ᠳᠤᠮᠳᠠᠳᠤ ᠤᠯᠤᠰ ᠤ᠋ᠨ ᠠᠷᠠᠳ ᠤ᠋ᠨ ᠤᠯᠤᠰ ᠲᠦᠷᠦ ᠵᠢᠨ ᠵᠥᠪᠯᠡᠯᠭᠡᠨ ᠤ᠋ ᠪᠦᠬᠦ᠌ ᠤᠯᠤᠰ ᠤ᠋ᠨ ᠬᠤᠷᠢᠶ᠎ᠠ ᠵᠢᠨ ᠪᠠᠢᠩᠭᠤ ᠵᠢᠨ ᠬᠤᠷᠢᠶ᠎ᠠ ᠵᠢᠨ ᠠᠵᠢᠯ ᠤ᠋ᠨ ᠮᠡᠳᠡᠭᠦᠯᠦᠯᠳᠡ
2023-03-22 10:47:54
ᠵᠣᠬᠢᠶᠠᠭ᠍ᠴᠢ᠄
ᠸᠠᠩ ᠶᠠᠩ
ᠣᠩᠱᠢᠭ᠍ᠰᠠᠨ ᠣᠳᠠᠭ᠎ᠠ᠄
★★★☆☆

ᠤᠯᠤᠰ ᠲᠦᠷᠦ ᠵᠢᠨ ᠵᠥᠪᠯᠡᠯᠭᠡᠨ ᠤ᠋ ᠠᠷᠪᠠᠨ ᠲᠦᠷᠪᠡᠳᠤᠭᠡᠷ ᠬᠤᠭᠤᠴᠠᠭᠠᠨ ᠤ᠋ ᠪᠦᠬᠦ᠌ ᠤᠯᠤᠰ ᠤ᠋ᠨ ᠬᠤᠷᠢᠶ᠎ᠠ ᠵᠢᠨ ᠠᠩᠬᠠᠳᠤᠭᠠᠷ ᠬᠤᠷᠠᠯ ᠳᠡᠭᠡᠷ᠎ᠡ

                         (2023 ᠤᠨ ᠤ᠋ 3 ᠰᠠᠷ᠎ᠠ ᠵᠢᠨ 4  ᠤ᠋ ᠡᠳᠦᠷ)

ᠭᠡᠱᠢᠭᠦᠳ ᠡ ᠄

ᠪᠢ ᠳᠤᠮᠳᠠᠳᠤ ᠤᠯᠤᠰ ᠤ᠋ᠨ ᠠᠷᠠᠳ ᠤ᠋ᠨ ᠤᠯᠤᠰ ᠲᠦᠷᠦ ᠵᠢᠨ ᠵᠥᠪᠯᠡᠯᠭᠡᠨ ᠤ᠋ ᠠᠷᠪᠠᠨ ᠭᠤᠷᠪᠠᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠬᠤᠷᠢᠶ᠎ᠠ ᠵᠢᠨ ᠪᠠᠢᠩᠭᠤ ᠵᠢᠨ ᠬᠤᠷᠢᠶ᠎ᠠ ᠵᠢ ᠲᠦᠯᠤᠭᠡᠯᠡᠨ᠂ ᠶᠡᠭᠡ ᠬᠤᠷᠠᠯ ᠳ᠋ᠤ ᠦᠡᠭ᠌ᠭᠡᠷᠡᠭ᠌ᠰᠡᠨ ᠲᠠᠪᠤᠨ ᠵᠢᠯ ᠤ᠋ᠨ ᠠᠵᠢᠯ᠎ᠵᠢᠡᠨ ᠮᠡᠳᠡᠭᠦᠯᠵᠤ᠂ ᠬᠤᠢᠱᠢᠳᠠ ᠵᠢᠨ ᠠᠵᠢᠯ ᠳ᠋ᠤ ᠰᠠᠨᠠᠭᠤᠯᠭ᠎ᠠ ᠲᠤᠷᠠᠳᠤᠶ᠎ᠠ᠂ ᠬᠢᠨᠠᠨ ᠶᠠᠷᠢᠯᠴᠠᠬᠤ ᠪᠣᠯᠪᠠ ᠦᠦ᠃

ᠨᠢᠭᠡ᠂ ᠦᠡᠭ᠌ᠭᠡᠷᠡᠭ᠌ᠰᠡᠨ ᠲᠠᠪᠤᠨ ᠵᠢᠯ ᠤ᠋ᠨ ᠠᠵᠢᠯ ᠤ᠋ᠨ ᠡᠷᠬᠢᠴᠡᠬᠦᠯᠤᠯ

ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠠᠷᠪᠠ ᠶᠢᠰᠦᠳᠦᠭᠡᠷ ᠶᠡᠭᠡ ᠬᠤᠷᠠᠯ ᠡᠴᠡ ᠨᠠᠭᠠᠱᠢᠬᠢ ᠲᠠᠪᠤᠨ ᠵᠢᠯ ᠪᠣᠯ ᠲᠦᠢᠯ ᠤ᠋ᠨ ᠶᠡᠷᠦ᠍ ᠪᠤᠰᠤ ᠵᠢᠨ ᠲᠠᠪᠤᠨ ᠵᠢᠯ ᠪᠤᠯᠤᠨ᠎ᠠ᠃ ᠰᠢ ᠵᠢᠨ ᠫᠢᠩ ᠨᠥᠬᠦᠷ ᠵᠢᠡᠷ ᠭᠤᠤᠯᠯᠠᠭᠤᠯᠤᠭ᠍ᠰᠠᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠤᠷᠢᠶ᠎ᠠ ᠳᠤᠮᠳᠠᠳᠤ ᠵᠢᠨ ᠦᠨᠳᠦᠰᠦᠲᠡᠨ ᠤ᠋ ᠠᠭᠤᠤ ᠶᠡᠭᠡ ᠰᠡᠷᠭᠦᠨ ᠮᠠᠨᠳᠤᠯᠲᠠ ᠵᠢᠨ ᠪᠠᠢᠯᠳᠤᠬᠤ ᠪᠣᠳᠣᠯᠭ᠎ᠠ ᠵᠢᠨ ᠪᠦᠬᠦ᠌ ᠲᠠᠯ᠎ᠠ ᠪᠤᠯᠤᠨ ᠳᠡᠯᠡᠬᠡᠶ ᠶᠢᠷᠳᠢᠨᠴᠤ ᠵᠢᠨ ᠵᠠᠭᠤᠨ ᠵᠢᠯ ᠳ᠋ᠤ ᠭᠠᠷᠤᠭ᠎ᠠ ᠦᠭᠡᠢ ᠶᠡᠭᠡ ᠬᠤᠪᠢᠰᠤᠯᠲᠠ ᠵᠢ ᠨᠢᠭᠡᠳᠦᠯᠲᠡᠶ ᠲᠥᠯᠥᠪᠯᠡᠨ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ ᠤ᠋ᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠢ᠋ ᠪᠦᠯᠬᠦᠮᠳᠡᠭᠦᠯᠦᠨ ᠳᠠᠭᠠᠭᠤᠯᠵᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠳᠡᠯᠡᠬᠡᠶ ᠵᠢᠨ ᠪᠠᠢᠳᠠᠯ ᠪᠠ ᠡᠯ᠎ᠠ ᠵᠦᠢᠯ ᠤ᠋ᠨ ᠲᠦᠭ᠌ᠰᠢᠭᠦᠷᠢ ᠱᠢᠯᠭᠠᠯᠲᠠ ᠵᠢ ᠪᠦᠲᠦᠮᠵᠢᠲᠡᠶ ᠠᠷᠭᠠᠴᠠᠭᠠᠵᠤ᠂ ᠴᠢᠨᠡᠭᠡᠯᠢᠭ ᠨᠡᠢᠭᠡᠮ ᠢ᠋ ᠬᠤᠭᠤᠴᠠᠭ᠎ᠠ ᠶᠤᠰᠤᠭᠠᠷ ᠪᠦᠬᠦ᠌ ᠲᠠᠯ᠎ᠠ ᠪᠡᠷ ᠪᠠᠢᠭᠤᠯᠤᠨ ᠪᠦᠲᠦᠭᠡᠵᠦ᠍᠂ ᠨᠢᠭᠡᠳᠦᠭᠡᠷ ᠵᠠᠭᠤᠨ ᠵᠢᠯ ᠤ᠋ᠨ ᠲᠡᠮᠡᠴᠡᠯ ᠤ᠋ᠨ ᠬᠠᠷᠠᠯᠲᠠ ᠵᠢ ᠢᠯᠠᠯᠲᠠ ᠲᠠᠢ ᠪᠡᠷ ᠪᠡᠶᠡᠯᠡᠭᠦᠯᠵᠦ᠍᠂ ᠨᠠᠮ ᠪᠠ ᠤᠯᠤᠰ ᠤ᠋ᠨ ᠠᠵᠢᠯ ᠦᠢᠯᠡᠰ ᠳᠡᠯᠡᠬᠡᠶ ᠳ᠋ᠠᠬᠢᠨ ᠤ᠋ ᠠᠩᠬᠠᠷᠤᠯ ᠢ᠋ ᠲᠠᠲᠠᠭ᠍ᠰᠠᠨ ᠴᠢᠬᠤᠯᠠ ᠶᠡᠭᠡ ᠠᠮᠵᠢᠯᠲᠠ ᠪᠦᠲᠦᠮᠵᠢ ᠣᠯᠵᠤ᠂ ᠳᠤᠮᠳᠠᠳᠤ ᠵᠢᠨ ᠦᠨᠳᠦᠰᠦᠲᠡᠨ ᠤ᠋ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ᠌ ᠶᠠᠪᠤᠳᠠᠯ ᠪᠤᠴᠠᠰᠢ ᠦᠭᠡᠢ ᠲᠡᠤᠬᠡᠨ ᠠᠬᠢᠴᠠ ᠳ᠋ᠤ ᠣᠷᠣᠪᠠ᠃

ᠲᠠᠪᠤᠨ ᠵᠢᠯ ᠤ᠋ᠨ ᠲᠤᠷᠰᠢ᠂ ᠰᠢ ᠵᠢᠨ ᠫᠢᠩ ᠨᠥᠬᠦᠷ ᠵᠢᠡᠷ ᠭᠤᠤᠯᠯᠠᠭᠤᠯᠤᠭ᠍ᠰᠠᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠤᠷᠢᠶ᠎ᠠ ᠠᠷᠠᠳ ᠤ᠋ᠨ ᠤᠯᠤᠰ ᠲᠦᠷᠦ ᠵᠢᠨ ᠵᠥᠪᠯᠡᠯᠭᠡᠨ ᠤ᠋ ᠠᠵᠢᠯ ᠳ᠋ᠠᠬᠢ ᠤᠳᠤᠷᠢᠳᠤᠯᠭ᠎ᠠ ᠪᠠᠨ ᠪᠦᠬᠦ᠌ ᠲᠠᠯ᠎ᠠ ᠪᠡᠷ ᠴᠢᠩᠭᠠᠳᠭᠠᠵᠤ᠂ ᠲᠥᠪ ᠤ᠋ᠨ ᠤᠯᠤᠰ ᠲᠦᠷᠦ ᠵᠢᠨ ᠵᠥᠪᠯᠡᠯᠭᠡᠨ ᠤ᠋ ᠠᠵᠢᠯ ᠤ᠋ᠨ ᠬᠤᠷᠠᠯ ᠢ᠋ ᠠᠩᠬ᠎ᠠ ᠤᠳᠠᠭ᠎ᠠ ᠬᠤᠷᠠᠯᠳᠤᠭᠤᠯᠤᠨ᠂ 《ᠱᠢᠨ᠎ᠡ ᠴᠠᠭ ᠦᠶ᠎ᠠ ᠳ᠋ᠤ ᠠᠷᠠᠳ ᠤ᠋ᠨ ᠤᠯᠤᠰ ᠲᠥᠷᠥ ᠵᠢᠨ ᠵᠥᠪᠯᠡᠯᠭᠡᠨ ᠤ᠋ ᠠᠵᠢᠯ ᠢ᠋ ᠴᠢᠩᠭᠠᠳᠭᠠᠨ ᠰᠠᠢᠵᠢᠷᠠᠭᠤᠯᠬᠤ ᠲᠤᠬᠠᠶ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠤᠷᠢᠶᠠᠨ ᠤ᠋ ᠰᠠᠨᠠᠯ》 ᠢ᠋ ᠲᠣᠭ᠍ᠲᠠᠭᠠᠭᠠᠳ᠂ ᠠᠷᠠᠳ ᠤ᠋ᠨ ᠤᠯᠤᠰ ᠲᠦᠷᠦ ᠵᠢᠨ ᠵᠥᠪᠯᠡᠯᠭᠡᠨ ᠤ᠋ ᠦᠢᠯᠡᠰ ᠤ᠋ᠨ ᠬᠥᠭ᠌ᠵᠢᠯᠲᠡ ᠳ᠋ᠤ ᠤᠯᠤᠰ ᠲᠦᠷᠦ ᠵᠢᠨ ᠦᠨᠳᠦᠰᠦᠨ ᠪᠠᠲᠤᠯᠠᠭ᠎ᠠ ᠬᠠᠩᠭᠠᠪᠠ᠃ ᠤᠯᠤᠰ ᠲᠥᠷᠥ ᠵᠢᠨ ᠵᠥᠪᠯᠡᠯᠭᠡᠨ ᠤ᠋ ᠪᠦᠬᠦ᠌ ᠤᠯᠤᠰ ᠤ᠋ᠨ ᠬᠤᠷᠢᠶ᠎ᠠ ᠵᠢᠴᠢ ᠲᠡᠭᠦᠨ ᠤ᠋ ᠪᠠᠢᠩᠭᠤ ᠵᠢᠨ ᠬᠤᠷᠢᠶ᠎ᠠ ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠡᠷ ᠵᠢᠯᠣᠭᠤᠳᠣᠯᠭ᠎ᠠ ᠪᠣᠯᠭᠠᠬᠤ ᠵᠢ ᠪᠠᠷᠢᠮᠳᠠᠯᠠᠨ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠠᠷᠪᠠ ᠶᠢᠰᠦᠳᠦᠭᠡᠷ ᠶᠡᠭᠡ ᠬᠤᠷᠠᠯ ᠪᠠ ᠬᠤᠷᠢᠳᠤᠭᠠᠷ ᠶᠡᠭᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠤᠯᠤᠰ ᠲᠥᠷᠥ ᠵᠢᠨ ᠵᠥᠪᠯᠡᠯᠭᠡᠨ ᠤ᠋ ᠱᠢᠨᠵᠢ ᠴᠢᠨᠠᠷ ᠤ᠋ᠨ ᠪᠠᠢᠷᠢ ᠲᠣᠭ᠍ᠲᠠᠭᠠᠯᠲᠠ ᠵᠢ ᠣᠨᠣᠪᠴᠢᠲᠠᠶ ᠡᠵᠡᠮᠱᠢᠨ᠂ ᠭᠤᠤᠯᠳᠠᠯᠭ᠎ᠠ ᠲᠠᠢ ᠨᠢᠭ᠍ᠲᠠ ᠤᠶᠠᠯᠳᠤᠭᠤᠯᠤᠨ ᠶᠡᠭᠡ ᠲᠠᠯ᠎ᠠ ᠳ᠋ᠤ ᠦᠢᠯᠡᠴᠢᠯᠡᠵᠤ᠂ ᠲᠤᠰᠭᠠᠶ ᠵᠥᠪᠯᠡᠬᠦ᠌ ᠪᠠᠢᠭᠤᠯᠤᠮᠵᠢ ᠵᠢᠨ ᠪᠠᠢᠭᠤᠯᠤᠯᠲᠠ ᠵᠢ ᠪᠣᠳᠠᠲᠠᠶ ᠵᠢ ᠡᠷᠬᠢᠮᠯᠡᠨ ᠪᠦᠲᠦᠮᠵᠢᠲᠡᠶ ᠭᠦᠨᠵᠡᠭᠡᠢᠷᠡᠭᠦᠯᠵᠦ᠍᠂ ᠦᠨᠳᠦᠰᠦᠲᠡᠨ ᠤ᠋ ᠰᠡᠷᠭᠦᠨ ᠮᠠᠨᠳᠤᠯᠳᠠ ᠵᠢᠨ ᠲᠡᠤᠭᠡ ᠵᠢᠨ ᠠᠭᠤᠤ ᠦᠢᠯᠡᠰ ᠢ᠋ ᠰᠡᠳᠭᠢᠯ᠎ᠵᠢᠡᠨ ᠨᠢᠭᠡᠳᠭᠡᠨ ᠬᠦᠴᠦ᠍ ᠪᠠᠨ ᠲᠦᠪᠯᠡᠷᠡᠬᠦᠯᠤᠨ ᠬᠠᠮᠲᠤ ᠪᠡᠷ ᠪᠦᠳᠤᠭᠡᠵᠤ᠂ ᠠᠷᠠᠳ ᠤ᠋ᠨ ᠤᠯᠤᠰ ᠲᠥᠷᠥ ᠵᠢᠨ ᠵᠥᠪᠯᠡᠯᠭᠡᠨ ᠤ᠋ ᠦᠢᠯᠡᠳᠦᠯᠭᠡ ᠵᠢᠨ ᠱᠢᠨ᠎ᠡ ᠡᠭᠦᠳᠦᠯᠲᠡ᠂ ᠣᠨᠣᠯ ᠤ᠋ᠨ ᠱᠢᠨ᠎ᠡ ᠡᠭᠦᠳᠦᠯᠲᠡ᠂ ᠳᠦᠷᠢᠮ ᠤ᠋ᠨ ᠱᠢᠨ᠎ᠡ ᠡᠭᠦᠳᠦᠯᠲᠡ ᠵᠢ ᠴᠠᠭ ᠦᠶ᠎ᠡ ᠲᠠᠢ ᠵᠡᠷᠭᠡ ᠪᠡᠷ ᠤᠷᠤᠭ᠍ᠰᠢᠯᠠᠵᠤ ᠠᠬᠢᠭᠤᠯᠤᠭ᠍ᠰᠠᠨ ᠵᠢᠡᠷ᠂ ᠠᠷᠠᠳ ᠤ᠋ᠨ ᠤᠯᠤᠰ ᠲᠦᠷᠦ ᠵᠢᠨ ᠵᠥᠪᠯᠡᠯᠭᠡᠨ ᠤ᠋ ᠦᠢᠯᠡᠰ ᠲᠦ᠍ ᠱᠢᠨ᠎ᠠ ᠳᠦᠷᠰᠤ ᠪᠠᠢᠳᠠᠯ ᠱᠢᠨ᠎ᠠ ᠲᠦᠷᠢ ᠲᠦᠷᠬᠦ᠌ ᠢᠯᠡᠷᠡᠵᠦ᠍᠂ ᠨᠠᠮ ᠪᠠ ᠤᠯᠤᠰ ᠤ᠋ᠨ ᠠᠵᠢᠯ ᠦᠢᠯᠡᠰ ᠤ᠋ᠨ ᠬᠥᠭ᠌ᠵᠢᠯᠲᠡ ᠳ᠋ᠤ ᠱᠢᠨ᠎ᠡ ᠬᠤᠪᠢ ᠨᠡᠮᠡᠷᠢ ᠦᠵᠡᠭᠦᠯᠪᠠ᠃

2022 ᠣᠨ ᠪᠣᠯ ᠨᠠᠮ ᠪᠠ ᠤᠯᠤᠰ ᠤ᠋ᠨ ᠬᠥᠭ᠌ᠵᠢᠯᠲᠡ ᠵᠢᠨ ᠲᠡᠦᠬᠡᠨ ᠳᠡᠭᠡᠷᠡᠬᠢ ᠲᠦᠢᠯ ᠤ᠋ᠨ ᠴᠢᠬᠤᠯᠠ ᠨᠢᠭᠡ ᠵᠢᠯ ᠪᠤᠯᠤᠨ᠎ᠠ᠃ ᠪᠠᠢᠩᠭᠤ ᠵᠢᠨ ᠬᠤᠷᠢᠶ᠎ᠠ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠤᠷᠢᠳᠤᠭᠠᠷ ᠶᠡᠭᠡ ᠬᠤᠷᠠᠯ ᠢ᠋ ᠤᠭ᠍ᠲᠤᠬᠤ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠤᠷᠢᠳᠤᠭᠠᠷ ᠶᠡᠭᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠵᠢ ᠪᠦᠬᠦ᠌ ᠵᠢᠯ ᠤ᠋ᠨ ᠠᠵᠢᠯ ᠳ᠋ᠤ ᠲᠤᠭᠤᠱᠢᠯᠠᠬ᠍ᠳᠠᠬᠤ ᠴᠢᠬᠤᠯᠠ ᠶᠡᠭᠡ ᠤᠯᠤᠰ ᠲᠥᠷᠥ ᠵᠢᠨ ᠡᠭᠦᠷᠭᠡ ᠪᠣᠯᠭᠠᠬᠤ ᠵᠢ ᠪᠠᠷᠢᠮᠲᠠᠯᠠᠨ᠂ ᠦᠵᠡᠯ ᠰᠠᠨᠠᠭ᠎ᠠ ᠪᠡᠷ ᠬᠥᠲᠥᠯᠥᠨ ᠵᠢᠯᠣᠭᠤᠳᠭᠤ᠂ ᠬᠦᠴᠦᠨ ᠴᠢᠳᠠᠯ ᠢ᠋ ᠨᠢᠭ᠍ᠲᠠᠷᠠᠭᠤᠯᠬᠤ᠂ ᠲᠦᠷᠤ ᠵᠢᠨ ᠬᠡᠷᠡᠭ ᠢ᠋ ᠵᠥᠪᠯᠡᠨ ᠰᠠᠨᠠᠯ ᠰᠠᠨᠠᠭᠤᠯᠭ᠎ᠠ ᠲᠡᠪᠱᠢᠭᠦᠯᠬᠦ᠂ ᠶᠡᠭᠡ ᠲᠠᠯ᠎ᠠ ᠳ᠋ᠤ ᠦᠢᠯᠡᠴᠢᠯᠡᠬᠦ᠌ ᠡᠯ᠎ᠡ ᠲᠠᠯ᠎ᠠ ᠵᠢᠨ ᠠᠵᠢᠯ ᠢ᠋ ᠬᠢᠨᠠᠮᠠᠭᠠᠶ ᠰᠠᠢᠲᠤᠷ ᠬᠢᠵᠦ᠍᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠠᠷᠪᠠᠨ ᠨᠠᠢ᠍ᠮᠠᠳᠤᠭᠠᠷ ᠶᠡᠭᠡ ᠬᠤᠷᠠᠯ ᠡᠴᠡ ᠨᠠᠭᠠᠰᠢ ᠨᠠᠮ ᠪᠣᠯᠤᠨ ᠤᠯᠤᠰ ᠤ᠋ᠨ ᠠᠵᠢᠯ ᠦᠢᠯᠡᠰ ᠲᠦ᠍ ᠣᠯᠤᠭ᠍ᠰᠠᠨ ᠲᠡᠤᠭᠡᠲᠦ ᠴᠢᠨᠠᠷᠲᠠᠶ ᠠᠮᠵᠢᠯᠲᠠ ᠪᠦᠳᠤᠮᠵᠢ᠂ ᠡᠭᠦᠰᠦᠭ᠌ᠰᠡᠨ ᠲᠡᠦᠬᠡᠲᠦ ᠴᠢᠨᠠᠷᠲᠠᠶ ᠬᠤᠪᠢᠰᠤᠯᠲᠠ ᠲᠠᠢ ᠤᠶᠠᠯᠳᠤᠭᠤᠯᠤᠨ 《ᠱᠢᠨ᠎ᠡ ᠴᠠᠭ ᠦᠶ᠎ᠡ ᠳ᠋ᠤ ᠡᠷᠡᠯᠬᠡᠭ᠌ᠯᠡᠨ ᠤᠷᠤᠭ᠍ᠰᠢᠯᠠᠬᠤ ᠲᠤᠬᠠᠢ ᠵᠠᠭᠤᠨ ᠭᠡᠱᠢᠭᠦᠨ ᠦᠬᠦᠯᠡᠭᠦ᠎ᠨᠢ》 ᠵᠡᠷᠭᠡ ᠠᠵᠢᠯᠯᠠᠭ᠎ᠠ ᠵᠢ ᠨᠠᠷᠢᠨ ᠨᠢᠮᠪᠠᠢ ᠵᠤᠬᠢᠶᠠᠨ ᠪᠠᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤ᠋ᠨ ᠲᠥᠯᠥᠪᠵᠢᠭᠦᠯᠭᠡ ᠵᠢᠨ ᠭᠤᠤᠯᠳᠠᠯᠭ᠎ᠠ ᠲᠠᠢ ᠡᠭᠦᠷᠭᠡ ᠵᠢ ᠨᠠᠢᠳᠠᠪᠤᠷᠢᠵᠢᠭᠤᠯᠬᠤ ᠲᠠᠢ ᠤᠶᠠᠯᠳᠤᠭᠤᠯᠤᠨ ᠴᠢᠬᠤᠯᠠ ᠵᠥᠪᠯᠡᠬᠦ᠌ ᠠᠵᠢᠯᠯᠠᠭ᠎ᠠ ᠵᠢ 17 ᠤᠳᠠᠭ᠎ᠠ ᠡᠷᠬᠢᠯᠡᠵᠦ᠍᠂ 75 ᠵᠦᠢᠯ ᠤ᠋ᠨ ᠪᠠᠢᠴᠠᠭᠠᠨ ᠦᠵᠡᠬᠦ᠌ ᠪᠠᠢᠴᠠᠭᠠᠨ ᠱᠢᠨᠵᠢᠯᠡᠬᠦ᠌ ᠪᠠᠢᠴᠠᠭᠠᠨ ᠰᠤᠳᠤᠯᠤᠯᠲᠠ ᠬᠢᠬᠦ᠌ ᠠᠵᠢᠯᠯᠠᠭ᠎ᠠ ᠵᠢ ᠵᠤᠬᠢᠶᠠᠨ ᠪᠠᠢᠭᠤᠯᠵᠤ᠂ ᠭᠤᠣᠯᠳᠠᠯᠭ᠎ᠠ ᠲᠠᠢ ᠠᠩᠬᠠᠷᠴᠤ᠌ ᠪᠠᠢᠭ᠎ᠠ ᠠᠰᠠᠭᠤᠳᠠᠯ ᠤ᠋ᠨ ᠲᠤᠬᠠᠢ ᠪᠠᠢᠳᠠᠯ ᠢ᠋ ᠮᠡᠳᠡᠭ᠌ᠳᠡᠬᠦ᠌ ᠬᠤᠷᠠᠯ ᠢ᠋ 11 ᠤᠳᠠᠭ᠎ᠠ ᠡᠷᠬᠢᠯᠡᠵᠤ᠂ ᠴᠢᠬᠤᠯᠠ ᠶᠡᠭᠡ ᠲᠤᠰᠭᠠᠶ ᠠᠵᠢᠯ ᠤ᠋ᠨ ᠲᠤᠬᠠᠢ ᠭᠡᠱᠢᠭᠦᠳ ᠤ᠋ᠨ ᠤᠬᠠᠭᠤᠯᠭ᠎ᠠ ᠲᠠᠢᠯᠪᠤᠷᠢᠯᠠᠯᠲᠠ ᠵᠢ 11 ᠤᠳᠠᠭ᠎ᠠ ᠡᠷᠬᠢᠯᠡᠵᠤ᠂ ᠡᠷᠡᠭᠦᠯ ᠲᠣᠭ᠍ᠲᠠᠭᠤᠨ ᠠᠵᠤ ᠠᠬᠤᠶ ᠵᠢᠨ ᠣᠷᠴᠢᠨ ᠨᠥᠬᠦᠴᠡᠯ᠂ ᠲᠦᠷᠦ᠍ ᠲᠥᠪᠱᠢᠨ ᠲᠥᠮᠡᠨ ᠠᠮᠤᠭᠤᠯᠠᠩ ᠨᠡᠢᠭᠡᠮ ᠤ᠋ᠨ ᠣᠷᠴᠢᠨ ᠨᠥᠬᠦᠴᠡᠯ᠂ ᠴᠡᠪᠡᠷ ᠠᠷᠢᠭᠤᠨ ᠲᠥᠪ ᠴᠢᠭᠡᠴᠢ ᠤᠯᠤᠰ ᠲᠦᠷᠦ ᠵᠢᠨ ᠣᠷᠴᠢᠨ ᠨᠥᠬᠦᠴᠡᠯ ᠢ᠋ ᠪᠠᠲᠤᠯᠠᠬᠤ ᠳ᠋ᠤ ᠢᠳᠡᠪᠬᠢᠲᠡᠶ ᠴᠢᠷᠮᠠᠢᠯᠭ᠎ᠠ ᠭᠠᠷᠭᠠᠪᠠ᠃ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠬᠤᠷᠢᠳᠤᠭᠠᠷ ᠶᠡᠭᠡ ᠬᠤᠷᠠᠯ ᠤ᠋ᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠠᠷᠠᠳ ᠤ᠋ᠨ ᠤᠯᠤᠰ ᠲᠦᠷᠦ ᠵᠢᠨ ᠵᠥᠪᠯᠡᠯᠭᠡᠨ ᠳ᠋ᠤ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ ᠪᠤᠯᠤᠨ ᠡᠯ᠎ᠡ ᠦᠨᠳᠦᠰᠦᠲᠡᠨ ᠡᠯ᠎ᠡ ᠡᠲᠡᠭᠡᠳ ᠤ᠋ᠨ ᠬᠥᠮᠦᠰ ᠢ᠋ ᠬᠥᠲᠥᠯᠥᠨ ᠵᠢᠯᠣᠭᠤᠳᠴᠤ᠌ 《ᠬᠤᠶᠠᠷ ᠢ᠋ ᠲᠣᠭ᠍ᠲᠠᠭᠠᠬ᠍ᠰᠠᠨ》 ᠢ᠋ ᠬᠦᠷᠢᠶᠡᠯᠡᠬᠦ᠂ 《ᠬᠤᠶᠠᠷ ᠢ᠋ ᠬᠠᠮᠠᠭᠠᠯᠠᠬᠤ》 ᠵᠢ ᠪᠡᠶᠡᠯᠡᠬᠦᠯᠬᠦ᠌ ᠵᠢ ᠤᠬᠠᠮᠰᠠᠷ ᠡᠴᠡ ᠪᠠᠨ ᠪᠣᠳᠠᠲᠠᠢ ᠠᠵᠢᠯᠯᠠᠭ᠎ᠠ ᠳᠡᠭᠡᠷ᠎ᠡ ᠪᠠᠨ ᠨᠠᠢᠳᠠᠪᠤᠷᠢᠵᠢᠭᠤᠯᠬᠤ᠂ ᠪᠦᠬᠦ᠌ ᠠᠵᠢᠯ᠎ᠳᠠᠭᠠᠨ ᠢᠯᠡᠷᠡᠭᠦᠯᠬᠦ᠌ ᠪᠤᠯᠭᠠᠪᠠ᠃

ᠲᠠᠪᠤᠨ ᠵᠢᠯ ᠤ᠋ᠨ ᠲᠤᠷᠰᠢ᠂ ᠭᠤᠤᠯᠳᠠᠭᠤ ᠳᠣᠤᠷᠠᠬᠢ ᠠᠵᠢᠯ ᠤ᠋ᠳ ᠢ᠋ ᠬᠢᠪᠡ᠄

(ᠨᠢᠭᠡ) ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠤᠯᠤᠰ ᠲᠦᠷᠦ ᠵᠢᠨ ᠵᠥᠪᠯᠡᠯᠭᠡᠨ ᠤ᠋ ᠠᠵᠢᠯ᠎ᠳᠠᠬᠢ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠪᠦᠬᠦ᠌ ᠲᠠᠯ᠎ᠠ ᠵᠢᠨ ᠤᠳᠤᠷᠢᠳᠤᠯᠭ᠎ᠠ ᠵᠢ ᠨᠠᠢᠳᠠᠪᠤᠷᠢᠵᠢᠭᠤᠯᠪᠠ᠃ ᠤᠯᠤᠰ ᠲᠥᠷᠥ ᠵᠢᠨ ᠵᠥᠪᠯᠡᠯᠭᠡᠨ ᠪᠣᠯ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠤᠳᠤᠷᠢᠳᠤᠭ᠍ᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠵᠢᠨ ᠵᠥᠪᠯᠡᠯᠭᠡ ᠬᠢᠬᠦ᠌ ᠴᠢᠬᠤᠯᠠ ᠪᠠᠢᠭᠤᠯᠤᠮᠵᠢ ᠪᠤᠯᠬᠤ ᠤᠯᠤᠰ ᠲᠥᠷᠥ ᠵᠢᠨ ᠱᠢᠨᠵᠢ ᠴᠢᠨᠠᠷ ᠢ᠋ ᠭᠦᠨᠵᠡᠭᠡᠶ ᠡᠵᠡᠮᠱᠢᠨ᠂ ᠨᠠᠮ ᠤ᠋ᠨ ᠱᠢᠨ᠎ᠠ ᠡᠬᠦᠳᠤᠯᠳᠠ ᠵᠢᠨ ᠣᠨᠣᠯ ᠢ᠋ ᠰᠤᠷᠤᠯᠴᠠᠬᠤ ᠪᠡᠷ ᠦᠨᠳᠤᠰᠤ ᠰᠠᠭᠤᠷᠢ ᠪᠠᠨ ᠴᠢᠩᠭᠠᠳᠭᠠᠨ ᠪᠠᠭᠢᠵᠢᠭᠦᠯᠵᠤ ᠦᠵᠡᠯ ᠰᠠᠨᠠᠭ᠎ᠠ ᠤᠯᠤᠰ ᠲᠥᠷᠥ ᠵᠢᠨ ᠬᠥᠳᠤᠯᠤᠨ ᠲᠠᠭᠠᠭᠤᠯᠭ᠎ᠠ ᠵᠢ ᠴᠢᠩᠭᠠᠳᠭᠠᠵᠤ᠂ ᠤᠯᠤᠰ ᠲᠥᠷᠥ ᠵᠢᠨ ᠵᠥᠪᠯᠡᠯᠭᠡᠨ ᠤ᠋ ᠨᠠᠮ ᠤ᠋ᠨ ᠪᠠᠢᠭᠤᠯᠤᠯᠲᠠ ᠵᠢ ᠴᠢᠩᠭᠠᠳᠭᠠᠬᠤ ᠪᠡᠷ ᠭᠠᠷᠤᠭ᠎ᠠ ᠡᠬᠢᠯᠡᠬᠦᠯᠬᠦ ᠵᠢᠨ ᠬᠠᠮᠳᠤ ᠠᠵᠢᠯ᠎ᠳᠠᠭᠠᠨ ᠢᠮᠠᠭ᠍ᠲᠠ ᠲᠤᠭᠤᠱᠢᠯᠠᠭᠤᠯᠪᠠ᠃ ᠤᠯᠤᠰ ᠲᠥᠷᠥ ᠵᠢᠨ ᠵᠥᠪᠯᠡᠯᠭᠡᠨ ᠤ᠋ ᠨᠠᠮ ᠤ᠋ᠨ ᠤᠳᠤᠷᠢᠳᠭᠤ ᠳᠤᠭᠤᠢᠯᠠᠩ ᠤ᠋ᠨ ᠣᠨᠣᠯ᠎ᠰᠣᠷᠣᠯᠴᠠᠬᠣ ᠭᠤᠣᠯ ᠳᠤᠭᠤᠢᠯᠠᠩ ᠤ᠋ᠨ ᠰᠤᠷᠤᠯᠴᠠᠯᠭ᠎ᠠ ᠪᠡᠷ ᠬᠦᠲᠦᠯᠦᠨ ᠳᠠᠭᠠᠭᠤᠯᠤᠭ᠍ᠰᠠᠨ ᠰᠤᠷᠤᠯᠴᠠᠬᠤ ᠳᠦᠷᠢᠮ ᠤ᠋ᠨ ᠱᠢᠰᠲ᠋ᠧᠮ ᠢ᠋ ᠲᠡᠭᠦᠯᠳᠡᠷᠵᠢᠭᠦᠯᠵᠤ᠂ ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠵᠢ ᠰᠤᠷᠤᠯᠴᠠᠨ ᠶᠠᠷᠢᠯᠴᠠᠬᠤ ᠳᠤᠭᠤᠢᠯᠠᠩ᠎ᠢ 11 ᠪᠠᠢᠭᠤᠯᠵᠤ᠂ 179 ᠤᠳᠠᠭ᠎ᠠ ᠰᠤᠷᠤᠯᠴᠠᠵᠤ ᠰᠤᠳᠤᠯᠤᠨ ᠶᠠᠷᠢᠯᠴᠠᠪᠠ᠂ 《ᠲᠤᠯᠭᠤᠷ ᠵᠤᠷᠢᠯᠳᠠ ᠪᠠᠨ ᠥᠯᠥ᠍ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠡᠤᠭᠡ ᠪᠡᠷ ᠭᠤᠤᠯᠳᠠᠯᠭ᠎ᠠ ᠪᠣᠯᠭᠠᠭ᠍ᠰᠠᠨ 《ᠳᠥᠷᠪᠡᠨ ᠲᠡᠤᠭᠡ》 ᠵᠢᠨ ᠬᠥᠮᠦᠵᠢᠯ ᠵᠡᠷᠭᠡ ᠵᠢ ᠭᠦᠨᠵᠡᠭᠡᠶ ᠥᠷᠨᠢᠭᠦᠯᠵᠦ᠍᠂ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠨᠢᠭᠡᠳᠦᠮᠡᠯ ᠹᠷᠣᠨᠲ ᠤ᠋ᠨ ᠲᠡᠦᠬᠡ ᠪᠠ ᠠᠷᠠᠳ ᠤ᠋ᠨ ᠤᠯᠤᠰ ᠲᠥᠷᠥ ᠵᠢᠨ ᠵᠥᠪᠯᠡᠯᠭᠡᠨ ᠤ᠋ ᠲᠡᠦᠬᠡ ᠵᠢ ᠰᠤᠷᠤᠯᠴᠠᠵᠤ᠂ ᠥᠷᠭᠡᠨ ᠤᠯᠠᠨ ᠤᠯᠤᠰ ᠲᠦᠷᠦ ᠵᠢᠨ ᠵᠥᠪᠯᠡᠯᠭᠡᠨ ᠤ᠋ ᠭᠡᠱᠢᠭᠦᠨ ᠢ᠋ ᠬᠥᠲᠥᠯᠥᠨ ᠵᠢᠯᠣᠭᠤᠳᠴᠤ᠌ ᠳᠤᠮᠳᠠᠳᠤ ᠤᠯᠤᠰ ᠤ᠋ᠨ ᠡᠪ ᠬᠠᠮᠲᠤ ᠨᠠᠮ ᠪᠠ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠲᠤᠬᠠᠶ ᠤᠯᠤᠰ ᠲᠦᠷᠦ ᠵᠢᠨ ᠡᠨᠡᠭ᠌ᠰᠢᠯ᠂ ᠦᠵᠡᠯ ᠰᠠᠨᠠᠭᠠᠨ ᠤ᠋ ᠡᠨᠡᠭ᠌ᠰᠢᠯ᠂ ᠤᠨᠤᠯ ᠤ᠋ᠨ ᠡᠨᠡᠭ᠌ᠰᠢᠯ᠂ ᠬᠠᠢᠷ᠎ᠠ ᠰᠡᠳᠭᠢᠯᠭᠡ ᠵᠢᠨ ᠡᠨᠡᠭ᠌ᠰᠢᠯ᠎ᠵᠢᠡᠨ ᠲᠠᠰᠤᠷᠠᠯᠲᠠ ᠦᠭᠡᠢ ᠨᠡᠮᠡᠭ᠌ᠳᠡᠭᠦᠯᠵᠤ᠂ ᠬᠠᠮᠲᠤ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠠᠭᠤᠷᠢ ᠵᠢ ᠪᠠᠲᠤᠳᠭᠠᠪᠠ᠃ ᠠᠷᠠᠳ ᠤ᠋ᠨ ᠤᠯᠤᠰ ᠲᠥᠷᠥ ᠵᠢᠨ ᠵᠥᠪᠯᠡᠯᠭᠡᠨ ᠤ᠋ ᠠᠵᠢᠯ ᠢ᠋ ᠴᠢᠩᠭᠠᠳᠭᠠᠨ ᠰᠠᠢᠵᠢᠷᠠᠭᠤᠯᠬᠤ ᠲᠤᠬᠠᠶ ᠶᠡᠷᠦᠩᠬᠡᠶ ᠱᠦᠵᠢ ᠰᠢ ᠵᠢᠨ ᠫᠢᠩ ᠤ᠋ᠨ ᠴᠢᠬᠤᠯᠠ ᠦᠵᠡᠯ ᠰᠠᠨᠠᠭ᠎ᠠ ᠵᠢ ᠲᠤᠰᠭᠠᠶ ᠰᠡᠳᠦᠪ ᠵᠢᠡᠷ ᠰᠤᠷᠤᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠍᠂ ᠲᠥᠪ ᠤ᠋ᠨ ᠤᠯᠤᠰ ᠲᠥᠷᠥ ᠵᠢᠨ ᠵᠥᠪᠯᠡᠯᠭᠡᠨ ᠤ᠋ ᠠᠵᠢᠯ ᠤ᠋ᠨ ᠬᠤᠷᠠᠯ᠎ᠤᠨ ᠵᠣᠷᠢᠭ ᠰᠠᠨᠠᠭ᠎ᠠ ᠵᠢ ᠲᠠᠰᠤᠷᠠᠯᠳᠠ ᠦᠭᠡᠢ ᠭᠦᠨᠵᠡᠭᠡᠶ ᠰᠤᠷᠤᠯᠴᠠᠵᠤ ᠲᠤᠭᠤᠱᠢᠯᠠᠭᠤᠯᠤᠭ᠍ᠰᠠᠨ ᠪᠦᠭᠡᠳ ᠨᠢᠳᠤᠨᠤᠨ ᠪᠠᠰᠠ ᠲᠤᠭᠤᠱᠢᠯᠠᠭᠤᠯᠵᠤ ᠨᠠᠢᠳᠠᠪᠤᠷᠢᠵᠢᠭᠤᠯᠤᠭ᠍ᠰᠠᠨ ᠠᠬᠢᠴᠠ ᠵᠢᠨ ᠪᠠᠢᠳᠠᠯ ᠢ᠋ 《ᠡᠷᠭᠢᠵᠦ᠍ ᠬᠠᠷᠠᠬᠤ》 ᠠᠵᠢᠯᠯᠠᠭ᠎ᠠ ᠥᠷᠨᠢᠭᠦᠯᠵᠦ᠍᠂ ᠤᠯᠤᠰ ᠲᠦᠷᠦ ᠵᠢᠨ ᠵᠥᠪᠯᠡᠯᠭᠡᠨ ᠤ᠋ ᠠᠵᠢᠯ ᠤ᠋ᠨ ᠲᠤᠬᠠᠶ ᠵᠢᠮ᠎ᠡ ᠶᠣᠰᠣᠴᠢ ᠴᠢᠨᠠᠷᠲᠠᠶ ᠲᠠᠨᠢᠯᠲᠠ ᠪᠠᠨ ᠦᠷᠬᠦᠯᠵᠢᠯᠡᠨ ᠭᠦᠨᠵᠡᠭᠡᠢᠷᠡᠭᠦᠯᠪᠡ᠃ 《ᠱᠢᠨ᠎ᠡ ᠴᠠᠭ ᠦᠶ᠎ᠡ ᠵᠢᠨ ᠠᠷᠠᠳ ᠤ᠋ᠨ ᠤᠯᠤᠰ ᠲᠥᠷᠥ ᠵᠢᠨ ᠵᠥᠪᠯᠡᠯᠭᠡᠨ ᠤ᠋ ᠨᠠᠮ ᠤ᠋ᠨ ᠪᠠᠢᠭᠤᠯᠤᠯᠲᠠ ᠵᠢᠨ ᠠᠵᠢᠯ ᠢ᠋ ᠴᠢᠩᠭᠠᠳᠭᠠᠬᠤ ᠲᠤᠬᠠᠶ ᠰᠠᠨᠠᠯ ᠤ᠋ᠳ》 ᠢ᠋ ᠬᠢᠨᠠᠮᠠᠭᠠᠶ ᠲᠤᠭᠤᠱᠢᠯᠠᠭᠤᠯᠤᠨ᠂ ᠤᠯᠤᠰ ᠲᠦᠷᠦ ᠵᠢᠨ ᠵᠥᠪᠯᠡᠯᠭᠡᠨ ᠤ᠋ ᠨᠠᠮ ᠤ᠋ᠨ ᠪᠠᠢᠭᠤᠯᠤᠯᠲᠠ ᠵᠢᠨ ᠠᠵᠢᠯ ᠤ᠋ᠨ ᠶᠠᠷᠢᠯᠴᠠᠬᠤ ᠬᠤᠷᠠᠯ ᠢ᠋ ᠠᠩᠬ᠎ᠠ ᠤᠳᠠᠭ᠎ᠠ ᠬᠤᠷᠠᠯᠳᠤᠭᠤᠯᠵᠤ᠂ ᠠᠷᠠᠳ ᠤ᠋ᠨ ᠤᠯᠤᠰ ᠲᠦᠷᠦ ᠵᠢᠨ ᠵᠥᠪᠯᠡᠯᠭᠡᠨ ᠤ᠋ ᠠᠵᠢᠯ᠎ᠳᠠᠬᠢ ᠨᠠᠮ ᠤ᠋ᠨ ᠪᠦᠬᠦ᠌ ᠲᠠᠯ᠎ᠠ ᠵᠢᠨ ᠤᠳᠤᠷᠢᠳᠤᠯᠭ᠎ᠠ ᠵᠢ ᠨᠠᠢᠳᠠᠪᠤᠷᠢᠵᠢᠭᠤᠯᠬᠤ ᠲᠦᠷᠢᠮ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠤᠷᠢᠶ᠎ᠠ ᠵᠢᠨ ᠴᠢᠬᠤᠯᠠ ᠶᠡᠭᠡ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠲᠠ ᠪᠠ ᠶᠡᠷᠦᠩᠬᠡᠶ ᠱᠦᠵᠢ ᠰᠢ ᠵᠢᠨ ᠫᠢᠩ ᠤ᠋ᠨ ᠴᠢᠬᠤᠯᠠ ᠵᠢᠭᠠᠪᠤᠷᠢ ᠴᠣᠬᠤᠯᠠᠪᠤᠷᠢ ᠵᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢ ᠱᠢᠪᠠᠳᠠᠨ ᠪᠠᠢᠴᠠᠭᠠᠬᠤ ᠲᠣᠭ᠍ᠲᠠᠴᠠ ᠵᠡᠷᠭᠡ ᠵᠢ ᠲᠣᠭ᠍ᠲᠠᠭᠠᠨ ᠲᠡᠭᠦᠯᠳᠡᠷᠵᠢᠭᠦᠯᠵᠤ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠭᠡᠱᠢᠭᠦᠨ ᠪᠠᠢᠩᠭᠤ ᠵᠢᠨ ᠭᠡᠱᠢᠭᠦᠳ ᠤ᠋ᠨ ᠵᠢᠯ ᠪᠦᠷᠢ ᠨᠢᠭᠡ ᠤᠳᠠᠭ᠎ᠠ ᠬᠤᠷᠠᠯᠳᠤᠬᠤ ᠳᠦᠷᠢᠮ᠂ ᠲᠤᠰᠭᠠᠶ ᠵᠥᠪᠯᠡᠯ ᠤ᠋ᠨ ᠬᠤᠪᠢᠶᠠᠷᠢ ᠨᠠᠮ ᠤ᠋ᠨ ᠤᠳᠤᠷᠢᠳᠭᠤ ᠳᠤᠭᠤᠢᠯᠠᠩ ᠵᠢᠯ ᠪᠦᠷᠢ ᠨᠢᠭᠡ ᠤᠳᠠᠭ᠎ᠠ ᠪᠦᠬᠦ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠨᠠᠮ ᠤ᠋ᠨ ᠤᠳᠤᠷᠢᠳᠭᠤ ᠳᠤᠭᠤᠢᠯᠠᠩ ᠳ᠋ᠤ ᠠᠵᠢᠯ᠎ᠵᠢᠡᠨ ᠮᠡᠳᠡᠭᠦᠯᠬᠦ᠌ ᠳᠦᠷᠢᠮ ᠢ᠋ ᠪᠠᠢᠭᠤᠯᠤᠨ᠂ ᠲᠤᠰᠭᠠᠶ ᠵᠦᠪᠯᠡᠯ ᠤ᠋ᠨ ᠬᠤᠪᠢᠶᠠᠷᠢ ᠨᠠᠮ ᠤ᠋ᠨ ᠤᠳᠤᠷᠢᠳᠭᠤ ᠳᠤᠭᠤᠢᠯᠠᠩ ᠤ᠋ᠨ ᠠᠵᠢᠯ ᠤ᠋ᠨ ᠳᠦᠷᠢᠮ ᠢ᠋ ᠲᠡᠭᠦᠯᠳᠡᠷᠵᠢᠭᠦᠯᠵᠦ᠍᠂ ᠨᠠᠮ ᠤ᠋ᠨ ᠭᠡᠱᠢᠭᠦᠨ ᠪᠠᠢᠩᠭᠤ ᠵᠢᠨ ᠭᠡᠱᠢᠭᠦᠨ ᠤ᠋ ᠡᠭᠦᠷᠭᠡ ᠬᠠᠷᠢᠭᠤᠴᠠᠯᠭ᠎ᠠ ᠪᠠᠨ ᠬᠥᠢᠴᠡᠳᠭᠡᠭ᠌ᠰᠡᠨ ᠢ᠋ ᠦᠨᠡᠯᠡᠬᠦ᠌ ᠳᠦᠷᠢᠮ ᠢ᠋ ᠪᠠᠢᠭᠤᠯᠵᠤ᠂ ᠤᠯᠤᠰ ᠲᠥᠷᠥ ᠵᠢᠨ ᠵᠥᠪᠯᠡᠯᠭᠡᠨ ᠤ᠋ ᠨᠠᠮ ᠤ᠋ᠨ ᠵᠣᠬᠢᠶᠠᠨ ᠪᠠᠢᠭᠤᠯᠤᠯᠲᠠ ᠡᠴᠡ ᠨᠠᠮ ᠤ᠋ᠨ ᠭᠡᠱᠢᠭᠦᠨ ᠭᠡᠱᠢᠭᠦᠳ ᠢ᠋ ᠪᠦᠬᠦᠨ ᠢ᠋ ᠬᠠᠮᠤᠷᠬᠤ᠂ ᠤᠯᠤᠰ ᠲᠥᠷᠥ ᠵᠢᠨ ᠵᠥᠪᠯᠡᠯᠭᠡᠨ ᠤ᠋ ᠨᠠᠮ ᠤ᠋ᠨ ᠠᠵᠢᠯ ᠳ᠋ᠤ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠳ ᠢ᠋ ᠪᠦᠬᠦᠨ ᠢ᠋ ᠬᠠᠮᠤᠷᠬᠤ ᠵᠡᠷᠭᠡ ᠵᠢ ᠪᠡᠶᠡᠯᠡᠭᠦᠯᠤᠨ᠂ ᠲᠥᠪ ᠬᠤᠷᠢᠶ᠎ᠠ ᠵᠢᠨ ᠨᠠᠢ᠍ᠮᠠᠨ ᠵᠤᠷᠪᠤᠰ ᠲᠣᠭ᠍ᠲᠠᠭᠠᠯ ᠵᠢᠴᠢ ᠲᠡᠭᠦᠨ ᠢ᠋ ᠬᠡᠷᠡᠭ᠌ᠵᠢᠭᠦᠯᠬᠦ᠌ ᠨᠠᠷᠢᠨ ᠲᠦᠷᠢᠮ ᠤ᠋ᠨ ᠵᠣᠷᠢᠭ ᠰᠠᠨᠠᠭ᠎ᠠ ᠵᠢ ᠨᠠᠢᠳᠠᠪᠤᠷᠢᠵᠢᠭᠤᠯᠵᠤ᠂ ᠨᠠᠮ ᠤ᠋ᠨ ᠪᠠᠢᠭᠤᠯᠤᠯᠲᠠ ᠪᠡᠷ ᠤᠯᠤᠰ ᠲᠦᠷᠤ ᠵᠢ ᠬᠦᠴᠦᠷᠬᠡᠭ᠌ᠵᠢᠭᠦᠯᠬᠦ᠂ ᠡᠩᠨᠡᠭᠡ ᠵᠢ ᠲᠠᠭᠠᠭᠤᠯᠬᠤ᠂ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠵᠢ ᠠᠬᠢᠭᠤᠯᠬᠤ᠂ ᠪᠦᠯᠬᠦᠮᠳᠡᠯ ᠢ᠋ ᠨᠡᠮᠡᠭ᠌ᠳᠡᠭᠦᠯᠬᠦ᠌ ᠰᠠᠢᠨ ᠰᠠᠢᠬᠠᠨ ᠪᠠᠢᠳᠠᠯ ᠢ᠋ ᠪᠤᠢ ᠪᠣᠯᠭᠠᠪᠠ᠃

(ᠬᠤᠶᠠᠷ) ᠨᠠᠮ ᠪᠠ ᠤᠯᠤᠰ ᠤ᠋ᠨ ᠭᠤᠤᠯ ᠡᠭᠦᠷᠭᠡ ᠳ᠋ᠤ ᠠᠩᠬᠠᠷᠤᠯ ᠵᠢᠠᠨ ᠲᠥᠪᠯᠡᠷᠡᠭᠦᠯᠦᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠍᠂ 《ᠬᠤᠤᠰ ᠵᠠᠭᠤᠨ ᠵᠢᠯ》 ᠤ᠋ᠨ ᠲᠡᠮᠡᠴᠡᠯ ᠤ᠋ᠨ ᠬᠠᠷᠠᠯᠲᠠ ᠵᠢ ᠪᠡᠶᠡᠯᠡᠭᠦᠯᠬᠦ᠌ ᠳ᠋ᠤ ᠣᠶᠤᠨ ᠤᠬᠠᠭᠠᠨ ᠪᠠ ᠬᠦᠴᠦᠨ ᠴᠢᠳᠠᠯ ᠵᠢᠠᠨ ᠡᠷᠭᠦᠪᠠ᠃ ᠲᠣᠭ᠍ᠲᠠᠭᠤᠨ ᠪᠠᠢᠯᠭᠠᠬᠤ ᠵᠢᠨ ᠵᠡᠷᠭᠡ ᠳ᠋ᠤ ᠤᠷᠤᠭ᠍ᠰᠢᠯᠠᠭᠤᠯᠬᠤ ᠠᠵᠢᠯ ᠤ᠋ᠨ ᠶᠡᠷᠦᠩᠬᠡᠶ ᠬᠥᠭ ᠠᠶᠠᠰ ᠢ᠋ ᠪᠠᠷᠢᠮᠲᠠᠯᠠᠨ᠂ ᠱᠢᠨ᠎ᠡ ᠬᠥᠭ᠌ᠵᠢᠯᠲᠡ ᠵᠢᠨ ᠤᠢ᠍ᠢᠯᠠᠭᠠᠭ᠍ᠳᠠᠬᠤᠨ ᠢ᠋ ᠪᠦᠷᠢᠨ ᠪᠦᠲᠦᠨ᠂ ᠣᠨᠣᠪᠴᠢᠲᠠᠢ᠂ ᠪᠦᠬᠦ᠌ ᠲᠠᠯ᠎ᠠ ᠪᠡᠷ ᠲᠤᠭᠤᠱᠢᠯᠠᠭᠤᠯᠵᠤ᠂ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠳ᠋ᠤ ᠠᠩᠬᠠᠷᠤᠯ ᠵᠢᠠᠨ ᠲᠥᠪᠯᠡᠷᠡᠭᠦᠯᠦᠨ ᠪᠠᠢᠴᠠᠭᠠᠨ ᠰᠤᠳᠤᠯᠤᠯᠳᠡ ᠬᠢᠵᠤ ᠲᠦᠷᠦ ᠵᠢᠨ ᠬᠡᠷᠡᠭ ᠢ᠋ ᠵᠥᠪᠯᠡᠪᠠ᠃ ᠵᠥᠪᠯᠡᠬᠦ᠌ ᠰᠡᠳᠦᠪ ᠲᠦ᠍ ᠱᠢᠨ᠎ᠡ ᠬᠥᠭ᠌ᠵᠢᠯᠲᠡ ᠵᠢᠨ ᠪᠠᠢᠷᠢᠱᠢᠯ ᠢ᠋ ᠪᠠᠢᠭᠤᠯᠬᠤ᠂ ᠪᠣᠳᠠᠲᠤ ᠴᠣᠭ᠍ᠴᠠ ᠵᠢᠨ ᠠᠵᠤ ᠠᠬᠤᠢ ᠵᠢ ᠬᠥᠭ᠌ᠵᠢᠭᠦᠯᠬᠦ᠂ ᠴᠢᠬᠤᠯᠠ ᠶᠡᠭᠡ ᠤᠤᠭᠠᠯ ᠱᠢᠨ᠎ᠡ ᠡᠭᠦᠳᠦᠯᠲᠡ ᠵᠢ ᠠᠬᠢᠭᠤᠯᠬᠤ᠂ ᠱᠢᠨ᠎ᠡ ᠡᠨᠧᠷᠭᠢ ᠵᠢᠨ ᠰᠣᠷᠪᠣᠯᠵᠢ ᠭᠡᠷᠡᠭ᠌ᠯᠡᠭᠦ᠌ ᠮᠠᠱᠢᠨ ᠲᠡᠷᠭᠡᠨ ᠤ᠋ ᠠᠵᠤ ᠦᠢᠯᠡᠰ ᠤ᠋ᠨ ᠡᠷᠡᠭᠦᠯ ᠬᠥᠭ᠌ᠵᠢᠯᠳᠡ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠬᠤ᠂ ᠪᠣᠬᠢᠷᠲᠤᠯ ᠢ᠋ ᠰᠡᠷᠭᠡᠢᠯᠡᠨ ᠵᠠᠰᠠᠬᠤ ᠪᠡᠷᠭᠡ ᠰᠡᠳᠤᠪ ᠢ᠋ ᠱᠢᠢᠳᠪᠤᠷᠢᠯᠡᠬᠦ᠌ ᠠᠵᠢᠯ ᠢ᠋ ᠠᠬᠢᠭᠤᠯᠬᠤ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ᠋ ᠪᠦᠳᠦᠭᠡᠨ ᠪᠠᠢᠭᠤᠯᠬᠤ᠂ ᠠᠷᠠᠳ ᠲᠦᠮᠡᠨ ᠤ᠋ ᠰᠡᠳᠭᠢᠯ ᠬᠠᠨᠤᠮᠵᠢᠲᠠᠢ ᠰᠤᠷᠭᠠᠨ ᠬᠥᠮᠦᠵᠢᠯ ᠢ᠋ ᠰᠠᠢᠳᠤᠷ ᠡᠷᠬᠢᠯᠡᠬᠦ᠂ ᠶᠡᠭᠡ ᠲᠠᠲᠠᠮᠠᠯ ᠭᠤᠣᠯ ᠤ᠋ᠨ ᠰᠣᠶᠣᠯ ᠤ᠋ᠨ ᠪᠦᠰᠡ ᠵᠢᠨ ᠪᠠᠢᠭᠤᠯᠤᠯᠲᠠ᠂ ᠬᠢᠯᠢ ᠵᠢᠨ ᠭᠠᠳᠠᠨᠠᠬᠢ ᠠᠵᠤ ᠠᠬᠤᠢ ᠠᠷᠠᠯᠵᠢᠶᠠᠨ ᠤ᠋ ᠬᠠᠮᠲᠤᠷᠠᠯᠴᠠᠭᠠᠨ ᠤ᠋ ᠣᠷᠣᠨ ᠤ᠋ ᠪᠦᠳᠦᠭᠡᠨ ᠪᠠᠢᠭᠤᠯᠤᠯᠲᠠ ᠵᠢ ᠠᠬᠢᠭᠤᠯᠬᠤ ᠵᠡᠷᠭᠡ ᠠᠵᠤ ᠠᠬᠤᠢ ᠨᠡᠢᠭᠡᠮ ᠤ᠋ᠨ ᠬᠥᠭ᠌ᠵᠢᠯᠲᠡ ᠳ᠋ᠤ ᠬᠤᠯᠪᠣᠭ᠍ᠳᠠᠬᠤ ᠴᠢᠬᠤᠯᠠ ᠶᠡᠭᠡ ᠠᠰᠠᠭᠤᠳᠠᠯ ᠪᠠᠢᠬᠤ ᠮᠦᠷᠳᠡᠭᠡᠨ ᠬᠥᠮᠦᠨ ᠠᠮᠠ ᠵᠢᠨ ᠨᠠᠰᠤᠵᠢᠯᠲᠠ ᠵᠢ ᠠᠷᠭᠠᠴᠠᠭᠠᠬᠤ᠂ ᠬᠥᠳᠡᠭᠡ ᠲᠣᠰᠭᠤᠨ ᠤ᠋ ᠦᠨᠳᠦᠰᠦᠨ ᠤᠯᠠᠨ ᠨᠡᠢᠲᠡ ᠵᠢᠨ ᠰᠣᠶᠣᠯ ᠤ᠋ᠨ ᠦᠢᠯᠡᠴᠢᠯᠡᠭᠡ  ᠵᠠᠬᠢᠶᠠᠯᠠᠭ᠎ᠠ ᠵᠢᠨ ᠬᠤᠭᠤᠯᠠ ᠤᠮᠳᠠ ᠵᠢᠨ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠬᠠᠤᠯᠢ ᠲᠣᠭ᠍ᠲᠠᠭᠠᠯ ᠢ᠋ ᠲᠣᠭ᠍ᠲᠠᠭᠠᠬᠤ ᠪᠠ ᠵᠠᠰᠠᠵᠤ ᠲᠤᠬ᠍ᠳᠠᠭᠠᠬᠤ ᠵᠡᠷᠭᠡ ᠠᠷᠠᠳ ᠤᠯᠠᠨ ᠤ᠋ ᠠᠮᠢ ᠪᠡᠶ᠎ᠡ ᠵᠢᠨ ᠠᠱᠢᠭ ᠲᠤᠰᠠ ᠳ᠋ᠤ ᠬᠤᠯᠪᠣᠭ᠍ᠳᠠᠬᠤ ᠪᠣᠳᠠᠲᠠᠶ ᠠᠰᠠᠭᠤᠳᠠᠯ ᠴᠤ᠌ ᠪᠠᠢᠵᠤ᠂ ᠱᠢᠨᠵᠢᠯᠡᠬᠦ᠌ ᠤᠬᠠᠭᠠᠨᠴᠢ ᠪᠡᠷ ᠰᠡᠳᠦᠪ ᠰᠣᠩᠭᠤᠬᠤ᠂ ᠭᠦᠨᠵᠡᠭᠡᠶ ᠪᠠᠢᠴᠠᠭᠠᠨ ᠰᠤᠳᠤᠯᠤᠯᠲᠠ ᠬᠢᠬᠦ᠂ ᠨᠠᠷᠢᠯᠢᠬ ᠣᠨᠣᠴᠠᠲᠠᠶ ᠪᠡᠷ ᠰᠠᠨᠠᠯ ᠰᠠᠨᠠᠭᠤᠯᠭ᠎ᠠ ᠳᠤᠷᠠᠳᠭᠤ ᠵᠢ ᠪᠡᠶᠡᠯᠡᠭᠦᠯᠪᠠ᠃ ᠠᠷᠪᠠᠨ ᠳᠥᠷᠪᠡᠳᠦᠭᠡᠷ ᠲᠠᠪᠤᠨ ᠵᠢᠯ ᠤ᠋ᠨ ᠲᠥᠯᠥᠪᠵᠢᠭᠦᠯᠭᠡ ᠵᠢ ᠲᠣᠭ᠍ᠲᠠᠭᠠᠨ ᠬᠡᠷᠡᠭ᠌ᠵᠢᠭᠦᠯᠬᠦ᠌ ᠲᠠᠢ ᠨᠢᠭ᠍ᠲᠠ ᠤᠶᠠᠯᠳᠤᠭᠤᠯᠤᠨ ᠠᠷᠭ᠎ᠠ ᠤᠬᠠᠭᠠᠨ ᠭᠠᠷᠭᠠᠨ ᠬᠥᠴᠤᠨ ᠴᠢᠳᠠᠯ ᠵᠢᠠᠨ ᠡᠷᠬᠦᠵᠤ᠂ ᠲᠥᠯᠥᠪᠵᠢᠭᠦᠯᠭᠡ ᠵᠢ ᠨᠠᠢᠷᠠᠭᠤᠯᠤᠨ ᠵᠣᠬᠢᠶᠠᠬᠤ ᠶᠠᠪᠤᠴᠠ ᠳ᠋ᠤ ᠪᠠᠢᠩᠭᠤ ᠵᠢᠨ ᠬᠤᠷᠢᠶ᠎ᠠ ᠵᠢᠨ ᠬᠤᠷᠠᠯ ᠂ ᠸᠢᠳᠢᠣ᠋ ᠪᠡᠷ ᠪᠠᠢᠴᠠᠭᠠᠨ ᠰᠤᠳᠤᠯᠬᠤ ᠬᠤᠷᠠᠯ᠂ ᠪᠠᠢᠳᠠᠯ ᠤ᠋ᠨ ᠵᠠᠳᠠᠯᠤᠯᠳᠠ ᠵᠢᠨ ᠬᠤᠷᠠᠯ ᠵᠡᠷᠭᠡ ᠲᠥᠷᠥ ᠵᠢᠨ ᠬᠡᠷᠡᠭ ᠢ᠋ ᠵᠥᠪᠯᠡᠬᠦ᠌ ᠠᠵᠢᠯᠯᠠᠭ᠎ᠠ ᠵᠢ 35 ᠤᠳᠠᠭ᠎ᠠ ᠵᠣᠬᠢᠶᠠᠨ ᠪᠠᠢᠭᠤᠯᠵᠤ ᠥᠷᠨᠢᠭᠦᠯᠪᠠ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠤᠷᠢᠶ᠎ᠠ ᠵᠢᠨ ᠲᠠᠪᠤᠳᠤᠭᠠᠷ ᠪᠥᠬᠦᠳᠡ ᠬᠤᠷᠠᠯ ᠤ᠋ᠨ ᠳᠠᠷᠠᠭ᠎ᠠ ᠪᠠᠢᠩᠭᠤ ᠵᠢᠨ ᠬᠤᠷᠢᠶ᠎ᠠ ᠵᠢᠨ ᠬᠤᠷᠠᠯ ᠢ᠋ ᠴᠠᠭ ᠲᠤᠬᠠᠶ ᠳ᠋ᠤᠨᠢ ᠬᠤᠷᠠᠯᠳᠤᠭᠤᠯᠵᠤ ᠠᠷᠪᠠᠨ ᠳᠥᠷᠪᠡᠳᠦᠭᠡᠷ ᠲᠠᠪᠤᠨ ᠵᠢᠯ ᠤ᠋ᠨ ᠲᠥᠯᠥᠪᠵᠢᠭᠦᠯᠭᠡ ᠵᠢᠨ ᠰᠠᠨᠠᠭᠤᠯᠭ᠎ᠠ ᠵᠢ ᠲᠤᠰᠭᠠᠶ ᠰᠡᠳᠦᠪ ᠵᠢᠡᠷ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠢ ᠤᠶᠠᠯᠳᠤᠭᠤᠯᠤᠨ ᠦᠷᠭᠦᠯᠵᠢᠯᠡᠨ ᠰᠠᠨᠠᠯ ᠰᠠᠨᠠᠭᠤᠯᠭ᠎ᠠ ᠳᠤᠷᠠᠳᠪᠠ᠃ ᠶᠠᠳᠠᠭᠤ ᠡᠴᠡ ᠠᠩᠭᠢᠵᠢᠷᠠᠭᠤᠯᠬᠤ ᠪᠡᠷᠭᠡ ᠰᠡᠳᠦᠪ ᠢ᠋ ᠱᠢᠢᠳᠪᠤᠷᠢᠯᠡᠭᠦ᠌ ᠱᠢᠢᠳᠪᠦᠷᠢᠲᠦ ᠳᠠᠢᠯᠠᠯᠳᠤᠭᠠᠨ ᠤ᠋ ᠱᠢᠢᠳᠪᠤᠷᠢᠳᠤ ᠢᠯᠠᠯᠲᠠ ᠵᠢ ᠣᠯᠬᠤ ᠵᠢ ᠬᠠᠷᠠᠭᠠᠯᠠᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠱᠢᠭᠦᠯᠵᠤ᠂ ᠶᠠᠳᠠᠭᠤ ᠡᠴᠡ ᠠᠩᠭᠢᠵᠢᠷᠠᠭᠤᠯᠬᠤ ᠪᠡᠷᠭᠡ ᠰᠡᠳᠦᠪ ᠢ᠋ ᠱᠢᠢᠳᠪᠤᠷᠢᠯᠡᠭ᠌ᠰᠡᠨ ᠦᠷ᠎ᠡ ᠪᠦᠲᠦᠭᠡᠯ ᠢ᠋ ᠪᠠᠬᠢᠵᠢᠭᠦᠯᠦᠨ ᠥᠷᠭᠡᠳᠭᠡᠬᠦ᠌ ᠪᠤᠯᠤᠨ ᠬᠥᠳᠡᠭᠡ ᠲᠣᠰᠭᠤᠨ ᠢ᠋ ᠬᠥᠭ᠌ᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭᠠᠯᠳᠤᠭᠤᠯᠬᠤ᠂ ᠬᠥᠳᠡᠭᠡ ᠲᠣᠰᠭᠤᠨ ᠤ᠋ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ᠍ ᠵᠢ ᠠᠬᠢᠭᠤᠯᠬᠤ ᠵᠡᠷᠭᠡ ᠲᠠᠢ ᠤᠶᠠᠯᠳᠤᠭᠤᠯᠤᠨ᠂ ᠪᠠᠢᠴᠠᠭᠠᠨ ᠦᠵᠡᠵᠦ᠍ ᠪᠠᠢᠴᠠᠭᠠᠨ ᠰᠤᠳᠤᠯᠤᠯᠲᠠ ᠬᠢᠬᠦ᠌ ᠵᠢ ᠦᠷᠬᠦᠯᠵᠢᠯᠡᠨ 71 ᠤᠳᠠᠭ᠎ᠠ ᠥᠷᠨᠢᠭᠦᠯᠪᠡ᠃ ᠬᠢᠵᠢᠭ ᠢ᠋ ᠰᠡᠷᠭᠡᠢᠯᠡᠨ ᠬᠢᠵᠠᠭᠠᠷᠯᠠᠬᠤ ᠪᠠ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠢ ᠨᠢᠭᠡᠳᠦᠯᠲᠡᠶ ᠲᠥᠯᠥᠪᠯᠡᠬᠦ᠌ ᠲᠠᠢ ᠨᠢᠭ᠍ᠲᠠ ᠤᠶᠠᠯᠳᠤᠭᠤᠯᠤᠨ ᠲᠤᠱᠢᠶᠠᠯ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠵᠤ᠂ ᠬᠦᠨᠳᠦ ᠶᠡᠭᠡ ᠬᠢᠵᠢᠭ ᠢ᠋ ᠰᠡᠷᠭᠡᠢᠯᠡᠨ ᠬᠢᠵᠠᠭᠠᠷᠯᠠᠬᠤ ᠲᠣᠭ᠍ᠲᠠᠴᠠ ᠵᠢ ᠲᠡᠭᠦᠯᠳᠡᠷᠵᠢᠭᠦᠯᠬᠦ᠂ ᠣᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠱᠢᠰᠲ᠋ᠧᠮ ᠪᠣᠯᠤᠨ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠵᠢᠨ ᠱᠢᠰᠲ᠋ᠧᠮ ᠢ᠋ ᠪᠦᠷᠢᠨᠱᠢᠬᠦᠯᠬᠦ᠌ ᠵᠡᠷᠭᠡ ᠲᠠᠢ ᠤᠶᠠᠯᠳᠤᠭᠤᠯᠤᠨ᠂ ᠭᠡᠱᠢᠭᠦᠳ ᠤ᠋ᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠲᠠᠪᠴᠠᠩ ᠳ᠋ᠤ ᠲᠦᠱᠢᠭ᠌ᠯᠡᠨ ᠪᠦᠬᠦ᠌ ᠭᠡᠱᠢᠭᠦᠳ ᠣᠷᠣᠯᠴᠠᠭ᠍ᠰᠠᠨ ᠲᠤᠰᠭᠠᠶ ᠵᠦᠢᠯ ᠤ᠋ᠨ ᠠᠰᠠᠭᠤᠯᠲᠠ ᠵᠢᠨ ᠬᠠᠭᠤᠳᠠᠰᠤᠨ ᠤ᠋ ᠪᠠᠢᠴᠠᠭᠠᠯᠲᠠ ᠥᠷᠨᠢᠭᠦᠯᠵᠤ᠂ ᠵᠥᠪᠯᠡᠨ ᠶᠠᠷᠢᠯᠴᠠᠬᠤ᠂ ᠰᠠᠨᠠᠯ ᠳᠤᠷᠠᠳᠤᠯᠭ᠎ᠠ ᠱᠢᠢᠳᠪᠦᠷᠢᠯᠡᠬᠦ᠂ ᠨᠡᠢᠭᠡᠮ ᠤ᠋ᠨ ᠪᠠᠢᠳᠠᠯ ᠠᠷᠠᠳ ᠤ᠋ᠨ ᠰᠠᠨᠠᠭ᠎ᠠ ᠵᠢ ᠲᠤᠰᠭᠠᠬᠤ ᠮᠡᠳᠡᠭᠡ ᠵᠠᠩᠬᠢ ᠵᠡᠷᠭᠡ ᠵᠢᠨ ᠦᠢᠯᠡᠳᠦᠯ ᠢ᠋ ᠪᠠᠳᠠᠷᠠᠭᠤᠯᠤᠨ᠂ ᠪᠠᠢᠳᠠᠯ ᠤ᠋ᠨ ᠲᠤᠰᠭᠠᠯ᠂ ᠰᠠᠨᠠᠯ ᠰᠠᠨᠠᠭᠤᠯᠭ᠎ᠠ ᠵᠢ 3500 ᠭᠠᠷᠤᠶ ᠵᠤᠷᠪᠤᠰ ᠮᠡᠳᠡᠭᠦᠯᠦᠨ ᠬᠦᠷᠭᠡᠵᠦ᠍᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠤᠷᠢᠶ᠎ᠠ ᠵᠢᠨ ᠱᠢᠨᠵᠢᠯᠡᠬᠦ᠌ ᠤᠬᠠᠭᠠᠨᠴᠢ ᠪᠡᠷ ᠪᠣᠳᠣᠯᠭ᠎ᠠ ᠲᠣᠭ᠍ᠲᠠᠭᠠᠬᠤ ᠪᠠ ᠱᠢᠢᠳᠪᠦᠷᠢᠲᠦ ᠪᠣᠳᠣᠯᠭ᠎ᠠ ᠵᠢᠨ ᠨᠠᠢᠳᠠᠪᠤᠷᠢᠵᠢᠭᠤᠯᠤᠯᠲᠠ ᠵᠢ ᠠᠬᠢᠭᠤᠯᠬᠤ ᠳ᠋ᠤ ᠯᠠᠪᠯᠠᠯᠲᠠ ᠬᠠᠩᠭᠠᠪᠠ᠃

(ᠭᠤᠷᠪᠠ) ᠤᠯᠤᠰ ᠲᠦᠷᠦ ᠵᠢᠨ ᠵᠦᠪᠯᠡᠯᠭᠡᠨ ᠤ᠋ ᠵᠥᠪᠯᠡᠯᠭᠡ ᠬᠢᠬᠦ᠌ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ ᠠᠷᠠᠳ ᠤ᠋ᠨ ᠤᠯᠤᠰ ᠲᠦᠷᠦ ᠵᠢᠨ ᠵᠥᠪᠯᠡᠯᠭᠡᠨ ᠤ᠋ ᠲᠤᠰᠭᠠᠶ ᠵᠥᠪᠯᠡᠬᠦ᠌ ᠪᠠᠢᠭᠤᠯᠤᠮᠵᠢ ᠪᠣᠯᠬᠤ ᠦᠢᠯᠡᠳᠦᠯ ᠢ᠋ ᠨᠡᠩ ᠰᠠᠢᠨ ᠪᠠᠳᠠᠷᠠᠭᠤᠯᠪᠠ᠃ ᠵᠥᠪᠯᠡᠬᠦ᠌ ᠬᠡᠯᠪᠡᠷᠢ ᠵᠢ ᠪᠠᠶᠠᠯᠢᠬ᠍ᠵᠢᠭᠤᠯᠬᠤ᠂ ᠵᠥᠪᠯᠡᠬᠦ᠌ ᠵᠢᠷᠤᠮ ᠢ᠋ ᠱᠢᠯᠢᠳᠡᠭ᠌ᠵᠢᠭᠦᠯᠬᠦ᠂ ᠵᠥᠪᠯᠡᠬᠦ᠌ ᠴᠢᠳᠠᠪᠤᠷᠢ ᠵᠢ ᠳᠡᠭᠡᠭ᠌ᠰᠢᠯᠡᠭᠦᠯᠬᠦ᠌ ᠳᠡᠭᠡᠷ᠎ᠡ ᠬᠦᠴᠦ᠍ ᠲᠠᠯᠪᠢᠵᠤ᠂ ᠪᠥᠬᠦᠳᠡ ᠬᠤᠷᠠᠯ ᠵᠢᠡᠷ ᠬᠥᠲᠥᠴᠢ ᠪᠤᠯᠭᠠᠬ᠍ᠰᠠᠨ᠂ ᠪᠠᠢᠡᠭ᠌ᠭᠤ ᠵᠢᠨ ᠬᠤᠷᠢᠶ᠎ᠠ ᠵᠢᠨ ᠲᠥᠷᠥ ᠵᠢᠨ ᠬᠡᠷᠡᠭ ᠢ᠋ ᠵᠥᠪᠯᠡᠬᠦ᠌ ᠴᠢᠨᠠᠷᠳᠡᠢ ᠲᠣᠰᠭᠠᠢ ᠰᠡᠳᠥᠪᠳᠥ ᠬᠤᠷᠠᠯ ᠪᠠ ᠲᠣᠰᠭᠠᠢ ᠰᠡᠳᠥᠪᠳᠥ ᠵᠥᠪᠯᠡᠬᠦ᠌ ᠬᠤᠷᠠᠯ ᠵᠢᠡᠷ ᠭᠤᠣᠯᠳᠠᠯᠭ᠎ᠠ ᠪᠣᠯᠭᠠᠭ᠍ᠰᠠᠨ᠂ ᠡᠯ᠎ᠡ ᠲᠦᠷᠦᠯ ᠤ᠋ᠨ ᠵᠥᠪᠯᠡᠨ ᠶᠠᠷᠢᠯᠴᠠᠬᠤ ᠬᠤᠷᠠᠯ ᠵᠢᠡᠷ ᠬᠡᠪ ᠤ᠋ᠨ ᠪᠠᠢᠳᠠᠯ ᠪᠤᠯᠭᠠᠭ᠍ᠰᠠᠨ ᠵᠥᠪᠯᠡᠯᠭᠡ ᠬᠢᠵᠥ᠍ ᠲᠥᠷᠥ ᠵᠢᠨ ᠬᠡᠷᠡᠭ ᠢ᠋ ᠵᠥᠪᠯᠡᠬᠦ᠌ ᠪᠠᠢᠷᠢᠱᠢᠯ ᠢ᠋ ᠲᠡᠭᠦᠯᠳᠡᠷᠵᠢᠭᠦᠯᠪᠠ᠃ ᠲᠠᠪᠤᠨ ᠵᠢᠯ ᠤ᠋ᠨ ᠲᠤᠷᠰᠢ ᠤᠯᠤᠰ ᠲᠥᠷᠥ ᠵᠢᠨ ᠵᠥᠪᠯᠡᠯᠭᠡ ᠬᠢᠬᠦ᠌ ᠴᠢᠬᠤᠯᠠ ᠠᠵᠢᠯᠯᠠᠭ᠎ᠠ ᠵᠢ 105 ᠤᠳᠠᠭ᠎ᠠ ᠡᠷᠬᠢᠯᠡᠵᠦ᠍᠂ ᠰᠠᠨᠠᠯ ᠲᠤᠷᠠᠳᠤᠯᠭ᠎ᠠ ᠵᠢ ᠱᠢᠢᠳᠪᠦᠷᠢᠯᠡᠬᠦ᠌ ᠵᠦᠪᠯᠡᠯᠭᠡ᠂ ᠡᠲᠡᠭᠡᠳ ᠤ᠋ᠨ ᠢᠯᠭᠠᠯ ᠤ᠋ᠨ ᠵᠥᠪᠯᠡᠯᠭᠡ᠂ ᠠᠵᠢᠯ ᠲᠦᠷᠦᠯ ᠤ᠋ᠨ ᠱᠢᠰᠲ᠋ᠧᠮ ᠤ᠋ᠨ ᠵᠦᠪᠯᠡᠯᠭᠡ ᠵᠡᠷᠭᠡ ᠵᠢ ᠪᠠᠢᠩᠭᠤ ᠵᠢᠨ ᠴᠢᠨᠠᠷᠲᠠᠶ ᠪᠡᠷ ᠥᠷᠨᠢᠭᠦᠯᠵᠦ᠍᠂ ᠲᠦᠷᠤ ᠵᠢ ᠵᠠᠰᠠᠬᠤ ᠱᠢᠰᠲ᠋ᠧᠮ᠎ᠳᠠᠬᠢ ᠠᠷᠠᠳ ᠤ᠋ᠨ ᠤᠯᠤᠰ ᠲᠦᠷᠦ ᠵᠢᠨ ᠵᠥᠪᠯᠡᠯᠭᠡᠨ ᠤ᠋ ᠦᠢᠯᠡᠳᠦᠯ ᠢ᠋ ᠭᠦᠢᠴᠡᠳ ᠪᠠᠳᠠᠷᠠᠭᠤᠯᠪᠠ᠃ ᠵᠥᠪᠯᠡᠬᠦ᠌ ᠭᠦᠨᠴᠡ ᠵᠢ ᠥᠷᠭᠡᠳᠭᠡᠵᠦ᠍᠂ ᠲᠤᠰᠭᠠᠶ ᠮᠡᠷᠭᠡᠵᠢᠯᠲᠡᠨ ᠤ᠋ ᠵᠥᠪᠯᠡᠬᠦ᠌ ᠬᠤᠷᠠᠯ ᠢ᠋ ᠡᠬᠦᠳᠤᠨ ᠪᠠᠢᠭᠤᠯᠵᠤ᠂ ᠵᠠᠰᠠᠭ ᠤ᠋ᠨ ᠶᠠᠪᠤᠳᠠᠯ ᠳ᠋ᠤ ᠣᠷᠣᠯᠴᠠᠨ ᠲᠦᠷᠦ ᠵᠢᠨ ᠬᠡᠷᠡᠭ ᠢ᠋ ᠵᠥᠪᠯᠡᠬᠦ᠌ ᠴᠢᠳᠠᠪᠤᠷᠢᠲᠠᠨ ᠤ᠋ ᠬᠥᠮᠥᠷᠭᠡ ᠵᠢ ᠪᠠᠢᠭᠤᠯᠵᠤ᠂ ᠡᠲᠡᠭᠡᠳ ᠤ᠋ᠨ ᠢᠯᠭᠠᠯ ᠠᠯᠤᠰᠯᠠᠭ᠍ᠰᠠᠨ ᠬᠥᠷᠢᠶ᠎ᠠ ᠠᠯᠤᠰᠯᠠᠭ᠍ᠰᠠᠨ ᠲᠤᠰᠭᠠᠶ ᠮᠡᠷᠭᠡᠵᠢᠯᠲᠡᠨ ᠭᠡᠱᠢᠭᠦᠳ ᠢ᠋ ᠵᠣᠬᠢᠶᠠᠨ ᠪᠠᠢᠭᠤᠯᠵᠤ ᠬᠠᠮᠲᠤ ᠵᠢᠨ ᠴᠢᠨᠡᠭᠡᠯᠢᠭ᠌ᠵᠢᠯ᠂ ᠰᠠᠭᠤᠷᠢ ᠰᠤᠷᠭᠠᠨ ᠬᠥᠮᠦᠵᠢᠯ᠂ ᠲᠠᠷᠢᠶᠠᠯᠠᠩ ᠬᠥᠳᠡᠭᠡ ᠲᠣᠰᠭᠤᠨ ᠤ᠋ ᠣᠳᠣᠬᠢᠴᠢᠯᠠᠯᠲᠠ ᠵᠡᠷᠭᠡ ᠲᠠᠢ ᠤᠶᠠᠯᠳᠤᠭᠤᠯᠤᠨ ᠪᠠᠭ᠎ᠠ ᠬᠡᠪᠴᠢᠶᠡᠨ ᠤ᠋ ᠣᠯᠠᠨ ᠡᠭᠡᠯᠵᠢ ᠵᠢᠨ ᠵᠥᠪᠯᠡᠯᠭᠡ ᠵᠢ 74 ᠤᠳᠠᠭ᠎ᠠ ᠦᠷᠨᠢᠬᠦᠯᠪᠠ᠃ ᠵᠥᠪᠯᠡᠬᠦ᠌ ᠦᠷ᠎ᠡ ᠪᠦᠲᠦᠮᠵᠢ ᠪᠡᠷ ᠤᠳᠤᠷᠢᠳᠤᠮᠵᠢ ᠪᠣᠯᠭᠠᠵᠤ᠂ ᠭᠡᠱᠢᠭᠦᠳ ᠤ᠋ᠨ ᠪᠡᠶ᠎ᠡ ᠪᠠᠨ ᠳᠠᠭᠠᠭᠠᠵᠤ ᠪᠠᠢᠴᠠᠭᠠᠨ ᠰᠤᠳᠤᠯᠤᠯᠲᠠ ᠬᠢᠬᠦ᠌ ᠵᠢ ᠭᠦᠨᠵᠡᠭᠡᠶ ᠠᠬᠢᠭᠤᠯᠵᠤ᠂ ᠵᠥᠪᠯᠡᠯᠭᠡ ᠬᠢᠵᠦ᠍ ᠲᠦᠷᠦ ᠵᠢᠨ ᠬᠡᠷᠡᠭ ᠢ᠋ ᠵᠥᠪᠯᠡᠬᠦ᠌ ᠶᠠᠰᠤ ᠴᠢᠨᠠᠷ ᠤ᠋ᠨ ᠦᠨᠡᠯᠡᠯᠲᠡ ᠵᠢ ᠰᠦᠪᠡᠭ᠌ᠴᠢᠯᠡᠨ ᠥᠷᠨᠢᠭᠦᠯᠵᠦ᠍᠂ ᠵᠥᠪᠯᠡᠯᠭᠡ ᠬᠢᠭ᠌ᠰᠡᠨ ᠦᠷ᠎ᠡ ᠪᠦᠲᠦᠭᠡᠯ ᠢ᠋ ᠮᠡᠳᠡᠭᠦᠯᠦᠨ ᠬᠦᠷᠭᠡᠵᠦ᠍ ᠬᠠᠷᠢᠭᠤ ᠲᠤᠰᠭᠠᠬᠤ ᠪᠠ ᠬᠤᠪᠢᠷᠠᠭᠤᠯᠤᠨ ᠬᠡᠷᠡᠭ᠌ᠯᠡᠬᠦ᠌ ᠲᠣᠭ᠍ᠲᠠᠴᠠ ᠵᠢ ᠲᠡᠭᠦᠯᠳᠡᠷᠵᠢᠭᠦᠯᠪᠠ᠃ ᠵᠥᠪᠯᠡᠬᠦ᠌ ᠬᠡᠯᠪᠡᠷᠢ ᠵᠢᠨ ᠬᠢᠨᠠᠯᠲᠠ ᠵᠢᠨ ᠪᠠᠢᠷᠢ ᠲᠣᠭ᠍ᠲᠠᠭᠠᠯᠲᠠ ᠵᠢ ᠡᠵᠡᠮᠱᠢᠵᠦ᠍᠂ ᠬᠢᠨᠠᠯᠳᠠ ᠲᠠᠯᠪᠢᠬᠤ ᠴᠢᠨᠠᠷᠳᠡᠢ ᠭᠤᠣᠯᠳᠠᠯᠭ᠎ᠠ ᠲᠠᠢ ᠵᠥᠪᠯᠡᠬᠦ᠌ ᠰᠡᠳᠥᠪ ᠢ᠋ ᠣᠨ ᠤ᠋ ᠵᠥᠪᠯᠡᠬᠦ᠌ ᠲᠥᠯᠥᠪᠯᠡᠭᠡ᠎ᠳᠡᠭᠡᠨ ᠣᠷᠣᠭᠤᠯᠵᠤ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠥᠪ ᠬᠤᠷᠢᠶ᠎ᠠ ᠳ᠋ᠤ ᠮᠡᠳᠡᠭᠦᠯᠦᠨ ᠵᠥᠪᠱᠢᠶᠡᠷᠡᠭᠦᠯᠵᠦ᠍᠂ ᠠᠷᠪᠠᠨ ᠳᠥᠷᠪᠡᠳᠦᠭᠡᠷ ᠲᠠᠪᠤᠨ ᠵᠢᠯ ᠤ᠋ᠨ ᠲᠥᠯᠥᠪᠵᠢᠭᠦᠯᠭᠡ ᠵᠢ ᠬᠡᠷᠡᠭ᠌ᠵᠢᠭᠦᠯᠬᠦ᠌ ᠳ᠋ᠤ ᠠᠩᠬᠠᠷᠤᠯ ᠵᠢᠠᠨ ᠲᠥᠪᠯᠡᠷᠡᠭᠦᠯᠦᠨ ᠲᠤᠰᠭᠠᠶ ᠰᠡᠳᠦᠪᠲᠦ ᠠᠷᠠᠳᠴᠢᠯᠠᠯ ᠵᠢᠡᠷ ᠬᠢᠨᠠᠯᠲᠠ ᠲᠠᠯᠪᠢᠬᠤ ᠵᠢ ᠥᠷᠨᠢᠭᠦᠯᠵᠦ᠍᠂ ᠴᠡᠷᠢᠭ ᠤ᠋ᠨ ᠠᠯᠪᠠ ᠡᠴᠡ ᠪᠠᠭᠤᠭ᠍ᠰᠠᠳ ᠢ᠋ ᠪᠠᠲᠤᠯᠠᠬᠤ ᠲᠥᠷᠥ ᠵᠢᠨ ᠪᠣᠳᠣᠯᠭ᠎ᠠ᠂ ᠬᠠᠷ᠎ᠠ ᠬᠥᠷᠥᠰᠥᠲᠦ ᠭᠠᠵᠠᠷ ᠱᠢᠷᠣᠶ ᠵᠢ ᠬᠠᠮᠠᠭᠠᠯᠠᠬᠤ ᠵᠡᠷᠭᠡ 10 ᠵᠥᠪᠯᠡᠬᠦ᠌ ᠰᠡᠳᠦᠪ ᠲᠠᠢ ᠨᠢᠭ᠍ᠲᠠ ᠤᠶᠠᠯᠳᠤᠭᠤᠯᠤᠨ ᠦᠷᠭᠦᠯᠵᠢᠯᠡᠨ ᠮᠥᠷᠳᠡᠨ ᠬᠢᠨᠠᠯᠲᠠ ᠲᠠᠯᠪᠢᠵᠤ᠂ ᠨᠠᠮ ᠪᠣᠯᠤᠨ ᠤᠯᠤᠰ ᠤ᠋ᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠵᠢ ᠨᠠᠢᠳᠠᠪᠤᠷᠢᠵᠢᠭᠤᠯᠬᠤ ᠵᠢ ᠠᠬᠢᠭᠤᠯᠪᠠ᠃ ᠲᠤᠰᠭᠠᠶ ᠵᠥᠪᠯᠡᠬᠦ᠌ ᠪᠠᠢᠭᠤᠯᠤᠮᠵᠢ ᠵᠢᠨ ᠠᠵᠢᠯ ᠤ᠋ᠨ ᠳᠦᠷᠢᠮ ᠲᠣᠭ᠍ᠲᠠᠴᠠ ᠵᠢ ᠪᠦᠷᠢᠨᠱᠢᠬᠦᠯᠤᠨ ᠲᠡᠭᠦᠯᠳᠡᠷᠵᠢᠭᠦᠯᠵᠦ᠍᠂ ᠪᠦᠬᠦ᠌ ᠤᠯᠤᠰ ᠤ᠋ᠨ ᠤᠯᠤᠰ ᠲᠦᠷᠦ ᠵᠢᠨ ᠵᠥᠪᠯᠡᠯᠭᠡᠨ ᠤ᠋ ᠵᠥᠪᠯᠡᠬᠦ᠌ ᠠᠵᠢᠯ ᠤ᠋ᠨ ᠲᠦᠷᠢᠮ᠂ ᠠᠷᠠᠳ ᠤ᠋ᠨ ᠤᠯᠤᠰ ᠲᠦᠷᠦ ᠵᠢᠨ ᠵᠥᠪᠯᠡᠯᠭᠡᠨ ᠤ᠋ ᠬᠠᠮᠲᠤ ᠵᠢᠨ ᠲᠠᠨᠢᠯᠲᠠ ᠵᠢ ᠨᠢᠭ᠍ᠲᠠᠷᠠᠭᠤᠯᠬᠤ ᠠᠵᠢᠯ ᠢ᠋ ᠴᠢᠩᠭᠠᠳᠭᠠᠨ ᠠᠬᠢᠭᠤᠯᠬᠤ ᠰᠠᠨᠠᠯ᠂ ᠭᠡᠱᠢᠭᠦᠳ ᠤ᠋ᠨ ᠬᠠᠷᠢᠭᠤᠴᠠᠯᠭ᠎ᠠ ᠡᠭᠦᠷᠭᠡᠯᠡᠯ ᠢ᠋ ᠴᠢᠩᠭᠠᠳᠭᠠᠬᠤ ᠰᠠᠨᠠᠯ ᠵᠡᠷᠭᠡ ᠲᠦᠷᠢᠮ ᠤ᠋ᠨ ᠪᠢᠴᠢᠭ ᠮᠠᠲ᠋ᠧᠷᠢᠶᠠᠯ ᠢ᠋ ᠲᠣᠭ᠍ᠲᠠᠭᠠᠬ᠍ᠰᠠᠨ ᠪᠠ ᠵᠠᠰᠠᠨ ᠲᠤᠬ᠍ᠳᠠᠭᠠᠵᠤ᠂ ᠦᠨᠳᠤᠰᠤᠨ ᠬᠠᠤᠯᠢ ᠪᠠ ᠲᠦᠷᠦ ᠵᠢᠨ ᠪᠤᠳᠤᠯᠭ᠎ᠠ ᠵᠢᠨ ᠪᠢᠴᠢᠭ ᠮᠠᠲ᠋ᠧᠷᠢᠶᠠᠯ ᠵᠢᠡᠷ ᠦᠨᠳᠦᠰᠦᠯᠡᠯ ᠪᠣᠯᠭᠠᠭ᠍ᠰᠠᠨ᠂ ᠤᠯᠤᠰ ᠲᠦᠷᠦ ᠵᠢᠨ ᠵᠥᠪᠯᠡᠯᠭᠡᠨ ᠤ᠋ ᠲᠦᠷᠢᠮ ᠵᠢᠡᠷ ᠰᠠᠭᠤᠷᠢ ᠪᠣᠯᠭᠠᠭ᠍ᠰᠠᠨ᠂ ᠵᠥᠪᠯᠡᠬᠦ᠌ ᠲᠦᠷᠢᠮ ᠵᠢᠡᠷ ᠭᠤᠤᠯ ᠪᠣᠯᠭᠠᠭ᠍ᠰᠠᠨ ᠲᠦᠷᠢᠮ ᠤ᠋ᠨ ᠱᠢᠰᠲ᠋ᠧᠮ ᠢ᠋ ᠪᠠᠢᠭᠤᠯᠵᠤ᠂ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠠᠵᠢᠯ ᠤ᠋ᠨ ᠵᠣᠯᠭᠠᠯᠳᠤᠯ ᠨᠠᠩ ᠨᠢᠭ᠍ᠲᠠ᠂ ᠠᠵᠢᠯᠯᠠᠭᠠᠨ ᠨᠠᠩ ᠤᠷᠤᠬ᠍ᠰᠢᠳᠠᠢ᠂ ᠦᠷ᠎ᠡ ᠪᠦᠲᠦᠮᠵᠢ ᠨᠠᠩ ᠢᠯᠡᠷᠬᠡᠶ ᠪᠠᠢᠬᠤ ᠵᠢ ᠠᠬᠢᠭᠤᠯᠪᠠ᠃ ᠵᠥᠪᠯᠡᠬᠦ᠌ ᠰᠣᠶᠣᠯ ᠤ᠋ᠨ ᠪᠠᠢᠭᠤᠯᠤᠯᠲᠠ ᠵᠢ ᠴᠢᠬᠤᠯᠠᠴᠢᠯᠠᠵᠤ᠂ ᠰᠠᠨᠠᠭ᠍ᠰᠠᠨ ᠵᠢᠠᠨ ᠠᠭᠤᠵᠢᠷᠠᠲᠠᠯ᠎ᠠ ᠶᠠᠷᠢᠵᠤ ᠥᠪᠡᠷ ᠥᠪᠡᠷ ᠤ᠋ᠨ ᠦᠵᠡᠯᠲᠡ ᠪᠠᠨ ᠢᠯᠡᠳᠭᠡᠬᠦ᠌ ᠪᠦᠭᠡᠳ ᠪᠠᠰᠠ ᠣᠶᠤᠨᠴᠢ ᠤᠬᠠᠭᠠᠯᠢᠭ ᠬᠡᠮᠵᠢᠶ᠎ᠡ ᠲᠤᠮᠵᠢᠶ᠎ᠠ ᠵᠢ ᠠᠩᠬᠠᠷᠬᠤ᠂ ᠬᠠᠤᠯᠢ ᠶᠣᠰᠣ ᠳᠦᠷᠢᠮ ᠲᠣᠭ᠍ᠲᠠᠭᠠᠯ ᠳ᠋ᠤ ᠨᠡᠢᠴᠡᠭᠦ᠌ ᠰᠠᠢᠨ ᠰᠠᠢᠬᠠᠨ ᠵᠥᠪᠳᠡᠯᠴᠡᠬᠦ᠌ ᠠᠭᠤᠷ ᠠᠮᠢᠰᠭᠤᠯ ᠢ᠋ ᠪᠣᠢ ᠪᠣᠯᠭᠠᠪᠠ᠃ ᠱᠢᠨ᠎ᠡ ᠴᠠᠭ ᠦᠶ᠎ᠡ ᠵᠢᠨ ᠬᠤᠲᠠ ᠱᠢᠶᠠᠨ ᠤ᠋ ᠤᠯᠤᠰ ᠲᠥᠷᠥ ᠵᠢᠨ ᠵᠥᠪᠯᠡᠯᠭᠡᠨ ᠤ᠋ ᠠᠵᠢᠯ ᠢ᠋ ᠴᠢᠩᠭᠠᠳᠭᠠᠨ ᠰᠠᠢᠵᠢᠷᠠᠭᠤᠯᠬᠤ ᠰᠠᠨᠠᠯ ᠢ᠋ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠤᠲᠠ ᠱᠢᠶᠠᠨ ᠤ᠋ ᠤᠯᠤᠰ ᠲᠥᠷᠥ ᠵᠢᠨ ᠵᠥᠪᠯᠡᠯᠭᠡᠨ ᠤ᠋ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠠᠵᠢᠯ ᠤ᠋ᠨ ᠦᠨᠳᠦᠰᠦᠨ ᠱᠠᠲᠤᠨ ᠤ᠋ ᠵᠠᠰᠠᠯᠲᠠ ᠳ᠋ᠤ ᠨᠠᠩ ᠰᠠᠢᠨ ᠦᠢᠯᠡᠴᠢᠯᠡᠬᠦ᠌ ᠵᠢ ᠠᠬᠢᠭᠤᠯᠪᠠ᠃

(ᠲᠦᠷᠪᠡ) ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠠᠵᠢᠯ᠎ᠢ ᠥᠷᠭᠡᠨ᠎ᠢᠶᠠᠷ ᠥᠷᠨᠢᠭᠦᠯᠵᠦ᠍᠂ ᠨᠠᠮ᠎ᠠᠴᠠ ᠠᠷᠠᠳ ᠲᠦᠮᠡᠨ᠎ᠢ ᠤᠳᠤᠷᠢᠳᠤᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌᠎ᠳᠤ ᠤᠯᠤᠰ ᠲᠦᠷᠦ᠍᠎ᠶ᠋ᠢᠨ ᠰᠠᠭᠤᠷᠢ᠂ ᠨᠡᠢᠭᠡᠮ᠎ᠤᠨ ᠰᠠᠭᠤᠷᠢ᠎ᠶ᠋ᠢ ᠵᠤᠵᠠᠭᠠᠳᠭᠠᠨ ᠦᠭ᠌ᠪᠡ᠃ ᠱᠢᠨ᠎ᠡ ᠴᠠᠭ ᠦᠶ᠎ᠡ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠡᠭᠦᠷᠭᠡ᠎ᠶ᠋ᠢᠨ ᠱᠠᠭᠠᠷᠳᠠᠯᠭ᠎ᠠ ᠪᠠ ᠣᠨᠴᠠᠯᠢᠭ ᠵᠢᠮ᠎ᠡ ᠶᠣᠰᠣ᠎ᠶ᠋ᠢ ᠭᠦᠨᠵᠡᠭᠡᠶ ᠡᠵᠡᠮᠱᠢᠵᠦ᠍᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠠᠵᠢᠯ᠎ᠢ ᠬᠥᠴᠤ᠌ ᠭᠠᠷᠭᠠᠨ ᠭᠦᠨᠵᠡᠭᠡᠶ ᠪᠦᠭᠡᠳ ᠪᠣᠳᠠᠲᠠᠶ ᠬᠢᠵᠦ᠍᠂ ᠬᠠᠮᠤᠭ᠎ᠤᠨ ᠶᠡᠭᠡ ᠶᠡᠷᠦᠩᠬᠡᠶ ᠬᠤᠷᠢᠶᠠᠭ᠍ᠴᠢ ᠲᠤᠭ᠎ᠠ᠎ᠶ᠋ᠢ ᠡᠷᠢᠨ ᠣᠯᠵᠤ ᠬᠠᠮᠤᠭ᠎ᠤᠨ ᠶᠡᠭᠡ ᠪᠦᠯᠬᠦᠮᠳᠡᠯ ᠬᠤᠯᠪᠤᠭᠠᠯᠠᠯ᠎ᠢ ᠵᠢᠷᠤᠭ᠍ᠯᠠᠨ ᠭᠠᠷᠭᠠᠪᠠ᠃ ᠴᠢᠬᠤᠯᠠ ᠴᠠᠭ ᠬᠤᠭᠤᠴᠠᠭᠠᠨ᠎ᠤ ᠵᠠᠩᠭᠢᠯᠠᠭ᠎ᠠ᠎ᠶ᠋ᠢᠨ ᠴᠡᠭ᠎ᠲᠠᠢ ᠨᠢᠭ᠍ᠲᠠ ᠤᠶᠠᠯᠳᠤᠭᠤᠯᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠢ ᠴᠢᠩᠭᠠᠳᠭᠠᠵᠤ᠂ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ 70 ᠵᠢᠯ᠎ᠤᠨ ᠤᠢ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢ ᠪᠡᠯᠭᠡᠯᠡᠬᠦ᠌ ᠵᠡᠷᠭᠡ ᠴᠢᠬᠤᠯᠠ ᠶᠡᠭᠡ ᠠᠵᠢᠯᠯᠠᠭ᠎ᠠ᠎ᠲᠠᠢ ᠤᠶᠠᠯᠳᠤᠭᠤᠯᠤᠨ᠂ ᠨᠠᠮ᠎ᠤᠨ ᠭᠡᠱᠢᠭᠦᠨ ᠭᠡᠱᠢᠭᠦᠳ᠎ᠲᠤ ᠬᠠᠨᠳᠤᠭᠤᠯᠤᠭ᠍ᠰᠠᠨ ᠲᠤᠰᠭᠠᠶ ᠰᠡᠳᠦᠪᠲᠦ ᠨᠠᠮ᠎ᠤᠨ ᠬᠢᠴᠢᠶᠡᠯ᠂ ᠰᠠᠨᠠᠭᠠᠴᠢᠯᠠᠭ᠎ᠠ᠎ᠶ᠋ᠢᠨ ᠪᠢᠴᠢᠭ ᠵᠡᠷᠭᠡ᠎ᠪᠠᠷ ᠳᠠᠮᠵᠢᠭᠤᠯᠤᠨ᠂ ᠪᠦᠬᠦ᠌ ᠭᠡᠱᠢᠭᠦᠳ᠎ᠤᠨ ᠪᠦᠯᠬᠦᠮᠳᠡᠨ ᠤᠷᠤᠭ᠍ᠰᠢᠯᠠᠬᠤ᠎ᠶ᠋ᠢ ᠳᠠᠢᠴᠢᠯᠠᠪᠠ᠃ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠠᠵᠢᠯ᠎ᠤᠨ ᠠᠷᠭ᠎ᠠ ᠵᠠᠮ᠎ᠢ ᠥᠷᠭᠡᠳᠭᠡᠵᠦ᠍᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠨᠢ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠵᠢᠴᠢ ᠲᠤᠰᠭᠠᠶ ᠵᠥᠪᠯᠡᠯ᠎ᠤᠨ ᠬᠤᠪᠢᠶᠠᠷᠢ ᠨᠠᠮ᠎ᠤᠨ ᠤᠳᠤᠷᠢᠳᠭᠤ ᠳᠤᠭᠤᠢᠯᠠᠩ᠎ᠤᠨ ᠤᠳᠤᠷᠢᠳᠤᠯᠭ᠎ᠠ ᠨᠠᠮ᠎ᠤᠨ ᠭᠠᠳᠠᠨᠠᠬᠢ ᠭᠡᠱᠢᠭᠦᠳ᠎ᠲᠠᠢ ᠰᠡᠳᠭᠢᠯ᠎ᠤᠨ ᠦᠭᠡ᠎ᠪᠠᠨ ᠶᠠᠷᠢᠯᠴᠠᠬᠤ ᠳᠦᠷᠢᠮ᠎ᠢ ᠪᠠᠢᠭᠤᠯᠵᠤ᠂ ᠭᠡᠱᠢᠭᠦᠳ᠎ᠢ ᠤᠷᠢᠵᠤ 3994 ᠬᠥᠮᠦᠨ ᠤᠳᠠᠭ᠎ᠠ ᠶᠠᠷᠢᠯᠴᠠᠵᠤ᠂ ᠰᠡᠳᠭᠢᠯ ᠰᠠᠨᠠᠭ᠎ᠠ᠎ᠪᠠᠨ ᠤᠢ᠍ᠢᠯᠠᠭᠠᠯᠴᠠᠵᠤ᠂ ᠬᠥᠮᠦᠰ᠎ᠤᠨ ᠰᠡᠳᠭᠢᠯ᠎ᠢ ᠨᠢᠭ᠍ᠲᠠᠷᠠᠭᠤᠯᠪᠠ; 《ᠵᠠᠭᠤᠨ ᠵᠢᠯ᠎ᠤᠨ ᠨᠠᠮ᠎ᠤᠨ ᠲᠡᠤᠭᠡ᠎ᠶ᠋ᠢ ᠰᠤᠷᠤᠯᠴᠠᠨ 〈ᠳᠥᠷᠪᠡᠨ ᠡᠨᠡᠭ᠌ᠰᠢᠯ〉 ᠢ᠋ ᠨᠡᠮᠡᠭ᠌ᠳᠡᠬᠦᠯᠬᠦ᠌》 ᠵᠡᠷᠭᠡ ᠭᠤᠤᠯ ᠰᠡᠳᠦᠪ᠎ᠲᠠᠢ ᠤᠶᠠᠯᠳᠤᠭᠤᠯᠤᠨ 34 ᠡᠲᠡᠭᠡᠳ᠎ᠤᠨ ᠢᠯᠭᠠᠯ᠎ᠢ ᠬᠠᠮᠤᠷᠤᠭ᠍ᠰᠠᠨ ᠲᠤᠰᠭᠠᠶ ᠰᠡᠳᠦᠪᠲᠦ ᠪᠠᠢᠴᠠᠭᠠᠨ ᠦᠵᠡᠬᠦ᠌ ᠠᠵᠢᠯᠯᠠᠭ᠎ᠠ᠎ᠶ᠋ᠢ ᠵᠤᠬᠢᠶᠠᠨ ᠪᠠᠢᠭᠤᠯᠵᠤ᠂ ᠡᠪ ᠬᠠᠮᠲᠤᠴᠤᠳ᠎ᠤᠨ ᠣᠶᠤᠨ ᠰᠠᠨᠠᠭᠠᠨ᠎ᠤ ᠤᠳᠤᠮ ᠤᠯᠠᠮᠵᠢᠯᠠᠯ᠎ᠢ ᠦᠷᠭᠦᠯᠵᠢᠯᠡᠭᠦᠯᠬᠦ᠂ ᠣᠯᠠᠨ ᠨᠠᠮ ᠬᠠᠮᠲᠤᠷᠠᠨ ᠠᠵᠢᠯᠯᠠᠭ᠍ᠰᠠᠨ ᠦᠯᠢᠭᠡᠷ᠎ᠢ ᠰᠠᠢᠬᠠᠨ ᠶᠠᠷᠢᠬᠤ ᠵᠡᠷᠭᠡ ᠭᠡᠱᠢᠭᠦᠳ᠎ᠤᠨ ᠬᠢᠴᠢᠶᠡᠯ᠎ᠤᠨ ᠲᠠᠩᠬᠢᠮ᠎ᠢ 46 ᠬᠤᠭᠤᠴᠠᠭ᠎ᠠ ᠦᠢᠯᠡᠳᠤᠨ ᠨᠡᠪᠲᠡᠷᠡᠭᠦᠯᠵᠦ᠍᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠳᠦᠷᠢᠮ》 ᠢ᠋ ᠰᠤᠷᠤᠯᠴᠠᠨ ᠲᠤᠭᠤᠱᠢᠯᠠᠭᠤᠯᠬᠤ ᠵᠡᠷᠭᠡ ᠴᠢᠬᠤᠯᠠ ᠶᠡᠭᠡ ᠲᠤᠰᠭᠠᠶ ᠠᠵᠢᠯ᠎ᠤᠨ ᠲᠤᠬᠠᠢ ᠭᠡᠱᠢᠭᠦᠳ᠎ᠤᠨ ᠤᠬᠠᠭᠤᠯᠭ᠎ᠠ ᠲᠠᠢᠯᠪᠤᠷᠢᠯᠠᠯᠲᠠ᠎ᠶ᠋ᠢ 68 ᠤᠳᠠᠭ᠎ᠠ ᠵᠤᠬᠢᠶᠠᠨ ᠪᠠᠢᠭᠤᠯᠵᠤ᠂ ᠭᠡᠱᠢᠭᠦᠳ᠎ᠤᠨ ᠥᠪᠡᠷ᠎ᠤᠨ ᠬᠥᠮᠦᠵᠢᠯ ᠬᠢᠬᠦ᠂ ᠵᠥᠪᠯᠡᠯᠭᠡ ᠰᠣᠯᠢᠯᠴᠠᠭ᠎ᠠ ᠬᠢᠬᠦ᠌ ᠪᠠ ᠡᠲᠡᠭᠡᠳ᠎ᠤᠨ ᠢᠯᠭᠠᠯ᠎ᠤᠨ ᠣᠯᠠᠨ ᠲᠦᠮᠡᠨ᠎ᠢ ᠬᠥᠲᠥᠯᠥᠨ ᠲᠠᠭᠠᠭᠤᠯᠵᠤ ᠬᠠᠷᠢᠯᠴᠠᠨ ᠠᠬᠢᠭᠤᠯᠬᠤ᠎ᠶ᠋ᠢ ᠪᠡᠶᠡᠯᠡᠭᠦᠯᠪᠡ᠃ ᠭᠡᠱᠢᠭᠦᠳ᠎ᠤᠨ ᠨᠣᠮ ᠤᠩᠱᠢᠬᠤ ᠠᠵᠢᠯᠯᠠᠭ᠎ᠠ᠎ᠶ᠋ᠢ ᠱᠢᠨ᠎ᠡ᠎ᠶ᠋ᠢ ᠡᠬᠦᠳᠤᠨ ᠥᠷᠨᠢᠭᠦᠯᠵᠦ᠍᠂ ᠭᠡᠱᠢᠭᠦᠳ᠎ᠤᠨ ᠨᠤᠮ ᠤᠩᠱᠢᠬᠤ ᠤᠶᠤᠨᠲᠤ ᠲᠠᠪᠴᠠᠩ᠂ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠪᠢᠴᠢᠭ᠎ᠤᠨ ᠬᠦᠷᠢᠶᠡᠯᠡᠩ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠤᠷᠤᠯᠴᠠᠬᠤ ᠠᠴᠢᠶᠠᠯᠠᠪᠤᠷᠢ᠎ᠶ᠋ᠢ ᠪᠠᠢᠭᠤᠯᠤᠨ ᠪᠦᠳᠤᠭᠡᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠤᠭᠡ᠂ ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠂ ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶ᠋ᠢ ᠡᠷᠢᠬᠦ᠌ ᠵᠡᠷᠭᠡ 147 ᠭᠤᠤᠯ ᠰᠡᠳᠦᠪᠲᠦ ᠨᠣᠮ ᠤᠩᠱᠢᠬᠤ ᠬᠤᠯᠪᠤᠭ᠎ᠠ᠎ᠶ᠋ᠢ ᠤᠷᠢᠳ ᠬᠤᠵᠢᠳ ᠨᠡᠭᠡᠭᠡᠵᠤ᠂ ᠭᠡᠱᠢᠭᠦᠳ᠎ᠤᠨ ᠣᠷᠣᠯᠴᠠᠭ᠍ᠰᠠᠨ ᠨᠤᠷᠮ᠎ᠠ 98% ᠳ᠋ᠤ ᠬᠦᠷᠴᠦ᠍᠂ ᠨᠣᠮ ᠤᠩᠱᠢᠵᠤ ᠰᠠᠨᠠᠯ ᠪᠤᠳᠤᠯ᠎ᠢᠶᠠᠨ ᠰᠣᠯᠢᠯᠴᠠᠬᠤ ᠪᠠ ᠵᠥᠪᠯᠡᠯᠭᠡ ᠬᠢᠵᠦ᠍ ᠲᠦᠷᠤ᠎ᠶ᠋ᠢᠨ ᠬᠡᠷᠡᠭ᠎ᠢ ᠵᠥᠪᠯᠡᠬᠦ᠌᠎ᠶ᠋ᠢ ᠤᠶᠠᠯᠳᠤᠭᠤᠯᠤᠭ᠍ᠰᠠᠨ᠂ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠶ᠋ᠢ ᠨᠢᠭᠡᠳᠭᠡᠭ᠌ᠰᠡᠨ ᠶᠡᠷᠦᠩᠬᠡᠢᠯᠡᠭ᠌ᠰᠡᠨ ᠦᠢᠯᠡᠳᠦᠯ ᠭᠠᠷᠭᠠᠪᠠ᠃ ᠭᠡᠱᠢᠭᠦᠳ᠎ᠢ ᠵᠣᠷᠢᠬ᠍ᠵᠢᠭᠤᠯᠤᠨ ᠡᠲᠡᠭᠡᠳ᠎ᠤᠨ ᠢᠯᠭᠠᠯ᠎ᠤᠨ ᠣᠯᠠᠨ ᠲᠦᠮᠡᠨ᠎ᠤ ᠲᠤᠮᠳᠠ ᠬᠥᠨᠵᠡᠭᠡᠢᠷᠡᠬᠦᠯᠵᠤ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠵᠤ᠂ ᠡᠷᠡᠭᠡᠯᠵᠡᠭᠡ᠎ᠶ᠋ᠢ ᠠᠯᠳᠠᠷᠠᠭᠠᠨ ᠲᠥᠭᠡᠷᠢᠭ᠌ᠳᠡᠯ᠎ᠢ ᠲᠠᠢᠯᠵᠤ᠂ ᠰᠡᠳᠭᠢᠯ᠎ᠢ ᠨᠢᠭ᠍ᠲᠠᠷᠠᠭᠤᠯᠤᠨ ᠬᠦᠴᠦ᠍᠎ᠶ᠋ᠢ ᠲᠦᠪᠯᠡᠷᠡᠬᠦᠯᠵᠤ᠂ ᠨᠠᠮ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠤᠬᠠᠭᠤᠯᠤᠭ᠍ᠴᠢ᠂ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠤ ᠳᠣᠲᠣᠨᠣ ᠬᠥᠮᠦᠨ ᠪᠣᠯᠭᠠᠪᠠ᠃

(ᠲᠠᠪᠤ) ᠬᠠᠮᠤᠭ᠎ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠪᠤᠯᠤᠭ᠍ᠰᠠᠨ᠎ᠤ ᠬᠤᠪᠢ᠎ᠳᠠᠬᠢ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠲᠦᠯᠦᠭᠡ ᠬᠠᠮᠲᠤ᠎ᠪᠠᠷ ᠴᠢᠷᠮᠠᠢᠨ ᠵᠢᠳᠬᠦᠬᠦ᠌ ᠬᠦᠴᠦᠷᠬᠡᠭ ᠶᠡᠭᠡ ᠬᠦᠴᠦᠨ ᠴᠢᠳᠠᠯ᠎ᠢ ᠨᠢᠭ᠍ᠲᠠᠷᠠᠭᠤᠯᠪᠠ᠃ ᠱᠢᠨ᠎ᠡ ᠴᠠᠭ ᠦᠶ᠎ᠡ᠎ᠶ᠋ᠢᠨ ᠨᠢᠭᠡᠳᠦᠮᠡᠯ ᠹᠷᠣᠨᠲ᠎ᠤᠨ ᠪᠠᠢᠳᠠᠯ ᠡᠭᠦᠷᠭᠡ᠎ᠳᠤ ᠵᠣᠬᠢᠴᠠᠭᠤᠯᠤᠨ᠂ ᠶᠡᠭᠡ ᠪᠦᠯᠬᠦᠮᠳᠡᠯ ᠶᠡᠭᠡ ᠬᠤᠯᠪᠣᠭᠠᠯᠠᠯ᠎ᠢ ᠪᠠᠷᠢᠮᠲᠠᠯᠠᠵᠤ᠂ ᠲᠥᠪ᠎ᠤᠨ ᠨᠢᠭᠡᠳᠦᠮᠡᠯ ᠹᠷᠣᠨᠲ᠎ᠤᠨ ᠠᠵᠢᠯ᠎ᠤᠨ ᠬᠤᠷᠠᠯ ᠤ᠋ᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠤᠨ᠂ ᠲᠦᠷᠦ᠍᠎ᠶ᠋ᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠤ ᠬᠠᠷᠢᠴᠠᠭ᠎ᠠ᠂ ᠱᠠᠱᠢᠨ ᠰᠤᠷᠲᠠᠬᠤᠨ᠎ᠤ ᠬᠠᠷᠢᠴᠠᠭ᠎ᠠ᠂ ᠳᠠᠪᠬᠤᠷᠭ᠎ᠠ᠎ᠶ᠋ᠢᠨ ᠬᠠᠷᠢᠴᠠᠭ᠎ᠠ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠠᠬ᠎ᠠ ᠳᠡᠭᠦᠤ ᠨᠠᠷ᠎ᠤᠨ ᠬᠠᠷᠢᠴᠠᠭ᠎ᠠ᠎ᠶ᠋ᠢᠨ ᠡᠶ᠎ᠡ ᠵᠣᠬᠢᠴᠠᠯ᠎ᠲᠠᠢ ᠪᠠᠢᠬᠤ᠎ᠶ᠋ᠢ ᠠᠬᠢᠭᠤᠯᠪᠠ᠃ ᠴᠠᠭᠠᠭ᠍ᠴᠢᠨ ᠭᠠᠭ᠍ᠠᠶ ᠵᠢᠯ᠎ᠤᠨ ᠬᠤᠪᠢᠰᠭᠠᠯ᠎ᠤᠨ 110 ᠵᠢᠯ᠎ᠤᠨ ᠤᠢ᠎ᠶ᠋ᠢ ᠳᠤᠷᠠᠰᠭᠠᠬᠤ ᠶᠡᠭᠡ ᠬᠤᠷᠠᠯ᠎ᠢ ᠡᠷᠬᠢᠯᠡᠵᠤ᠂ ᠡᠬᠡ ᠤᠯᠤᠰ᠎ᠤᠨ ᠪᠦᠷᠢᠨ ᠨᠢᠭᠡᠳᠦᠯ᠎ᠢ ᠠᠬᠢᠭᠤᠯᠬᠤ᠂ ᠳᠤᠮᠳᠠᠳᠤ ᠤᠯᠤᠰ᠎ᠤᠨ ᠵᠡᠭᠦᠳᠦ᠍᠎ᠶ᠋ᠢ ᠰᠡᠳᠭᠢᠯ ᠨᠢᠭᠡᠳᠦᠨ ᠬᠠᠮᠲᠤ᠎ᠪᠠᠷ ᠪᠡᠶᠡᠯᠡᠭᠦᠯᠬᠦ᠌ ᠢᠲᠡᠭᠡᠯ ᠵᠤᠷᠢᠭ ᠬᠦᠴᠦᠨ ᠴᠢᠳᠠᠯ᠎ᠢ ᠥᠷᠭᠡᠨ᠎ᠢᠶᠠᠷ ᠨᠢᠭ᠍ᠲᠠᠷᠠᠭᠤᠯᠪᠠ᠃ ᠡᠯ᠎ᠡ ᠨᠠᠮ ᠪᠦᠯᠦᠭ᠎ᠤᠨ ᠤᠯᠤᠰ ᠲᠦᠷᠦ᠍᠎ᠶ᠋ᠢᠨ ᠵᠦᠪᠯᠡᠯᠭᠡᠨ᠎ᠤ ᠠᠵᠢᠯ᠎ᠤᠨ ᠬᠠᠮᠲᠤ᠎ᠶ᠋ᠢᠨ ᠴᠢᠨᠠᠷᠲᠠᠢ ᠬᠡᠷᠡᠭ ᠶᠠᠪᠤᠳᠠᠯ᠎ᠳᠤ ᠤᠷᠤᠯᠴᠠᠬ᠍ᠰᠠᠨ ᠪᠠᠢᠳᠠᠯ᠎ᠤᠨ ᠰᠤᠯᠢᠯᠴᠠᠭᠠᠨ᠎ᠤ ᠲᠤᠭ᠍ᠲᠠᠴᠠ᠎ᠶ᠋ᠢ ᠪᠠᠢᠭᠤᠯᠵᠤ᠂ ᠡᠯ᠎ᠡ ᠠᠷᠠᠳᠴᠢᠯᠠᠭ᠍ᠰᠠᠨ ᠨᠠᠮ ᠪᠦᠯᠦᠭ ᠲᠤᠰ ᠨᠠᠮ ᠪᠦᠯᠦᠭ᠎ᠤᠨ᠎ᠢᠶᠠᠨ ᠨᠡᠷ᠎ᠡ᠎ᠪᠠᠷ 1675 ᠬᠤᠪᠢ ᠰᠠᠨᠠᠯ ᠲᠤᠷᠠᠳᠤᠯᠭ᠎ᠠ᠂ 502 ᠬᠤᠪᠢ  ᠶᠡᠭᠡ ᠬᠤᠷᠠᠯ ᠲᠡᠭᠡᠷᠡᠬᠢ ᠶᠠᠷᠢᠶ᠎ᠠ ᠲᠡᠪᠱᠢᠬᠦᠯᠵᠤ᠂ ᠲᠤᠰᠭᠠᠶ ᠵᠥᠪᠯᠡᠯ᠎ᠲᠠᠢ ᠬᠠᠮᠳᠤᠷᠠᠨ ᠡᠯ᠎ᠡ ᠲᠥᠷᠥᠯ᠎ᠤᠨ ᠵᠥᠪᠯᠡᠬᠦ᠌ ᠠᠵᠢᠯᠯᠠᠭ᠎ᠠ᠎ᠶ᠋ᠢ 40 ᠤᠳᠠᠭ᠎ᠠ ᠡᠷᠬᠢᠯᠡᠵᠤ᠂ ᠨᠠᠮ ᠪᠦᠯᠦᠭ᠎ᠤᠨ ᠪᠤᠰᠤ ᠡᠲᠡᠭᠡᠳ᠎ᠤᠨ᠎ᠬᠢᠨ᠎ᠤ ᠭᠡᠱᠢᠭᠦᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠳᠡᠮᠵᠢᠪᠡ᠃ ᠨᠠᠮ᠎ᠤᠨ ᠭᠠᠳᠠᠨᠠᠬᠢ ᠰᠡᠬᠡᠭᠡᠲᠡᠨ᠂ ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠶ᠎ᠶ᠋ᠢᠨ ᠬᠥᠮᠦᠰ᠂ ᠨᠡᠢᠭᠡᠮ᠎ᠤᠨ ᠱᠢᠨ᠎ᠡ ᠳᠠᠪᠬᠤᠷᠭ᠎ᠠ᠎ᠶ᠋ᠢᠨ ᠬᠥᠮᠦᠰ ᠵᠡᠷᠭᠡ᠎ᠶ᠋ᠢ ᠤᠷᠢᠵᠤ ᠤᠯᠤᠰ ᠲᠦᠷᠦ᠍᠎ᠶ᠋ᠢᠨ ᠵᠥᠪᠯᠡᠯᠭᠡᠨ᠎ᠤ ᠬᠤᠯᠪᠣᠭ᠍ᠳᠠᠯ ᠪᠦᠬᠦᠢ ᠠᠵᠢᠯᠯᠠᠭ᠎ᠠ᠎ᠳᠤ ᠣᠷᠣᠯᠴᠠᠭᠤᠯᠪᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠤᠢ ᠪᠣᠯᠭᠠᠬᠤ᠂ ᠮᠠᠨ᠎ᠤ ᠤᠯᠤᠰ᠎ᠤᠨ ᠱᠠᠱᠢᠨ ᠰᠤᠷᠳᠠᠬᠤᠨ᠎ᠤ ᠲᠤᠮᠳᠠᠳᠤ ᠤᠯᠤᠰᠴᠢᠯᠠᠬᠤ ᠴᠢᠭ᠌ᠯᠡᠯ᠎ᠢ ᠪᠠᠷᠢᠮᠲᠠᠯᠠᠬᠤ ᠵᠡᠷᠭᠡ᠎ᠲᠠᠢ ᠤᠶᠠᠯᠳᠤᠭᠤᠯᠤᠨ ᠭᠦᠨᠵᠡᠭᠡᠶ ᠪᠠᠢᠴᠠᠭᠠᠨ ᠦᠵᠡᠵᠦ᠍ ᠪᠠᠢᠴᠠᠭᠠᠨ ᠰᠤᠳᠤᠯᠤᠯᠲᠠ ᠬᠢᠵᠦ᠍᠂ ᠴᠥᠭᠡᠨ ᠲᠣᠭᠠᠲᠤ ᠦᠨᠳᠦᠰᠦᠲᠡᠨ᠎ᠤ ᠡᠲᠡᠭᠡᠳ ᠪᠣᠯᠤᠨ ᠱᠠᠱᠢᠨ ᠰᠤᠷᠲᠠᠬᠤᠨ᠎ᠤ ᠡᠲᠡᠭᠡᠳ᠎ᠤᠨ ᠭᠡᠱᠢᠭᠦᠳ᠎ᠤᠨ ᠲᠤᠰᠭᠠᠶ ᠰᠡᠳᠦᠪᠳᠤ ᠰᠤᠷᠤᠯᠴᠠᠯᠭ᠎ᠠ ᠪᠠᠢᠴᠠᠭᠠᠯᠳᠠ᠂ ᠡᠲᠡᠭᠡᠳ᠎ᠤᠨ ᠢᠯᠭᠠᠯ᠎ᠤᠨ ᠭᠤᠤᠯ ᠰᠡᠳᠦᠪᠲᠦ ᠵᠦᠪᠳᠡᠯᠴᠡᠨ ᠶᠠᠷᠢᠯᠴᠠᠬᠤ ᠠᠵᠢᠯᠯᠠᠭ᠎ᠠ ᠦᠷᠨᠢᠬᠦᠯᠪᠠ᠃ ᠤᠯᠤᠰ᠎ᠢᠶᠠᠨ ᠬᠠᠢᠷᠠᠯᠠᠬᠤ ᠱᠢᠶᠠᠩᠭᠠᠩ᠎ᠢᠶᠠᠨ ᠬᠠᠢᠷᠠᠯᠠᠬᠤ ᠣᠣᠮᠧᠨ᠎ᠢᠶᠠᠨ ᠬᠠᠢᠷᠠᠯᠠᠬᠤ ᠬᠦᠴᠦᠨ᠎ᠤ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠂ ᠭᠤᠸᠠᠩᠳᠦ᠋ᠩ ᠱᠢᠶᠠᠩᠭᠠᠩ ᠣᠣᠮᠧᠨ᠎ᠤ ᠲᠣᠮᠣ ᠪᠤᠯᠤᠩ᠎ᠤᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ ᠵᠡᠷᠭᠡ᠎ᠲᠠᠢ ᠤᠶᠠᠯᠳᠤᠭᠤᠯᠤᠨ ᠪᠣᠳᠠᠳᠠᠢ᠎ᠶ᠋ᠢ ᠡᠷᠬᠢᠮᠯᠡᠭ᠌ᠰᠡᠨ ᠰᠠᠨᠠᠭᠤᠯᠭ᠎ᠠ ᠳᠤᠷᠠᠳᠴᠤ᠌᠂ ᠱᠢᠶᠠᠩᠭᠠᠩ ᠣᠷᠣᠨ᠎ᠤ ᠭᠡᠱᠢᠭᠦᠳ᠎ᠤᠨ ᠱᠢᠶᠠᠩᠭᠠᠩ᠎ᠤᠨ ᠤᠯᠤᠰ᠎ᠤᠨ ᠠᠮᠤᠷ ᠲᠦᠪᠱᠢᠨ᠎ᠢ ᠬᠠᠮᠠᠭᠠᠯᠠᠬᠤ ᠬᠠᠤᠯᠢ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠶ᠋ᠢ ᠠᠬᠢᠭᠤᠯᠬᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠠᠴᠠ ᠱᠢᠶᠠᠩᠭᠠᠩ᠎ᠤᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠰᠣᠩᠭᠤᠭᠤᠯᠢ᠎ᠶ᠋ᠢᠨ ᠲᠦᠷᠢᠮ᠎ᠢ ᠲᠡᠭᠦᠯᠳᠡᠷᠵᠢᠭᠦᠯᠬᠦ᠌᠎ᠶ᠋ᠢ ᠳᠡᠮᠵᠢᠬᠦ᠌ ᠵᠡᠷᠭᠡ ᠲᠠᠯ᠎ᠠ᠎ᠪᠠᠷ ᠦᠷᠭᠦᠯᠵᠢᠯᠡᠨ ᠰᠠᠨᠠᠯ᠎ᠢᠶᠠᠨ ᠢᠯᠡᠷᠭᠡᠢᠯᠡᠵᠤ᠂ ᠰᠠᠨᠠᠭᠠᠴᠢᠯᠠᠭ᠎ᠠ᠎ᠠᠴᠠ᠎ᠪᠠᠨ ᠠᠵᠢᠯ ᠬᠢᠬᠦ᠌᠎ᠶ᠋ᠢ ᠵᠣᠷᠢᠬ᠍ᠵᠢᠭᠤᠯᠪᠠ᠃ ᠲᠠᠢᠸᠠᠨ᠎ᠢ ᠡᠭᠡᠬᠦᠯᠤᠨ ᠠᠪᠤᠭ᠍ᠰᠠᠨ 75 ᠵᠢᠯ᠎ᠤᠨ ᠣᠶ᠎ᠶ᠋ᠢ ᠳᠤᠷᠠᠰᠭᠠᠬᠤ ᠭᠤᠤᠯ ᠰᠡᠳᠦᠪᠲᠦ ᠦᠵᠡᠭᠦᠯᠭᠡ ᠪᠠ ᠲᠠᠢᠸᠠᠨ ᠬᠤᠭᠤᠯᠠᠶ᠎ᠶ᠋ᠢᠨ ᠶᠠᠷᠢᠯᠴᠠᠭᠠᠨ᠎ᠤ ᠲᠠᠪᠴᠠᠩ·ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠶᠠᠷᠢᠯᠴᠠᠭᠠᠨ᠎ᠤ ᠲᠠᠪᠴᠠᠩ ᠵᠡᠷᠭᠡ᠎ᠶ᠋ᠢ ᠡᠷᠬᠢᠯᠡᠬᠦ᠌᠎ᠳᠤ ᠣᠷᠣᠯᠴᠠᠵᠦ᠍᠂ ᠲᠠᠢᠸᠠᠨ ᠠᠷᠠᠯ᠎ᠤᠨ ᠬᠤᠯᠪᠣᠭ᠍ᠳᠠᠯ ᠪᠦᠬᠦᠢ ᠨᠠᠮ ᠪᠦᠯᠦᠭ ᠪᠦᠯᠬᠦᠮ᠂ ᠬᠥᠮᠦᠰ᠎ᠯᠦᠭᠡ᠎ᠶ᠋ᠢᠨ ᠬᠠᠷᠢᠯᠴᠠᠭ᠎ᠠ᠎ᠪᠠᠨ ᠴᠢᠩᠭᠠᠳᠭᠠᠪᠠ᠃ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠠᠷ᠎ᠤᠨ ᠲᠥᠯᠥᠭᠡᠯᠡᠭ᠌ᠴᠢᠳ᠎ᠢ ᠤᠷᠢᠵᠤ ᠤᠯᠤᠰ ᠲᠦᠷᠦ᠍᠎ᠶ᠋ᠢᠨ ᠵᠥᠪᠯᠡᠯᠭᠡᠨ᠎ᠤ ᠪᠥᠬᠦᠳᠡ ᠬᠤᠷᠠᠯ᠎ᠳᠤ ᠰᠤᠯᠠ ᠣᠷᠣᠯᠴᠠᠭᠤᠯᠵᠤ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠠᠬ᠎ᠠ ᠳᠡᠭᠦᠤ ᠨᠠᠷ᠎ᠤᠨ 《ᠨᠢᠭᠡ ᠪᠦᠰᠡ ᠨᠢᠭᠡ ᠵᠠᠮ》 ᠤ᠋ᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠵᠡᠷᠭᠡ᠎ᠲᠠᠢ ᠤᠶᠠᠯᠳᠤᠭᠤᠯᠤᠨ ᠵᠥᠪᠯᠡᠯᠭᠡ ᠥᠷᠨᠢᠭᠦᠯᠪᠡ᠃

ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠶᠡᠷᠦᠩᠬᠡᠶ ᠪᠠᠢᠷᠢᠯᠠᠭᠤᠯᠤᠯᠲᠠ ᠶᠣᠰᠣᠭᠠᠷ᠂ ᠡᠯ᠎ᠡ ᠤᠯᠤᠰ᠎ᠤᠨ ᠠᠷᠠᠳ ᠲᠦᠮᠡᠨ᠂ ᠤᠯᠤᠰ ᠲᠥᠷᠥ᠎ᠶ᠋ᠢᠨ ᠵᠣᠬᠢᠶᠠᠨ ᠪᠠᠢᠭᠤᠯᠤᠯᠲᠠ᠂ ᠵᠠᠭᠤᠴᠢᠯᠠᠭᠤᠷ᠎ᠤᠨ ᠣᠶᠤᠨ᠎ᠤ ᠬᠥᠮᠥᠷᠭᠡ ᠵᠡᠷᠭᠡ᠎ᠯᠦᠭᠡ᠎ᠶ᠋ᠢᠨ ᠨᠥᠬᠦᠷᠰᠡᠭ ᠶᠠᠪᠤᠯᠴᠠᠭ᠎ᠠ᠎ᠪᠠᠨ ᠴᠢᠩᠭᠠᠳᠭᠠᠵᠤ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠥᠷᠭᠡᠨ᠎ᠢᠶᠠᠷ ᠤᠬᠠᠭᠤᠯᠤᠨ ᠲᠠᠨᠢᠯᠴᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠭ᠌ᠰᠡᠨ ᠠᠮᠵᠢᠯᠲᠠ ᠪᠦᠲᠦᠮᠵᠢ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠲᠦᠷᠢᠮ ᠵᠡᠷᠭᠡ᠎ᠶ᠋ᠢ ᠤᠬᠠᠭᠤᠯᠵᠤ᠂ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠵᠠᠮ᠂ ᠬᠥᠭ᠌ᠵᠢᠯᠲᠡ᠎ᠶ᠋ᠢᠨ ᠵᠠᠭ᠍ᠪᠤᠷ᠂ ᠲᠦᠷᠦ᠍᠎ᠶ᠋ᠢ ᠵᠠᠰᠠᠬᠤ ᠣᠢᠯᠠᠭᠠᠭ᠍ᠳᠠᠬᠤᠨ᠎ᠤ ᠲᠤᠬᠠᠶ ᠳᠡᠯᠡᠬᠡᠶ ᠨᠡᠢᠲᠡ᠎ᠶ᠋ᠢᠨ ᠣᠢᠯᠠᠭᠠᠯᠲᠠ ᠪᠠ ᠮᠡᠳᠡᠷᠡᠯᠳᠡ᠎ᠶ᠋ᠢ ᠨᠡᠮᠡᠭ᠌ᠳᠡᠬᠦᠯᠪᠠ᠃ ᠭᠠᠳᠠᠭᠠᠳᠤ᠎ᠲᠠᠢ ᠶᠠᠪᠤᠯᠴᠠᠬᠤ ᠲᠠᠪᠴᠠᠩ᠂ ᠠᠷᠭ᠎ᠠ ᠵᠠᠮ ᠪᠣᠯᠤᠨ ᠬᠦᠷᠢᠶ᠎ᠡ ᠬᠡᠪᠴᠢᠶ᠎ᠡ᠎ᠶ᠋ᠢᠨ ᠱᠢᠨ᠎ᠠ᠎ᠶ᠋ᠢ ᠡᠬᠦᠳᠤᠨ ᠥᠷᠭᠡᠳᠭᠡᠵᠦ᠍᠂ ᠳᠤᠮᠳᠠᠳᠤ ᠠᠹᠷᠢᠺᠠ᠎ᠶ᠋ᠢᠨ ᠨᠥᠬᠦᠷᠰᠡᠭ ᠳᠤᠭᠤᠢᠯᠠᠩ ᠪᠠᠢᠭᠤᠯᠵᠤ᠂ ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶ᠋ᠢᠨ ᠡᠯᠴᠢᠨ ᠰᠠᠢᠳ᠂ ᠲᠤᠮᠳᠠᠳᠤ ᠤᠯᠤᠰ᠎ᠲᠤ ᠰᠤᠷᠤᠯᠴᠠᠵᠤ ᠪᠠᠢᠭ᠎ᠠ ᠰᠤᠷᠤᠭ᠍ᠴᠢᠳ ᠵᠡᠷᠭᠡ᠎ᠶ᠋ᠢ 《ᠤᠯᠤᠰ ᠲᠥᠷᠥ᠎ᠶ᠋ᠢᠨ ᠵᠥᠪᠯᠡᠯᠭᠡᠨ᠎ᠳᠤ ᠠᠢᠯᠴᠢᠯᠠᠭᠤᠯᠬᠤ》 ᠱᠢᠷᠢᠰ ᠠᠵᠢᠯᠯᠠᠭ᠎ᠠ᠎ᠶ᠋ᠢ ᠡᠭᠦᠰᠭᠡᠨ ᠡᠷᠬᠢᠯᠡᠵᠦ᠍᠂ ᠨᠡᠢᠭᠡᠮ ᠵᠢᠷᠤᠮᠲᠤ ᠤᠯᠤᠰ᠎ᠤᠨ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ᠎ᠶ᠋ᠢᠨ ᠲᠤᠰᠭᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠡᠷᠭᠡ᠎ᠶ᠋ᠢ ᠡᠷᠬᠢᠯᠡᠨ᠂ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠤᠨ ᠬᠡᠷᠡᠭ ᠡᠷᠬᠢᠯᠡᠭ᠌ᠴᠢᠳ᠎ᠤᠨ ᠬᠤᠷᠠᠯ᠂ ᠳᠤᠮᠳᠠᠳᠤ ᠤᠯᠤᠰ᠎ᠤᠨ ᠱᠠᠱᠢᠨ ᠰᠤᠷᠲᠠᠬᠤᠨ᠎ᠤ ᠡᠲᠡᠭᠡᠳ᠎ᠤᠨ ᠨᠠᠢᠷᠠᠮᠳᠠᠯ᠎ᠤᠨ ᠵᠥᠪᠯᠡᠯ᠎ᠤᠨ ᠤᠯᠠᠨ ᠤᠯᠤᠰ᠎ᠤᠨ ᠰᠣᠯᠢᠯᠴᠠᠭ᠎ᠠ᠎ᠪᠠᠨ ᠴᠢᠩᠭᠠᠳᠭᠠᠬᠤ᠎ᠶ᠋ᠢ ᠲᠡᠮᠵᠢᠪᠠ᠃ ᠲᠡᠮᠡᠴᠡᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠠᠮᠧᠷᠢᠺᠠ ᠧᠦ᠋ᠷᠣᠫᠠ᠎ᠶ᠋ᠢᠨ ᠲᠠᠢᠸᠠᠨ᠎ᠳᠤ ᠬᠤᠯᠪᠣᠭ᠍ᠳᠠᠭ᠍ᠰᠠᠨ ᠱᠢᠶᠠᠩᠭᠠᠩ᠎ᠳᠤ ᠬᠤᠯᠪᠣᠭ᠍ᠳᠠᠭ᠍ᠰᠠᠨ ᠱᠢᠨᠵᠢᠶᠠᠩ᠎ᠳᠤ ᠬᠤᠯᠪᠣᠭ᠍ᠳᠠᠭ᠍ᠰᠠᠨ ᠬᠠᠤᠯᠢ᠎ᠶ᠋ᠢᠨ ᠲᠥᠰᠦᠯ᠎ᠢ ᠪᠢᠱᠢᠯᠭᠠᠨ ᠵᠤᠬᠢᠶᠠᠬ᠍ᠰᠠᠨ ᠪᠠ ᠫᠧᠷᠤᠰᠢ᠎ᠶ᠋ᠢᠨ ᠲᠠᠢᠸᠠᠨ᠎ᠳᠤ ᠲᠦᠢᠪᠡᠭᠡᠵᠤ ᠬᠥᠷᠦᠭ᠌ᠰᠡᠨ ᠵᠡᠷᠭᠡ᠎ᠳᠤ ᠴᠢᠭ᠌ᠯᠡᠭᠦᠯᠦᠨ ᠲᠥᠪ ᠴᠢᠩᠭ᠎ᠠ ᠢᠯᠡᠷᠬᠡᠢᠯᠡᠯᠲᠡ ᠨᠡᠢᠲᠡᠯᠡᠵᠦ᠍᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠪᠠ᠃

(ᠵᠢᠷᠭᠤᠭ᠎ᠠ) ᠠᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠢᠷᠢ ᠭᠡᠮᠵᠢᠶ᠎ᠠ ᠪᠠ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠠ᠃ ᠤᠯᠠᠮᠵᠢᠯᠠᠯ᠎ᠢ ᠪᠠᠳᠠᠷᠠᠭᠤᠯᠬᠤ ᠪᠠ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠬᠦ᠌᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠪᠠᠢᠩᠭᠤ᠎ᠶ᠋ᠢᠨ ᠴᠢᠨᠠᠷᠲᠠᠶ ᠠᠵᠢᠯ᠎ᠤᠨ ᠴᠢᠩᠭᠠᠳᠭᠠᠯᠳᠠ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠪᠦᠬᠦᠯᠢ ᠴᠣᠭ᠍ᠴᠠ᠎ᠶ᠋ᠢᠨ ᠬᠢᠷᠢ ᠬᠡᠮᠵᠢᠶ᠎ᠡ᠎ᠶ᠋ᠢᠨ ᠳᠡᠭᠡᠭ᠌ᠰᠢᠯᠡᠯᠳᠠ᠎ᠶ᠋ᠢ ᠳᠠᠢᠴᠢᠯᠠᠪᠠ᠃ ᠰᠦᠯᠵᠢᠶᠡᠨ᠎ᠤ ᠮᠡᠳᠡᠭᠡ ᠵᠠᠩᠭᠢ᠎ᠶ᠋ᠢᠨ ᠮᠡᠷᠭᠡᠵᠢᠯ᠎ᠢ ᠠᠱᠢᠭ᠍ᠯᠠᠨ ᠤᠯᠤᠰ ᠲᠥᠷᠥ᠎ᠶ᠋ᠢᠨ ᠵᠥᠪᠯᠡᠯᠭᠡᠨ᠎ᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠡᠨᠧᠷᠬᠢ ᠤᠯᠭᠤᠬᠤ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠦᠯᠵᠢᠶ᠎ᠡ᠎ᠪᠠᠷ ᠲᠦᠷᠤ᠎ᠶ᠋ᠢᠨ ᠬᠡᠷᠡᠭ᠎ᠢ ᠵᠥᠪᠯᠡᠬᠦ᠂ ᠠᠯᠤᠰ᠎ᠠᠴᠠ ᠵᠥᠪᠯᠡᠬᠦ᠂ ᠸᠢᠳᠢᠤ᠋᠎ᠪᠠᠷ ᠪᠠᠢᠴᠠᠭᠠᠨ ᠰᠤᠳᠤᠯᠬᠤ᠎ᠶ᠋ᠢ ᠦᠷᠨᠢᠬᠦᠯᠤᠨ᠂ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠠᠪᠴᠠᠩ᠎ᠢ ᠡᠭᠦᠳᠦᠨ ᠪᠠᠢᠭᠤᠯᠵᠤ᠂ ᠭᠤᠣᠯ ᠰᠡᠳᠦᠪ᠎ᠢᠶᠠᠷ ᠲᠦᠷᠤ᠎ᠶ᠋ᠢᠨ ᠬᠡᠷᠡᠭ᠎ᠢ ᠵᠥᠪᠯᠡᠬᠦ᠌ ᠬᠤᠯᠪᠤᠭ᠎ᠠ᠎ᠶ᠋ᠢ ᠤᠷᠢᠳ ᠬᠤᠵᠢᠳ 144 ᠪᠠᠢᠭᠤᠯᠵᠤ᠂ ᠤᠷᠢᠳ ᠬᠤᠵᠢᠳ 9.1 ᠲᠦᠮᠡ ᠭᠠᠷᠤᠶ ᠬᠥᠮᠦᠨ ᠤᠳᠠᠭ᠎ᠠ ᠶᠠᠷᠢᠶ᠎ᠠ ᠲᠠᠯᠪᠢᠵᠤ᠂ ᠰᠦᠯᠵᠢᠶᠡᠨ ᠳᠡᠭᠡᠷ᠎ᠡ ᠰᠠᠨᠠᠯ ᠳᠤᠷᠠᠳᠤᠯᠭ᠎ᠠ ᠳᠡᠪᠱᠢᠭᠦᠯᠦᠭ᠌ᠰᠡᠨ ᠨᠤᠷᠮ᠎ᠠ 92.2% ᠳ᠋ᠤ ᠬᠦᠷᠴᠦ᠍᠂ ᠭᠡᠱᠢᠭᠦᠳ᠎ᠤᠨ ᠣᠷᠣᠯᠴᠠᠬᠤ᠎ᠶ᠋ᠢ ᠥᠷᠭᠡᠳᠭᠡᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠰᠠᠨᠠᠯ ᠳᠤᠷᠠᠳᠤᠯᠭ᠎ᠠ᠎ᠶ᠋ᠢᠨ ᠶᠠᠰᠤ ᠴᠢᠨᠠᠷ ᠪᠣᠯᠤᠨ ᠰᠠᠨᠠᠯ ᠳᠤᠷᠠᠳᠤᠯᠭ᠎ᠠ᠎ᠶ᠋ᠢ ᠱᠢᠢᠳᠪᠤᠷᠢᠯᠡᠬᠦ᠌ ᠶᠠᠰᠤ ᠴᠢᠨᠠᠷ᠎ᠢ ᠬᠦᠴᠦᠯᠡᠨ ᠳᠡᠭᠡᠭ᠌ᠰᠢᠯᠡᠭᠦᠯᠵᠦ᠍᠂ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠬᠦ᠌ ᠵᠥᠪᠯᠡᠯᠭᠡ᠂ ᠭᠤᠤᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶ᠋ᠢ ᠱᠢᠪᠠᠳᠠᠭᠤᠯᠤᠨ ᠱᠢᠢᠳᠪᠦᠷᠢᠯᠡᠬᠦᠯᠬᠦ᠌ ᠳᠦᠷᠢᠮ᠎ᠢ ᠲᠡᠭᠦᠯᠳᠡᠷᠵᠢᠭᠦᠯᠤᠨ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ 70 ᠵᠢᠯ᠎ᠤᠨ ᠲᠤᠷᠱᠢᠬᠢ ᠨᠥᠯᠥᠭᠡ ᠪᠦᠬᠦᠢ 100 ᠴᠢᠬᠤᠯᠠ ᠰᠠᠨᠠᠯ ᠳᠤᠷᠠᠳᠤᠯᠭ᠎ᠠ᠎ᠶ᠋ᠢ ᠱᠢᠯᠭᠠᠷᠠᠭᠤᠯᠤᠨ ᠰᠠᠢᠱᠢᠶᠠᠵᠤ᠂ ᠲᠠᠪᠤᠨ ᠵᠢᠯ᠎ᠤᠨ ᠲᠤᠷᠰᠢ ᠰᠠᠨᠠᠯ ᠲᠤᠷᠠᠳᠤᠯᠭ᠎ᠠ᠎ᠶ᠋ᠢ ᠨᠡᠢᠲᠡ 29323 ᠬᠤᠪᠢ ᠬᠦᠯᠢᠶᠡᠨ ᠠᠪᠴᠤ᠌᠂ 23818 ᠬᠤᠪᠢ᠎ᠶ᠋ᠢ᠎ᠨᠢ ᠬᠡᠷᠡᠭ ᠪᠣᠯᠭᠠᠨ ᠳᠠᠩᠰᠠᠯᠠᠵᠤ᠂ ᠱᠢᠢᠳᠪᠦᠷᠢᠯᠡᠵᠦ᠍ ᠬᠠᠷᠢᠭᠤᠯᠲᠠ ᠦᠭ᠌ᠭᠦᠭ᠌ᠰᠡᠨ ᠨᠤᠷᠮ᠎ᠠ 99.8% ᠳ᠋ᠤ ᠬᠦᠷᠴᠡᠶ᠃ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠲᠤᠰᠭᠠᠬᠤ᠂ ᠨᠠᠮ ᠵᠠᠰᠠᠭ᠎ᠤᠨ ᠪᠣᠳᠣᠯᠭ᠎ᠠ ᠲᠣᠭ᠍ᠲᠠᠭᠠᠬᠤ᠎ᠳᠤ ᠦᠢᠯᠡᠴᠢᠯᠡᠬᠦ᠂ ᠡᠲᠡᠭᠡᠳ᠎ᠤᠨ ᠢᠯᠭᠠᠯ᠎ᠤᠨ ᠣᠯᠠᠨ ᠲᠦᠮᠡᠨ᠎ᠲᠠᠢ ᠬᠠᠷᠢᠯᠴᠠᠬᠤ ᠠᠷᠭ᠎ᠠ ᠵᠠᠮ᠎ᠢ ᠱᠢᠯᠤᠭᠤᠳᠭᠠᠵᠤ᠂ ᠡᠯ᠎ᠡ ᠵᠦᠢᠯ᠎ᠤᠨ ᠮᠡᠳᠡᠭᠡ ᠵᠠᠩᠭᠢ᠎ᠶ᠋ᠢ 9000 ᠭᠠᠷᠤᠢ ᠬᠤᠭᠤᠴᠠᠭ᠎ᠠ ᠨᠠᠢᠷᠠᠭᠤᠯᠤᠨ ᠮᠡᠳᠡᠭᠦᠯᠪᠡ᠃ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠰᠣᠶᠣᠯ ᠲᠡᠦᠬᠡ᠎ᠶ᠋ᠢᠨ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠱᠢᠨ᠎ᠡ ᠴᠠᠭ ᠦᠶ᠎ᠡ᠎ᠶ᠋ᠢᠨ ᠰᠣᠶᠣᠯ ᠲᠡᠤᠭᠡ᠎ᠶ᠋ᠢᠨ ᠮᠠᠲ᠋ᠧᠷᠢᠶᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠰᠠᠨᠠᠯ᠎ᠢ ᠲᠣᠭ᠍ᠲᠠᠭᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠰᠣᠶᠣᠯ ᠲᠡᠤᠭᠡ᠎ᠶ᠋ᠢᠨ 《ᠪᠡᠶ᠎ᠠ᠎ᠪᠠᠷ᠎ᠢᠶᠠᠨ ᠥᠡᠭ᠌ᠭᠡᠷᠡᠬᠦᠯᠦᠭ᠌ᠰᠡᠨ᠂ ᠪᠡᠶ᠎ᠠ᠎ᠪᠠᠷ᠎ᠢᠶᠠᠨ ᠥᠵᠡᠭ᠌ᠰᠡᠨ᠂ ᠪᠡᠶ᠎ᠠ᠎ᠪᠠᠷ᠎ᠢᠶᠠᠨ ᠰᠣᠨᠣᠰᠣᠭ᠍ᠰᠠᠨ》 ᠵᠤᠬᠢᠶᠠᠯ᠎ᠤᠨ ᠬᠥᠮᠥᠷᠭᠡ ᠵᠡᠷᠭᠡ᠎ᠶ᠋ᠢ ᠨᠠᠢᠷᠠᠭᠤᠯᠤᠨ ᠬᠡᠪᠯᠡᠭᠦᠯᠪᠡ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠤᠨᠤᠯ᠎ᠤᠨ ᠰᠤᠳᠤᠯᠭᠠᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠰᠠᠨᠠᠯ᠎ᠢ ᠲᠣᠭ᠍ᠲᠠᠭᠠᠨ ᠬᠡᠷᠡᠭ᠌ᠵᠢᠭᠦᠯᠵᠦ᠍᠂ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠤᠨᠤᠯ᠎ᠤᠨ ᠰᠤᠳᠤᠯᠭᠠᠨ᠎ᠤ ᠨᠡᠢᠭᠡᠮᠯᠢᠭ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠤᠨ ᠴᠢᠬᠤᠯᠠ ᠶᠡᠭᠡ ᠤᠨᠤᠯ ᠦᠢᠯᠡᠳᠦᠯᠭᠡ᠎ᠶ᠋ᠢᠨ ᠠᠰᠠᠭᠤᠳᠠᠯ᠎ᠲᠠᠢ ᠤᠶᠠᠯᠳᠤᠭᠤᠯᠤᠨ ᠰᠤᠳᠤᠯᠭᠠᠨ᠎ᠢᠶᠠᠨ ᠭᠦᠨᠵᠡᠭᠡᠢᠷᠡᠬᠦᠯᠬᠦ᠌᠎ᠶ᠋ᠢ ᠳᠡᠮᠵᠢᠪᠡ᠃ ᠣᠷᠣᠨ ᠨᠤᠲᠤᠭ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠤᠨ ᠲᠤᠷᠱᠢᠯᠭ᠎ᠠ ᠰᠣᠯᠢᠯᠴᠠᠬᠤ ᠬᠤᠷᠠᠯ᠎ᠢ ᠬᠤᠷᠠᠯᠳᠤᠭᠤᠯᠵᠤ᠂ ᠣᠷᠣᠨ ᠨᠤᠲᠤᠭ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠳᠠᠬᠢ ᠵᠢᠯᠤᠭᠤᠳᠤᠯᠭ᠎ᠠ᠎ᠪᠠᠨ ᠴᠢᠩᠭᠠᠳᠭᠠᠪᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠤᠬᠠᠭᠤᠯᠭ᠎ᠠ ᠦᠵᠡᠯ ᠰᠠᠨᠠᠭᠠᠨ᠎ᠤ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠬᠤᠯᠪᠣᠭ᠍ᠳᠠᠯ ᠪᠦᠬᠦᠢ ᠦᠵᠡᠯ ᠤᠬᠠᠮᠰᠠᠷ᠎ᠤᠨ ᠬᠡᠯᠪᠡᠷᠢ᠎ᠶ᠋ᠢᠨ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ ᠪᠠ ᠬᠠᠮᠢᠶᠠᠷᠤᠯᠲᠠ᠎ᠶ᠋ᠢ ᠴᠢᠩᠭᠠᠳᠭᠠᠪᠠ᠃

(ᠳᠣᠯᠤᠭ᠎ᠠ) ᠲᠣᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠠᠵᠢᠯ᠎ᠤᠨ ᠰᠠᠭᠤᠷᠢ᠎ᠪᠠᠨ ᠲᠠᠰᠤᠷᠠᠯᠲᠠ ᠥᠬᠡᠶ ᠪᠠᠬᠢᠵᠢᠭᠦᠯᠪᠡ᠃ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠱᠠᠭᠠᠷᠳᠠᠯᠭ᠎ᠠ᠎ᠳᠤ ᠵᠣᠬᠢᠴᠠᠭᠤᠯᠤᠨ᠂ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠨ᠎ᠤ ᠪᠡᠶᠡᠴᠢ ᠴᠣᠭ᠍ᠴᠠ᠎ᠶ᠋ᠢᠨ ᠦᠢᠯᠡᠳᠦᠯ᠂ ᠲᠤᠰᠭᠠᠶ ᠵᠦᠪᠯᠡᠯ᠎ᠤᠨ ᠰᠠᠭᠤᠷᠢ ᠦᠢᠯᠡᠳᠦᠯ᠂ ᠪᠠᠢᠭᠤᠯᠭ᠎ᠠ᠎ᠶ᠋ᠢᠨ ᠦᠢᠯᠡᠴᠢᠯᠡᠬᠦ᠌ ᠪᠠᠲᠤᠯᠠᠬᠤ ᠦᠢᠯᠡᠳᠦᠯ᠎ᠢ ᠬᠦᠴᠦᠯᠡᠨ ᠴᠢᠩᠭᠠᠷᠠᠭᠤᠯᠬᠤ᠎ᠶ᠋ᠢᠨ ᠬᠠᠮᠲᠤ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠳᠤ ᠣᠷᠭᠠᠨᠢᠭ᠎ᠢᠶᠠᠷ ᠨᠢᠭᠡᠳᠭᠡᠪᠡ᠃ ᠤᠯᠤᠰ ᠲᠥᠷᠥ᠎ᠶ᠋ᠢᠨ ᠴᠢᠳᠠᠪᠤᠷᠢ᠎ᠪᠠᠨ ᠨᠡᠮᠡᠭ᠌ᠳᠡᠭᠦᠯᠬᠦ᠂ ᠬᠠᠷᠢᠭᠤᠴᠠᠯᠭ᠎ᠠ ᠡᠭᠦᠷᠭᠡᠯᠡᠯ᠎ᠢᠶᠠᠨ ᠴᠢᠩᠭᠠᠳᠭᠠᠬᠤ᠂ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠬᠢᠷᠢ ᠬᠡᠮᠵᠢᠶ᠎ᠡ᠎ᠪᠠᠨ ᠳᠡᠭᠡᠭ᠌ᠰᠢᠯᠡᠭᠦᠯᠬᠦ᠌ ᠲᠠᠯ᠎ᠠ᠎ᠠᠴᠠ ᠪᠣᠳᠣᠯᠬᠢᠯᠠᠵᠤ᠂ ᠭᠡᠱᠢᠭᠦᠳ᠎ᠤᠨ ᠰᠤᠷᠤᠯᠴᠠᠬᠤ ᠪᠠ ᠰᠤᠳᠤᠯᠤᠨ ᠶᠠᠷᠢᠯᠴᠠᠬᠤ ᠠᠩᠬᠢ᠎ᠶ᠋ᠢ ᠳᠡᠰ ᠳᠠᠪᠬᠤᠷᠭ᠎ᠠ ᠲᠦᠷᠦᠯ ᠵᠦᠢᠯ ᠬᠤᠪᠢᠶᠠᠨ ᠡᠷᠬᠢᠯᠡᠵᠦ᠍᠂ ᠭᠡᠱᠢᠭᠦᠳ᠎ᠢ ᠵᠣᠬᠢᠶᠠᠨ ᠪᠠᠢᠭᠤᠯᠤᠨ ᠡᠯ᠎ᠡ ᠵᠦᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠬᠤᠷᠠᠯ᠂ ᠬᠠᠪᠰᠤᠷᠤᠨ ᠵᠢᠯᠣᠭᠤᠳᠭᠤ ᠲᠠᠢᠯᠤᠮᠵᠢ᠎ᠳᠤ ᠣᠷᠣᠯᠴᠠᠭᠤᠯᠵᠤ᠂ ᠱᠢᠨ᠎ᠡ ᠴᠠᠭ ᠦᠶ᠎ᠡ᠎ᠶ᠋ᠢᠨ ᠭᠡᠱᠢᠭᠦᠳ᠎ᠤᠨ ᠡᠩᠨᠡᠭᠡ᠎ᠶ᠋ᠢᠨ ᠪᠠᠢᠭᠤᠯᠤᠯᠲᠠ᠎ᠶ᠋ᠢᠨ ᠱᠠᠭᠠᠷᠳᠠᠯᠭ᠎ᠠ᠎ᠳᠤ ᠵᠣᠬᠢᠴᠠᠭ᠍ᠰᠠᠨ ᠵᠢᠭᠠᠬᠤ ᠮᠠᠲ᠋ᠧᠷᠢᠶᠠᠯ᠎ᠢ ᠨᠠᠢᠷᠠᠭᠤᠯᠤᠨ ᠪᠢᠴᠢᠪᠡ; ᠲᠡᠷᠢᠭᠦᠯᠡᠭ᠌ᠴᠢᠳ᠎ᠤᠨ ᠬᠤᠷᠠᠯ ᠤ᠋ᠨ ᠪᠦᠷᠢᠯᠳᠦᠬᠦᠨ ᠣᠷᠣᠨ ᠨᠤᠲᠤᠭ᠎ᠲᠤ ᠬᠦᠷᠴᠦ᠍ ᠲᠤᠭᠤᠷᠢᠠ ᠤᠢ᠍ᠵᠡᠵᠦ᠍ ᠱᠢᠡᠵᠢᠯᠡᠠ ᠪᠠᠢᠴᠡᠭᠠᠯᠳᠠ ᠬᠢᠬᠦ᠌᠎ᠳᠡᠭᠡᠨ ᠲᠤᠬᠠᠶ᠎ᠶ᠋ᠢᠨ ᠭᠠᠵᠠᠷ᠎ᠲᠤ ᠰᠠᠭᠤᠭ᠎ᠠ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ᠎ᠢ ᠰᠤᠷᠪᠤᠯᠵᠢᠯᠠᠨ ᠪᠣᠯᠭᠤᠭᠠᠬᠤ ᠲᠣᠭ᠍ᠲᠠᠴᠠ᠎ᠶ᠋ᠢ ᠪᠠᠢᠭᠤᠯᠵᠤ᠂ ᠭᠡᠱᠢᠭᠦᠳ᠎ᠢ ᠪᠦᠯᠦᠭ ᠤᠳᠠᠭ᠎ᠠ ᠬᠤᠪᠢᠶᠠᠨ ᠤᠷᠢᠵᠤ ᠪᠠᠢᠩᠭᠤ᠎ᠶ᠋ᠢᠨ ᠬᠤᠷᠢᠶ᠎ᠠ ᠵᠢᠨ  ᠬᠤᠷᠠᠯ᠎ᠳᠤ 716 ᠬᠥᠮᠦᠨ ᠤᠳᠠᠭ᠎ᠠ ᠰᠤᠯᠠ ᠣᠷᠣᠯᠴᠠᠭᠤᠯᠪᠠ; ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠦᠨᠡᠯᠡᠬᠦ᠌ ᠱᠢᠰᠲ᠋ᠧᠮ᠎ᠢ ᠰᠦᠪᠡᠭ᠌ᠴᠢᠯᠡᠨ ᠪᠠᠢᠭᠤᠯᠵᠤ᠂ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠳᠠᠩᠰᠠ ᠡᠪᠬᠡᠮᠡᠯ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠢ ᠪᠦᠷᠢᠳᠭᠡᠬᠦ᠂ ᠪᠠᠢᠩᠭᠤ᠎ᠶ᠋ᠢᠨ ᠭᠡᠱᠢᠭᠦᠨ ᠲᠣᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠮᠡᠳᠡᠭᠦᠯᠦᠯᠲᠡ ᠲᠤᠱᠢᠶᠠᠬᠤ ᠵᠡᠷᠭᠡ ᠳᠦᠷᠢᠮ᠎ᠢ ᠲᠡᠭᠦᠯᠳᠡᠷᠵᠢᠭᠦᠯᠵᠦ᠍᠂ ᠪᠦᠬᠦ᠌ ᠤᠯᠤᠰ᠎ᠤᠨ ᠤᠯᠤᠰ ᠲᠥᠷᠦ᠍᠎ᠶ᠋ᠢᠨ ᠵᠥᠪᠯᠡᠯᠭᠡᠨ᠎ᠤ ᠭᠡᠱᠢᠭᠦᠨ᠎ᠤ ᠲᠤᠱᠢᠶᠠᠯ ᠬᠠᠷᠢᠭᠤᠴᠠᠯᠭ᠎ᠠ᠎ᠪᠠᠨ ᠰᠠᠢᠨ ᠭᠦᠢᠴᠡᠳᠭᠡᠭ᠌ᠰᠡᠨ ᠱᠠᠩᠨᠠᠯ ᠭᠠᠷᠭᠠᠵᠤ᠂ ᠤᠷᠢᠳ ᠬᠤᠵᠢᠳ 3 ᠤᠳᠠᠭ᠎ᠠ 60 ᠭᠡᠱᠢᠭᠦᠨ᠎ᠳᠤ ᠱᠠᠩᠨᠠᠯ ᠤᠯᠭᠤᠨ ᠬᠦᠬᠢᠬᠦᠯᠵᠦ᠍᠂ 28 ᠭᠡᠱᠢᠬᠦᠨ᠎ᠳᠤ ᠨᠡᠷ᠎ᠡ ᠳᠤᠷᠠᠳᠤᠭ᠍ᠳᠠᠭ᠍ᠰᠠᠳ᠎ᠤᠨ ᠱᠠᠩᠨᠠᠯ ᠤᠯᠭᠤᠨ ᠬᠦᠬᠢᠬᠦᠯᠵᠦ᠍᠂ ᠭᠡᠱᠢᠭᠦᠳ᠎ᠤᠨ ᠡᠩᠨᠡᠭᠡ ᠴᠣ ᠱᠢᠨ᠎ᠡ ᠳᠦᠷᠰᠦ ᠪᠠᠢᠳᠠᠯ᠎ᠲᠠᠢ ᠪᠣᠯᠪᠠ᠃ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠲᠤᠰᠭᠠᠢ ᠵᠦᠪᠯᠡᠯ᠎ᠤᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠲᠤᠰᠭᠠᠶ ᠵᠦᠪᠯᠡᠯ᠎ᠤᠨ ᠶᠡᠷᠦᠩᠬᠡᠶ ᠳᠦᠷᠢᠮ ᠵᠡᠷᠭᠡ ᠳᠦᠷᠢᠮ᠎ᠤᠨ ᠪᠢᠴᠢᠭ ᠮᠠᠲ᠋ᠧᠷᠢᠶᠠᠯ᠎ᠢ ᠲᠣᠭ᠍ᠲᠠᠭᠠᠭ᠍ᠰᠠᠨ ᠪᠠ ᠵᠠᠰᠠᠨ ᠲᠤᠭ᠍ᠳᠠᠭᠠᠵᠤ᠂ ᠵᠦᠪᠯᠡᠯᠭᠡ ᠬᠢᠵᠦ᠍ ᠲᠦᠷᠦ᠍᠎ᠶ᠋ᠢᠨ ᠬᠡᠷᠡᠭ᠎ᠢ ᠵᠥᠪᠯᠡᠬᠦ᠌ ᠶᠠᠰᠤ ᠴᠢᠨᠠᠷ᠎ᠢ ᠦᠨᠡᠯᠡᠬᠦ᠌ ᠱᠢᠰᠲ᠋ᠧᠮ ᠪᠣᠯᠤᠨ ᠠᠵᠢᠯ᠎ᠤᠨ ᠠᠷᠭ᠎ᠠ᠎ᠶ᠋ᠢ ᠨᠠᠢᠳᠠᠪᠤᠷᠢᠵᠢᠭᠤᠯᠵᠤ᠂ ᠲᠤᠰᠭᠠᠶ ᠵᠦᠪᠯᠡᠯ᠎ᠤᠨ ᠨᠡᠩ ᠰᠠᠢᠨ᠎ᠢᠶᠠᠷ ᠤᠯᠤᠰ ᠲᠦᠷᠦ᠍᠎ᠶ᠋ᠢᠨ ᠵᠥᠪᠯᠡᠯᠭᠡᠨ᠎ᠤ ᠡᠭᠦᠷᠭᠡ ᠴᠢᠳᠠᠪᠤᠷᠢ᠎ᠪᠠᠨ ᠭᠦᠢᠴᠡᠳᠭᠡᠬᠦ᠌ ᠴᠢᠬᠤᠯᠠ ᠠᠴᠢᠶᠠᠯᠠᠪᠤᠷᠢ ᠪᠣᠯᠬᠤ᠂ ᠭᠡᠱᠢᠭᠦᠳ᠎ᠲᠠᠢ ᠬᠠᠷᠢᠯᠴᠠᠵᠤ ᠲᠡᠳᠡᠨ᠎ᠳᠤ ᠦᠢᠯᠡᠴᠢᠯᠡᠬᠦ᠌ ᠬᠥᠭᠦᠷᠭᠡ ᠬᠤᠯᠪᠣᠭᠠᠰᠤ ᠪᠣᠯᠬᠤ᠎ᠶ᠋ᠢ ᠠᠬᠢᠭᠤᠯᠪᠠ᠃ ᠵᠢᠱ᠌ᠢᠶᠡᠴᠢ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠵᠤ᠂ ᠦᠢᠯᠡᠴᠢᠯᠡᠭᠡ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠬᠢᠵᠢᠭ᠎ᠢ ᠰᠡᠷᠭᠡᠢᠯᠡᠨ ᠬᠢᠵᠠᠭᠠᠷᠯᠠᠬᠤ ᠪᠠ ᠬᠤᠷᠠᠯ᠎ᠤᠨ ᠰᠤᠷᠲᠠᠯ ᠵᠣᠬᠢᠶᠠᠯ᠎ᠤᠨ ᠰᠤᠷᠲᠠᠯ᠎ᠢ ᠰᠠᠢᠵᠢᠷᠠᠭᠤᠯᠬᠤ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠨ᠂ ᠵᠣᠬᠢᠶᠠᠨ ᠪᠠᠢᠭᠤᠯᠤᠯᠲᠠ᠎ᠶ᠋ᠢᠨ ᠠᠷᠭ᠎ᠠ ᠮᠠᠶᠢᠭ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠤᠯᠤᠰ ᠲᠥᠷᠥ᠎ᠶ᠋ᠢᠨ ᠵᠥᠪᠯᠡᠯᠭᠡᠨ᠎ᠤ ᠪᠥᠬᠦᠳᠡ ᠬᠤᠷᠠᠯ᠂ ᠪᠠᠢᠩᠭᠤ᠎ᠶ᠋ᠢᠨ ᠬᠤᠷᠢᠶᠠᠨ᠎ᠤ ᠬᠤᠷᠠᠯ ᠵᠡᠷᠭᠡ᠎ᠶ᠋ᠢ ᠨᠠᠩ ᠠᠪᠰᠠᠷᠬᠠᠨ ᠪᠥᠭᠡᠳ ᠥᠨᠳᠥᠷ ᠪᠦᠲᠦᠮᠵᠢᠲᠡᠶ ᠪᠣᠯᠭᠠᠵᠤ᠂ ᠲᠣᠮᠢᠯᠠᠨ ᠰᠠᠭᠤᠯᠭᠠᠭ᠍ᠰᠠᠨ ᠤᠯᠤᠰ ᠲᠦᠷᠦ᠍᠎ᠶ᠋ᠢᠨ ᠵᠥᠪᠯᠡᠯᠭᠡᠨ᠎ᠤ ᠪᠠᠢᠭᠤᠯᠭ᠎ᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠲᠡᠮᠵᠢᠭ᠌ᠰᠡᠨ᠎ᠢᠶᠠᠷ᠂ ᠪᠠᠢᠭᠤᠯᠭ᠎ᠠ᠎ᠶ᠋ᠢᠨ ᠺᠠᠳ᠋ᠷᠴᠤᠳ᠎ᠨᠢ ᠰᠠᠢᠨ ᠰᠤᠷᠲᠠᠯ᠎ᠢᠶᠠᠨ ᠢᠯᠡᠷᠡᠬᠦᠯᠵᠦ᠍᠂ ᠱᠢᠨ᠎ᠡ ᠳᠦᠷᠰᠦ ᠪᠠᠢᠳᠠᠯ᠎ᠲᠠᠢ ᠪᠤᠯᠪᠠ᠃

ᠭᠡᠱᠢᠭᠦᠳ ᠡ᠂ ᠲᠠᠪᠤᠨ ᠵᠢᠯ᠎ᠤᠨ ᠲᠤᠷᠱᠢᠬᠢ ᠠᠵᠢᠯ᠎ᠤᠨ ᠠᠮᠵᠢᠯᠲᠠ ᠪᠦᠲᠦᠮᠵᠢ ᠪᠤᠯ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠡᠯ᠎ᠡ ᠲᠠᠯ᠎ᠠ᠎ᠶ᠋ᠢᠨ᠎ᠬᠢᠨ᠎ᠤ ᠬᠦᠴᠦᠲᠡᠶ ᠳᠡᠮᠵᠢᠯᠭᠡ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠡᠯ᠎ᠡ ᠣᠷᠣᠯᠴᠠᠭ᠍ᠴᠢ ᠨᠢᠭᠡᠴᠢ᠂ ᠡᠯ᠎ᠡ ᠱᠠᠲᠤᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠤ ᠵᠣᠬᠢᠶᠠᠨ ᠪᠠᠢᠭᠤᠯᠤᠯᠲᠠ᠎ᠶ᠋ᠢᠨ ᠬᠠᠮᠲᠤ᠎ᠪᠠᠷ ᠲᠡᠮᠡᠴᠡᠭ᠌ᠰᠡᠨ᠎ᠤ ᠦᠷ᠎ᠡ ᠳ᠋ᠦᠩ ᠮᠥᠨ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠢᠴᠡᠳᠭᠡᠵᠦ᠍᠂ ᠴᠢᠷᠮᠠᠢᠨ ᠵᠢᠳᠬᠦᠭ᠌ᠰᠡᠨ᠎ᠤ ᠦᠷ᠎ᠡ ᠳ᠋ᠦᠩ ᠮᠥᠨ᠃ ᠪᠢ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ !

ᠡᠭᠦᠨ᠎ᠤ ᠬᠠᠮᠲᠤ ᠠᠵᠢᠯ᠎ᠤᠨ ᠳᠤᠮᠳᠠ ᠪᠠᠰᠠ ᠵᠠᠷᠢᠮ ᠴᠢᠩᠭᠠᠳᠭᠠᠬᠤ ᠪᠠ ᠬᠠᠯᠠᠨ ᠰᠠᠢᠵᠢᠷᠠᠭᠤᠯᠬᠤ ᠴᠢᠬᠤᠯᠠᠲᠠᠶ ᠭᠠᠵᠠᠷ ᠪᠠᠢᠨ᠎ᠠ ᠭᠡᠳᠡᠭ᠎ᠢ ᠰᠡᠷᠭᠡᠭ᠎ᠢᠶᠠᠷ ᠣᠯᠵᠤ ᠬᠠᠷᠠᠬᠤ ᠬᠡᠷᠡᠭ᠌ᠲᠡᠶ᠄ ᠡᠭᠦᠷᠭᠡ ᠴᠢᠳᠠᠪᠤᠷᠢ᠎ᠪᠠᠨ ᠭᠦᠢᠴᠡᠳᠭᠡᠬᠦ᠌᠎ᠶ᠋ᠢᠨ ᠲᠦᠷᠢᠮᠵᠢᠭᠦᠯᠦᠯᠳᠡ᠂ ᠵᠢᠷᠤᠮᠵᠢᠭᠤᠯᠤᠯᠳᠠ᠂ ᠲᠡᠰ ᠳᠠᠷᠠᠭᠠᠵᠢᠭᠤᠯᠤᠯᠳᠠ᠎ᠶ᠋ᠢᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌ ᠴᠢᠬᠤᠯᠠᠲᠠᠶ᠂ ᠭᠦᠨᠵᠡᠭᠡᠶ ᠵᠥᠪᠳᠡᠯᠴᠡᠨ ᠦᠢᠯᠡᠳᠦᠯᠴᠡᠬᠦ᠂ ᠰᠠᠨᠠᠯ᠎ᠢᠶᠠᠨ ᠭᠦᠢᠴᠡᠳ ᠢᠯᠡᠳᠭᠡᠬᠦ᠌᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠴᠢᠬᠤᠯᠠᠲᠠᠶ᠂ ᠤᠯᠤᠰ ᠲᠥᠷᠥ᠎ᠶ᠋ᠢᠨ ᠵᠥᠪᠯᠡᠯᠭᠡᠨ᠎ᠤ ᠵᠥᠪᠳᠡᠯᠴᠡᠬᠦ᠌ ᠦᠷ᠎ᠡ ᠪᠦᠲᠦᠮᠵᠢ ᠪᠠ ᠬᠢᠷᠢ ᠬᠡᠮᠵᠢᠶ᠎ᠡ᠎ᠶ᠋ᠢ ᠪᠠᠰᠠ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠳᠠᠷᠠᠭᠤᠯᠬᠤ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠲᠠᠢ ᠬᠠᠷᠢᠯᠴᠠᠬᠤ ᠲᠦᠷᠢᠮ ᠲᠣᠭ᠍ᠲᠠᠴᠠ ᠵᠡᠷᠭᠡ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠴᠢᠬᠤᠯᠠᠲᠠᠶ ᠭᠡᠬᠦ᠌ ᠮᠡᠲᠦ᠍᠃ ᠬᠤᠢᠱᠢᠳᠠ᠎ᠶ᠋ᠢᠨ ᠠᠵᠢᠯ᠎ᠤᠨ ᠳᠤᠮᠳᠠ᠎ᠪᠠᠨ ᠨᠠᠷᠢᠨ ᠬᠢᠨᠠᠮᠠᠭᠠᠶ ᠰᠤᠳᠤᠯᠤᠨ ᠰᠠᠢᠵᠢᠷᠠᠭᠤᠯᠬᠤ᠎ᠶ᠋ᠢ ᠰᠠᠨᠠᠭᠤᠯᠤᠶ᠎ᠠ᠃

ᠬᠤᠶᠠᠷ᠂ ᠲᠠᠪᠤᠨ ᠵᠢᠯ᠎ᠤᠨ ᠠᠵᠢᠯ᠎ᠤᠨ ᠲᠤᠬᠠᠶ ᠭᠤᠤᠯ ᠲᠦᠷᠦᠭ᠌ᠳᠡᠯ

ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠦᠢᠯᠡᠳᠦᠯᠭᠡ᠎ᠶ᠋ᠢᠨ ᠳᠤᠮᠳᠠ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠤᠨ ᠲᠤᠬᠠᠶ ᠵᠢᠮ᠎ᠡ ᠶᠣᠰᠣᠴᠢ ᠴᠢᠨᠠᠷᠲᠠᠶ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠪᠡ᠃

(ᠨᠢᠭᠡ) ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠬᠤ ᠬᠡᠷᠡᠭ᠌ᠲᠡᠶ᠃ ᠡᠨᠡ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠡᠷᠬᠡᠪᠰᠢ ᠢᠮᠠᠭ᠍ᠲᠠ ᠬᠢᠴᠢᠶᠡᠩᠭᠦ᠋ᠢᠯᠡᠨ ᠰᠠᠬᠢᠬᠤ ᠦᠨᠳᠦᠰᠦᠨ ᠤᠯᠤᠰ ᠲᠦᠷᠦ᠍᠎ᠶ᠋ᠢᠨ ᠵᠠᠷᠴᠢᠮ ᠮᠥᠨ᠂ ᠪᠠᠰᠠ ᠴᠤ᠌ ᠠᠷᠠᠳ᠎ᠤᠨ ᠣᠯᠣᠰ ᠲᠥᠷᠥ᠎ᠶ᠋ᠢᠨ ᠵᠥᠪᠯᠡᠯᠭᠡᠨ᠎ᠳᠤ ᠣᠷᠣᠯᠴᠠᠭ᠍ᠰᠠᠨ ᠡᠯ᠎ᠠ ᠨᠠᠮ ᠪᠥᠯᠥᠭ ᠪᠥᠯᠬᠦᠮ ᠪᠤᠯᠤᠨ ᠡᠯ᠎ᠠ ᠥᠨᠳᠥᠰᠥᠳᠡᠨ ᠡᠯ᠎ᠠ ᠡᠳᠡᠭᠡᠳ᠎ᠤᠨ ᠬᠥᠮᠥᠰ᠎ᠤᠨ ᠢᠮᠠᠭ᠍ᠲᠠ ᠪᠠᠲᠤ ᠰᠠᠬᠢᠬᠤ ᠬᠠᠮᠤᠭ᠎ᠤᠨ ᠶᠡᠭᠡ ᠤᠯᠤᠰ ᠲᠦᠷᠦ᠍᠎ᠶ᠋ᠢᠨ ᠬᠠᠮᠲᠤ᠎ᠶ᠋ᠢᠨ ᠲᠠᠨᠢᠯᠲᠠ ᠮᠥᠨ᠃ 70 ᠭᠠᠷᠤᠶ ᠵᠢᠯ᠎ᠤᠨ ᠦᠢᠯᠡᠳᠦᠯᠭᠡ ᠭᠡᠷᠡᠴᠢᠯᠡᠭ᠌ᠰᠡᠨ᠎ᠨᠢ᠂ ᠨᠠᠮ᠎ᠤᠨ ᠤᠳᠤᠷᠢᠳᠤᠯᠭ᠎ᠠ ᠤᠯᠠᠮ ᠪᠠᠲᠤ ᠴᠢᠩᠭ᠎ᠠ ᠬᠦᠴᠦᠨ᠎ᠲᠠᠢ ᠪᠠᠢᠪᠠᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠦᠢᠯᠡᠰ ᠤᠯᠠᠮ ᠥᠷᠨᠢᠨ ᠬᠥᠭ᠌ᠵᠢᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠤ ᠪᠠᠢᠭᠤᠯᠤᠯ᠎ᠤᠨ ᠳᠠᠪᠠᠭᠤᠯᠢᠭ ᠤᠯᠠᠮ ᠭᠦᠢᠴᠡᠳ ᠢᠯᠡᠷᠡᠵᠦ᠍ ᠴᠢᠳᠠᠨ᠎ᠠ᠃ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠶ᠋ᠢ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠵᠦ᠍᠂ ᠠᠵᠢᠯ᠎ᠢᠶᠠᠨ ᠲᠥᠯᠥᠪᠯᠡᠬᠦ᠂ ᠡᠭᠦᠷᠭᠡ ᠴᠢᠳᠠᠪᠤᠷᠢ᠎ᠪᠠᠨ ᠭᠦᠢᠴᠡᠳᠭᠡᠬᠦ᠂ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢᠨ ᠪᠦᠬᠦ᠌ ᠶᠠᠪᠤᠴᠠ ᠡᠯ᠎ᠡ ᠲᠠᠯ᠎ᠠ᠎ᠳᠤ ᠢᠯᠡᠷᠡᠭᠦᠯᠬᠦ᠌ ᠬᠡᠷᠡᠭ᠌ᠲᠡᠶ᠃ 《ᠬᠤᠶᠠᠷ᠎ᠢ ᠲᠣᠭ᠍ᠲᠠᠭᠠᠭ᠍ᠰᠠᠨ》ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠤᠯᠪᠣᠭ᠍ᠳᠠᠯ᠎ᠢ ᠭᠦᠨᠵᠡᠭᠡᠶ ᠲᠠᠨᠢᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠂ ᠳᠦᠷᠢᠮ ᠲᠣᠭ᠍ᠲᠠᠴᠠ᠎ᠶ᠋ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠵᠦ᠍᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠢ ᠨᠠᠮ᠎ᠤᠨ ᠡᠯ᠎ᠡ ᠵᠦᠢᠯ᠎ᠤᠨ ᠠᠵᠢᠯ᠎ᠳᠠᠬᠢ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠴᠢᠬᠤᠯᠠ ᠵᠢᠭ᠍ᠰᠠᠭᠠᠯ᠎ᠤᠨ ᠭᠠᠵᠠᠷ᠂ ᠨᠠᠮ᠎ᠤᠨ ᠱᠢᠨ᠎ᠡ ᠡᠭᠦᠳᠦᠯᠲᠡ᠎ᠶ᠋ᠢᠨ ᠤᠨᠤᠯ᠎ᠢᠶᠠᠷ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠲᠥᠯᠥᠭᠡᠯᠡᠭ᠌ᠴᠢ ᠬᠥᠮᠦᠰ᠎ᠢ ᠪᠦᠯᠬᠦᠮᠳᠡᠭᠦᠯᠦᠨ ᠬᠥᠮᠦᠵᠢᠭᠦᠯᠵᠦ᠍ ᠬᠥᠲᠥᠯᠥᠨ ᠵᠢᠯᠣᠭᠤᠳᠭᠤ ᠴᠢᠬᠤᠯᠠ ᠲᠠᠪᠴᠠᠩ᠂ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢᠨ ᠳᠡᠭᠡᠷ᠎ᠡ ᠵᠥᠷᠢᠴᠡᠯ᠎ᠢ ᠠᠷᠢᠯᠭᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠴᠢᠬᠤᠯᠠ ᠠᠷᠭ᠎ᠠ ᠵᠠᠮ ᠪᠣᠯᠭᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

(ᠬᠤᠶᠠᠷ) ᠡᠷᠬᠡᠪᠰᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠣᠨᠣᠪᠴᠢᠲᠠᠶ ᠡᠵᠡᠮᠳᠡᠬᠦ᠌ ᠬᠡᠷᠡᠭ᠌ᠲᠡᠶ᠃ ᠡᠨᠡ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠷᠢᠮᠲᠠᠯᠠᠬᠤ᠎ᠶ᠋ᠢᠨ ᠤᠷᠢᠲᠠᠯ ᠮᠥᠨ᠂ ᠪᠠᠰᠠ ᠴᠤ᠌ ᠲᠤᠰ ᠪᠡᠶ᠎ᠡ᠎ᠶ᠋ᠢᠨ ᠴᠢᠳᠠᠮᠵᠢ᠎ᠶ᠋ᠢᠨ ᠦᠢᠯᠡᠳᠦᠯ᠎ᠢᠶᠠᠨ ᠨᠡᠩ ᠰᠠᠢᠨ ᠪᠠᠳᠠᠷᠠᠭᠤᠯᠬᠤ᠎ᠶ᠋ᠢᠨ ᠰᠠᠭᠤᠷᠢ ᠮᠥᠨ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠨᠢ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ᠂ ᠣᠯᠠᠨ ᠨᠠᠮ᠎ᠤᠨ ᠬᠠᠮᠲᠤᠷᠠᠨ ᠠᠵᠢᠯᠯᠠᠬᠤ ᠪᠠ ᠤᠯᠤᠰ ᠲᠥᠷᠥ᠎ᠶ᠋ᠢᠨ ᠵᠥᠪᠯᠡᠯᠭᠡ ᠬᠢᠬᠦ᠌ ᠪᠠᠢᠭᠤᠯᠤᠮᠵᠢ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠪᠡᠶᠡᠯᠡᠭ᠌ᠳᠡᠬᠦ᠌ ᠬᠡᠯᠪᠡᠷᠢ ᠪᠣᠯᠤᠭ᠍ᠰᠠᠨ᠎ᠤ ᠬᠤᠪᠢ᠎ᠳᠤ᠂ ᠨᠡᠢᠭᠡᠮ ᠵᠢᠷᠤᠮ᠎ᠤᠨ ᠵᠥᠪᠯᠡᠬᠦ᠌ ᠠᠷᠠᠳᠴᠢᠯᠠᠯ᠎ᠤᠨ ᠴᠢᠬᠤᠯᠠ ᠠᠷᠭ᠎ᠠ ᠵᠠᠮ ᠪᠠ ᠲᠤᠰᠭᠠᠶ ᠵᠥᠪᠯᠡᠬᠦ᠌ ᠪᠠᠢᠭᠤᠯᠤᠮᠵᠢ ᠮᠥᠨ᠃ ᠵᠥᠪᠯᠡᠯᠭᠡ ᠬᠢᠬᠦ᠌ ᠪᠣᠯ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠪᠠᠢᠭᠤᠯᠤᠯ᠎ᠤᠨ ᠢᠯᠡ ᠲᠣᠳᠣ ᠣᠨᠴᠠᠯᠢᠭ ᠪᠠ ᠳᠠᠪᠠᠭᠤᠯᠢᠭ ᠲᠠᠯ᠎ᠠ ᠮᠥᠨ᠂ ᠪᠠᠰᠠ ᠴᠤ᠌ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠤᠨ ᠴᠢᠬᠤᠯᠠ ᠣᠢᠯᠠᠭᠠᠭ᠍ᠳᠠᠬᠤᠨ ᠪᠠ ᠦᠨᠳᠦᠰᠦᠨ ᠠᠷᠭ᠎ᠠ ᠮᠠᠶᠢᠭ ᠮᠥᠨ᠂ ᠥᠷᠭᠡᠨ ᠳᠡᠯᠭᠡᠷ ᠪᠦᠯᠬᠦᠮᠳᠡᠯ᠎ᠢ ᠠᠬᠢᠭᠤᠯᠬᠤ᠂ ᠤᠯᠠᠨ ᠨᠠᠮ᠎ᠤᠨ ᠬᠠᠮᠲᠤᠷᠠᠨ ᠠᠵᠢᠯᠯᠠᠬᠤ᠎ᠶ᠋ᠢ ᠠᠬᠢᠭᠤᠯᠬᠤ᠂ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠬᠦ᠌ ᠎ᠳᠤ ᠴᠥᠮ ᠵᠦᠪᠯᠡᠯᠭᠡ ᠬᠢᠬᠦ᠌᠎ᠪᠠᠷ ᠳᠠᠮᠵᠢᠭᠤᠯᠤᠨ ᠪᠡᠶᠡᠯᠡᠭᠦᠯᠬᠦ᠌ ᠴᠢᠬᠤᠯᠠᠲᠠᠶ ᠶᠤᠮ᠃ ᠲᠤᠰᠭᠠᠢ ᠵᠥᠪᠯᠡᠬᠦ᠌ ᠪᠠᠢᠭᠤᠯᠤᠮᠵᠢ᠎ᠨᠢ ᠤᠯᠤᠰ ᠲᠦᠷᠦ᠍᠎ᠶ᠋ᠢᠨ ᠵᠥᠪᠯᠡᠯᠭᠡᠨ᠎ᠤ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠶᠡᠷᠦᠩᠬᠡᠢᠯᠡᠨ ᠠᠴᠢᠶᠠᠯᠠᠬᠤ ᠪᠣᠯ ᠱᠢᠨ᠎ᠡ ᠴᠠᠭ ᠦᠶ᠎ᠡ᠎ᠠᠴᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠡᠭᠦᠷᠭᠡ ᠴᠢᠳᠠᠪᠤᠷᠢ᠎ᠶ᠋ᠢᠨ ᠪᠠᠢᠷᠢ ᠲᠣᠭ᠍ᠲᠠᠭᠠᠯᠲᠠ᠎ᠳᠤ ᠣᠯᠭᠤᠭ᠍ᠰᠠᠨ ᠱᠢᠨ᠎ᠡ ᠠᠭᠤᠯᠤᠭ᠍ᠳᠠᠬᠤᠨ ᠪᠣᠯᠤᠨ᠎ᠠ᠃ ᠤᠯᠤᠰ ᠲᠦᠷᠦ᠍᠎ᠶ᠋ᠢᠨ ᠵᠥᠪᠯᠡᠯᠭᠡᠨ ᠪᠣᠯ ᠵᠥᠪᠯᠡᠬᠦ᠌ ᠪᠡᠶᠡᠴᠢ ᠴᠣᠭ᠍ᠴᠠ ᠪᠢᠰᠢ᠂ ᠬᠠᠷᠢᠨ ᠠᠷᠠᠳᠴᠢᠯᠠᠯ᠎ᠢ ᠪᠠᠳᠠᠷᠠᠭᠤᠯᠬᠤ᠂ ᠲᠦᠷᠦ᠍᠎ᠶ᠋ᠢᠨ ᠶᠡᠭᠡ ᠪᠤᠳᠤᠯᠭ᠎ᠠ᠎ᠶ᠋ᠢ ᠵᠦᠪᠳᠡᠯᠴᠡᠬᠦ᠌᠎ᠳᠤ ᠣᠷᠣᠯᠴᠠᠬᠤ᠂ ᠪᠦᠯᠬᠦᠮᠳᠡᠨ ᠬᠠᠮᠲᠤᠷᠠᠯᠴᠠᠬᠤ᠎ᠶ᠋ᠢᠨ ᠳᠦᠷᠢᠮᠵᠢᠭ᠌ᠰᠡᠨ ᠵᠥᠪᠯᠡᠬᠦ᠌ ᠲᠠᠪᠴᠠᠩ ᠮᠥᠨ᠃ ᠵᠦᠪᠯᠡᠯᠭᠡ ᠬᠢᠬᠦ᠌ ᠪᠠᠢᠭᠤᠯᠤᠯ᠎ᠢ ᠪᠦᠲᠦᠮᠵᠢᠲᠡᠶ ᠠᠵᠢᠯᠯᠠᠭᠤᠯᠬᠤ᠎ᠪᠠᠷ ᠳᠠᠮᠵᠢᠭᠤᠯᠤᠨ᠂ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠦᠰ᠎ᠤᠨ ᠰᠠᠨᠠᠯ ᠰᠠᠨᠠᠭᠤᠯᠭ᠎ᠠ᠎ᠶ᠋ᠢ ᠲᠥᠷᠥ᠎ᠶ᠋ᠢᠨ ᠪᠣᠳᠣᠯᠭ᠎ᠠ᠎ᠶ᠋ᠢᠨ ᠰᠤᠩᠭᠤᠯᠳᠠ ᠪᠣᠯᠭᠠᠨ ᠬᠤᠪᠢᠷᠠᠭᠤᠯᠵᠤ᠂ ᠨᠠᠮ᠎ᠤᠨ ᠵᠣᠷᠢᠯᠲᠠ᠎ᠶ᠋ᠢ ᠨᠡᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠥᠷᠭᠡᠨ ᠳᠡᠯᠭᠡᠷ ᠬᠠᠮᠲᠤ᠎ᠶ᠋ᠢᠨ ᠲᠠᠨᠢᠯᠲᠠ ᠪᠣᠯᠭᠠᠨ ᠬᠤᠪᠢᠷᠠᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠪᠠᠢᠭᠤᠯᠤᠯ᠎ᠤᠨ ᠳᠠᠪᠠᠭᠤᠯᠢᠭ᠎ᠢ ᠦᠨᠡᠨ ᠬᠦ᠌ ᠲᠦᠷᠦ᠍᠎ᠶ᠋ᠢ ᠵᠠᠰᠠᠬᠤ ᠦᠢᠯᠡᠳᠦᠯ ᠴᠢᠳᠠᠪᠤᠷᠢ ᠪᠣᠯᠭᠠᠨ ᠬᠤᠪᠢᠷᠠᠭᠤᠯᠬᠤ ᠬᠡᠷᠡᠭ᠌ᠳᠡᠢ᠃

(ᠭᠤᠷᠪᠠ) ᠡᠷᠬᠡᠪᠰᠢ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠵᠥᠪᠯᠡᠯᠭᠡ ᠬᠢᠬᠦ᠌ ᠦᠢᠯᠡᠳᠦᠯ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠬᠦ᠌ ᠬᠡᠷᠡᠭ᠌ᠲᠡᠶ᠃ ᠡᠨᠡ ᠪᠣᠯ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠦᠨᠳᠦᠰᠦᠲᠡᠨ᠎ᠢᠶᠠᠨ ᠰᠡᠷᠭᠦᠭᠡᠨ ᠮᠠᠨᠳᠤᠭᠤᠯᠬᠤ ᠠᠭᠤᠤ ᠦᠢᠯᠡᠰ᠎ᠲᠤ ᠨᠠᠩ ᠰᠠᠢᠨ ᠦᠢᠯᠡᠴᠢᠯᠡᠬᠦ᠌᠎ᠶ᠋ᠢᠨ ᠪᠠᠢᠪᠠᠰᠤ ᠵᠣᠬᠢᠬᠤ ᠠᠭᠤᠯᠭ᠎ᠠ ᠪᠣᠯᠤᠨ᠎ᠠ᠂ ᠮᠥᠨ ᠴᠦ᠍ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠬᠦ᠌ ᠤᠷᠲᠤ ᠬᠤᠭᠤᠴᠠᠭᠠᠨ᠎ᠤ ᠠᠵᠢᠯ ᠮᠥᠨ᠃ ᠤᠴᠢᠷ ᠪᠠᠢᠪᠠᠯ ᠰᠠᠢᠲᠤᠷ ᠵᠥᠪᠳᠡᠯᠴᠡᠬᠦ᠂ ᠣᠯᠠᠨ᠎ᠤ ᠶᠠᠪᠤᠳᠠᠯ᠎ᠢ ᠣᠯᠠᠨ᠎ᠢᠶᠠᠷ᠎ᠢᠶᠠᠨ ᠵᠥᠪᠳᠡᠯᠴᠡᠬᠦ᠌ ᠳᠦᠷᠢᠮᠵᠢᠭ᠌ᠰᠡᠨ ᠦᠢᠯᠡᠳᠦᠯᠭᠡ᠎ᠶ᠋ᠢ ᠲᠠᠰᠤᠷᠠᠯᠲᠠ ᠤᠢ᠍ᠭᠡᠢ ᠪᠠᠶᠠᠯᠢᠬ᠍ᠵᠢᠭᠤᠯᠵᠤ᠂ ᠵᠥᠪᠯᠡᠬᠦ᠌ ᠠᠭᠤᠯᠭ᠎ᠠ᠎ᠶ᠋ᠢ ᠲᠡᠭᠦᠯᠳᠡᠷᠵᠢᠭᠦᠯᠬᠦ᠌ ᠪᠠ ᠵᠥᠪᠯᠡᠬᠦ᠌ ᠬᠡᠯᠪᠡᠷᠢ᠎ᠶ᠋ᠢ ᠪᠠᠶᠠᠯᠢᠬ᠍ᠵᠢᠭᠤᠯᠬᠤ᠎ᠶ᠋ᠢ ᠨᠢᠭᠡ ᠴᠣᠭ᠍ᠴᠠᠵᠢᠭᠤᠯᠤᠨ ᠲᠥᠯᠥᠪᠯᠡᠬᠦ᠌᠎ᠶ᠋ᠢ ᠪᠠᠷᠢᠮᠲᠠᠯᠠᠵᠤ᠂  《ᠤᠯᠤᠰ ᠬᠦᠷᠦᠨ᠎ᠤ ᠶᠡᠭᠡ ᠶᠠᠪᠤᠳᠠᠯ》 ᠪᠣᠯᠤᠨ ᠠᠷᠠᠳ ᠲᠦᠮᠡᠨ᠎ᠤ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠵᠥᠪᠯᠡᠬᠦ᠌ ᠰᠡᠳᠦᠪ᠎ᠢ ᠱᠢᠨᠵᠢᠯᠡᠬᠦ᠌ ᠤᠬᠠᠭᠠᠨᠴᠢ᠎ᠪᠠᠷ ᠰᠣᠩᠭᠤᠵᠤ᠂ ᠵᠥᠪᠯᠡᠬᠦ᠌ ᠬᠡᠯᠪᠡᠷᠢ᠎ᠶ᠋ᠢ ᠵᠣᠬᠢᠰᠲᠠᠶ ᠲᠣᠭ᠍ᠲᠠᠭᠠᠵᠤ᠂ ᠵᠥᠪᠯᠡᠬᠦ᠌ ᠰᠡᠳᠦᠪ᠎ᠤᠨ ᠰᠤᠩᠭᠤᠯᠳᠠ᠎ᠨᠢ ᠣᠨᠣᠪᠴᠢᠲᠠᠶ᠂ ᠪᠠᠢᠳᠠᠯ᠎ᠢ ᠪᠠᠢᠴᠠᠭᠠᠨ ᠰᠤᠳᠤᠯᠤᠭ᠍ᠰᠠᠨ᠎ᠨᠢ ᠲᠤᠭᠤᠱᠢᠳᠠᠢ᠂ ᠵᠥᠪᠯᠡᠬᠦ᠌ ᠠᠭᠤᠯᠭ᠎ᠠ᠎ᠨᠢ ᠨᠠᠷᠢᠯᠢᠬ᠂ ᠲᠦᠷᠦ᠍᠎ᠶ᠋ᠢᠨ ᠬᠡᠷᠡᠭ᠎ᠢ ᠵᠥᠪᠯᠡᠬᠦ᠌ ᠶᠠᠰᠤ ᠴᠢᠨᠠᠷ ᠰᠠᠢᠨ ᠪᠠᠢᠬᠤ᠎ᠶ᠋ᠢ ᠴᠢᠷᠮᠠᠢᠨ ᠪᠡᠶᠡᠯᠡᠭᠦᠯᠬᠦ᠌ ᠬᠡᠷᠡᠭ᠌ᠲᠡᠶ᠃ ᠵᠥᠪᠯᠡᠬᠦ᠌ ᠳᠦᠷᠢᠮ᠎ᠢ ᠪᠦᠷᠢᠨᠱᠢᠬᠦᠯᠬᠦ᠌ ᠪᠠ ᠵᠥᠪᠯᠡᠬᠦ᠌ ᠰᠣᠶᠣᠯ᠎ᠢ ᠪᠤᠢᠵᠢᠭᠤᠯᠬᠤ᠎ᠶ᠋ᠢ ᠵᠡᠷᠭᠡ᠎ᠪᠠᠷ ᠠᠬᠢᠭᠤᠯᠬᠤ᠎ᠶ᠋ᠢ ᠪᠠᠷᠢᠮᠲᠠᠯᠠᠵᠤ᠂ ᠵᠥᠪᠯᠡᠬᠦ᠌ ᠶᠠᠪᠤᠴᠠ᠎ᠶ᠋ᠢ ᠱᠢᠯᠢᠳᠡᠭ᠌ᠵᠢᠭᠦᠯᠦᠨ᠂ ᠵᠥᠪᠯᠡᠬᠦ᠌ ᠠᠭᠤᠷ ᠠᠮᠢᠰᠭᠤᠯ᠎ᠢ ᠪᠤᠢ ᠪᠣᠯᠭᠠᠵᠤ᠂ ᠠᠳᠠᠯᠢ ᠲᠠᠯ᠎ᠠ᠎ᠪᠠᠨ ᠨᠢᠭᠡᠳᠭᠡᠨ ᠠᠳᠠᠯᠢ ᠪᠤᠰᠤ ᠲᠠᠯ᠎ᠠ᠎ᠪᠠᠨ ᠬᠤᠪᠢᠷᠠᠭᠤᠯᠵᠤ ᠴᠢᠳᠠᠮᠠᠭᠠᠢ᠎ᠪᠠᠷ ᠵᠦᠪᠯᠡᠬᠦ᠂ ᠦᠨᠡᠨᠴᠢ ᠴᠠᠭᠠᠪᠤᠷ᠎ᠢᠶᠠᠷ ᠦᠨᠡᠨ ᠬᠦ᠌ ᠵᠦᠪᠯᠡᠬᠦ᠂ ᠦᠢᠯᠡᠳᠦᠯᠴᠡᠨ ᠰᠠᠨᠠᠯ᠎ᠢᠶᠠᠨ ᠰᠣᠯᠢᠯᠴᠠᠵᠤ ᠭᠦᠨᠵᠡᠭᠡᠶ ᠵᠥᠪᠯᠡᠬᠦ᠌᠎ᠶ᠋ᠢ ᠪᠡᠶᠡᠯᠡᠭᠦᠯᠬᠦ᠌ ᠬᠡᠷᠡᠭ᠌ᠳᠡᠢ᠃ ᠵᠥᠪᠯᠡᠬᠦ᠌ ᠴᠢᠳᠠᠪᠤᠷᠢ᠎ᠶ᠋ᠢ ᠨᠡᠮᠡᠭ᠌ᠳᠡᠭᠦᠯᠬᠦ᠌ ᠪᠠ ᠵᠥᠪᠯᠡᠬᠦ᠌ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢ ᠬᠠᠷᠢᠯᠴᠠᠨ ᠠᠬᠢᠭᠤᠯᠬᠤ᠎ᠶ᠋ᠢ ᠪᠠᠷᠢᠮᠲᠠᠯᠠᠵᠤ᠂ ᠣᠯᠠᠨ᠎ᠤ ᠣᠶᠤᠨ ᠤᠬᠠᠭᠠᠨ᠎ᠢ ᠲᠥᠪᠯᠡᠷᠡᠭᠦᠯᠦᠭ᠌ᠰᠡᠨ ᠭᠦᠨᠵᠡᠭᠡᠶ ᠵᠥᠪᠯᠡᠯᠭᠡ ᠬᠢᠬᠦ᠌᠎ᠶ᠋ᠢᠨ ᠳᠤᠮᠳᠠ ᠱᠢᠨᠵᠢᠯᠡᠬᠦ᠌ ᠤᠬᠠᠭᠠᠨᠴᠢ ᠠᠷᠠᠳᠴᠢᠯᠠᠯ᠎ᠢᠶᠠᠷ ᠪᠣᠳᠣᠯᠭ᠎ᠠ ᠲᠣᠭ᠍ᠲᠠᠭᠠᠬᠤ᠎ᠳᠤ ᠦᠢᠯᠡᠴᠢᠯᠡᠵᠦ᠍᠂ ᠨᠢᠭᠡ ᠰᠡᠳᠭᠢᠯ ᠨᠢᠭᠡ ᠴᠢᠭ᠌ᠯᠡᠯ᠎ᠢᠶᠠᠷ ᠦᠨᠡᠨᠴᠢ᠎ᠪᠠᠷ ᠵᠥᠪᠯᠡᠯᠭᠡ ᠬᠢᠬᠦ᠌᠎ᠶ᠋ᠢᠨ ᠳᠤᠮᠳᠠ ᠡᠯ᠎ᠡ ᠲᠠᠯ᠎ᠠ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠪᠦᠲᠦᠮᠵᠢᠲᠡᠶ᠎ᠪᠠᠷ ᠨᠡᠮᠡᠭ᠌ᠳᠡᠭᠦᠯᠵᠦ᠍᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠥᠪᠡᠷᠮᠢᠴᠡ ᠳᠠᠪᠠᠭᠤᠯᠢᠭ᠎ᠢ ᠨᠡᠩ ᠰᠠᠢᠨ ᠢᠯᠡᠷᠡᠭᠦᠯᠬᠦ᠌ ᠬᠡᠷᠡᠭ᠌ᠳᠡᠢ᠃

(ᠲᠦᠷᠪᠡ) ᠡᠷᠬᠡᠪᠰᠢ ᠪᠦᠯᠬᠦᠮᠳᠡᠯ ᠪᠠ ᠠᠷᠠᠳᠴᠢᠯᠠᠯ ᠭᠡᠬᠦ᠌ ᠬᠤᠶᠠᠷ ᠶᠡᠭᠡ ᠭᠤᠤᠯ ᠰᠡᠳᠦᠪ᠎ᠢ ᠪᠠᠷᠢᠮᠲᠠᠯᠠᠬᠤ ᠬᠡᠷᠡᠭ᠌ᠲᠡᠶ᠃ ᠡᠨᠡ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠱᠢᠨᠵᠢ ᠴᠢᠨᠠᠷ᠎ᠤᠨ ᠲᠥᠪᠯᠡᠷᠡᠩᠭᠦᠶ ᠢᠯᠡᠷᠡᠯ ᠮᠥᠨ᠂ ᠪᠠᠰᠠ ᠴᠤ᠌ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠣᠨᠴᠠᠯᠢᠭ ᠪᠠ ᠳᠠᠪᠠᠭᠤᠯᠢᠭ ᠲᠠᠯ᠎ᠠ ᠮᠥᠨ᠃ ᠤᠯᠤᠰ ᠲᠦᠷᠦ᠍᠎ᠶ᠋ᠢᠨ ᠲᠠᠯ᠎ᠠ᠎ᠪᠠᠷ ᠪᠦᠯᠬᠦᠮᠳᠡᠯ᠎ᠢᠶᠠᠨ ᠴᠢᠩᠭᠠᠳᠭᠠᠵᠤ᠂ ᠠᠷᠠᠳᠴᠢᠯᠠᠯ᠎ᠢ ᠪᠠᠳᠠᠷᠠᠭᠤᠯᠪᠠᠯ ᠰᠠᠶᠢ ᠪᠠᠲᠤ ᠪᠠᠬᠢ ᠰᠠᠭᠤᠷᠢ᠎ᠲᠠᠢ ᠪᠤᠯᠵᠤ ᠴᠢᠳᠠᠨ᠎ᠠ; ᠥᠷᠭᠡᠨ ᠳᠡᠯᠭᠡᠷ ᠠᠷᠠᠳᠴᠢᠯᠠᠯ᠎ᠢ ᠪᠠᠳᠠᠷᠠᠭᠤᠯᠪᠠᠯ ᠤᠯᠤᠰ ᠲᠦᠷᠦ᠍᠎ᠶ᠋ᠢᠨ ᠲᠠᠯ᠎ᠠ᠎ᠪᠠᠷ᠎ᠬᠢ ᠪᠦᠯᠬᠦᠮᠳᠡᠯ ᠰᠠᠶᠢ ᠨᠡᠩ ᠪᠠᠲᠤ ᠪᠠᠬᠢ ᠪᠤᠯᠵᠦ᠍ ᠴᠢᠳᠠᠨ᠎ᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠨᠢ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠦᠰ᠎ᠤᠨ ᠶᠡᠭᠡ ᠪᠦᠯᠬᠦᠮᠳᠡᠯ᠎ᠤᠨ ᠲᠦᠯᠦᠭᠡ ᠬᠦᠴᠦᠯᠡᠨ ᠴᠢᠷᠮᠠᠢᠵᠤ᠂ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢᠨ ᠳᠡᠭᠡᠷ᠎ᠡ ᠪᠠᠢᠭᠤᠯᠤᠭ᠍ᠳᠠᠭ᠍ᠰᠠᠨ᠂ ᠵᠥᠪᠯᠡᠯᠭᠡ ᠬᠢᠬᠦ᠌᠎ᠪᠠᠷ ᠳᠠᠮᠵᠢᠭᠤᠯᠤᠨ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠬᠤ ᠵᠢᠩᠬᠢᠨᠢ ᠠᠷᠠᠳᠴᠢᠯᠠᠯ᠎ᠢ ᠦᠢᠯᠡᠳᠦᠯᠭᠡᠵᠢᠭᠦᠯᠬᠦ᠌ ᠬᠡᠷᠡᠭ᠌ᠲᠡᠶ᠃ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠪᠣᠯ ᠪᠦᠯᠬᠦᠮᠳᠡᠯ᠎ᠢ ᠪᠠᠬᠢᠵᠢᠭᠦᠯᠬᠦ᠌᠎ᠶ᠋ᠢᠨ ᠤᠷᠢᠲᠠᠯ ᠮᠥᠨ᠂ ᠪᠠᠰᠠ ᠴᠤ᠌ ᠠᠷᠠᠳᠴᠢᠯᠠᠯ᠎ᠢ ᠪᠠᠳᠠᠷᠠᠭᠤᠯᠬᠤ᠎ᠶ᠋ᠢᠨ ᠬᠠᠷᠠᠯᠲᠠ ᠮᠥᠨ᠂ ᠪᠦᠯᠬᠦᠮᠳᠡᠯ ᠪᠠ ᠠᠷᠠᠳᠴᠢᠯᠠᠯ᠎ᠢ ᠬᠤᠯᠪᠣᠬᠤ ᠬᠥᠭᠦᠷᠭᠡ ᠬᠤᠯᠪᠣᠭᠠᠰᠤ ᠮᠥᠨ᠃ ᠡᠷᠬᠡᠪᠰᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠥᠲᠥᠯᠥᠨ ᠳᠠᠭᠠᠭᠤᠯᠭ᠎ᠠ᠎ᠶ᠋ᠢ ᠴᠢᠩᠭᠠᠳᠭᠠᠬᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠬᠤ᠎ᠶ᠋ᠢ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠵᠢᠯ᠎ᠤᠨ ᠭᠤᠤᠯ ᠵᠠᠩᠭᠢᠯᠠᠭ᠎ᠠ ᠪᠣᠯᠭᠠᠵᠤ᠂ ᠲᠤᠭᠤᠷᠢᠠ ᠤᠢ᠍ᠵᠡᠵᠦ᠍ ᠱᠢᠡᠵᠢᠯᠡᠠ ᠪᠠᠢᠴᠡᠭᠠᠬᠤ᠂ ᠪᠠᠢᠴᠠᠭᠠᠨ ᠰᠤᠳᠤᠯᠤᠯᠲᠠ ᠬᠢᠬᠦ᠂ ᠵᠦᠪᠯᠡᠯᠭᠡ ᠬᠢᠵᠦ᠍ ᠲᠦᠷᠦ᠍᠎ᠶ᠋ᠢᠨ ᠬᠡᠷᠡᠭ᠎ᠢ ᠵᠥᠪᠯᠡᠬᠦ᠌ ᠵᠡᠷᠭᠡ ᠡᠯ᠎ᠡ ᠵᠦᠢᠯ᠎ᠤᠨ ᠠᠵᠢᠯᠯᠠᠭ᠎ᠠ᠎ᠳᠤ ᠠᠭᠤᠰᠤᠯᠴᠠᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠷ᠎ᠡ ᠪᠦᠲᠦᠮᠵᠢ᠎ᠶ᠋ᠢ ᠱᠢᠯᠭᠠᠨ ᠪᠠᠢᠴᠠᠭᠠᠬᠤ ᠦᠨᠡᠯᠡᠯᠲᠡ᠎ᠶ᠋ᠢᠨ ᠪᠠᠷᠢᠮᠵᠢᠶ᠎ᠠ᠎ᠳᠤ ᠲᠤᠰᠭᠠᠬᠤ ᠬᠡᠷᠡᠭ᠌ᠳᠡᠢ᠃ ᠪᠠᠢᠳᠠᠯ ᠤᠯᠠᠮ ᠪᠤᠳᠤᠯᠢᠶᠠᠨᠲᠠᠶ᠂ ᠡᠭᠦᠷᠭᠡ ᠤᠯᠠᠮ ᠬᠠᠲᠠᠭᠤ ᠪᠡᠷᠬᠡ ᠪᠣᠯᠬᠤ ᠲᠤᠲᠤᠮ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠨᠢ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠵᠤᠵᠠᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠬᠦ᠂ ᠰᠠᠨᠠᠯ ᠵᠥᠪᠯᠡᠯᠭᠡ ᠳᠤᠷᠠᠳᠴᠤ᠌ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠤᠣᠰ ᠴᠢᠭ᠌ᠯᠡᠯ᠎ᠢᠶᠠᠷ ᠬᠦᠴᠦᠯᠡᠬᠦ᠌ ᠬᠠᠷᠢᠭᠤᠴᠠᠯᠭ᠎ᠠ᠎ᠶ᠋ᠢ ᠤᠯᠠᠮ ᠢᠯᠡᠭᠦᠦ ᠡᠭᠦᠷᠭᠡᠯᠡᠵᠦ᠍᠂ ᠤᠷᠢᠬᠠᠨ ᠰᠠᠯᠬᠢ ᠦᠭ᠌ᠭᠢᠶᠠᠮᠤᠷ ᠬᠤᠷ᠎ᠠ ᠮᠡᠳᠤ ᠡᠶᠡᠪᠡᠷᠭᠦᠦ ᠵᠦᠭᠡᠯᠡᠨ᠎ᠢᠶᠠᠷ ᠤᠶᠠᠷᠠᠭᠤᠯᠤᠨ ᠤᠬᠠᠭᠠᠷᠠᠭᠤᠯᠬᠤ᠂ ᠡᠷᠡᠭᠡᠯᠵᠡᠭᠡ᠎ᠶ᠋ᠢ ᠠᠯᠳᠠᠷᠠᠭᠠᠨ ᠲᠥᠭᠡᠷᠢᠭ᠌ᠳᠡᠯ᠎ᠢ ᠲᠠᠢᠯᠬᠤ ᠠᠵᠢᠯ᠎ᠢ ᠢᠯᠡᠭᠦᠬᠡᠨ ᠬᠢᠵᠦ᠍᠂ ᠪᠦᠯᠬᠦᠮᠳᠡᠨ ᠲᠡᠮᠡᠴᠡᠬᠦ᠂ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠬᠤ ᠡᠷᠴᠢ ᠵᠣᠷᠢᠭ᠎ᠢ ᠢᠯᠡᠬᠦᠭᠡᠨ ᠬᠦᠪᠴᠢᠯᠡᠵᠦ᠍᠂ ᠳᠤᠮᠳᠠᠳᠤ ᠤᠯᠤᠰ᠎ᠤᠨ ᠵᠡᠭᠦᠳᠦ᠍᠎ᠶ᠋ᠢ ᠰᠡᠳᠭᠢᠯ ᠨᠢᠭᠡᠳᠦᠨ ᠬᠠᠮᠲᠤ᠎ᠪᠠᠷ ᠪᠡᠶᠡᠯᠡᠭᠦᠯᠭᠦ᠌ ᠬᠦᠴᠦᠷᠬᠡᠭ ᠶᠡᠭᠡ ᠨᠡᠢᠯᠡᠯ ᠬᠦᠴᠦᠨ᠎ᠢ ᠥᠷᠭᠡᠨ᠎ᠢᠶᠠᠷ ᠨᠢᠭ᠍ᠲᠠᠷᠠᠭᠤᠯᠬᠤ ᠬᠡᠷᠡᠭ᠌ᠳᠡᠢ᠃

(ᠲᠠᠪᠤ) ᠡᠷᠬᠡᠪᠰᠢ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠤᠨ ᠬᠠᠷᠢᠭᠤᠴᠠᠯᠭ᠎ᠠ ᠡᠭᠦᠷᠭᠡᠯᠡᠯ᠎ᠢ ᠲᠠᠰᠤᠷᠠᠯᠲᠠ ᠦᠭᠡᠢ ᠴᠢᠩᠭᠠᠳᠭᠠᠬᠤ ᠬᠡᠷᠡᠭ᠌ᠲᠡᠶ᠃ ᠡᠨᠡ ᠪᠣᠯ ᠱᠢᠨ᠎ᠡ ᠴᠠᠭ ᠦᠶ᠎ᠡ᠎ᠶ᠋ᠢᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠱᠢᠨ᠎ᠡ ᠶᠠᠩᠵᠤ᠎ᠶ᠋ᠢ ᠢᠯᠡᠷᠡᠭᠦᠯᠬᠦ᠌ ᠵᠠᠢᠯᠠᠰᠢ ᠦᠭᠡᠢ ᠱᠠᠭᠠᠷᠳᠠᠯᠭ᠎ᠠ ᠮᠥᠨ᠂ ᠪᠠᠰᠠ ᠴᠤ᠌ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠦᠨᠡᠨ ᠬᠦ᠌ ᠪᠠᠲᠤᠯᠠᠬᠤ᠎ᠶ᠋ᠢᠨ ᠵᠠᠢᠯᠠᠰᠢ ᠦᠭᠡᠢ ᠵᠠᠮᠨᠠᠬᠤ ᠵᠠᠮ ᠮᠥᠨ᠃ ᠤᠯᠤᠰ ᠲᠦᠷᠦ᠍᠎ᠶ᠋ᠢᠨ ᠵᠦᠪᠯᠡᠯᠭᠡᠨ᠎ᠤ ᠬᠡᠱᠢᠭᠦᠨ ᠪᠤᠯᠬᠤ᠎ᠨᠢ ᠢᠷᠠᠭᠤ ᠠᠯᠳᠠᠷ ᠪᠦᠭᠡᠳ ᠨᠡᠩ ᠴᠤ᠌ ᠬᠠᠷᠢᠭᠤᠴᠠᠯᠭ᠎ᠠ ᠮᠦᠨ᠂ ᠶᠡᠷᠦᠩᠬᠡᠶ ᠱᠦᠵᠢ ᠰᠢ᠎ᠶ᠋ᠢᠨ ᠫᠢᠩ᠎ᠤᠨ 《ᠤᠯᠤᠰ ᠲᠦᠷᠦ᠍᠎ᠶ᠋ᠢᠨ ᠵᠥᠪᠯᠡᠯᠭᠡᠨ᠎ᠢ ᠣᠢ᠌ᠯᠠᠭᠠᠬᠤ᠂ ᠵᠥᠪᠯᠡᠯᠭᠡ ᠬᠢᠵᠦ᠍ ᠴᠢᠳᠠᠬᠤ᠂ ᠲᠦᠷᠦ᠍᠎ᠶ᠋ᠢᠨ ᠬᠡᠷᠡᠭ᠎ᠢ ᠴᠢᠳᠠᠮᠠᠭᠠᠶ᠎ᠪᠠᠷ ᠵᠥᠪᠯᠡᠬᠦ᠂ ᠰᠠᠬᠢᠯᠭ᠎ᠠ ᠪᠠᠲᠤ᠎ᠶ᠋ᠢ ᠰᠠᠬᠢᠬᠤ᠂ ᠶᠣᠰᠣ ᠲᠦᠷᠢᠮ᠎ᠢ ᠡᠷᠬᠢᠮᠯᠡᠬᠦ᠂ ᠵᠠᠩ ᠰᠤᠷᠲᠠᠯ᠎ᠢ ᠴᠢᠬᠤᠯᠠᠴᠢᠯᠠᠬᠤ》 ᠲᠤᠬᠠᠢ ᠱᠠᠭᠠᠷᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠷᠠᠳ᠎ᠤᠨ ᠤᠯᠤᠰ ᠲᠦᠷᠦ᠍᠎ᠶ᠋ᠢᠨ ᠵᠦᠪᠯᠡᠯᠭᠡᠨ ᠠᠷᠠᠳ ᠲᠦᠮᠡᠨ᠎ᠤ ᠲᠦᠯᠦᠭᠡ ᠪᠠᠢᠬᠤ᠎ᠶ᠋ᠢ ᠪᠠᠷᠢᠮᠳᠠᠯᠠᠵᠤ᠂ ᠤᠯᠤᠰ ᠣᠷᠣᠨ᠎ᠤ᠎ᠪᠠᠨ ᠲᠥᠯᠥᠭᠡ ᠲᠤᠱᠢᠶᠠᠯ᠎ᠢᠶᠠᠨ ᠭᠦᠢᠴᠡᠳᠭᠡᠵᠦ᠍᠂ ᠠᠷᠠᠳ ᠲᠦᠮᠡᠨ᠎ᠤ ᠲᠥᠯᠥᠭᠡ ᠬᠠᠷᠢᠭᠤᠴᠠᠯᠭ᠎ᠠ᠎ᠪᠠᠨ ᠪᠡᠶᠡᠯᠡᠭᠦᠯᠬᠦ᠌ ᠣᠪᠣᠷ ᠰᠡᠳᠭᠢᠯᠭᠡ᠎ᠪᠠᠨ ᠡᠭᠦᠷᠢᠳᠡ ᠬᠠᠳᠠᠭᠠᠯᠠᠵᠤ᠂ ᠥᠪᠡᠷ᠎ᠢᠶᠠᠨ ᠰᠤᠷᠤᠯᠴᠠᠬᠤ᠂ ᠦᠪᠡᠷ᠎ᠢ᠎ᠪᠠᠨ ᠬᠦᠮᠦᠵᠢᠬᠦᠯᠬᠦ᠂ ᠦᠪᠡᠷ᠎ᠢ᠎ᠪᠠᠨ ᠬᠠᠮᠢᠶᠠᠷᠬᠤ᠂ ᠥᠪᠡᠷ᠎ᠤᠨ ᠪᠡᠶ᠎ᠡ᠎ᠳᠡᠭᠡᠨ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠨᠡᠢᠭᠡᠮ ᠵᠢᠷᠤᠮ᠎ᠤᠨ ᠭᠤᠣᠯᠯᠠᠬᠤ ᠥᠷᠲᠡᠭ᠎ᠤᠨ ᠦᠵᠡᠯᠲᠡ᠎ᠶ᠋ᠢ ᠢᠳᠡᠪᠬᠢᠲᠡᠢ᠎ᠪᠠᠷ ᠦᠢᠯᠡᠳᠦᠯᠭᠡᠵᠢᠭᠦᠯᠵᠦ᠍᠂ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠳᠤᠮᠳᠠ ᠭᠤᠣᠯ ᠳᠦᠷᠢ ᠪᠣᠯᠵᠤ᠂ ᠲᠤᠬᠠᠢᠯᠠᠭ᠍ᠰᠠᠨ ᠠᠵᠢᠯ᠎ᠤᠨ ᠪᠠᠢᠷᠢ ᠳᠡᠭᠡᠷ᠎ᠡ᠎ᠪᠠᠨ ᠦᠯᠢᠭᠡᠷ ᠳᠠᠭᠤᠷᠢᠶᠠᠯ ᠪᠤᠯᠵᠤ᠂ ᠵᠢᠱ᠌ᠢᠶᠡᠴᠢ ᠠᠵᠢᠯᠯᠠᠭ᠎ᠠ᠎ᠪᠠᠷ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠤᠨ ᠴᠤᠭ ᠵᠢᠪᠬᠤᠭ᠎ᠠ᠎ᠶ᠋ᠢ ᠢᠯᠡᠷᠡᠭᠦᠯᠬᠦ᠌ ᠬᠡᠷᠡᠭ᠌ᠳᠡᠢ᠃ ᠤᠯᠤᠰ ᠲᠥᠷᠥ᠎ᠶ᠋ᠢᠨ ᠵᠥᠪᠯᠡᠯᠭᠡᠨ᠎ᠤ ᠵᠣᠬᠢᠶᠠᠨ ᠪᠠᠢᠭᠤᠯᠤᠯᠲᠠ᠎ᠨᠢ ᠬᠠᠮᠢᠶᠠᠷᠤᠯᠲᠠ᠎ᠶ᠋ᠢ ᠴᠢᠩᠭᠠᠳᠭᠠᠬᠤ ᠪᠠ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌᠎ᠶ᠋ᠢ ᠤᠶᠠᠯᠳᠤᠭᠤᠯᠬᠤ᠂ ᠬᠥᠬᠢᠭᠦᠯᠦᠨ ᠵᠣᠷᠢᠬ᠍ᠵᠢᠭᠤᠯᠬᠤ ᠪᠠ ᠰᠠᠬᠢᠯᠭ᠎ᠠ ᠪᠠᠲᠤ᠎ᠪᠠᠷ ᠬᠢᠵᠠᠭᠠᠷᠯᠠᠬᠤ᠎ᠶ᠋ᠢ ᠵᠡᠷᠭᠡ᠎ᠪᠠᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠭᠡᠱᠢᠭᠦᠳ᠎ᠤᠨ ᠪᠡᠶᠡᠴᠢ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠬᠦᠨᠳᠦᠳᠭᠡᠨ᠂ ᠭᠡᠱᠢᠭᠦᠳ᠎ᠤᠨ ᠠᠷᠠᠳᠴᠢᠯᠠᠯ᠎ᠤᠨ ᠡᠷᠬᠡ᠎ᠶ᠋ᠢ ᠪᠠᠲᠤᠯᠠᠵᠤ᠂ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠨᠡᠩ ᠰᠠᠢᠨ᠎ᠢᠶᠠᠷ ᠴᠢᠷᠮᠠᠢᠨ ᠭᠦᠢᠴᠡᠳᠭᠡᠬᠦ᠂ ᠬᠠᠷᠢᠭᠤᠴᠠᠯᠭ᠎ᠠ ᠡᠭᠦᠷᠭᠡᠯᠡᠨ ᠪᠦᠳᠦᠮᠵᠢᠳᠠᠢ ᠠᠵᠢᠯᠯᠠᠬᠤ᠎ᠳᠤ ᠰᠠᠢᠨ ᠰᠠᠢᠬᠠᠨ ᠨᠥᠬᠦᠴᠡᠯ᠎ᠢ ᠪᠦᠷᠢᠯᠳᠦᠭᠦᠯᠵᠦ᠍ ᠥᠭ᠌ᠬᠦ ᠬᠡᠷᠡᠭ᠌ᠳᠡᠢ᠃

ᠭᠤᠷᠪᠠ᠂ ᠬᠤᠢᠱᠢᠳᠠ᠎ᠶ᠋ᠢᠨ ᠠᠵᠢᠯ᠎ᠤᠨ ᠲᠤᠬᠠᠶ ᠰᠠᠨᠠᠭᠤᠯᠭ᠎ᠠ

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠠᠴᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠥᠰᠦᠪ᠎ᠢ ᠪᠠᠢᠷᠢᠯᠠᠭᠤᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠳᠤ ᠤᠷᠤᠭ᠍ᠰᠢᠯᠠᠯᠳᠠ᠎ᠶ᠋ᠢᠨ ᠴᠢᠭ᠌ᠯᠡᠯ᠎ᠢ ᠤᠯᠠᠮ ᠨᠢᠭᠡ ᠠᠯᠬᠤᠮ ᠵᠢᠭᠠᠵᠤ ᠥᠭ᠌ᠴᠡᠶ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠲᠤᠭᠤᠱᠢᠯᠠᠭᠤᠯᠵᠤ᠂ ᠡᠯ᠎ᠡ ᠵᠦᠢᠯ᠎ᠤᠨ ᠡᠭᠦᠷᠭᠡ ᠴᠢᠳᠠᠪᠤᠷᠢ᠎ᠪᠠᠨ ᠬᠢᠨᠠᠮᠠᠭᠠᠶ ᠭᠦᠢᠴᠡᠳᠭᠡᠨ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠍᠂ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠠᠬᠢᠭᠤᠯᠤᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠠᠴᠠ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠤ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ᠃

(ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠤᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠲᠡᠷᠢᠭᠦᠨ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ ᠢᠯᠠᠩᠭᠤᠶ᠎ᠠ ᠱᠢᠨ᠎ᠠ᠎ᠪᠠᠷ ᠲᠣᠱᠢᠶᠠᠯ ᠡᠬᠦᠷᠭᠡᠯᠡᠭ᠌ᠰᠡᠨ ᠭᠡᠱᠢᠬᠦᠳ᠎ᠢ ᠪᠣᠯᠪᠠᠰᠣᠷᠠᠭᠤᠯᠬᠤ ᠠᠵᠢᠯ᠎ᠢ ᠴᠢᠩᠭᠠᠳᠭᠠᠵᠥ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠡ ᠲᠣᠳᠣ ᠭᠤᠤᠯ ᠰᠡᠳᠦᠪ᠂ ᠵᠣᠷᠢᠭ ᠰᠠᠨᠠᠭᠠᠨ᠎ᠤ ᠮᠥᠨ ᠴᠢᠨᠠᠷ ᠪᠣᠯᠤᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠣᠨᠣᠪᠴᠢᠲᠠᠶ ᠡᠵᠡᠮᠱᠢᠵᠦ᠍᠂ ᠭᠡᠱᠢᠭᠦᠳ᠎ᠤᠨ ᠤᠯᠤᠰ ᠲᠦᠷᠦ᠍᠎ᠶ᠋ᠢᠨ ᠬᠡᠪ ᠪᠣᠯᠪᠠᠰᠤᠷᠠᠯ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠥᠷᠭᠡᠨ ᠤᠯᠠᠨ ᠭᠡᠱᠢᠭᠦᠳ᠎ᠢ ᠬᠥᠮᠦᠵᠢᠭᠦᠯᠦᠨ ᠬᠥᠲᠥᠯᠥᠨ ᠵᠢᠯᠣᠭᠤᠳᠴᠤ᠌ ᠪᠠᠢᠭᠠᠳ ᠢᠮᠠᠭ᠍ᠲᠠ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢᠯᠭᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠲᠤᠬᠠᠶ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠨ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠲᠤᠰᠭᠠᠶ ᠵᠥᠪᠯᠡᠬᠦ᠌ ᠪᠠᠢᠭᠤᠯᠤᠮᠵᠢ ᠪᠣᠯᠤᠭ᠍ᠰᠠᠨ᠎ᠤ ᠬᠤᠪᠢ᠎ᠳᠠᠬᠢ ᠦᠢᠯᠡᠳᠦᠯ᠎ᠢ ᠪᠠᠳᠠᠷᠠᠭᠤᠯᠵᠤ᠂ ᠲᠦᠷᠢᠮᠵᠢᠭᠦᠯᠦᠯᠳᠡ᠂ ᠵᠢᠷᠣᠮᠵᠢᠭᠤᠯᠣᠯᠳᠡ᠂ ᠲᠡᠰ ᠲᠠᠷᠠᠭᠠᠵᠢᠭᠤᠯᠣᠯᠳᠠ ᠵᠡᠷᠭᠡ ᠴᠢᠳᠠᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠭᠦᠨᠵᠡᠭᠡᠶ ᠵᠥᠪᠳᠡᠯᠴᠡᠨ ᠦᠢᠯᠡᠳᠦᠯᠴᠡᠬᠦ᠂ ᠰᠠᠨᠠᠯ᠎ᠢᠶᠠᠨ ᠭᠦᠢᠴᠡᠳ ᠢᠯᠡᠳᠭᠡᠬᠦ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠬᠤ ᠬᠢᠷᠢ ᠬᠡᠮᠵᠢᠶ᠎ᠡ᠎ᠪᠠᠨ ᠳᠡᠭᠡᠭ᠌ᠰᠢᠯᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠢᠯ᠎ᠤᠨ ᠲᠥᠰᠦᠪᠯᠡᠯ ᠳᠤᠮᠳᠠ ᠦᠨᠡᠨ ᠬᠦ᠌ ᠲᠤᠭᠤᠱᠢᠯᠠᠭᠤᠯᠵᠤ᠂ ᠪᠣᠳᠠᠲᠠᠶ ᠠᠵᠢᠯᠯᠠᠭ᠎ᠠ ᠳᠡᠭᠡᠷ᠎ᠡ᠎ᠪᠠᠨ ᠦᠨᠡᠨ ᠬᠦ᠌  ᠨᠠᠢᠳᠠᠪᠤᠷᠢᠵᠢᠭᠤᠯᠤᠨ᠎ᠠ᠃

(ᠬᠤᠶᠠᠷ) ᠨᠠᠮ ᠪᠠ ᠤᠯᠤᠰ᠎ᠤᠨ ᠠᠵᠢᠯ᠎ᠤᠨ ᠶᠡᠭᠡ ᠲᠠᠯ᠎ᠠ᠎ᠳᠤ ᠦᠢᠯᠡᠴᠢᠯᠡᠬᠦ᠌᠎ᠶ᠋ᠢᠨ ᠲᠣᠭᠤᠷᠢᠨ᠎ᠳᠤ ᠵᠦᠪᠯᠡᠯᠭᠡ ᠬᠢᠵᠦ᠍ ᠲᠦᠷᠦ᠍᠎ᠶ᠋ᠢᠨ ᠬᠡᠷᠡᠭ᠎ᠢ ᠵᠥᠪᠯᠡᠨ᠎ᠡ᠃ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ᠂ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢ ᠪᠡᠶᠡᠯᠡᠭᠦᠯᠬᠦ᠌᠎ᠳᠤ ᠦᠢᠯᠡᠴᠢᠯᠡᠬᠦ᠌᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠭᠤᠯᠭ᠎ᠠ ᠪᠣᠯᠭᠠᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠯᠠᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠬᠤ᠂ 《ᠳᠦᠷᠪᠡᠨ ᠪᠦᠬᠦ᠌ ᠲᠠᠯ᠎ᠠ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠩᠭᠤᠢ ᠠᠬᠢᠭᠤᠯᠬᠤ᠎ᠳᠤ ᠦᠢᠯᠡᠴᠢᠯᠡᠬᠦ᠌᠎ᠪᠠᠷ ᠬᠦᠴᠦᠯᠡᠬᠦ᠌ ᠭᠤᠤᠯᠳᠠᠯᠭ᠎ᠠ ᠪᠣᠯᠭᠠᠵᠤ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠠᠰᠠᠭᠤᠳᠠᠯ᠎ᠲᠠᠢ ᠨᠢᠭ᠍ᠳᠠ ᠤᠶᠠᠯᠳᠤᠭᠤᠯᠤᠨ᠂ ᠭᠦᠨᠵᠡᠭᠡᠢ ᠵᠥᠪᠳᠡᠯᠴᠡᠨ ᠰᠠᠢᠨ ᠠᠷᠭ᠎ᠠ ᠪᠤᠳᠤᠯᠭ᠎ᠠ᠎ᠶ᠋ᠢ ᠰᠦᠪᠡᠭ᠌ᠴᠢᠯᠡᠵᠦ᠍᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠳᠠᠷᠠᠭᠤᠯᠤᠨ ᠨᠡᠢᠯᠡᠯ ᠬᠦᠴᠦᠨ᠎ᠢ ᠨᠡᠮᠡᠭ᠌ᠳᠡᠭᠦᠯᠦᠨ᠎ᠡ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ ᠲᠥᠷᠥ᠎ᠶ᠋ᠢᠨ ᠵᠥᠪᠯᠡᠯᠭᠡ ᠬᠢᠬᠦ᠌ ᠠᠵᠢᠯ᠎ᠤᠨ ᠳᠦᠷᠢᠮ》 ᠎ᠢ᠋ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨᠴᠢ ᠠᠷᠠᠳᠴᠢᠯᠠᠯ᠎ᠢᠶᠠᠷ ᠪᠤᠳᠤᠯᠭ᠎ᠠ ᠲᠣᠭ᠍ᠲᠠᠭᠠᠬᠤ᠎ᠶ᠋ᠢ ᠠᠬᠢᠭᠤᠯᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠳᠤ ᠦᠵᠡᠭᠦᠯᠬᠦ᠌ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠤᠯᠤᠰ ᠲᠦᠷᠦ᠍᠎ᠶ᠋ᠢᠨ ᠵᠥᠪᠯᠡᠯᠭᠡ᠎ᠶ᠋ᠢᠨ ᠴᠢᠬᠤᠯᠠ ᠦᠢᠯᠡᠳᠦᠯ᠎ᠢ ᠪᠠᠳᠠᠷᠠᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠯᠢ ᠤᠯᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢᠨ ᠲᠤᠭᠤᠷᠢᠨ᠎ᠳᠤ ᠵᠦᠪᠯᠡᠯᠭᠡ ᠬᠢᠵᠦ᠍ ᠲᠦᠷᠦ᠍᠎ᠶ᠋ᠢᠨ ᠬᠡᠷᠡᠭ᠎ᠢ ᠵᠦᠪᠯᠡᠵᠦ᠍᠂ ᠴᠢᠨᠠᠷ ᠰᠠᠢᠲᠠᠶ ᠰᠠᠨᠠᠯ ᠵᠥᠪᠯᠡᠯᠭᠡ ᠳᠤᠷᠠᠳᠤᠨ᠎ᠠ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠵᠥᠪᠯᠡᠬᠦ᠌ ᠬᠡᠯᠪᠡᠷᠢ᠎ᠶ᠋ᠢᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ᠎ᠶ᠋ᠢ ᠴᠢᠩᠭᠠᠳᠭᠠᠵᠤ᠂ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ᠎ᠳᠠᠬᠢ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠦᠢᠯᠡᠳᠦᠯ᠎ᠢ ᠭᠦᠢᠴᠡᠳ ᠢᠯᠡᠷᠡᠭᠦᠯᠦᠨ᠎ᠡ᠃

(ᠭᠤᠷᠪᠠ) ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ ᠪᠦᠯᠬᠦᠮᠳᠡᠯ᠎ᠢ ᠴᠢᠩᠭᠠᠳᠭᠠᠬᠤ ᠠᠵᠢᠯ᠎ᠢ ᠬᠢᠨᠠᠮᠠᠭᠠᠶ ᠰᠠᠢᠲᠤᠷ ᠬᠢᠨ᠎ᠡ᠃ ᠬᠠᠮᠤᠭ᠎ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠢ ᠪᠠᠬᠢᠵᠢᠭᠦᠯᠦᠨ ᠬᠥᠭ᠌ᠵᠢᠭᠦᠯᠬᠦ᠌᠎ᠶ᠋ᠢ ᠪᠠᠷᠢᠮᠳᠠᠯᠠᠵᠤ᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ᠎ᠤᠨ ᠨᠢᠭᠡᠳᠦᠯ᠎ᠢ ᠪᠠᠷᠢᠮᠲᠠᠯᠠᠵᠤ᠂ ᠪᠦᠯᠬᠦᠮᠳᠡᠯ ᠨᠥᠬᠦᠷᠯᠡᠯ᠎ᠤᠨ ᠲᠠᠪᠴᠠᠩ ᠠᠴᠢᠶᠠᠯᠠᠪᠤᠷᠢ᠎ᠶ᠋ᠢ ᠪᠠᠶᠠᠯᠢᠬ᠍ᠵᠢᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠪᠣᠳᠠᠲᠤ ᠦᠷ᠎ᠡ ᠪᠦᠲᠦᠮᠵᠢ᠎ᠶ᠋ᠢ ᠦᠷᠭᠦᠯᠵᠢᠯᠡᠨ ᠨᠡᠮᠡᠭ᠌ᠳᠡᠬᠦᠯᠦᠨ᠎ᠡ᠃ ᠭᠡᠱᠢᠭᠦᠳ᠎ᠤᠨ ᠡᠲᠡᠭᠡᠳ᠎ᠤᠨ ᠢᠯᠭᠠᠯ᠎ᠤᠨ ᠣᠯᠠᠨ ᠲᠦᠮᠡᠨ᠎ᠲᠠᠢ ᠬᠠᠷᠢᠯᠴᠠᠬᠤ ᠳᠦᠷᠢᠮ᠎ᠢ ᠪᠦᠷᠢᠨᠱᠢᠬᠦᠯᠵᠦ᠍᠂ ᠭᠡᠱᠢᠭᠦᠳ᠎ᠤᠨ ᠦᠨᠳᠦᠰᠦᠨ ᠱᠠᠲᠤᠨ᠎ᠳᠤ ᠭᠦᠨᠵᠡᠭᠡᠢᠷᠡᠨ᠂ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠤ ᠳᠤᠮᠳᠠ ᠭᠦᠨᠵᠡᠭᠡᠢᠷᠡᠨ᠂ ᠤᠯᠠᠨ ᠲᠦᠮᠡᠨ᠎ᠤ ᠰᠠᠨᠠᠯ ᠰᠠᠨᠠᠭᠤᠯᠭ᠎ᠠ᠎ᠶ᠋ᠢ ᠴᠠᠭ ᠲᠤᠬᠠᠶ᠎ᠳᠤᠨᠢ ᠲᠤᠰᠭᠠᠬᠤ᠎ᠶ᠋ᠢ ᠵᠣᠷᠢᠬ᠍ᠵᠢᠭᠤᠯᠤᠨ ᠳᠡᠮᠵᠢᠵᠦ᠍᠂ ᠨᠠᠮ ᠪᠠ ᠲᠥᠷᠥ᠎ᠶ᠋ᠢᠨ ᠴᠢᠭ᠌ᠯᠡᠯᠲᠡ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠵᠤ᠂ ᠬᠠᠷᠢᠴᠠᠭ᠎ᠠ᠎ᠶ᠋ᠢ ᠵᠣᠬᠢᠴᠠᠭᠤᠯᠬᠤ᠂ ᠤᠷᠮ᠎ᠠ ᠰᠡᠳᠭᠢᠯᠭᠡ᠎ᠶ᠋ᠢ ᠱᠢᠯᠤᠭᠤᠳᠭᠠᠬᠤ᠂ ᠵᠥᠷᠢᠴᠡᠯ᠎ᠢ ᠠᠷᠢᠯᠭᠠᠬᠤ ᠠᠵᠢᠯ᠎ᠢ ᠬᠠᠮᠵᠢᠯᠴᠠᠨ ᠰᠠᠢᠲᠤᠷ ᠬᠢᠵᠦ᠍᠂ ᠡᠯ᠎ᠡ ᠦᠨᠳᠦᠰᠦᠲᠡᠨ ᠡᠯ᠎ᠡ ᠡᠲᠡᠭᠡᠳ᠎ᠤᠨ ᠬᠥᠮᠦᠰ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠤᠷᠢᠨ᠎ᠳᠤ ᠨᠡᠩ ᠰᠠᠢᠨ ᠪᠦᠯᠬᠦᠮᠳᠡᠭᠦᠯᠦᠨ᠎ᠡ᠃ ᠭᠠᠳᠠᠭᠠᠳᠤ ᠬᠠᠷᠢᠯᠴᠠᠭ᠎ᠠ ᠵᠢ ᠴᠢᠨᠭᠭᠠᠳᠬᠠᠵᠤ᠂ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ᠎ᠵᠢᠨ ᠲᠤᠬᠠᠢ ᠳᠡᠯᠡᠬᠡᠢ ᠨᠡᠢᠭᠡᠮ᠎ᠤᠨ ᠤᠢᠯᠠᠭᠠᠯᠲᠠ ᠪᠠ ᠬᠠᠮᠲᠤ᠎ᠵᠢᠨ ᠲᠠᠨᠢᠯᠲᠠ ᠵᠢ ᠨᠡᠮᠡᠭᠳᠡᠭᠦᠯᠦᠨ᠎ᠡ᠃

ᠭᠡᠱᠢᠭᠦᠳ ᠡ ! ᠠᠭᠤᠤ ᠶᠡᠭᠡ ᠠᠮᠵᠢᠯᠲᠠ ᠪᠦᠲᠦᠮᠵᠢ᠎ᠨᠢ ᠯᠠᠪᠳᠠᠢ ᠢᠯᠠᠬᠤ ᠢᠲᠡᠭᠡᠯ ᠵᠣᠷᠢᠭ᠎ᠢ ᠪᠠᠲᠤᠳᠭᠠᠵᠤ᠂ ᠠᠤᠭ᠎ᠠ ᠬᠠᠷᠠᠯᠲᠠ᠎ᠨᠢ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ ᠬᠥᠭ᠌ᠵᠢᠭᠡᠨ᠎ᠡ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠲᠣᠭᠤᠷᠢᠨ᠎ᠳᠤ ᠨᠠᠩ ᠢᠯᠡᠬᠦᠦ ᠨᠢᠭ᠍ᠲᠠᠷᠠᠨ ᠪᠦᠯᠬᠦᠮᠳᠡᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠨ᠂ ᠡᠷᠴᠢ ᠵᠣᠷᠢᠭ᠍ᠲᠠᠢ᠎ᠪᠠᠷ ᠴᠢᠷᠮᠠᠢᠵᠤ᠂ ᠱᠢᠷᠭᠠᠭᠤ ᠬᠠᠳᠠᠭᠤᠵᠢᠯᠳᠠᠢ᠎ᠪᠠᠷ ᠠᠵᠢᠯᠯᠠᠨ᠂ ᠡᠷᠡᠯᠬᠡᠭ ᠱᠢᠭᠤᠷᠬᠠᠢ᠎ᠪᠠᠷ ᠤᠷᠤᠭ᠍ᠰᠢᠯᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠦᠬᠦᠷᠡᠰᠢ ᠦᠭᠡᠢ ᠲᠡᠮᠡᠴᠡᠵᠡᠭᠡᠶ᠎ᠡ!

(ᠰᠢᠨᠬᠣᠸᠠ ᠬᠣᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 11 ᠤ᠋ ᠴᠠᠬᠢᠯᠭᠠᠨ ᠮᠡᠳᠡᠭᠡ )

(ᠳᠣᠮᠳᠠᠳᠣ ᠣᠯᠣᠰ ᠤ᠋ᠨ ᠦᠨᠳᠦᠰᠦᠳᠡᠨ ᠤ᠋ ᠬᠡᠯᠡᠨ ᠤ᠋ ᠣᠷᠴᠢᠭᠣᠯᠭ᠎ᠠ ᠵᠢᠨ ᠳᠣᠪᠴᠢᠶ᠎ᠠ ᠣᠷᠴᠢᠭᠣᠯᠪᠠ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号