠋ᠢ ᠦᠨᠡᠨ ᠬᠦ᠌ ᠪᠠᠲᠤᠯᠠᠬᠤ ᠭᠡᠷᠡᠭ᠌ᠳᠡᠢ᠃
ᠬᠤᠶᠠᠷ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠰᠠᠢᠨ ᠬᠠᠤᠯᠢ᠎ᠪᠠᠷ ᠬᠥᠭ᠌ᠵᠢᠯᠲᠡ᠎ᠶ᠋ᠢ ᠠᠬᠢᠭᠤᠯᠵᠤ᠂ ᠰᠠᠢᠬᠠᠨ ᠵᠠᠰᠠᠯᠳᠠ᠎ᠶ᠋ᠢ ᠪᠠᠲᠤᠯᠠᠪᠠ
ᠱᠢᠨ᠎ᠡ ᠴᠠᠭ ᠦᠶ᠎ᠡ᠎ᠠᠴᠠ ᠬᠠᠤᠯᠢ ᠲᠣᠭ᠍ᠲᠠᠭᠠᠬᠤ ᠠᠵᠢᠯ᠎ᠳᠤ ᠳᠤᠷᠠᠳᠤᠭ᠍ᠰᠠᠨ ᠱᠢᠨ᠎ᠡ ᠱᠠᠭᠠᠷᠳᠠᠯᠭ᠎ᠠ᠎ᠳᠤ ᠵᠣᠬᠢᠴᠠᠭᠤᠯᠵᠤ᠂ ᠲᠦᠷᠦ᠍᠎ᠶ᠋ᠢ ᠵᠠᠰᠠᠬᠤ ᠱᠢᠰᠲ᠋ᠧᠮ ᠪᠣᠯᠤᠨ ᠵᠠᠰᠠᠬᠤ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠪᠡᠶᠡᠯᠡᠭᠦᠯᠬᠦ᠌ ᠴᠢᠬᠤᠯᠠ ᠶᠡᠭᠡ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠬᠠᠤᠯᠢ᠎ᠪᠠᠷ ᠵᠠᠰᠠᠬᠤ ᠬᠦᠷᠢᠶᠡᠨ᠎ᠤ ᠳᠤᠲᠠᠭᠤᠳᠠᠯ ᠪᠣᠯᠤᠨ ᠪᠠᠭᠤᠷᠠᠶ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠤᠨ᠂ ᠭᠤᠤᠯᠳᠠᠯᠭ᠎ᠠ ᠲᠠᠢ ᠬᠦᠷᠢᠶ᠎ᠡ᠂ ᠱᠢᠨ᠎ᠡ᠎ᠪᠠᠷ ᠬᠥᠭ᠌ᠵᠢᠭ᠌ᠰᠡᠨ ᠬᠦᠷᠢᠶ᠎ᠡ᠂ ᠭᠠᠳᠠᠭᠠᠳᠤ᠎ᠳᠤ ᠬᠤᠯᠪᠣᠭ᠍ᠳᠠᠬᠤ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠵᠤ᠂ ᠬᠠᠤᠯᠢ ᠲᠣᠭ᠍ᠲᠠᠭᠠᠯᠲᠠ᠎ᠶ᠋ᠢᠨ ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ᠂ ᠴᠠᠭ ᠬᠤᠭᠤᠴᠠᠭᠠᠲᠤ ᠴᠢᠨᠠᠷ᠎ᠢ ᠴᠢᠩᠭᠠᠳᠭᠠᠪᠠ᠃
(ᠨᠢᠭᠡ) ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠯᠤᠭ᠎ᠠ ᠤᠶᠠᠯᠳᠤᠭᠤᠯᠤᠨ ᠬᠠᠤᠯᠢ ᠲᠣᠭ᠍ᠲᠠᠭᠠᠪᠠ᠃ ᠪᠠᠢᠩᠭᠤ᠎ᠶ᠋ᠢᠨ ᠬᠣᠷᠢᠶ᠎ᠠ ᠵᠢᠨ ᠬᠤᠷᠠᠯ᠎ᠢᠶᠠᠷ ᠢᠷᠭᠡᠨ᠎ᠤ ᠬᠠᠤᠯᠢ᠎ᠶ᠋ᠢᠨ ᠪᠢᠴᠢᠭ᠎ᠤᠨ ᠲᠥᠰᠦᠯ᠎ᠤᠨ ᠬᠤᠯᠪᠣᠭ᠍ᠳᠠᠯ ᠪᠦᠬᠦᠢ ᠠᠭᠤᠯᠭ᠎ᠠ᠎ᠶ᠋ᠢ 7 ᠤᠳᠠᠭ᠎ᠠ ᠬᠢᠨᠠᠨ ᠶᠠᠷᠢᠯᠴᠠᠭ᠍ᠰᠠᠨ ᠪᠥᠭᠡᠳ 7 ᠤᠳᠠᠭ᠎ᠠ ᠢᠯᠡ᠎ᠪᠠᠷ ᠰᠠᠨᠠᠯ ᠬᠤᠷᠢᠶᠠᠵᠤ᠂ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯ ᠡᠴᠡ ᠮᠠᠨ᠎ᠤ ᠤᠯᠤᠰ᠎ᠤᠨ ᠠᠩᠬᠠᠳᠠᠭ᠍ᠴᠢ ᠬᠠᠤᠯᠢ᠎ᠶ᠋ᠢᠨ ᠪᠢᠴᠢᠭ ᠪᠣᠯᠬᠤ ᠢᠷᠭᠡᠨ᠎ᠤ ᠬᠠᠤᠯᠢ᠎ᠶ᠋ᠢᠨ ᠪᠢᠴᠢᠭ᠎ᠢ ᠬᠢᠨᠠᠨ ᠶᠠᠷᠢᠯᠴᠠᠵᠦ᠍ ᠪᠠᠲᠤᠯᠠᠪᠠ᠃ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠡᠯᠡ ᠣᠷᠣᠭᠤᠯᠤᠯᠲᠠ᠎ᠶ᠋ᠢᠨ ᠬᠠᠤᠯᠢ᠂ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠤᠨ ᠬᠠᠤᠯᠢ᠎ᠶ᠋ᠢ ᠲᠣᠭ᠍ᠲᠠᠭᠠᠵᠤ᠂ ᠱᠢᠨ᠎ᠡ ᠨᠢᠭᠡ ᠡᠭᠡᠯᠵᠢ᠎ᠶ᠋ᠢᠨ ᠥᠨᠳᠥᠷ ᠲᠦᠪᠱᠢᠨ᠎ᠤ ᠭᠠᠳᠠᠭ᠍ᠰᠢ ᠨᠡᠭᠡᠭᠡᠯᠳᠡ ᠬᠢᠬᠦ᠌᠎ᠶ᠋ᠢ ᠠᠬᠢᠭᠤᠯᠪᠠ᠃ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠬᠠᠤᠯᠢ᠎ᠶ᠋ᠢ ᠴᠠᠭ ᠲᠤᠬᠠᠢᠳᠤᠨᠢ ᠲᠣᠭ᠍ᠲᠠᠭᠠᠵᠤ᠂ ᠦᠷ᠎ᠡ᠎ᠶ᠋ᠢᠨ ᠬᠠᠤᠯᠢ᠂ ᠬᠥᠳᠡᠭᠡ ᠲᠣᠰᠭᠤᠨ᠎ᠤ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠠᠤᠯᠢ᠂ ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠬᠠᠤᠯᠢ᠂ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠶᠤᠯᠭᠦᠶ᠎ᠶ᠋ᠢᠨ ᠬᠠᠤᠯᠢ᠂ ᠮᠠᠯ ᠠᠵᠤ ᠠᠬᠤᠶ᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠨ᠂ ᠬᠥᠳᠡᠭᠡ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠬᠤ ᠬᠠᠤᠯᠢ᠎ᠶ᠋ᠢᠨ ᠲᠥᠰᠦᠯ ᠵᠡᠷᠭᠡ᠎ᠶ᠋ᠢ ᠬᠢᠨᠠᠨ ᠶᠠᠷᠢᠯᠴᠠᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠂ ᠲᠠᠷᠢᠶᠠᠯᠠᠩ ᠬᠥᠳᠡᠭᠡ ᠲᠣᠰᠭᠤᠨ᠎ᠢ ᠤᠷᠢᠳ᠎ᠢᠶᠠᠷ ᠬᠥᠭ᠌ᠵᠢᠭᠦᠯᠬᠦ᠌᠎ᠶ᠋ᠢ ᠠᠬᠢᠭᠤᠯᠪᠠ᠃ ᠡᠯᠧᠺᠲᠷᠣᠨ ᠬᠤᠳᠠᠯᠳᠤᠭᠠᠨ᠎ᠤ ᠶᠠᠪᠤᠳᠠᠯ᠎ᠤᠨ ᠬᠠᠤᠯᠢ᠂ ᠬᠤᠭᠤᠴᠠᠭᠠᠲᠤ ᠪᠠᠷᠠᠭ᠎ᠠ ᠪᠠ ᠡᠭᠦᠰᠦᠮᠡᠯ ᠪᠦᠲᠦᠭᠡᠭ᠌ᠳᠡᠬᠦᠨ᠎ᠤ ᠬᠠᠤᠯᠢ᠎ᠶ᠋ᠢ ᠲᠣᠭ᠍ᠲᠠᠭᠠᠵᠤ᠂ ᠮᠣᠨᠣᠫᠣᠯᠢᠴᠢᠯᠠᠯ᠎ᠢ ᠡᠰᠡᠷᠭᠦᠴᠡᠬᠦ᠌ ᠬᠠᠤᠯᠢ᠂ ᠦᠨᠡᠲᠦ ᠲᠡᠮᠳᠡᠭ᠌ᠲᠦ᠍᠎ᠶ᠋ᠢᠨ ᠬᠠᠤᠯᠢ᠂ ᠠᠶᠤᠯᠭᠦᠶ ᠦᠢᠯᠡᠳᠪᠦᠷᠢᠯᠡᠯ᠎ᠤᠨ ᠬᠠᠤᠯᠢ᠂ ᠬᠢᠨᠠᠨ ᠪᠤᠳᠤᠯᠲᠠ᠎ᠶ᠋ᠢᠨ ᠬᠠᠤᠯᠢ᠂ ᠬᠤᠳᠠ᠎ᠶ᠋ᠢᠨ ᠭᠡᠷ ᠪᠠᠢᠱᠢᠩ ᠭᠠᠵᠠᠷ ᠱᠢᠷᠣᠶ᠎ᠶ᠋ᠢᠨ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠬᠠᠤᠯᠢ᠂ ᠲᠠᠢᠸᠠᠨ᠎ᠤ ᠠᠬ᠎ᠠ ᠳᠡᠭᠦᠦ ᠨᠡᠷ᠎ᠤᠨ ᠪᠡᠯᠡ ᠣᠷᠣᠭᠤᠯᠤᠯᠲᠠ᠎ᠶ᠋ᠢ ᠬᠠᠮᠠᠭᠠᠯᠠᠬᠤ ᠬᠠᠤᠯᠢ᠂ ᠭᠠᠳᠠᠭᠠᠳᠤ ᠠᠷᠠᠯᠵᠢᠶᠠᠨ᠎ᠤ ᠬᠠᠤᠯᠢ᠎ᠳᠤ ᠵᠠᠰᠠᠪᠤᠷᠢ ᠣᠷᠣᠭᠤᠯᠤᠨ᠂ ᠮᠥᠩᠭᠦᠨ ᠭᠦᠢᠯᠭᠡᠭᠡ᠎ᠶ᠋ᠢ ᠲᠣᠭ᠍ᠲᠠᠪᠤᠷᠢᠲᠠᠢ ᠪᠠᠢᠯᠭᠠᠬᠤ ᠬᠠᠤᠯᠢ᠎ᠶ᠋ᠢᠨ ᠲᠥᠰᠦᠯ᠂ ᠺᠣᠮᠫᠠᠨᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ ᠵᠡᠷᠭᠡ᠎ᠶ᠋ᠢ ᠬᠢᠨᠠᠨ ᠶᠠᠷᠢᠯᠴᠠᠵᠤ᠂ ᠨᠡᠩ ᠲᠥᠪ ᠭᠤᠤᠯᠴᠢ ᠪᠥᠭᠡᠳ ᠵᠦᠶ ᠵᠣᠬᠢᠰᠲᠠᠶ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠬᠠᠤᠯᠢ ᠴᠠᠭᠠᠵᠠ᠎ᠶ᠋ᠢᠨ ᠪᠠᠢᠭᠤᠯᠤᠯ᠎ᠲᠠᠢ ᠪᠣᠯᠬᠤ᠎ᠶ᠋ᠢ ᠠᠬᠢᠭᠤᠯᠪᠠ᠃ ᠲᠤᠰᠭᠠᠶ ᠠᠱᠢᠭ᠎ᠤᠨ ᠬᠠᠤᠯᠢ᠂ ᠵᠣᠬᠢᠶᠠᠯ ᠪᠦᠲᠦᠭᠡᠯ᠎ᠤᠨ ᠡᠷᠬᠡ᠎ᠶ᠋ᠢᠨ ᠬᠠᠤᠯᠢ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠳᠠᠪᠱᠢᠯᠲᠠ᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠨ᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠬᠦᠴᠦᠨ ᠨᠡᠮᠡᠷᠢᠯᠡᠵᠦ᠍᠂ ᠱᠢᠨᠵᠢᠯᠡᠬᠦ᠌ ᠤᠬᠠᠭᠠᠨ ᠮᠡᠷᠭᠡᠵᠢᠯ᠎ᠤᠨ ᠪᠡᠶ᠎ᠡ᠎ᠪᠠᠨ ᠳᠠᠭᠠᠭᠠᠵᠤ ᠬᠦᠴᠦᠷᠬᠡᠭ᠌ᠵᠢᠬᠦ᠌᠎ᠶ᠋ᠢ ᠪᠡᠶᠡᠯᠡᠭᠦᠯᠬᠦ᠌᠎ᠪᠠᠷ ᠠᠬᠢᠭᠤᠯᠪᠠ᠃ ᠭᠠᠢᠯᠢ ᠲᠠᠲᠠᠪᠤᠷᠢ᠎ᠶ᠋ᠢ ᠬᠠᠤᠯᠢ᠎ᠪᠠᠷ ᠲᠣᠭ᠍ᠲᠠᠭᠠᠬᠤ ᠵᠠᠷᠴᠢᠮ᠎ᠢ ᠨᠠᠢᠳᠠᠪᠤᠷᠢᠵᠢᠭᠤᠯᠵᠤ᠂ ᠲᠠᠷᠢᠶᠠᠨ ᠭᠠᠵᠠᠷ ᠡᠵᠡᠯᠡᠨ ᠬᠡᠷᠡᠭ᠌ᠯᠡᠬᠦ᠌ ᠭᠠᠢᠯᠢ᠎ᠶ᠋ᠢᠨ ᠬᠠᠤᠯᠢ᠂ ᠲᠡᠷᠭᠡ ᠬᠥᠰᠭᠡ ᠬᠤᠳᠠᠯᠳᠤᠨ ᠠᠪᠬᠤ ᠭᠠᠢᠯᠢ᠎ᠶ᠋ᠢᠨ ᠬᠠᠤᠯᠢ᠂ ᠡᠬᠢ ᠪᠠᠶᠠᠯᠢᠭ᠎ᠤᠨ ᠭᠠᠢᠯᠢ᠎ᠶ᠋ᠢᠨ ᠬᠠᠤᠯᠢ᠂ ᠬᠤᠳᠠ᠎ᠶ᠋ᠢᠨ ᠬᠠᠮᠠᠭᠠᠯᠠᠯᠲᠠ ᠪᠦᠳᠦᠭᠡᠨ ᠪᠠᠢᠭᠤᠯᠤᠯᠲᠠ᠎ᠶ᠋ᠢᠨ ᠭᠠᠢᠯᠢ᠎ᠶ᠋ᠢᠨ ᠬᠠᠤᠯᠢ᠂ ᠭᠡᠷ᠎ᠡ᠎ᠶ᠋ᠢᠨ ᠭᠠᠢᠯᠢ᠎ᠶ᠋ᠢᠨ ᠬᠠᠤᠯᠢ᠂ ᠲᠡᠮᠳᠡᠭ᠌ᠲᠦ᠍᠎ᠶ᠋ᠢᠨ ᠭᠠᠢᠯᠢ᠎ᠶ᠋ᠢᠨ ᠬᠠᠤᠯᠢ᠎ᠶ᠋ᠢ ᠲᠣᠭ᠍ᠲᠠᠭᠠᠨ᠂ ᠬᠤᠪᠢ ᠬᠥᠮᠦᠨ᠎ᠤ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠵᠤ᠂ ᠥᠷᠲᠡᠭ ᠨᠡᠮᠡᠭ᠌ᠳᠡᠯ᠎ᠤᠨ ᠭᠠᠢᠯᠢ᠎ᠶ᠋ᠢᠨ ᠬᠠᠤᠯᠢ᠎ᠶ᠋ᠢᠨ ᠲᠥᠰᠦᠯ᠎ᠢ ᠬᠢᠨᠠᠨ ᠶᠠᠷᠢᠯᠴᠠᠪᠠ᠂ ᠣᠲᠣ᠎ᠶ᠋ᠢᠨ ᠬᠡᠷᠡᠭ᠌ᠵᠢᠭᠦᠯᠵᠦ᠍ ᠪᠦᠬᠦᠢ 18 ᠭᠠᠢᠯᠢ᠎ᠶ᠋ᠢᠨ ᠲᠥᠷᠥᠯ ᠳᠣᠲᠣᠷ᠎ᠠ ᠪᠠᠢᠭ᠎ᠠ 12 ᠭᠠᠢᠯᠢ᠎ᠶ᠋ᠢᠨ ᠲᠥᠷᠥᠯ᠎ᠳᠤ ᠬᠠᠤᠯᠢ ᠲᠣᠭ᠍ᠲᠠᠭᠠᠵᠦ᠍᠂ ᠭᠠᠢᠯᠢ ᠲᠠᠲᠠᠪᠤᠷᠢ᠎ᠶ᠋ᠢᠨ ᠬᠠᠤᠯᠢ ᠴᠠᠭᠠᠵᠠ᠎ᠶ᠋ᠢᠨ ᠳᠦᠷᠢᠮ᠎ᠤᠨ ᠱᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃
(ᠬᠤᠶᠠᠷ) ᠤᠯᠤᠰ᠎ᠤᠨ ᠠᠮᠤᠷ ᠲᠦᠪᠱᠢᠨ᠎ᠤ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠲᠦᠷᠭᠡᠳᠭᠡᠪᠡ᠃ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠶᠠᠪᠤᠳᠠᠯ᠎ᠢ ᠬᠠᠤᠯᠢ ᠲᠣᠭ᠍ᠲᠠᠭᠠᠬᠤ ᠠᠵᠢᠯ᠎ᠤᠨ ᠴᠢᠬᠤᠯᠠ ᠪᠠᠢᠷᠢᠨ᠎ᠳᠤ ᠲᠠᠯᠪᠢᠵᠤ᠂ ᠠᠮᠢᠳᠤ ᠪᠣᠳᠠᠰ᠎ᠤᠨ ᠠᠮᠤᠷ ᠲᠦᠪᠱᠢᠨ᠎ᠤ ᠬᠠᠤᠯᠢ᠂ ᠳ᠋ᠡᠢᠲ᠋ᠠ᠎ᠶ᠋ᠢᠨ ᠠᠮᠤᠷ ᠲᠦᠪᠱᠢᠨ᠎ᠤ ᠬᠠᠤᠯᠢ᠂ ᠨᠢᠭᠤᠴᠠ ᠨᠣᠮᠧᠷ᠎ᠤᠨ ᠬᠠᠤᠯᠢ᠂ ᠬᠠᠭᠤᠷᠠᠶ ᠭᠠᠵᠠᠷ᠎ᠤᠨ ᠤᠯᠤᠰ᠎ᠤᠨ ᠬᠢᠯᠢ᠎ᠶ᠋ᠢᠨ ᠬᠠᠤᠯᠢ᠂ ᠵᠣᠬᠢᠶᠠᠨ ᠪᠠᠢᠭᠤᠯᠤᠯᠲᠠ᠎ᠲᠠᠢ᠎ᠪᠠᠷ ᠶᠠᠯ᠎ᠠ ᠬᠢᠬᠦ᠌᠎ᠶ᠋ᠢ ᠡᠰᠡᠷᠭᠦᠴᠡᠬᠦ᠌ ᠬᠠᠤᠯᠢ᠎ᠶ᠋ᠢ ᠲᠤᠭ᠍ᠲᠠᠭᠠᠨ᠂ ᠰᠦᠷᠳᠡᠭᠦᠯᠬᠦ᠌ ᠦᠵᠡᠯ᠎ᠢ ᠡᠰᠡᠷᠭᠦᠴᠡᠬᠦ᠌ ᠬᠠᠤᠯᠢ᠂ ᠤᠯᠤᠰ᠎ᠤᠨ ᠨᠢᠭᠤᠴᠠ ᠮᠡᠳᠡᠭᠡᠨ᠎ᠤ ᠬᠠᠤᠯᠢ᠂ ᠳᠠᠩᠰᠠ ᠡᠪᠬᠡᠮᠡᠯ᠎ᠤᠨ ᠬᠠᠤᠯᠢ᠂ ᠳᠠᠯᠠᠶ ᠳᠡᠭᠡᠷᠡᠬᠢ ᠵᠠᠮ ᠬᠠᠷᠢᠯᠴᠠᠭᠠᠨ᠎ᠤ ᠠᠮᠤᠷ ᠲᠦᠪᠱᠢᠨ᠎ᠤ ᠬᠠᠤᠯᠢ᠎ᠳᠤ ᠵᠠᠰᠠᠪᠤᠷᠢ ᠣᠷᠣᠭᠤᠯᠵᠤ᠂ ᠲᠠᠩᠨᠠᠭᠤᠯ᠎ᠢ ᠡᠰᠡᠷᠭᠦᠴᠡᠬᠦ᠌ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠢᠨᠠᠨ ᠶᠠᠷᠢᠯᠴᠠᠪᠠ᠃ ᠭᠠᠳᠠᠭᠠᠳᠤ᠎ᠳᠤ ᠬᠤᠯᠪᠣᠭ᠍ᠳᠠᠬᠤ ᠬᠦᠷᠢᠶᠡᠨ᠎ᠳᠠᠬᠢ ᠬᠠᠤᠯᠢ ᠲᠣᠭ᠍ᠲᠠᠭᠠᠬᠤ ᠠᠵᠢᠯ᠎ᠢ ᠴᠢᠩᠭᠠᠳᠭᠠᠨ᠂ ᠭᠠᠳᠠᠭᠠᠳᠤ ᠤᠯᠤᠰ᠎ᠤᠨ ᠵᠠᠯᠬᠠᠭᠠᠯ᠎ᠢ ᠡᠰᠡᠷᠭᠦᠴᠡᠬᠦ᠌ ᠬᠠᠤᠯᠢ᠂ ᠭᠠᠳᠠᠭᠠᠳᠤ ᠭᠠᠷᠭᠠᠯᠲᠠ᠎ᠶ᠋ᠢ ᠵᠠᠬᠢᠷᠤᠨ ᠬᠠᠮᠢᠶᠠᠷᠬᠤ ᠬᠠᠤᠯᠢ᠎ᠶ᠋ᠢ ᠲᠣᠭ᠍ᠲᠠᠭᠠᠵᠤ᠂ ᠭᠠᠳᠠᠭᠠᠳᠤ ᠬᠠᠷᠢᠯᠴᠠᠭ᠎ᠠ᠎ᠶ᠋ᠢᠨ ᠬᠠᠤᠯᠢ᠎ᠶ᠋ᠢᠨ ᠲᠥᠰᠦᠯ᠂ ᠭᠠᠳᠠᠭᠠᠳᠤ ᠤᠯᠤᠰ᠎ᠤᠨ ᠤᠯᠤᠰ᠎ᠤᠨ ᠬᠡᠯᠲᠦᠷᠢᠭᠦᠯᠦᠯ᠎ᠤᠨ ᠬᠠᠤᠯᠢ᠎ᠶ᠋ᠢᠨ ᠲᠥᠰᠦᠯ᠎ᠢ ᠬᠢᠨᠠᠨ ᠶᠠᠷᠢᠯᠴᠠᠵᠤ᠂ ᠵᠠᠯᠬᠠᠭᠠᠯ᠎ᠢ ᠡᠰᠡᠷᠭᠦᠴᠡᠬᠦ᠂ ᠭᠠᠷ ᠲᠦᠷᠦᠭᠦ᠎ᠶ᠋ᠢ ᠡᠰᠡᠷᠭᠦᠴᠡᠬᠦ᠂ 《ᠤᠷᠳᠤ ᠴᠠᠷᠪᠠᠭᠤ᠎ᠳᠤ ᠬᠠᠷᠢᠶᠠᠯᠠᠯ》 ᠢ᠋ ᠡᠰᠡᠷᠭᠦᠴᠡᠬᠦ᠌ ᠬᠠᠤᠯᠢ ᠴᠠᠭᠠᠵᠠ᠎ᠶ᠋ᠢᠨ ᠪᠠᠢᠭᠤᠯᠤᠯ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠤᠯᠤᠰ ᠣᠷᠣᠨ ᠪᠠ ᠠᠷᠠᠳ ᠲᠦᠮᠡᠨ᠎ᠤ ᠠᠱᠢᠭ ᠲᠤᠰᠠ᠎ᠶ᠋ᠢ ᠬᠠᠮᠠᠭᠠᠯᠠᠬᠤ᠎ᠳᠤ ᠬᠠᠤᠯᠢ ᠴᠠᠭᠠᠵᠠ᠎ᠶ᠋ᠢᠨ ᠪᠠᠲᠤᠯᠠᠭ᠎ᠠ ᠬᠠᠩᠭᠠᠪᠠ᠃ ᠱᠢᠯᠵᠢᠭᠦᠯᠦᠨ ᠲᠤᠱᠢᠶᠠᠬᠤ᠂ ᠡᠷᠡᠭᠦᠦ᠍᠎ᠶ᠋ᠢᠨ ᠬᠡᠷᠡᠭ᠎ᠤᠨ ᠬᠠᠤᠯᠢ ᠪᠠᠷᠢᠬᠤ ᠬᠠᠮᠵᠢᠯᠴᠠᠭ᠎ᠠ᠂ ᠬᠡᠲᠦᠷᠡᠮᠡᠬᠡᠶ ᠦᠵᠡᠯ᠎ᠢ ᠡᠰᠡᠷᠭᠦᠴᠡᠬᠦ᠂ ᠡᠷᠡᠭᠦᠦ᠍᠎ᠪᠠᠷ ᠰᠶ᠋ᠢᠳᠭᠡᠭ᠌ᠳᠡᠭ᠌ᠰᠡᠳᠢ ᠱᠢᠯᠵᠢᠭᠦᠯᠦᠨ ᠬᠠᠮᠢᠶᠠᠷᠬᠤ᠂ ᠵᠡᠷ ᠵᠡᠪᠰᠡᠭ᠎ᠤᠨ ᠠᠷᠠᠯᠵᠢᠶ᠎ᠠ᠂ ᠴᠡᠷᠢᠭ᠎ᠤᠨ ᠶᠠᠪᠤᠳᠠᠯ᠎ᠤᠨ ᠬᠠᠮᠲᠤᠷᠠᠭ᠍ᠰᠠᠨ ᠰᠣᠷᠢᠯᠲᠠ᠂ ᠰᠦᠷᠳᠡᠭᠦᠯᠦᠯ᠎ᠢ ᠡᠰᠡᠷᠭᠦᠴᠡᠬᠦ᠂ ᠠᠷᠠᠳ᠎ᠤᠨ ᠠᠭᠠᠷ᠎ᠤᠨ ᠲᠡᠭᠡᠭᠡᠪᠦᠷᠢ ᠵᠡᠷᠭᠡ ᠬᠦᠷᠢᠶᠡᠨ᠎ᠳᠠᠬᠢ ᠭᠡᠷ᠎ᠡ ᠪᠠ ᠴᠢᠬᠤᠯᠠ ᠬᠡᠯᠡᠯᠴᠡᠭᠡᠷ᠎ᠢ ᠵᠥᠪᠱᠢᠶᠡᠷᠡᠪᠡ᠃ ᠤᠯᠠᠨ ᠤᠯᠤᠰ᠎ᠤᠨ ᠡᠷᠡᠭᠦᠦ᠍᠎ᠶ᠋ᠢᠨ ᠬᠡᠷᠡᠭ᠎ᠤᠨ ᠬᠠᠤᠯᠢ ᠪᠠᠷᠢᠬᠤ ᠬᠠᠮᠵᠢᠯᠴᠠᠭᠠᠨ᠎ᠤ ᠬᠠᠤᠯᠢ᠎ᠶ᠋ᠢ ᠲᠣᠭ᠍ᠲᠠᠭᠠᠵᠤ᠂ ᠡᠷᠡᠭᠦᠦ᠍᠎ᠶ᠋ᠢᠨ ᠵᠠᠷᠭᠤ᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠨ᠂ ᠭᠠᠳᠠᠭᠠᠳᠤ᠎ᠳᠠᠬᠢ ᠣᠷᠭᠤᠳᠠᠭᠤᠯ ᠬᠡᠷᠡᠭ᠌ᠲᠡᠨ᠎ᠢ ᠨᠡᠬᠡᠮᠵᠢᠯᠡᠬᠦ᠌ ᠪᠠ ᠪᠤᠵᠠᠷ ᠵᠤᠭᠤᠰ ᠪᠤᠵᠠᠷ ᠡᠳ᠋᠎ᠢ ᠨᠡᠬᠡᠮᠵᠢᠯᠡᠬᠦ᠌ ᠠᠵᠢᠯ᠎ᠳᠤ ᠬᠠᠤᠯᠢ ᠴᠠᠭᠠᠵᠠ᠎ᠶ᠋ᠢᠨ ᠠᠷᠭ᠎ᠠ ᠪᠠᠷᠢᠯ ᠬᠠᠩᠭᠠᠪᠠ᠃ ᠳᠠᠯᠠᠶ᠎ᠶ᠋ᠢᠨ ᠴᠠᠭ᠍ᠳᠠᠭᠠᠨ᠎ᠤ ᠬᠠᠤᠯᠢ᠂ ᠴᠡᠷᠢᠭ᠎ᠤᠨ ᠪᠠᠢᠷᠢ ᠰᠠᠭᠤᠷᠢ ᠪᠠ ᠡᠷᠬᠡ ᠠᠱᠢᠭ᠎ᠢ ᠪᠠᠲᠤᠯᠠᠬᠤ ᠬᠠᠤᠯᠢ᠂ ᠪᠡᠯᠡᠳᠭᠡᠯ ᠠᠯᠪᠠ᠎ᠶ᠋ᠢᠨ ᠬᠥᠮᠦᠰ᠎ᠤᠨ ᠬᠠᠤᠯᠢ᠂ ᠭᠠᠯ ᠰᠡᠷᠭᠡᠢᠯᠡᠨ ᠤᠨᠲᠠᠷᠠᠭᠠᠬᠤ ᠠᠪᠤᠷᠠᠨ ᠲᠤᠰᠠᠯᠠᠬᠤ ᠠᠵᠢᠯᠳᠠᠨ᠎ᠤ ᠴᠣᠯᠠ᠎ᠶ᠋ᠢᠨ ᠳᠦᠷᠢᠮ᠎ᠢ ᠲᠣᠭ᠍ᠲᠠᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠠᠤᠯᠢ᠂ ᠠᠷᠠᠳ᠎ᠤᠨ ᠵᠡᠪᠰᠡᠭ᠌ᠲᠦ ᠴᠠᠭ᠍ᠳᠠᠭ᠎ᠠ᠎ᠶ᠋ᠢᠨ ᠬᠠᠤᠯᠢ᠂ ᠴᠡᠷᠢᠭ᠎ᠤᠨ ᠠᠯᠪᠠ᠎ᠶ᠋ᠢᠨ ᠬᠠᠤᠯᠢ᠂ ᠴᠡᠷᠢᠭ᠎ᠤᠨ ᠪᠡᠯᠡᠳᠭᠡᠮᠵᠢ᠎ᠶ᠋ᠢ ᠬᠠᠮᠠᠭᠠᠯᠠᠬᠤ ᠬᠠᠤᠯᠢ᠎ᠳᠤ ᠵᠠᠰᠠᠪᠤᠷᠢ ᠣᠷᠣᠭᠤᠯᠤᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠬᠤᠭᠤᠴᠠᠭᠠᠨ᠎ᠳᠤ ᠬᠠᠮᠢᠶ᠎ᠠ ᠪᠦᠬᠦᠢ ᠬᠠᠤᠯᠢ ᠴᠠᠭᠠᠵᠠ᠎ᠶ᠋ᠢᠨ ᠲᠣᠭ᠍ᠲᠠᠭᠠᠯ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠤᠨ ᠵᠢᠩᠬᠢᠨᠢ ᠠᠯᠪᠠ᠎ᠶ᠋ᠢᠨ ᠪᠠᠢᠯᠳᠤᠭ᠍ᠴᠢ᠎ᠶ᠋ᠢᠨ ᠴᠣᠯᠠ᠎ᠶ᠋ᠢᠨ ᠳᠡᠰ᠎ᠤᠨ ᠳᠦᠷᠢᠮ᠎ᠢ ᠲᠣᠬᠢᠷᠠᠭᠤᠯᠤᠨ ᠬᠡᠷᠡᠭ᠌ᠯᠡᠬᠦ᠌᠎ᠳᠤ ᠲᠦᠷ ᠲᠣᠬᠢᠷᠠᠭᠤᠯᠤᠯᠲᠠ ᠬᠢᠬᠦ᠂ ᠴᠡᠷᠢᠭ ᠠᠩᠭᠢ ᠳᠠᠢᠨ᠎ᠤ ᠦᠶ᠎ᠡ᠎ᠳᠤ ᠡᠷᠡᠭᠦᠦ᠍᠎ᠶ᠋ᠢᠨ ᠵᠠᠷᠭᠤ᠎ᠶ᠋ᠢᠨ ᠬᠠᠤᠯᠢ᠎ᠶ᠋ᠢᠨ ᠬᠡᠰᠡᠭ ᠲᠣᠭ᠍ᠲᠠᠭᠠᠯ᠎ᠢ ᠲᠣᠬᠢᠷᠠᠭᠤᠯᠤᠨ ᠬᠡᠷᠡᠭ᠌ᠯᠡᠬᠦ᠌ ᠵᠡᠷᠭᠡ ᠲᠣᠭ᠍ᠲᠠᠭᠠᠯ᠎ᠢ ᠭᠠᠷᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠬᠠᠤᠯᠢ᠎ᠪᠠᠷ ᠵᠠᠰᠠᠬᠤ ᠲᠦᠪᠱᠢᠨ᠎ᠢ ᠠᠬᠢᠭᠤᠯᠵᠤ ᠳᠡᠭᠡᠭ᠌ᠰᠢᠯᠡᠭᠦᠯᠪᠠ᠃
(ᠭᠤᠷᠪᠠ) ᠠᠮᠢ ᠠᠬᠤᠶ᠎ᠶ᠋ᠢᠨ ᠣᠷᠴᠢᠨ ᠨᠦᠬᠦᠴᠡᠯ᠎ᠤᠨ ᠬᠠᠮᠠᠭᠠᠯᠠᠯᠲᠠ᠎ᠶ᠋ᠢᠨ ᠬᠠᠤᠯᠢ ᠴᠠᠭᠠᠵᠠ᠎ᠶ᠋ᠢᠨ ᠳᠦᠷᠢᠮ᠎ᠤᠨ ᠱᠢᠰᠲ᠋ᠧᠮ᠎ᠢ ᠪᠦᠷᠢᠯᠳᠦᠭᠦᠯᠪᠡ᠃ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌᠎ᠶ᠋ᠢᠨ ᠲᠣᠭᠤᠷᠢᠨ᠎ᠳᠤ᠂ ᠠᠮᠢ ᠠᠬᠤᠢ᠎ᠶ᠋ᠢᠨ ᠣᠷᠴᠢᠨ ᠨᠦᠬᠦᠴᠡᠯ᠎ᠤᠨ ᠬᠠᠮᠠᠭᠠᠯᠠᠯᠲᠠ᠎ᠶ᠋ᠢᠨ ᠬᠠᠤᠯᠢ ᠲᠣᠭ᠍ᠲᠠᠭᠠᠬᠤ ᠠᠵᠢᠯ᠎ᠢ ᠴᠢᠩᠭᠠᠳᠭᠠᠵᠤ᠂ ᠬᠥᠷᠥᠰᠥ᠍ ᠱᠢᠷᠣᠶ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ᠂ ᠱᠤᠤᠭᠢᠶᠠᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ᠂ ᠨᠤᠭᠤ ᠭᠠᠵᠠᠷ᠎ᠢ ᠬᠠᠮᠠᠭᠠᠯᠠᠬᠤ ᠬᠠᠤᠯᠢ᠎ᠶ᠋ᠢ ᠲᠣᠭ᠍ᠲᠠᠭᠠᠨ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠤᠨ ᠣᠷᠴᠢᠨ ᠠᠬᠤᠢ᠎ᠶ᠋ᠢ ᠪᠤᠬᠢᠷᠲᠤᠭᠤᠯᠬᠤ᠎ᠶ᠋ᠢ ᠰᠡᠷᠭᠡᠢᠯᠡᠨ ᠵᠠᠰᠠᠬᠤ ᠬᠠᠤᠯᠢ᠂ ᠬᠡᠭᠡᠷ᠎ᠡ᠎ᠶ᠋ᠢᠨ ᠠᠮᠢᠲᠠᠨ᠎ᠢ ᠬᠠᠮᠠᠭᠠᠯᠠᠬᠤ ᠬᠠᠤᠯᠢ᠂ ᠣᠢ ᠱᠢᠭᠤᠶ᠎ᠶ᠋ᠢᠨ ᠬᠠᠤᠯᠢ᠎ᠳᠤ ᠵᠠᠰᠠᠪᠤᠷᠢ ᠣᠷᠣᠭᠤᠯᠵᠤ᠂ ᠬᠥᠬᠡᠮᠥ᠋ᠷᠡᠨ᠎ᠤ ᠬᠠᠮᠠᠭᠠᠯᠠᠯᠲᠠ᠎ᠶ᠋ᠢᠨ ᠬᠠᠤᠯᠢ᠂ ᠬᠠᠳᠤᠨ ᠭᠤᠣᠯ᠎ᠤᠨ ᠬᠠᠮᠠᠭᠠᠯᠠᠯᠲᠠ᠎ᠶ᠋ᠢᠨ ᠬᠠᠤᠯᠢ᠂ ᠬᠠᠷ᠎ᠠ ᠬᠦᠷᠦᠰᠦᠲᠦ ᠭᠠᠵᠠᠷ ᠱᠢᠷᠣᠶ᠎ᠶ᠋ᠢ ᠬᠠᠮᠠᠭᠠᠯᠠᠬᠤ ᠬᠠᠤᠯᠢ᠎ᠶ᠋ᠢ ᠲᠣᠭ᠍ᠲᠠᠭᠠᠨ᠂ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠶ᠎ᠶ᠋ᠢ ᠬᠠᠮᠠᠭᠠᠯᠠᠬᠤ ᠬᠠᠤᠯᠢ᠎ᠶ᠋ᠢᠨ ᠲᠥᠰᠦᠯ᠂ ᠲᠠᠯᠠᠢ ᠲᠠᠩᠬᠢᠰ᠎ᠤᠨ ᠣᠷᠴᠢᠨ ᠠᠬᠤᠶ᠎ᠶ᠋ᠢ ᠬᠠᠮᠠᠭᠠᠯᠠᠬᠤ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠲᠤᠭᠤᠷᠪᠢᠵᠤ ᠬᠢᠨᠠᠨ ᠶᠠᠷᠢᠯᠴᠠᠵᠤ᠂ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠲᠠᠢᠨ᠎ᠢ ᠰᠠᠢᠲᠤᠷ ᠬᠢᠬᠦ᠌᠎ᠶ᠋ᠢ ᠬᠠᠤᠯᠢ ᠶᠣᠰᠣᠭᠠᠷ ᠠᠬᠢᠭᠤᠯᠬᠤ ᠲᠤᠬᠠᠶ ᠱᠢᠢᠳᠪᠦᠷᠢ᠎ᠶ᠋ᠢ ᠪᠠᠲᠤᠯᠠᠪᠠ᠃ ᠴᠥᠬᠦᠷᠡᠰᠢ ᠦᠭᠡᠢ ᠴᠢᠷᠮᠠᠢᠯᠭ᠎ᠠ᠎ᠪᠠᠷ ᠳᠠᠮᠵᠢᠨ᠂ ᠠᠮᠢ ᠠᠬᠤᠶ᠎ᠶ᠋ᠢᠨ ᠣᠷᠴᠢᠨ ᠨᠦᠬᠦᠴᠡᠯ᠎ᠤᠨ ᠬᠠᠮᠠᠭᠠᠯᠠᠯᠲᠠ᠎ᠶ᠋ᠢᠨ ᠬᠦᠷᠢᠶᠡᠨ᠎ᠳᠤ ᠰᠠᠭᠤᠷᠢ ᠴᠢᠨᠠᠷᠲᠠᠶ᠂ ᠶᠡᠷᠦᠩᠬᠡᠢᠯᠡᠭ᠌ᠰᠡᠨ ᠴᠢᠨᠠᠷᠲᠠᠶ ᠣᠷᠴᠢᠨ ᠠᠬᠤᠢ᠎ᠶ᠋ᠢᠨ ᠬᠠᠮᠠᠭᠠᠯᠠᠯᠲᠠ᠎ᠶ᠋ᠢᠨ 1 ᠬᠠᠤᠯᠢ᠂ ᠠᠭᠠᠷ ᠮᠠᠨᠳᠠᠯ᠂ ᠤᠰᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠂ ᠬᠥᠷᠥᠰᠥ᠍ ᠱᠢᠷᠣᠶ᠂ ᠱᠤᠤᠭᠢᠶᠠᠨ᠂ ᠲᠡᠯᠡᠶ ᠲᠠᠩᠭᠢᠰ᠂ ᠨᠤᠭᠤ ᠭᠠᠵᠠᠷ᠂ ᠨᠤᠲᠤᠭ ᠪᠡᠯᠴᠢᠭᠡᠷ᠂ ᠣᠶ ᠱᠢᠭᠤᠶ᠂ ᠡᠯᠡᠰᠦ ᠮᠠᠩᠬ᠎ᠠ ᠵᠡᠷᠭᠡ᠎ᠲᠠᠢ ᠬᠤᠯᠪᠣᠭ᠍ᠳᠠᠭ᠍ᠰᠠᠨ ᠡᠳᠦᠢ ᠲᠡᠳᠦᠢ ᠳᠤᠰᠭᠠᠶ ᠬᠠᠤᠯᠢ ᠴᠠᠭᠠᠵᠠ᠂ ᠬᠥᠬᠡᠮᠥ᠋ᠷᠡᠨ᠎ᠤ ᠬᠠᠮᠠᠭᠠᠯᠠᠯᠲᠠ᠎ᠶ᠋ᠢᠨ ᠬᠠᠤᠯᠢ᠂ ᠬᠠᠳᠤᠨ ᠭᠤᠤᠯ᠎ᠤᠨ ᠬᠠᠮᠠᠭᠠᠯᠠᠯᠲᠠ᠎ᠶ᠋ᠢᠨ ᠬᠠᠤᠯᠢ᠂ ᠬᠠᠷ᠎ᠠ ᠬᠥᠷᠥᠰᠥᠲᠦ ᠭᠠᠵᠠᠷ ᠱᠢᠷᠣᠢ᠎ᠶ᠋ᠢ ᠬᠠᠮᠠᠭᠠᠯᠠᠬᠤ ᠬᠠᠤᠯᠢ ᠵᠢᠴᠢ ᠶᠠᠭ ᠬᠢᠨᠠᠨ ᠶᠠᠷᠢᠯᠴᠠᠵᠤ ᠪᠠᠢᠭ᠎ᠠ ᠬᠥᠬᠡᠨᠠᠭᠤᠷ ᠲᠥᠪᠡᠳ᠎ᠤᠨ ᠥᠨᠳᠦᠷᠯᠢᠭ᠎ᠤᠨ ᠠᠮᠢ ᠠᠬᠤᠶ᠎ᠶ᠋ᠢ ᠬᠠᠮᠠᠭᠠᠯᠠᠬᠤ ᠬᠠᠤᠯᠢ᠎ᠶ᠋ᠢᠨ ᠲᠥᠰᠦᠯ ᠵᠡᠷᠭᠡ 4 ᠣᠨᠴᠠᠭᠠᠶ ᠣᠷᠣᠨ ᠪᠦᠰᠡ᠎ᠶ᠋ᠢᠨ ᠬᠠᠤᠯᠢ ᠴᠠᠭᠠᠵᠠ᠎ᠪᠠᠷ ᠪᠦᠷᠢᠯᠳᠦᠭ᠌ᠰᠡᠨ 《1+N+4》 ᠬᠠᠤᠯᠢ ᠴᠠᠭᠠᠵᠠ᠎ᠶ᠋ᠢᠨ ᠳᠦᠷᠢᠮ᠎ᠤᠨ ᠱᠢᠰᠲ᠋ᠧᠮ᠎ᠢ ᠪᠦᠷᠢᠯᠳᠦᠭᠦᠯᠵᠦ᠍᠂ ᠬᠥᠮᠥᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠬᠦᠴᠦᠲᠡᠢ ᠠᠬᠢᠭᠤᠯᠪᠡ᠃
(ᠳᠥᠷᠪᠡ) ᠨᠡᠢᠭᠡᠮ᠎ᠤᠨ ᠪᠠᠢᠭᠤᠯᠤᠯᠲᠠ ᠪᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠬᠠᠤᠯᠢ ᠲᠣᠭ᠍ᠲᠠᠭᠠᠬᠤ ᠠᠵᠢᠯ᠎ᠢ ᠰᠠᠢᠲᠤᠷ ᠬᠢᠪᠠ᠃ ᠠᠷᠠᠳ ᠢᠷᠭᠡᠳ᠎ᠤᠨ ᠰᠤᠷᠭᠠᠨ ᠬᠥᠮᠦᠵᠢᠯ ᠬᠦᠷᠲᠡᠬᠦ᠌ ᠡᠷᠬᠡ᠎ᠶ᠋ᠢ ᠪᠠᠲᠤᠯᠠᠵᠤ᠂ ᠭᠡᠷ ᠪᠦᠯᠢ᠎ᠶ᠋ᠢᠨ ᠰᠤᠷᠭᠠᠨ ᠬᠥᠮᠦᠵᠢᠯ᠎ᠢ ᠠᠬᠢᠭᠤᠯᠬᠤ ᠬᠠᠤᠯᠢ᠎ᠶ᠋ᠢ ᠲᠣᠭ᠍ᠲᠠᠭᠠᠨ᠂ ᠰᠤᠷᠭᠠᠨ ᠬᠥᠮᠦᠵᠢᠯ᠎ᠤᠨ ᠬᠠᠤᠯᠢ᠂ ᠠᠵᠢᠯ ᠮᠡᠷᠭᠡᠵᠢᠯ᠎ᠤᠨ ᠰᠤᠷᠭᠠᠨ ᠬᠥᠮᠦᠵᠢᠯ᠎ᠤᠨ ᠬᠠᠤᠯᠢ᠎ᠳᠤ ᠵᠠᠰᠠᠪᠤᠷᠢ ᠣᠷᠣᠭᠤᠯᠵᠤ᠂ ᠰᠤᠷᠭᠠᠨ ᠬᠥᠮᠦᠵᠢᠯ᠎ᠤᠨ ᠣᠳᠣᠬᠢᠴᠢᠯᠠᠯᠲᠠ᠎ᠶ᠋ᠢᠨ ᠲᠦᠪᠱᠢᠨ᠎ᠢ ᠠᠬᠢᠭᠤᠯᠵᠤ ᠳᠡᠭᠡᠭ᠌ᠰᠢᠯᠡᠭᠦᠯᠪᠡ᠃ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠠᠤᠯᠢ᠎ᠪᠠᠷ ᠵᠠᠰᠠᠬᠤ ᠪᠠᠲᠤᠯᠠᠭ᠎ᠠ᠎ᠶ᠋ᠢ ᠴᠢᠩᠭᠠᠳᠭᠠᠬᠤ ᠬᠠᠤᠯᠢ ᠲᠣᠭ᠍ᠲᠠᠭᠠᠬᠤ ᠪᠠ ᠬᠠᠤᠯᠢ᠎ᠳᠤ ᠵᠠᠰᠠᠪᠤᠷᠢ ᠣᠷᠣᠭᠤᠯᠬᠤ ᠠᠵᠢᠯ᠎ᠤᠨ ᠲᠥᠯᠥᠪᠯᠡᠭᠡ᠎ᠶ᠋ᠢ ᠲᠣᠭ᠍ᠲᠠᠭᠠᠨ᠂ ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠍᠎ᠶ᠋ᠢ ᠠᠬᠢᠭᠤᠯᠬᠤ ᠬᠠᠤᠯᠢ᠂ ᠸᠠᠺᠼᠢᠨ᠎ᠤ ᠬᠠᠮᠢᠶᠠᠷᠤᠯᠲᠠ᠎ᠶ᠋ᠢᠨ ᠬᠠᠤᠯᠢ᠂ ᠡᠮᠴᠢ᠎ᠶ᠋ᠢᠨ ᠬᠠᠤᠯᠢ᠎ᠶ᠋ᠢ ᠲᠣᠭ᠍ᠲᠠᠭᠠᠵᠤ᠂ ᠠᠮᠢᠲᠠᠨ᠎ᠤ ᠬᠢᠵᠢᠭ᠎ᠢ ᠰᠡᠷᠭᠡᠢᠯᠡᠬᠦ᠌ ᠬᠠᠤᠯᠢ᠂ ᠡᠮ᠎ᠤᠨ ᠵᠦᠢᠯ᠎ᠤᠨ ᠬᠠᠮᠢᠶᠠᠷᠤᠯᠲᠠ᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠨ᠂ ᠬᠡᠭᠡᠷ᠎ᠡ᠎ᠶ᠋ᠢᠨ ᠠᠮᠢᠲᠠᠨ᠎ᠢ ᠬᠠᠤᠯᠢ ᠪᠤᠰᠤ᠎ᠪᠠᠷ ᠠᠷᠠᠯᠵᠢᠶᠠᠯᠠᠬᠤ ᠪᠠ ᠢᠳᠡᠬᠦ᠌᠎ᠶ᠋ᠢ ᠪᠦᠬᠦ᠌ ᠲᠠᠯ᠎ᠠ᠎ᠪᠠᠷ ᠴᠠᠭᠠᠵᠠᠯᠠᠬᠤ ᠲᠤᠬᠠᠶ ᠲᠣᠭ᠍ᠲᠠᠭᠠᠯ ᠭᠠᠷᠭᠠᠪᠠ᠃ ᠠᠷᠠᠳ ᠣᠯᠠᠨ᠎ᠤ ᠲᠤᠰᠭᠠᠯ ᠶᠡᠬᠡᠲᠡᠢ ᠠᠰᠠᠭᠤᠳᠠᠯ᠎ᠳᠤ ᠬᠠᠷᠢᠭᠤᠯᠲᠠ ᠥᠭ᠌ᠴᠦ᠂ ᠬᠤᠪᠢ ᠬᠥᠮᠦᠨ᠎ᠤ ᠮᠡᠳᠡᠭᠡ ᠵᠠᠩᠭᠢ᠎ᠶ᠋ᠢ ᠬᠠᠮᠠᠭᠠᠯᠠᠬᠤ ᠬᠠᠤᠯᠢ᠂ ᠴᠠᠬᠢᠯᠭᠠᠨ ᠬᠤᠯᠪᠣᠭ᠎ᠠ ᠪᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ᠌ ᠬᠠᠤᠯᠢ᠂ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠬᠠᠤᠯᠢ᠂ ᠨᠡᠢᠭᠡᠮ ᠲᠣᠭᠤᠷᠢᠭ᠎ᠠᠴᠠ ᠰᠤᠷᠭᠠᠨ ᠵᠠᠰᠠᠬᠤ ᠬᠠᠤᠯᠢ᠂ ᠢᠳᠡᠭᠡᠨ᠎ᠤ ᠵᠦᠢᠯ᠎ᠢ ᠪᠦᠷᠢᠯᠬᠡᠬᠦ᠌ᠶ᠋ᠢ ᠡᠰᠡᠷᠭᠦᠴᠡᠬᠦ᠌ ᠬᠠᠤᠯᠢ᠎ᠶ᠋ᠢ ᠲᠣᠭ᠍ᠲᠠᠭᠠᠵᠤ᠂ ᠢᠷᠭᠡᠨ᠎ᠤ ᠵᠠᠷᠭᠤ᠎ᠶ᠋ᠢᠨ ᠬᠠᠤᠯᠢ᠂ ᠵᠠᠰᠠᠭ ᠵᠠᠬᠢᠷᠭᠠᠨ᠎ᠤ ᠱᠢᠢᠳᠭᠡᠯ᠎ᠤᠨ ᠬᠠᠤᠯᠢ᠂ ᠨᠡᠢᠭᠡᠮ᠎ᠤᠨ ᠳᠠᠭᠠᠳᠭᠠᠯ᠎ᠤᠨ ᠬᠠᠤᠯᠢ᠂ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ᠎ᠤᠨ ᠬᠠᠤᠯᠢ᠂ ᠪᠡᠶ᠎ᠡ᠎ᠶ᠋ᠢᠨ ᠲᠠᠮᠢᠷ᠎ᠤᠨ ᠬᠠᠤᠯᠢ᠎ᠳᠤ ᠵᠠᠰᠠᠪᠤᠷᠢ ᠣᠷᠣᠭᠤᠯᠤᠨ᠂ ᠬᠤᠷᠢᠶᠠᠮᠵᠢᠯᠠᠨ ᠬᠥᠮᠥᠵᠢᠭᠦᠯᠬᠦ᠌ ᠬᠠᠤᠯᠢ ᠴᠠᠭᠠᠵᠠ᠎ᠶ᠋ᠢᠨ ᠲᠣᠭ᠍ᠲᠠᠭᠠᠯ ᠪᠠ ᠳᠦᠷᠢᠮ᠎ᠢ ᠬᠦᠴᠦᠨ ᠦᠭᠡᠢ ᠪᠣᠯᠭᠠᠬᠤ ᠲᠤᠬᠠᠶ ᠲᠣᠭ᠍ᠲᠠᠭᠠᠯ ᠭᠠᠷᠭᠠᠵᠤ᠂ ᠵᠠᠰᠠᠭ ᠵᠠᠬᠢᠷᠭᠠᠨ᠎ᠤ ᠵᠠᠷᠭᠤ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ ᠵᠡᠷᠭᠡ᠎ᠶ᠋ᠢ ᠬᠢᠨᠠᠨ ᠶᠠᠷᠢᠯᠴᠠᠵᠤ᠂ ᠬᠠᠤᠯᠢ᠎ᠪᠠᠷ ᠵᠠᠰᠠᠬᠤ᠎ᠪᠠᠷ ᠠᠷᠠᠳ ᠲᠦᠮᠡᠨ᠎ᠤ ᠡᠷᠬᠡ ᠠᠱᠢᠭ᠎ᠢ ᠪᠠᠲᠤᠯᠠᠵᠤ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠪᠡ᠃ ᠡᠷᠡᠭᠦᠦ᠍᠎ᠶ᠋ᠢᠨ ᠬᠠᠤᠯᠢ᠎ᠳᠤ ᠵᠠᠰᠠᠪᠤᠷᠢ ᠣᠷᠣᠭᠤᠯᠤᠭ᠍ᠰᠠᠨ ᠲᠥᠰᠦᠯ (ᠠᠷᠪᠠᠨ ᠨᠢᠭᠡᠳᠦᠭᠡᠷ) ᠢ᠋ ᠪᠠᠲᠤᠯᠠᠪᠠ᠃ ᠴᠡᠷᠢᠭ᠎ᠤᠨ ᠠᠯᠪᠠ᠎ᠠᠴᠠ ᠪᠠᠭᠤᠭ᠍ᠰᠠᠳ᠎ᠤᠨ ᠪᠠᠲᠤᠯᠠᠭ᠎ᠠ᠎ᠶ᠋ᠢᠨ ᠬᠠᠤᠯᠢ᠎ᠶ᠋ᠢ ᠲᠣᠭ᠍ᠲᠠᠭᠠᠵᠤ᠂ ᠡᠮᠡᠭ᠌ᠲᠡᠢᠴᠦᠳ᠎ᠤᠨ ᠡᠷᠬᠡ ᠠᠱᠢᠭ᠎ᠢ ᠪᠠᠲᠤᠯᠠᠬᠤ ᠬᠠᠤᠯᠢ᠂ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠬᠠᠤᠯᠢ᠂ ᠨᠠᠰᠤᠨ᠎ᠳᠤ ᠦᠯᠦ᠍ ᠬᠦᠷᠦᠭ᠌ᠰᠡᠳ᠎ᠤᠨ ᠶᠠᠯ᠎ᠠ ᠬᠢᠬᠦ᠌᠎ᠶ᠋ᠢ ᠰᠡᠷᠭᠡᠢᠯᠡᠬᠦ᠌ ᠬᠠᠤᠯᠢ᠎ᠳᠤ ᠵᠠᠰᠠᠪᠤᠷᠢ ᠣᠷᠣᠭᠤᠯᠵᠤ᠂ ᠣᠨᠴᠠᠭᠠᠶ ᠬᠠᠮᠲᠤᠯᠢᠭ᠎ᠤᠨ ᠡᠷᠬᠡ ᠠᠱᠢᠭ᠎ᠢ ᠪᠠᠲᠤᠯᠠᠬᠤ ᠠᠵᠢᠯ᠎ᠢ ᠴᠢᠩᠭᠠᠳᠭᠠᠪᠠ᠃
(ᠲᠠᠪᠤ) ᠡᠷᠬᠡ ᠣᠯᠭᠤᠬᠤ ᠲᠣᠭ᠍ᠲᠠᠭᠠᠯ ᠪᠤᠶᠤ ᠥᠭᠡᠷᠡᠴᠢᠯᠡᠯᠲᠡ ᠬᠢᠬᠦ᠌ ᠲᠣᠭ᠍ᠲᠠᠭᠠᠯ ᠢ᠋ ᠭᠠᠷᠭᠠᠪᠠ ᠃ ᠥᠭᠡᠷᠡᠴᠢᠯᠡᠯᠲᠡ ᠵᠢ ᠪᠦᠬᠦ᠌ ᠲᠠᠯ᠎ᠠ ᠪᠡᠷ ᠭᠦᠨᠵᠡᠭᠡᠢᠷᠡᠭᠦᠯᠬᠦ᠌ ᠠᠵᠢᠯ ᠡᠴᠡ ᠳᠤᠷᠠᠳᠤᠭ᠍ᠰᠠᠨ ᠬᠠᠤᠯᠢ ᠲᠣᠭ᠍ᠲᠠᠭᠠᠬᠤ ᠬᠡᠷᠡᠭ᠌ᠴᠡᠭᠡ ᠱᠠᠭᠠᠷᠳᠠᠯᠭ᠎ᠠ ᠳ᠋ᠤ ᠬᠠᠷᠢᠭᠤᠯᠲᠠ ᠥᠭ᠌ᠴᠦ ᠂ ᠤᠯᠤᠰ ᠤ᠋ᠨ ᠬᠥᠭ᠌ᠵᠢᠯᠲᠡ ᠂ ᠴᠢᠬᠤᠯᠠ ᠶᠡᠭᠡ ᠥᠭᠡᠷᠡᠴᠢᠯᠡᠯᠲᠡ ᠳ᠋ᠤ ᠬᠠᠤᠯᠢ ᠴᠠᠭᠠᠵᠠ ᠵᠢᠨ ᠦᠨᠳᠦᠰᠦᠯᠡᠯ ᠲᠠᠢ ᠪᠠᠢᠬᠤ ᠵᠢ ᠦᠨᠡᠨ ᠬᠦ᠌ ᠪᠠᠲᠤᠯᠠᠪᠠ ᠃ ᠲᠦᠷᠦ᠍ ᠵᠢᠨ ᠪᠠᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌ ᠲᠠᠢ ᠤᠶᠠᠯᠳᠤᠭᠤᠯᠤᠨ ᠂ ᠲᠦᠷᠦ᠍ ᠵᠢᠨ ᠶᠠᠪᠤᠳᠠᠯ ᠤ᠋ᠨ ᠬᠣᠷᠢᠶ᠎ᠠ ᠵᠢᠨ ᠪᠠᠢᠭᠤᠯᠤᠮᠵᠢ ᠵᠢᠨ ᠥᠭᠡᠷᠡᠴᠢᠯᠡᠯᠲᠡ ᠯᠤᠭᠡ ᠬᠤᠯᠪᠣᠭ᠍ᠳᠠᠬᠤ ᠬᠠᠤᠯᠢ ᠴᠠᠭᠠᠵᠠ ᠳ᠋ᠤ ᠲᠣᠭ᠍ᠲᠠᠭᠠᠭ᠍ᠰᠠᠨ ᠵᠠᠰᠠᠭ ᠵᠠᠬᠢᠷᠭᠠᠨ ᠤ᠋ ᠪᠠᠢᠭᠤᠯᠭ᠎ᠠ ᠵᠢᠨ ᠲᠤᠱᠢᠶᠠᠯ ᠬᠠᠷᠢᠭᠤᠴᠠᠯᠭ᠎ᠠ ᠳ᠋ᠤ ᠲᠤᠬᠢᠷᠠᠭᠤᠯᠤᠯᠲᠠ ᠬᠢᠬᠦ᠌ ᠠᠰᠠᠭᠤᠳᠠᠯ ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠦᠨᠳᠦᠰᠦᠨ ᠬᠠᠤᠯᠢ ᠪᠠ ᠬᠠᠤᠯᠢ ᠴᠠᠭᠠᠵᠠ ᠵᠢᠨ ᠵᠥᠪᠯᠡᠯ ᠤ᠋ᠨ ᠲᠤᠱᠢᠶᠠᠯ ᠬᠠᠷᠢᠭᠤᠴᠠᠯᠭ᠎ᠠ ᠵᠢᠨ ᠠᠰᠠᠭᠤᠳᠠᠯ ᠂ ᠳᠤᠮᠳᠠᠳᠤ ᠤᠯᠤᠰ ᠤ᠋ᠨ ᠳᠠᠯᠠᠢ ᠵᠢᠨ ᠴᠠᠭ᠍ᠳᠠᠭ᠎ᠠ ᠵᠢᠨ ᠲᠣᠪᠴᠢᠶᠠᠨ ᠤ᠋ ᠳᠠᠯᠠᠢ ᠳᠡᠭᠡᠷᠡᠬᠢ ᠡᠷᠬᠡ ᠪᠠᠨ ᠬᠠᠮᠠᠭᠠᠯᠠᠬᠤ ᠬᠠᠤᠯᠢ ᠬᠡᠷᠡᠭ᠌ᠵᠢᠭᠦᠯᠦᠯᠲᠡ ᠵᠢᠨ ᠡᠷᠬᠡ ᠲᠤᠱᠢᠶᠠᠯ ᠵᠢᠡᠨ ᠬᠡᠷᠡᠭ᠌ᠵᠢᠭᠦᠯᠬᠦ᠌ ᠠᠰᠠᠭᠤᠳᠠᠯ ᠤ᠋ᠨ ᠲᠤᠬᠠᠶ ᠲᠣᠭ᠍ᠲᠠᠭᠠᠯ ᠭᠠᠷᠭᠠᠪᠠ ᠃ ᠬᠤᠯᠪᠣᠭ᠍ᠳᠠᠯ ᠪᠦᠬᠦᠢ ᠬᠠᠤᠯᠢ ᠴᠠᠭᠠᠵᠠ ᠳ᠋ᠤ 57 ᠬᠤᠪᠢ ᠤᠳᠠᠭ᠎ᠠ ᠵᠠᠰᠠᠪᠤᠷᠢ ᠣᠷᠣᠭᠤᠯᠵᠤ ᠂ ᠲᠥᠷᠥ ᠵᠢᠨ ᠶᠠᠪᠤᠳᠠᠯ ᠤ᠋ᠨ ᠬᠤᠷᠢᠶ᠎ᠠ ᠳ᠋ᠤ ᠭᠤᠷᠪᠠᠨᠲᠠ ᠡᠷᠬᠡ ᠣᠯᠭᠤᠨ ᠴᠢᠯᠥᠭᠡᠲᠦ ᠠᠷᠠᠯᠵᠢᠶᠠᠨ ᠤ᠋ ᠲᠤᠷᠱᠢᠯᠲᠠ ᠵᠢᠨ ᠣᠷᠣᠨ ᠳ᠋ᠤ ᠬᠤᠯᠪᠣᠭ᠍ᠳᠠᠯ ᠪᠦᠬᠦᠢ ᠬᠠᠤᠯᠢ ᠴᠠᠭᠠᠵᠠ ᠵᠢᠨ ᠲᠣᠭ᠍ᠲᠠᠭᠠᠯ ᠢ᠋ ᠲᠣᠬᠢᠷᠠᠭᠤᠯᠤᠨ ᠬᠡᠷᠡᠭ᠌ᠯᠡᠬᠦ᠌ ᠳ᠋ᠤ ᠲᠦᠷ ᠲᠣᠬᠢᠷᠠᠭᠤᠯᠤᠯᠲᠠ ᠬᠢᠯᠭᠡᠵᠦ᠍ ᠂ ᠲᠥᠷᠥ ᠵᠢᠨ ᠶᠠᠪᠤᠳᠠᠯ ᠤ᠋ᠨ ᠬᠤᠷᠢᠶ᠎ᠠ ᠳ᠋ᠤ ᠣᠷᠣᠨ ᠨᠤᠲᠤᠭ ᠤ᠋ᠨ ᠵᠠᠰᠠᠭ ᠤ᠋ᠨ ᠣᠷᠳᠣᠨ ᠤ᠋ ᠵᠠᠷᠢᠮ ᠱᠢᠨ᠎ᠡ ᠪᠡᠷ ᠨᠡᠮᠡᠭ᠌ᠳᠡᠭ᠌ᠰᠡᠨ ᠥᠷᠢ ᠥᠭ᠌ᠴᠡᠭᠡᠨ ᠤ᠋ ᠬᠢᠵᠠᠭᠠᠷ ᠲᠤᠭ᠎ᠠ ᠵᠢ ᠤᠷᠢᠳᠴᠢᠯᠠᠨ ᠪᠠᠭᠤᠯᠭᠠᠬᠤ ᠂ ᠭᠡᠷ ᠪᠠᠢᠱᠢᠩ ᠭᠠᠵᠠᠷ ᠱᠢᠷᠣᠢ ᠵᠢᠨ ᠬᠥᠷᠥᠩᠭᠡ ᠵᠢᠨ ᠭᠠᠢᠯᠢ ᠵᠢᠨ ᠥᠭᠡᠷᠡᠴᠢᠯᠡᠯᠲᠡ ᠵᠢᠨ ᠲᠤᠷᠱᠢᠯᠲᠠ ᠵᠢ ᠥᠷᠨᠢᠭᠦᠯᠬᠦ ᠂ ᠬᠤᠳᠠᠯᠳᠤᠭ᠎ᠠ ᠡᠵᠡᠩᠨᠡᠬᠦ᠌ ᠣᠷᠴᠢᠨ ᠨᠦᠬᠦᠴᠡᠯ ᠤ᠋ᠨ ᠱᠢᠨ᠎ᠡ ᠵᠢ ᠡᠭᠦᠳᠬᠦ᠌ ᠲᠤᠷᠱᠢᠯᠲᠠ ᠵᠢᠨ ᠬᠤᠲᠠ ᠳ᠋ᠤ ᠬᠡᠮᠵᠢᠯᠲᠡ ᠵᠢᠨ ᠬᠠᠤᠯᠢ ᠵᠢᠨ ᠬᠤᠯᠪᠣᠭ᠍ᠳᠠᠯ ᠪᠦᠬᠦᠢ ᠲᠣᠭ᠍ᠲᠠᠭᠠᠯ ᠢ᠋ ᠲᠣᠬᠢᠷᠠᠭᠤᠯᠤᠨ ᠬᠡᠷᠡᠭ᠌ᠯᠡᠬᠦ᠌ ᠳ᠋ᠤ ᠲᠦᠷ ᠲᠣᠬᠢᠷᠠᠭᠤᠯᠤᠯᠲᠠ ᠬᠢᠬᠦ᠌ ᠡᠷᠬᠡ ᠵᠢ ᠣᠯᠭᠤᠵᠤ ᠂ ᠲᠥᠷᠥ ᠵᠢᠨ ᠶᠠᠪᠤᠳᠠᠯ ᠤ᠋ᠨ ᠬᠤᠷᠢᠶ᠎ᠠ ᠳ᠋ᠤ ᠡᠷᠬᠡ ᠣᠯᠭᠤᠵᠤ ᠥᠷᠨᠢᠭᠦᠯᠦᠭ᠌ᠰᠡᠨ ᠬᠥᠳᠡᠭᠡ ᠲᠣᠰᠭᠤᠨ ᠤ᠋ ᠭᠠᠵᠠᠷ ᠱᠢᠷᠣᠶ ᠵᠢᠨ ᠥᠭᠡᠷᠡᠴᠢᠯᠡᠯᠲᠡ ᠂ ᠡᠮ ᠤ᠋ᠨ ᠵᠦᠢᠯ ᠢ᠋ ᠵᠠᠬ᠎ᠠ ᠳᠡᠯᠭᠡᠭᠦᠷ᠎ᠲᠤ ᠭᠠᠷᠭᠠᠬᠤ ᠵᠥᠪᠱᠢᠶᠡᠷᠡᠯ ᠢ᠋ ᠡᠵᠡᠮᠱᠢᠭ᠌ᠴᠢᠳ ᠤ᠋ᠨ ᠳᠦᠷᠢᠮ ᠵᠡᠷᠭᠡ ᠵᠢᠨ ᠲᠤᠷᠱᠢᠯᠲᠠ ᠵᠢᠨ ᠬᠤᠭᠤᠴᠠᠭ᠎ᠠ ᠵᠢ ᠤᠷᠲᠤᠳᠭᠠᠨ ᠂ ᠱᠠᠩᠬᠠᠶ ᠬᠤᠳᠠ ᠵᠢᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠵᠢᠴᠢ ᠲᠡᠭᠦᠨ ᠤ᠋ ᠪᠠᠢᠩᠭᠤ ᠵᠢᠨ ᠬᠤᠷᠢᠶ᠎ᠠ ᠳ᠋ᠤ ᠫᠦᠳᠦ᠋ᠩ ᠱᠢᠨ᠎ᠡ ᠲᠣᠭᠤᠷᠢᠭ ᠤ᠋ᠨ ᠬᠠᠤᠯᠢ ᠲᠣᠭ᠍ᠲᠠᠭᠠᠯ ᠢ᠋ ᠲᠣᠭ᠍ᠲᠠᠭᠠᠬᠤ ᠡᠷᠬᠡ ᠣᠯᠭᠤᠵᠤ ᠂ ᠬᠤᠯᠪᠣᠭ᠍ᠳᠠᠯ ᠪᠦᠬᠦᠢ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠠ ᠲᠤᠷᠱᠢᠯᠲᠠ ᠵᠢᠨ ᠠᠵᠢᠯ ᠤ᠋ᠨ ᠤᠷᠤᠭ᠍ᠰᠢᠲᠠᠶ ᠶᠠᠪᠤᠭ᠍ᠳᠠᠬᠤ ᠵᠢ ᠪᠠᠲᠤᠯᠠᠪᠠ᠃ ᠬᠠᠤᠯᠢ ᠪᠠᠷᠢᠬᠤ ᠪᠠᠢᠭᠤᠯᠤᠯ ᠤ᠋ᠨ ᠶᠡᠷᠦᠩᠬᠡᠢᠯᠡᠭ᠌ᠰᠡᠨ ᠢᠵᠢ ᠪᠦᠷᠢᠳᠦᠭᠦᠯᠬᠦ᠌ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌ ᠲᠠᠢ ᠤᠶᠠᠯᠳᠤᠭᠤᠯᠤᠨ ᠂ ᠤᠷᠢᠳ ᠬᠤᠵᠢᠳ ᠱᠠᠩᠬᠠᠶ ᠂ ᠪᠡᠭᠡᠵᠢᠩ ᠂ ᠴᠧᠩᠳᠦ᠋ ᠴᠦᠩᠴᠢᠩ ᠤ᠋ᠨ ᠬᠤᠳᠠ ᠵᠢᠨ ᠪᠦᠯᠦᠭᠵᠢᠯ ᠤ᠋ᠨ ᠮᠥᠩᠭᠦᠨ ᠭᠦᠢᠯᠭᠡᠭᠡᠨ ᠤ᠋ ᠱᠢᠭᠦᠬᠦ᠌ ᠬᠤᠷᠢᠶ᠎ᠠ ᠪᠠ ᠬᠠᠢᠨᠠᠨ ᠤ᠋ ᠴᠢᠯᠥᠭᠡᠲᠦ ᠠᠷᠠᠯᠵᠢᠶᠠᠨ ᠤ᠋ ᠭᠠᠷᠠᠮ ᠤ᠋ᠨ ᠮᠡᠳᠡᠯᠭᠡ ᠵᠢᠨ ᠪᠦᠲᠦᠭᠡᠭ᠌ᠳᠡᠬᠦᠨ ᠤ᠋ ᠥᠮᠴᠢᠯᠡᠬᠦ᠌ ᠡᠷᠬᠡ ᠵᠢᠨ ᠱᠢᠭᠦᠬᠦ᠌ ᠬᠤᠷᠢᠶ᠎ᠠ ᠵᠢ ᠪᠠᠢᠭᠤᠯᠬᠤ ᠪᠡᠷ ᠲᠣᠭ᠍ᠲᠠᠭᠠᠪᠠ᠃ ᠠᠷᠠᠳ ᠤ᠋ᠨ ᠳᠡᠭᠡᠳᠦ ᠱᠢᠭᠦᠬᠦ᠌ ᠬᠤᠷᠢᠶ᠎ᠠ ᠳ᠋ᠤ ᠡᠷᠬᠡ ᠣᠯᠭᠤᠵᠤ ᠢᠷᠭᠡᠨ ᠤ᠋ ᠵᠠᠷᠭᠤ ᠵᠢᠨ ᠵᠢᠷᠤᠮ ᠤ᠋ᠨ ᠲᠦᠪᠡᠭ᠌ᠲᠡᠶ ᠬᠡᠷᠡᠭ ᠬᠢᠭᠡᠳ ᠳᠦᠭᠦᠮ ᠬᠡᠷᠡᠭ ᠢ᠋ ᠰᠠᠯᠭᠠᠬᠤ ᠥᠭᠡᠷᠡᠴᠢᠯᠡᠯᠲᠡ ᠪᠠ ᠳᠥᠷᠪᠡᠨ ᠱᠠᠲᠤᠨ ᠤ᠋ ᠱᠢᠭᠦᠬᠦ᠌ ᠬᠣᠷᠢᠶ᠎ᠠ ᠵᠢᠨ ᠱᠢᠭᠦᠬᠦ᠌ ᠱᠠᠲᠤᠨ ᠤ᠋ ᠡᠭᠦᠷᠭᠡ ᠴᠢᠳᠠᠪᠤᠷᠢ ᠵᠢᠨ ᠪᠠᠢᠷᠢ ᠲᠣᠭ᠍ᠲᠠᠭᠠᠯᠲᠠ ᠵᠢᠨ ᠥᠭᠡᠷᠡᠴᠢᠯᠡᠯᠲᠡ ᠵᠢᠨ ᠲᠤᠷᠱᠢᠯᠲᠠ ᠵᠢᠨ ᠠᠵᠢᠯ ᠢ᠋ ᠥᠷᠨᠢᠭᠦᠯᠵᠦ᠍ ᠂ ᠲᠤᠰᠭᠠᠶ ᠠᠱᠢᠭ ᠵᠡᠷᠭᠡ ᠮᠡᠳᠡᠯᠭᠡ ᠵᠢᠨ ᠪᠦᠲᠦᠭᠡᠭ᠌ᠳᠡᠬᠦᠨ ᠤ᠋ ᠥᠮᠴᠢᠯᠡᠬᠦ᠌ ᠡᠷᠬᠡ ᠵᠢᠨ ᠬᠡᠷᠡᠭ ᠤ᠋ᠨ ᠵᠠᠷᠭᠤ ᠵᠢᠨ ᠵᠢᠷᠤᠮ ᠤ᠋ᠨ ᠠᠰᠠᠭᠤᠳᠠᠯ ᠤ᠋ᠳ ᠤ᠋ᠨ ᠲᠤᠬᠠᠶ ᠲᠣᠭ᠍ᠲᠠᠭᠠᠯ ᠭᠠᠷᠭᠠᠪᠠ ᠃ 10 ᠡᠷᠬᠡ ᠣᠯᠭᠤᠬᠤ ᠲᠣᠭ᠍ᠲᠠᠭᠠᠯ ᠪᠠ ᠥᠭᠡᠷᠡᠴᠢᠯᠡᠯᠲᠡ ᠵᠢᠨ ᠲᠣᠭ᠍ᠲᠠᠭᠠᠯ ᠢ᠋ ᠬᠡᠷᠡᠭ᠌ᠵᠢᠭᠦᠯᠦᠭ᠌ᠰᠡᠨ ᠪᠠᠢᠳᠠᠯ ᠤ᠋ᠨ ᠲᠤᠬᠠᠢ ᠬᠤᠯᠪᠣᠭ᠍ᠳᠠᠯ ᠪᠦᠬᠦᠢ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠪᠠ ᠃
ᠲᠠᠪᠤᠨ ᠵᠢᠯ ᠤ᠋ᠨ ᠲᠤᠷᠰᠢ ᠂ ᠨᠠᠮ ᠤ᠋ᠨ ᠲᠥᠪ ᠬᠣᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠳᠣᠣᠷ᠎ᠠ ᠂ ᠨᠠᠮ ᠤ᠋ᠨ ᠬᠤᠷᠢᠶ᠎ᠠ ᠪᠡᠷ ᠤᠳᠤᠷᠢᠳᠤᠭᠤᠯᠤᠭ᠍ᠰᠠᠨ ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠢ᠋ᠢᠡᠷ ᠭᠤᠤᠯᠯᠠᠭᠤᠯᠤᠬ᠍ᠰᠠᠨ ᠂ ᠵᠠᠰᠠᠭ ᠤ᠋ᠨ ᠣᠷᠳᠣᠨ ᠳ᠋ᠤ ᠲᠦᠱᠢᠭ᠌ᠯᠡᠭ᠌ᠰᠡᠨ ᠂ ᠡᠯ᠎ᠡ ᠲᠠᠯ᠎ᠠ ᠵᠢᠨ᠎ᠬᠢᠨ ᠤ᠋ ᠣᠷᠣᠯᠴᠠᠭ᠍ᠰᠠᠨ ᠬᠠᠤᠯᠢ ᠲᠣᠭ᠍ᠲᠠᠭᠠᠬᠤ ᠠᠵᠢᠯ ᠤ᠋ᠨ ᠪᠠᠢᠷᠢᠱᠢᠯ ᠢ᠋ ᠪᠤᠢ ᠪᠣᠯᠭᠠᠵᠤ ᠂ ᠬᠠᠤᠯᠢ ᠲᠣᠭ᠍ᠲᠠᠭᠠᠬᠤ ᠰᠡᠳᠦᠪ ᠰᠣᠩᠭᠤᠬᠤ ᠂ ᠦᠨᠡᠯᠡᠨ ᠵᠢᠱ᠌ᠢᠬᠦ ᠂ ᠨᠤᠲᠠᠯᠠᠬᠤ ᠂ ᠲᠥᠰᠥᠯ ᠲᠣᠭ᠍ᠲᠠᠭᠠᠬᠤ ᠂ ᠵᠣᠬᠢᠴᠠᠭᠤᠯᠬᠤ ᠂ ᠲᠤᠭᠤᠷᠪᠢᠬᠤ ᠂ ᠰᠠᠨᠠᠯ ᠬᠤᠷᠢᠶᠠᠬᠤ ᠂ ᠬᠢᠨᠠᠨ ᠶᠠᠷᠢᠯᠴᠠᠬᠤ ᠵᠡᠷᠭᠡ ᠭᠤᠭ᠍ᠴᠣᠭᠠᠨᠳᠠᠬᠢ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠭᠤᠤᠯᠯᠠᠬᠤ ᠦᠢᠯᠡᠳᠦᠯ ᠢ᠋ ᠪᠦᠲᠦᠮᠵᠢᠲᠡᠶ ᠪᠠᠳᠠᠷᠠᠭᠤᠯᠪᠠ; ᠬᠠᠤᠯᠢ ᠲᠣᠭ᠍ᠲᠠᠭᠠᠬᠤ ᠬᠡᠯᠪᠡᠷᠢ ᠵᠢ ᠪᠠᠶᠠᠯᠢᠠᠠᠵᠢᠭᠤᠯᠵᠤ ᠂ 《ᠲᠣᠮᠣ ᠪᠦᠷᠢᠨ》 ᠪᠠᠢᠯᠭᠠᠬᠤ ᠵᠢ ᠴᠢᠬᠤᠯᠠᠴᠢᠯᠠᠬᠤ ᠮᠥᠷᠲᠡᠭᠡᠨ ᠪᠠᠰᠠ 《ᠵᠢᠵᠢᠭ ᠬᠤᠷᠴᠠ》 ᠪᠠᠢᠬᠤ ᠵᠢ ᠴᠢᠬᠤᠯᠠᠴᠢᠯᠠᠨ ᠂ ᠬᠠᠤᠯᠢ ᠲᠣᠭ᠍ᠲᠠᠭᠠᠬᠤ ᠬᠠᠤᠯᠢ ᠳ᠋ᠤ ᠵᠠᠰᠠᠪᠤᠷᠢ ᠣᠷᠣᠭᠤᠯᠬᠤ ᠲᠤᠰᠭᠠᠶ ᠲᠥᠯᠥᠪᠯᠡᠭᠡ ᠂ ᠬᠠᠤᠯᠢ ᠲᠣᠭ᠍ᠲᠠᠭᠠᠬᠤ ᠠᠵᠢᠯ ᠤ᠋ᠨ ᠲᠤᠰᠭᠠᠶ ᠪᠠᠭ ᠂ 《ᠵᠢᠵᠢᠭ ᠬᠠᠷᠠᠭᠠᠰᠤ》 ᠪᠠᠷ ᠬᠠᠤᠯᠢ ᠲᠣᠭ᠍ᠲᠠᠭᠠᠬᠤ ᠂ 《ᠨᠢᠭᠡ ᠠᠵᠢᠯ ᠬᠡᠷᠡᠭ᠎ᠲᠤ ᠨᠢᠭᠡ ᠬᠠᠤᠯᠢ ᠲᠠᠢ ᠪᠠᠢᠯᠭᠠᠬᠤ》 ᠂ ᠣᠷᠣᠨ ᠪᠦᠰᠡ ᠬᠠᠮᠵᠢᠯᠴᠠᠨ ᠬᠠᠤᠯᠢ ᠲᠣᠭ᠍ᠲᠠᠭᠠᠬᠤ ᠪᠠ ᠬᠠᠮᠲᠤ᠎ᠳᠠᠭᠠᠨ ᠬᠠᠤᠯᠢ ᠲᠣᠭ᠍ᠲᠠᠭᠠᠬᠤ ᠵᠢ ᠠᠬᠢᠭᠤᠯᠬᠤ ᠵᠡᠷᠭᠡ ᠠᠷᠭ᠎ᠠ ᠮᠠᠶᠢᠭ ᠪᠠ ᠵᠠᠭ᠍ᠪᠤᠷ ᠢ᠋ ᠥᠷᠭᠡᠨ ᠢ᠋ᠢᠡᠷ ᠬᠡᠷᠡᠭ᠌ᠯᠡᠪᠡ; ᠱᠢᠨᠵᠢᠯᠡᠬᠦ᠌ ᠤᠬᠠᠭᠠᠨᠴᠢ ᠪᠡᠷ ᠬᠠᠤᠯᠢ ᠲᠣᠭ᠍ᠲᠠᠭᠠᠬᠤ᠂ ᠠᠷᠠᠳᠴᠢᠯᠠᠯ ᠢ᠋ᠢᠡᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ ᠵᠢ ᠭᠦᠨᠵᠡᠭᠡᠶ ᠠᠬᠢᠭᠤᠯᠵᠤ᠂ ᠬᠠᠤᠯᠢ ᠲᠣᠭ᠍ᠲᠠᠭᠠᠯᠲᠠ ᠵᠢᠨ ᠨᠤᠲᠠᠯᠠᠯᠲᠠ ᠪᠠ ᠬᠠᠤᠯᠢ ᠲᠣᠭ᠍ᠲᠠᠭᠠᠯᠲᠠ ᠵᠢᠨ ᠵᠥᠪᠯᠡᠯᠭᠡ ᠵᠢᠨ ᠠᠵᠢᠯ ᠢ᠋ ᠥᠷᠨᠢᠭᠦᠯᠵᠦ᠍ ᠂ ᠬᠠᠤᠯᠢ ᠴᠠᠭᠠᠵᠠ ᠵᠢᠨ ᠰᠠᠨᠠᠯ ᠵᠥᠪᠯᠡᠯᠭᠡ ᠵᠢ ᠪᠠᠲᠤᠯᠠᠬᠤ ᠡᠴᠡ ᠡᠮᠦᠨ᠎ᠡ ᠦᠨᠡᠯᠡᠨ ᠵᠢᠱ᠌ᠢᠬᠦ᠌ ᠪᠠ ᠬᠠᠤᠯᠢ ᠲᠣᠭ᠍ᠲᠠᠭᠠᠭ᠍ᠰᠠᠨ ᠤ᠋ ᠳᠠᠷᠠᠭ᠎ᠠ ᠦᠨᠡᠯᠡᠨ ᠵᠢᠱ᠌ᠢᠬᠦ᠌ ᠵᠢ ᠬᠡᠷᠡᠭ᠌ᠵᠢᠭᠦᠯᠵᠦ᠍ ᠂ ᠬᠠᠤᠯᠢ ᠴᠠᠭᠠᠵᠠ ᠵᠢᠨ ᠲᠥᠰᠦᠯ ᠢ᠋ ᠨᠡᠢᠲᠡ 154 ᠬᠤᠪᠢ ᠤᠳᠠᠭ᠎ᠠ ᠨᠡᠢᠭᠡᠮ ᠳ᠋ᠤ ᠨᠡᠢᠲᠡᠯᠡᠨ ᠰᠠᠨᠠᠯ ᠬᠤᠷᠢᠶᠠᠵᠤ᠂ 109 ᠲᠦᠮᠡ ᠭᠠᠷᠤᠶ ᠬᠥᠮᠦᠨ ᠤᠳᠠᠭ᠎ᠠ ᠣᠷᠣᠯᠴᠠᠨ᠂ ᠬᠠᠤᠯᠢ ᠲᠣᠭ᠍ᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌ ᠵᠢ ᠪᠦᠲᠦᠮᠵᠢᠲᠡᠶ ᠠᠬᠢᠭᠤᠯᠪᠠ᠃ ᠲᠠᠪᠤᠨ ᠵᠢᠯ ᠤ᠋ᠨ ᠲᠤᠷᠰᠢ ᠴᠢᠨᠠᠷ ᠰᠠᠢᠲᠠᠶ ᠬᠠᠤᠯᠢ ᠲᠣᠭ᠍ᠲᠠᠭᠠᠬᠤ ᠵᠢ ᠠᠬᠢᠭᠤᠯᠵᠤ ᠂ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠬᠠᠤᠯᠢ ᠴᠠᠭᠠᠵᠠ ᠵᠢᠨ ᠱᠢᠰᠲ᠋ᠧᠮ ᠢ᠋ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ ᠪᠡᠷ ᠪᠦᠲᠦᠭᠡᠨ ᠪᠠᠢᠭᠤᠯᠬᠤ ᠳ᠋ᠤ ᠨᠡᠩ ᠪᠦᠷᠢᠨ ᠲᠡᠭᠦᠯᠳᠡᠷ ᠬᠠᠤᠯᠢ ᠴᠠᠭᠠᠵᠠ ᠵᠢᠨ ᠪᠠᠲᠤᠯᠠᠭ᠎ᠠ ᠬᠠᠩᠭᠠᠪᠠ ᠃
ᠭᠤᠷᠪᠠ ᠂ ᠦᠨᠳᠦᠰᠦᠨ ᠬᠠᠤᠯᠢ ᠡᠴᠡ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠳ᠋ᠤ ᠣᠯᠭᠤᠭ᠍ᠰᠠᠨ ᠬᠢᠨᠠᠯᠲᠠ ᠲᠠᠯᠪᠢᠬᠤ ᠡᠷᠬᠡ ᠵᠢ ᠰᠠᠢᠲᠤᠷ ᠬᠡᠷᠡᠭ᠌ᠯᠡᠵᠦ᠍᠂ ᠵᠥᠪ ᠬᠢᠨᠠᠯᠲᠠ ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠵᠢ ᠬᠡᠷᠡᠭ᠌ᠵᠢᠭᠦᠯᠪᠡ
ᠨᠠᠮ ᠪᠠ ᠤᠯᠤᠰ ᠤ᠋ᠨ ᠬᠢᠨᠠᠯᠲᠠ ᠲᠠᠯᠪᠢᠬᠤ ᠱᠢᠰᠲ᠋ᠧᠮ᠎ᠳᠠᠬᠢ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠬᠢᠨᠠᠯᠲᠠ ᠲᠠᠯᠪᠢᠬᠤ ᠴᠢᠬᠤᠯᠠ ᠦᠢᠯᠡᠳᠦᠯ ᠢ᠋ ᠨᠡᠩ ᠰᠠᠢᠲᠤᠷ ᠪᠠᠳᠠᠷᠠᠭᠤᠯᠤᠨ ᠂ ᠬᠠᠤᠯᠢ ᠪᠡᠷ ᠲᠣᠭ᠍ᠲᠠᠭᠠᠭ᠍ᠰᠠᠨ ᠬᠢᠨᠠᠯᠲᠠ ᠲᠠᠯᠪᠢᠬᠤ ᠠᠷᠭ᠎ᠠ ᠮᠠᠶᠢᠭ ᠢ᠋ ᠨᠢᠭᠡᠳᠦᠯᠲᠡᠶ ᠲᠥᠯᠥᠪᠯᠡᠨ ᠬᠡᠷᠡᠭ᠌ᠯᠡᠵᠦ᠍ ᠂ ᠦᠨᠳᠦᠰᠦᠨ ᠬᠠᠤᠯᠢ ᠬᠠᠤᠯᠢ ᠴᠠᠭᠠᠵᠠ ᠵᠢᠨ ᠪᠦᠲᠦᠮᠵᠢᠲᠡᠶ ᠬᠡᠷᠡᠭ᠌ᠵᠢᠭᠦᠯᠦᠭ᠌ᠳᠡᠬᠦ᠌ ᠵᠢ ᠦᠨᠡᠨ ᠬᠦ᠌ ᠪᠠᠲᠤᠯᠠᠨ ᠂ ᠵᠠᠰᠠᠭ ᠵᠠᠬᠢᠷᠭᠠᠨ ᠤ᠋ ᠡᠷᠬᠡ ᠂ ᠬᠢᠨᠠᠨ ᠪᠠᠢᠴᠠᠭᠠᠬᠤ ᠡᠷᠬᠡ ᠂ ᠱᠢᠭᠦᠨ ᠲᠠᠰᠤᠯᠬᠤ ᠡᠷᠬᠡ ᠂ ᠪᠠᠢᠴᠠᠭᠠᠬᠤ ᠡᠷᠬᠡ ᠵᠢᠨ ᠬᠠᠤᠯᠢ ᠶᠣᠰᠣᠭᠠᠷ ᠵᠥᠪ ᠬᠡᠷᠡᠭ᠌ᠵᠢᠭᠦᠯᠦᠭ᠌ᠳᠡᠬᠦ᠌ ᠵᠢ ᠦᠨᠡᠨ ᠬᠦ᠌ ᠪᠠᠲᠤᠯᠠᠪᠠ ᠃
(ᠨᠢᠭᠡ) ᠲᠥᠯᠥᠪᠵᠢᠭᠦᠯᠭᠡ ᠲᠥᠯᠥᠪᠯᠡᠭᠡ ᠂ ᠲᠥᠰᠦᠪ ᠪᠠ ᠲᠥᠰᠦᠪ ᠤ᠋ᠨ ᠭᠦᠢᠴᠡᠳᠭᠡᠯ ᠢ᠋ ᠬᠢᠨᠠᠨ ᠪᠠᠢᠴᠠᠭᠠᠵᠤ ᠬᠢᠨᠠᠯᠲᠠ ᠲᠠᠯᠪᠢᠬᠤ ᠪᠠ ᠤᠯᠤᠰ ᠤ᠋ᠨ ᠥᠮᠴᠢᠯᠡᠯ ᠤ᠋ᠨ ᠡᠳ᠋ ᠬᠥᠷᠥᠩᠭᠡ ᠵᠢᠨ ᠬᠠᠮᠢᠶᠠᠷᠤᠯᠲᠠ ᠬᠢᠨᠠᠯᠲᠠ ᠵᠢᠨ ᠠᠵᠢᠯ ᠢ᠋ ᠰᠠᠢᠲᠤᠷ ᠬᠢᠪᠡ ᠃ ᠠᠵᠤ ᠠᠬᠤᠢ ᠵᠢᠨ ᠠᠵᠢᠯ ᠳ᠋ᠤ ᠬᠢᠨᠠᠯᠲᠠ ᠲᠠᠯᠪᠢᠬᠤ ᠵᠢ ᠴᠢᠩᠭᠠᠳᠭᠠᠬᠤ ᠲᠤᠬᠠᠶ ᠪᠠᠢᠩᠭᠤ ᠵᠢᠨ ᠬᠣᠷᠢᠶ᠎ᠠ ᠵᠢᠨ ᠲᠣᠭ᠍ᠲᠠᠭᠠᠯ ᠳ᠋ᠤ ᠵᠠᠰᠠᠪᠤᠷᠢ ᠣᠷᠣᠭᠤᠯᠤᠨ᠂ ᠤᠯᠤᠰ ᠠᠷᠠᠳ ᠤ᠋ᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠵᠢᠨ ᠲᠥᠯᠥᠪᠯᠡᠭᠡ ᠵᠢ ᠭᠦᠢᠴᠡᠳᠭᠡᠭ᠌ᠰᠡᠨ ᠪᠠᠢᠳᠠᠯ ᠤ᠋ᠨ ᠲᠤᠬᠠᠶ ᠮᠡᠳᠡᠭᠦᠯᠦᠯᠲᠡ ᠂ ᠠᠷᠪᠠᠨ ᠭᠤᠷᠪᠠᠳᠤᠭᠠᠷ ᠲᠠᠪᠤᠨ ᠵᠢᠯ ᠤ᠋ᠨ ᠲᠥᠯᠥᠪᠵᠢᠭᠦᠯᠭᠡ ᠵᠢᠨ ᠲᠣᠪᠴᠢ ᠵᠢ ᠬᠡᠷᠡᠭ᠌ᠵᠢᠭᠦᠯᠦᠭ᠌ᠰᠡᠨ ᠳᠤᠮᠳᠠ ᠬᠤᠭᠤᠴᠠᠭᠠᠨ ᠤ᠋ ᠦᠨᠡᠯᠡᠨ ᠵᠢᠱ᠌ᠢᠭ᠌ᠰᠡᠨ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠵᠤ ᠂ ᠠᠷᠪᠠᠨ ᠳᠥᠷᠪᠡᠳᠦᠭᠡᠷ ᠲᠠᠪᠤᠨ ᠵᠢᠯ ᠤ᠋ᠨ ᠲᠥᠯᠥᠪᠵᠢᠭᠦᠯᠭᠡ ᠪᠠ 2035 ᠣᠨ ᠤ᠋ ᠠᠯᠤᠰ ᠤ᠋ᠨ ᠬᠠᠷᠠᠯᠲᠠ ᠵᠢᠨ ᠲᠣᠪᠴᠢ ᠵᠢ ᠬᠢᠨᠠᠨ ᠪᠠᠢᠴᠠᠭᠠᠵᠤ ᠵᠥᠪᠱᠢᠶᠡᠷᠡᠪᠡ᠃ ᠠᠵᠤ ᠠᠬᠤᠶ ᠵᠢᠨ ᠪᠠᠢᠳᠠᠯ ᠤ᠋ᠨ ᠵᠠᠳᠠᠯᠤᠯᠲᠠ ᠵᠢᠨ ᠤᠯᠠᠷᠢᠯ ᠤ᠋ᠨ ᠶᠠᠷᠢᠯᠴᠠᠬᠤ ᠬᠤᠷᠠᠯ ᠢ᠋ ᠲᠣᠭ᠍ᠲᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ ᠲᠥᠯᠥᠪᠯᠡᠭᠡ ᠲᠥᠯᠥᠪᠵᠢᠭᠦᠯᠭᠡ ᠵᠢ ᠠᠩᠬ᠎ᠠ ᠠᠯᠬᠤᠮ ᠬᠢᠨᠠᠨ ᠪᠠᠢᠴᠠᠭᠠᠬᠤ ᠂ ᠴᠢᠬᠤᠯᠠ ᠶᠡᠭᠡ ᠤᠴᠢᠷ ᠶᠠᠪᠤᠳᠠᠯ ᠳ᠋ᠤ ᠬᠢᠨᠠᠯᠲᠠ ᠲᠠᠯᠪᠢᠬᠤ ᠵᠢ ᠴᠢᠩᠭᠠᠳᠭᠠᠪᠠ᠃ ᠲᠥᠪ ᠤ᠋ᠨ ᠲᠥᠰᠦᠪ ᠢ᠋ ᠬᠢᠨᠠᠨ ᠪᠠᠢᠴᠠᠭᠠᠵᠤ ᠲᠡᠭᠦᠨ ᠳ᠋ᠤ ᠬᠢᠨᠠᠯᠲᠠ ᠲᠠᠯᠪᠢᠬᠤ ᠵᠢ ᠴᠢᠩᠭᠠᠳᠭᠠᠬᠤ ᠲᠤᠬᠠᠶ ᠲᠣᠭ᠍ᠲᠠᠭᠠᠯ ᠳ᠋ᠤ ᠵᠠᠰᠠᠪᠤᠷᠢ ᠣᠷᠣᠭᠤᠯᠵᠤ ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠰᠦᠪ ᠢ᠋ ᠬᠢᠨᠠᠨ ᠪᠠᠢᠴᠠᠭᠠᠵᠤ ᠬᠢᠨᠠᠯᠲᠠ ᠲᠠᠯᠪᠢᠬᠤ ᠭᠤᠤᠯᠳᠠᠯᠭ᠎ᠠ ᠵᠢ ᠥᠷᠭᠡᠳᠭᠡᠬᠦ᠌ ᠥᠭᠡᠷᠡᠴᠢᠯᠡᠯᠲᠡ ᠵᠢ ᠭᠦᠨᠵᠡᠭᠡᠶ ᠨᠠᠢᠳᠠᠪᠤᠷᠢᠵᠢᠭᠤᠯᠪᠡ᠃ ᠲᠠᠪᠤᠨ ᠵᠢᠯ ᠳᠠᠷᠠᠭᠠᠯᠠᠨ ᠲᠥᠪ ᠤ᠋ᠨ ᠲᠥᠰᠦᠪ ᠤ᠋ᠨ ᠭᠦᠢᠴᠡᠳᠭᠡᠯ ᠤ᠋ᠨ ᠮᠡᠳᠡᠭᠦᠯᠦᠯᠲᠡ᠂ ᠲᠥᠰᠦᠪ ᠢ᠋ ᠭᠦᠢᠴᠡᠳᠭᠡᠭ᠌ᠰᠡᠨ ᠪᠠᠢᠳᠠᠯ ᠤ᠋ᠨ ᠮᠡᠳᠡᠭᠦᠯᠦᠯᠲᠡ᠂ ᠲᠥᠪ ᠤ᠋ᠨ ᠲᠥᠰᠦᠪ ᠢ᠋ ᠭᠦᠢᠴᠡᠳᠭᠡᠭ᠌ᠰᠡᠨ ᠪᠠᠢᠳᠠᠯ ᠪᠠ ᠪᠤᠰᠤᠳ ᠡᠳ᠋ ᠤ᠋ᠨ ᠵᠠᠰᠠᠭ ᠤ᠋ᠨ ᠣᠷᠣᠯᠭ᠎ᠠ ᠵᠠᠷᠤᠯᠭ᠎ᠠ ᠳ᠋ᠤ ᠬᠢᠨᠠᠨ ᠪᠤᠳᠤᠯᠲᠠ ᠬᠢᠭ᠌ᠰᠡᠨ ᠠᠵᠢᠯ ᠤ᠋ᠨ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠵᠤ᠂ ᠬᠢᠨᠠᠨ ᠪᠤᠳᠤᠯᠲᠠ ᠪᠡᠷ ᠪᠠᠢᠴᠠᠭᠠᠵᠤ ᠭᠠᠷᠭᠠᠭ᠍ᠰᠠᠨ ᠠᠰᠠᠭᠤᠳᠠᠯ ᠢ᠋ ᠴᠡᠭ᠌ᠴᠡᠯᠡᠵᠦ᠍ ᠰᠠᠢᠵᠢᠷᠠᠭᠤᠯᠤᠭ᠍ᠰᠠᠨ ᠪᠠᠢᠳᠠᠯ ᠤ᠋ᠨ ᠲᠤᠬᠠᠢ ᠮᠡᠳᠡᠭᠦᠯᠦᠯᠲᠡ ᠵᠢ ᠰᠣᠨᠣᠰᠴᠤ᠌ ᠬᠢᠨᠠᠨ ᠵᠥᠪᠯᠡᠵᠦ᠍᠂ ᠴᠡᠭ᠌ᠴᠡᠯᠡᠵᠦ᠍ ᠰᠠᠢᠵᠢᠷᠠᠭᠤᠯᠬᠤ ᠠᠰᠠᠭᠤᠳᠠᠯ ᠢ᠋ ᠨᠠᠢᠳᠠᠪᠤᠷᠢᠵᠢᠭᠤᠯᠬᠤ ᠵᠢ ᠱᠢᠪᠠᠳᠠᠪᠠ᠃ ᠣᠨᠴᠠ ᠲᠣᠭ᠍ᠲᠠᠭ᠍ᠰᠠᠨ ᠭᠤᠣᠯᠳᠠᠯᠭ᠎ᠠ ᠲᠠᠢ ᠬᠦᠷᠢᠶᠡᠨ ᠤ᠋ ᠡᠳ᠋ ᠤ᠋ᠨ ᠵᠠᠰᠠᠭ ᠤ᠋ᠨ ᠪᠡᠯᠡ ᠮᠥᠩᠭᠦ ᠳ᠋ᠤ ᠬᠢᠨᠠᠯᠲᠠ ᠲᠠᠯᠪᠢᠬᠤ ᠲᠠᠢ ᠤᠶᠠᠯᠳᠤᠭᠤᠯᠤᠨ ᠂ ᠡᠳ᠋ ᠤ᠋ᠨ ᠵᠠᠰᠠᠭ ᠤ᠋ᠨ ᠡᠮᠨᠡᠯᠭᠡ ᠡᠷᠡᠭᠦᠯ ᠬᠠᠮᠠᠭᠠᠯᠠᠯ ᠤ᠋ᠨ ᠪᠠᠯᠠ ᠮᠥᠩᠭᠦ᠌ ᠂ ᠡᠳ᠋ ᠤ᠋ᠨ ᠵᠠᠰᠠᠭ ᠤ᠋ᠨ ᠠᠮᠢ ᠠᠬᠤᠶ ᠵᠢᠨ ᠣᠷᠴᠢᠨ ᠨᠥᠬᠦᠴᠡᠯ ᠤ᠋ᠨ ᠬᠠᠮᠠᠭᠠᠯᠠᠯᠲᠠ ᠵᠢᠨ ᠪᠠᠯᠠ ᠮᠥᠩᠭᠦ᠌ ᠂ ᠡᠳ᠋ ᠤ᠋ᠨ ᠵᠠᠰᠠᠭ ᠤ᠋ᠨ ᠲᠠᠷᠢᠶᠠᠯᠠᠩ ᠬᠥᠳᠡᠭᠡ ᠲᠣᠰᠭᠤᠨ ᠤ᠋ ᠪᠠᠯᠠ ᠮᠥᠩᠭᠦ᠌ ᠂ ᠡᠳ᠋ ᠤ᠋ᠨ ᠵᠠᠰᠠᠭ ᠤ᠋ᠨ ᠵᠠᠮ ᠲᠡᠭᠡᠭᠡᠪᠦᠷᠢ ᠵᠢᠨ ᠪᠠᠯᠠ ᠮᠥᠩᠭᠦ᠌ ᠂ ᠡᠳ᠋ ᠤ᠋ᠨ ᠵᠠᠰᠠᠭ ᠤ᠋ᠨ ᠨᠡᠢᠭᠡᠮ ᠤ᠋ᠨ ᠪᠠᠲᠤᠯᠠᠭ᠎ᠠ ᠵᠢᠨ ᠪᠠᠯᠠ ᠮᠥᠩᠭᠦ ᠵᠢᠨ ᠬᠤᠪᠢᠶᠠᠷᠢᠯᠠᠯᠲᠠ ᠪᠠ ᠬᠡᠷᠡᠭ᠌ᠯᠡᠯᠲᠡ ᠵᠢᠨ ᠪᠠᠢᠳᠠᠯ ᠤ᠋ᠨ ᠲᠤᠬᠠᠢ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠵᠤ ᠂ ᠲᠥᠷᠥ ᠵᠢᠨ ᠪᠣᠳᠣᠯᠭ᠎ᠠ ᠵᠢ ᠬᠡᠷᠡᠭ᠌ᠵᠢᠭᠦᠯᠦᠭ᠌ᠰᠡᠨ ᠪᠠ ᠪᠠᠯᠠ ᠮᠥᠩᠭᠦ ᠵᠢ ᠬᠡᠷᠡᠭ᠌ᠯᠡᠭ᠌ᠰᠡᠨ ᠪᠠᠢᠳᠠᠯ ᠳ᠋ᠤ ᠭᠤᠤᠯᠳᠠᠯᠭ᠎ᠠ ᠲᠠᠢ ᠮᠥᠷᠳᠡᠯᠲᠡ ᠬᠢᠵᠦ᠍ ᠬᠢᠨᠠᠯᠲᠠ ᠲᠠᠯᠪᠢᠪᠠ ᠃ ᠤᠯᠤᠰ ᠤ᠋ᠨ ᠥᠮᠴᠢᠯᠡᠯ ᠤ᠋ᠨ ᠡᠳ᠋ ᠬᠦᠷᠦᠩᠭᠡ ᠵᠢᠨ ᠬᠠᠮᠢᠶᠠᠷᠤᠯᠲᠠ ᠵᠢᠨ ᠪᠠᠢᠳᠠᠯ ᠳ᠋ᠤ ᠬᠢᠨᠠᠯᠲᠠ ᠲᠠᠯᠪᠢᠬᠤ ᠵᠢ ᠴᠢᠩᠭᠠᠳᠭᠠᠬᠤ ᠪᠣᠯ ᠨᠠᠮ ᠤ᠋ᠨ ᠲᠥᠪ ᠬᠣᠷᠢᠶ᠎ᠠ ᠵᠢᠨ ᠰᠶ᠋ᠢᠳᠪᠦᠷᠢᠲᠦ ᠪᠤᠳᠤᠯᠭ᠎ᠠ ᠪᠤᠯᠤᠨ᠎ᠠ ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠪᠠᠢᠩᠭᠤ ᠵᠢᠨ ᠬᠤᠷᠢᠶ᠎ᠠ ᠳ᠋ᠤ ᠣᠯᠭᠤᠭ᠍ᠰᠠᠨ ᠨᠢᠭᠡᠨ ᠱᠢᠨ᠎ᠡ ᠲᠤᠱᠢᠶᠠᠯ ᠬᠠᠷᠢᠭᠤᠴᠠᠯᠭ᠎ᠠ ᠮᠥᠨ᠃ ᠪᠠᠢᠩᠭᠤ ᠵᠢᠨ ᠬᠤᠷᠢᠶ᠎ᠠ ᠤᠯᠤᠰ ᠤ᠋ᠨ ᠥᠮᠴᠢᠯᠡᠯ ᠤ᠋ᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠪᠠᠢᠳᠠᠯ ᠳ᠋ᠤ ᠬᠢᠨᠠᠯᠲᠠ ᠲᠠᠯᠪᠢᠬᠤ ᠵᠢ ᠴᠢᠩᠭᠠᠳᠭᠠᠬᠤ ᠲᠤᠬᠠᠶ ᠲᠣᠭ᠍ᠲᠠᠭᠠᠯ ᠭᠠᠷᠭᠠᠨ᠂ ᠤᠯᠤᠰ ᠤ᠋ᠨ ᠥᠮᠴᠢᠯᠡᠯ ᠤ᠋ᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠪᠠᠢᠳᠠᠯ ᠳ᠋ᠤ ᠬᠢᠨᠠᠯᠲᠠ ᠲᠠᠯᠪᠢᠬᠤ ᠠᠵᠢᠯ ᠤ᠋ᠨ ᠲᠠᠪᠤᠨ ᠵᠢᠯ ᠤ᠋ᠨ ᠲᠥᠯᠥᠪᠵᠢᠭᠦᠯᠭᠡ ᠵᠢ ᠲᠣᠭ᠍ᠲᠠᠭᠠᠨ ᠬᠡᠷᠡᠭ᠌ᠵᠢᠭᠦᠯᠵᠦ᠍ ᠂ ᠣᠨ ᠤ᠋ ᠤᠯᠤᠰ ᠤ᠋ᠨ ᠥᠮᠴᠢᠯᠡᠯ ᠤ᠋ᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠪᠠᠢᠳᠠᠯ ᠤ᠋ᠨ ᠲᠤᠬᠠᠢ ᠶᠡᠷᠦᠩᠬᠡᠢᠯᠡᠭ᠌ᠰᠡᠨ ᠮᠡᠳᠡᠭᠦᠯᠦᠯᠲᠡ ᠵᠢ ᠲᠣᠭ᠍ᠲᠠᠮᠠᠯ ᠬᠤᠭᠤᠴᠠᠭ᠎ᠠ ᠲᠠᠢ ᠰᠣᠨᠣᠰᠤᠨ ᠬᠢᠨᠠᠵᠤ ᠶᠠᠷᠢᠯᠴᠠᠭ᠍ᠰᠠᠨ ᠰᠠᠭᠤᠷᠢᠨ ᠳᠡᠭᠡᠷ᠎ᠡ ᠂ ᠵᠢᠯ ᠪᠦᠷᠢ ᠭᠤᠣᠯᠳᠠᠯᠭ᠎ᠠ ᠲᠠᠢ ᠬᠦᠷᠢᠶ᠎ᠡ ᠵᠢ ᠰᠣᠩᠭᠤᠨ ᠬᠢᠨᠠᠯᠲᠠ ᠲᠠᠯᠪᠢᠵᠤ ᠂ ᠮᠥᠩᠭᠦᠨ ᠭᠦᠢᠯᠭᠡᠭᠡᠨ ᠤ᠋ ᠠᠵᠤ ᠠᠬᠤᠢᠯᠠᠯ ᠤ᠋ᠨ ᠤᠯᠤᠰ ᠤ᠋ᠨ ᠥᠮᠴᠢᠯᠡᠯ ᠤ᠋ᠨ ᠡᠳ᠋ ᠬᠦᠷᠦᠩᠭᠡ ᠂ ᠵᠠᠰᠠᠭ ᠵᠠᠬᠢᠷᠭᠠᠨ ᠠᠵᠢᠯ ᠦᠢᠯᠡᠰ ᠤ᠋ᠨ ᠴᠢᠨᠠᠷᠲᠠᠶ ᠤᠯᠤᠰ ᠤ᠋ᠨ ᠥᠮᠴᠢᠯᠡᠯ ᠤ᠋ᠨ ᠡᠳ᠋ ᠬᠦᠷᠦᠩᠭᠡ ᠂ ᠠᠵᠤ ᠦᠢᠯᠡᠰ ᠤ᠋ᠨ ᠤᠯᠤᠰ ᠤ᠋ᠨ ᠥᠮᠴᠢᠯᠡᠯ ᠤ᠋ᠨ ᠡᠳ᠋ ᠬᠦᠷᠦᠩᠭᠡ ᠂ ᠤᠯᠤᠰ ᠤ᠋ᠨ ᠥᠮᠴᠢᠯᠡᠯ ᠤ᠋ᠨ ᠪᠠᠢᠭᠠᠯᠢ ᠵᠢᠨ ᠡᠬᠢ ᠪᠠᠶᠠᠯᠢᠭ ᠤ᠋ᠨ ᠡᠳ᠋ ᠬᠦᠷᠦᠩᠭᠡ ᠵᠢᠨ ᠬᠠᠮᠢᠶᠠᠷᠤᠯᠲᠠ ᠵᠢᠨ ᠪᠠᠢᠳᠠᠯ ᠤ᠋ᠨ ᠲᠤᠬᠠᠶ ᠲᠤᠰᠭᠠᠶ ᠮᠡᠳᠡᠭᠦᠯᠦᠯᠲᠡ ᠵᠢ ᠲᠤᠰ ᠲᠤᠰ ᠰᠣᠨᠣᠰᠴᠤ᠌ ᠬᠢᠨᠠᠨ ᠶᠠᠷᠢᠯᠴᠠᠵᠤ ᠂ ᠤᠯᠤᠰ ᠤ᠋ᠨ ᠥᠮᠴᠢᠯᠡᠯ ᠤ᠋ᠨ ᠡᠳ᠋ ᠬᠦᠷᠦᠩᠭᠡ ᠵᠢᠨ ᠬᠠᠮᠢᠶᠠᠷᠤᠯᠲᠠ ᠵᠢ ᠱᠢᠨᠵᠢᠯᠡᠬᠦ᠌ ᠤᠬᠠᠭᠠᠨᠴᠢ ᠂ ᠵᠢᠷᠤᠮᠵᠢᠭᠤᠨ ᠪᠣᠯᠭᠠᠬᠤ ᠵᠢ ᠠᠬᠢᠭᠤᠯᠪᠠ᠃
(ᠬᠤᠶᠠᠷ) ᠲᠤᠰᠭᠠᠶ ᠠᠵᠢᠯ ᠤ᠋ᠨ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠪᠠ᠃ ᠴᠢᠨᠠᠷ ᠰᠠᠢᠲᠠᠶ ᠬᠥᠭ᠌ᠵᠢᠯᠲᠡ ᠵᠢᠨ ᠬᠦᠷᠢᠶᠡᠨ ᠳ᠋ᠤ ᠂ ᠱᠢᠨ᠎ᠡ ᠵᠢ ᠡᠭᠦᠳᠬᠦ᠌ ᠪᠡᠷ ᠬᠥᠭ᠌ᠵᠢᠯᠲᠡ ᠵᠢᠨ ᠬᠥᠳᠡᠯᠭᠡᠭᠦᠷ ᠪᠣᠯᠭᠠᠬᠤ ᠂ ᠲᠠᠯᠠᠢ ᠲᠠᠩᠭᠢᠰ ᠤ᠋ᠨ ᠠᠵᠤ ᠠᠬᠤᠶ ᠵᠢ ᠬᠥᠭ᠌ᠵᠢᠭᠦᠯᠬᠦ ᠂ ᠭᠠᠳᠠᠭᠠᠳᠤ ᠠᠷᠠᠯᠵᠢᠶᠠᠨ ᠤ᠋ ᠬᠡᠯᠪᠡᠷᠢ ᠵᠢ ᠬᠤᠪᠢᠷᠠᠭᠤᠯᠤᠨ ᠲᠡᠰ ᠳᠡᠪᠱᠢᠭᠦᠯᠬᠦ ᠂ ᠭᠠᠢᠯᠢ ᠬᠥᠩᠭᠡᠷᠡᠭᠦᠯᠵᠦ᠍ ᠰᠦᠢᠳᠭᠡᠯ ᠪᠠᠭᠤᠷᠠᠭᠤᠯᠬᠤ ᠂ ᠮᠥᠩᠭᠦᠨ ᠭᠦᠢᠯᠭᠡᠭᠡᠨ ᠤ᠋ ᠠᠵᠢᠯ ᠂ ᠰᠲ᠋ᠣᠺ ᠲᠠᠷᠬᠠᠭᠠᠬᠤ ᠲᠠᠩᠰᠠᠯᠠᠯᠳᠠ ᠵᠢᠨ ᠲᠦᠷᠢᠮᠲᠦ ᠥᠭᠡᠷᠡᠴᠢᠯᠡᠯᠲᠡ ᠂ ᠤᠳᠤ ᠦᠶ᠎ᠡ ᠵᠢᠨ ᠶᠡᠷᠦᠩᠬᠡᠢᠯᠡᠭ᠌ᠰᠡᠨ ᠵᠠᠮ ᠲᠡᠭᠡᠭᠡᠪᠦᠷᠢ ᠵᠢᠨ ᠱᠢᠰᠲ᠋ᠧᠮ ᠢ᠋ ᠪᠠᠢᠭᠤᠯᠬᠤ ᠂ ᠳ᠋ᠢᠵᠢᠲ᠋ᠠᠯ ᠠᠵᠤ ᠠᠬᠤᠶ ᠵᠢᠨ ᠬᠥᠭ᠌ᠵᠢᠯᠲᠡ ᠵᠡᠷᠭᠡ ᠵᠢᠨ ᠲᠣᠭᠤᠷᠢᠨ ᠳ᠋ᠤ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠵᠤ ᠂ ᠭᠤᠤᠯᠳᠠᠯᠭ᠎ᠠ ᠲᠠᠢ ᠬᠦᠷᠢᠶ᠎ᠡ ᠂ ᠱᠢᠨ᠎ᠡ ᠪᠡᠷ ᠬᠥᠭ᠌ᠵᠢᠭ᠌ᠰᠡᠨ ᠠᠵᠢᠯ ᠲᠦᠷᠦᠯ ᠤ᠋ᠨ ᠥᠭᠡᠷᠡᠴᠢᠯᠡᠯᠲᠡ ᠬᠥᠭ᠌ᠵᠢᠯᠲᠡ ᠵᠢ ᠬᠢᠵᠠᠭᠠᠷᠯᠠᠵᠤ ᠪᠠᠢᠭ᠎ᠠ ᠲᠤᠪᠤᠢᠮ᠎ᠠ ᠵᠥᠷᠢᠴᠡᠯ ᠪᠠ ᠠᠰᠠᠭᠤᠳᠠᠯ ᠢ᠋ ᠱᠢᠢᠳᠪᠦᠷᠢᠯᠡᠬᠦ᠌ ᠵᠢ ᠠᠬᠢᠭᠤᠯᠪᠠ ᠃ ᠲᠠᠷᠢᠶᠠᠯᠠᠩ ᠬᠥᠳᠡᠭᠡ ᠲᠣᠰᠭᠤᠨ ᠤ᠋ ᠬᠦᠷᠢᠶᠡᠨ ᠳ᠋ᠤ ᠂ ᠶᠠᠳᠠᠭᠤ ᠡᠴᠡ ᠠᠩᠭᠢᠵᠢᠷᠠᠭᠤᠯᠬᠤ ᠪᠡᠷᠬᠡ ᠰᠡᠳᠦᠪ ᠢ᠋ ᠱᠢᠢᠳᠪᠦᠷᠢᠯᠡᠬᠦ᠌ ᠠᠵᠢᠯ ᠂ ᠲᠠᠷᠢᠶᠠᠯᠠᠩ ᠤ᠋ᠨ ᠬᠠᠩᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢᠷᠡᠭᠦᠯᠬᠦ ᠂ ᠬᠥᠳᠡᠭᠡ ᠲᠣᠰᠭᠤᠨ ᠤ᠋ ᠠᠵᠤ ᠦᠢᠯᠡᠰ ᠤ᠋ᠨ ᠬᠥᠭ᠌ᠵᠢᠯᠲᠡ ᠂ ᠬᠥᠳᠡᠭᠡ ᠲᠣᠰᠭᠤᠨ ᠤ᠋ ᠬᠠᠮᠲᠤ ᠵᠢᠨ ᠥᠮᠴᠢᠯᠡᠯ ᠤ᠋ᠨ ᠡᠷᠬᠡ ᠵᠢᠨ ᠲᠦᠷᠢᠮ ᠤ᠋ᠨ ᠥᠭᠡᠷᠡᠴᠢᠯᠡᠯᠲᠡ ᠂ ᠱᠢᠨ᠎ᠡ ᠬᠡᠯᠪᠡᠷᠢ ᠵᠢᠨ ᠲᠠᠷᠢᠶᠠᠯᠠᠩ ᠤ᠋ᠨ ᠡᠵᠡᠩᠨᠡᠯᠲᠡ ᠵᠢᠨ ᠱᠢᠰᠲ᠋ᠧᠮ ᠢ᠋ ᠪᠠᠢᠭᠤᠯᠬᠤ ᠂ ᠶᠠᠳᠠᠭᠤ ᠡᠴᠡ ᠠᠩᠭᠢᠵᠢᠷᠠᠭᠤᠯᠬᠤ ᠪᠡᠷᠬᠡ ᠰᠡᠳᠦᠪ ᠢ᠋ ᠱᠢᠢᠳᠪᠦᠷᠢᠯᠡᠭ᠌ᠰᠡᠨ ᠦᠷ᠎ᠡ ᠪᠦᠲᠦᠭᠡᠯ ᠢ᠋ ᠬᠥᠳᠡᠭᠡ ᠲᠣᠰᠭᠤᠨ ᠢ᠋ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ ᠵᠡᠷᠭᠡ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠵᠤ ᠂ ᠬᠥᠳᠡᠭᠡ ᠲᠣᠰᠭᠤᠨ ᠢ᠋ ᠬᠥᠭ᠌ᠵᠢᠭᠦᠯᠦᠨ ᠮᠠᠨᠳᠤᠭᠤᠯᠬᠤ ᠵᠢ ᠪᠦᠬᠦ᠌ ᠲᠠᠯ᠎ᠠ ᠪᠡᠷ ᠠᠬᠢᠭᠤᠯᠬᠤ ᠳ᠋ᠤ ᠢᠳᠡᠪᠬᠢᠲᠡᠢ ᠦᠢᠯᠡᠳᠦᠯ ᠦᠵᠡᠭᠦᠯᠪᠡ ᠃ ᠠᠮᠢ ᠠᠬᠤᠶ ᠵᠢᠨ ᠣᠷᠴᠢᠨ ᠨᠥᠬᠦᠴᠡᠯ ᠢ᠋ ᠬᠠᠮᠠᠭᠠᠯᠠᠬᠤ ᠬᠦᠷᠢᠶᠡᠨ ᠳ᠋ᠤ ᠂ ᠲᠠᠪᠤᠨ ᠵᠢᠯ ᠳᠠᠷᠠᠭᠠᠯᠠᠨ ᠣᠨ ᠤ᠋ ᠣᠷᠴᠢᠨ ᠠᠬᠤᠢ ᠵᠢᠨ ᠪᠠᠢᠳᠠᠯ ᠪᠠ ᠣᠷᠴᠢᠨ ᠠᠬᠤᠢ ᠵᠢᠨ ᠬᠠᠮᠠᠭᠠᠯᠠᠯᠲᠠ ᠵᠢᠨ ᠬᠠᠷᠠᠯᠲᠠ ᠵᠢ ᠪᠡᠶᠡᠯᠡᠭᠦᠯᠦᠭ᠌ᠰᠡᠨ ᠪᠠᠢᠳᠠᠯ ᠤ᠋ᠨ ᠲᠤᠬᠠᠢ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠵᠤ ᠂ ᠠᠭᠠᠷ ᠮᠠᠨᠳᠠᠯ ᠤ᠋ᠨ ᠪᠣᠬᠢᠷᠲᠤᠯ ᠢ᠋ ᠰᠡᠷᠭᠡᠢᠯᠡᠨ ᠵᠠᠰᠠᠬᠤ ᠂ ᠤᠰᠤᠨ ᠤ᠋ ᠪᠣᠬᠢᠷᠲᠤᠯ ᠢ᠋ ᠰᠡᠷᠭᠡᠢᠯᠡᠨ ᠵᠠᠰᠠᠬᠤ ᠂ ᠬᠥᠷᠥᠰᠥ᠍ ᠱᠢᠷᠣᠶ ᠵᠢᠨ ᠪᠣᠬᠢᠷᠲᠤᠯ ᠢ᠋ ᠰᠡᠷᠭᠡᠢᠯᠡᠨ ᠵᠠᠰᠠᠬᠤ ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠤ᠋ᠨ ᠣᠷᠴᠢᠨ ᠠᠬᠤᠢ ᠵᠢ ᠪᠤᠬᠢᠷᠲᠤᠭᠤᠯᠬᠤ ᠵᠢ ᠰᠡᠷᠭᠡᠢᠯᠡᠨ ᠵᠠᠰᠠᠬᠤ ᠂ ᠬᠥᠬᠡᠮᠥ᠋ᠷᠡᠨ ᠤ᠋ ᠰᠠᠪᠠ ᠭᠠᠵᠠᠷ ᠤ᠋ᠨ ᠠᠮᠢ ᠠᠬᠤᠶ ᠣᠷᠴᠢᠨ ᠨᠦᠬᠦᠴᠡᠯ ᠢ᠋ ᠬᠠᠮᠠᠭᠠᠯᠠᠬᠤ ᠂ ᠱᠢᠶᠦ᠋ᠩ ᠠᠨ ᠱᠢᠨ᠎ᠡ ᠲᠣᠭᠤᠷᠢᠭ ᠪᠠ ᠪᠠᠶ ᠶᠠᠩ ᠳ᠋ᠢᠶᠠᠨ ᠤ᠋ ᠠᠮᠢ ᠠᠬᠤᠶ ᠵᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠂ ᠭᠤᠤᠯᠳᠠᠯᠭ᠎ᠠ ᠲᠠᠢ ᠣᠷᠣᠨ ᠪᠦᠰᠡ ᠪᠠ ᠭᠤᠤᠯᠳᠠᠯᠭ᠎ᠠ ᠲᠠᠢ ᠰᠠᠪᠠ ᠭᠠᠵᠠᠷ ᠤ᠋ᠨ ᠣᠷᠴᠢᠨ ᠠᠬᠤᠢ ᠵᠢᠨ ᠬᠠᠮᠠᠭᠠᠯᠠᠯᠲᠠ ᠵᠢᠨ ᠠᠵᠢᠯ ᠳ᠋ᠤ ᠠᠩᠬᠠᠷᠤᠯ ᠢ᠋ᠢᠡᠨ ᠲᠥᠪᠯᠡᠷᠡᠭᠦᠯᠦᠨ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠵᠤ ᠂ ᠬᠠᠤᠯᠢ ᠪᠡᠷ ᠵᠠᠰᠠᠬᠤ ᠬᠦᠴᠦᠨ ᠂ ᠬᠠᠤᠯᠢ ᠴᠠᠭᠠᠵᠠ ᠵᠢᠨ ᠵᠡᠪᠰᠡᠭ ᠢ᠋ᠢᠡᠷ ᠪᠣᠬᠢᠷᠳᠣᠯ ᠢ᠋ ᠰᠡᠷᠭᠡᠢᠯᠡᠨ ᠵᠠᠰᠠᠬᠤ ᠂ ᠨᠤᠮᠢᠨ ᠤᠰᠤ ᠬᠦᠭᠡᠮᠳᠦᠭ ᠠᠭᠤᠯᠠ ᠵᠢ ᠰᠠᠬᠢᠨ ᠬᠠᠮᠠᠭᠠᠯᠠᠬᠤ ᠵᠢ ᠠᠬᠢᠭᠤᠯᠪᠠ ᠃ ᠨᠡᠢᠭᠡᠮ ᠤ᠋ᠨ ᠠᠵᠢᠯ ᠦᠢᠯᠡᠰ ᠤ᠋ᠨ ᠬᠦᠷᠢᠶᠡᠨ ᠳ᠋ᠤ ᠂ ᠠᠵᠢᠯ ᠣᠯᠭᠤᠬᠤ ᠂ ᠬᠤᠲᠠ ᠬᠥᠳᠡᠭᠡ ᠵᠢᠨ ᠠᠯᠪᠠᠨ ᠵᠢᠷᠤᠮ ᠤ᠋ᠨ ᠰᠤᠷᠭᠠᠨ ᠬᠥᠮᠦᠵᠢᠯ ᠢ᠋ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠵᠢ ᠠᠬᠢᠭᠤᠯᠬᠤ ᠂ ᠡᠮᠴᠢ ᠵᠢᠨ ᠡᠩᠨᠡᠭᠡ ᠵᠢᠨ ᠬᠠᠮᠢᠶᠠᠷᠤᠯᠲᠠ ᠂ ᠰᠣᠶᠣᠯ ᠤ᠋ᠨ ᠠᠵᠤ ᠦᠢᠯᠡᠰ ᠤ᠋ᠨ ᠬᠥᠭ᠌ᠵᠢᠯᠲᠡ ᠂ ᠰᠤᠷᠭᠠᠭᠤᠯᠢ ᠳ᠋ᠤ ᠤᠷᠤᠬᠤ ᠨᠠᠰᠤᠨ ᠡᠴᠡ ᠡᠮᠦᠨᠡᠬᠢ ᠰᠤᠷᠭᠠᠨ ᠬᠥᠮᠦᠵᠢᠯ ᠤ᠋ᠨ ᠦᠢᠯᠡᠰ ᠤ᠋ᠨ ᠥᠭᠡᠷᠡᠴᠢᠯᠡᠯᠲᠡ ᠪᠠ ᠬᠥᠭ᠌ᠵᠢᠯᠲᠡ ᠂ ᠨᠡᠢᠭᠡᠮ ᠤ᠋ᠨ ᠪᠠᠲᠤᠯᠠᠭ᠎ᠠ ᠵᠢᠨ ᠱᠢᠰᠲ᠋ᠧᠮ ᠤ᠋ᠨ ᠪᠠᠢᠭᠤᠯᠤᠯᠲᠠ ᠂ ᠲᠡᠤᠬᠡ ᠵᠢᠨ ᠳᠤᠷᠠᠰᠭᠠᠯᠲᠤ ᠵᠦᠢᠯᠡᠰ ᠤ᠋ᠨ ᠠᠵᠢᠯ ᠪᠠ ᠲᠡᠦᠬᠡ ᠵᠢᠨ ᠳᠤᠷᠠᠰᠭᠠᠯᠲᠤ ᠵᠦᠢᠯᠡᠰ ᠤ᠋ᠨ ᠬᠠᠮᠠᠭᠠᠯᠠᠯᠲᠠ ᠵᠢᠨ ᠬᠠᠤᠯᠢ ᠵᠢ ᠬᠡᠷᠡᠭ᠌ᠵᠢᠭᠦᠯᠬᠦ ᠂ ᠪᠠᠭ᠍ᠰᠢ ᠵᠢᠨ ᠡᠩᠨᠡᠭᠡ ᠵᠢᠨ ᠪᠠᠢᠭᠤᠯᠤᠯᠲᠠ ᠪᠠ ᠪᠠᠭ᠍ᠰᠢ ᠵᠢᠨ ᠬᠠᠤᠯᠢ ᠵᠢ ᠬᠡᠷᠡᠭ᠌ᠵᠢᠭᠦᠯᠬᠦ ᠂ ᠬᠡᠦᠬᠡᠳ ᠤ᠋ᠨ ᠡᠷᠡᠭᠦᠯ ᠮᠡᠨᠳᠦ᠍ ᠵᠢ ᠠᠬᠢᠭᠤᠯᠬᠤ ᠠᠵᠢᠯ ᠂ ᠨᠠᠰᠤᠲᠠᠢᠴᠤᠳ ᠤ᠋ᠨ ᠠᠵᠢᠯ ᠢ᠋ ᠴᠢᠩᠭᠠᠳᠭᠠᠨ ᠠᠬᠢᠭᠤᠯᠬᠤ ᠂ ᠬᠡᠲᠦ ᠬᠦᠨᠳᠦ ᠳᠠᠰᠭᠠᠯ ᠳᠠᠭᠠᠭᠠᠯᠭᠠᠪᠤᠷᠢ ᠵᠢᠨ ᠳᠠᠷᠤᠭᠠᠰᠤ ᠪᠠ ᠰᠤᠷᠭᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ ᠤ᠋ᠨ ᠳᠠᠷᠤᠭᠠᠰᠤ ᠵᠢ ᠪᠦᠲᠦᠮᠵᠢᠲᠡᠶ ᠬᠥᠩᠭᠡᠷᠡᠭᠦᠯᠬᠦ᠌ ᠵᠡᠷᠭᠡ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠵᠤ ᠂ ᠠᠷᠠᠳ ᠣᠯᠠᠨ ᠤ᠋ ᠲᠤᠰᠭᠠᠯ ᠶᠡᠬᠡᠲᠡᠢ ᠠᠰᠠᠭᠤᠳᠠᠯ ᠢ᠋ ᠱᠢᠢᠳᠪᠦᠷᠢᠯᠡᠬᠦ᠌ ᠵᠢ ᠠᠬᠢᠭᠤᠯᠪᠠ ᠃ ᠨᠡᠢᠭᠡᠮ ᠤ᠋ᠨ ᠵᠠᠰᠠᠯᠲᠠ ᠵᠢᠨ ᠭᠤᠤᠯᠳᠠᠯᠭ᠎ᠠ ᠲᠠᠢ ᠠᠰᠠᠭᠤᠳᠠᠯ ᠢ᠋ ᠲᠤᠪᠤᠢᠯᠭᠠᠨ ᠂ ᠳᠣᠲᠣᠭᠠᠳᠤ ᠵᠢ ᠬᠠᠮᠠᠭᠠᠯᠠᠬᠤ ᠪᠠᠢᠭᠤᠯᠭ᠎ᠠ ᠵᠢᠨ ᠬᠠᠤᠯᠢ ᠬᠡᠷᠡᠭ᠌ᠵᠢᠭᠦᠯᠦᠯᠲᠡ ᠵᠢ ᠵᠢᠷᠤᠮᠵᠢᠭᠤᠯᠬᠤ ᠪᠠᠢᠭᠤᠯᠤᠯᠲᠠ ᠂ ᠢᠯᠵᠢᠷᠠᠯ ᠢ᠋ ᠡᠰᠡᠷᠭᠦᠴᠡᠵᠦ᠍ ᠭᠠᠳᠠᠭᠠᠳᠤ ᠳ᠋ᠤ ᠳᠤᠲᠠᠭᠠᠭ᠍ᠰᠠᠨ ᠣᠷᠭᠤᠳᠠᠭᠤᠯ ᠬᠡᠷᠡᠭ᠌ᠲᠡᠨ ᠢ᠋ ᠨᠡᠬᠡᠮᠵᠢᠯᠡᠬᠦ᠌ ᠪᠠ ᠪᠤᠵᠠᠷ ᠵᠤᠭᠤᠰ ᠪᠤᠵᠠᠷ ᠡᠳ᠋ ᠢ᠋ ᠨᠡᠬᠡᠮᠵᠢᠯᠡᠬᠦ᠌ ᠠᠵᠢᠯ ᠥᠷᠨᠢᠭᠦᠯᠬᠦ᠂ 《ᠭᠤᠷᠪᠠᠨ ᠬᠠᠤᠯᠢ ᠪᠤᠰᠤ》 ᠭᠠᠳᠠᠭᠠᠳᠤ ᠵᠢᠨ ᠬᠥᠮᠦᠨ ᠢ᠋ ᠵᠠᠰᠠᠬᠤ ᠵᠢ ᠭᠦᠨᠵᠡᠭᠡᠢᠷᠡᠭᠦᠯᠬᠦ᠌ ᠵᠡᠷᠭᠡ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠪᠠ ᠃ ᠳᠤᠮᠳᠠᠳᠤ ᠵᠢᠨ ᠬᠠᠷᠢᠶᠠᠲᠤ ᠵᠢᠨ ᠡᠷᠬᠡ ᠠᠱᠢᠭ ᠢ᠋ ᠬᠠᠮᠠᠭᠠᠯᠠᠬᠤ ᠠᠵᠢᠯ ᠤ᠋ᠨ ᠪᠠᠢᠳᠠᠯ ᠤ᠋ᠨ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠪᠠ ᠃
(ᠭᠤᠷᠪᠠ) ᠬᠠᠤᠯᠢ ᠴᠠᠭᠠᠵᠠ ᠵᠢ ᠬᠡᠷᠡᠭ᠌ᠵᠢᠭᠦᠯᠦᠭ᠌ᠰᠡᠨ ᠪᠠᠢᠳᠠᠯ ᠳ᠋ᠤ ᠬᠢᠨᠠᠯᠲᠠ ᠲᠠᠯᠪᠢᠬᠤ ᠵᠢ ᠴᠢᠩᠭᠠᠳᠭᠠᠪᠠ ᠃ ᠬᠠᠤᠯᠢ ᠬᠡᠷᠡᠭ᠌ᠵᠢᠭᠦᠯᠦᠯᠲᠡ ᠵᠢᠨ ᠪᠠᠢᠴᠠᠭᠠᠯᠲᠠ ᠵᠢᠨ ᠠᠵᠢᠯ ᠤ᠋ᠨ ᠠᠷᠭ᠎ᠠ ᠵᠢ ᠲᠣᠭ᠍ᠲᠠᠭᠠᠵᠤ ᠂ ᠰᠡᠳᠦᠪ ᠰᠣᠩᠭᠤᠬᠤ ᠂ ᠵᠣᠬᠢᠶᠠᠨ ᠪᠠᠢᠭᠤᠯᠵᠤ ᠥᠷᠨᠢᠭᠦᠯᠬᠦ ᠂ ᠮᠡᠳᠡᠭᠦᠯᠬᠦ᠌ ᠪᠠ ᠬᠢᠨᠠᠨ ᠶᠠᠷᠢᠯᠴᠠᠬᠤ ᠂ ᠱᠢᠢᠳᠪᠦᠷᠢᠯᠡᠬᠦ᠌ ᠪᠠ ᠬᠠᠷᠢᠭᠤ ᠲᠤᠰᠭᠠᠬᠤ ᠵᠡᠷᠭᠡ ᠡᠯ᠎ᠡ ᠭᠤᠭ᠍ᠴᠤᠭ᠎ᠠ ᠵᠢ ᠪᠦᠬᠦ᠌ ᠲᠠᠯ᠎ᠠ ᠪᠡᠷ ᠵᠢᠷᠤᠮᠵᠢᠭᠤᠯᠪᠠ᠃ ᠬᠠᠤᠯᠢ ᠴᠠᠭᠠᠵᠠ ᠵᠢᠨ ᠲᠣᠭ᠍ᠲᠠᠭᠠᠯ ᠂ ᠬᠠᠤᠯᠢ ᠴᠠᠭᠠᠵᠠ ᠵᠢᠨ ᠵᠦᠢᠯ ᠵᠤᠷᠪᠤᠰ ᠲᠠᠢ ᠨᠢᠭ᠍ᠲᠠ ᠤᠶᠠᠯᠳᠤᠭᠤᠯᠤᠨ ᠂ 2018 ᠣᠨ ᠳ᠋ᠤ ᠠᠭᠠᠷ ᠮᠠᠨᠳᠠᠯ ᠤ᠋ᠨ ᠪᠣᠬᠢᠷᠲᠤᠯ ᠢ᠋ ᠰᠡᠷᠭᠡᠢᠯᠡᠨ ᠵᠠᠰᠠᠬᠤ ᠬᠠᠤᠯᠢ ᠂ ᠲᠤᠭ᠎ᠠ ᠪᠦᠷᠢᠳᠭᠡᠯ ᠤ᠋ᠨ ᠬᠠᠤᠯᠢ ᠂ ᠬᠠᠯᠳᠠᠪᠤᠷᠢᠲᠤ ᠡᠪᠡᠳᠴᠢᠨ ᠢ᠋ ᠰᠡᠷᠭᠡᠢᠯᠡᠨ ᠵᠠᠰᠠᠬᠤ ᠬᠠᠤᠯᠢ ᠂ ᠭᠠᠵᠠᠷ ᠬᠥᠳᠡᠯᠦᠯᠲᠡ ᠡᠴᠡ ᠰᠡᠷᠭᠡᠢᠯᠡᠵᠦ᠍ ᠭᠠᠮᠱᠢᠭ ᠢ᠋ ᠪᠠᠭᠠᠰᠭᠠᠬᠤ ᠬᠠᠤᠯᠢ ᠂ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠠᠰᠤ ᠴᠢᠨᠠᠷ ᠤ᠋ᠨ ᠠᠶᠤᠯᠭᠦᠶ ᠵᠢᠨ ᠬᠠᠤᠯᠢ ᠂ ᠲᠠᠯᠠᠢ ᠲᠠᠩᠭᠢᠰ ᠤ᠋ᠨ ᠣᠷᠴᠢᠨ ᠠᠬᠤᠶ ᠵᠢ ᠬᠠᠮᠠᠭᠠᠯᠠᠬᠤ ᠬᠠᠤᠯᠢ ᠵᠢ ᠬᠡᠷᠡᠭ᠌ᠵᠢᠭᠦᠯᠦᠭ᠌ᠰᠡᠨ ᠪᠠᠢᠳᠠᠯ ᠢ᠋ ᠪᠠᠢᠴᠠᠭᠠᠪᠠ ᠂ 2019 ᠣᠨ ᠳ᠋ᠤ ᠤᠰᠤᠨ ᠤ᠋ ᠪᠣᠬᠢᠷᠲᠤᠯ ᠢ᠋ ᠰᠡᠷᠭᠡᠢᠯᠡᠨ ᠵᠠᠰᠠᠬᠤ ᠬᠠᠤᠯᠢ ᠂ ᠳᠤᠮᠳᠠ ᠵᠢᠵᠢᠭ ᠠᠵᠤ ᠠᠬᠤᠢᠯᠠᠯ ᠢ᠋ ᠠᠬᠢᠭᠤᠯᠬᠤ ᠬᠠᠤᠯᠢ ᠂ ᠠᠵᠢᠯ ᠣᠯᠭᠤᠯᠲᠠ ᠵᠢ ᠠᠬᠢᠭᠤᠯᠬᠤ ᠬᠠᠤᠯᠢ ᠂ ᠳᠡᠭᠡᠳᠦ ᠵᠡᠷᠭᠡ ᠵᠢᠨ ᠰᠤᠷᠭᠠᠨ ᠬᠥᠮᠦᠵᠢᠯ ᠤ᠋ᠨ ᠬᠠᠤᠯᠢ ᠂ ᠳᠠᠬᠢᠠ ᠡᠭᠦᠰᠴᠦ᠍ ᠪᠣᠯᠬᠤ ᠡᠨᠧᠷᠭᠢ ᠵᠢᠨ ᠰᠤᠷᠪᠤᠯᠵᠢ ᠵᠢᠨ ᠬᠠᠤᠯᠢ᠂ ᠵᠢᠭᠠᠰᠤᠨ ᠠᠵᠤ ᠠᠬᠤᠶ ᠵᠢᠨ ᠬᠠᠤᠯᠢ ᠵᠢ ᠬᠡᠷᠡᠭ᠌ᠵᠢᠭᠦᠯᠦᠭ᠌ᠰᠡᠨ ᠪᠠᠢᠳᠠᠯ ᠢ᠋ ᠪᠠᠢᠴᠠᠭᠠᠪᠠ ᠂ 2020 ᠣᠨ ᠳ᠋ᠤ ᠬᠥᠷᠥᠰᠥ᠍ ᠱᠢᠷᠣᠶ ᠵᠢᠨ ᠪᠣᠬᠢᠷᠲᠤᠯ ᠢ᠋ ᠰᠡᠷᠭᠡᠢᠯᠡᠨ ᠵᠠᠰᠠᠬᠤ ᠬᠠᠤᠯᠢ ᠂ ᠬᠡᠭᠡᠷ᠎ᠡ ᠵᠢᠨ ᠠᠮᠢᠲᠠᠨ ᠢ᠋ ᠬᠠᠤᠯᠢ ᠪᠤᠰᠤ ᠪᠡᠷ ᠠᠷᠠᠯᠵᠢᠶᠠᠯᠠᠬᠤ ᠪᠠ ᠢᠳᠡᠬᠦ᠌ ᠵᠢ ᠪᠦᠬᠦ᠌ ᠲᠠᠯ᠎ᠠ ᠪᠡᠷ ᠴᠠᠭᠠᠵᠠᠯᠠᠬᠤ ᠲᠤᠬᠠᠶ ᠲᠣᠭ᠍ᠲᠠᠭᠠᠯ ᠪᠤᠯᠤᠨ ᠬᠡᠭᠡᠷ᠎ᠡ ᠵᠢᠨ ᠠᠮᠢᠲᠠᠨ ᠢ᠋ ᠬᠠᠮᠠᠭᠠᠯᠠᠬᠤ ᠬᠠᠤᠯᠢ ᠂ ᠲᠠᠷᠢᠶᠠᠯᠠᠩ ᠤ᠋ᠨ ᠮᠧᠬᠠᠨᠢᠠᠠᠵᠢᠭᠤᠯᠤᠯᠲᠠ ᠵᠢ ᠠᠬᠢᠭᠤᠯᠬᠤ ᠬᠠᠤᠯᠢ ᠂ ᠨᠢᠭᠦᠯᠡᠰᠦᠩᠭᠦᠶ ᠵᠢᠨ ᠬᠠᠤᠯᠢ ᠂ ᠵᠦᠶ ᠪᠤᠰᠤ ᠥᠷᠢᠰᠥᠯᠳᠦᠭᠡᠨ ᠢ᠋ ᠡᠰᠡᠷᠭᠦᠴᠡᠬᠦ᠌ ᠬᠠᠤᠯᠢ ᠂ ᠤᠯᠠᠨ ᠨᠡᠢᠲᠡ ᠵᠢᠨ ᠰᠣᠶᠣᠯ ᠤ᠋ᠨ ᠦᠢᠯᠡᠴᠢᠯᠡᠭᠡ ᠵᠢ ᠪᠠᠲᠤᠯᠠᠬᠤ ᠬᠠᠤᠯᠢ ᠵᠢ ᠬᠡᠷᠡᠭ᠌ᠵᠢᠭᠦᠯᠦᠭ᠌ᠰᠡᠨ ᠪᠠᠢᠳᠠᠯ ᠢ᠋ ᠪᠠᠢᠴᠠᠭᠠᠪᠠ ᠂ 2021 ᠣᠨ ᠳ᠋ᠤ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠤ᠋ᠨ ᠣᠷᠴᠢᠨ ᠠᠬᠤᠢ ᠵᠢ ᠪᠤᠬᠢᠷᠲᠤᠭᠤᠯᠬᠤ ᠵᠢ ᠰᠡᠷᠭᠡᠢᠯᠡᠨ ᠵᠠᠰᠠᠬᠤ ᠬᠠᠤᠯᠢ ᠂ ᠬᠢᠲᠠᠳ ᠡᠮ ᠡᠮᠨᠡᠯᠭᠡ ᠵᠢᠨ ᠬᠠᠤᠯᠢ ᠂ ᠠᠵᠤ ᠠᠬᠤᠢᠯᠠᠯ ᠤ᠋ᠨ ᠳᠠᠮᠫᠤᠷᠠᠯ ᠤ᠋ᠨ ᠬᠠᠤᠯᠢ ᠂ ᠮᠠᠯ ᠠᠵᠤ ᠠᠬᠤᠶ ᠵᠢᠨ ᠬᠠᠤᠯᠢ ᠂ ᠠᠯᠪᠠᠨ ᠭᠡᠷᠡᠴᠢᠯᠡᠭᠡ ᠵᠢᠨ ᠬᠠᠤᠯᠢ ᠂ ᠭᠠᠯ ᠰᠡᠷᠭᠡᠢᠯᠡᠵᠦ᠍ ᠭᠠᠯ ᠤᠨᠲᠠᠷᠠᠭᠠᠬᠤ ᠬᠠᠤᠯᠢ ᠵᠢ ᠬᠡᠷᠡᠭ᠌ᠵᠢᠭᠦᠯᠦᠭ᠌ᠰᠡᠨ ᠪᠠᠢᠳᠠᠯ ᠢ᠋ ᠪᠠᠢᠴᠠᠭᠠᠪᠠ᠂ 2022 ᠣᠨ ᠳ᠋ᠤ ᠣᠷᠴᠢᠨ ᠠᠬᠤᠢ ᠵᠢᠨ ᠬᠠᠮᠠᠭᠠᠯᠠᠯᠲᠠ ᠵᠢᠨ ᠬᠠᠤᠯᠢ᠂ ᠬᠥᠬᠡᠮᠥ᠋ᠷᠡᠨ ᠤ᠋ ᠬᠠᠮᠠᠭᠠᠯᠠᠯᠲᠠ ᠵᠢᠨ ᠬᠠᠤᠯᠢ᠂ ᠱᠢᠨᠵᠢᠯᠡᠬᠦ᠌ ᠤᠬᠠᠭᠠᠨ ᠮᠡᠷᠭᠡᠵᠢᠯ ᠢ᠋ ᠲᠦᠭᠡᠮᠡᠯᠵᠢᠭᠦᠯᠬᠦ᠌ ᠬᠠᠤᠯᠢ᠂ ᠬᠥᠳᠡᠭᠡ ᠲᠣᠰᠭᠤᠨ ᠢ᠋ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ᠂ ᠭᠠᠳᠠᠭᠠᠳᠤ ᠵᠢᠨ ᠬᠤᠳᠠᠯᠳᠤᠭᠠᠴᠢᠨ ᠤ᠋ ᠪᠡᠯᠡ ᠣᠷᠣᠭᠤᠯᠤᠯᠲᠠ ᠵᠢᠨ ᠬᠠᠤᠯᠢ ᠵᠢ ᠬᠡᠷᠡᠭ᠌ᠵᠢᠭᠦᠯᠦᠭ᠌ᠰᠡᠨ ᠪᠠᠢᠳᠠᠯ ᠢ᠋ ᠪᠠᠢᠴᠠᠭᠠᠪᠠ᠃ ᠲᠤᠰᠭᠠᠶ ᠠᠵᠢᠯ ᠤ᠋ᠨ ᠮᠡᠳᠡᠭᠦᠯᠦᠯᠲᠡ ᠪᠠ ᠬᠠᠤᠯᠢ ᠬᠡᠷᠡᠭ᠌ᠵᠢᠭᠦᠯᠦᠯᠲᠡ ᠵᠢᠨ ᠪᠠᠢᠴᠠᠭᠠᠯᠲᠠ ᠵᠢᠨ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠬᠤ ᠲᠠᠢ ᠤᠶᠠᠯᠳᠤᠭᠤᠯᠤᠨ᠂ ᠠᠭᠠᠷ ᠮᠠᠨᠳᠠᠯ ᠤ᠋ᠨ ᠪᠣᠬᠢᠷᠲᠤᠯ ᠢ᠋ ᠰᠡᠷᠭᠡᠢᠯᠡᠨ ᠵᠠᠰᠠᠬᠤ᠂ ᠲᠠᠰᠤᠯᠤᠯᠲᠠ ᠵᠢ 《ᠭᠦᠢᠴᠡᠳᠭᠡᠬᠦ᠌ ᠳ᠋ᠤ ᠬᠦᠴᠢᠷᠲᠡᠶ》 ᠪᠠᠢᠬᠤ ᠵᠢ ᠱᠢᠢᠳᠪᠦᠷᠢᠯᠡᠬᠦ᠂ ᠢᠷᠭᠡᠨ ᠤ᠋ ᠵᠠᠷᠭᠤ ᠪᠠ ᠭᠦᠢᠴᠡᠳᠭᠡᠬᠦ᠌ ᠠᠵᠢᠯᠯᠠᠭ᠎ᠠ ᠳ᠋ᠤ ᠲᠠᠯᠪᠢᠬᠤ ᠬᠠᠤᠯᠢ ᠴᠠᠭᠠᠵᠠ ᠵᠢᠨ ᠬᠢᠨᠠᠯᠲᠠ ᠵᠢ ᠴᠢᠩᠭᠠᠳᠭᠠᠬᠤ᠂ ᠡᠳ᠋ ᠤ᠋ᠨ ᠵᠠᠰᠠᠭ ᠤ᠋ᠨ ᠡᠮᠨᠡᠯᠭᠡ ᠡᠷᠡᠭᠦᠯ ᠬᠠᠮᠠᠭᠠᠯᠠᠯ ᠤ᠋ᠨ ᠪᠡᠯᠡ ᠮᠥᠩᠭᠦᠨ ᠤ᠋ ᠬᠤᠪᠢᠶᠠᠷᠢᠯᠠᠯᠲᠠ ᠪᠠ ᠬᠡᠷᠡᠭ᠌ᠯᠡᠯᠲᠡ᠂ ᠳᠤᠮᠳᠠ ᠵᠢᠵᠢᠭ ᠠᠵᠤ ᠠᠬᠤᠢᠯᠠᠯ ᠤ᠋ᠨ ᠬᠥᠭ᠌ᠵᠢᠯᠲᠡ ᠵᠢ ᠠᠬᠢᠭᠤᠯᠬᠤ᠂ ᠤᠰᠤᠨ ᠤ᠋ ᠪᠣᠬᠢᠷᠲᠤᠯ ᠢ᠋ ᠰᠡᠷᠭᠡᠢᠯᠡᠨ ᠵᠠᠰᠠᠬᠤ᠂ ᠨᠡᠢᠲᠡ ᠵᠢᠨ ᠠᠱᠢᠭ ᠲᠤᠰᠠ ᠵᠢᠨ ᠵᠠᠷᠭᠤ ᠵᠢ ᠪᠠᠢᠴᠠᠭᠠᠬᠤ᠂ ᠬᠥᠷᠥᠰᠥ᠍ ᠱᠢᠷᠣᠶ ᠵᠢᠨ ᠪᠣᠬᠢᠷᠲᠤᠯ ᠢ᠋ ᠰᠡᠷᠭᠡᠢᠯᠡᠨ ᠵᠠᠰᠠᠬᠤ ᠂ ᠲᠥᠰᠦᠪ ᠤ᠋ᠨ ᠭᠦᠢᠴᠡᠳᠭᠡᠯ ᠪᠠ ᠡᠳ᠋ ᠤ᠋ᠨ ᠵᠠᠰᠠᠭ ᠤ᠋ᠨ ᠪᠤᠰᠤᠳ ᠣᠷᠣᠯᠭ᠎ᠠ ᠵᠠᠷᠤᠯᠭ᠎ᠠ ᠵᠢᠨ ᠬᠢᠨᠠᠨ ᠪᠤᠳᠤᠯᠲᠠ ᠪᠡᠷ ᠪᠠᠢᠴᠠᠭᠠᠵᠤ ᠭᠠᠷᠭᠠᠭ᠍ᠰᠠᠨ ᠠᠰᠠᠭᠤᠳᠠᠯ ᠢ᠋ ᠴᠡᠭ᠌ᠴᠡᠯᠡᠨ ᠵᠠᠰᠠᠬᠤ᠂ ᠤᠳᠤ ᠦᠶ᠎ᠡ ᠵᠢᠨ ᠶᠡᠷᠦᠩᠬᠡᠢᠯᠡᠭ᠌ᠰᠡᠨ ᠵᠠᠮ ᠲᠡᠭᠡᠭᠡᠪᠦᠷᠢ ᠵᠢᠨ ᠱᠢᠰᠲ᠋ᠧᠮ ᠢ᠋ ᠪᠠᠢᠭᠤᠯᠬᠤ᠂ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠤ᠋ᠨ ᠣᠷᠴᠢᠨ ᠠᠬᠤᠶ ᠵᠢ ᠪᠤᠬᠢᠷᠳᠤᠭᠤᠯᠬᠤ ᠵᠢ ᠰᠡᠷᠭᠡᠢᠯᠡᠨ ᠵᠠᠰᠠᠬᠤ᠂ ᠣᠷᠴᠢᠨ ᠠᠬᠤᠶ ᠵᠢ ᠬᠠᠮᠠᠭᠠᠯᠠᠬᠤ ᠵᠡᠷᠭᠡ ᠲᠠᠯ᠎ᠠ ᠵᠢᠨ ᠠᠵᠢᠯ ᠳ᠋ᠤ ᠲᠤᠰᠭᠠᠢ ᠰᠡᠳᠦᠪᠲᠦ ᠯᠠᠪᠯᠠᠨ ᠠᠰᠠᠭᠤᠬᠤ ᠠᠵᠢᠯ ᠢ᠋ ᠥᠷᠨᠢᠭᠦᠯᠪᠡ᠃
(ᠲᠦᠷᠪᠡ) ᠬᠠᠤᠯᠢ ᠪᠠᠷᠢᠬᠤ ᠬᠠᠤᠯᠢ ᠲᠦᠭᠡᠮᠡᠯᠵᠢᠭᠦᠯᠬᠦ᠌ ᠠᠵᠢᠯ ᠳ᠋ᠤ ᠬᠢᠨᠠᠯᠲᠠ ᠲᠠᠯᠪᠢᠬᠤ ᠪᠠᠨ ᠴᠢᠩᠭᠠᠳᠭᠠᠪᠠ ᠃ ᠲᠦᠪ ᠭᠤᠤᠯᠴᠢ ᠪᠡᠷ ᠬᠠᠤᠯᠢ ᠪᠠᠷᠢᠬᠤ ᠵᠢ ᠠᠬᠢᠭᠤᠯᠬᠤ ᠲᠠᠢ ᠤᠶᠠᠯᠳᠤᠭᠤᠯᠤᠨ᠂ 《ᠬᠤᠶᠠᠷ ᠲᠡᠭᠡᠳᠤ ᠬᠤᠷᠢᠶ᠎ᠠ》 ᠳ᠋ᠦ ᠪᠠᠢᠩᠭᠤᠵᠢᠭ᠍ᠰᠠᠨ ᠬᠢᠨᠠᠯᠲᠠ ᠵᠢ ᠥᠷᠨᠢᠭᠦᠯᠪᠡ᠃ ᠠᠷᠠᠳ ᠤ᠋ᠨ ᠳᠡᠭᠡᠳᠦ ᠱᠢᠭᠦᠬᠦ᠌ ᠬᠣᠷᠢᠶ᠎ᠠ ᠵᠢᠨ ᠲᠠᠰᠤᠯᠤᠯᠲᠠ ᠵᠢ 《ᠭᠦᠢᠴᠡᠳᠭᠡᠬᠦ᠌ ᠳ᠋ᠤ ᠬᠦᠴᠢᠷᠳᠡᠢ》 ᠪᠠᠢᠬᠤ ᠵᠢ ᠱᠢᠢᠳᠪᠦᠷᠢᠯᠡᠭ᠌ᠰᠡᠨ᠂ ᠡᠷᠡᠭᠦᠦ᠍ ᠵᠢᠨ ᠬᠡᠷᠡᠭ ᠤ᠋ᠨ ᠱᠢᠭᠦᠨ ᠲᠠᠰᠤᠯᠤᠯᠳᠠ᠂ ᠢᠷᠭᠡᠨ ᠤ᠋ ᠬᠡᠷᠡᠭ ᠤ᠋ᠨ ᠱᠢᠭᠦᠨ ᠲᠠᠰᠤᠯᠤᠯᠳᠠ᠂ ᠮᠡᠳᠡᠯᠭᠡ ᠵᠢᠨ ᠪᠦᠲᠦᠭᠡᠭ᠌ᠳᠡᠬᠦᠨ ᠤ᠋ ᠥᠮᠴᠢᠯᠡᠬᠦ᠌ ᠡᠷᠬᠡ ᠵᠢᠨ ᠱᠢᠭᠦᠨ ᠲᠠᠰᠤᠯᠤᠯᠳᠠ᠂ ᠭᠠᠳᠠᠭᠠᠳᠤ ᠳ᠋ᠤ ᠬᠤᠯᠪᠣᠭ᠍ᠳᠠᠬᠤ ᠱᠢᠭᠦᠨ ᠲᠠᠰᠤᠯᠤᠯᠳᠡ ᠵᠡᠷᠭᠡ ᠠᠵᠢᠯ ᠤ᠋ᠨ ᠪᠠᠢᠳᠠᠯ ᠤ᠋ᠨ ᠲᠤᠬᠠᠶ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠪᠠ᠃ ᠠᠷᠠᠳ ᠤ᠋ᠨ ᠳᠡᠭᠡᠳᠦ ᠪᠠᠢᠴᠠᠭᠠᠬᠤ ᠬᠣᠷᠢᠶ᠎ᠠ ᠵᠢᠨ ᠢᠷᠭᠡᠨ ᠤ᠋ ᠵᠠᠷᠭᠤ ᠪᠠ ᠭᠦᠢᠴᠡᠳᠭᠡᠬᠦ᠌ ᠠᠵᠢᠯᠯᠠᠭ᠎ᠠ ᠵᠢᠨ ᠬᠠᠤᠯᠢ ᠴᠠᠭᠠᠵᠠ ᠵᠢᠨ ᠬᠢᠨᠠᠯᠲᠠ ᠵᠢ ᠴᠢᠩᠭᠠᠳᠭᠠᠬ᠍ᠰᠠᠨ᠂ ᠨᠡᠢᠲᠡ ᠵᠢᠨ ᠠᠱᠢᠭ ᠲᠤᠰᠠ ᠵᠢᠨ ᠵᠠᠷᠭᠤ ᠵᠢᠨ ᠪᠠᠢᠴᠠᠭᠠᠯᠲᠠ ᠥᠷᠨᠢᠭᠦᠯᠦᠭ᠌ᠰᠡᠨ᠂ ᠶᠠᠯ᠎ᠠ ᠪᠠᠨ ᠮᠡᠳᠡᠷᠡᠭ᠌ᠰᠡᠨ ᠪᠠ ᠱᠢᠢᠳᠭᠡᠯ ᠢ᠋ ᠬᠦᠯᠢᠶᠡᠭ᠌ᠰᠡᠨ ᠢ᠋ ᠠᠭᠤᠴᠢᠯᠠᠨ ᠱᠢᠢᠳᠭᠡᠬᠦ᠌ ᠲᠦᠷᠢᠮ ᠢ᠋ ᠲᠤᠬᠢᠷᠠᠭᠤᠯᠤᠨ ᠬᠡᠷᠡᠭ᠌ᠯᠡᠭ᠌ᠰᠡᠨ᠂ ᠵᠠᠭᠠᠯᠳᠤᠭ᠍ᠰᠠᠨ ᠭᠤᠮᠤᠳᠠᠯ ᠲᠤᠭᠠᠴᠢᠬ᠍ᠰᠠᠨ ᠬᠡᠷᠡᠭ ᠢ᠋ ᠱᠢᠢᠳᠪᠦᠷᠢᠯᠡᠭ᠌ᠰᠡᠨ᠂ ᠨᠠᠰᠤᠨ ᠳ᠋ᠤ ᠦᠯᠤ ᠬᠥᠷᠦᠭ᠌ᠰᠡᠳ ᠤ᠋ᠨ ᠪᠠᠢᠴᠠᠭᠠᠯᠲᠠ ᠵᠡᠷᠭᠡ ᠠᠵᠢᠯ ᠤ᠋ᠨ ᠪᠠᠢᠳᠠᠯ ᠤ᠋ᠨ ᠲᠤᠬᠠᠢ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠪᠠ᠃ ᠬᠠᠤᠯᠢ ᠪᠡᠷ ᠵᠠᠰᠠᠬᠤ ᠤᠬᠠᠭᠤᠯᠭ᠎ᠠ ᠬᠥᠮᠦᠵᠢᠯ ᠢ᠋ ᠠᠬᠢᠭᠤᠯᠬᠤ ᠲᠠᠢ ᠤᠶᠠᠯᠳᠤᠭᠤᠯᠤᠨ᠂ ᠳᠣᠯᠣᠳᠤᠭᠠᠷ ᠲᠠᠪᠤᠨ ᠵᠢᠯ ᠤ᠋ᠨ ᠬᠠᠤᠯᠢ ᠲᠦᠭᠡᠮᠡᠯᠵᠢᠭᠦᠯᠬᠦ᠌ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠵᠢ ᠥᠷᠨᠢᠭᠦᠯᠵᠦ᠍᠂ ᠳᠣᠯᠣᠳᠤᠭᠠᠷ ᠲᠠᠪᠤᠨ ᠵᠢᠯ ᠤ᠋ᠨ ᠬᠠᠤᠯᠢ ᠲᠦᠭᠡᠮᠡᠯᠵᠢᠭᠦᠯᠬᠦ᠌ ᠱᠢᠢᠳᠪᠦᠷᠢ ᠵᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨ ᠪᠠᠢᠳᠠᠯ ᠤ᠋ᠨ ᠲᠤᠬᠠᠢ ᠮᠡᠳᠡᠭᠦᠯᠦᠯᠲᠡ ᠵᠢ ᠰᠣᠨᠣᠰᠴᠤ᠌ ᠬᠢᠨᠠᠨ ᠶᠠᠷᠢᠯᠴᠠᠵᠤ᠂ ᠨᠠᠢ᠍ᠮᠠᠳᠤᠭᠠᠷ ᠲᠠᠪᠤᠨ ᠵᠢᠯ ᠤ᠋ᠨ ᠬᠠᠤᠯᠢ ᠲᠦᠭᠡᠮᠡᠯᠵᠢᠭᠦᠯᠬᠦ᠌ ᠱᠢᠢᠳᠪᠦᠷᠢ ᠵᠢ ᠭᠠᠷᠭᠠᠨ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ ᠪᠡᠷ ᠪᠦᠲᠦᠭᠡᠨ ᠪᠠᠢᠭᠤᠯᠬᠤ ᠳ᠋ᠤ ᠰᠠᠢᠨ ᠰᠠᠢᠬᠠᠨ ᠬᠠᠤᠯᠢ ᠪᠡᠷ ᠵᠠᠰᠠᠬᠤ ᠣᠷᠴᠢᠨ ᠨᠦᠬᠦᠴᠡᠯ ᠢ᠋ ᠪᠣᠶ ᠪᠣᠯᠭᠠᠪᠠ ᠃
(ᠲᠠᠪᠤ) ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠵᠢᠨ ᠦᠷ᠎ᠡ ᠪᠦᠲᠦᠭᠡᠯ ᠤ᠋ᠨ ᠬᠡᠷᠡᠭ᠌ᠯᠡᠯᠲᠡ ᠵᠢ ᠠᠬᠢᠭᠤᠯᠪᠠ᠃ ᠬᠠᠤᠯᠢ ᠲᠣᠭ᠍ᠲᠠᠭᠠᠬᠤ ᠂ ᠬᠢᠨᠠᠯᠲᠠ ᠲᠠᠯᠪᠢᠬᠤ ᠠᠵᠢᠯ ᠲᠠᠢ ᠨᠢᠭ᠍ᠲᠠ ᠤᠶᠠᠯᠳᠤᠭᠤᠯᠤᠨ᠂ ᠶᠠᠳᠠᠭᠤ ᠡᠴᠡ ᠠᠩᠭᠢᠵᠢᠷᠠᠭᠤᠯᠬᠤ ᠪᠡᠷᠬᠡ ᠰᠡᠳᠦᠪ ᠢ᠋ ᠱᠢᠢᠳᠪᠦᠷᠢᠯᠡᠬᠦ ᠂ ᠬᠥᠳᠡᠭᠡ ᠲᠣᠰᠭᠤᠨ ᠢ᠋ ᠬᠥᠭ᠌ᠵᠢᠭᠦᠯᠦᠨ ᠮᠠᠨᠳᠤᠭᠤᠯᠬᠤ ᠂ ᠠᠮᠤ ᠪᠤᠳᠠᠭᠠᠨ ᠤ᠋ ᠠᠮᠤᠷ ᠲᠦᠪᠱᠢᠨ ᠂ ᠠᠮᠢ ᠠᠬᠤᠶ ᠵᠢᠨ ᠤᠷᠴᠢᠨ ᠨᠦᠬᠦᠴᠡᠯ ᠤ᠋ᠨ ᠬᠠᠮᠠᠭᠠᠯᠠᠯᠳᠡ ᠂ ᠪᠣᠬᠢᠷᠲᠤᠯ ᠢ᠋ ᠰᠡᠷᠭᠡᠢᠯᠡᠨ ᠵᠠᠰᠠᠬᠤ ᠂ ᠲᠣᠭᠤᠷᠢᠭ ᠪᠠᠢᠭᠤᠯᠤᠭ᠍ᠰᠠᠨ ᠬᠤᠳᠠ ᠵᠢᠨ ᠣᠷᠣᠨ ᠨᠤᠲᠤᠭ ᠤ᠋ᠨ ᠬᠠᠤᠯᠢ ᠲᠣᠭ᠍ᠲᠠᠭᠠᠬᠤ ᠂ ᠬᠥᠮᠦᠨ ᠠᠮᠠ ᠵᠢᠨ ᠨᠠᠰᠤᠵᠢᠯᠲᠠ ᠵᠢ ᠠᠷᠭᠠᠴᠠᠭᠠᠬᠤ᠂ ᠠᠮᠤ ᠪᠤᠳᠠᠭ᠎ᠠ ᠵᠢ ᠨᠠᠨᠳᠢᠩᠨᠠᠵᠤ ᠪᠦᠷᠢᠯᠭᠡᠨ ᠰᠦᠢᠳᠭᠡᠬᠦ᠌ ᠵᠢ ᠡᠰᠡᠷᠭᠦᠴᠡᠬᠦ᠌ ᠵᠡᠷᠭᠡ ᠬᠦᠷᠢᠶᠡᠨ᠎ᠳᠠᠬᠢ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠵᠢ ᠥᠷᠨᠢᠭᠦᠯᠵᠦ᠍ ᠂ ᠠᠷᠠᠳ ᠤᠯᠠᠨ ᠤ᠋ ᠠᠮᠢ ᠪᠡᠶ᠎ᠡ ᠵᠢᠨ ᠠᠱᠢᠭ ᠲᠤᠰᠠ ᠳ᠋ᠤ ᠬᠤᠯᠪᠣᠭ᠍ᠳᠠᠬᠤ ᠬᠠᠯᠠᠭᠤᠨ ᠴᠡᠭ ᠤ᠋ᠨ ᠠᠰᠠᠭᠤᠳᠠᠯ ᠬᠦᠴᠢᠷ ᠠᠰᠠᠭᠤᠳᠠᠯ ᠢ᠋ ᠱᠢᠢᠳᠪᠦᠷᠢᠯᠡᠬᠦ᠌ ᠵᠢ ᠠᠬᠢᠭᠤᠯᠪᠠ᠃ ᠤᠯᠤᠰ ᠤ᠋ᠨ ᠠᠮᠤᠷ ᠲᠦᠪᠱᠢᠨ ᠤ᠋ ᠬᠠᠤᠯᠢ ᠵᠢ ᠬᠡᠷᠡᠭ᠌ᠵᠢᠭᠦᠯᠦᠭ᠌ᠰᠡᠨ ᠪᠠᠢᠳᠠᠯ ᠂ ᠬᠢᠨᠠᠨ ᠪᠠᠢᠴᠠᠭᠠᠬᠤ ᠪᠠᠢᠭᠤᠯᠤᠯ ᠤ᠋ᠨ ᠥᠭᠡᠷᠡᠴᠢᠯᠡᠯᠲᠡ ᠪᠠ ᠬᠢᠨᠠᠨ ᠪᠠᠢᠴᠠᠭᠠᠬᠤ ᠬᠠᠤᠯᠢ ᠵᠢ ᠬᠡᠷᠡᠭ᠌ᠵᠢᠭᠦᠯᠦᠭ᠌ᠰᠡᠨ ᠪᠠᠢᠳᠠᠯ ᠤ᠋ᠨ ᠲᠤᠬᠠᠢ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠦᠷᠨᠢᠬᠦᠯᠵᠤ ᠂ ᠱᠢᠨ᠎ᠡ ᠬᠦᠷᠢᠶᠡᠨ᠎ᠳᠠᠬᠢ ᠬᠢᠨᠠᠯᠲᠠ ᠲᠠᠯᠪᠢᠬᠤ ᠠᠵᠢᠯ ᠢ᠋ ᠥᠷᠭᠡᠳᠭᠡᠪᠡ᠃ ᠤᠯᠤᠰ ᠠᠷᠠᠳ ᠤ᠋ᠨ ᠠᠵᠤ ᠠᠬᠤᠶ ᠪᠠ ᠨᠡᠢᠭᠡᠮ ᠤ᠋ᠨ ᠬᠥᠭ᠌ᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ ᠤ᠋ᠨ ᠲᠥᠯᠥᠪᠵᠢᠭᠦᠯᠭᠡ ᠵᠢᠨ ᠲᠣᠪᠴᠢ ᠵᠢ ᠨᠠᠢᠷᠠᠭᠤᠯᠤᠨ ᠵᠣᠬᠢᠶᠠᠬᠤ ᠠᠵᠢᠯ ᠤ᠋ᠨ ᠴᠢᠬᠤᠯᠠ ᠠᠰᠠᠭᠤᠳᠠᠯ ᠤ᠋ᠳ ᠂ ᠡᠳ᠋ ᠤ᠋ᠨ ᠵᠠᠰᠠᠭ ᠤ᠋ᠨ ᠨᠥᠬᠦᠪᠥᠷᠢ ᠵᠢᠨ ᠬᠠᠮᠢᠶᠠᠷᠤᠯᠲᠠ ᠬᠢᠭᠡᠳ ᠥᠭᠡᠷᠡᠴᠢᠯᠡᠯᠲᠡ᠂ ᠣᠷᠣᠯᠭ᠎ᠠ ᠵᠢᠨ ᠬᠤᠪᠢᠶᠠᠷᠢᠯᠠᠯᠲᠠ ᠵᠢ ᠲᠣᠬᠢᠷᠠᠭᠤᠯᠬᠤ ᠳ᠋ᠤ ᠠᠱᠢᠭ᠍ᠲᠠᠶ ᠬᠤᠪᠢ ᠬᠥᠮᠦᠨ ᠤ᠋ ᠠᠱᠢᠭ ᠣᠷᠣᠯᠭ᠎ᠠ ᠵᠢᠨ ᠭᠠᠢᠯᠢ ᠵᠢᠨ ᠲᠦᠷᠢᠮ ᠢ᠋ ᠲᠡᠭᠦᠯᠳᠡᠷᠵᠢᠭᠦᠯᠦᠭ᠌ᠰᠡᠨ ᠂ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠠᠢᠭᠤᠯᠬᠤ ᠳᠤᠮᠳᠠᠬᠢ ᠭᠠᠳᠠᠭᠠᠳᠤ ᠳ᠋ᠤ ᠰᠠᠭᠤᠭ᠎ᠠ ᠬᠠᠷᠢᠶᠠᠲᠤ ᠨᠠᠷ ᠤ᠋ᠨ ᠴᠢᠬᠤᠯᠠ ᠦᠢᠯᠡᠳᠦᠯ ᠢ᠋ ᠪᠠᠳᠠᠷᠠᠭᠤᠯᠤᠭ᠍ᠰᠠᠨ᠂ ᠤᠯᠤᠰ ᠤ᠋ᠨ ᠴᠡᠴᠡᠷᠯᠢᠭ ᠢ᠋ᠢᠡᠷ ᠭᠤᠤᠯ ᠴᠣᠭ᠍ᠴᠠ ᠪᠣᠯᠭᠠᠭ᠍ᠰᠠᠨ ᠪᠠᠢᠭᠠᠯᠢ ᠵᠢᠨ ᠬᠠᠮᠠᠭᠠᠯᠠᠯᠲᠠ ᠵᠢᠨ ᠭᠠᠵᠠᠷ ᠤ᠋ᠨ ᠱᠢᠰᠲ᠋ᠧᠮ ᠤ᠋ᠨ ᠪᠠᠢᠭᠤᠯᠤᠯᠲᠠ ᠂ ᠦᠷ᠎ᠡ ᠡᠳ᠋ ᠤ᠋ᠨ ᠡᠬᠢ ᠪᠠᠶᠠᠯᠢᠭ ᠤ᠋ᠨ ᠬᠠᠮᠠᠭᠠᠯᠠᠯᠲᠠ ᠪᠠ ᠦᠷ᠎ᠡ ᠪᠤᠢᠵᠢᠭᠤᠯᠬᠤ ᠳᠠᠯ᠎ᠠ ᠪᠡᠷ ᠱᠢᠨ᠎ᠡ ᠵᠢ ᠡᠭᠦᠳᠭᠦ ᠵᠢ ᠴᠢᠩᠭᠠᠳᠭᠠᠭ᠍ᠰᠠᠨ ᠪᠠᠢᠳᠠᠯ ᠵᠡᠷᠭᠡ ᠵᠢᠨ ᠲᠤᠬᠠᠢ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠵᠦ᠍ ᠂ ᠠᠵᠤ ᠠᠬᠤᠢ ᠨᠡᠢᠬᠡᠮ ᠤ᠋ᠨ ᠬᠥᠭ᠌ᠵᠢᠯᠲᠡ ᠳᠤᠮᠳᠠᠬᠢ ᠭᠤᠣᠯᠳᠠᠯᠭ᠎ᠠ ᠵᠢᠨ ᠠᠰᠠᠭᠤᠳᠠᠯ ᠢ᠋ ᠱᠢᠢᠳᠪᠦᠷᠢᠯᠡᠬᠦ᠌ ᠵᠢ ᠠᠬᠢᠭᠤᠯᠪᠠ ᠃ ᠦᠨᠳᠦᠰᠦᠲᠡᠨ ᠤ᠋ ᠰᠤᠷᠭᠠᠨ ᠬᠥᠮᠦᠵᠢᠯ ᠢ᠋ ᠬᠥᠭ᠌ᠵᠢᠭᠦᠯᠬᠦ᠌ ᠠᠵᠢᠯ ᠂ ᠦᠨᠳᠦᠰᠦᠲᠡᠨ ᠤ᠋ ᠭᠠᠵᠠᠷ ᠣᠷᠣᠨ ᠤ᠋ ᠬᠢᠯᠢ ᠬᠢᠵᠠᠭᠠᠷ ᠣᠷᠣᠨ ᠢ᠋ ᠬᠥᠭ᠌ᠵᠢᠭᠦᠯᠦᠨ ᠠᠷᠠᠳ ᠢ᠋ ᠪᠠᠶᠠᠵᠢᠭᠤᠯᠬᠤ ᠠᠵᠢᠯᠯᠠᠭ᠎ᠠ ᠵᠢᠨ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠡᠷᠡᠭ᠌ᠵᠢᠭᠦᠯᠦᠯᠲᠡ᠂ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠵᠢᠨ ᠡᠭᠦᠳᠦᠨ ᠪᠠᠢᠭᠤᠯᠬᠤ ᠠᠵᠢᠯ᠂ ᠬᠥᠮᠦᠨ ᠠᠮᠠ ᠴᠦᠭᠡᠨ ᠦᠨᠳᠦᠰᠦᠲᠡᠨ ᠤ᠋ ᠠᠵᠤ ᠠᠬᠤᠢ ᠨᠡᠢᠭᠡᠮ ᠤ᠋ᠨ ᠬᠥᠭ᠌ᠵᠢᠯᠲᠡ ᠵᠢ ᠠᠬᠢᠭᠤᠯᠤᠭ᠍ᠰᠠᠨ ᠪᠠᠢᠳᠠᠯ ᠵᠡᠷᠭᠡ ᠵᠢᠨ ᠲᠤᠬᠠᠢ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠵᠢ ᠥᠷᠨᠢᠭᠦᠯᠪᠡ᠃ ᠦᠨᠳᠦᠰᠦᠲᠡᠨ ᠤ᠋ ᠭᠠᠵᠠᠷ ᠣᠷᠣᠨ ᠤ᠋ ᠬᠥᠭ᠌ᠵᠢᠯᠲᠡ ᠳᠡᠪᠱᠢᠯᠲᠡ ᠳ᠋ᠤ ᠬᠦᠴᠦᠨ ᠨᠡᠮᠡᠷᠢᠯᠡᠪᠡ᠃ ᠣᠷᠣᠨ ᠨᠤᠲᠤᠭ ᠤ᠋ᠨ ᠵᠠᠰᠠᠭ ᠤ᠋ᠨ ᠣᠷᠳᠣᠨ ᠤ᠋ ᠲᠠᠯᠳᠠ ᠥᠭ᠌ᠴᠡᠭᠡ᠂ ᠨᠡᠢᠭᠡᠮ ᠤ᠋ᠨ ᠨᠠᠰᠤᠵᠢᠯ ᠤ᠋ᠨ ᠠᠰᠠᠷᠠᠮᠵᠢ ᠵᠢᠨ ᠦᠨᠳᠦᠰᠦᠨ ᠳᠠᠭᠠᠳᠭᠠᠯ ᠤ᠋ᠨ ᠰᠠᠭᠤᠷᠢ ᠮᠥᠩᠭᠦ ᠵᠢᠨ ᠲᠥᠰᠦᠪ ᠤ᠋ᠨ ᠬᠠᠮᠢᠶᠠᠷᠤᠯᠲᠠ ᠬᠢᠭᠡᠳ ᠥᠭᠡᠷᠡᠴᠢᠯᠡᠯᠲᠡ᠂ ᠱᠢᠰᠲ᠋ᠧᠮ᠎ᠳᠤ ᠴᠢᠨᠠᠷᠳᠠᠢ ᠮᠦᠡᠭ᠌ᠭᠦᠨ ᠬᠦᠢᠯᠭᠡᠭᠡᠨ ᠤ᠋ ᠠᠶᠤᠯ ᠲᠦᠭ᠌ᠰᠢᠭᠦᠷᠢ ᠵᠢ ᠰᠡᠷᠭᠡᠢᠯᠡᠨ ᠠᠷᠢᠯᠭᠠᠬᠤ᠂ ᠨᠡᠢᠭᠡᠮ ᠤ᠋ᠨ ᠳᠠᠭᠠᠳᠭᠠᠯ ᠤ᠋ᠨ ᠲᠦᠷᠢᠮ ᠤ᠋ᠨ ᠥᠭᠡᠷᠡᠴᠢᠯᠡᠯᠲᠡ ᠪᠠ ᠨᠡᠢᠭᠡᠮ ᠤ᠋ᠨ ᠳᠠᠭᠠᠳᠭᠠᠯ ᠤ᠋ᠨ ᠬᠠᠤᠯᠢ ᠵᠢ ᠬᠡᠷᠡᠭ᠌ᠵᠢᠭᠦᠯᠦᠯᠲᠡ ᠂ ᠵᠠᠰᠠᠭ ᠤ᠋ᠨ ᠣᠷᠳᠣᠨ ᠤ᠋ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠵᠢᠨ ᠬᠠᠮᠢᠶᠠᠷᠤᠯᠲᠠ ᠪᠠ ᠥᠭᠡᠷᠡᠴᠢᠯᠡᠯᠲᠡ ᠂ ᠣᠷᠣᠨ ᠨᠤᠲᠤᠭ ᠤ᠋ᠨ ᠵᠠᠰᠠᠭ ᠤ᠋ᠨ ᠣᠷᠳᠣᠨ ᠤ᠋ ᠲᠤᠰᠭᠠᠶ ᠵᠦᠢᠯ ᠤ᠋ᠨ ᠥᠭ᠌ᠴᠡᠭᠡ ᠵᠢᠨ ᠬᠠᠮᠢᠶᠠᠷᠤᠯᠲᠠ ᠬᠢᠭᠡᠳ ᠥᠭᠡᠷᠡᠴᠢᠯᠡᠯᠲᠡ ᠵᠢᠨ ᠪᠠᠢᠳᠠᠯ ᠵᠡᠷᠭᠡ ᠵᠢᠨ ᠲᠤᠬᠠᠢ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ᠃ ᠡᠳ᠋ ᠤ᠋ᠨ ᠵᠠᠰᠠᠭ ᠮᠦᠩᠭᠦᠨ ᠭᠦᠢᠯᠭᠡᠭᠡᠨ ᠤ᠋ ᠬᠦᠷᠢᠶᠡᠨ᠎ᠳᠠᠬᠢ ᠪᠦᠲᠦᠮᠵᠢᠲᠡᠢ ᠬᠢᠨᠠᠯᠲᠠ ᠵᠢ ᠴᠢᠩᠭᠠᠳᠭᠠᠪᠠ ᠃
ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠬᠢᠨᠠᠯᠲᠠ ᠪᠣᠯ ᠬᠠᠤᠯᠢ ᠪᠡᠷ ᠲᠣᠭ᠍ᠲᠠᠭᠠᠭ᠍ᠰᠠᠨ ᠡᠷᠬᠡ ᠰᠦᠷ ᠲᠠᠢ ᠂ ᠠᠷᠠᠳ ᠲᠦᠮᠡᠨ ᠢ᠋ ᠲᠥᠯᠥᠭᠡᠯᠡᠭ᠌ᠰᠡᠨ ᠬᠢᠨᠠᠯᠲᠠ ᠮᠥᠨ᠃ ᠪᠠᠢᠡᠭ᠌ᠭᠤ ᠵᠢᠨ ᠬᠤᠷᠢᠶ᠎ᠠ 《ᠬᠠᠤᠯᠢ ᠶᠣᠰᠣᠭᠠᠷ》 ᠭᠡᠬᠦ᠌ ᠬᠤᠶᠠᠷ ᠦᠭᠡ ᠵᠢ ᠬᠢᠨᠠᠯᠲᠠ ᠲᠠᠯᠪᠢᠬᠤ ᠠᠵᠢᠯ ᠤ᠋ᠨ ᠪᠦᠬᠦ᠌ ᠶᠠᠪᠤᠴᠠ ᠳ᠋ᠤ ᠲᠤᠭᠤᠱᠢᠯᠠᠭᠤᠯᠬᠤ ᠵᠢ ᠢᠮᠠᠭ᠍ᠲᠠ ᠪᠠᠷᠢᠮᠲᠠᠯᠠᠵᠤ᠂ ᠬᠠᠤᠯᠢ ᠪᠡᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ ᠶᠣᠰᠣᠭᠠᠷ᠂ ᠬᠠᠤᠯᠢ ᠪᠡᠷ ᠲᠣᠭ᠍ᠲᠠᠭᠠᠭ᠍ᠰᠠᠨ ᠬᠡᠪᠴᠢᠶᠡᠨ ᠳᠤᠲᠤᠷ᠎ᠠ ᠂ ᠬᠠᠤᠯᠢ ᠪᠡᠷ ᠲᠣᠭ᠍ᠲᠠᠭᠠᠭ᠍ᠰᠠᠨ ᠵᠢᠷᠤᠮ ᠢ᠋ ᠵᠢᠷᠤᠮᠯᠠᠨ ᠰᠠᠬᠢᠵᠤ᠂ ᠬᠠᠤᠯᠢ ᠴᠠᠭᠠᠵᠠ ᠵᠢᠨ ᠲᠣᠭ᠍ᠲᠠᠭᠠᠯ ᠢ᠋ ᠪᠠᠷᠢᠮᠲᠠᠯᠠᠨ ᠬᠢᠨᠠᠯᠲᠠ ᠲᠠᠯᠪᠢᠵᠤ ᠂ ᠦᠨᠳᠦᠰᠦᠨ ᠬᠠᠤᠯᠢ ᠬᠠᠤᠯᠢ ᠴᠠᠭᠠᠵᠠ ᠵᠢ ᠪᠦᠲᠦᠮᠵᠢᠲᠡᠶ ᠬᠡᠷᠡᠭ᠌ᠵᠢᠭᠦᠯᠬᠦ᠌ ᠪᠠ ᠲᠥᠷᠥ ᠵᠢᠨ ᠪᠠᠢᠭᠤᠯᠭ᠎ᠠ᠎ᠨᠤᠭᠤᠳ ᠤ᠋ᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠵᠢ ᠦᠨᠡᠨ ᠬᠦ᠌ ᠪᠠᠲᠤᠯᠠᠪᠠ; ᠮᠥᠷᠳᠡᠨ ᠬᠢᠨᠠᠯᠲᠠ ᠲᠠᠯᠪᠢᠵᠤ ᠦᠷ᠎ᠡ ᠪᠦᠲᠦᠮᠵᠢ ᠵᠢ ᠠᠰᠠᠭᠤᠬᠤ ᠵᠢ ᠪᠠᠷᠢᠮᠲᠠᠯᠠᠵᠤ᠂ ᠨᠠᠮ ᠤ᠋ᠨ ᠲᠥᠪ ᠬᠣᠷᠢᠶ᠎ᠠ ᠵᠢᠨ ᠴᠢᠬᠤᠯᠠ ᠶᠡᠭᠡ ᠱᠢᠢᠳᠪᠦᠷᠢᠲᠤ ᠪᠣᠳᠣᠯᠭ᠎ᠠ ᠪᠠᠢᠷᠢᠯᠠᠭᠤᠯᠤᠯᠲᠠ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠠᠷᠠᠳ ᠣᠯᠠᠨ ᠤ᠋ ᠪᠣᠳᠣᠵᠤ ᠬᠦᠰᠡᠵᠦ᠍ ᠡᠷᠡᠮᠡᠯᠵᠡᠵᠦ᠍ ᠪᠠᠢᠭ᠎ᠠ ᠵᠦᠢᠯ ᠳ᠋ᠤ ᠠᠩᠬᠠᠷᠤᠯ ᠢ᠋ᠢᠡᠨ ᠲᠥᠪᠯᠡᠷᠡᠭᠦᠯᠵᠦ᠍᠂ ᠠᠮᠢ ᠠᠬᠤᠶ ᠵᠢᠨ ᠤᠷᠴᠢᠨ ᠨᠦᠬᠦᠴᠡᠯ ᠤ᠋ᠨ ᠬᠠᠮᠠᠭᠠᠯᠠᠯᠳᠡ᠂ ᠣᠯᠠᠨ ᠨᠡᠢᠲᠡ ᠵᠢᠨ ᠪᠡᠯᠡ ᠮᠥᠩᠭᠦ᠌ ᠡᠳ᠋ ᠬᠦᠷᠦᠩᠭᠡ ᠵᠢᠨ ᠬᠠᠮᠢᠶᠠᠷᠤᠯᠲᠠ ᠂ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠵᠡᠷᠭᠡ ᠬᠦᠷᠢᠶᠡᠨ᠎ᠳᠠᠬᠢ ᠳᠣᠪᠤᠢᠮ᠎ᠠ ᠠᠰᠠᠭᠤᠳᠠᠯ ᠢ᠋ ᠦᠷᠭᠦᠯᠵᠢᠯᠡᠨ ᠮᠦᠷᠳᠡᠵᠤ᠂ ᠤᠷᠲᠤ ᠬᠤᠭᠤᠴᠠᠭ᠎ᠠ ᠪᠡᠷ ᠬᠦᠴᠦ᠍ ᠲᠠᠯᠪᠢᠨ ᠲᠤᠭᠤᠱᠢᠲᠠᠢ ᠠᠳᠭᠤᠵᠤ᠂ ᠠᠵᠢᠯ ᠢ᠋ᠢᠡᠨ ᠰᠠᠢᠵᠢᠷᠠᠭᠤᠯᠤᠨ ᠲᠦᠷᠢᠮ ᠢ᠋ᠢᠡᠨ ᠲᠡᠭᠦᠯᠳᠡᠷᠵᠢᠭᠦᠯᠬᠦ᠌ ᠵᠢ ᠠᠬᠢᠭᠤᠯᠪᠠ; ᠬᠢᠨᠠᠯᠲᠠ ᠲᠠᠯᠪᠢᠬᠤ ᠠᠵᠢᠯ ᠤ᠋ᠨ ᠲᠣᠭ᠍ᠲᠠᠴᠠ ᠪᠠ ᠬᠢᠨᠠᠯᠲᠠ ᠲᠠᠯᠪᠢᠬᠤ ᠠᠷᠭ᠎ᠠ ᠮᠠᠶᠢᠭ ᠢ᠋ ᠪᠠᠷᠢᠮᠲᠠᠯᠠᠨ ᠲᠡᠭᠦᠯᠳᠡᠷᠵᠢᠭᠦᠯᠵᠦ᠍᠂ ᠲᠤᠰᠭᠠᠶ ᠠᠵᠢᠯ ᠤ᠋ᠨ ᠮᠡᠳᠡᠭᠦᠯᠦᠯᠲᠡ ᠵᠢ ᠬᠢᠨᠠᠨ ᠶᠠᠷᠢᠯᠴᠠᠭ᠍ᠰᠠᠨ ᠦᠷ᠎ᠡ ᠳ᠋ᠦᠩ ᠤ᠋ᠨ ᠨᠠᠢᠳᠠᠪᠤᠷᠢᠵᠢᠭᠤᠯᠤᠯᠲᠠ ᠵᠢ ᠠᠬᠢᠭᠤᠯᠵᠤ᠂ ᠬᠠᠤᠯᠢ ᠬᠡᠷᠡᠭ᠌ᠵᠢᠭᠦᠯᠦᠯᠲᠡ ᠵᠢᠨ ᠪᠠᠢᠴᠠᠭᠠᠯᠲᠠ ᠳᠤᠮᠳᠠ ᠭᠤᠷᠪᠠᠳᠠᠬᠢ ᠡᠲᠡᠭᠡᠳ ᠤ᠋ᠨ ᠦᠨᠡᠯᠡᠯᠲᠡ ᠵᠢ ᠣᠷᠣᠭᠤᠯᠵᠤ᠂ ᠰᠣᠩᠭᠤᠨ ᠪᠠᠢᠴᠠᠭᠠᠵᠤ ᠳᠠᠯᠳᠠᠭᠤᠷ ᠰᠤᠷᠪᠤᠯᠵᠢᠯᠠᠬᠤ ᠂ ᠲᠣᠮᠣ ᠳ᠋ᠠᠢᠲ᠋ᠠ ᠵᠢᠨ ᠵᠠᠳᠠᠯᠤᠯᠲᠠ ᠬᠢᠬᠦ ᠂ ᠠᠰᠠᠭᠤᠯᠲᠠ ᠵᠢᠨ ᠬᠠᠭᠤᠳᠠᠰᠤ ᠪᠡᠷ ᠪᠠᠢᠴᠠᠭᠠᠯᠲᠠ ᠬᠢᠬᠦ᠌ ᠵᠡᠷᠭᠡ ᠠᠷᠭ᠎ᠠ ᠮᠠᠶᠢᠭ ᠢ᠋ ᠠᠪᠴᠤ᠌ ᠂ ᠨᠠᠢᠳᠠᠨ ᠪᠠᠢᠴᠠᠭᠠᠯᠭᠠᠬᠤ ᠵᠢ ᠨᠡᠢᠳᠡᠮ ᠬᠡᠷᠡᠭ᠌ᠵᠢᠭᠦᠯᠬᠦ᠌ ᠵᠢ ᠪᠡᠶᠡᠯᠡᠭᠦᠯᠵᠦ᠍ ᠂ ᠬᠠᠤᠯᠢ ᠬᠡᠷᠡᠭ᠌ᠵᠢᠭᠦᠯᠦᠯᠲᠡ ᠵᠢᠨ ᠪᠠᠢᠴᠠᠭᠠᠯᠲᠠ ᠵᠢ ᠬᠠᠤᠯᠢ ᠲᠣᠭ᠍ᠲᠠᠭᠠᠯᠲᠠ ᠵᠢᠨ ᠦᠨᠡᠯᠡᠨ ᠵᠢᠱ᠌ᠢᠯᠲᠡ᠂ ᠬᠠᠤᠯᠢ ᠴᠠᠭᠠᠵᠠ ᠵᠢᠨ ᠲᠦᠭᠡᠮᠡᠯᠵᠢᠭᠦᠯᠤᠯᠲᠠ ᠲᠠᠢ ᠤᠶᠠᠯᠳᠤᠭᠤᠯᠵᠤ᠂ ᠲᠦᠷᠢᠮ ᠤ᠋ᠨ ᠲᠠᠯ᠎ᠠ ᠡᠴᠡ᠂ ᠬᠠᠤᠯᠢ ᠴᠠᠭᠠᠵᠠ ᠵᠢᠨ ᠲᠠᠯ᠎ᠠ ᠡᠴᠡ ᠲᠦᠭᠡᠮᠡᠯ ᠴᠢᠨᠠᠷᠲᠠᠶ᠂ ᠵᠢᠮ᠎ᠡ ᠶᠣᠰᠣᠴᠢ ᠴᠢᠨᠠᠷᠲᠠᠶ ᠠᠰᠠᠭᠤᠳᠠᠯ ᠢ᠋ ᠱᠢᠢᠳᠪᠦᠷᠢᠯᠡᠬᠦ᠌ ᠵᠢ ᠴᠢᠬᠤᠯᠠᠴᠢᠯᠠᠪᠠ᠃ ᠠᠮᠢ ᠠᠬᠤᠶ ᠵᠢᠨ ᠤᠷᠴᠢᠨ ᠨᠦᠭᠦᠴᠡᠯ ᠤ᠋ᠨ ᠬᠠᠮᠠᠭᠠᠯᠠᠯᠳᠠ ᠵᠢᠨ ᠬᠦᠷᠢᠶᠡᠨ᠎ᠳᠠᠬᠢ ᠬᠠᠤᠯᠢ ᠬᠡᠷᠡᠭ᠌ᠵᠢᠭᠦᠯᠦᠯᠲᠡ ᠵᠢᠨ ᠪᠠᠢᠴᠠᠭᠠᠯᠲᠠ ᠳᠤᠮᠳᠠ ᠂ 90 ᠲᠦᠮᠡ ᠱᠢᠬᠠᠮ ᠬᠥᠮᠦᠨ ᠤᠳᠠᠭ᠎ᠠ ᠠᠰᠠᠭᠤᠯᠲᠠ ᠵᠢᠨ ᠬᠠᠭᠤᠳᠠᠰᠤ ᠪᠡᠷ ᠪᠠᠢᠴᠠᠭᠠᠯᠲᠠ ᠬᠢᠬᠦ᠌ ᠳ᠋ᠤ ᠣᠷᠣᠯᠴᠠᠵᠤ ᠂ 1.78 ᠳ᠋ᠦᠩᠱᠢᠭᠤᠷ ᠬᠥᠮᠦᠨ ᠤᠳᠠᠭ᠎ᠠ ᠰᠡᠳᠦᠪ ᠬᠠᠷᠢᠭᠤᠯᠬᠤ ᠳ᠋ᠤ ᠣᠷᠣᠯᠴᠠᠪᠠ᠃ ᠲᠤᠰ ᠬᠤᠭᠤᠴᠠᠭ᠎ᠠ ᠡᠴᠡ ᠨᠠᠭᠠᠰᠢ ᠂ ᠬᠢᠨᠠᠯᠲᠠ ᠲᠠᠯᠪᠢᠬᠤ ᠬᠦᠷᠢᠶ᠎ᠡ ᠵᠢᠨ ᠪᠦᠬᠦᠨ ᠢ᠋ ᠬᠠᠮᠤᠷᠬᠤ ᠵᠢ ᠪᠡᠶᠡᠯᠡᠭᠦᠯᠵᠤ ᠂ ᠤᠯᠤᠰ ᠤ᠋ᠨ ᠥᠮᠴᠢᠯᠡᠯ ᠤ᠋ᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠪᠠᠢᠳᠠᠯ ᠤ᠋ᠨ ᠲᠤᠬᠠᠢ ᠶᠡᠷᠦᠩᠬᠡᠢᠯᠡᠭ᠌ᠰᠡᠨ ᠮᠡᠳᠡᠭᠦᠯᠦᠯᠲᠡ ᠵᠢ ᠠᠩᠬ᠎ᠠ ᠤᠳᠠᠭ᠎ᠠ ᠰᠣᠨᠣᠰᠴᠤ᠌ ᠬᠢᠨᠠᠨ ᠶᠠᠷᠢᠯᠴᠠᠵᠤ ᠂ ᠮᠥᠩᠭᠦᠨ ᠭᠦᠢᠯᠭᠡᠭᠡᠨ ᠤ᠋ ᠠᠵᠢᠯ ᠤ᠋ᠨ ᠪᠠᠢᠳᠠᠯ ᠤ᠋ᠨ ᠮᠡᠳᠡᠭᠦᠯᠦᠯᠲᠡ ᠵᠢ ᠠᠩᠬ᠎ᠠ ᠤᠳᠠᠭ᠎ᠠ ᠰᠣᠨᠣᠰᠴᠤ᠌ ᠬᠢᠨᠠᠨ ᠶᠠᠷᠢᠯᠴᠠᠵᠤ ᠂ ᠤᠯᠤᠰ ᠤ᠋ᠨ ᠬᠢᠨᠠᠨ ᠪᠠᠢᠴᠠᠭᠠᠬᠤ ᠵᠥᠪᠯᠡᠯ ᠤ᠋ᠨ ᠬᠤᠯᠪᠣᠭ᠍ᠳᠠᠯ ᠪᠥᠬᠦᠶ ᠲᠤᠰᠭᠠᠶ ᠠᠵᠢᠯ ᠤ᠋ᠨ ᠮᠡᠳᠡᠭᠦᠯᠦᠯᠲᠡ ᠵᠢ ᠠᠩᠬ᠎ᠠ ᠤᠳᠠᠭ᠎ᠠ ᠰᠣᠨᠣᠰᠴᠤ᠌ ᠬᠢᠨᠠᠨ ᠶᠠᠷᠢᠯᠴᠠᠵᠤ᠂ 《ᠬᠤᠶᠠᠷ ᠲᠡᠭᠡᠳᠤ ᠬᠤᠷᠢᠶ᠎ᠠ》 ᠵᠢᠨ ᠲᠤᠰᠭᠠᠶ ᠠᠵᠢᠯ ᠤ᠋ᠨ ᠲᠤᠬᠠᠢ ᠮᠡᠳᠡᠭᠦᠯᠦᠯᠲᠡ ᠵᠢᠨ ᠲᠤᠬᠠᠢ ᠲᠤᠰᠭᠠᠶ ᠰᠡᠳᠦᠪᠲᠦ ᠯᠠᠪᠯᠠᠨ ᠠᠰᠠᠭᠤᠯᠭ᠎ᠠ ᠵᠢ ᠠᠩᠬ᠎ᠠ ᠤᠳᠠᠭ᠎ᠠ ᠥᠷᠨᠢᠭᠦᠯᠪᠡ᠃ ᠬᠢᠨᠠᠯᠲᠠ ᠲᠠᠯᠪᠢᠬᠤ ᠠᠵᠢᠯ ᠤ᠋ᠨ ᠦᠢᠯᠡᠳᠦᠯᠭᠡ ᠳᠤᠮᠳᠠ ᠂ ᠪᠢᠳᠡ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠬᠢᠨᠠᠯᠲᠠ ᠵᠢᠨ ᠱᠢᠨᠵᠢ ᠴᠢᠨᠠᠷ ᠪᠠ ᠪᠠᠢᠷᠢ ᠲᠣᠭ᠍ᠲᠠᠭᠠᠯᠲᠠ ᠵᠢ ᠤᠯᠠᠮ ᠨᠢᠭᠡ ᠠᠯᠬᠤᠮ ᠣᠨᠣᠪᠴᠢᠲᠠᠶ ᠣᠯᠵᠤ ᠂ ᠦᠨᠳᠦᠰᠦᠨ ᠬᠠᠤᠯᠢ ᠬᠠᠤᠯᠢ ᠴᠠᠭᠠᠵᠠ ᠵᠢᠨ ᠲᠣᠭ᠍ᠲᠠᠭᠠᠯ ᠢ᠋ ᠬᠡᠷᠡᠭ᠌ᠵᠢᠭᠦᠯᠬᠦ᠌ ᠪᠠ 《ᠵᠠᠰᠠᠭ ᠤ᠋ᠨ ᠣᠷᠳᠣᠨ ᠨᠢᠭᠡ ᠵᠦᠪᠯᠡᠯ ᠬᠤᠶᠠᠷ ᠬᠤᠷᠢᠶ᠎ᠠ》 ᠵᠢᠨ ᠡᠷᠬᠡ ᠲᠤᠱᠢᠶᠠᠯ ᠢ᠋ᠢᠡᠨ ᠵᠥᠪ ᠬᠡᠷᠡᠭ᠌ᠵᠢᠭᠦᠯᠵᠦ᠍ ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠵᠢ ᠬᠦᠴᠦᠲᠡᠶ ᠠᠬᠢᠭᠤᠯᠵᠤ ᠂ ᠶᠠᠮᠠᠷᠪᠠ ᠲᠥᠷᠥ ᠵᠢᠨ ᠪᠠᠢᠭᠤᠯᠭ᠎ᠠ ᠵᠢᠴᠢ ᠲᠡᠭᠦᠨ ᠤ᠋ ᠠᠵᠢᠯᠲᠠᠨ ᠤ᠋ ᠡᠷᠬᠡ ᠴᠥᠮ ᠬᠢᠨᠠᠯᠲᠠ ᠪᠠ ᠬᠢᠵᠠᠭᠠᠷᠯᠠᠯ ᠬᠦᠯᠢᠶᠡᠬᠦ᠌ ᠵᠢ ᠦᠨᠡᠨ ᠬᠦ᠌ ᠪᠠᠲᠤᠯᠠᠪᠠ ᠃
ᠳᠦᠷᠪᠡ ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ ᠵᠢᠨ ᠦᠢᠯᠡᠳᠦᠯ ᠢ᠋ ᠪᠠᠳᠠᠷᠠᠭᠤᠯᠵᠤ ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠠᠢᠪᠠᠯ ᠪᠢᠳᠡ ᠬᠠᠷᠢᠭᠤ ᠲᠤᠰᠭᠠᠯ ᠲᠠᠢ ᠪᠠᠢᠬᠤ ᠵᠢ ᠪᠡᠶᠡᠯᠡᠬᠦᠯᠪᠡ
ᠶᠡᠷᠦᠩᠬᠡᠶ ᠱᠦᠵᠢ ᠰᠢ ᠵᠢᠨ ᠫᠢᠩ ᠤ᠋ᠨ 《ᠪᠠᠢᠩᠭᠤ ᠵᠢᠨ ᠬᠤᠷᠢᠶ᠎ᠠ ᠪᠣᠯᠤᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ ᠵᠢᠨ ᠬᠠᠷᠢᠯᠴᠠᠭ᠎ᠠ ᠵᠢ ᠨᠢᠭ᠍ᠲᠠᠷᠠᠭᠤᠯᠵᠤ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ ᠪᠣᠯᠤᠨ ᠠᠷᠠᠳ ᠣᠯᠠᠨ ᠤ᠋ ᠬᠠᠷᠢᠴᠠᠭ᠎ᠠ ᠵᠢ ᠨᠢᠭ᠍ᠲᠠᠷᠠᠭᠤᠯᠬᠤ 》 ᠴᠢᠬᠤᠯᠠ ᠵᠢᠭᠠᠪᠤᠷᠢ ᠵᠢᠨ ᠵᠤᠷᠢᠭ ᠰᠠᠨᠠᠭ᠎ᠠ ᠵᠢ ᠲᠤᠭᠤᠱᠢᠯᠠᠭᠤᠯᠤᠨ ᠂ ᠲᠥᠯᠥᠭᠡᠯᠡᠭ᠌ᠴᠢᠳ ᠤ᠋ᠨ ᠠᠵᠢᠯ ᠢ᠋ ᠪᠦᠬᠦ᠌ ᠲᠠᠯ᠎ᠠ ᠪᠡᠷ ᠴᠢᠩᠭᠠᠳᠭᠠᠨ ᠰᠠᠢᠵᠢᠷᠠᠭᠤᠯᠵᠤ ᠂ ᠲᠥᠯᠥᠭᠡᠯᠡᠭ᠌ᠴᠢᠳ ᠤ᠋ᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ ᠪᠠᠨ ᠨᠡᠩ ᠰᠠᠢᠨ ᠭᠦᠢᠴᠡᠳᠭᠡᠬᠦ᠌ ᠳ᠋ᠤ ᠦᠢᠯᠡᠴᠢᠯᠡᠭᠡ ᠂ ᠳᠡᠮᠵᠢᠯᠭᠡ ᠪᠠ ᠪᠠᠲᠤᠯᠠᠭ᠎ᠠ ᠬᠠᠨᠭ᠌ᠭᠠᠵᠤ ᠂ ᠲᠥᠯᠥᠭᠡᠯᠡᠭ᠌ᠴᠢ ᠵᠢᠨ ᠦᠢᠯᠡᠳᠦᠯ ᠢ᠋ ᠪᠠᠳᠠᠷᠠᠭᠤᠯᠬᠤ ᠵᠢ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠵᠢᠨ ᠴᠢᠬᠤᠯᠠ ᠢᠯᠡᠷᠡᠯ ᠪᠣᠯᠭᠠᠪᠠ ᠃
(ᠨᠢᠭᠡ) ᠲᠥᠯᠥᠭᠡᠯᠡᠭ᠌ᠴᠢᠳ ᠤ᠋ᠨ ᠰᠠᠨᠠᠯ ᠵᠥᠪᠯᠡᠯᠭᠡ᠂ ᠰᠠᠨᠠᠭᠤᠯᠭ᠎ᠠ ᠵᠢ ᠱᠢᠢᠳᠪᠦᠷᠢᠯᠡᠬᠦ᠌ ᠲᠦᠪᠱᠢᠨ ᠢ᠋ ᠳᠡᠭᠡᠭ᠌ᠰᠢᠯᠡᠭᠦᠯᠪᠠ᠃ ᠠᠭᠤᠯᠭ᠎ᠠ᠎ᠨᠢ ᠴᠢᠨᠠᠷ ᠰᠠᠢᠲᠠᠶ᠂ ᠱᠢᠢᠳᠪᠦᠷᠢᠯᠡᠯᠲᠡ᠎ᠨᠢ ᠴᠢᠨᠠᠷ ᠰᠠᠢᠲᠠᠶ ᠪᠠᠢᠬᠤ ᠵᠢ ᠪᠠᠷᠢᠮᠲᠠᠯᠠᠵᠤ᠂ ᠲᠤᠱᠢᠶᠠᠨ ᠱᠢᠢᠳᠪᠦᠷᠢᠯᠡᠭᠦᠯᠦᠭ᠌ᠰᠡᠨ ᠪᠠᠢᠳᠠᠯ ᠪᠠ ᠱᠢᠢᠳᠪᠦᠷᠢᠯᠡᠭ᠌ᠰᠡᠨ ᠦᠷ᠎ᠡ ᠳ᠋ᠦᠩ ᠤ᠋ᠨ 《ᠨᠢᠭᠡ ᠬᠥᠮᠦᠨ ᠳ᠋ᠤ ᠨᠢᠭᠡ ᠵᠠᠬᠢᠳᠠᠯ ᠢᠯᠡᠭᠡᠬᠦ᠌》 ᠂ 《ᠨᠢᠭᠡ ᠶᠠᠪᠤᠳᠠᠯ ᠳ᠋ᠤ ᠨᠢᠭᠡ ᠵᠠᠬᠢᠳᠠᠯ ᠢᠯᠡᠭᠡᠬᠦ᠌》 ᠬᠠᠷᠢᠭᠤ ᠲᠤᠰᠭᠠᠬᠤ ᠲᠣᠭ᠍ᠲᠠᠴᠠ ᠵᠢ ᠬᠡᠷᠡᠭ᠌ᠵᠢᠭᠦᠯᠵᠦ᠍ ᠂ ᠰᠠᠨᠠᠯ ᠵᠥᠪᠯᠡᠯᠭᠡ ᠰᠠᠨᠠᠭᠤᠯᠭ᠎ᠠ ᠵᠢ ᠱᠢᠢᠳᠪᠦᠷᠢᠯᠡᠬᠦ᠌ ᠳ᠋ᠤ ᠦᠷ᠎ᠡ ᠳ᠋ᠦᠩ ᠢ᠋ ᠴᠢᠬᠤᠯᠠᠴᠢᠯᠠᠬᠤ ᠮᠥᠷᠲᠡᠭᠡᠨ ᠶᠠᠪᠤᠴᠠ ᠵᠢ ᠴᠤ᠌ ᠴᠢᠬᠤᠯᠠᠴᠢᠯᠠᠬᠤ ᠵᠢ ᠪᠡᠶᠡᠯᠡᠭᠦᠯᠪᠡ᠃ ᠲᠥᠯᠥᠭᠡᠯᠡᠭ᠌ᠴᠢᠳ ᠤ᠋ᠨ ᠳᠤᠷᠠᠳᠤᠭ᠍ᠰᠠᠨ ᠪᠤᠢ ᠪᠦᠬᠦᠢ ᠰᠠᠨᠠᠯ ᠵᠥᠪᠯᠡᠯᠭᠡ ᠵᠢ ᠲᠤᠰᠭᠠᠶ ᠵᠦᠪᠯᠡᠯ ᠳ᠋ᠤ ᠲᠤᠱᠢᠶᠠᠨ ᠥᠭ᠌ᠴᠦ ᠬᠢᠨᠠᠨ ᠶᠠᠷᠢᠯᠴᠠᠭᠤᠯᠵᠤ ᠂ ᠪᠠᠢᠩᠭᠤ ᠵᠢᠨ ᠬᠤᠷᠢᠶ᠎ᠠ ᠵᠢᠯ ᠪᠦᠷᠢ ᠲᠥᠯᠥᠭᠡᠯᠡᠭ᠌ᠴᠢᠳ ᠤ᠋ᠨ ᠰᠠᠨᠠᠯ ᠵᠥᠪᠯᠡᠯᠭᠡ ᠵᠢ ᠬᠢᠨᠠᠨ ᠶᠠᠷᠢᠯᠴᠠᠭ᠍ᠰᠠᠨ ᠦᠷ᠎ᠡ ᠳ᠋ᠦᠩ ᠤ᠋ᠨ ᠲᠤᠬᠠᠶ ᠮᠡᠳᠡᠭᠦᠯᠦᠯᠲᠡ ᠵᠢ ᠰᠣᠨᠣᠰᠤᠨ ᠬᠢᠨᠠᠨ ᠶᠠᠷᠢᠯᠴᠠᠵᠤ ᠂ ᠠᠵᠤ ᠠᠬᠤᠶ ᠨᠡᠢᠭᠡᠮ ᠤ᠋ᠨ ᠬᠥᠭ᠌ᠵᠢᠯᠲᠡ ᠳ᠋ᠤ ᠪᠠᠴᠢᠮ ᠱᠠᠭᠠᠷᠳᠠᠭ᠍ᠳᠠᠵᠤ ᠪᠠᠢᠭ᠎ᠠ ᠨᠢᠭᠡ ᠪᠦᠯᠦᠭ ᠴᠢᠬᠤᠯᠠ ᠬᠠᠤᠯᠢ ᠴᠠᠭᠠᠵᠠ ᠵᠢ ᠵᠠᠯᠭᠠᠭ᠎ᠠ ᠪᠡᠷ ᠨᠡᠢᠲᠡᠯᠡᠬᠦ᠌ ᠵᠢ ᠠᠬᠢᠭᠤᠯᠪᠠ ᠃ ᠲᠥᠯᠥᠭᠡᠯᠡᠭ᠌ᠴᠢᠳ ᠤ᠋ᠨ ᠬᠤᠷᠠᠯ ᠤ᠋ᠨ ᠬᠤᠭᠤᠴᠠᠭᠠᠨ ᠳ᠋ᠤ ᠪᠠ ᠬᠤᠷᠠᠯ ᠲᠡᠭᠦᠰᠦᠭ᠌ᠰᠡᠨ ᠤ᠋ ᠳᠠᠷᠠᠭ᠎ᠠ ᠳᠤᠷᠠᠳᠤᠭ᠍ᠰᠠᠨ ᠰᠠᠨᠠᠭᠤᠯᠭ᠎ᠠ ᠵᠢ ᠱᠢᠢᠳᠪᠦᠷᠢᠯᠡᠭ᠌ᠰᠡᠨ ᠪᠠᠢᠳᠠᠯ ᠳ᠋ᠤ ᠪᠤᠯ᠂ ᠰᠠᠨᠠᠭᠤᠯᠭ᠎ᠠ ᠪᠣᠯᠭᠠᠨ ᠳ᠋ᠤ ᠬᠠᠷᠢᠭᠤ ᠦᠭ᠌ᠬᠦ ᠵᠢ ᠪᠡᠶᠡᠯᠡᠬᠦᠯᠵᠤ ᠂ ᠰᠠᠨᠠᠭᠤᠯᠭ᠎ᠠ ᠳ᠋ᠤ ᠳᠤᠷᠠᠳᠤᠭ᠍ᠰᠠᠨ ᠠᠰᠠᠭᠤᠳᠠᠯ ᠤ᠋ᠨ 74% ᠵᠢ ᠱᠢᠢᠳᠪᠦᠷᠢᠯᠡᠭ᠌ᠰᠡᠨ ᠪᠤᠶᠤ ᠶᠠᠭ ᠱᠢᠢᠳᠪᠦᠷᠢᠯᠡᠵᠦ᠍ ᠪᠠᠢᠨ᠎ᠠ ᠃
(ᠬᠤᠶᠠᠷ) ᠲᠥᠯᠥᠭᠡᠯᠡᠭ᠌ᠴᠢᠳ ᠤ᠋ᠨ ᠪᠠᠢᠩᠭᠤ ᠵᠢᠨ ᠬᠣᠷᠢᠶ᠎ᠠ ᠵᠢᠨ ᠠᠵᠢᠯ ᠳ᠋ᠤ ᠣᠷᠣᠯᠴᠠᠬᠤ ᠵᠢ ᠲᠡᠮᠵᠢᠪᠡ᠃ ᠲᠥᠯᠥᠭᠡᠯᠡᠭ᠌ᠴᠢ ᠵᠢ 1026 ᠬᠥᠮᠦᠨ ᠤᠳᠠᠭ᠎ᠠ ᠤᠷᠢᠵᠤ ᠪᠠᠢᠩᠭᠤ ᠵᠢᠨ ᠬᠣᠷᠢᠶ᠎ᠠ ᠵᠢᠨ ᠬᠤᠷᠠᠯᠳᠤᠭᠠᠨ ᠳ᠋ᠤ ᠰᠤᠯᠠ ᠣᠷᠣᠯᠴᠠᠭᠤᠯᠤᠨ ᠂ ᠦᠨᠳᠦᠰᠦᠨ ᠱᠠᠲᠤᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ ᠵᠢ ᠲᠤᠱᠢᠶᠠᠯ ᠤ᠋ᠨ ᠬᠤᠭᠤᠴᠠᠭᠠᠨ ᠳ᠋ᠤᠨᠢ ᠨᠢᠭᠡ ᠤᠳᠠᠭ᠎ᠠ ᠪᠠᠢᠩᠭᠤ ᠵᠢᠨ ᠬᠣᠷᠢᠶ᠎ᠠ ᠵᠢᠨ ᠬᠤᠷᠠᠯᠳᠤᠭᠠᠨ ᠳ᠋ᠤ ᠰᠤᠯᠠ ᠣᠷᠣᠯᠴᠠᠭᠤᠯᠬᠤ ᠵᠢ ᠦᠨᠳᠦᠰᠦᠨ᠎ᠳᠡᠭᠡᠨ ᠪᠡᠶᠡᠯᠡᠭᠦᠯᠪᠡ ᠃ ᠪᠠᠢᠩᠭᠤ ᠵᠢᠨ ᠬᠣᠷᠢᠶ᠎ᠠ ᠵᠢᠨ ᠬᠤᠷᠠᠯ ᠤ᠋ᠨ ᠬᠤᠭᠤᠴᠠᠭᠠᠨ ᠳ᠋ᠤ ᠰᠤᠯᠠ ᠣᠷᠣᠯᠴᠠᠬ᠍ᠰᠠᠨ ᠲᠥᠯᠥᠭᠡᠯᠡᠭ᠌ᠴᠢᠳ ᠤ᠋ᠨ ᠶᠠᠷᠢᠯᠴᠠᠬᠤ ᠬᠤᠷᠠᠯ ᠬᠤᠷᠠᠯᠳᠤᠭᠤᠯᠬᠤ ᠲᠣᠭ᠍ᠲᠠᠴᠠ ᠵᠢ ᠪᠠᠢᠭᠤᠯᠵᠤ᠂ 17 ᠤᠳᠠᠭᠠᠨ ᠤ᠋ ᠶᠠᠷᠢᠯᠴᠠᠬᠤ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠵᠤ ᠂ ᠲᠥᠯᠥᠭᠡᠯᠡᠭ᠌ᠴᠢᠳ 770 ᠬᠥᠮᠦᠨ ᠤᠳᠠᠭ᠎ᠠ ᠣᠷᠣᠯᠴᠠᠵᠤ ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠠᠵᠢᠯ ᠂ ᠠᠷᠠᠳᠴᠢᠯᠠᠯ ᠬᠠᠤᠯᠢ ᠪᠡᠷ ᠵᠠᠰᠠᠬᠤ ᠪᠠᠢᠭᠤᠯᠤᠯᠲᠠ᠂ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠡᠷᠭᠡ ᠲᠠᠯ᠎ᠠ ᠪᠡᠷ ᠰᠠᠨᠠᠯ ᠰᠠᠨᠠᠭᠤᠯᠭ᠎ᠠ ᠳᠤᠷᠠᠳᠪᠠ ᠃ ᠲᠥᠯᠥᠭᠡᠯᠡᠭ᠌ᠴᠢᠳ ᠤ᠋ᠨ ᠶᠡᠭᠡ ᠬᠤᠷᠠᠯ ᠳ᠋ᠤ ᠬᠢᠨᠠᠨ ᠶᠠᠷᠢᠯᠴᠠᠭᠤᠯᠬᠤ ᠪᠡᠷ ᠳᠡᠪᠱᠢᠭᠦᠯᠦᠭ᠌ᠰᠡᠨ ᠦᠨᠳᠦᠰᠦᠨ ᠬᠠᠤᠯᠢ ᠳ᠋ᠤ ᠵᠠᠰᠠᠪᠤᠷᠢ ᠣᠷᠣᠭᠤᠯᠬᠤ ᠲᠥᠰᠥᠯ ᠤ᠋ᠨ ᠲᠥᠰᠦᠯ ᠪᠠ ᠬᠢᠨᠠᠨ ᠪᠠᠢᠴᠠᠭᠠᠬᠤ ᠬᠠᠤᠯᠢ ᠂ ᠭᠠᠳᠠᠭᠠᠳᠤ ᠵᠢᠨ ᠬᠤᠳᠠᠯᠳᠤᠭᠠᠴᠢᠨ ᠤ᠋ ᠪᠡᠯᠡ ᠣᠷᠣᠭᠤᠯᠤᠯᠲᠠ ᠵᠢᠨ ᠬᠠᠤᠯᠢ ᠂ ᠢᠷᠭᠡᠨ ᠤ᠋ ᠬᠠᠤᠯᠢ ᠵᠢᠨ ᠪᠢᠴᠢᠭ ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠵᠣᠬᠢᠶᠠᠨ ᠪᠠᠢᠭᠤᠯᠬᠤ ᠬᠠᠤᠯᠢ ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠬᠡᠷᠡᠭ ᠵᠥᠪᠯᠡᠬᠦ᠌ ᠳᠦᠷᠢᠮ ᠂ ᠣᠷᠣᠨ ᠨᠤᠲᠤᠭ ᠤ᠋ᠨ ᠵᠣᠬᠢᠶᠠᠨ ᠪᠠᠢᠭᠤᠯᠬᠤ ᠬᠠᠤᠯᠢ ᠂ ᠬᠠᠤᠯᠢ ᠲᠣᠭ᠍ᠲᠠᠭᠠᠬᠤ ᠬᠠᠤᠯᠢ ᠵᠡᠷᠭᠡ ᠬᠠᠤᠯᠢ ᠴᠠᠭᠠᠵᠠ ᠵᠢᠨ ᠲᠥᠰᠦᠯ ᠢ᠋ ᠴᠦᠮ ᠲᠥᠯᠥᠭᠡᠯᠡᠭ᠌ᠴᠢᠳ ᠢ᠋ ᠤᠷᠢᠳᠴᠢᠯᠠᠨ ᠵᠣᠬᠢᠶᠠᠨ ᠪᠠᠢᠭᠤᠯᠵᠤ ᠪᠠᠢᠭᠠᠳ ᠰᠤᠳᠤᠯᠤᠨ ᠶᠠᠷᠢᠯᠴᠠᠭᠤᠯᠪᠠ ᠃ ᠪᠠᠢᠩᠭᠤ ᠵᠢᠨ ᠬᠣᠷᠢᠶ᠎ᠠ ᠵᠢᠨ ᠬᠤᠷᠠᠯ ᠡᠴᠡ ᠬᠢᠨᠠᠨ ᠶᠠᠷᠢᠯᠴᠠᠭ᠍ᠰᠠᠨ 36 ᠬᠠᠤᠯᠢ ᠴᠠᠭᠠᠵᠠ ᠵᠢᠨ ᠲᠥᠰᠦᠯ ᠳ᠋ᠤ ᠬᠤᠯᠪᠣᠭ᠍ᠳᠠᠯ ᠪᠦᠬᠦᠢ ᠬᠦᠷᠢᠶᠡᠨ ᠤ᠋ ᠪᠤᠶᠤ ᠬᠤᠯᠪᠣᠭ᠍ᠳᠠᠯ ᠪᠦᠬᠦᠢ ᠲᠤᠰᠭᠠᠶ ᠮᠡᠷᠭᠡᠵᠢᠯ ᠤ᠋ᠨ ᠠᠬᠤᠶ ᠨᠦᠬᠦᠴᠡᠯ ᠲᠠᠢ ᠲᠥᠯᠥᠭᠡᠯᠡᠭ᠌ᠴᠢ ᠵᠢᠨ ᠰᠠᠨᠠᠯ ᠰᠠᠨᠠᠭᠤᠯᠭ᠎ᠠ ᠵᠢ ᠤᠷᠢᠳᠴᠢᠯᠠᠨ ᠬᠤᠷᠢᠶᠠᠪᠠ ᠃ ᠲᠦᠯᠦᠭᠡᠯᠡᠭ᠌ᠴᠢᠳ ᠬᠠᠤᠯᠢ ᠲᠣᠭ᠍ᠲᠠᠭᠠᠯᠲᠠ ᠵᠢᠨ ᠪᠠᠢᠴᠠᠭᠠᠨ ᠰᠤᠳᠤᠯᠤᠯᠲᠠ ᠬᠢᠬᠦ᠂ ᠲᠤᠭᠤᠷᠪᠢᠬᠤ ᠂ ᠨᠤᠲᠠᠯᠠᠬᠤ ᠂ ᠦᠨᠡᠯᠡᠨ ᠵᠢᠱ᠌ᠢᠬᠦ᠌ ᠠᠵᠢᠯ ᠳ᠋ᠤ 400 ᠭᠠᠷᠤᠶ ᠬᠥᠮᠦᠨ ᠤᠳᠠᠭ᠎ᠠ ᠣᠷᠣᠯᠴᠠᠵᠤ ᠂ ᠬᠠᠤᠯᠢ ᠬᠡᠷᠡᠭ᠌ᠵᠢᠭᠦᠯᠦᠯᠲᠡ ᠵᠢᠨ ᠪᠠᠢᠴᠠᠭᠠᠯᠲᠠ᠂ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠂ ᠲᠥᠯᠥᠪᠯᠡᠭᠡ ᠪᠠ ᠲᠥᠰᠦᠪ ᠢ᠋ ᠬᠢᠨᠠᠨ ᠪᠠᠢᠴᠠᠭᠠᠵᠤ ᠬᠢᠨᠠᠯᠲᠠ ᠲᠠᠯᠪᠢᠬᠤ᠂ ᠤᠯᠤᠰ ᠤ᠋ᠨ ᠥᠮᠴᠢᠯᠡᠯ ᠤ᠋ᠨ ᠡᠳ᠋ ᠬᠦᠷᠦᠩᠭᠡ ᠵᠢᠨ ᠬᠠᠮᠢᠶᠠᠷᠤᠯᠲᠠ ᠵᠢᠨ ᠪᠠᠢᠳᠠᠯ ᠳ᠋ᠤ ᠬᠢᠨᠠᠯᠲᠠ ᠲᠠᠯᠪᠢᠬᠤ ᠵᠡᠷᠭᠡ ᠠᠵᠢᠯ ᠳ᠋ᠤ 2000 ᠭᠠᠷᠤᠶ ᠬᠥᠮᠦᠨ ᠤᠳᠠᠭ᠎ᠠ ᠣᠷᠣᠯᠴᠠᠪᠠ᠃
(ᠭᠤᠷᠪᠠ) ᠪᠠᠢᠩᠭᠤ ᠵᠢᠨ ᠬᠤᠷᠢᠶ᠎ᠠ ᠲᠥᠯᠥᠭᠡᠯᠡᠭ᠌ᠴᠢᠳ ᠲᠠᠢ ᠬᠠᠷᠢᠯᠴᠠᠬᠤ ᠲᠣᠭ᠍ᠲᠠᠴᠠ ᠵᠢ ᠪᠦᠷᠢᠨᠱᠢᠭᠦᠯᠪᠠ ᠃ ᠬᠤᠷᠢᠶᠠᠨ ᠳᠠᠷᠤᠭ᠎ᠠ ᠨᠠᠷ ᠤ᠋ᠨ ᠬᠤᠷᠠᠯ ᠤ᠋ᠨ ᠪᠦᠷᠢᠯᠳᠦᠬᠦᠨ ᠪᠣᠯᠤᠨ ᠪᠠᠢᠩᠭᠤ ᠵᠢᠨ ᠬᠣᠷᠢᠶ᠎ᠠ ᠵᠢᠨ ᠭᠡᠱᠢᠭᠦᠨ 432 ᠲᠥᠯᠥᠭᠡᠯᠡᠭ᠌ᠴᠢ ᠲᠠᠢ ᠱᠢᠭᠤᠳ ᠬᠠᠷᠢᠯᠴᠠᠵᠤ᠂ ᠲᠤᠰᠭᠠᠶ ᠵᠦᠪᠯᠡᠯ᠂ ᠠᠵᠢᠯ ᠤ᠋ᠨ ᠵᠦᠪᠯᠡᠯ ᠡᠴᠡ ᠬᠤᠯᠪᠤᠭ᠍ᠳᠠᠯ ᠪᠦᠬᠦᠢ ᠬᠦᠷᠢᠶᠡᠨ ᠤ᠋᠂ ᠬᠤᠯᠪᠤᠭ᠍ᠳᠠᠯ ᠪᠦᠬᠦᠢ ᠲᠤᠰᠭᠠᠶ ᠮᠡᠷᠭᠡᠵᠢᠯ ᠤ᠋ᠨ ᠮᠡᠳᠡᠯᠭᠡ ᠲᠠᠢ ᠲᠥᠯᠥᠭᠡᠯᠡᠭ᠌ᠴᠢᠳ ᠲᠠᠢ ᠬᠠᠷᠢᠯᠴᠠᠬᠤ ᠠᠵᠢᠯ ᠤ᠋ᠨ ᠲᠣᠭ᠍ᠲᠠᠴᠠ ᠵᠢ ᠪᠦᠷᠢᠯᠳᠦᠭᠦᠯᠵᠦ᠍ ᠂ ᠶᠠᠷᠢᠯᠴᠠᠬᠤ ᠂ ᠰᠤᠷᠪᠤᠯᠵᠢᠯᠠᠬᠤ ᠂ ᠤᠲᠠᠰᠤ ᠪᠡᠷ ᠶᠠᠷᠢᠯᠴᠠᠬᠤ ᠂ ᠢᠮᠧᠯ ᠂ ᠸᠢᠴᠠᠲ ᠢ᠋ᠢᠡᠷ ᠬᠠᠷᠢᠯᠴᠠᠬᠤ ᠂ ᠤᠷᠢᠵᠤ ᠪᠠᠢᠴᠠᠭᠠᠨ ᠰᠤᠳᠤᠯᠤᠯᠲᠠ ᠳ᠋ᠤ ᠤᠷᠤᠯᠴᠠᠭᠤᠯᠬᠤ ᠵᠡᠷᠭᠡ ᠣᠯᠠᠨ ᠵᠦᠢᠯ ᠤ᠋ᠨ ᠠᠷᠭ᠎ᠠ ᠮᠠᠶᠢᠭ ᠢ᠋ᠢᠡᠷ ᠳᠠᠮᠵᠢᠭᠤᠯᠤᠨ ᠂ ᠲᠥᠯᠥᠭᠡᠯᠡᠭ᠌ᠴᠢᠳᠯᠦᠭᠡ ᠵᠢᠨ ᠪᠠᠢᠩᠭᠤ ᠵᠢᠨ ᠴᠢᠨᠠᠷᠲᠠᠶ ᠬᠠᠷᠢᠯᠴᠠᠭ᠎ᠠ ᠪᠠᠨ ᠴᠢᠩᠭᠠᠳᠭᠠᠵᠤ ᠂ ᠬᠠᠷᠢᠯᠴᠠᠬᠤ ᠠᠵᠢᠯ ᠢ᠋ ᠦᠨᠳᠦᠰᠦᠨ ᠱᠠᠲᠤᠨ ᠤ᠋ ᠨᠢᠭᠡᠳᠦᠭᠡᠷ ᠹᠷᠣᠨᠲ ᠤ᠋ᠨ ᠲᠦᠯᠦᠭᠡᠯᠡᠭ᠌ᠴᠢ ᠪᠠ ᠲᠤᠰᠭᠠᠶ ᠮᠡᠷᠭᠡᠵᠢᠯ ᠤ᠋ᠨ ᠬᠥᠮᠦᠰ ᠤ᠋ᠨ ᠲᠥᠯᠥᠭᠡᠯᠡᠭ᠌ᠴᠢ ᠳ᠋ᠤ ᠪᠦᠷᠬᠦᠬᠦᠯᠬᠦ ᠂ ᠪᠠᠢᠩᠭᠤ ᠵᠢᠨ ᠬᠣᠷᠢᠶ᠎ᠠ ᠵᠢᠨ ᠡᠯ᠎ᠡ ᠵᠦᠢᠯ ᠤ᠋ᠨ ᠠᠵᠢᠯ ᠳ᠋ᠤ ᠪᠦᠷᠬᠦᠬᠦᠯᠬᠦ᠌ ᠵᠢ ᠪᠡᠶᠡᠯᠡᠭᠦᠯᠪᠡ ᠃
(ᠲᠦᠷᠪᠡ) ᠲᠥᠯᠥᠭᠡᠯᠡᠭ᠌ᠴᠢᠳ ᠤ᠋ᠨ ᠠᠷᠠᠳ ᠤᠯᠠᠨ ᠲᠠᠢ ᠨᠢᠭ᠍ᠲᠠ ᠬᠠᠷᠢᠯᠴᠠᠬᠤ ᠵᠢ ᠠᠬᠢᠭᠤᠯᠪᠠ ᠃ ᠲᠥᠯᠥᠭᠡᠯᠡᠭ᠌ᠴᠢᠳ ᠢ᠋ 8389 ᠬᠥᠮᠦᠨ ᠤᠳᠠᠭ᠎ᠠ ᠵᠣᠬᠢᠶᠠᠨ ᠪᠠᠢᠭᠤᠯᠤᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠪᠠ ᠲᠥᠪᠯᠡᠷᠡᠩᠬᠦᠢ ᠲᠤᠭᠤᠷᠢᠨ ᠪᠠᠢᠴᠠᠭᠠᠯᠲᠠ ᠥᠷᠨᠢᠭᠦᠯᠵᠦ᠍ ᠂ 497 ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠵᠢᠨ ᠮᠡᠳᠡᠭᠦᠯᠦᠯᠲᠡ ᠵᠢ ᠪᠤᠢ ᠪᠣᠯᠭᠠᠪᠠ᠃ ᠲᠥᠯᠥᠭᠡᠯᠡᠭ᠌ᠴᠢᠳ ᠤ᠋ᠨ ᠤᠤᠯ ᠰᠤᠩᠭᠤᠭᠤᠯᠢ ᠵᠢᠨ ᠨᠢᠭᠡᠴᠢ ᠵᠢ ᠠᠯᠤᠰᠯᠠᠨ ᠪᠠᠢᠴᠠᠭᠠᠨ ᠰᠤᠳᠤᠯᠤᠯᠲᠠ ᠪᠠ ᠲᠤᠭᠤᠷᠢᠨ ᠪᠠᠢᠴᠠᠭᠠᠯᠲᠠ ᠬᠢᠬᠦ᠌ ᠵᠢ ᠡᠮᠬᠢ ᠵᠢᠷᠤᠮ ᠲᠠᠢ ᠪᠡᠷ ᠥᠷᠨᠢᠭᠦᠯᠵᠦ᠍ ᠵᠢᠷᠤᠮᠵᠢᠭᠤᠯᠪᠠ᠃ ᠱᠢᠶᠠᠩᠭᠠᠩ᠂ ᠣᠣᠮᠧᠨ᠂ ᠲᠠᠢᠸᠠᠨ ᠂ ᠴᠢᠯᠥᠭᠡᠯᠡᠬᠦ᠌ ᠴᠡᠷᠢᠭ ᠪᠠ ᠵᠡᠪᠰᠡᠭ᠌ᠲᠦ ᠴᠠᠭ᠍ᠳᠠᠭ᠎ᠠ ᠵᠢᠨ ᠴᠡᠷᠢᠭ ᠠᠩᠭᠢ ᠵᠢᠨ ᠲᠥᠯᠥᠭᠡᠯᠡᠭ᠌ᠴᠢᠳ ᠢ᠋ ᠵᠣᠬᠢᠶᠠᠨ ᠪᠠᠢᠭᠤᠯᠤᠨ ᠬᠤᠯᠪᠣᠭ᠍ᠳᠠᠯ ᠪᠦᠬᠦᠢ ᠮᠣᠵᠢ (ᠣᠷᠣᠨ ᠂ ᠬᠤᠲᠠ) ᠳ᠋ᠦ ᠣᠴᠢᠭᠤᠯᠤᠨ ᠪᠠᠢᠴᠠᠭᠠᠨ ᠰᠤᠳᠤᠯᠤᠯᠲᠠ ᠪᠠ ᠲᠤᠭᠤᠷᠢᠨ ᠪᠠᠢᠴᠠᠭᠠᠯᠲᠠ ᠥᠷᠨᠢᠭᠦᠯᠪᠡ᠃ ᠱᠢᠶᠠᠩᠭᠠᠩ ᠤ᠋ᠨ ᠲᠥᠯᠥᠭᠡᠯᠡᠭ᠌ᠴᠢᠳ ᠢ᠋ ᠵᠣᠬᠢᠶᠠᠨ ᠪᠠᠢᠭᠤᠯᠵᠤ ᠸᠢᠳᠢᠤ᠋ ᠪᠡᠷ ᠱᠢᠨᠵᠢᠶᠠᠩ ᠤ᠋ᠨ ᠤᠢ᠍ᠢᠭᠤᠷ ᠤ᠋ᠨ ᠦᠪᠡᠷᠲᠡᠭᠡᠨ ᠵᠠᠰᠠᠬᠤ ᠤᠷᠤᠨ ᠳ᠋ᠤ ᠲᠤᠭᠤᠷᠢᠨ ᠪᠠᠢᠴᠠᠭᠠᠯᠲᠠ ᠬᠢᠯᠭᠡᠪᠡ᠃ ᠲᠥᠯᠥᠭᠡᠯᠡᠭ᠌ᠴᠢᠳ ᠤ᠋ᠨ 《ᠵᠠᠰᠠᠭ ᠤ᠋ᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ》 ᠵᠢᠨ ᠠᠵᠢᠯᠯᠠᠭ᠎ᠠ ᠳ᠋ᠤ ᠣᠷᠣᠯᠴᠠᠬᠤ ᠵᠢᠷᠤᠮ ᠢ᠋ ᠵᠢᠷᠤᠮᠵᠢᠭᠤᠯᠵᠤ᠂ ᠲᠥᠯᠥᠭᠡᠯᠡᠭ᠌ᠴᠢ ᠵᠢᠨ ᠲᠤᠱᠢᠶᠠᠯ ᠬᠠᠷᠢᠭᠤᠴᠠᠯᠭ᠎ᠠ ᠵᠢ ᠦᠨᠳᠦᠰᠦᠯᠡᠨ᠂ ᠲᠥᠯᠥᠭᠡᠯᠡᠭ᠌ᠴᠢᠳ ᠢ᠋ ᠲᠦᠷᠦ᠍ ᠵᠢᠨ ᠶᠠᠪᠤᠳᠠᠯ ᠤ᠋ᠨ ᠬᠤᠷᠢᠶ᠎ᠠ ᠵᠢᠴᠢ ᠲᠡᠭᠦᠨ ᠤ᠋ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠂ ᠠᠷᠠᠳ ᠤ᠋ᠨ ᠳᠡᠭᠡᠳᠦ ᠱᠢᠭᠦᠬᠦ᠌ ᠬᠤᠷᠢᠶ᠎ᠠ᠂ ᠠᠷᠠᠳ ᠤ᠋ᠨ ᠳᠡᠭᠡᠳᠦ ᠪᠠᠢᠴᠠᠭᠠᠬᠤ ᠬᠣᠷᠢᠶ᠎ᠠ ᠵᠢᠨ ᠵᠣᠬᠢᠶᠠᠨ ᠪᠠᠢᠭᠤᠯᠤᠭ᠍ᠰᠠᠨ ᠬᠤᠯᠪᠣᠭ᠍ᠳᠠᠯ ᠪᠦᠬᠦᠢ ᠠᠵᠢᠯᠯᠠᠭ᠎ᠠ ᠳ᠋ᠤ 9100 ᠭᠠᠷᠤᠶ ᠬᠥᠮᠦᠨ ᠤᠳᠠᠭ᠎ᠠ ᠣᠷᠣᠯᠴᠠᠭᠤᠯᠵᠤ᠂ ᠣᠨᠴᠠ ᠤᠷᠢᠭ᠍ᠰᠠᠨ ᠬᠢᠨᠠᠨ ᠪᠠᠢᠴᠠᠭᠠᠭ᠍ᠴᠢ ᠂ ᠬᠢᠨᠠᠯᠲᠠ ᠲᠠᠯᠪᠢᠬ᠍ᠴᠢ ᠵᠢᠨ ᠲᠤᠱᠢᠶᠠᠯ ᠢ᠋ ᠲᠦᠯᠦᠭᠡᠯᠡᠭ᠌ᠴᠢᠳ ᠢ᠋ᠢᠡᠷ 240 ᠭᠠᠷᠤᠶ ᠬᠥᠮᠦᠨ ᠤᠳᠠᠭ᠎ᠠ ᠡᠭᠦᠷᠭᠡᠯᠡᠬᠦᠯᠪᠡ᠃ 《ᠲᠥᠯᠥᠭᠡᠯᠡᠭ᠌ᠴᠢᠳ ᠤ᠋ᠨ ᠭᠡᠷ》 ᠂ ᠲᠥᠯᠥᠭᠡᠯᠡᠭ᠌ᠴᠢᠳ ᠤ᠋ᠨ ᠬᠤᠯᠪᠤᠭ᠎ᠠ ᠠᠪᠬᠤ ᠥᠷᠲᠡᠭᠡ ᠵᠢᠨ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢᠳ ᠤ᠋ᠨ ᠤᠢ᠍ᠢᠷ᠎ᠠ ᠬᠠᠪᠢ᠎ᠳᠠᠭᠠᠨ ᠤᠯᠠᠨ ᠲᠦᠮᠡᠨ ᠲᠠᠢ ᠬᠠᠷᠢᠯᠴᠠᠬᠤ ᠠᠵᠢᠯᠯᠠᠭ᠎ᠠ ᠳ᠋ᠤ ᠣᠷᠣᠯᠴᠠᠬᠤ ᠵᠢ ᠵᠤᠷᠢᠬ᠍ᠵᠢᠭᠤᠯᠪᠠ ᠃
(ᠲᠠᠪᠤ) ᠲᠥᠯᠥᠭᠡᠯᠡᠭ᠌ᠴᠢᠳ ᠤ᠋ᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠴᠢᠳᠠᠪᠤᠷᠢ ᠵᠢᠨ ᠪᠠᠢᠭᠤᠯᠤᠯᠲᠠ ᠵᠢ ᠴᠢᠩᠭᠠᠳᠭᠠᠪᠠ ᠃ ᠠᠷᠪᠠᠨ ᠳᠥᠷᠪᠡᠳᠦᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ ᠵᠢ ᠰᠣᠩᠭᠤᠬᠤ ᠠᠵᠢᠯ ᠢ᠋ ᠬᠢᠨᠠᠮᠠᠭᠠᠶ ᠰᠠᠢᠲᠤᠷ ᠬᠢᠵᠦ᠍ ᠂ ᠱᠢᠶᠠᠨ ᠱᠢᠶᠠᠩ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠬᠤᠭᠤᠴᠠᠭ᠎ᠠ ᠰᠣᠯᠢᠬᠤ ᠰᠣᠩᠭᠤᠭᠤᠯᠢ ᠵᠢ ᠵᠢᠯᠣᠭᠤᠳᠴᠤ᠌ ᠂ ᠡᠯ᠎ᠡ ᠱᠠᠲᠤᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ 277 ᠲᠦᠮᠡᠨ ᠲᠥᠯᠥᠭᠡᠯᠡᠭ᠌ᠴᠢ ᠵᠢ ᠬᠠᠤᠯᠢ ᠶᠣᠰᠣᠭᠠᠷ ᠠᠷᠠᠳᠴᠢᠯᠠᠯ ᠢ᠋ᠢᠡᠷ ᠰᠣᠩᠭᠤᠨ ᠭᠠᠷᠭᠠᠵᠤ ᠂ ᠨᠡᠢᠭᠡᠮ ᠵᠢᠷᠤᠮ ᠤ᠋ᠨ ᠠᠷᠠᠳᠴᠢᠯᠠᠯ ᠤ᠋ᠨ ᠠᠷᠠᠳᠴᠢ ᠴᠢᠨᠠᠷ ᠂ ᠥᠷᠭᠡᠨ ᠳᠡᠯᠭᠡᠷᠡᠩᠭᠦᠶ ᠴᠢᠨᠠᠷ ᠪᠣᠯᠤᠨ ᠦᠨᠡᠨ ᠪᠣᠳᠠᠲᠤ ᠴᠢᠨᠠᠷ ᠢ᠋ ᠢᠯᠡᠷᠡᠭᠦᠯᠪᠡ ᠃ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ ᠵᠢᠨ ᠠᠵᠢᠯ ᠢ᠋ ᠴᠢᠩᠭᠠᠳᠭᠠᠨ ᠰᠠᠢᠵᠢᠷᠠᠭᠤᠯᠬᠤ ᠲᠤᠬᠠᠶ 35 ᠵᠤᠷᠪᠤᠰ ᠪᠣᠳᠠᠲᠠᠶ ᠠᠷᠭ᠎ᠠ ᠬᠡᠮᠵᠢᠶ᠎ᠡ ᠵᠢ ᠲᠣᠭ᠍ᠲᠠᠭᠠᠵᠤ ᠂ ᠲᠥᠯᠥᠭᠡᠯᠡᠭ᠌ᠴᠢᠳ ᠲᠠᠢ ᠬᠠᠷᠢᠯᠴᠠᠬᠤ ᠪᠠᠢᠭᠤᠯᠤᠮᠵᠢ ᠵᠢᠨ ᠪᠠᠢᠭᠤᠯᠤᠯᠲᠠ ᠵᠢ ᠴᠢᠩᠭᠠᠳᠭᠠᠵᠤ ᠂ ᠲᠥᠯᠥᠭᠡᠯᠡᠭ᠌ᠴᠢ ᠵᠢᠨ ᠡᠭᠦᠷᠭᠡ ᠲᠤᠱᠢᠶᠠᠯ ᠢ᠋ᠢᠡᠨ ᠭᠦᠢᠴᠡᠳᠭᠡᠬᠦ᠌ ᠳ᠋ᠤ ᠪᠦᠬᠦ᠌ ᠲᠠᠯ᠎ᠠ ᠪᠡᠷ ᠦᠢᠯᠡᠴᠢᠯᠡᠭᠡ ᠪᠠᠲᠤᠯᠠᠭ᠎ᠠ ᠬᠠᠩᠭᠠᠪᠠ ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ 26 ᠬᠤᠭᠤᠴᠠᠭᠠᠨ ᠤ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ ᠵᠢᠨ ᠰᠤᠷᠤᠯᠴᠠᠬᠤ ᠠᠩᠭᠢ ᠡᠷᠬᠢᠯᠡᠵᠦ᠍ ᠂ ᠲᠥᠯᠥᠭᠡᠯᠡᠭ᠌ᠴᠢᠳ ᠰᠤᠷᠤᠯᠴᠠᠯᠭ᠎ᠠ ᠳ᠋ᠤ ᠨᠡᠢᠲᠡ 1.6 ᠲᠦᠮᠡᠨ ᠬᠥᠮᠦᠨ ᠤᠳᠠᠭ᠎ᠠ ᠣᠷᠣᠯᠴᠠᠵᠤ ᠂ ᠱᠢᠨ᠎ᠡ ᠪᠡᠷ ᠲᠣᠮᠢᠯᠠᠭ᠍ᠳᠠᠭ᠍ᠰᠠᠨ ᠦᠨᠳᠦᠰᠦᠨ ᠱᠠᠲᠤᠨ ᠤ᠋ ᠲᠥᠯᠥᠭᠡᠯᠡᠭ᠌ᠴᠢᠳ ᠢ᠋ ᠲᠤᠱᠢᠶᠠᠯ ᠬᠠᠷᠢᠭᠤᠴᠠᠯᠭ᠎ᠠ ᠭᠦᠢᠴᠡᠳᠭᠡᠬᠦ᠌ ᠰᠤᠷᠤᠯᠴᠠᠯᠭ᠎ᠠ ᠳ᠋ᠤ ᠨᠡᠢᠳᠡᠮ ᠣᠷᠤᠯᠴᠠᠭᠤᠯᠬᠤ ᠵᠢ ᠦᠨᠳᠦᠰᠦᠨ᠎ᠳᠡᠭᠡᠨ ᠪᠡᠶᠡᠯᠡᠭᠦᠯᠪᠡ ᠃ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠰᠦᠯᠵᠢᠶᠡᠨ ᠤ᠋ ᠳᠡᠭᠡᠳᠦ ᠰᠤᠷᠭᠠᠭᠤᠯᠢ ᠵᠢ ᠡᠭᠦᠳᠦᠨ ᠪᠠᠢᠭᠤᠯᠵᠤ ᠂ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ 2539 ᠲᠥᠯᠥᠭᠡᠯᠡᠭ᠌ᠴᠢ ᠰᠦᠯᠵᠢᠶᠡᠨ ᠤ᠋ ᠰᠤᠷᠤᠯᠴᠠᠯᠭ᠎ᠠ ᠳ᠋ᠤ ᠣᠷᠣᠯᠴᠠᠪᠠ ᠃
ᠲᠠᠪᠤᠨ ᠵᠢᠯ ᠤ᠋ᠨ ᠲᠤᠷᠰᠢ ᠂ ᠲᠥᠯᠥᠭᠡᠯᠡᠭ᠌ᠴᠢᠳ ᠤ᠋ᠨ ᠠᠵᠢᠯ ᠤ᠋ᠨ ᠦᠢᠯᠡᠳᠦᠯᠭᠡ᠎ᠨᠢ ᠪᠢᠳᠡᠨ ᠤ᠋ ᠶᠡᠷᠦᠩᠬᠡᠶ ᠱᠦᠵᠢ ᠰᠢ ᠵᠢᠨ ᠫᠢᠩ ᠤ᠋ᠨ ᠲᠥᠯᠥᠭᠡᠯᠡᠭ᠌ᠴᠢᠳ ᠤ᠋ᠨ ᠠᠵᠢᠯ ᠤ᠋ᠨ ᠲᠤᠬᠠᠢ ᠴᠢᠬᠤᠯᠠ ᠦᠭᠦᠯᠡᠯᠲᠡ ᠵᠢᠨ ᠲᠠᠨᠢᠯᠲᠠ ᠵᠢ ᠭᠦᠨᠵᠡᠭᠡᠢᠷᠡᠭᠦᠯᠪᠡ ᠃ 《ᠬᠤᠶᠠᠷ ᠬᠠᠷᠢᠯᠴᠠᠭ᠎ᠠ ᠵᠢ ᠨᠢᠭ᠍ᠲᠠᠷᠠᠭᠤᠯᠬᠤ》 ᠨᠢ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠲᠦᠷᠦ᠍ ᠵᠢᠨ ᠱᠢᠨᠵᠢ ᠴᠢᠨᠠᠷ ᠪᠠ ᠪᠦᠬᠦ᠌ ᠶᠠᠪᠤᠴᠠ ᠵᠢᠨ ᠠᠷᠠᠳ ᠤ᠋ᠨ ᠠᠷᠠᠳᠴᠢᠯᠠᠯ ᠤ᠋ᠨ ᠪᠠᠢᠭᠤᠯᠤᠯ ᠤ᠋ᠨ ᠳᠠᠪᠠᠭᠤᠯᠢᠭ ᠢ᠋ ᠢᠯᠡᠷᠡᠭᠦᠯᠵᠤ ᠂ ᠲᠥᠯᠥᠭᠡᠯᠡᠭ᠌ᠴᠢᠳ ᠤ᠋ᠨ ᠠᠵᠢᠯ ᠤ᠋ᠨ ᠦᠨᠳᠦᠰᠦᠨ ᠵᠣᠷᠢᠯᠭ᠎ᠠ ᠂ ᠳᠣᠲᠣᠭᠠᠳᠤ ᠱᠠᠭᠠᠷᠳᠠᠯᠭ᠎ᠠ ᠪᠠ ᠠᠵᠢᠯ ᠤ᠋ᠨ ᠵᠢᠮ᠎ᠡ ᠶᠣᠰᠣ ᠵᠢ ᠭᠦᠨᠵᠡᠭᠡᠶ ᠢᠯᠡᠷᠡᠭᠦᠯᠪᠡ ᠃ ᠪᠢᠳᠡ 《ᠬᠤᠶᠠᠷ ᠬᠠᠷᠢᠯᠴᠠᠭ᠎ᠠ ᠵᠢ ᠨᠢᠭ᠍ᠲᠠᠷᠠᠭᠤᠯᠬᠤ》 ᠵᠢ ᠬᠢᠨᠠᠮᠠᠭᠠᠶ ᠨᠠᠢᠳᠠᠪᠤᠷᠢᠵᠢᠭᠤᠯᠵᠤ ᠂ ᠲᠥᠯᠥᠭᠡᠯᠡᠭ᠌ᠴᠢᠳ ᠢ᠋ ᠨᠠᠮ ᠪᠠ ᠤᠯᠤᠰ ᠣᠷᠣᠨ ᠤ᠋ ᠠᠷᠠᠳ ᠤᠯᠠᠨ ᠲᠠᠢ ᠨᠠᠩ ᠰᠠᠢᠨ ᠬᠠᠷᠢᠯᠴᠠᠬᠤ ᠴᠢᠬᠤᠯᠠ ᠬᠥᠭᠦᠷᠭᠡ ᠪᠠ ᠠᠷᠭ᠎ᠠ ᠵᠠᠮ ᠪᠣᠯᠭᠠᠪᠠ᠃ ᠲᠤᠰ ᠬᠤᠭᠤᠴᠠᠭᠠᠨ ᠤ᠋ ᠲᠤᠷᠰᠢ ᠂ ᠲᠥᠯᠥᠭᠡᠯᠡᠭ᠌ᠴᠢᠳ ᠤ᠋ᠨ ᠡᠭᠦᠷᠭᠡ ᠲᠤᠱᠢᠶᠠᠯ ᠢ᠋ᠢᠡᠨ ᠭᠦᠢᠴᠡᠳᠭᠡᠬᠦ᠌ ᠤᠬᠠᠮᠰᠠᠷ ᠨᠡᠩ ᠴᠢᠩᠭ᠎ᠠ ᠪᠣᠯᠪᠠ᠃ ᠲᠥᠯᠥᠭᠡᠯᠡᠭ᠌ᠴᠢᠳ ᠤ᠋ᠨ ᠶᠡᠭᠡ ᠬᠤᠷᠠᠯ ᠳ᠋ᠤ ᠣᠷᠣᠯᠴᠠᠬᠤ ᠂ ᠰᠠᠨᠠᠯ ᠵᠥᠪᠯᠡᠯᠭᠡ ᠰᠠᠨᠠᠭᠤᠯᠭ᠎ᠠ ᠳᠤᠷᠠᠳᠭᠤ᠂ ᠪᠠᠢᠩᠭᠤ ᠵᠢᠨ ᠬᠤᠷᠢᠶ᠎ᠠ ᠪᠠ ᠲᠤᠰᠭᠠᠶ ᠵᠦᠪᠯᠡᠯ ᠂ ᠠᠵᠢᠯ ᠤ᠋ᠨ ᠵᠦᠪᠯᠡᠯ ᠤ᠋ᠨ ᠠᠵᠢᠯ ᠳ᠋ᠤ ᠣᠷᠣᠯᠴᠠᠬᠤ᠂ ᠪᠠᠢᠴᠠᠭᠠᠨ ᠰᠤᠳᠤᠯᠤᠯᠲᠠ ᠪᠠ ᠲᠤᠭᠤᠷᠢᠨ ᠪᠠᠢᠴᠠᠭᠠᠯᠲᠠ ᠦᠷᠨᠢᠭᠦᠯᠬᠦ᠂ ᠤᠯᠠᠨ ᠲᠦᠮᠡᠨ ᠤ᠋ ᠬᠦᠰᠡᠯ ᠱᠠᠭᠠᠷᠳᠠᠯᠭ᠎ᠠ ᠵᠢ ᠭᠦᠨᠵᠡᠭᠡᠶ ᠤᠢ᠍ᠢᠯᠠᠭᠠᠨ ᠲᠤᠰᠭᠠᠬᠤ ᠪᠡᠷ ᠳᠠᠮᠵᠢᠭᠤᠯᠤᠨ᠂ ᠠᠷᠠᠳ ᠲᠦᠮᠡᠨ ᠢ᠋ ᠲᠥᠯᠥᠭᠡᠯᠡᠨ ᠲᠦᠷᠦ᠍ ᠵᠢᠨ ᠡᠷᠬᠡ ᠵᠢ ᠬᠡᠷᠡᠭ᠌ᠵᠢᠭᠦᠯᠬᠦ᠌ ᠳ᠋ᠤ ᠣᠷᠣᠯᠴᠠᠪᠠ᠃ ᠲᠥᠯᠥᠭᠡᠯᠡᠭ᠌ᠴᠢ ᠵᠢᠨ ᠲᠤᠱᠢᠶᠠᠯ ᠬᠠᠷᠢᠭᠤᠴᠠᠯᠭ᠎ᠠ ᠵᠢᠨ ᠪᠠᠢᠷᠢ ᠲᠣᠭ᠍ᠲᠠᠭᠠᠯᠲᠠ ᠨᠠᠩ ᠣᠨᠣᠪᠴᠢᠲᠠᠶ ᠪᠣᠯᠪᠠ᠃ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ ᠭᠡᠳᠡᠭ᠎ᠨᠢ ᠤᠯᠤᠰ ᠲᠥᠷᠥ ᠵᠢᠨ ᠨᠡᠷ᠎ᠡ ᠲᠦᠷᠦ᠍ ᠪᠢᠰᠢ ᠂ ᠬᠠᠷᠢᠨ ᠴᠢᠬᠤᠯᠠ ᠲᠤᠱᠢᠶᠠᠯ ᠬᠠᠷᠢᠭᠤᠴᠠᠯᠭ᠎ᠠ ᠮᠥᠨ᠂ ᠬᠠᠷᠢᠭᠤᠴᠠᠯᠭ᠎ᠠ ᠡᠭᠦᠷᠭᠡᠯᠡᠵᠦ᠍᠂ ᠠᠮᠵᠢᠯᠲᠠ ᠪᠦᠲᠦᠮᠵᠢ ᠭᠠᠷᠭᠠᠬᠤ ᠬᠡᠷᠡᠭ᠌ᠲᠡᠢ ᠶᠤᠮ᠃ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ ᠵᠢ ᠰᠤᠩᠭᠤᠭᠤᠯᠢ ᠵᠢᠨ ᠠᠷᠠᠳ ᠪᠤᠶᠤ ᠰᠤᠩᠭᠤᠭᠤᠯᠢ ᠵᠢᠨ ᠨᠢᠭᠡᠴᠢ ᠰᠤᠩᠭᠤᠵᠤ ᠪᠣᠢ ᠪᠣᠯᠭᠠᠳᠠᠭ ᠪᠣᠯᠪᠠᠴᠤ᠌ ᠵᠥᠪᠬᠡᠨ ᠰᠣᠩᠭᠤᠭᠤᠯᠢ ᠵᠢᠨ ᠨᠢᠭᠡᠴᠢ ᠵᠢᠨ ᠠᠱᠢᠭ ᠲᠤᠰᠠ ᠵᠢ ᠲᠥᠯᠥᠭᠡᠯᠡᠵᠦ᠍ ᠪᠣᠯᠬᠤ ᠦᠭᠡᠢ ᠂ ᠨᠡᠩ ᠴᠤ᠌ ᠣᠨᠴᠠᠭᠠᠢ ᠠᠱᠢᠭ ᠲᠤᠰᠠ ᠵᠢ ᠲᠥᠯᠥᠭᠡᠯᠡᠵᠦ᠍ ᠪᠣᠯᠬᠤ ᠦᠭᠡᠢ ᠂ ᠬᠠᠷᠢᠨ ᠬᠠᠮᠤᠭ ᠤ᠋ᠨ ᠥᠷᠭᠡᠨ ᠳᠡᠯᠭᠡᠷ ᠠᠷᠠᠳ ᠣᠯᠠᠨ ᠤ᠋ ᠦᠨᠳᠦᠰᠦᠨ ᠠᠱᠢᠭ ᠲᠤᠰᠠ ᠵᠢ ᠲᠥᠯᠥᠭᠡᠯᠡᠵᠦ᠍ ᠪᠠᠢᠭ᠎ᠠ ᠶᠤᠮ ᠂ ᠠᠷᠠᠳ ᠤᠯᠠᠨ ᠤ᠋ ᠰᠡᠳᠭᠢᠯ ᠤ᠋ᠨ ᠳᠠᠭᠤᠨ ᠪᠠ ᠬᠦᠰᠡᠯ ᠰᠠᠨᠠᠭ᠎ᠠ ᠵᠢ ᠲᠤᠰᠭᠠᠵᠤ ᠂ ᠨᠠᠮ ᠤ᠋ᠨ ᠲᠥᠪ ᠬᠣᠷᠢᠶ᠎ᠠ ᠵᠢᠨ ᠴᠢᠬᠤᠯᠠ ᠶᠡᠭᠡ ᠱᠢᠢᠳᠪᠦᠷᠢᠲᠤ ᠪᠤᠳᠤᠯᠭ᠎ᠠ ᠪᠠᠢᠷᠢᠯᠠᠭᠤᠯᠤᠯᠲᠠ ᠵᠢ ᠠᠷᠠᠳ ᠤᠯᠠᠨ ᠤ᠋ ᠳᠤᠮᠳᠠ ᠤᠬᠠᠭᠤᠯᠤᠨ ᠲᠤᠭᠤᠱᠢᠯᠠᠭᠤᠯᠬᠤ ᠬᠡᠷᠡᠭ᠌ᠲᠡᠢ᠃ ᠲᠥᠯᠥᠭᠡᠯᠡᠭ᠌ᠴᠢᠳ ᠦᠢᠯᠡᠳᠦᠯ ᠢ᠋ᠢᠡᠨ ᠨᠡᠩ ᠰᠠᠢᠨ ᠪᠠᠳᠠᠷᠠᠭᠤᠯᠬᠤ ᠪᠤᠯᠪᠠ᠃ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ ᠪᠣᠯ ᠲᠥᠷᠥ ᠵᠢᠨ ᠡᠷᠬᠡᠲᠦ ᠪᠠᠢᠭᠤᠯᠭ᠎ᠠ ᠵᠢᠨ ᠪᠦᠷᠢᠯᠳᠦᠬᠦᠨ ᠮᠥᠨ ᠂ ᠠᠷᠠᠳ ᠲᠦᠮᠡᠨ ᠤ᠋ ᠳᠤᠮᠳᠠ ᠡᠴᠡ ᠢᠷᠡᠵᠦ᠍᠂ ᠠᠷᠠᠳ ᠲᠦᠮᠡᠨ ᠤ᠋ ᠳᠤᠮᠳᠠ ᠦᠨᠳᠦᠰᠦᠯᠡᠳᠡᠭ᠂ 《ᠡᠷᠬᠢᠯᠡᠭ᠌ᠰᠡᠨ》 ᠠᠵᠢᠯ ᠲᠠᠢ ᠮᠥᠷᠲᠡᠭᠡᠨ ᠪᠠᠰᠠ 《ᠲᠤᠱᠢᠶᠠᠯ ᠬᠠᠷᠢᠭᠤᠴᠠᠯᠭ᠎ᠠ》 ᠵᠢᠨ ᠠᠵᠢᠯ ᠲᠠᠢ ᠶᠤᠮ ᠃ ᠲᠥᠯᠥᠭᠡᠯᠡᠭ᠌ᠴᠢ ᠠᠵᠢᠯ ᠤ᠋ᠨ ᠪᠠᠢᠷᠢ᠎ᠳᠠᠭᠠᠨ ᠰᠠᠭᠤᠷᠢᠯᠠᠵᠤ ᠂ ᠬᠦᠨᠳᠦ ᠨᠠᠢᠳᠠᠯᠭ᠎ᠠ ᠵᠢ ᠬᠥᠰᠡᠷᠳᠡᠭᠦᠯᠤᠯ ᠦᠭᠡᠢ᠂ ᠡᠷᠬᠢᠯᠡᠭ᠌ᠰᠡᠨ ᠠᠵᠢᠯ ᠳᠤᠮᠳᠠ ᠪᠠᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢ ᠵᠢᠨ ᠴᠠᠭ ᠦᠶ᠎ᠡ ᠵᠢᠨ ᠴᠤᠭ ᠵᠢᠪᠬᠤᠭ᠎ᠠ ᠵᠢ ᠢᠯᠡᠷᠡᠭᠦᠯᠵᠦ᠍ ᠂ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠶᠠᠪᠤᠴᠠ᠎ᠳᠠᠬᠢ ᠪᠣᠳᠠᠲᠤ ᠠᠵᠢᠯᠯᠠᠭ᠎ᠠ ᠪᠡᠷ ᠢ᠋ᠢᠡᠨ ᠠᠷᠠᠳ ᠲᠦᠮᠡᠨ ᠢ᠋ ᠲᠥᠯᠥᠭᠡᠯᠡᠬᠦ ᠂ ᠠᠷᠠᠳ ᠲᠦᠮᠡᠨ ᠤ᠋ ᠲᠥᠯᠥᠭᠡ ᠵᠢᠳᠬᠦᠬᠦ ᠂ ᠠᠷᠠᠳ ᠲᠦᠮᠡᠨ ᠳ᠋ᠤ ᠦᠢᠯᠡᠴᠢᠯᠡᠬᠦ᠌ ᠢᠷᠠᠭᠤ ᠠᠯᠳᠠᠷᠲᠤ ᠡᠭᠦᠷᠭᠡ ᠪᠠᠨ ᠦᠢᠯᠡᠳᠦᠯᠭᠡᠵᠢᠭᠦᠯᠪᠡ ᠃
ᠲᠠᠪᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ᠎ᠲᠠᠢ ᠶᠠᠪᠤᠯᠴᠠᠬᠤ ᠲᠠᠯ᠎ᠡ᠎ᠪᠠᠷ᠎ᠬᠢ ᠳᠠᠪᠠᠭᠤᠯᠢᠭ᠎ᠢ ᠪᠠᠳᠠᠷᠠᠭᠤᠯᠵᠤ᠂ ᠨᠠᠮ ᠪᠠ ᠤᠯᠤᠰ᠎ᠤᠨ ᠭᠠᠳᠠᠭᠠᠳᠤ ᠬᠠᠷᠢᠯᠴᠠᠭᠠᠨ᠎ᠤ ᠶᠡᠭᠡ ᠲᠠᠯ᠎ᠠ᠎ᠳᠤ ᠦᠢᠯᠡᠴᠢᠯᠡᠪᠡ
ᠰᠢ᠎ᠶ᠋ᠢᠨ ᠫᠢᠩ᠎ᠤᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠤᠯᠤᠰ᠎ᠤᠨ ᠲᠦᠷᠦᠭᠦᠴᠤᠳ᠎ᠤᠨ ᠬᠠᠮᠲᠤ᠎ᠶ᠋ᠢᠨ ᠲᠠᠨᠢᠯᠲᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠯᠤᠰ᠎ᠤᠨ ᠬᠠᠤᠯᠢ ᠲᠣᠭ᠍ᠲᠠᠭᠠᠬᠤ ᠪᠠᠢᠭᠤᠯᠤᠮᠵᠢ᠎ᠶ᠋ᠢᠨ ᠡᠭᠦᠷᠭᠡ ᠴᠢᠳᠠᠪᠤᠷᠢ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠵᠤ᠂ ᠭᠠᠳᠠᠭᠠᠳᠤ ᠬᠠᠷᠢᠯᠴᠠᠭᠠᠨ᠎ᠤ ᠳᠤᠮᠳᠠᠬᠢ ᠳᠠᠪᠠᠭᠤᠯᠢᠭ ᠪᠠ ᠦᠢᠯᠡᠳᠦᠯ ᠴᠢᠳᠠᠪᠤᠷᠢ᠎ᠪᠠᠨ ᠪᠠᠳᠠᠷᠠᠭᠤᠯᠵᠤ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ᠂ ᠤᠯᠤᠰ᠎ᠤᠨ ᠠᠱᠢᠭ ᠲᠤᠰᠠ᠎ᠶ᠋ᠢ ᠬᠠᠮᠠᠭᠠᠯᠠᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ᠌᠎ᠪᠠᠷ ᠴᠢᠷᠮᠠᠢᠪᠠ᠃
(ᠨᠢᠭᠡ) ᠭᠠᠳᠠᠭᠠᠳᠤ ᠤᠯᠤᠰ᠎ᠤᠨ ᠵᠥᠪᠯᠡᠯᠭᠡᠨ᠎ᠤ ᠬᠤᠷᠠᠯ᠎ᠯᠤᠭ᠎ᠠ᠎ᠶ᠋ᠢᠨ ᠬᠤᠶᠠᠷ ᠲᠠᠯᠠᠲᠤ ᠰᠣᠯᠢᠯᠴᠠᠭ᠎ᠠ᠎ᠶ᠋ᠢ ᠴᠢᠩᠭᠠᠳᠭᠠᠪᠠ᠃ 190 ᠤᠷᠴᠢᠮ ᠤᠯᠤᠰ ᠪᠠ ᠭᠠᠵᠠᠷ ᠣᠷᠣᠨ᠎ᠤ ᠵᠥᠪᠯᠡᠯᠭᠡᠨ᠎ᠤ ᠬᠤᠷᠠᠯ᠎ᠲᠠᠢ ᠶᠠᠪᠤᠯᠴᠠᠭ᠎ᠠ ᠪᠠ ᠬᠠᠷᠢᠯᠴᠠᠭ᠎ᠠ᠎ᠪᠠᠨ ᠪᠠᠲᠤᠯᠠᠵᠤ᠂ ᠬᠤᠯᠪᠣᠭ᠍ᠳᠠᠯ ᠪᠦᠬᠦᠢ ᠤᠯᠤᠰ ᠪᠠ ᠤᠯᠠᠨ ᠲᠠᠯᠠᠲᠤ ᠵᠥᠪᠯᠡᠯᠭᠡᠨ᠎ᠤ ᠬᠤᠷᠠᠯ᠎ᠤᠨ ᠵᠣᠬᠢᠶᠠᠨ ᠪᠠᠢᠭᠤᠯᠤᠯᠲᠠ᠎ᠯᠤᠭ᠎ᠠ ᠱᠢᠨ᠎ᠡ᠎ᠪᠠᠷ 11 ᠬᠤᠪᠢ ᠨᠥᠬᠦᠷᠰᠡᠭ ᠬᠠᠮᠲᠤᠷᠠᠯᠴᠠᠭᠠᠨ᠎ᠤ ᠬᠡᠯᠡᠯᠴᠡᠭᠡᠷ ᠲᠤᠭ᠍ᠲᠠᠪᠠ᠃ 111 ᠪᠦᠯᠬᠦᠮ ᠳᠤᠭᠤᠢᠯᠠᠩ᠎ᠢ ᠤᠷᠢᠵᠤ ᠳᠤᠮᠳᠠᠳᠤ ᠤᠯᠤᠰ᠎ᠲᠤ ᠠᠢᠯᠴᠢᠯᠠᠭᠤᠯᠤᠭ᠍ᠰᠠᠨ ᠪᠠ ᠬᠦᠯᠢᠶᠡᠨ ᠠᠪᠴᠦ᠍᠂ 150 ᠪᠦᠯᠬᠦᠮ ᠳᠤᠭᠤᠢᠯᠠᠩ᠎ᠢ ᠵᠤᠬᠢᠶᠠᠨ ᠪᠠᠢᠭᠤᠯᠤᠨ ᠲᠣᠮᠢᠯᠠᠵᠤ ᠭᠠᠳᠠᠭᠠᠳᠤ᠎ᠳᠤ ᠠᠢᠯᠴᠢᠯᠠᠯᠲᠠ ᠬᠢᠯᠭᠡᠪᠡ᠃ ᠬᠢᠵᠢᠭ ᠡᠭᠦᠰᠦᠭ᠌ᠰᠡᠨ᠎ᠤ ᠳᠠᠷᠠᠭ᠎ᠠ᠂ 《ᠡᠭᠦᠯᠡᠨ ᠭᠠᠳᠠᠭᠠᠳᠤ ᠬᠠᠷᠢᠯᠴᠠᠭ᠎ᠠ》 ᠵᠢᠨ ᠬᠡᠯᠪᠡᠷᠢ᠎ᠶ᠋ᠢ ᠢᠳᠡᠪᠬᠢᠲᠡᠶ᠎ᠪᠠᠷ ᠬᠡᠷᠡᠭ᠌ᠯᠡᠵᠦ᠍᠂ 260 ᠭᠠᠷᠤᠶ ᠲᠠᠯᠠᠪᠤᠷ ᠬᠤᠶᠠᠷ ᠲᠠᠯ᠎ᠠ᠎ᠳᠦ ᠰᠦᠯᠵᠢᠶᠡᠨ ᠳᠡᠭᠡᠷᠡᠬᠢ ᠠᠵᠢᠯᠯᠠᠭ᠎ᠠ ᠶᠠᠪᠤᠭ᠍ᠳᠠᠭᠤᠯᠵᠤ᠂ ᠰᠦᠯᠵᠢᠶᠡᠨ ᠭᠠᠳᠠᠨᠠᠬᠢ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠶ᠋ᠢ 98 ᠲᠠᠯᠠᠪᠤᠷ ᠵᠣᠬᠢᠶᠠᠨ ᠪᠠᠢᠭᠤᠯᠵᠤ᠂ ᠢᠯᠡᠭᠡᠵᠤ ᠲᠤᠰᠤᠬ᠍ᠰᠠᠨ ᠭᠠᠳᠠᠭᠠᠳᠤ ᠬᠠᠷᠢᠯᠴᠠᠭᠠᠨ᠎ᠤ ᠵᠠᠬᠢᠳᠠᠯ ᠴᠢᠮᠡᠭᠡ 2000 ᠱᠢᠬᠠᠮ ᠬᠦᠷᠪᠡ᠃ ᠬᠤᠯᠪᠣᠭ᠍ᠳᠠᠯ ᠪᠦᠬᠦᠢ ᠤᠯᠤᠰ᠎ᠯᠤᠭ᠎ᠠ᠎ᠶ᠋ᠢᠨ ᠬᠠᠤᠯᠢ ᠴᠠᠭᠠᠵᠠ᠎ᠶ᠋ᠢᠨ ᠬᠠᠮᠲᠤᠷᠠᠯᠴᠠᠭᠠᠨ᠎ᠤ ᠲᠦᠰᠦᠯ᠎ᠢ ᠠᠬᠢᠭᠤᠯᠵᠤ᠂ ᠬᠠᠤᠯᠢ ᠴᠠᠭᠠᠵᠠ᠎ᠶ᠋ᠢᠨ ᠲᠥᠰᠦᠯ᠎ᠢ ᠲᠤᠭᠤᠷᠪᠢᠨ ᠪᠢᠴᠢᠬᠦ᠌ ᠶᠠᠪᠤᠴᠠ᠎ᠳᠠᠬᠢ ᠦᠨᠳᠦᠰᠦᠨ ᠬᠠᠤᠯᠢ᠎ᠳᠤ ᠨᠡᠢᠴᠡᠬᠦ᠌ ᠡᠰᠡᠬᠦ᠌᠎ᠶ᠋ᠢ ᠬᠢᠨᠠᠨ ᠪᠠᠢᠴᠠᠭᠠᠬᠤ᠂ ᠬᠠᠤᠯᠢ ᠴᠠᠭᠠᠵᠠ᠎ᠶ᠋ᠢᠨ ᠱᠢᠰᠲ᠋ᠧᠮ᠎ᠢ ᠪᠠᠢᠭᠤᠯᠬᠤ ᠪᠠ ᠲᠡᠭᠦᠯᠳᠡᠷᠵᠢᠭᠦᠯᠬᠦ᠂ ᠬᠠᠤᠯᠢ ᠴᠠᠭᠠᠵᠠ᠎ᠶ᠋ᠢᠨ ᠢᠵᠢ ᠪᠦᠷᠢᠳᠦᠭᠦᠯᠬᠦ᠌ ᠲᠣᠭ᠍ᠲᠠᠭᠠᠯ᠂ ᠬᠠᠤᠯᠢ ᠲᠣᠭ᠍ᠲᠠᠭᠠᠬᠤ ᠮᠡᠷᠭᠡᠵᠢᠯ᠎ᠤᠨ ᠵᠢᠷᠤᠮᠵᠢᠯ ᠵᠡᠷᠭᠡ ᠲᠠᠯ᠎ᠠ᠎ᠪᠠᠷ ᠰᠠᠨᠠᠯ ᠪᠤᠳᠤᠯ᠎ᠢᠶᠠᠨ ᠰᠣᠯᠢᠯᠴᠠᠨ ᠰᠤᠳᠤᠯᠤᠨ ᠶᠠᠷᠢᠯᠴᠠᠪᠠ᠃ ᠪᠡᠶ᠎ᠡ᠎ᠶ᠋ᠢᠨ ᠲᠠᠮᠢᠷ᠎ᠤᠨ ᠬᠠᠤᠯᠢ᠂ ᠡᠮᠴᠢᠯᠡᠭᠡᠨ᠎ᠤ ᠪᠠᠲᠤᠯᠠᠭ᠎ᠠ᠎ᠶ᠋ᠢᠨ ᠬᠠᠤᠯᠢ ᠵᠡᠷᠭᠡ᠎ᠶ᠋ᠢ ᠲᠣᠭ᠍ᠲᠠᠭᠠᠬᠤ ᠪᠠ ᠲᠡᠭᠦᠨ᠎ᠳᠤ ᠵᠠᠰᠠᠪᠤᠷᠢ ᠣᠷᠣᠭᠤᠯᠬᠤ᠎ᠲᠠᠢ ᠤᠶᠠᠯᠳᠤᠭᠤᠯᠤᠨ᠂ ᠬᠤᠯᠪᠣᠭ᠍ᠳᠠᠯ ᠪᠦᠬᠦᠢ ᠤᠯᠤᠰ᠎ᠲᠤ ᠣᠴᠢᠵᠤ ᠬᠠᠤᠯᠢ ᠲᠣᠭ᠍ᠲᠠᠭᠠᠬᠤ ᠰᠣᠯᠢᠯᠴᠠᠭ᠎ᠠ ᠬᠢᠪᠡ᠃ 9 ᠤᠯᠤᠰ᠎ᠤᠨ ᠵᠦᠪᠯᠡᠯᠭᠡᠨ᠎ᠤ ᠬᠤᠷᠠᠯ᠎ᠯᠤᠭ᠎ᠠ ᠱᠢᠨ᠎ᠡ᠎ᠪᠠᠷ ᠬᠠᠷᠢᠯᠴᠠᠭ᠎ᠠ ᠪᠠᠢᠭᠤᠯᠬᠤ ᠪᠤᠶᠤ ᠬᠠᠷᠢᠯᠴᠠᠭ᠎ᠠ᠎ᠪᠠᠨ ᠰᠡᠷᠭᠦᠭᠡᠬᠦ᠌ ᠠᠵᠢᠯ᠎ᠢ ᠢᠳᠡᠪᠬᠢᠳᠡᠢ ᠰᠠᠨᠠᠭᠠᠴᠢᠯᠠᠭ᠎ᠠ᠎ᠲᠠᠢ᠎ᠪᠠᠷ ᠰᠠᠢᠳᠤᠷ ᠬᠢᠵᠤ᠂ ᠠᠭᠤᠯᠵᠠᠯᠲᠠ ᠬᠡᠯᠡᠯᠴᠡᠭᠡ᠂ ᠸᠢᠳᠢᠣ᠋ ᠠᠭᠤᠯᠵᠠᠯᠲᠠ 22 ᠲᠠᠯᠠᠪᠤᠷ ᠬᠢᠵᠦ᠍᠂ ᠱᠢᠨ᠎ᠡ᠎ᠪᠠᠷ ᠬᠠᠷᠢᠯᠴᠠᠭ᠎ᠠ ᠪᠠᠢᠭᠤᠯᠤᠭ᠍ᠰᠠᠨ ᠪᠠ ᠬᠠᠷᠢᠯᠴᠠᠭ᠎ᠠ᠎ᠪᠠᠨ ᠰᠡᠷᠭᠦᠭᠡᠭ᠌ᠰᠡᠨ ᠤᠯᠤᠰ᠎ᠯᠤᠭ᠎ᠠ᠎ᠶ᠋ᠢᠨ ᠶᠠᠪᠤᠯᠴᠠᠭ᠎ᠠ᠎ᠶ᠋ᠢ ᠨᠡᠢᠳᠡᠮ ᠪᠦᠷᠬᠦᠭᠦᠯᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ᠎ᠳᠤ ᠰᠠᠭᠤᠭ᠎ᠠ ᠺᠠᠳ᠋ᠷᠴᠤᠳ᠎ᠤᠨ ᠦᠢᠯᠡᠳᠦᠯ᠎ᠢ ᠪᠠᠳᠠᠷᠠᠭᠤᠯᠵᠤ᠂ ᠬᠤᠯᠪᠣᠭ᠍ᠳᠠᠯ ᠪᠦᠬᠦᠢ ᠤᠯᠤᠰ ᠪᠠ ᠭᠠᠵᠠᠷ ᠣᠷᠣᠨ᠎ᠤ ᠬᠠᠤᠯᠢ ᠲᠣᠭ᠍ᠲᠠᠭᠠᠯᠲᠠ᠎ᠶ᠋ᠢᠨ ᠲᠤᠷᠱᠢᠯᠭ᠎ᠠ᠎ᠳᠤ ᠪᠠᠢᠴᠠᠭᠠᠨ ᠰᠤᠳᠤᠯᠤᠯᠲᠠ ᠦᠷᠨᠢᠬᠦᠯᠪᠡ᠃
(ᠬᠤᠶᠠᠷ) ᠵᠥᠪᠯᠡᠯᠭᠡᠨ᠎ᠤ ᠬᠤᠷᠠᠯ᠎ᠤᠨ ᠤᠯᠠᠨ ᠲᠠᠯᠠᠲᠤ ᠶᠠᠪᠤᠯᠴᠠᠭ᠎ᠠ ᠬᠠᠮᠲᠤᠷᠠᠯᠴᠠᠭ᠎ᠠ᠎ᠳᠤ ᠭᠦᠨᠵᠡᠭᠡᠶ ᠣᠷᠣᠯᠴᠠᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠣᠯᠤᠨ ᠭᠠᠳᠠᠭᠠᠳᠤ ᠤᠯᠤᠰ᠎ᠤᠨ ᠵᠥᠪᠯᠡᠯᠭᠡᠨ᠎ᠤ ᠬᠤᠷᠠᠯ᠎ᠤᠨ ᠳᠡᠭᠡᠳᠤ ᠳᠠᠪᠬᠤᠷᠭ᠎ᠠ᠎ᠶ᠋ᠢᠨ ᠶᠠᠪᠤᠯᠴᠠᠭ᠎ᠠ᠎ᠶ᠋ᠢᠨ ᠬᠥᠲᠥᠯᠥᠨ ᠳᠠᠭᠠᠭᠤᠯᠬᠤ ᠦᠢᠯᠡᠳᠦᠯ᠎ᠢ ᠪᠠᠳᠠᠷᠠᠭᠤᠯᠵᠤ᠂ ᠡᠯ᠎ᠡ ᠤᠯᠤᠰ᠎ᠤᠨ ᠵᠥᠪᠯᠡᠯᠭᠡᠨ᠎ᠤ ᠬᠤᠷᠠᠯ᠎ᠤᠨ ᠬᠤᠯᠪᠣᠭ᠎ᠠ᠂ ᠬᠤᠷᠢᠨ ᠤᠯᠤᠰ᠎ᠤᠨ ᠪᠦᠯᠦᠭ᠌ᠯᠡᠯ᠎ᠤᠨ ᠵᠥᠪᠯᠡᠯᠭᠡᠨ᠎ᠤ ᠬᠤᠷᠠᠯ᠎ᠤᠨ ᠳᠠᠷᠤᠭ᠎ᠠ ᠨᠠᠷ᠎ᠤᠨ ᠬᠤᠷᠠᠯ᠂ BRICS ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠤᠨ ᠶᠠᠷᠢᠯᠴᠠᠭᠠᠨ᠎ᠤ ᠲᠠᠪᠴᠠᠩ᠂ ᠧᠦ᠋ᠷᠣᠫᠠ ᠠᠽᠢᠶ᠎ᠠ᠎ᠶ᠋ᠢᠨ ᠤᠯᠤᠰ᠎ᠤᠨ ᠵᠥᠪᠯᠡᠯᠭᠡᠨ᠎ᠤ ᠬᠤᠷᠠᠯ᠎ᠤᠨ ᠳᠠᠷᠤᠭ᠎ᠠ ᠨᠠᠷ᠎ᠤᠨ ᠬᠤᠷᠠᠯ᠂ ᠵᠢᠷᠭᠤᠭᠠᠨ ᠤᠯᠤᠰ᠎ᠤᠨ ᠵᠥᠪᠯᠡᠯᠭᠡᠨ᠎ᠤ ᠬᠤᠷᠠᠯ᠎ᠤᠨ ᠳᠠᠷᠤᠭ᠎ᠠ ᠨᠠᠷ᠎ᠤᠨ ᠬᠤᠷᠠᠯ ᠵᠡᠷᠭᠡ ᠣᠯᠠᠨ ᠲᠠᠯᠠᠲᠤ ᠲᠣᠭ᠍ᠲᠠᠴᠠ᠎ᠳᠤ ᠢᠳᠡᠪᠬᠢᠲᠡᠶ ᠣᠷᠣᠯᠴᠠᠵᠤ᠂ ᠳᠤᠮᠳᠠᠳᠤ ᠤᠯᠤᠰ᠎ᠤᠨ ᠳᠠᠭᠤᠨ᠎ᠢ ᠡᠷᠡᠰ ᠴᠤᠤᠷᠢᠶᠠᠲᠤᠭᠤᠯᠵᠤ᠂ ᠤᠯᠤᠰ ᠣᠷᠣᠨ᠎ᠤ ᠠᠱᠢᠭ ᠲᠤᠰᠠ᠎ᠶ᠋ᠢ ᠡᠷᠡᠰ ᠬᠠᠮᠠᠭᠠᠯᠠᠪᠠ᠃ ᠪᠦᠯᠬᠦᠮ ᠲᠣᠮᠢᠯᠠᠨ 65 ᠤᠳᠠᠭ᠎ᠠ ᠵᠢᠨ ᠣᠯᠠᠨ ᠤᠯᠤᠰ᠎ᠤᠨ ᠬᠤᠷᠠᠯ᠎ᠳᠤ ᠣᠷᠣᠯᠴᠠᠭᠤᠯᠵᠤ᠂ ᠤᠯᠠᠨ ᠤᠯᠤᠰ᠎ᠤᠨ ᠸᠢᠳᠢᠣ᠋ ᠬᠤᠷᠠᠯ᠎ᠳᠤ 137 ᠤᠳᠠᠭ᠎ᠠ ᠣᠷᠣᠯᠴᠠᠵᠤ᠂ ᠡᠯ᠎ᠡ ᠤᠯᠤᠰ᠎ᠤᠨ ᠵᠥᠪᠯᠡᠯᠭᠡᠨ᠎ᠤ ᠭᠡᠱᠢᠭᠦᠳ᠎ᠲᠠᠢ ᠥᠷᠭᠡᠨ᠎ᠢᠶᠠᠷ ᠬᠠᠷᠢᠯᠴᠠᠵᠤ᠂ 《ᠨᠢᠭᠡ ᠪᠦᠰᠡ ᠨᠢᠭᠡ ᠵᠠᠮ》 ᠤ᠋ᠨ ᠰᠠᠨᠠᠭᠠᠴᠢᠯᠠᠭ᠎ᠠ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠂ ᠪᠦᠬᠦ᠌ ᠪᠥᠮᠪᠥᠷᠴᠡᠭ᠎ᠤᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠤᠨ ᠠᠮᠤᠷ ᠲᠦᠪᠱᠢᠨ᠎ᠤ ᠰᠠᠨᠠᠭᠠᠴᠢᠯᠠᠭ᠎ᠠ ᠵᠡᠷᠭᠡ ᠳᠤᠮᠳᠠᠳᠤ ᠤᠯᠤᠰ᠎ᠤᠨ ᠵᠣᠷᠢᠯᠲᠠ᠎ᠶ᠋ᠢᠨ ᠤᠯᠠᠨ ᠤᠯᠤᠰ᠎ᠤᠨ ᠬᠠᠮᠲᠤ᠎ᠶ᠋ᠢᠨ ᠲᠠᠨᠢᠯᠲᠠ ᠪᠣᠯᠬᠤ᠎ᠶ᠋ᠢ ᠠᠬᠢᠭᠤᠯᠪᠠ᠃ ᠬᠥᠭ᠌ᠵᠢᠵᠦ᠍ ᠪᠠᠢᠭ᠎ᠠ ᠤᠯᠤᠰ᠎ᠲᠤ ᠬᠠᠨᠳᠤᠭᠤᠯᠤᠭ᠍ᠰᠠᠨ ᠰᠦᠯᠵᠢᠶᠡᠨ ᠭᠠᠳᠠᠨᠠᠬᠢ ᠵᠥᠪᠯᠡᠯᠭᠡᠨ᠎ᠤ ᠭᠡᠱᠢᠭᠦᠳ᠎ᠤᠨ ᠰᠤᠳᠤᠯᠤᠨ ᠶᠠᠷᠢᠯᠴᠠᠬᠤ ᠠᠩᠭᠢ᠎ᠶ᠋ᠢ 6 ᠬᠤᠭᠤᠴᠠᠭ᠎ᠠ ᠡᠷᠬᠢᠯᠡᠵᠦ᠍᠂ 25 ᠤᠯᠤᠰ᠎ᠤᠨ 123 ᠵᠥᠪᠯᠡᠯᠭᠡᠨ᠎ᠤ ᠭᠡᠱᠢᠭᠦᠨ᠎ᠢ ᠤᠷᠢᠵᠤ ᠣᠷᠣᠯᠴᠠᠭᠤᠯᠪᠠ᠃ ᠠᠹᠷᠢᠺᠠ ᠲᠢᠪ᠎ᠤᠨ ᠳᠥᠷᠪᠡᠨ ᠤᠯᠤᠰ᠂ ᠳᠤᠮᠳᠠᠳᠤ ᠠᠽᠢᠶ᠎ᠠ᠎ᠶ᠋ᠢᠨ ᠲᠠᠪᠤᠨ ᠤᠯᠤᠰ᠂ ᠤᠮᠠᠷᠠᠲᠤ ᠠᠹᠷᠢᠺᠠ᠎ᠶ᠋ᠢᠨ ᠭᠤᠷᠪᠠᠨ ᠤᠯᠤᠰ᠂ ᠠᠹᠷᠢᠺᠠ ᠲᠢᠪ᠎ᠤᠨ ᠹᠷᠠᠨᠼᠢ ᠬᠡᠯᠡᠨ᠎ᠤ ᠤᠯᠤᠰ᠎ᠤᠨ ᠵᠥᠪᠯᠡᠯᠭᠡᠨ᠎ᠤ ᠬᠤᠷᠠᠯ᠎ᠲᠠᠢ ᠰᠦᠯᠵᠢᠶᠡᠨ ᠳᠡᠭᠡᠷᠡᠬᠢ ᠰᠤᠳᠤᠯᠤᠨ ᠶᠠᠷᠢᠯᠴᠠᠬᠤ ᠬᠤᠷᠠᠯ ᠡᠷᠬᠢᠯᠡᠵᠦ᠍᠂ ᠬᠤᠯᠪᠣᠭ᠍ᠳᠠᠯ ᠪᠦᠬᠦᠢ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠴᠢᠩᠭᠠᠳᠭᠠᠪᠠ᠃ ᠤᠯᠠᠨ ᠲᠠᠯᠠᠲᠤ ᠵᠥᠪᠯᠡᠯᠭᠡᠨ᠎ᠤ ᠬᠤᠷᠠᠯ᠎ᠤᠨ ᠵᠣᠬᠢᠶᠠᠨ ᠪᠠᠢᠭᠤᠯᠤᠯᠲᠠ᠎ᠶ᠋ᠢᠨ ᠡᠷᠬᠢᠯᠡᠭ᠌ᠰᠡᠨ ᠬᠠᠤᠯᠢ ᠲᠣᠭ᠍ᠲᠠᠭᠠᠯᠲᠠ᠎ᠶ᠋ᠢᠨ ᠰᠣᠯᠢᠯᠴᠠᠭᠠᠨ᠎ᠤ ᠠᠵᠢᠯᠯᠠᠭ᠎ᠠ᠎ᠳᠤ ᠣᠷᠣᠯᠴᠠᠵᠤ᠂ ᠳᠤᠮᠳᠠᠳᠤ ᠤᠯᠤᠰ᠎ᠤᠨ ᠬᠠᠤᠯᠢ ᠲᠣᠭ᠍ᠲᠠᠭᠠᠬᠤ ᠲᠦᠷᠢᠮ ᠪᠠ ᠬᠠᠤᠯᠢ ᠲᠣᠭ᠍ᠲᠠᠭᠠᠭ᠍ᠰᠠᠨ ᠲᠤᠷᠱᠢᠯᠭ᠎ᠠ᠎ᠶ᠋ᠢ ᠲᠠᠨᠢᠯᠴᠠᠭᠤᠯᠪᠠ᠃
(ᠭᠤᠷᠪᠠ) ᠲᠣᠭ᠍ᠲᠠᠮᠠᠯ ᠬᠤᠭᠤᠴᠠᠭ᠎ᠠ᠎ᠲᠠᠢ᠎ᠪᠠᠷ ᠰᠣᠯᠢᠯᠴᠠᠭ᠎ᠠ ᠬᠢᠬᠦ᠌ ᠲᠣᠭ᠍ᠲᠠᠴᠠ ᠪᠠ ᠨᠥᠬᠦᠷᠰᠡᠭ ᠳᠤᠭᠤᠢᠯᠠᠩ᠎ᠤᠨ ᠦᠢᠯᠡᠳᠦᠯ᠎ᠢ ᠪᠠᠳᠠᠷᠠᠭᠤᠯᠪᠠ᠃ ᠲᠣᠭ᠍ᠲᠠᠮᠠᠯ ᠬᠤᠭᠤᠴᠠᠭ᠎ᠠ᠎ᠲᠠᠢ᠎ᠪᠠᠷ ᠰᠣᠯᠢᠯᠴᠠᠭ᠎ᠠ ᠬᠢᠬᠦ᠌ ᠲᠣᠭ᠍ᠲᠠᠴᠠ ᠪᠠ ᠨᠥᠬᠦᠷᠰᠡᠭ ᠳᠤᠭᠤᠢᠯᠠᠩ ᠪᠣᠯ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠥᠪᠡᠷᠮᠢᠴᠡ ᠳᠠᠪᠠᠭᠤᠯᠢᠭ ᠮᠥᠨ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ 21 ᠤᠯᠤᠰ᠎ᠤᠨ ᠵᠥᠪᠯᠡᠯᠭᠡᠨ᠎ᠤ ᠬᠤᠷᠠᠯ ᠪᠣᠯᠤᠨ ᠧᠦ᠋ᠷᠣᠫᠠ᠎ᠶ᠋ᠢᠨ ᠵᠥᠪᠯᠡᠯᠭᠡᠨ᠎ᠤ ᠬᠤᠷᠠᠯ᠎ᠯᠤᠭ᠎ᠠ ᠲᠣᠭ᠍ᠲᠠᠮᠠᠯ ᠬᠤᠭᠤᠴᠠᠭ᠎ᠠ᠎ᠲᠠᠢ᠎ᠪᠠᠷ ᠰᠣᠯᠢᠯᠴᠠᠭ᠎ᠠ ᠬᠢᠬᠦ᠌ ᠲᠣᠭ᠍ᠲᠠᠴᠠ ᠪᠣᠯᠤᠨ ᠤᠯᠤᠰ ᠲᠥᠷᠥ᠎ᠶ᠋ᠢᠨ ᠶᠠᠷᠢᠯᠴᠠᠭᠠᠨ᠎ᠤ ᠲᠣᠭ᠍ᠲᠠᠴᠠ ᠪᠠᠢᠭᠤᠯᠵᠤ᠂ 16 ᠤᠯᠤᠰ᠎ᠤᠨ ᠵᠥᠪᠯᠡᠯᠭᠡᠨ᠎ᠤ ᠬᠤᠷᠠᠯ ᠪᠣᠯᠤᠨ ᠧᠦ᠋ᠷᠣᠫᠠ᠎ᠶ᠋ᠢᠨ ᠵᠥᠪᠯᠡᠯᠭᠡᠨ᠎ᠤ ᠬᠤᠷᠠᠯ᠎ᠯᠤᠭ᠎ᠠ 35 ᠤᠳᠠᠭ᠎ᠠ ᠲᠣᠭ᠍ᠲᠠᠴᠠ᠎ᠶ᠋ᠢᠨ ᠰᠣᠯᠢᠯᠴᠠᠭᠠᠨ᠎ᠤ ᠬᠤᠷᠠᠯ ᠬᠢᠵᠤ᠂ ᠣᠯᠠᠨ ᠳᠡᠰ ᠳᠠᠪᠬᠤᠷᠭ᠎ᠠ᠂ ᠥᠷᠭᠡᠨ ᠬᠦᠷᠢᠶᠡᠨ᠎ᠤ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠪᠡᠶᠡᠯᠡᠭᠦᠯᠪᠡ᠃ ᠬᠤᠶᠠᠷ ᠲᠠᠯᠠᠲᠤ ᠨᠥᠬᠦᠷᠰᠡᠭ ᠳᠤᠭᠤᠢᠯᠠᠩ᠎ᠢ 136 ᠪᠠᠢᠭᠤᠯᠵᠤ᠂ ᠬᠢᠵᠢᠭ᠎ᠠᠴᠠ ᠨᠠᠭᠠᠰᠢ ᠱᠢᠶᠠᠩᠭᠠᠩ᠎ᠤᠨ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ᠂ ᠸᠢᠷᠦ᠋ᠰ᠎ᠤᠨ ᠢᠷᠡᠯᠲᠡ᠎ᠶ᠋ᠢ ᠤᠯᠤᠰ ᠲᠥᠷᠥᠴᠢᠯᠡᠬᠦ᠌ᠶ᠋ᠢ ᠡᠰᠡᠷᠭᠦᠴᠡᠬᠦ᠂ 《ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢ ᠲᠠᠨᠢᠯᠴᠠᠭᠤᠯᠬᠤ᠂ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠨᠢᠯᠴᠠᠭᠤᠯᠬᠤ᠎ᠪᠠᠷ ᠭᠤᠤᠯᠯᠠᠭᠤᠯᠤᠨ ᠭᠠᠳᠠᠭᠠᠳᠤ᠎ᠳᠤ ᠬᠠᠮᠲᠤᠳᠤᠨᠢ ᠵᠠᠬᠢᠳᠠᠯ ᠢᠯᠡᠭᠡᠬᠦ᠌ ᠠᠵᠢᠯᠯᠠᠭ᠎ᠠ ᠥᠷᠨᠢᠭᠦᠯᠵᠦ᠍᠂ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠳᠤ ᠪᠦᠲᠦᠮᠵᠢᠲᠡᠶ ᠬᠠᠮᠵᠢᠯᠴᠠᠪᠠ᠃
(ᠲᠦᠷᠪᠡ) ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠪᠠ᠃ ᠤᠯᠠᠨ ᠤᠯᠤᠰ᠎ᠤᠨ ᠲᠦᠷᠢᠮ᠎ᠢ ᠢᠳᠡᠪᠬᠢᠲᠡᠶ ᠲᠣᠬᠢᠲᠠᠶ ᠬᠡᠷᠡᠭ᠌ᠯᠡᠨ ᠤᠯᠤᠰ᠎ᠤᠨ ᠠᠱᠢᠭ ᠲᠤᠰᠠ᠎ᠶ᠋ᠢ ᠬᠠᠮᠠᠭᠠᠯᠠᠵᠤ᠂ ᠠᠳᠠᠯᠢ ᠲᠡᠭ᠌ᠰᠢ ᠪᠠᠢᠬᠤ ᠵᠠᠷᠴᠢᠮ᠎ᠢ ᠪᠠᠷᠢᠮᠲᠠᠯᠠᠨ ᠬᠤᠯᠪᠣᠭ᠍ᠳᠠᠯ ᠪᠦᠬᠦᠢ ᠤᠯᠤᠰ᠎ᠤᠨ ᠵᠥᠪᠯᠡᠯᠭᠡᠨ᠎ᠤ ᠭᠡᠱᠢᠭᠦᠨ᠎ᠳᠤ ᠵᠠᠯᠬᠠᠭᠠᠯ᠎ᠢ ᠡᠰᠡᠷᠭᠦᠴᠡᠬᠦ᠌ ᠠᠷᠭ᠎ᠠ ᠬᠡᠮᠵᠢᠶ᠎ᠡ ᠠᠪᠤᠪᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠯ᠎ᠡ ᠳᠡᠰ ᠳᠠᠪᠬᠤᠷᠭ᠎ᠠ᠎ᠶ᠋ᠢᠨ ᠥᠭᠦᠯᠡᠭ᠌ᠴᠢ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠥᠭᠦᠯᠡᠭ᠌ᠴᠢ᠎ᠶ᠋ᠢᠨ ᠶᠠᠷᠢᠯᠴᠠᠭ᠎ᠠ᠂ ᠭᠠᠳᠠᠭᠠᠳᠤ ᠶᠠᠪᠤᠳᠠᠯ᠎ᠤᠨ ᠵᠥᠪᠯᠡᠯ᠎ᠤᠨ ᠢᠯᠡᠷᠬᠡᠢᠯᠡᠯᠲᠡ᠂ ᠭᠠᠳᠠᠭᠠᠳᠤ ᠶᠠᠪᠤᠳᠠᠯ᠎ᠤᠨ ᠵᠦᠪᠯᠡᠯ᠎ᠤᠨ ᠥᠭᠦᠯᠡᠭ᠌ᠴᠢ ᠪᠣᠯᠤᠨ ᠬᠠᠤᠯᠢ ᠴᠠᠭᠠᠵᠠ᠎ᠶ᠋ᠢᠨ ᠠᠵᠢᠯ᠎ᠤᠨ ᠵᠥᠪᠯᠡᠯ᠎ᠤᠨ ᠥᠭᠦᠯᠡᠭ᠌ᠴᠢ᠎ᠶ᠋ᠢᠨ ᠶᠠᠷᠢᠯᠴᠠᠭ᠎ᠠ ᠵᠡᠷᠭᠡ ᠠᠷᠭ᠎ᠠ ᠬᠡᠯᠪᠡᠷᠢ᠎ᠪᠠᠷ ᠲᠥᠪᠡᠳ᠎ᠲᠠᠢ ᠬᠤᠯᠪᠣᠭ᠍ᠳᠠᠭ᠍ᠰᠠᠨ᠂ ᠱᠢᠨᠵᠢᠶᠠᠩ᠎ᠲᠠᠢ ᠬᠤᠯᠪᠣᠭ᠍ᠳᠠᠭ᠍ᠰᠠᠨ᠂ ᠱᠢᠶᠠᠩᠭᠠᠩ᠎ᠲᠠᠢ ᠬᠤᠯᠪᠣᠭ᠍ᠳᠠᠭ᠍ᠰᠠᠨ᠂ ᠲᠠᠢᠸᠠᠨ᠎ᠲᠠᠢ ᠬᠤᠯᠪᠤᠭ᠍ᠳᠠᠭ᠍ᠰᠠᠨ᠂ ᠬᠥᠮᠦᠨ᠎ᠤ ᠡᠷᠬᠡ᠂ ᠬᠢᠵᠢᠭ᠎ᠤᠨ ᠪᠠᠢᠳᠠᠯ ᠵᠢᠴᠢ ᠳᠤᠮᠳᠠᠳᠤ᠎ᠶ᠋ᠢᠨ ᠬᠠᠷᠢᠶᠠᠲᠤ᠎ᠲᠠᠢ ᠬᠤᠯᠪᠣᠭ᠍ᠳᠠᠭ᠍ᠰᠠᠨ ᠪᠤᠰᠤᠳ ᠰᠡᠷᠭᠡᠭ ᠠᠰᠠᠭᠤᠳᠠᠯ᠎ᠤᠨ ᠲᠤᠬᠠᠢ ᠠᠷᠠᠳ᠎ᠤᠨ ᠲᠥᠯᠥᠭᠡᠯᠡᠭ᠌ᠴᠢᠳ ᠤᠨ ᠶᠡᠭᠡ ᠬᠤᠷᠠᠯ᠎ᠤᠨ ᠳᠠᠭᠤᠨ ᠢ 48 ᠤᠳᠠᠭ᠎ᠠ ᠴᠠᠭ ᠲᠤᠬᠠᠢ ᠳᠤᠨᠢ ᠴᠤᠤᠷᠢᠶᠠᠲᠤᠭᠤᠯᠪᠠ᠃
(ᠲᠠᠪᠤ) ᠭᠠᠳᠠᠭ᠍ᠰᠢ᠎ᠪᠠᠨ ᠤᠬᠠᠭᠤᠯᠤᠨ ᠲᠠᠨᠢᠯᠴᠠᠭᠤᠯᠬᠤ ᠠᠵᠢᠯ᠎ᠢ ᠢᠳᠡᠪᠬᠢᠲᠡᠶ ᠰᠠᠢᠲᠤᠷ ᠬᠢᠪᠡ᠃ ᠲᠥᠷᠥ᠎ᠶ᠋ᠢ ᠵᠠᠰᠠᠵᠤ ᠵᠠᠰᠠᠭ᠎ᠢ ᠡᠷᠬᠢᠯᠡᠬᠦ᠌ ᠲᠤᠷᠱᠢᠯᠭ᠎ᠠ᠎ᠪᠠᠨ ᠰᠣᠯᠢᠯᠴᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠤᠬᠠᠭᠤᠯᠤᠨ ᠲᠠᠨᠢᠯᠴᠠᠭᠤᠯᠵᠤ᠂ ᠳᠤᠮᠳᠠᠳᠤ ᠤᠯᠤᠰ᠎ᠤᠨ ᠥᠭᠡᠷᠡᠴᠢᠯᠡᠯᠲᠡ ᠨᠡᠭᠡᠭᠡᠯᠲᠡ᠎ᠶ᠋ᠢᠨ ᠠᠮᠵᠢᠯᠲᠠ ᠪᠦᠲᠦᠮᠵᠢ ᠪᠣᠯᠤᠨ ᠲᠤᠷᠱᠢᠯᠭ᠎ᠠ᠎ᠶ᠋ᠢ ᠤᠬᠠᠭᠤᠯᠤᠨ ᠲᠠᠨᠢᠯᠴᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠭ᠍ᠰᠠᠨ ᠠᠮᠢᠳᠤᠯᠢᠭ ᠦᠢᠯᠡᠳᠦᠯᠭᠡ᠎ᠶ᠋ᠢ ᠤᠬᠠᠭᠤᠯᠤᠨ ᠲᠠᠨᠢᠯᠴᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠷᠠᠳᠴᠢᠯᠠᠭ᠍ᠰᠠᠨ ᠤᠯᠤᠰ ᠲᠥᠷᠥ᠎ᠶ᠋ᠢᠨ ᠳᠠᠪᠠᠭᠤᠯᠢᠭ ᠪᠣᠯᠤᠨ ᠣᠨᠴᠠᠯᠢᠭ᠎ᠢ ᠢᠯᠡᠷᠡᠭᠦᠯᠪᠡ᠃ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠴᠠᠭᠠᠵᠠ᠎ᠶ᠋ᠢᠨ ᠤᠨ᠎ᠤ ᠡᠮᠬᠢᠳᠭᠡᠯ᠎ᠤᠨ ᠠᠩᠭ᠌ᠯᠢ ᠬᠡᠯᠡᠨ᠎ᠤ ᠳᠡᠪᠲᠡᠷ᠎ᠢ ᠤᠷᠴᠢᠭᠤᠯᠤᠨ ᠬᠡᠪᠯᠡᠬᠦᠯᠵᠤ᠂ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠦᠯᠵᠢᠶ᠎ᠡ᠎ᠪᠠᠷ ᠳᠠᠮᠵᠢᠭᠤᠯᠤᠨ 87 ᠬᠠᠤᠯᠢ ᠴᠠᠭᠠᠵᠠ᠂ ᠲᠤᠭ᠍ᠲᠠᠭᠠᠯ᠎ᠤᠨ ᠠᠩᠭ᠌ᠯᠢ ᠬᠡᠯᠡᠨ᠎ᠤ ᠤᠷᠴᠢᠭᠤᠯᠭ᠎ᠠ᠎ᠶ᠋ᠢ ᠭᠠᠳᠠᠭᠠᠳᠤ᠎ᠳᠤ ᠨᠡᠢᠲᠡᠯᠡᠵᠦ᠍᠂ ᠮᠠᠨ᠎ᠤ ᠤᠯᠤᠰ᠎ᠤᠨ ᠪᠦᠬᠦ᠌ ᠲᠠᠯ᠎ᠠ᠎ᠪᠠᠷ ᠬᠠᠤᠯᠢ ᠶᠣᠰᠣᠭᠠᠷ ᠤᠯᠤᠰ᠎ᠢᠶᠠᠨ ᠵᠠᠰᠠᠭ᠍ᠰᠠᠨ ᠠᠮᠵᠢᠯᠲᠠ ᠪᠦᠲᠦᠮᠵᠢ᠎ᠶ᠋ᠢ ᠤᠬᠠᠭᠤᠯᠤᠨ ᠲᠠᠢᠯᠪᠤᠷᠢᠯᠠᠪᠠ᠃ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠦᠯᠵᠢᠶ᠎ᠡ᠎ᠶ᠋ᠢᠨ ᠠᠩᠭ᠌ᠯᠢ ᠰᠦᠯᠵᠢᠶ᠎ᠡ᠎ᠶ᠋ᠢ ᠰᠠᠢᠲᠤᠷ ᠪᠠᠢᠭᠤᠯᠵᠤ ᠰᠠᠢᠲᠤᠷ ᠬᠡᠷᠡᠭ᠌ᠯᠡᠨ᠂ ᠱᠢᠨ᠎ᠡ ᠵᠠᠭᠤᠴᠢᠯᠠᠭᠤᠷ᠎ᠤᠨ ᠢᠯᠡᠷᠡᠬᠦᠯᠬᠦ᠌ ᠬᠡᠯᠪᠡᠷᠢ᠎ᠶ᠋ᠢ ᠥᠷᠭᠡᠳᠭᠡᠨ ᠬᠡᠷᠡᠭ᠌ᠯᠡᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠨ᠎ᠤ ᠤᠬᠠᠭᠤᠯᠭ᠎ᠠ᠎ᠶ᠋ᠢᠨ ᠤᠯᠠᠨ ᠤᠯᠤᠰ᠎ᠤᠨ ᠤᠯᠠᠮᠵᠢᠯᠠᠬᠤ ᠬᠦᠴᠦᠨ ᠪᠠ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠪᠡ᠃ ᠦᠨᠳᠦᠰᠦᠨ ᠱᠠᠲᠤᠨ᠎ᠤ 94 ᠲᠥᠯᠥᠭᠡᠯᠡᠭ᠌ᠴᠢ᠎ᠶ᠋ᠢ ᠵᠣᠬᠢᠶᠠᠨ ᠪᠠᠢᠭᠤᠯᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠳᠤ ᠣᠷᠣᠯᠴᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠪᠡᠶᠡᠴᠢᠯᠠᠨ ᠭᠦᠢᠴᠡᠳᠭᠡᠭ᠌ᠰᠡᠨ ᠦᠢᠯᠡᠳᠦᠯᠭᠡ᠎ᠪᠠᠷ᠎ᠨᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠳᠠᠪᠠᠭᠤᠯᠢᠭ᠎ᠢ ᠥᠭᠦᠯᠡᠬᠦᠯᠪᠡ᠃
ᠲᠠᠪᠤᠨ ᠵᠢᠯ᠎ᠤᠨ ᠲᠤᠷᠰᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠶᠠᠪᠤᠳᠠᠯ᠎ᠤᠨ ᠠᠵᠢᠯ᠎ᠤᠨ ᠦᠢᠯᠡᠳᠦᠯᠭᠡ ᠪᠢᠳᠡᠨ᠎ᠳᠤ ᠤᠯᠠᠮ ᠨᠢᠭᠡ ᠠᠯᠬᠤᠮ ᠳᠠᠨᠢᠭᠤᠯᠤᠭ᠍ᠰᠠᠨᠨᠢ᠂ ᠲᠣᠮᠳᠠᠳᠦ ᠣᠯᠣᠰ᠎ᠤᠨ ᠤᠨᠴᠠᠯᠢᠭ ᠪᠦᠬᠦᠢ ᠨᠡᠢᠭᠡᠮ ᠵᠢᠷᠤᠮ ᠱᠢᠨ᠎ᠡ ᠴᠠᠭ ᠦᠶ᠎ᠡ᠎ᠳᠤ ᠣᠷᠣᠭ᠍ᠰᠠᠨ᠎ᠤ ᠳᠠᠷᠠᠭ᠎ᠠ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠲᠡᠷᠢᠭᠦᠨ ᠴᠢᠬᠤᠯᠠ ᠡᠭᠦᠷᠭᠡ ᠪᠣᠯ ᠤᠯᠤᠰ᠎ᠤᠨ ᠭᠠᠳᠠᠭᠠᠳᠤ ᠬᠠᠷᠢᠯᠴᠠᠭᠠᠨ᠎ᠤ ᠶᠡᠷᠦᠩᠬᠡᠶ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥ᠎ᠶ᠋ᠢᠨ ᠲᠡᠷᠢᠭᠦᠨ᠎ᠤ ᠬᠤᠭᠤᠷᠣᠨᠳᠣ ᠲᠤᠬᠢᠷᠠᠯᠴᠠᠭ᠍ᠰᠠᠨ ᠴᠢᠬᠤᠯᠠ ᠬᠠᠮᠲᠤ᠎ᠶ᠋ᠢᠨ ᠲᠠᠨᠢᠯᠲᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠠᠬᠢᠭᠤᠯᠵᠤ᠂ ᠨᠠᠮ᠎ᠤᠨ ᠲᠥᠪ ᠬᠤᠷᠢᠶᠠᠨᠡᠴᠨ ᠲᠤᠱᠢᠶᠠᠭ᠍ᠰᠠᠨ ᠴᠢᠬᠤᠯᠠ ᠶᠡᠭᠡ ᠭᠠᠳᠠᠭᠠᠳᠤ ᠬᠠᠷᠢᠯᠴᠠᠭᠠᠨ᠎ᠤ ᠡᠭᠦᠷᠭᠡ᠎ᠶ᠋ᠢ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠶᠠᠪᠤᠳᠠᠯ ᠪᠣᠯᠣᠨ᠎ᠠ; ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ ᠳᠤᠮᠳᠠᠬᠢ ᠪᠠᠢᠷᠢ ᠲᠣᠭ᠍ᠲᠠᠭᠠᠯᠲᠠ᠂ ᠡᠭᠦᠷᠭᠡ᠂ ᠣᠨᠴᠠᠯᠢᠭ᠂ ᠳᠠᠪᠠᠭᠤᠯᠢᠭ᠎ᠢ ᠣᠨᠣᠪᠴᠢᠲᠠᠢ ᠡᠷᠢᠨ ᠣᠯᠵᠤ᠂ ᠬᠠᠤᠯᠢ ᠲᠣᠭ᠍ᠲᠠᠭᠠᠬᠤ ᠪᠠᠢᠭᠤᠯᠤᠮᠵᠢ᠎ᠶ᠋ᠢᠨ ᠶᠠᠪᠤᠯᠴᠠᠭ᠎ᠠ᠎ᠪᠠᠷ ᠳᠠᠮᠵᠢᠭᠤᠯᠤᠨ᠂ ᠤᠯᠤᠰ᠎ᠤᠨ ᠬᠥᠭ᠌ᠵᠢᠯᠲᠡ᠎ᠳᠤ ᠰᠠᠢᠨ ᠰᠠᠢᠬᠠᠨ ᠤᠯᠠᠨ ᠤᠯᠤᠰ᠎ᠤᠨ ᠣᠷᠴᠢᠨ ᠨᠥᠬᠦᠴᠡᠯ᠎ᠢ ᠲᠡᠮᠡᠴᠡᠨ ᠣᠯᠵᠤ᠂ ᠤᠯᠤᠰ᠎ᠤᠨ ᠠᠱᠢᠭ ᠲᠤᠰᠠ᠎ᠶ᠋ᠢ ᠬᠠᠮᠠᠭᠠᠯᠠᠬᠤ᠎ᠳᠤ ᠨᠡᠩ ᠤᠯᠠᠨ ᠳᠤᠮᠳᠠᠳᠤ᠎ᠲᠠᠢ ᠨᠥᠬᠦᠷᠰᠡᠭ ᠬᠥᠮᠦᠰ᠎ᠢ ᠣᠯᠬᠤ ᠶᠠᠪᠤᠳᠠᠯ ᠪᠣᠯᠣᠨ᠎ᠠ; ᠤᠯᠤᠰ ᠣᠷᠣᠨ ᠬᠡᠷᠡᠭ᠌ᠰᠡᠬᠦ᠌ ᠦᠶ᠎ᠡ᠎ᠳᠤ ᠥᠴᠦᠬᠡᠨ ᠴᠦ᠍ ᠲᠠᠲᠠᠭᠠᠯᠵᠠᠯ ᠦᠭᠡᠢ᠎ᠪᠠᠷ ᠡᠮᠦᠨ᠎ᠡ ᠹᠷᠣᠨᠲ᠎ᠲᠤ ᠵᠣᠭ᠍ᠰᠣᠵᠤ ᠬᠠᠤᠯᠢ ᠴᠠᠭᠠᠵᠠ᠎ᠶ᠋ᠢᠨ᠂ ᠤᠯᠤᠰ ᠲᠦᠷᠦ᠍᠎ᠶ᠋ᠢᠨ᠂ ᠭᠠᠳᠠᠭᠠᠳᠤ ᠬᠠᠷᠢᠯᠴᠠᠭᠠᠨ᠎ᠤ ᠲᠡᠮᠡᠴᠡᠯ ᠶᠠᠪᠤᠭᠤᠯᠵᠤ᠂ ᠬᠠᠤᠯᠢ ᠲᠣᠭ᠍ᠲᠠᠭᠠᠬᠤ ᠪᠠᠢᠭᠤᠯᠤᠮᠵᠢ᠎ᠶ᠋ᠢᠨ ᠭᠦᠢᠴᠡᠳᠭᠡᠪᠡᠰᠦ ᠵᠣᠬᠢᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠡᠶᠡᠳᠡᠨ ᠡᠭᠦᠷᠭᠡᠯᠡᠵᠦ᠍᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠶᠠᠪᠤᠳᠠᠯ ᠪᠣᠯᠣᠨ᠎ᠠ!
ᠵᠢᠷᠭᠤᠭ᠎ᠠ᠂ ᠤᠯᠤᠰ ᠲᠦᠷᠦ᠍᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠤᠳᠣᠭᠤᠯᠵᠤ᠂ ᠪᠠᠢᠩᠭᠤ᠎ᠶ᠋ᠢᠨ ᠬᠣᠷᠢᠶ᠎ᠠ ᠵᠢᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠪᠠ
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ 《ᠳᠥᠷᠪᠡᠨ ᠪᠠᠢᠭᠤᠯᠭ᠎ᠠ》 ᠵᠢ ᠪᠠᠢᠭᠤᠯᠬᠤ ᠲᠤᠬᠠᠶ ᠱᠠᠭᠠᠷᠳᠠᠯᠭ᠎ᠠ ᠶᠣᠰᠣᠭᠠᠷ᠂ ᠪᠠᠢᠩᠭᠤ᠎ᠶ᠋ᠢᠨ ᠬᠣᠷᠢᠶ᠎ᠠ ᠵᠢᠨ ᠤᠯᠤᠰ ᠲᠥᠷᠥ᠎ᠶ᠋ᠢᠨ ᠴᠢᠳᠠᠪᠤᠷᠢ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠥᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠨᠠᠮ᠎ᠤᠨ ᠲᠥᠪ ᠬᠤᠷᠢᠶ᠎ᠠ᠎ᠶ᠋ᠢ ᠰᠠᠨᠠᠭ᠎ᠠ ᠠᠮᠤᠷ ᠪᠠᠢᠯᠭᠠᠬᠤ᠂ ᠠᠷᠠᠳ ᠣᠯᠠᠨ᠎ᠳᠤ ᠲᠠᠭᠠᠱᠢᠶᠠᠭ᠍ᠳᠠᠭ᠍ᠰᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢ ᠪᠠᠢᠭᠤᠯᠬᠤ᠎ᠪᠠᠷ ᠴᠢᠷᠮᠠᠢᠪᠠ᠃
(ᠨᠢᠭᠡ) ᠪᠠᠢᠩᠭᠤ᠎ᠶ᠋ᠢᠨ ᠬᠣᠷᠢᠶ᠎ᠠ ᠵᠢᠨ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠪᠡ᠃ ᠬᠤᠷᠠᠯ ᠤ᠋ᠨ ᠴᠠᠭ᠂ ᠵᠢᠷᠤᠮ ᠪᠠ ᠠᠭᠤᠯᠭ᠎ᠠ᠎ᠶ᠋ᠢ ᠱᠢᠯᠢᠳᠡᠭ᠌ᠵᠢᠭᠦᠯᠵᠦ᠍᠂ ᠠᠷᠠᠳᠴᠢᠯᠠᠯ ᠲᠥᠪᠯᠡᠷᠡᠯ᠎ᠤᠨ ᠶᠣᠰᠣᠨ᠎ᠤ ᠵᠠᠷᠴᠢᠮ᠎ᠢ ᠨᠠᠢᠳᠠᠪᠤᠷᠢᠵᠢᠭᠤᠯᠵᠤ᠂ 5 ᠤᠳᠠᠭ᠎ᠠ ᠵᠢᠨ ᠲᠥᠯᠥᠭᠡᠯᠡᠭ᠌ᠴᠢᠳ᠎ᠤᠨ ᠶᠡᠭᠡ ᠬᠤᠷᠠᠯ ᠪᠣᠯᠤᠨ 39 ᠤᠳᠠᠭ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠬᠤᠷᠠᠯ᠎ᠬᠤᠷᠠᠯᠳᠤᠭᠤᠯᠵᠤ᠂ 1029 ᠵᠦᠢᠯ᠎ᠤᠨ ᠵᠥᠪᠯᠡᠬᠦ᠌ ᠰᠡᠳᠦᠪ᠎ᠢ ᠰᠣᠨᠣᠰᠴᠦ᠍ ᠬᠢᠨᠠᠨ ᠶᠠᠷᠢᠯᠴᠠᠪᠠ᠃ ᠬᠤᠷᠢᠶᠠᠨ ᠳᠠᠷᠤᠭ᠎ᠠ ᠨᠠᠷ᠎ᠤᠨ ᠬᠤᠷᠠᠯ ᠤ᠋ᠨ ᠦᠢᠯᠡᠳᠦᠯ᠎ᠢ ᠪᠠᠳᠠᠷᠠᠭᠤᠯᠵᠤ᠂ ᠬᠤᠷᠢᠶᠠᠨ ᠳᠠᠷᠤᠭ᠎ᠠ ᠨᠠᠷ᠎ᠤᠨ ᠬᠤᠷᠠᠯ᠎ᠢ 136 ᠤᠳᠠᠭ᠎ᠠ ᠬᠤᠷᠠᠯᠳᠤᠭᠤᠯᠪᠠ᠃ ᠪᠠᠢᠩᠭᠤ᠎ᠶ᠋ᠢᠨ ᠬᠣᠷᠢᠶ᠎ᠠ ᠵᠢᠨ ᠬᠡᠷᠡᠭ ᠵᠥᠪᠯᠡᠬᠦ᠌ ᠳᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠬᠤᠷᠠᠯ ᠬᠤᠷᠠᠯᠳᠤᠭᠤᠯᠬᠤ ᠴᠠᠭ᠂ ᠬᠤᠷᠠᠯ᠎ᠳᠤ ᠣᠷᠣᠯᠴᠠᠭ᠍ᠴᠢ ᠪᠠ ᠰᠤᠯᠠ ᠣᠷᠣᠯᠴᠠᠭ᠍ᠴᠢ᠂ ᠪᠥᠬᠦᠳᠡ ᠬᠤᠷᠠᠯ᠂ ᠳᠤᠭᠤᠢᠯᠠᠩ᠎ᠤᠨ ᠬᠤᠷᠠᠯ᠎ᠤᠨ ᠲᠣᠬᠢᠷᠠᠭᠤᠯᠤᠯᠲᠠ᠎ᠶ᠋ᠢ ᠬᠠᠤᠯᠢ ᠶᠣᠰᠣᠭᠠᠷ ᠳᠤᠷᠠᠳᠴᠤ᠌᠂ ᠴᠢᠯᠥᠭᠡ ᠭᠤᠶᠤᠵᠤ ᠮᠡᠳᠡᠭᠦᠯᠦᠨ ᠵᠥᠪᠱᠢᠶᠡᠷᠡᠭᠦᠯᠬᠦ᠌ ᠳᠦᠷᠢᠮ᠎ᠢ ᠴᠢᠩᠳᠠᠯᠠᠵᠤ᠂ ᠣᠷᠣᠯᠴᠠᠭ᠍ᠰᠠᠨ ᠨᠣᠷᠮ᠎ᠠ᠎ᠶ᠋ᠢ 96% ᠡᠴᠨ ᠳᠡᠭᠡᠭ᠌ᠰᠢ ᠪᠠᠢᠯᠭᠠᠪᠠ᠃ ᠰᠠᠨᠠᠯ ᠵᠥᠪᠯᠡᠯᠭᠡ ᠳᠤᠷᠠᠳᠭᠤ ᠪᠠ ᠬᠢᠨᠠᠨ ᠶᠠᠷᠢᠯᠴᠠᠬᠤ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠬᠤᠷᠢᠶᠠᠨ ᠳᠠᠷᠤᠭ᠎ᠠ ᠨᠠᠷ᠎ᠤᠨ ᠰᠤᠨᠳᠤᠭᠤᠢ ᠰᠠᠷ᠎ᠠ᠎ᠶ᠋ᠢᠨ ᠬᠤᠷᠠᠯ᠎ᠢᠶᠠᠷ ᠪᠠᠢᠩᠭᠤ᠎ᠶ᠋ᠢᠨ ᠬᠣᠷᠢᠶ᠎ᠠ ᠵᠢᠨ ᠬᠤᠷᠠᠯ᠎ᠳᠤ ᠳᠡᠪᠱᠢᠭᠦᠯᠦᠨ ᠪᠠᠲᠤᠯᠠᠭᠤᠯᠤᠭ᠍ᠰᠠᠨ ᠬᠠᠤᠯᠢ ᠴᠠᠭᠠᠵᠠ᠎ᠶ᠋ᠢᠨ ᠲᠥᠰᠦᠯ᠎ᠢ ᠲᠤᠰᠭᠠᠢᠯᠠᠨ ᠰᠤᠳᠤᠯᠤᠨ ᠶᠠᠷᠢᠯᠴᠠᠬᠤ ᠲᠣᠭ᠍ᠲᠠᠴᠠ᠎ᠶ᠋ᠢ ᠨᠡᠮᠡᠨ ᠪᠠᠢᠭᠤᠯᠵᠤ᠂ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠬᠤ᠂ ᠲᠤᠰᠭᠠᠶ ᠰᠡᠳᠦᠪ᠎ᠢᠶᠠᠷ ᠯᠠᠪᠯᠠᠨ ᠠᠰᠠᠭᠤᠬᠤ᠂ ᠶᠠᠷᠢᠶ᠎ᠠ ᠲᠠᠯᠪᠢᠬᠤ ᠪᠠ ᠪᠠᠲᠤᠯᠠᠯᠲᠠ ᠬᠢᠬᠦ᠌᠎ᠶ᠋ᠢ ᠵᠢᠷᠤᠮᠵᠢᠭᠤᠯᠬᠤ ᠲᠥᠪᠱᠢᠨ᠎ᠢ ᠳᠡᠭᠡᠭ᠌ᠰᠢᠯᠡᠭᠦᠯᠪᠡ᠃
(ᠬᠤᠶᠠᠷ) ᠲᠤᠰᠭᠠᠶ ᠵᠥᠪᠯᠡᠯ ᠪᠣᠯᠤᠨ ᠠᠵᠢᠯ᠎ᠤᠨ ᠵᠥᠪᠯᠡᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠪᠠ᠃ ᠤᠤᠯ᠎ᠤᠨ ᠬᠠᠤᠯᠢ ᠴᠠᠭᠠᠵᠠ᠎ᠶ᠋ᠢᠨ ᠵᠥᠪᠯᠡᠯ᠂ ᠳᠤᠳᠤᠭᠠᠳᠤ ᠶᠠᠪᠤᠳᠠᠯ ᠬᠠᠤᠯᠢ ᠪᠠᠷᠢᠬᠤ ᠵᠥᠪᠯᠡᠯ᠎ᠤᠨ ᠨᠡᠷ᠎ᠡ᠎ᠶ᠋ᠢ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠂ ᠬᠢᠨᠠᠨ ᠪᠠᠢᠴᠠᠭᠠᠬᠤ ᠪᠠ ᠬᠠᠤᠯᠢ ᠪᠠᠷᠢᠬᠤ ᠵᠥᠪᠯᠡᠯ ᠭᠡᠵᠦ᠍ ᠲᠤᠰ ᠲᠤᠰ ᠬᠠᠯᠠᠭᠠᠳ᠂ ᠨᠡᠢᠭᠡᠮ᠎ᠤᠨ ᠪᠠᠢᠭᠤᠯᠤᠯᠲᠠ᠎ᠶ᠋ᠢᠨ ᠵᠥᠪᠯᠡᠯ᠎ᠢ ᠨᠡᠮᠡᠨ ᠪᠠᠢᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ ᠡᠷᠡᠭᠦᠯ ᠬᠠᠮᠠᠭᠠᠯᠠᠯ᠎ᠤᠨ ᠵᠥᠪᠯᠡᠯ᠎ᠤᠨ ᠬᠠᠤᠯᠢ᠎ᠪᠠᠷ ᠲᠣᠭ᠍ᠲᠠᠭᠠᠭ᠍ᠰᠠᠨ ᠡᠭᠦᠷᠭᠡ ᠴᠢᠳᠠᠪᠤᠷᠢ᠎ᠳᠤ ᠬᠡᠰᠡᠭ ᠲᠠᠯ᠎ᠠ᠎ᠶ᠋ᠢᠨ ᠲᠣᠬᠢᠷᠠᠭᠤᠯᠤᠯᠲᠠ ᠬᠢᠵᠦ᠍᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠡᠷᠡᠭ᠌ᠴᠡᠭᠡ᠎ᠳᠤ ᠨᠠᠩ ᠰᠠᠢᠨ ᠵᠣᠬᠢᠴᠠᠭᠤᠯᠪᠠ᠃ ᠲᠤᠰᠭᠠᠶ ᠵᠥᠪᠯᠡᠯ᠎ᠤᠨ ᠠᠵᠢᠯ᠎ᠤᠨ ᠵᠢᠷᠤᠮᠵᠢᠭᠤᠯᠤᠯᠲᠠ ᠪᠠ ᠳᠦᠷᠢᠮᠵᠢᠭᠦᠯᠦᠯᠲᠡ᠎ᠶ᠋ᠢ ᠠᠬᠢᠭᠤᠯᠵᠤ᠂ ᠲᠤᠰᠭᠠᠶ ᠵᠥᠪᠯᠡᠯ 500 ᠭᠠᠷᠤᠶ ᠤᠳᠠᠭ᠎ᠠ ᠬᠤᠷᠠᠯ ᠬᠤᠷᠠᠯᠳᠤᠭᠤᠯᠪᠠ᠃ ᠬᠤᠷᠢᠶᠠᠨ ᠳᠠᠷᠤᠭ᠎ᠠ ᠨᠠᠷ᠎ᠤᠨ ᠬᠤᠷᠠᠯ᠂ ᠲᠤᠰᠭᠠᠶ ᠵᠥᠪᠯᠡᠯ ᠪᠠ ᠠᠵᠢᠯ᠎ᠤᠨ ᠵᠥᠪᠯᠡᠯ᠎ᠤᠨ ᠬᠠᠷᠢᠭᠤᠴᠠᠨ ᠲᠤᠭᠤᠷᠪᠢᠭ᠍ᠰᠠᠨ ᠪᠤᠶᠤ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠦᠭ᠌ᠰᠡᠨ ᠬᠠᠤᠯᠢ ᠴᠠᠭᠠᠵᠠ᠎ᠶ᠋ᠢᠨ ᠵᠥᠪᠯᠡᠯᠭᠡ᠂ ᠲᠣᠭ᠍ᠲᠠᠭᠠᠯ᠎ᠤᠨ ᠵᠥᠪᠯᠡᠯᠭᠡ 91 ᠬᠤᠪᠢ ᠤᠳᠠᠭ᠎ᠠ᠎ᠳᠤ ᠬᠦᠷᠴᠦ᠍᠂ 137 ᠬᠤᠪᠢ ᠬᠠᠤᠯᠢ ᠴᠠᠭᠠᠵᠠ᠎ᠶ᠋ᠢᠨ ᠲᠤᠭᠤᠷᠪᠢᠨ ᠪᠢᠴᠢᠬᠦ᠌ ᠠᠵᠢᠯ᠎ᠢ ᠵᠣᠬᠢᠴᠠᠭᠤᠯᠤᠨ ᠵᠢᠯᠣᠭᠤᠳᠴᠤ᠌᠂ ᠲᠤᠰ ᠬᠤᠭᠤᠴᠠᠭᠠᠨ᠎ᠤ ᠪᠡᠶᠡᠯᠡᠭᠦᠯᠦᠭ᠌ᠰᠡᠨ ᠨᠤᠷᠮ᠎ᠠ 92.7% ᠳ᠋ᠤ ᠬᠦᠷᠪᠡ᠃ ᠪᠠᠢᠩᠭᠤ᠎ᠶ᠋ᠢᠨ ᠬᠣᠷᠢᠶ᠎ᠠ ᠵᠢᠨ ᠬᠤᠷᠠᠯ᠎ᠳᠤ ᠬᠢᠨᠠᠨ ᠶᠠᠷᠢᠯᠴᠠᠭᠤᠯᠬᠤ᠎ᠪᠠᠷ ᠳᠡᠪᠱᠢᠭᠦᠯᠦᠭ᠌ᠰᠡᠨ 202 ᠬᠤᠪᠢ ᠰᠠᠨᠠᠯ ᠵᠥᠪᠯᠡᠯᠭᠡ ᠪᠠ 171 ᠬᠤᠪᠢ ᠮᠡᠳᠡᠭᠦᠯᠦᠯᠲᠡ᠎ᠶ᠋ᠢ ᠴᠥᠮ ᠤᠷᠢᠳ᠎ᠢᠶᠠᠷ ᠲᠤᠰᠭᠠᠶ ᠵᠥᠪᠯᠡᠯ ᠡᠴᠨ ᠨᠠᠷᠢᠨ ᠬᠢᠨᠠᠮᠠᠭᠠᠶ ᠬᠢᠨᠠᠨ ᠶᠠᠷᠢᠯᠴᠠᠵᠤ᠂ ᠮᠡᠳᠡᠭᠦᠯᠦᠯᠲᠡ ᠳᠤᠷᠠᠳᠪᠠ᠃ ᠲᠤᠰᠭᠠᠶ ᠵᠥᠪᠯᠡᠯᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠂ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢᠨ ᠪᠣᠳᠠᠲᠠᠶ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌ ᠠᠵᠢᠯ᠎ᠢ ᠡᠭᠦᠷᠭᠡᠯᠡᠪᠡ᠃ ᠳᠦᠷᠢᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠰᠠᠨᠠᠯ ᠵᠥᠪᠯᠡᠯᠭᠡ ᠰᠠᠨᠠᠭᠤᠯᠭ᠎ᠠ᠎ᠶ᠋ᠢ ᠱᠢᠢᠳᠪᠦᠷᠢᠯᠡᠬᠦ᠂ ᠲᠥᠯᠥᠭᠡᠯᠡᠭ᠌ᠴᠢᠳ᠎ᠤᠨ ᠠᠵᠢᠯ᠂ ᠪᠠᠢᠴᠠᠭᠠᠨ ᠰᠤᠳᠤᠯᠤᠯᠲᠠ ᠬᠢᠬᠦ᠌ ᠵᠡᠷᠭᠡ ᠲᠠᠯ᠎ᠠ᠎ᠪᠠᠷ ᠠᠯᠢ ᠤᠯᠠᠨ ᠲᠦᠷᠢᠮ ᠲᠣᠭ᠍ᠲᠠᠭᠠᠯ᠎ᠢ ᠲᠣᠭ᠍ᠲᠠᠭᠠᠭ᠍ᠰᠠᠨ ᠪᠠ ᠵᠠᠰᠠᠵᠤ᠂ 《ᠬᠠᠤᠯᠢ ᠲᠣᠭ᠍ᠲᠠᠭᠠᠬᠤ ᠊᠊᠊᠊᠊᠊ ᠦᠨᠡᠯᠡᠨ ᠵᠢᠱ᠌ᠢᠬᠦ᠌ ᠊᠊᠊᠊᠊ ᠬᠠᠤᠯᠢ ᠴᠠᠭᠠᠵᠠ᠎ᠳᠤ ᠵᠠᠰᠠᠪᠤᠷᠢ ᠣᠷᠣᠭᠤᠯᠬᠤ》 ᠬᠥᠳᠡᠯᠦᠩᠭᠦᠶ ᠪᠢᠲᠡᠭᠦᠦ ᠴᠠᠭᠠᠷᠢᠭ᠍ᠲᠤ ᠲᠣᠭ᠍ᠲᠠᠴᠠ᠎ᠶ᠋ᠢ ᠪᠦᠷᠢᠯᠳᠦᠭᠦᠯᠵᠦ᠍᠂ ᠲᠤᠰᠭᠠᠶ ᠵᠥᠪᠯᠡᠯ᠂ ᠠᠵᠢᠯ᠎ᠤᠨ ᠵᠥᠪᠯᠡᠯ᠎ᠤᠨ ᠡᠭᠦᠷᠭᠡ ᠴᠢᠳᠠᠪᠤᠷᠢ᠎ᠶ᠋ᠢ ᠪᠦᠲᠦᠮᠵᠢᠲᠡᠶ ᠪᠠᠳᠠᠷᠠᠭᠤᠯᠬᠤ᠎ᠶ᠋ᠢ ᠦᠨᠡᠨ ᠬᠦ᠌ ᠪᠠᠲᠤᠯᠠᠪᠠ᠃
(ᠭᠤᠷᠪᠠ) ᠠᠵᠢᠯ᠎ᠤᠨ ᠪᠠᠢᠭᠤᠯᠤᠮᠵᠢ᠎ᠶ᠋ᠢᠨ ᠦᠢᠯᠡᠴᠢᠯᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ᠃ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ 32 ᠪᠣᠯᠵᠣ᠂ ᠪᠦᠬᠦ᠌ ᠤᠯᠤᠰ᠎ᠤᠨ 31 ᠮᠤᠵᠢ (ᠣᠷᠣᠨ᠂ ᠬᠤᠲᠠ) ᠪᠦᠬᠦᠨ᠎ᠳᠤ ᠬᠠᠷᠢᠯᠴᠠᠬᠤ ᠴᠡᠭ᠎ᠲᠠᠢ ᠪᠣᠯᠭᠠᠬᠤ᠎ᠶ᠋ᠢ ᠪᠡᠶᠡᠯᠡᠭᠦᠯᠪᠡ᠃ 《ᠳ᠋ᠢᠵᠢᠲ᠋ᠠᠯ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ》 ᠤ᠋ᠨ ᠪᠠᠢᠭᠤᠯᠤᠯᠲᠠ᠎ᠶ᠋ᠢ ᠠᠬᠢᠭᠤᠯᠪᠠ᠃ ᠪᠥᠬᠦ᠌ ᠤᠯᠤᠰ᠎ᠲᠤ ᠨᠢᠭᠡᠳᠦᠯᠲᠡᠶ ᠳᠡᠩᠰᠡᠯᠡᠵᠦ᠍ ᠬᠢᠨᠠᠨ ᠪᠠᠢᠴᠠᠭᠠᠬᠤ ᠮᠡᠳᠡᠭᠡ ᠵᠠᠩᠭᠢ᠎ᠶ᠋ᠢᠨ ᠲᠠᠪᠴᠠᠩ᠎ᠢ ᠪᠠᠢᠭᠤᠯᠵᠤ᠂ ᠠᠷᠠᠳ ᠢᠷᠭᠡᠳ᠂ ᠵᠣᠬᠢᠶᠠᠨ ᠪᠠᠢᠭᠤᠯᠤᠯᠲᠠ᠎ᠶ᠋ᠢᠨ ᠭᠢᠨᠠᠨ ᠪᠠᠢᠴᠠᠭᠠᠯᠭᠠᠬᠤ ᠰᠠᠨᠠᠭᠤᠯᠭ᠎ᠠ᠎ᠪᠠᠨ ᠰᠦᠯᠵᠢᠶᠡᠨ ᠳᠡᠭᠡᠷ᠎ᠡ ᠲᠤᠱᠢᠶᠠᠬᠤ ᠲᠠᠪᠴᠠᠩ᠎ᠢ ᠨᠡᠪᠲᠡᠷᠡᠭᠦᠯᠪᠡ᠃ ᠤᠯᠤᠰ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠳ᠋ᠠᠢᠲ᠋ᠠ ᠬᠥᠮᠥᠷᠭᠡ᠎ᠶ᠋ᠢ ᠪᠠᠢᠭᠤᠯᠪᠠ᠃ ᠲᠥᠰᠥᠪ᠎ᠤᠨ ᠠᠵᠢᠯ᠎ᠤᠨ ᠵᠥᠪᠯᠡᠯ᠎ᠤᠨ ᠦᠨᠳᠦᠰᠦᠨ ᠱᠠᠲᠤᠨ᠎ᠤ ᠬᠠᠷᠢᠯᠴᠠᠬᠤ ᠴᠡᠭ᠎ᠢ 5 ᠪᠠᠢᠭᠤᠯᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠰᠦᠪ᠎ᠤᠨ ᠰᠦᠯᠵᠢᠶᠡᠵᠢᠭᠦᠯᠦᠭ᠌ᠰᠡᠨ ᠬᠢᠨᠠᠯᠲᠠ᠎ᠶ᠋ᠢᠨ ᠱᠢᠰᠲ᠋ᠧᠮ᠎ᠢ ᠪᠠᠢᠭᠤᠯᠵᠤ᠂ ᠪᠦᠬᠦ᠌ ᠤᠯᠤᠰ᠎ᠤᠨ 31 ᠮᠤᠵᠢ (ᠣᠷᠣᠨ᠂ ᠬᠤᠳᠠ)᠂ 90% ᠡᠴᠨ ᠳᠡᠭᠡᠭ᠌ᠰᠢᠬᠢ ᠲᠤᠰᠭᠠᠶ ᠣᠷᠣᠨ ᠬᠤᠳᠠ ᠪᠠ 80% ᠡᠴᠨ ᠳᠡᠭᠡᠭ᠌ᠰᠢᠬᠢ ᠱᠢᠶᠠᠨ ᠲᠣᠭᠤᠷᠢᠭ᠎ᠢ ᠬᠠᠮᠤᠷᠪᠠ᠃ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠶ᠋ᠢᠨ ᠰᠦᠯᠵᠢᠶᠡᠵᠢᠭᠦᠯᠦᠭ᠌ᠰᠡᠨ ᠬᠢᠨᠠᠯᠲᠠ᠎ᠶ᠋ᠢᠨ ᠱᠢᠰᠲ᠋ᠧᠮ᠎ᠢ ᠵᠢᠩᠬᠢᠨᠢ᠎ᠪᠠᠷ ᠬᠡᠷᠡᠭ᠌ᠯᠡᠭᠡᠨ᠎ᠳᠤ ᠣᠷᠣᠭᠤᠯᠵᠤ᠂ ᠪᠠᠢᠩᠭᠤ᠎ᠶ᠋ᠢᠨ ᠬᠣᠷᠢᠶ᠎ᠠ ᠵᠢᠨ ᠬᠢᠨᠠᠨ ᠶᠠᠷᠢᠯᠴᠠᠬᠤ᠎ᠳᠤ ᠦᠢᠯᠡᠴᠢᠯᠡᠭᠦᠯᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠵᠢᠯ᠎ᠤᠨ ᠮᠡᠳᠡᠭᠡ ᠵᠠᠩᠭᠢᠴᠢᠯᠠᠯᠲᠠ᠎ᠶ᠋ᠢᠨ ᠲᠠᠪᠴᠠᠩ᠎ᠢ ᠪᠠᠢᠭᠤᠯᠤᠨ ᠬᠡᠷᠡᠭ᠌ᠯᠡᠵᠦ᠍᠂ ᠰᠦᠯᠵᠢᠶᠡᠨ᠎ᠤ ᠸᠢᠳᠢᠣ᠋ ᠬᠤᠷᠠᠯ᠂ 《ᠡᠭᠦᠯᠡᠨ ᠰᠣᠨᠣᠰᠤᠯᠲᠠ᠎ᠶ᠋ᠢᠨ ᠬᠤᠷᠠᠯ》 ᠤ᠋ᠨ ᠶᠠᠰᠤ ᠴᠢᠨᠠᠷ᠎ᠢ ᠳᠡᠭᠡᠭ᠌ᠰᠢᠯᠡᠭᠦᠯᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠵᠠᠰᠠᠭ᠎ᠤᠨ ᠶᠠᠪᠤᠳᠠᠯ᠎ᠤᠨ ᠲᠤᠰᠭᠠᠢ ᠸᠢᠴᠠᠲ᠎ᠢ ᠨᠡᠪᠲᠡᠷᠡᠭᠦᠯᠵᠦ᠍᠂ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠰᠠᠨᠠᠭᠤᠯᠭ᠎ᠠ᠂ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠢ ᠬᠤᠪᠢᠷᠠᠭᠤᠯᠬᠤ ᠪᠦᠬᠦ᠌ ᠶᠠᠪᠤᠴᠠ᠎ᠶ᠋ᠢ ᠰᠦᠯᠵᠢᠶᠡᠨ ᠳᠡᠭᠡᠷ᠎ᠡ ᠠᠵᠢᠯᠯᠠᠭᠤᠯᠬᠤ᠎ᠶ᠋ᠢ ᠪᠡᠶᠡᠯᠡᠭᠦᠯᠪᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ᠎ᠶ᠋ᠢᠨ ᠲᠠᠪᠴᠠᠩ᠎ᠢ ᠨᠡᠪᠲᠡᠷᠡᠭᠦᠯᠵᠦ᠍᠂ ᠰᠶ᠋ᠢᠳᠪᠦᠷᠢᠯᠡᠭ᠌ᠰᠡᠨ ᠵᠠᠬᠢᠲᠠᠯ ᠰᠤᠷᠪᠤᠯᠵᠢᠯᠠᠭ᠎ᠠ᠎ᠶ᠋ᠢᠨ ᠶᠡᠷᠦᠩᠬᠡᠶ ᠲᠤᠭ᠎ᠠ 43 ᠲᠦᠮᠡ ᠭᠠᠷᠤᠶ ᠬᠤᠪᠢ ᠤᠳᠠᠭ᠎ᠠ᠎ᠳᠤ ᠬᠦᠷᠪᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠯᠡᠯ ᠤᠬᠠᠭᠤᠯᠭ᠎ᠠ᠎ᠶ᠋ᠢᠨ ᠠᠵᠢᠯ᠎ᠤᠨ ᠲᠦᠪᠱᠢᠨ᠎ᠢ ᠳᠡᠭᠡᠭ᠌ᠰᠢᠯᠡᠭᠦᠯᠵᠦ᠍᠂ ᠰᠣᠨᠢᠨ ᠮᠡᠳᠡᠭᠡ ᠨᠡᠢᠲᠡᠯᠡᠬᠦ᠌ ᠬᠤᠷᠠᠯ᠂ ᠰᠤᠷᠪᠤᠯᠵᠢᠯᠠᠭ᠍ᠴᠢᠳ᠎ᠤᠨ ᠬᠤᠷᠠᠯ᠂ 《ᠲᠥᠯᠥᠭᠡᠯᠡᠭ᠌ᠴᠢᠳ᠎ᠤᠨ ᠨᠡᠪᠲᠡᠷᠡᠬᠦ᠌ ᠵᠠᠮ》᠂ 《ᠰᠠᠢᠳ᠎ᠤᠨ ᠨᠡᠪᠲᠡᠷᠡᠬᠦ᠌ ᠵᠠᠮ》᠎ᠢ᠋ ᠨᠠᠷᠢᠨ ᠨᠢᠮᠪᠠᠶ ᠵᠣᠬᠢᠶᠠᠨ ᠪᠠᠢᠭᠤᠯᠵᠤ᠂ ᠡᠯ᠎ᠡ ᠲᠥᠯᠥᠭᠡᠯᠡᠭ᠌ᠴᠢᠳ᠎ᠤᠨ ᠪᠦᠯᠬᠦᠮ᠎ᠤᠨ ᠰᠣᠨᠢᠨ ᠮᠡᠳᠡᠭᠡᠨ᠎ᠤ ᠦᠭᠦᠯᠡᠭᠴᠢ᠂ ᠶᠡᠭᠡ ᠬᠤᠷᠠᠯ᠎ᠤᠨ ᠰᠣᠨᠢᠨ ᠮᠡᠳᠡᠭᠡᠨ᠎ᠤ ᠲᠥᠪ᠎ᠤᠨ ᠸᠢᠳᠢᠣ᠋ ᠰᠤᠷᠪᠤᠯᠵᠢᠯᠠᠭ᠎ᠠ᠎ᠶ᠋ᠢᠨ ᠲᠠᠰᠤᠭ᠎ᠢ ᠭᠠᠷᠭᠠᠵᠤ᠂ ᠬᠠᠤᠯᠢ ᠲᠣᠭ᠍ᠲᠠᠭᠠᠬᠤ᠎ᠳᠤ ᠬᠢᠨᠠᠯᠲᠠ ᠲᠠᠯᠪᠢᠬᠤ ᠪᠦᠬᠦ᠌ ᠶᠠᠪᠤᠴᠠ᠎ᠶ᠋ᠢᠨ ᠮᠡᠳᠡᠭᠡᠯᠡᠯ ᠪᠠ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠤᠬᠠᠭᠤᠯᠭ᠎ᠠ᠎ᠶ᠋ᠢ ᠴᠢᠩᠭᠠᠳᠭᠠᠪᠠ᠃ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠨᠤᠯ᠎ᠤᠨ ᠰᠤᠳᠤᠯᠭᠠᠨ᠎ᠤ ᠬᠤᠷᠠᠯ᠂ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠡᠳᠬᠦᠯ᠎ᠤᠨ ᠦᠢᠯᠡᠳᠦᠯ᠎ᠢ ᠪᠠᠳᠠᠷᠠᠭᠤᠯᠵᠤ᠂ 《ᠰᠡᠳᠭᠦᠯ᠂ ᠰᠦᠯᠵᠢᠶ᠎ᠡ᠂ ᠸᠢᠴᠠᠲ᠂ ᠪᠢᠴᠢᠯ ᠪᠯᠤᠭ ᠦᠵᠦᠭᠦᠷ》 ᠢ᠋ ᠠᠭᠤᠰᠤᠯᠴᠠᠭᠤᠯᠤᠨ ᠭᠦᠨᠵᠡᠭᠡᠢᠷᠡᠭᠦᠯᠦᠨ ᠬᠥᠭ᠌ᠵᠢᠬᠦᠯᠬᠦ᠌᠎ᠶ᠋ᠢ ᠠᠬᠢᠭᠤᠯᠵᠤ᠂ ᠣᠨᠣᠯ᠎ᠤᠨ ᠤᠩᠱᠢᠬᠤ ᠨᠣᠮ᠎ᠢ ᠵᠣᠬᠢᠶᠠᠨ ᠪᠠᠢᠭᠤᠯᠤᠨ ᠨᠠᠢᠷᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠨᠤᠯ᠎ᠢ ᠰᠤᠳᠤᠯᠤᠨ ᠲᠠᠢᠯᠪᠤᠷᠢᠯᠠᠪᠠ᠃ ᠬᠢᠵᠢᠭ᠎ᠤᠨ ᠪᠠᠢᠳᠠᠯ ᠳᠣᠣᠷᠠᠬᠢ ᠶᠡᠭᠡ ᠬᠤᠷᠠᠯ ᠪᠠ ᠪᠠᠢᠩᠭᠤ᠎ᠶ᠋ᠢᠨ ᠬᠣᠷᠢᠶ᠎ᠠ ᠵᠢᠨ ᠬᠤᠷᠠᠯᠳᠤᠭᠠᠨ᠎ᠤ ᠦᠢᠯᠡᠴᠢᠯᠡᠭᠡ ᠪᠠᠲᠤᠯᠠᠭ᠎ᠠ᠎ᠶ᠋ᠢ ᠰᠠᠢᠲᠤᠷ ᠬᠢᠵᠦ᠍᠂ ᠠᠷᠠᠳ᠎ᠤᠨ ᠶᠡᠭᠡ ᠬᠤᠷᠠᠯ᠎ᠤᠨ ᠲᠠᠩᠬᠢᠮ᠎ᠤᠨ ᠬᠡᠪ᠎ᠤᠨ ᠠᠵᠢᠯᠯᠠᠭ᠎ᠠ᠎ᠨᠢ ᠦᠨᠡᠨ ᠬᠦ᠌ ᠪᠠᠲᠤᠯᠠᠪᠠ᠃
(ᠲᠦᠷᠪᠡ) ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠪᠠ᠃ ᠤᠯᠤᠰ ᠲᠥᠷᠥ᠎ᠶ᠋ᠢᠨ ᠪᠠᠢᠭᠤᠯᠤᠯᠲᠠ᠂ ᠦᠵᠡᠯ ᠰᠠᠨᠠᠭᠠᠨ᠎ᠤ ᠪᠠᠢᠭᠤᠯᠤᠯᠲᠠ᠂ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ᠂ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠂ ᠳᠦᠷᠢᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠠᠷᠢᠭᠤᠨ ᠴᠢᠭᠡᠴᠢ ᠲᠦᠪ ᠭᠤᠤᠯᠴᠢ ᠠᠵᠢᠯ ᠬᠢᠵᠦ᠍ ᠦᠢᠯᠡᠰ ᠪᠦᠲᠦᠭᠡᠬᠦ᠌ ᠣᠷᠴᠢᠨ ᠨᠦᠬᠦᠴᠡᠯ᠎ᠢ ᠪᠣᠶ ᠪᠣᠯᠭᠠᠪᠠ᠃ 《ᠲᠤᠯᠭᠤᠷ ᠵᠤᠷᠢᠯᠲᠠ᠎ᠪᠠᠨ ᠦᠯᠦ᠍ ᠮᠠᠷᠲᠠᠨ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠌ 》 ᠭᠤᠣᠯ ᠰᠡᠳᠦᠪᠲᠦ ᠬᠥᠮᠦᠵᠢᠯ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠪᠠ᠃ ᠲᠠᠪᠤᠨ ᠵᠢᠯ ᠳᠠᠷᠠᠭᠠᠯᠠᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠰᠣᠯᠢᠯᠴᠠᠭᠠᠨ᠎ᠤ ᠬᠤᠷᠠᠯᠬᠤᠷᠠᠯᠳᠤᠭᠤᠯᠪᠠ᠃ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠰᠢ᠎ᠶ᠋ᠢᠨ ᠫᠢᠩ᠎ᠤᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠎ᠶ᠋ᠢ ᠰᠤᠷᠤᠯᠴᠠᠬᠤ ᠵᠡᠷᠭᠡ ᠭᠤᠣᠯ ᠰᠡᠳᠦᠪ᠎ᠤᠨ ᠲᠣᠭᠤᠷᠢᠨ᠎ᠳᠤ 32 ᠤᠳᠠᠭ᠎ᠠ ᠲᠤᠰᠭᠠᠶ ᠰᠡᠳᠦᠪᠲᠦ ᠲᠠᠢᠯᠤᠮᠵᠢ᠎ᠶ᠋ᠢ ᠡᠷᠬᠢᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠲᠠᠪᠤᠨ ᠵᠢᠯ᠎ᠤᠨ ᠰᠤᠷᠤᠯᠴᠠᠯᠭ᠎ᠠ᠎ᠶ᠋ᠢᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠪᠡ᠃ ᠤᠯᠤᠰ ᠲᠥᠷᠥ᠎ᠶ᠋ᠢᠨ ᠲᠠᠯ᠎ᠠ᠎ᠪᠠᠷ ᠡᠷᠡᠰ ᠪᠠᠲᠤ ᠪᠠᠢᠬᠤ᠂ ᠠᠷᠠᠳ ᠲᠦᠮᠡᠨ᠎ᠳᠤ ᠦᠢᠯᠡᠴᠢᠯᠡᠬᠦ᠂ ᠬᠠᠤᠯᠢ᠎ᠪᠠᠷ ᠵᠠᠰᠠᠬᠤ᠎ᠶ᠋ᠢ ᠳᠡᠭᠡᠳᠦᠯᠡᠬᠦ᠂ ᠠᠷᠠᠳᠴᠢᠯᠠᠯ᠎ᠢ ᠪᠠᠳᠠᠷᠠᠭᠤᠯᠬᠤ᠂ ᠬᠢᠴᠢᠶᠡᠩᠬᠦ᠋ᠢᠯᠡᠨ ᠴᠢᠷᠮᠠᠢᠵᠤ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠷᠢᠮᠲᠠᠯᠠᠵᠤ᠂ ᠥᠨᠳᠥᠷ ᠬᠡᠪ ᠴᠢᠨᠠᠷ ᠪᠦᠬᠦᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠩᠨᠡᠭᠡ᠎ᠶ᠋ᠢ ᠪᠠᠢᠭᠤᠯᠪᠠ᠃
(ᠲᠠᠪᠤ) ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠯᠤᠭ᠎ᠠ᠎ᠶ᠋ᠢᠨ ᠬᠠᠷᠢᠯᠴᠠᠭ᠎ᠠ᠎ᠪᠠᠨ ᠴᠢᠩᠭᠠᠳᠭᠠᠪᠠ᠃ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠪᠠᠢᠩᠭᠤ᠎ᠶ᠋ᠢᠨ ᠬᠤᠷᠢᠶ᠎ᠠ ᠪᠠᠢᠭᠤᠯᠤᠭ᠍ᠰᠠᠨ 40 ᠵᠢᠯ᠎ᠤᠨ ᠤᠢ᠎ᠶ᠋ᠢ ᠳᠤᠷᠠᠰᠭᠠᠬᠤ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠮᠤᠵᠢ᠎ᠶ᠋ᠢᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠣᠭ᠍ᠲᠠᠭᠠᠬᠤ ᠠᠵᠢᠯ᠎ᠤᠨ ᠰᠣᠯᠢᠯᠴᠠᠬᠤ ᠬᠤᠷᠠᠯ ᠬᠤᠷᠠᠯᠳᠤᠭᠤᠯᠵᠤ᠂ ᠲᠠᠪᠤᠨ ᠵᠢᠯ ᠳᠠᠷᠠᠭᠠᠯᠠᠨ ᠵᠢᠯ ᠪᠦᠷᠢ ᠨᠢᠭᠡ ᠤᠳᠠᠭ᠎ᠠ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠪᠣᠯᠪᠠᠰᠤᠷᠠᠯ᠎ᠤᠨ ᠠᠩᠭᠢ᠎ᠶ᠋ᠢ ᠡᠷᠬᠢᠯᠡᠵᠦ᠍᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠣᠷᠣᠨ ᠪᠦᠰᠡ᠎ᠶ᠋ᠢᠨ ᠠᠮᠢ ᠠᠬᠤᠢ᠎ᠶ᠋ᠢᠨ ᠣᠷᠴᠢᠨ ᠨᠥᠬᠦᠴᠡᠯ᠎ᠤᠨ ᠬᠠᠮᠠᠭᠠᠯᠠᠯᠲᠠ ᠵᠡᠷᠭᠡ᠎ᠳᠤ ᠬᠠᠮᠵᠢᠯᠴᠠᠨ ᠬᠠᠤᠯᠢ ᠲᠣᠭ᠍ᠲᠠᠭᠠᠬᠤ᠂ ᠬᠠᠤᠯᠢ᠎ᠪᠠᠷ ᠬᠠᠤᠯᠢ ᠲᠣᠭ᠍ᠲᠠᠭᠠᠬᠤ ᠠᠵᠢᠯ ᠥᠷᠨᠢᠭᠦᠯᠬᠦ᠎ᠶ᠋ᠢ ᠵᠢᠭᠠᠨ ᠵᠢᠯᠣᠭᠤᠳᠴᠤ᠌᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠷᠢᠭᠤᠴᠠᠯᠭᠠᠲᠠᠨ ᠨᠥᠬᠦᠳ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠠᠩᠬᠢ᠎ᠶ᠋ᠢ ᠡᠷᠬᠢᠯᠡᠵᠦ᠍᠂ ᠠᠵᠢᠯ᠎ᠤᠨ ᠲᠤᠷᠱᠢᠯᠭ᠎ᠠ᠎ᠪᠠᠨ ᠰᠣᠯᠢᠯᠴᠠᠪᠠ᠃ ᠤᠷᠤᠨ ᠨᠤᠲᠤᠭ᠎ᠤᠨ ᠠᠷᠠᠳ᠎ᠤᠨ ᠳᠥᠯᠥᠭᠡᠯᠡᠭ᠌ᠴᠢᠳᠤᠨ ᠶᠡᠭᠡ ᠬᠤᠷᠠᠯ᠎ᠨᠢ ᠪᠦᠬᠦ᠌ ᠤᠯᠤᠰ᠎ᠤᠨ ᠠᠷᠠᠳ᠎ᠤᠨ ᠳᠥᠯᠥᠭᠡᠯᠡᠭ᠌ᠴᠢᠳᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠳᠤ ᠬᠠᠮᠵᠢᠯᠴᠠᠨ ᠬᠠᠤᠯᠢ ᠬᠡᠷᠡᠭ᠌ᠵᠢᠭᠦᠯᠦᠯᠳᠡᠶ᠋ᠢᠨ ᠪᠠᠢᠴᠠᠭᠠᠯᠳᠠ ᠬᠢᠬᠦ᠂ ᠬᠠᠤᠯᠢ ᠳᠤᠭ᠍ᠳᠠᠭᠠᠯᠳᠠᠶ᠋ᠢᠨ ᠪᠠᠢᠴᠠᠭᠠᠨ ᠰᠤᠳᠤᠯᠤᠯᠳᠠ ᠬᠢᠬᠦ᠂ ᠳᠥᠯᠥᠭᠡᠯᠡᠭ᠌ᠴᠢᠳᠲᠤ ᠦᠢᠯᠡᠴᠢᠯᠡᠭᠡ ᠪᠠᠳᠤᠯᠠᠭ᠎ᠠ ᠬᠠᠩᠭᠠᠬᠤ᠂ ᠭᠠᠳᠠᠭᠠᠳᠤ᠎ᠲᠠᠢ ᠬᠠᠷᠢᠯᠴᠠᠬᠤ ᠵᠡᠷᠭᠡ ᠠᠵᠢᠯ᠎ᠢ ᠥᠷᠨᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠪᠦᠬᠦᠯᠢ ᠴᠣᠭ᠍ᠴᠠ᠎ᠶ᠋ᠢᠨ ᠲᠦᠪᠱᠢᠨ᠎ᠤ ᠳᠡᠭᠡᠭ᠌ᠰᠢᠯᠡᠯᠲᠡ᠎ᠶ᠋ᠢ ᠠᠬᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃
ᠲᠠᠪᠤᠨ ᠵᠢᠯ᠎ᠤᠨ ᠲᠤᠷᠰᠢ᠂ ᠪᠠᠢᠩᠭᠤ᠎ᠶ᠋ᠢᠨ ᠬᠣᠷᠢᠶ᠎ᠠ ᠵᠢᠨ ᠲᠣᠰ ᠪᠡᠶ᠎ᠡ᠎ᠶ᠋ᠢᠨ ᠪᠠᠢᠭᠤᠯᠤᠯᠲᠠ᠎ᠵᠢ ᠪᠦᠬᠦ᠌ ᠲᠠᠯ᠎ᠠ᠎ᠪᠠᠷ ᠴᠢᠩᠭᠠᠳᠭᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠤᠯᠤᠰ ᠲᠥᠷᠥ᠎ᠶ᠋ᠢᠨ ᠪᠠᠢᠭᠤᠯᠭ᠎ᠠ ᠪᠣᠯᠤᠭ᠍ᠰᠠᠨ᠎ᠤ ᠬᠤᠪᠢ᠎ᠳᠠᠬᠢ ᠦᠨᠳᠦᠰᠦ ᠰᠠᠭᠤᠷᠢᠨ᠎ᠢ ᠨᠡᠩ ᠪᠠᠲᠤ ᠪᠠᠬᠢ ᠪᠣᠯᠵᠤ᠂ ᠲᠥᠷᠥ᠎ᠶ᠋ᠢᠨ ᠡᠷᠬᠡᠲᠦ ᠪᠠᠢᠭᠤᠯᠭ᠎ᠠ ᠪᠣᠯᠤᠭ᠍ᠰᠠᠨ᠎ᠤ ᠬᠤᠪᠢ᠎ᠳᠠᠬᠢ ᠲᠤᠱᠢᠶᠠᠯ ᠬᠠᠷᠢᠭᠤᠴᠠᠯᠭ᠎ᠠ᠎ᠨᠢ ᠨᠡᠩ ᠢᠯᠡ ᠲᠣᠳᠣ ᠪᠣᠯᠵᠤ᠂ ᠠᠵᠢᠯ᠎ᠤᠨ ᠪᠠᠢᠭᠤᠯᠭ᠎ᠠ ᠪᠣᠯᠤᠭ᠍ᠰᠠᠨ᠎ᠤ ᠬᠤᠪᠢ᠎ᠳᠠᠬᠢ ᠠᠵᠢᠯᠯᠠᠭᠠᠨ᠎ᠨᠢ ᠨᠠᠩ ᠦᠨᠳᠦᠷ ᠪᠥᠲᠥᠮᠵᠢᠲᠡᠢ ᠪᠣᠯᠵᠤ᠂ ᠲᠥᠯᠥᠭᠡᠯᠡᠬᠦ᠌ ᠪᠠᠢᠭᠤᠯᠭ᠎ᠠ ᠪᠣᠯᠤᠭ᠍ᠰᠠᠨ᠎ᠤ ᠬᠤᠪᠢ᠎ᠳᠠᠬᠢ ᠦᠢᠯᠡᠳᠦᠯ᠎ᠨᠢ ᠨᠠᠩ ᠢᠯᠡᠷᠬᠡᠢ ᠪᠣᠯᠣᠭᠠᠳ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠪᠠᠢᠭᠤᠯᠤᠯᠲᠠ᠎ᠶ᠋ᠢᠨ ᠵᠥᠪ ᠴᠢᠭ᠌ᠯᠡᠯ᠎ᠢ ᠬᠦᠴᠦᠲᠡᠶ ᠪᠠᠲᠤᠯᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠶᠠᠰᠤ ᠴᠢᠨᠠᠷ᠎ᠤᠨ ᠲᠦᠪᠱᠢᠨ᠎ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠬᠥᠭ᠌ᠵᠢᠯᠲᠡ᠎ᠶ᠋ᠢᠨ ᠦᠢᠯᠡᠳᠦᠯᠭᠡ᠎ᠶ᠋ᠢ ᠡᠮᠬᠢ ᠵᠢᠷᠤᠮ᠎ᠲᠠᠢ ᠠᠬᠢᠭᠤᠯᠪᠠ᠃
ᠲᠥᠯᠥᠭᠡᠯᠡᠭ᠌ᠴᠢᠳ ᠡ!
ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠠᠮᠵᠢᠯᠲᠠ ᠪᠦᠲᠦᠮᠵᠢ᠎ᠶ᠋ᠢ ᠪᠣᠯ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠬ᠍ᠰᠠᠨ ᠨᠠᠮ᠎ᠤᠨ ᠲᠥᠪ ᠬᠣᠷᠢᠶ᠎ᠠ ᠵᠢᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ ᠣᠯᠤᠭ᠍ᠰᠠᠨ ᠶᠤᠮ᠂ ᠲᠡᠷᠡ᠎ᠨᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠬᠦᠨ᠂ ᠡᠯ᠎ᠡ ᠲᠤᠰᠭᠠᠢ ᠵᠥᠪᠯᠡᠯ᠎ᠤᠨ ᠪᠦᠷᠢᠯᠳᠦᠬᠦᠨ ᠪᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠠᠵᠢᠯᠲᠠᠳ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠱᠢᠷᠭᠠᠭᠤ ᠬᠠᠲᠠᠭᠤᠵᠢᠯᠲᠠᠢ ᠠᠵᠢᠯᠯᠠᠨ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ ᠨᠢᠭ᠍ᠲᠠ ᠬᠠᠮᠵᠢᠯᠴᠠᠵᠤ᠂ ᠬᠦᠴᠦ᠍ ᠬᠠᠮᠲᠤᠳᠭᠠᠨ ᠠᠵᠢᠯᠯᠠᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠭᠦᠢᠴᠡᠳ ᠢᠳᠡᠭᠡᠵᠤ᠂ ᠬᠥᠴᠥᠳᠡᠢ ᠳᠡᠮᠵᠢᠭ᠌ᠰᠡᠨ᠎ᠤ ᠦᠷ᠎ᠡ ᠳ᠋ᠦᠩ ᠶᠤᠮ᠃ ᠠᠳᠡ ᠪᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠳᠥᠯᠥᠭᠡᠯᠡᠭ᠌ᠴᠢᠳᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ᠎ᠶ᠋ᠢ ᠳᠥᠯᠥᠭᠡᠯᠡᠨ᠂ ᠡᠷᠭᠢᠮ ᠳᠡᠭᠡᠳᠥ ᠬᠦᠨᠳᠦᠳᠭᠡᠯ ᠪᠠ ᠴᠢᠩ ᠰᠡᠳᠭᠢᠯ᠎ᠤᠨ ᠳᠠᠯᠠᠷᠬᠠᠯ᠎ᠢᠶᠠᠨ ᠳᠡᠪᠱᠢᠭᠦᠯᠦᠶ᠎ᠡ!
ᠲᠠᠪᠤᠨ ᠵᠢᠯ᠎ᠢ ᠳ᠋ᠦᠩᠨᠡᠬᠦ᠌᠎ᠳᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠳᠤ ᠪᠠᠰᠠ ᠪᠠᠭ᠎ᠠ ᠪᠤᠰᠤ ᠠᠰᠠᠭᠤᠳᠠᠯ ᠪᠠ ᠮᠠᠰᠢ ᠤᠯᠠᠨ ᠬᠦᠷᠦᠯᠴᠡᠬᠦ᠌ ᠦᠭᠡᠢ ᠲᠠᠯ᠎ᠠ ᠣᠷᠣᠱᠢᠵᠤ ᠪᠠᠢᠬᠤ᠎ᠶ᠋ᠢ ᠪᠢᠳᠡ ᠪᠠᠰᠠ ᠭᠦᠨᠵᠡᠭᠡᠶ ᠰᠡᠷᠡᠵᠦ᠍ ᠮᠡᠳᠡᠪᠡ᠃ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠤᠨ ᠠᠭᠤᠤ ᠶᠡᠭᠡ ᠲᠡᠦᠬᠡᠨ ᠤᠷᠤᠰᠭᠠᠯ ᠳᠤᠮᠳᠠ᠂ ᠨᠡᠢᠭᠡᠮ᠎ᠤᠨ ᠭᠤᠣᠯ ᠵᠥᠷᠢᠴᠡᠯ᠎ᠳᠤ ᠬᠤᠪᠢᠷᠠᠯᠲᠠ ᠭᠠᠷᠤᠭ᠍ᠰᠠᠨ ᠲᠡᠦᠬᠡᠨ ᠠᠬᠤᠶ ᠪᠠᠢᠳᠠᠯ᠎ᠤᠨ ᠳᠣᠣᠷ᠎ᠠ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠨᠢ ᠵᠠᠷᠢᠮ ᠲᠠᠯ᠎ᠠ᠎ᠪᠠᠷ ᠪᠠᠰᠠ ᠵᠣᠬᠢᠴᠠᠬᠤ ᠦᠭᠡᠢ᠂ ᠳᠠᠭᠠᠵᠤ ᠠᠮᠵᠢᠬᠤ ᠦᠭᠡᠢ ᠠᠰᠠᠭᠤᠳᠠᠯ ᠣᠷᠣᠱᠢᠵᠤ ᠪᠠᠢᠨ᠎ᠠ᠂ ᠢᠯᠠᠩᠭᠤᠶ᠎ᠠ ᠬᠠᠤᠯᠢ ᠲᠣᠭ᠍ᠲᠠᠭᠠᠬᠤ ᠠᠵᠢᠯ᠎ᠤᠨ ᠶᠠᠰᠤ ᠴᠢᠨᠠᠷ᠎ᠢ ᠮᠥᠨ ᠬᠦ᠌ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ ᠪᠠᠢᠵᠤ᠂ ᠪᠠᠰᠠ ᠬᠠᠤᠯᠢ ᠴᠠᠭᠠᠵᠠ᠎ᠶ᠋ᠢᠨ ᠱᠢᠰᠲ᠋ᠧᠮᠲᠦ ᠴᠢᠨᠠᠷ᠂ ᠵᠣᠯᠭᠠᠯᠳᠤᠭᠤᠯᠬᠤ ᠴᠢᠨᠠᠷ᠂ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠢᠶᠠᠷ ᠳᠤᠲᠠᠮᠠᠭ ᠪᠠᠢᠬᠤ ᠠᠰᠠᠭᠤᠳᠠᠯ ᠣᠷᠣᠱᠢᠵᠤ ᠪᠠᠢᠨ᠎ᠠ; ᠬᠢᠨᠠᠯᠲᠠ ᠲᠠᠯᠪᠢᠬᠤ ᠠᠵᠢᠯ᠎ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ᠎ᠢ ᠮᠥᠨ ᠬᠦ᠌ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠶ ᠪᠠᠢᠵᠤ᠂ ᠪᠠᠰᠠ ᠡᠷᠴᠢᠮ ᠬᠦᠷᠦᠯᠴᠡᠬᠦ᠌ ᠦᠭᠡᠢ᠂ ᠪᠣᠳᠠᠲᠤ ᠦᠷ᠎ᠡ ᠪᠦᠲᠦᠮᠵᠢ᠎ᠪᠠᠷ ᠳᠤᠲᠠᠮᠠᠭ ᠪᠠᠢᠬᠤ ᠠᠰᠠᠭᠤᠳᠠᠯ ᠣᠷᠣᠱᠢᠵᠤ ᠪᠠᠢᠨ᠎ᠠ; ᠲᠥᠯᠥᠭᠡᠯᠡᠭ᠌ᠴᠢ᠎ᠳᠤ ᠦᠢᠯᠡᠴᠢᠯᠡᠬᠦ᠌ ᠴᠢᠳᠠᠪᠤᠷᠢ᠎ᠶ᠋ᠢ ᠮᠥᠨ ᠬᠦ᠌ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠢ᠂ ᠲᠥᠯᠥᠭᠡᠯᠡᠭ᠌ᠴᠢᠳ᠎ᠤᠨ ᠠᠵᠢᠯ᠎ᠢ ᠵᠢᠷᠤᠮᠵᠢᠭᠤᠯᠵᠤ᠂ ᠱᠢᠰᠲ᠋ᠧᠮᠵᠢᠭᠦᠯᠬᠦ᠌ ᠶᠠᠪᠤᠳᠠᠯ᠎ᠢ ᠴᠢᠩᠭᠠᠳᠭᠠᠬᠤ ᠴᠢᠬᠤᠯᠠᠲᠠᠶ ᠪᠠᠢᠨ᠎ᠠ᠃ ᠡᠳᠡᠭᠡᠷ ᠠᠰᠠᠭᠤᠳᠠᠯ ᠪᠠ ᠬᠦᠷᠦᠯᠴᠡᠬᠦ᠌ ᠦᠭᠡᠢ ᠲᠠᠯ᠎ᠠ᠎ᠶ᠋ᠢ ᠴᠥᠮ ᠬᠤᠢᠱᠢᠳᠠ᠎ᠶ᠋ᠢᠨ ᠠᠵᠢᠯ᠎ᠤᠨ ᠳᠤᠮᠳᠠ ᠦᠨᠡᠨ ᠬᠦ᠌ ᠰᠠᠢᠵᠢᠷᠠᠭᠤᠯᠬᠤ ᠴᠢᠬᠤᠯᠠᠲᠠᠢ᠃
ᠲᠥᠯᠥᠭᠡᠯᠡᠭ᠌ᠴᠢᠳ ᠡ!
ᠲᠠᠪᠤᠨ ᠵᠢᠯ᠎ᠤᠨ ᠦᠢᠯᠡᠳᠦᠯᠭᠡ᠎ᠨᠢ ᠪᠢᠳᠡᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠱᠢᠨᠵᠢᠯᠡᠬᠦ᠌ ᠤᠬᠠᠭᠠᠨᠴᠢ ᠠᠭᠤᠯᠤᠭ᠍ᠳᠠᠬᠤᠨ᠂ ᠦᠨᠳᠦᠰᠦᠨ ᠣᠨᠴᠠᠯᠢᠭ ᠪᠠ ᠮᠥᠨ ᠴᠢᠨᠠᠷ᠎ᠤᠨ ᠱᠠᠭᠠᠷᠳᠠᠯᠭ᠎ᠠ᠎ᠶ᠋ᠢᠨ ᠲᠤᠬᠠᠶ ᠲᠠᠨᠢᠯᠲᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠪᠡ᠂ ᠡᠨᠡ᠎ᠨᠢ ᠳᠠᠷᠤᠶ᠄ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠮᠤᠭ᠎ᠤᠨ ᠮᠥᠨ ᠴᠢᠨᠠᠷ᠎ᠤᠨ ᠣᠨᠴᠠᠯᠢᠭ ᠮᠥᠨ ᠭᠡᠬᠦ᠌ ᠡᠨᠡ ᠬᠦ᠌ ᠦᠨᠳᠦᠰᠦᠨ ᠬᠠᠤᠯᠢ᠎ᠶ᠋ᠢᠨ ᠵᠠᠷᠴᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠢᠮᠠᠭ᠍ᠲᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠲᠤ ᠴᠢᠩᠭ᠎ᠠ ᠤᠳᠤᠷᠢᠳᠭᠤ ᠭᠤᠣᠯᠯᠠᠭ᠍ᠴᠢ ᠪᠣᠯᠬᠤ᠎ᠶ᠋ᠢ ᠦᠨᠡᠨ ᠬᠦ᠌ ᠪᠠᠲᠤᠯᠠᠬᠤ; ᠡᠷᠬᠡᠪᠰᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠢᠮᠠᠭ᠍ᠲᠠ ᠵᠥᠪ ᠴᠢᠭ᠌ᠯᠡᠯ᠎ᠢᠶᠠᠷ ᠤᠷᠤᠭ᠍ᠰᠢᠯᠠᠭᠤᠯᠬᠤ᠎ᠶ᠋ᠢ ᠬᠦᠳᠦᠯᠦᠨ ᠳᠠᠭᠠᠭᠤᠯᠬᠤ; ᠡᠷᠬᠡᠪᠰᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠤᠯᠤᠰ ᠲᠥᠷᠥ᠎ᠶ᠋ᠢᠨ ᠬᠥᠭ᠌ᠵᠢᠯᠲᠡ᠎ᠶ᠋ᠢᠨ ᠵᠠᠮ᠎ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠵᠦ᠍᠂ ᠨᠠᠮᠡᠴᠨ ᠠᠷᠠᠳ ᠲᠦᠮᠡᠨ᠎ᠢ ᠤᠳᠤᠷᠢᠳᠤᠨ ᠤᠯᠤᠰ ᠣᠷᠣᠨ᠎ᠢᠶᠠᠨ ᠬᠠᠤᠯᠢ ᠶᠣᠰᠣᠭᠠᠷ ᠪᠦᠲᠦᠮᠵᠢᠲᠡᠶ᠎ᠪᠠᠷ ᠵᠠᠰᠠᠬᠤ᠎ᠶ᠋ᠢ ᠪᠠᠲᠤᠯᠠᠬᠤ; ᠡᠷᠬᠡᠪᠰᠢ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠭᠡ ᠣᠢᠯᠠᠭᠠᠭ᠍ᠳᠠᠬᠤᠨ᠎ᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠮᠠᠨ᠎ᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ᠂ ᠠᠷᠠᠳ ᠲᠥᠮᠡᠨ᠎ᠤ ᠡᠵᠡᠨ ᠰᠠᠭᠤᠵᠤ ᠡᠷᠬᠡ ᠮᠡᠳᠡᠬᠦ᠌᠎ᠶ᠋ᠢ ᠢᠯᠡᠷᠡᠭᠦᠯᠬᠦ᠌ ᠴᠢᠬᠤᠯᠠ ᠪᠠᠢᠭᠤᠯᠤᠯ᠎ᠤᠨ ᠠᠴᠢᠶᠠᠯᠠᠭ᠍ᠴᠢ ᠪᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮ ᠪᠠ ᠤᠯᠤᠰ᠎ᠤᠨ ᠪᠤᠳᠤᠯᠭ᠎ᠠ ᠲᠣᠭ᠍ᠲᠠᠭᠠᠬᠤ᠂ ᠬᠡᠷᠡᠭ᠌ᠵᠢᠭᠦᠯᠬᠦ᠂ ᠬᠢᠨᠠᠯᠲᠠ ᠲᠠᠯᠪᠢᠵᠤ ᠨᠠᠢᠳᠠᠪᠤᠷᠢᠵᠢᠭᠤᠯᠬᠤ ᠡᠯ᠎ᠡ ᠭᠤᠭ᠍ᠴᠤᠭ᠎ᠠ᠎ᠳᠤ ᠴᠥᠮ ᠠᠷᠠᠳ ᠲᠦᠮᠡᠨ᠎ᠤ ᠲᠠᠭᠤᠨ᠎ᠢ ᠣᠯᠵᠤ ᠰᠣᠨᠣᠰᠭᠤ᠎ᠶ᠋ᠢ ᠦᠨᠡᠨ ᠬᠦ᠌ ᠪᠠᠲᠤᠯᠠᠬᠤ; ᠡᠷᠬᠡᠪᠰᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠨᠠᠮᠡᠴᠨ ᠲᠥᠷᠥ᠎ᠶ᠋ᠢᠨ ᠵᠠᠰᠠᠭ᠎ᠤᠨ ᠡᠷᠭᠡ᠎ᠳᠤ ᠪᠠᠢᠭᠤᠯᠭ᠎ᠠ᠎ᠶ᠋ᠢ ᠤᠳᠤᠷᠢᠳᠭᠤ ᠴᠢᠬᠤᠯᠠ ᠪᠠᠢᠭᠤᠯᠤᠯ᠎ᠤᠨ ᠠᠴᠢᠶᠠᠯᠠᠭ᠍ᠴᠢ ᠪᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠠᠮ᠎ᠤᠨ ᠵᠤᠷᠢᠯᠳᠠ᠎ᠶ᠋ᠢ ᠬᠠᠤᠯᠢ᠎ᠪᠠᠷ ᠲᠤᠭ᠍ᠳᠠᠭᠠᠬ᠍ᠰᠠᠨ ᠵᠢᠷᠤᠮ᠎ᠢᠶᠠᠷ ᠲᠠᠮᠵᠢᠭᠤᠯᠤᠨ ᠲᠦᠷᠦ᠍᠎ᠶ᠋ᠢᠨ ᠵᠤᠷᠢᠭ ᠰᠠᠨᠠᠭ᠎ᠠ ᠪᠠ ᠠᠷᠠᠳ ᠲᠦᠮᠡᠨ᠎ᠤ ᠬᠠᠮᠲᠤ᠎ᠶ᠋ᠢᠨ ᠠᠵᠢᠯᠯᠠᠭ᠎ᠠ ᠪᠣᠯᠭᠠᠬᠤ; ᠡᠷᠬᠡᠪᠰᠢ ᠦᠨᠳᠦᠰᠦᠨ ᠬᠠᠤᠯᠢ᠎ᠳᠤ ᠲᠣᠭ᠍ᠲᠠᠭᠠᠭ᠍ᠰᠠᠨ ᠤᠯᠤᠰ᠎ᠤᠨ ᠦᠨᠳᠦᠰᠦᠨ ᠡᠬᠦᠷᠬᠡ᠂ ᠬᠦᠭ᠌ᠵᠢᠯᠳᠡ᠎ᠶ᠋ᠢᠨ ᠵᠠᠮ᠂ ᠲᠡᠮᠡᠴᠡᠯ᠎ᠤᠨ ᠬᠠᠷᠠᠯᠳᠠ᠎ᠶ᠋ᠢ ᠪᠠᠷᠢᠮᠲᠠᠯᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠦᠢᠯᠡᠳᠦᠯᠭᠡ᠎ᠶ᠋ᠢᠨ ᠣᠨᠴᠠᠯᠢᠭ ᠪᠠ ᠴᠠᠭ ᠦᠶ᠎ᠡ᠎ᠶ᠋ᠢᠨ ᠣᠨᠴᠠᠯᠢᠭ᠎ᠢ ᠪᠠᠶᠠᠯᠢᠭ᠍ᠵᠢᠭᠤᠯᠤᠨ ᠥᠷᠭᠡᠳᠭᠡᠵᠦ᠍᠂ ᠨᠠᠮ᠎ᠤᠨ ᠤᠨᠤᠯ ᠪᠤᠯᠤᠨ ᠱᠤᠭᠤᠮ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠶᠠᠪᠤᠳᠠᠯ ᠪᠣᠯᠣᠨ᠎ᠠ᠃
ᠬᠤᠢᠱᠢᠳᠠ᠎ᠶ᠋ᠢᠨ ᠨᠢᠭᠡ ᠵᠢᠯ᠎ᠤᠨ ᠠᠵᠢᠯ᠎ᠤᠨ ᠲᠤᠬᠠᠶ ᠰᠠᠨᠠᠭᠤᠯᠭ᠎ᠠ
2023 ᠣᠨ ᠪᠣᠯ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶ᠋ᠢᠨ ᠵᠢᠯ ᠪᠣᠯᠤᠨ᠎ᠠ᠃ ᠱᠢᠨ᠎ᠡ ᠨᠢᠭᠡᠨ ᠵᠢᠯ᠎ᠳᠤ᠂ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠶᠡᠷᠦᠩᠬᠡᠶ ᠱᠠᠭᠠᠷᠳᠠᠯᠭ᠎ᠠ ᠪᠣᠯ᠄ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠨ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠤᠰᠤᠭᠠᠷ ᠤᠯᠤᠰ᠎ᠢᠶᠠᠨ ᠵᠠᠰᠠᠬᠤ᠎ᠶ᠋ᠢ ᠤᠷᠭᠠᠨᠢᠭ᠎ᠢᠶᠠᠷ ᠨᠢᠭᠡᠳᠦᠬᠦᠯᠬᠦ᠌ᠶ᠋ᠢ ᠪᠠᠷᠢᠮᠳᠠᠯᠠᠵᠦ᠍᠂ ᠠᠷᠠᠳ᠎ᠤᠨ ᠲᠦᠯᠤᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠳᠠᠯᠠᠨ ᠲᠡᠬᠦᠯᠳᠡᠷᠵᠢᠬᠦᠯᠵᠤ᠂ ᠲᠤᠬ᠍ᠳᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠬ᠍ᠰᠢᠯᠠᠭᠤᠯᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠨ᠂ ᠲᠤᠮᠳᠠᠳᠤ ᠤᠯᠤᠰ᠎ᠤᠨ ᠮᠠᠶᠢᠬ᠎ᠤᠨ ᠤᠳᠤᠬᠢᠴᠢᠯᠠᠯᠳᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠᠡᠴᠨ ᠣᠯᠭᠤᠭ᠍ᠰᠠᠨ ᠬᠠᠤᠯᠢ ᠲᠣᠭ᠍ᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭ᠍ᠲᠠᠭᠠᠬᠤ ᠡᠷᠬᠡ᠂ ᠲᠣᠮᠢᠯᠠᠬᠤ ᠪᠠ ᠪᠠᠭᠤᠯᠭᠠᠬᠤ ᠡᠷᠬᠡ᠎ᠶ᠋ᠢ ᠬᠠᠤᠯᠢ ᠶᠣᠰᠣᠭᠠᠷ ᠬᠡᠷᠡᠭ᠌ᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠠᠵᠢᠯ᠎ᠤᠨ ᠡᠬᠢᠯᠡᠯᠳᠠ ᠤᠷᠤᠭ᠍ᠰᠢᠳᠠᠢ ᠭᠠᠷᠤᠭ᠎ᠠ ᠰᠠᠢᠳᠠᠢ ᠪᠠᠢᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ᠌ ᠬᠡᠷᠡᠭ᠌ᠲᠡᠢ᠃
ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠤᠷᠢᠶᠠᠨ ᠲᠠᠷᠤᠭ᠎ᠠ ᠨᠠᠷ᠎ᠤᠨ ᠬᠤᠷᠠᠯ᠎ᠡᠴᠨ 2023 ᠤᠨ᠎ᠤ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠭᠤᠣᠯᠳᠠᠯᠭ᠎ᠠ ᠪᠠ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠦᠯᠦᠭᠡᠯᠡᠭ᠌ᠴᠢᠳ᠎ᠤᠨ ᠠᠵᠢᠯ᠎ᠤᠨ ᠲᠥᠯᠦᠪᠯᠡᠭᠡ᠎ᠶ᠋ᠢ ᠵᠡᠷᠴᠢᠮ᠎ᠤᠨ ᠲᠠᠯ᠎ᠠ᠎ᠪᠠᠷ ᠪᠠᠳᠤᠯᠠᠵᠤ᠂ ᠬᠤᠢᠱᠢᠲᠠ᠎ᠶ᠋ᠢᠨ ᠨᠢᠭᠡ ᠵᠢᠯ᠎ᠤᠨ ᠠᠵᠢᠯ᠎ᠳᠤ ᠤᠷᠢᠳᠴᠢᠯᠠᠭ᠍ᠰᠠᠨ ᠳᠣᠬᠢᠷᠠᠭᠤᠯᠤᠯᠲᠠ ᠬᠢᠪᠡ᠃
(ᠨᠢᠭᠡ) ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠠᠤᠯᠢ ᠲᠣᠭ᠍ᠲᠠᠭᠠᠬᠤ ᠠᠵᠢᠯ᠎ᠢ ᠰᠠᠢᠲᠤᠷ ᠬᠢᠨ᠎ᠠ᠃ ᠤᠢ᠍ᠡᠳᠦᠰᠦᠠ ᠬᠠᠦᠯᠢ᠎ᠳᠤ ᠨᠡᠢᠴᠡᠬᠦ᠌ ᠡᠰᠡᠬᠦ᠌᠎ᠶ᠋ᠢᠨ ᠬᠢᠨᠡᠠ ᠪᠠᠢᠴᠠᠭᠠᠯᠲᠠ᠎ᠶ᠋ᠢᠨ ᠳᠦᠷᠢᠮᠵᠢᠯᠳᠡ᠂ ᠵᠢᠷᠤᠮᠵᠢᠯᠳᠡ᠎ᠶ᠋ᠢ ᠠᠬᠢᠭᠤᠯᠵᠤ᠂ ᠲᠠᠩᠰᠠᠯᠠᠭᠤᠯᠵᠤ ᠭᠢᠨᠠᠨ ᠪᠠᠢᠴᠠᠭᠠᠬᠤ ᠲᠦᠷᠢᠮ᠎ᠢ ᠲᠡᠭᠦᠯᠳᠡᠷᠵᠢᠭᠦᠯᠦᠨ ᠴᠢᠩᠭᠠᠳᠭᠠᠵᠤ᠂ ᠦᠨᠳᠦᠰᠦᠨ ᠬᠠᠤᠯᠢ ᠪᠠ ᠭᠤᠣᠯ ᠬᠠᠤᠯᠢ᠎ᠳᠤ ᠲᠣᠭ᠍ᠲᠠᠭᠠᠭ᠍ᠰᠠᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠦᠨᠳᠦᠰᠦᠨ ᠬᠠᠤᠯᠢ᠎ᠳᠤ ᠡᠮᠬᠢ ᠵᠢᠷᠤᠮ᠎ᠢ ᠬᠠᠮᠠᠭᠠᠯᠠᠨ᠎ᠠ᠃ ᠨᠢᠭᠡ ᠯᠡ ᠳᠤᠮᠳᠠᠳᠤ ᠤᠯᠤᠰ ᠪᠠᠢᠬᠤ ᠵᠠᠷᠴᠢᠮ ᠪᠠ 《ᠶᠡᠷᠡᠨ ᠬᠤᠶᠠᠷ ᠣᠨ᠎ᠤ ᠬᠠᠮᠲᠤ᠎ᠶ᠋ᠢᠨ ᠲᠠᠨᠢᠯᠲᠠ》 ᠵᠢ ᠪᠠᠷᠢᠮᠲᠠᠯᠠᠵᠤ᠂ ᠲᠠᠢᠸᠠᠨ ᠬᠤᠭᠤᠯᠠᠢ᠎ᠶ᠋ᠢᠨ ᠬᠤᠶᠠᠷ ᠲᠠᠯ᠎ᠠ᠎ᠶ᠋ᠢᠨ ᠬᠠᠷᠢᠴᠠᠭᠠᠨ᠎ᠤ ᠨᠠᠢᠷᠠᠮᠳᠠᠯ᠎ᠢᠶᠠᠷ ᠬᠥᠭ᠌ᠵᠢᠬᠦ᠌᠎ᠶ᠋ᠢ ᠠᠬᠢᠭᠤᠯᠵᠤ᠂ ᠡᠭᠡ ᠤᠯᠤᠰ᠎ᠢᠶᠠᠨ ᠨᠢᠭᠡᠳᠭᠡᠬᠦ᠌ ᠶᠡᠭᠡ ᠦᠢᠯᠡᠰ᠎ᠢ ᠡᠷᠡᠰ ᠭᠤᠢᠪᠢᠰᠢ ᠦᠭᠡᠢ ᠠᠬᠢᠭᠤᠯᠤᠨ᠎ᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠣᠭ᠍ᠲᠠᠭᠠᠬᠤ ᠠᠵᠢᠯ᠎ᠤᠨ ᠳᠤᠮᠳᠠᠬᠢ ᠭᠤᠣᠯᠯᠠᠬᠤ ᠦᠢᠯᠡᠳᠦᠯ᠎ᠢ ᠪᠠᠳᠠᠷᠠᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠠᠤᠯᠢ ᠲᠣᠭ᠍ᠲᠠᠭᠠᠬᠤ ᠲᠥᠯᠦᠪᠵᠢᠭᠦᠯᠭᠡ᠎ᠶ᠋ᠢ ᠰᠤᠳᠤᠯᠤᠨ ᠨᠠᠢᠷᠠᠭᠤᠯᠤᠨ ᠵᠣᠬᠢᠶᠠᠵᠤ᠂ ᠢᠷᠡᠬᠦ᠌ ᠲᠠᠪᠤᠨ ᠵᠢᠯ᠎ᠤᠨ ᠬᠠᠤᠯᠢ ᠲᠣᠭ᠍ᠲᠠᠭᠠᠬᠤ ᠠᠵᠢᠯ᠎ᠢ ᠨᠢᠭᠡᠳᠦᠯᠲᠡᠢ ᠲᠥᠯᠦᠪᠯᠡᠨ ᠳᠣᠬᠢᠷᠠᠭᠤᠯᠤᠨ᠎ᠠ᠃ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠬᠠᠤᠯᠢ ᠴᠠᠭᠠᠵᠠ᠎ᠶ᠋ᠢᠨ ᠪᠠᠢᠭᠤᠯᠤᠯ᠎ᠢ ᠪᠦᠷᠢᠨᠱᠢᠬᠦᠯᠵᠤ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠯ᠎ᠢ ᠪᠠᠢᠭᠤᠯᠬᠤ᠎ᠶ᠋ᠢ ᠠᠬᠢᠭᠤᠯᠤᠨ᠎ᠠ᠃ ᠱᠢᠨᠵᠢᠯᠡᠬᠦ᠌ ᠤᠬᠠᠭᠠᠨ ᠮᠡᠷᠭᠡᠵᠢᠯ᠂ ᠠᠷᠠᠳ᠎ᠤᠨ ᠠᠮᠢᠳᠤᠷᠠᠯ᠂ ᠨᠡᠢᠭᠡᠮ᠂ ᠰᠣᠶᠣᠯ᠂ ᠣᠷᠴᠢᠨ ᠠᠬᠤᠶ᠎ᠶ᠋ᠢᠨ ᠬᠠᠮᠠᠭᠠᠯᠠᠯᠲᠠ᠂ ᠠᠮᠤᠷ ᠲᠦᠪᠱᠢᠨ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠲᠦᠷᠭᠡᠯᠡᠨ ᠠᠬᠢᠭᠤᠯᠤᠨ᠎ᠠ᠃ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠠᠤᠯᠢ ᠴᠠᠭᠠᠵᠠ᠎ᠶ᠋ᠢᠨ ᠪᠠᠲᠤᠯᠠᠭ᠎ᠠ ᠬᠠᠩᠭᠠᠨ᠎ᠠ᠃
(ᠬᠤᠶᠠᠷ) ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ᠎ᠶ᠋ᠢ ᠨᠡᠮᠡᠭ᠌ᠳᠡᠭᠦᠯᠦᠨ᠎ᠡ᠃ ᠬᠢᠨᠠᠯᠳᠠ ᠲᠠᠯᠪᠢᠬᠤ ᠠᠵᠢᠯ᠎ᠤᠨ ᠠᠷᠭ᠎ᠠ ᠮᠠᠶᠢᠭ ᠪᠠ ᠠᠷᠭ᠎ᠠ᠎ᠪᠠᠨ ᠬᠠᠯᠠᠨ ᠰᠠᠢᠵᠢᠷᠠᠭᠤᠯᠵᠤ᠂ ᠵᠥᠪ ᠬᠢᠨᠠᠯᠲᠠ ᠲᠠᠯᠪᠢᠬᠤ᠂ ᠪᠦᠲᠦᠮᠵᠢ᠎ᠲᠠᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠶ᠋ᠢ ᠦᠨᠡᠨ ᠬᠦ᠌ ᠪᠡᠶᠡᠯᠡᠭᠦᠯᠦᠨ᠎ᠡ᠃ ᠨᠠᠮ᠎ᠤᠨ ᠬᠤᠷᠢᠳᠤᠭᠠᠷ ᠶᠡᠭᠡ ᠬᠤᠷᠠᠯ᠎ᠡᠴᠨ ᠲᠣᠭ᠍ᠲᠠᠭᠠᠭ᠍ᠰᠠᠨ ᠬᠠᠷᠠᠯᠲᠠ ᠡᠭᠦᠷᠭᠡ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠭᠡ ᠰᠶ᠋ᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ ᠣᠯᠠᠨ᠎ᠤ ᠪᠣᠳᠤᠵᠤ ᠬᠦᠰᠡᠵᠦ᠍ ᠡᠷᠡᠮᠡᠯᠵᠡᠵᠦ᠍ ᠪᠠᠢᠭ᠎ᠠ ᠵᠦᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠬᠢᠨᠠᠯᠲᠠ ᠲᠠᠯᠪᠢᠨ᠎ᠠ᠃ ᠴᠢᠨᠠᠷ ᠰᠠᠢᠳᠠᠢ ᠬᠥᠭ᠌ᠵᠢᠯᠳᠡ᠎ᠶ᠋ᠢ ᠠᠬᠢᠭᠤᠯᠬᠤ᠎ᠲᠠᠢ ᠤᠶᠠᠯᠳᠤᠭᠤᠯᠤᠨ᠂ ᠬᠤᠯᠪᠣᠭ᠍ᠳᠠᠯ ᠪᠦᠬᠦᠢ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠶᠠᠷᠢᠯᠴᠠᠨ᠎ᠠ᠃ ᠶᠡᠭᠡ ᠬᠤᠷᠠᠯ᠎ᠡᠴᠨ ᠵᠥᠪᠱᠢᠶᠡᠷᠡᠭ᠌ᠰᠡᠨ ᠴᠢᠬᠤᠯᠠ ᠶᠡᠭᠡ ᠵᠦᠢᠯᠡᠰ᠎ᠲᠤ ᠬᠢᠨᠠᠯᠲᠠ ᠲᠠᠯᠪᠢᠨ᠎ᠠ᠃ ᠲᠥᠰᠥᠪ ᠪᠠ ᠲᠥᠰᠥᠪ᠎ᠤᠨ ᠭᠦᠢᠴᠡᠳᠭᠡᠯ᠎ᠢ ᠬᠢᠨᠠᠨ ᠪᠠᠢᠴᠠᠭᠠᠵᠤ ᠬᠢᠨᠠᠯᠲᠠ ᠲᠠᠯᠪᠢᠬᠤ ᠡᠷᠴᠢᠮ᠎ᠢ ᠴᠢᠩᠭᠠᠷᠠᠭᠤᠯᠤᠨ᠎ᠠ᠃ ᠤᠯᠤᠰ᠎ᠤᠨ ᠥᠮᠴᠢᠯᠡᠯ᠎ᠤᠨ ᠡᠳ᠋ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠳᠤ ᠬᠢᠨᠡᠯᠳᠡ ᠳᠠᠯᠪᠢᠬᠤ᠎ᠶ᠋ᠢ ᠴᠢᠩᠭᠠᠳᠭᠠᠨ᠎ᠠ᠃ ᠬᠠᠤᠯᠢ ᠬᠡᠷᠡᠭ᠌ᠵᠢᠭᠦᠯᠬᠦ᠂ ᠬᠢᠨᠠᠨ ᠪᠠᠢᠴᠠᠭᠠᠬᠤ᠂ ᠬᠠᠤᠯᠢ ᠪᠠᠷᠢᠬᠤ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠨ᠎ᠠ᠃
(ᠭᠤᠷᠪᠠ) ᠲᠥᠯᠥᠭᠡᠯᠡᠭ᠌ᠴᠢᠳ᠎ᠤᠨ ᠠᠵᠢᠯ᠎ᠤᠨ ᠲᠥᠪᠱᠢᠨ᠎ᠢ ᠳᠡᠭᠡᠭ᠌ᠰᠢᠯᠡᠭᠦᠯᠦᠨ᠎ᠡ᠃ ᠲᠦᠯᠦᠭᠡᠯᠡᠭ᠌ᠴᠢᠳ᠎ᠤᠨ ᠰᠠᠨᠠᠯ ᠵᠦᠪᠯᠡᠯᠭᠡ ᠪᠠ ᠰᠠᠨᠠᠭᠤᠯᠭ᠎ᠠ᠎ᠶ᠋ᠢ ᠱᠢᠢᠳᠪᠦᠷᠢᠯᠡᠬᠦ᠌ ᠶᠠᠰᠤ ᠴᠢᠨᠠᠷ ᠪᠠ ᠪᠤᠳᠠᠳᠦ ᠪᠦᠳᠦᠮᠵᠢ᠎ᠶ᠋ᠢ ᠳᠡᠭᠡᠭ᠌ᠰᠢᠯᠡᠭᠦᠯᠵᠦ᠍᠂ ᠰᠶ᠋ᠢᠳᠪᠦᠷᠢᠯᠡᠬᠦ᠌ ᠶᠠᠪᠤᠴᠠ᠎ᠶ᠋ᠢᠨ ᠬᠠᠮᠢᠶᠠᠷᠤᠯᠲᠠ ᠪᠠ ᠮᠥᠷᠳᠡᠨ ᠱᠢᠪᠠᠳᠠᠵᠤ ᠱᠢᠢᠳᠪᠦᠷᠢᠯᠡᠭᠦᠯᠬᠦ᠌ ᠡᠷᠴᠢᠮ᠎ᠢ ᠴᠢᠩᠭᠠᠷᠠᠭᠤᠯᠵᠤ᠂ ᠲᠥᠯᠥᠭᠡᠯᠡᠭ᠌ᠴᠢᠳ᠎ᠤᠨ ᠰᠠᠨᠠᠭᠤᠯᠭ᠎ᠠ᠎ᠶ᠋ᠢ ᠭᠤᠤᠯᠳᠠᠯᠭ᠎ᠠ᠎ᠲᠠᠢ ᠱᠢᠪᠠᠳᠠᠨ ᠱᠢᠢᠳᠪᠦᠷᠢᠯᠡᠭᠦᠯᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ᠎ᠡ᠃ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠬᠦᠨ ᠨᠠᠷ᠎ᠤᠨ ᠲᠥᠯᠥᠭᠡᠯᠡᠭ᠌ᠴᠢᠳ᠎ᠲᠠᠢ ᠬᠠᠷᠢᠯᠴᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠤᠰᠭᠠᠶ ᠵᠥᠪᠯᠡᠯ᠂ ᠠᠵᠢᠯ᠎ᠤᠨ ᠵᠥᠪᠯᠡᠯ᠎ᠤᠨ ᠬᠤᠯᠪᠣᠭ᠍ᠳᠠᠯ ᠪᠦᠬᠦᠢ ᠬᠦᠷᠢᠶᠡᠨ᠎ᠤ ᠪᠠ ᠬᠤᠯᠪᠣᠭ᠍ᠳᠠᠯ ᠪᠦᠬᠦᠢ ᠲᠤᠰᠭᠠᠶ ᠮᠡᠷᠭᠡᠵᠢᠯ᠎ᠤᠨ ᠮᠡᠳᠡᠯᠭᠡ᠎ᠲᠠᠢ ᠲᠥᠯᠥᠭᠡᠯᠡᠭ᠌ᠴᠢᠳ᠎ᠲᠠᠢ ᠬᠠᠷᠢᠯᠴᠠᠬᠤ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠲᠥᠯᠥᠭᠡᠯᠡᠭ᠌ᠴᠢᠳ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠳᠠᠬᠢ ᠣᠷᠣᠯᠴᠠᠯᠭ᠎ᠠ᠎ᠶ᠋ᠢ ᠥᠷᠭᠡᠳᠭᠡᠨ᠎ᠡ᠃ ᠲᠥᠯᠥᠭᠡᠯᠡᠭ᠌ᠴᠢᠳ ᠪᠣᠯᠤᠨ ᠠᠷᠠᠳ ᠤᠯᠠᠨ᠎ᠤ ᠬᠤᠭᠤᠷᠣᠨᠳᠣᠬᠢ ᠬᠠᠷᠢᠯᠴᠠᠭ᠎ᠠ᠎ᠶ᠋ᠢ ᠨᠢᠭ᠍ᠲᠠᠷᠠᠭᠤᠯᠵᠤ᠂ ᠬᠤᠷᠠᠯ ᠲᠡᠭᠦᠰᠦᠭ᠌ᠰᠡᠨ ᠬᠤᠭᠤᠴᠠᠭᠠᠨ᠎ᠳᠠᠬᠢ ᠲᠦᠯᠦᠭᠡᠯᠡᠭ᠌ᠴᠢᠳ᠎ᠤᠨ ᠠᠵᠢᠯᠯᠠᠭ᠎ᠠ᠎ᠶ᠋ᠢ ᠴᠢᠩᠭᠠᠳᠭᠠᠨ ᠰᠠᠢᠵᠢᠷᠠᠭᠤᠯᠵᠤ᠂ ᠲᠥᠯᠥᠭᠡᠯᠡᠭ᠌ᠴᠢᠳ᠎ᠤᠨ ᠠᠷᠠᠳ ᠤᠯᠠᠨ᠎ᠲᠠᠢ ᠬᠠᠷᠢᠯᠴᠠᠬᠤ ᠠᠵᠢᠯ᠎ᠤᠨ ᠲᠣᠭ᠍ᠲᠠᠴᠠ ᠪᠠ ᠲᠠᠪᠴᠠᠩ᠎ᠤᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠤᠨ᠎ᠠ᠃ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠣᠷᠣᠯᠴᠠᠯᠭ᠎ᠠ ᠪᠣᠯᠪᠠᠰᠣᠷᠠᠯ᠎ᠢ ᠴᠢᠩᠭᠠᠳᠭᠠᠵᠤ᠂ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ᠃
(ᠲᠦᠷᠪᠡ) ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ᠎ᠯᠤᠭ᠎ᠠ᠎ᠶ᠋ᠢᠨ ᠶᠠᠪᠤᠯᠴᠠᠭ᠎ᠠ᠎ᠶ᠋ᠢ ᠰᠠᠢᠲᠤᠷ ᠬᠢᠨ᠎ᠡ᠃ ᠨᠠᠮ ᠪᠠ ᠤᠯᠤᠰ᠎ᠤᠨ ᠭᠠᠳᠠᠭᠠᠳᠤ ᠬᠠᠷᠢᠯᠴᠠᠭᠠᠨ᠎ᠤ ᠪᠠᠢᠷᠢᠯᠠᠭᠤᠯᠤᠯᠲᠠ᠎ᠳᠤ ᠪᠦᠬᠦ᠌ ᠬᠦᠴᠦ᠍᠎ᠪᠠᠷ᠎ᠢᠶᠠᠨ ᠬᠠᠮᠵᠢᠯᠴᠠᠵᠤ᠂ ᠨᠠᠮ᠎ᠤᠨ ᠲᠥᠪ ᠬᠤᠷᠢᠶᠠᠡᠴᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠲᠤᠱᠢᠶᠠᠭ᠍ᠰᠠᠨ ᠭᠠᠳᠠᠭᠠᠳᠤ ᠶᠠᠪᠤᠳᠠᠯ᠎ᠤᠨ ᠠᠵᠢᠯ᠎ᠤᠨ ᠡᠭᠦᠷᠭᠡ᠎ᠶ᠋ᠢ ᠪᠡᠶᠡᠯᠡᠭᠦᠯᠦᠨ᠎ᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠣᠯᠤᠨ ᠭᠠᠳᠠᠭᠠᠳᠤ ᠤᠯᠤᠰ᠎ᠤᠨ ᠵᠥᠪᠯᠡᠯᠭᠡᠨ᠎ᠤ ᠬᠤᠷᠠᠯ᠎ᠤᠨ ᠣᠯᠠᠨ ᠳᠡᠰ ᠳᠠᠪᠬᠤᠷᠭ᠎ᠠ ᠣᠯᠠᠨ ᠬᠡᠯᠪᠡᠷᠢ ᠣᠯᠠᠨ ᠬᠦᠷᠢᠶᠡᠨ᠎ᠤ ᠶᠠᠪᠤᠯᠴᠠᠭ᠎ᠠ᠎ᠶ᠋ᠢ ᠴᠢᠩᠭᠠᠳᠭᠠᠵᠤ᠂ ᠬᠤᠶᠠᠷ ᠲᠠᠯ᠎ᠠ᠎ᠶ᠋ᠢᠨ ᠬᠠᠷᠢᠴᠠᠭ᠎ᠠ᠎ᠶ᠋ᠢᠨ ᠠᠷᠠᠳ᠎ᠤᠨ ᠰᠠᠨᠠᠭ᠎ᠠ᠎ᠶ᠋ᠢᠨ ᠰᠠᠭᠤᠷᠢ ᠪᠠ ᠬᠠᠤᠯᠢ ᠴᠠᠭᠠᠵᠠ᠎ᠶ᠋ᠢᠨ ᠪᠠᠲᠤᠯᠠᠭ᠎ᠠ᠎ᠶ᠋ᠢ ᠪᠠᠬᠢᠵᠢᠭᠦᠯᠦᠨ᠎ᠡ᠃ ᠤᠯᠠᠨ ᠲᠠᠯ᠎ᠠ᠎ᠳᠤ ᠵᠥᠪᠯᠡᠯᠭᠡᠨ᠎ᠤ ᠬᠤᠷᠠᠯ᠎ᠤᠨ ᠵᠣᠬᠢᠶᠠᠨ ᠪᠠᠢᠭᠤᠯᠤᠯᠲᠠ᠎ᠶ᠋ᠢᠨ ᠠᠵᠢᠯᠯᠠᠭ᠎ᠠ᠎ᠳᠤ ᠢᠳᠡᠪᠬᠢᠲᠡᠶ ᠣᠷᠣᠯᠴᠠᠵᠤ᠂ ᠲᠤᠮᠳᠠᠳᠦ ᠤᠯᠤᠰ᠎ᠤᠨ ᠲᠦᠷᠢ ᠲᠦᠷᠬᠦ᠌᠎ᠶ᠋ᠢ ᠢᠯᠡᠷᠡᠭᠦᠯᠦᠨ᠂ ᠳᠤᠮᠳᠠᠳᠤ ᠤᠯᠤᠰ᠎ᠤᠨ ᠵᠣᠷᠢᠯᠲᠠ᠎ᠶ᠋ᠢ ᠤᠬᠠᠭᠤᠯᠤᠨ ᠲᠠᠨᠢᠯᠴᠠᠭᠤᠯᠤᠨ᠎ᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠯ᠎ᠡ ᠱᠠᠲᠤᠨ᠎ᠤ ᠥᠭᠦᠯᠡᠭ᠌ᠴᠢ᠎ᠶ᠋ᠢᠨ ᠲᠣᠭ᠍ᠲᠠᠴᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠤᠰ᠎ᠤᠨ ᠭᠤᠣᠯᠯᠠᠬᠤ ᠡᠷᠭᠡ ᠠᠱᠢᠭ ᠪᠠ ᠴᠢᠬᠤᠯᠠ ᠶᠡᠭᠡ ᠵᠠᠷᠴᠢᠮᠳ᠋ᠤ ᠬᠤᠯᠪᠣᠭ᠍ᠳᠠᠭ᠍ᠰᠠᠨ ᠠᠰᠠᠭᠤᠳᠠᠯ ᠳᠡᠭᠡᠷ᠎ᠡ ᠵᠣᠷᠢᠭ᠍ᠲᠠᠢ᠎ᠪᠠᠷ ᠳᠤᠤᠭᠠᠷᠴᠤ᠌ ᠵᠣᠷᠢᠭ᠍ᠲᠠᠢ᠎ᠪᠠᠷ ᠳᠡᠮᠡᠴᠡᠨ᠎ᠡ᠃
(ᠲᠠᠪᠤ) ᠪᠠᠢᠩᠭᠤ᠎ᠶ᠋ᠢᠨ ᠬᠣᠷᠢᠶ᠎ᠠ ᠵᠢᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠰᠤᠷᠤᠯᠴᠠᠵᠤ᠂ ᠪᠦᠬᠦ᠌ ᠲᠠᠯ᠎ᠠ᠎ᠪᠠᠷ ᠡᠵᠡᠮᠱᠢᠨ᠂ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠤᠳᠣᠭᠤᠯᠵᠤ᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ᠎ᠶ᠋ᠢᠨ ᠬᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠦᠨ᠎ᠡ᠃ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠬᠠᠤᠯᠢ᠎ᠪᠠᠷ ᠵᠠᠰᠠᠬᠤ ᠦᠵᠡᠯᠲᠡ᠎ᠪᠠᠨ ᠴᠢᠩᠭᠠᠳᠭᠠᠵᠤ᠂ ᠲᠤᠰᠭᠠᠶ ᠵᠥᠪᠯᠡᠯ᠂ ᠠᠵᠢᠯ᠎ᠤᠨ ᠵᠥᠪᠯᠡᠯ᠎ᠤᠨ ᠦᠢᠯᠡᠳᠦᠯ᠎ᠢ ᠪᠠᠳᠠᠷᠠᠭᠤᠯᠵᠤ᠂ ᠪᠠᠢᠭᠤᠯᠭ᠎ᠠ᠎ᠶ᠋ᠢᠨ ᠦᠢᠯᠡᠴᠢᠯᠡᠭᠡ ᠪᠠᠲᠤᠯᠠᠭ᠎ᠠ᠎ᠶ᠋ᠢᠨ ᠴᠢᠳᠡᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃
ᠲᠥᠯᠥᠭᠡᠯᠡᠭ᠌ᠴᠢᠳ ᠡ᠂ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠤᠷᠢᠨ᠎ᠳᠤ ᠨᠡᠩ ᠢᠯᠡᠭᠦᠦ ᠨᠢᠭ᠍ᠲᠠᠷᠠᠨ ᠪᠦᠯᠬᠦᠮᠳᠡᠵᠦ᠍᠂ ᠰᠢ᠎ᠶ᠋ᠢᠨ ᠫᠢᠩ ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠢᠲᠡᠭᠡᠯ ᠵᠣᠷᠢᠭ᠎ᠢᠶᠠᠨ ᠪᠠᠲᠤᠳᠭᠠᠨ᠂ ᠨᠢᠭᠡ ᠰᠡᠳᠭᠢᠯ ᠨᠢᠭᠡ ᠵᠣᠷᠢᠭ᠎ᠢᠶᠠᠷ ᠱᠢᠷᠭᠠᠭᠤ ᠬᠠᠲᠠᠭᠤᠵᠢᠯᠲᠠᠶ ᠠᠵᠢᠯᠯᠠᠨ᠂ ᠡᠷᠡᠯᠬᠡᠭ᠌ᠯᠡᠨ ᠤᠷᠤᠭ᠍ᠰᠢᠯᠠᠵᠤ᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ !
(ᠰᠢᠨᠬᠣᠸᠠ ᠬᠣᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 16 ᠤ᠋ ᠡᠳᠦᠷ ᠤ᠋ᠨ ᠴᠠᠬᠢᠯᠭᠠᠨ ᠮᠡᠳᠡᠭᠡ )
(ᠳᠣᠮᠳᠠᠳᠣ ᠣᠯᠣᠰ ᠤ᠋ᠨ ᠦᠨᠳᠦᠰᠦᠳᠡᠨ ᠤ᠋ ᠬᠡᠯᠡᠨ ᠤ᠋ ᠣᠷᠴᠢᠭᠣᠯᠭ᠎ᠠ ᠵᠢᠨ ᠳᠣᠪᠴᠢᠶ᠎ᠠ ᠣᠷᠴᠢᠭᠣᠯᠪᠠ )