ᠬᠣᠲᠠ ᠪᠠᠯᠭᠠᠰᠤᠵᠢᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠪᠣᠯ 2035 ᠣᠨ᠎ᠳᠤ ᠮᠠᠨ᠎ᠤ ᠤᠯᠤᠰ᠎ᠤᠨ ᠨᠡᠢᠭᠡᠮ ᠵᠢᠷᠤᠮᠳᠦ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠴᠢᠬᠤᠯᠠ ᠬᠠᠷᠠᠯᠲᠠ᠎ᠶ᠋ᠢᠨ ᠨᠢᠭᠡ ᠮᠥᠨ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠬᠰᠠᠨ ᠨᠠᠮ᠎ᠤᠨ ᠲᠥᠪ ᠬᠣᠷᠢᠶ᠎ᠠ ᠱᠢᠨ᠎ᠡ ᠬᠡᠯᠪᠡᠷᠢ ᠵᠢᠨ ᠬᠣᠲᠠ ᠪᠠᠯᠭᠠᠰᠤᠵᠢᠯᠲᠠ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠂ ᠬᠥᠮᠦᠨ᠎ᠢᠶᠡᠷ ᠭᠤᠤᠯ ᠪᠣᠯᠭᠠᠵᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠱᠢᠨ᠎ᠡ ᠬᠡᠯᠪᠡᠷᠢ ᠵᠢᠨ ᠬᠣᠲᠠ ᠪᠠᠯᠭᠠᠰᠤᠵᠢᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢ ᠲᠣᠳᠣᠷᠬᠠᠶ ᠳᠤᠷᠠᠳᠤᠨ ᠭᠠᠷᠭᠠᠵᠤ᠂ ᠮᠠᠨ᠎ᠤ ᠤᠯᠤᠰ᠎ᠤᠨ ᠬᠣᠲᠠ ᠪᠠᠯᠭᠠᠰᠤᠵᠢᠯᠲᠠᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠱᠢᠨ᠎ᠡ ᠱᠠᠲᠤᠨ᠎ᠳᠤ ᠣᠷᠣᠵᠤ᠂ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠤᠯᠬᠤ᠎ᠶ᠋ᠢ ᠠᠬᠢᠭᠤᠯᠪᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ ᠳ᠋ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ 《ᠣᠷᠣᠨ ᠪᠦᠰᠡ᠎ᠵᠢᠨ ᠵᠣᠬᠢᠴᠠᠩᠭᠤᠢᠬᠦᠭᠵᠢᠯᠳᠡ ᠵᠢᠨ ᠪᠠᠢᠯᠳᠤᠬᠤ ᠪᠤᠳᠤᠯᠭ᠎ᠠ ᠂ ᠣᠷᠣᠨ ᠪᠦᠰᠡ᠎ᠶ᠋ᠢᠨ ᠴᠢᠬᠤᠯᠠ ᠶᠡᠬᠡ ᠪᠠᠢᠯᠳᠤᠬᠤ ᠪᠤᠳᠤᠯᠭ᠎ᠠ ᠂ ᠭᠤᠤᠯ ᠴᠣᠭ᠍ᠴᠠ᠎ᠶ᠋ᠢᠨ ᠴᠢᠳᠠᠮᠵᠢᠳᠤ ᠣᠷᠣᠨ᠎ᠤ ᠪᠠᠢᠯᠳᠤᠬᠤ ᠪᠤᠳᠤᠯᠭ᠎ᠠ᠂ ᠱᠢᠨ᠎ᠡ ᠬᠡᠯᠪᠡᠷᠢ ᠵᠢᠨ ᠬᠤᠳᠠ ᠪᠠᠯᠭᠠᠰᠤᠵᠢᠯᠳᠠ ᠵᠢᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠬᠦ᠌》 ᠶ᠋ᠢ ᠤᠯᠠᠮ ᠴᠢᠬᠤᠯᠠᠴᠢᠯᠠᠵᠤ ᠂ ᠬᠥᠮᠦᠨ᠎ᠢᠶᠡᠷ ᠭᠤᠤᠯ ᠪᠤᠯᠭᠠᠬᠰᠠᠨ ᠰᠢᠨ᠎ᠡ ᠬᠡᠯᠪᠡᠷᠢ ᠵᠢᠨ ᠬᠤᠳᠠ ᠪᠠᠯᠭᠠᠰᠤᠵᠢᠯᠳᠠ ᠵᠢ ᠠᠬᠢᠭᠤᠯᠬᠤ᠎ᠳᠤ ᠲᠠᠬᠢᠨ ᠪᠠᠢᠷᠢᠯᠠᠭᠤᠯᠤᠯᠲᠠ᠂ ᠲᠠᠬᠢᠨ ᠲᠤᠬᠢᠷᠠᠭᠤᠯᠤᠯᠳᠡ ᠬᠢᠪᠠ᠃
ᠱᠢᠨ᠎ᠡ ᠬᠡᠯᠪᠡᠷᠢ ᠵᠢᠨ ᠬᠤᠲᠠ ᠪᠠᠯᠭᠠᠰᠤᠵᠢᠯᠲᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠢᠯᠠᠰᠢ ᠦᠭᠡᠢ ᠰᠣᠩᠭᠣᠯᠲᠠ ᠮᠥᠨ
2013 ᠣᠨ᠎ᠤ 12 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠦ ᠳᠠᠷᠠᠭᠠᠬᠢ ᠠᠩᠬᠠᠳᠤᠭᠠᠷ ᠤᠳᠠᠭᠠᠨ᠎ᠤ ᠲᠥᠪ᠎ᠦᠨ ᠬᠣᠲᠠ ᠪᠠᠯᠭᠠᠰᠤᠵᠢᠯᠲᠠ᠎ᠶ᠋ᠢᠨ ᠠᠵᠢᠯ᠎ᠤᠨ ᠬᠤᠷᠠᠯ ᠳᠡᠭᠡᠷ᠎ᠡ ᠬᠣᠲᠠ ᠪᠠᠯᠭᠠᠰᠤᠵᠢᠯᠲᠠ ᠪᠣᠯ ᠣᠳᠣᠬᠢᠴᠢᠯᠠᠯᠳᠠ ᠵᠢᠨ ᠵᠠᠪᠠᠯ ᠶᠠᠪᠤᠬᠤ ᠵᠠᠮ ᠮᠦᠨ ᠭᠡᠵᠦ ᠵᠢᠭᠠᠵᠦ ᠭᠠᠷᠭᠠᠬᠰᠠᠨ ᠨᠢ ᠬᠤᠳᠠ ᠪᠠᠯᠭᠠᠰᠤᠵᠢᠯᠳᠠ ᠵᠢᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠳᠠᠬᠢ ᠪᠠᠢᠯᠳᠤᠬᠤ ᠪᠣᠳᠣᠯᠭ᠎ᠠ᠎ᠶ᠋ᠢᠨ ᠴᠢᠨᠠᠷ᠂ ᠪᠦᠬᠦ᠌ ᠲᠠᠯ᠎ᠠ᠎ᠶ᠋ᠢᠨ ᠴᠢᠨᠠᠷ ᠪᠠ ᠠᠯᠤᠰ ᠬᠡᠳᠦ᠍᠎ᠶ᠋ᠢᠨ ᠴᠢᠨᠠᠷ᠎ᠤᠨ ᠠᠴᠢ ᠬᠣᠯᠪᠣᠭ᠍ᠳᠠᠯ᠎ᠢ ᠭᠦᠨᠵᠡᠭᠡᠶ ᠲᠣᠳᠣᠷᠬᠠᠢᠯᠠᠵᠠᠶ᠃ ᠬᠥᠮᠦᠨ᠎ᠢᠶᠡᠷ ᠭᠤᠤᠯ ᠪᠣᠯᠭᠠᠬᠰᠠᠨ ᠱᠢᠨ᠎ᠡ ᠬᠡᠯᠪᠡᠷᠢ ᠵᠢᠨ ᠬᠤᠳᠠ ᠪᠠᠯᠭᠠᠰᠤᠵᠢᠯᠳᠠ ᠵᠢ ᠠᠬᠢᠭᠤᠯᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠤᠨ ᠴᠢᠬᠤᠯᠠ ᠠᠭᠤᠯᠭ᠎ᠠ ᠪᠥᠭᠡᠳ ᠪᠠᠰᠠ ᠴᠤ᠌ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠶ᠋ᠢᠨ ᠵᠠᠢᠯᠠᠰᠢ ᠦᠭᠡᠢ ᠰᠣᠩᠭᠣᠯᠲᠠ ᠮᠥᠨ᠃
ᠱᠢᠨ᠎ᠡ ᠬᠡᠯᠪᠡᠷᠢ ᠵᠢᠨ ᠬᠤᠲᠠ ᠪᠠᠯᠭᠠᠰᠤᠵᠢᠯᠲᠠ ᠪᠣᠯ ᠱᠢᠨ᠎ᠡ ᠬᠡᠯᠪᠡᠷᠢ ᠵᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠲᠠᠷᠢᠶᠠᠯᠠᠩ᠎ᠤᠨ ᠣᠳᠣᠬᠢᠴᠢᠯᠠᠯᠲᠠ᠎ᠶ᠋ᠢᠨ ᠴᠢᠬᠤᠯᠠ ᠬᠦᠳᠦᠴᠢ ᠮᠥᠨ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠨᠡᠢᠭᠡᠮ ᠵᠢᠷᠤᠮᠳᠦ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠡᠷᠦᠩᠬᠡᠢ ᠬᠠᠷᠠᠯᠲᠠ᠎ᠶ᠋ᠢ ᠤᠯᠠᠮ ᠲᠣᠳᠣᠷᠬᠠᠢᠯᠠᠵᠤ ᠂ 2035 ᠣᠨ ᠪᠣᠯᠬᠤ᠎ᠳᠤ 《 ᠱᠢᠨ᠎ᠡ ᠬᠡᠯᠪᠡᠷᠢ ᠵᠢᠨ ᠠᠵᠤ ᠦᠢᠯᠡᠳᠪᠦᠷᠢᠵᠢᠯᠲᠡ ᠂ ᠮᠡᠳᠡᠭᠡ ᠵᠠᠩᠭᠢᠵᠢᠯᠲᠠ ᠂ ᠬᠤᠳᠠ ᠪᠠᠯᠭᠠᠰᠤᠵᠢᠯᠳᠠ ᠂ ᠲᠠᠷᠢᠶᠠᠯᠠᠩ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ 》 ᠭᠡᠵᠦ ᠲᠤᠷᠠᠳᠴᠠᠢ᠃ 《ᠲᠦᠷᠪᠡᠨ ᠣᠳᠣᠬᠢᠴᠢᠯᠠᠯᠲᠠ》᠎ᠶ᠋ᠢᠨ ᠬᠣᠭᠣᠷᠣᠨᠳᠣ ᠬᠠᠷᠢᠯᠴᠠᠨ ᠨᠥᠬᠥᠴᠡᠯᠳᠦᠵᠦ᠍᠂ ᠬᠠᠷᠢᠯᠴᠠᠨ ᠦᠢᠯᠡᠳᠦᠯᠴᠡᠵᠦ᠍᠂ ᠵᠡᠷᠭᠡᠴᠡᠨ ᠬᠥᠭ᠌ᠵᠢᠵᠦ᠍᠂ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮᠳᠦ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢ ᠬᠠᠮᠲᠤ᠎ᠪᠠᠷ ᠠᠬᠢᠭᠤᠯᠳᠠᠭ᠃ ᠬᠤᠳᠠ ᠪᠠᠯᠭᠠᠰᠤᠵᠢᠯᠳᠡ ᠪᠣᠯ ᠱᠢᠨ᠎ᠡ ᠬᠡᠯᠪᠡᠷᠢ ᠵᠢᠨ ᠠᠵᠤ ᠦᠢᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ᠎ᠶ᠋ᠢᠨ ᠬᠥᠭ᠌ᠵᠢᠯᠲᠡ᠎ᠶ᠋ᠢᠨ ᠴᠢᠬᠤᠯᠠ ᠣᠷᠣᠨ ᠵᠠᠢ᠎ᠶ᠋ᠢᠨ ᠠᠴᠢᠶᠠᠯᠠᠭ᠍ᠴᠢ ᠮᠥᠨ ᠂ ᠠᠵᠤ ᠦᠢᠯᠡᠳᠪᠦᠷᠢᠵᠢᠯᠲᠡ ᠳᠦ ᠦᠢᠯᠡᠳᠪᠦᠷᠢᠯᠡᠯ᠎ᠦᠨ ᠡᠯᠧᠮᠧᠨ᠋ᠲ᠎ᠦᠨ ᠭᠦᠢᠴᠡᠳ ᠳᠡᠮᠵᠢᠯᠭᠡ ᠪᠠ ᠥᠷᠭᠡᠨ ᠠᠭᠤᠳᠠᠮ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠶ᠋ᠢ ᠬᠠᠩᠭᠠᠵᠤ᠂ ᠮᠡᠳᠡᠭᠡ ᠵᠠᠩᠭᠢᠵᠢᠯᠲᠠ᠎ᠳᠤ ᠱᠢᠯᠢᠳᠡᠭ ᠴᠢᠳᠠᠪᠤᠷᠢᠲᠠᠨ᠎ᠢ ᠴᠤᠭ᠍ᠯᠠᠷᠠᠭᠤᠯᠬᠤ ᠪᠠ ᠮᠡᠷᠭᠡᠵᠢᠯ᠎ᠦᠨ ᠠᠬᠤᠢ ᠪᠠᠢᠳᠠᠯ᠎ᠤᠨ ᠬᠡᠷᠡᠭ᠌ᠯᠡᠭᠡᠨ᠎ᠦ ᠲᠠᠯᠠᠪᠤᠷ ᠭᠠᠵᠠᠷ᠎ᠢ ᠬᠠᠩᠭᠠᠬᠤ ᠪᠤᠯᠤᠨ᠎ᠠ; ᠬᠤᠳᠠ ᠪᠠᠯᠭᠠᠰᠤᠵᠢᠯᠳᠠ ᠪᠣᠯ ᠲᠠᠷᠢᠶᠠᠯᠠᠩ᠎ᠤᠨ ᠣᠳᠣᠬᠢᠴᠢᠯᠠᠯᠲᠠ᠎ᠶ᠋ᠢᠨ ᠴᠢᠬᠤᠯᠠ ᠲᠦᠯᠬᠢᠴᠡ ᠬᠦᠴᠦᠨ ᠮᠥᠨ ᠂ ᠡᠭᠦᠨ᠎ᠦ ᠵᠡᠷᠭᠡᠴᠡᠭᠡ ᠪᠡᠷ ᠱᠢᠨ᠎ᠡ ᠬᠡᠷᠡᠭ᠌ᠴᠡᠭᠡ᠎ᠶ᠋ᠢ ᠲᠠᠰᠤᠷᠠᠯᠳᠠ ᠦᠭᠡᠢ ᠡᠭᠦᠳᠦᠨ ᠬᠥᠳᠤᠯᠤᠨ ᠳᠠᠭᠠᠭᠤᠯᠵᠤ᠂ ᠨᠢᠭᠡ᠂ ᠬᠣᠶᠠᠷ᠂ ᠭᠤᠷᠪᠠᠳᠤᠭᠠᠷ ᠠᠵᠤ ᠦᠢᠯᠡᠰ᠎ᠦᠨ ᠠᠭᠤᠰᠤᠯᠳᠤᠨ ᠬᠥᠭ᠌ᠵᠢᠬᠦ᠌᠎ᠶ᠋ᠢ ᠠᠬᠢᠭᠤᠯᠤᠨ᠂ ᠲᠠᠷᠢᠶᠠᠯᠠᠩ ᠤᠨ ᠠᠵᠤ ᠦᠢᠯᠡᠰᠵᠢᠯᠲᠡ᠎ᠶ᠋ᠢᠨ ᠲᠦᠪᠱᠢᠨᠲᠡᠭᠡᠭᠰᠢᠯᠡᠬᠦ ᠪᠠ ᠲᠠᠷᠢᠶᠠᠯᠠᠩ᠎ᠤᠨ ᠠᠵᠤ ᠦᠢᠯᠡᠰ ᠦᠨ ᠪᠦᠲᠦᠴᠡ᠎ᠶ᠋ᠢᠨ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠳᠦ ᠲᠠᠰᠤᠷᠠᠯᠳᠠ ᠦᠭᠡᠢ ᠵᠣᠬᠢᠴᠠᠬᠤ᠎ᠶ᠋ᠢ ᠠᠬᠢᠭᠤᠯᠬᠤ ᠪᠤᠯᠤᠨ᠎ᠠ᠃
ᠱᠢᠨ᠎ᠡ ᠬᠡᠯᠪᠡᠷᠢ ᠵᠢᠨ ᠬᠣᠲᠠ ᠪᠠᠯᠭᠠᠰᠤᠵᠢᠯᠲᠠ ᠪᠣᠯ ᠬᠠᠮᠲᠤ᠎ᠪᠠᠷ ᠪᠠᠶᠠᠵᠢᠬᠤ᠌᠎ᠶ᠋ᠢ ᠪᠡᠶᠡᠯᠡᠭᠦᠯᠬᠦ᠌᠎ᠳᠦ ᠵᠠᠪᠠᠯ ᠶᠠᠪᠤᠬᠤ ᠵᠠᠮ ᠮᠥᠨ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ᠌ ᠣᠳᠣᠬᠢᠴᠢᠯᠠᠯᠲᠠ ᠮᠥᠨ ᠬᠡᠵᠦ ᠵᠢᠭᠠᠵᠦ ᠭᠠᠷᠭᠠᠪᠠ᠃ ᠬᠠᠮᠲᠤ᠎ᠪᠠᠷ ᠪᠠᠶᠠᠵᠢᠬᠤ ᠪᠣᠯ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠮᠥᠨ ᠴᠢᠨᠠᠷ᠎ᠤᠨ ᠱᠠᠭᠠᠷᠳᠠᠯᠭ᠎ᠠ ᠮᠥᠨ᠂ ᠪᠠᠰᠠ ᠴᠤ᠌ ᠨᠢᠭᠡᠨ ᠤᠷᠳᠤ ᠬᠤᠭᠤᠴᠠᠭᠠᠨ᠎ᠤ ᠲᠡᠦᠬᠡᠨ ᠶᠠᠪᠤᠴᠠ ᠮᠥᠨ᠃ 《 ᠬᠥᠮᠦᠨ᠎ᠢᠶᠡᠷ ᠭᠣᠣᠯ ᠪᠣᠯᠭᠠᠬᠤ 》 ᠪᠣᠯ ᠱᠢᠨ᠎ᠡ ᠬᠡᠯᠪᠡᠷᠢ ᠵᠢᠨ ᠬᠤᠲᠠ ᠪᠠᠯᠭᠠᠰᠤᠵᠢᠯᠲᠠ ᠵᠢᠨ ᠮᠥᠨ ᠴᠢᠨᠠᠷ᠎ᠤᠨ ᠱᠠᠭᠠᠷᠳᠠᠯᠭ᠎ᠠ ᠮᠥᠨ ᠂ ᠲᠡᠷᠡ ᠨᠢ ᠬᠠᠮᠲᠤ᠎ᠪᠠᠷ ᠪᠠᠶᠠᠵᠢᠬᠤ ᠳᠦ ᠱᠠᠭᠠᠷᠳᠠᠭ᠍ᠰᠠᠨ 《ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ ᠤᠨ ᠬᠦᠰᠡᠯ ᠮᠦᠷᠦᠭᠡᠳᠦᠯ᠎ᠢ ᠪᠡᠶᠡᠯᠡᠭᠦᠯᠬᠦ᠌᠎ᠪᠡᠷ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠡᠭᠦᠰᠦᠯᠲᠡ ᠪᠠ ᠲᠤᠰᠤᠯᠳᠠ ᠪᠣᠯᠭᠠᠬᠤ᠎ᠶ᠋ᠢ ᠪᠠᠷᠢᠮᠲᠠᠯᠠᠬᠤ 》 ᠲᠠᠶ ᠮᠥᠨ ᠴᠢᠨᠠᠷ ᠳᠡᠭᠡᠷ᠎ᠡ᠎ᠪᠡᠨ ᠨᠢᠭᠡᠳᠦᠯᠲᠡᠢ ᠶᠤᠮ᠃
ᠱᠢᠨ᠎ᠡ ᠬᠡᠯᠪᠡᠷᠢ ᠵᠢᠨ ᠬᠣᠲᠠ ᠪᠠᠯᠭᠠᠰᠤᠵᠢᠯᠲᠠ ᠪᠣᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠳᠣᠲᠣᠭᠠᠳᠤ ᠬᠥᠳᠡᠯᠭᠡᠬᠦ᠌ ᠬᠦᠴᠦᠨ ᠮᠥᠨ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠭᠣᠨ᠎ᠳᠤ ᠪᠠᠢᠨ᠎ᠠ᠂ ᠡᠷᠬᠡᠪᠰᠢ ᠬᠥᠳᠡᠭᠡ ᠠᠵᠤ ᠠᠬᠤᠢ ᠭᠡᠬᠦ᠌ ᠡᠨᠡ ᠬᠦ᠌ 《 ᠳᠤᠲᠠᠭᠤᠳᠠᠯ 》᠂ ᠬᠥᠳᠡᠭᠡ ᠲᠣᠰᠭᠣᠨ ᠭᠡᠬᠦ᠌ ᠡᠨᠡ ᠬᠦ᠌ 《ᠳᠤᠲᠠᠭᠤᠳᠠᠯ》 ᠢ᠋ ᠲᠦᠷᠭᠡᠨ ᠨᠥᠬᠥᠪᠥᠷᠢᠯᠡᠵᠦ᠍᠂ ᠱᠢᠨ᠎ᠡ ᠬᠡᠯᠪᠡᠷᠢ᠎ᠶ᠋ᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠠ᠂ ᠬᠥᠳᠡᠭᠡ ᠠᠵᠤ ᠠᠬᠤᠢ᠎ᠶ᠋ᠢᠨ ᠣᠳᠣᠬᠢᠴᠢᠯᠠᠯᠲᠠ᠎ᠶ᠋ᠢ ᠵᠡᠷᠭᠡ᠎ᠪᠡᠷ ᠬᠥᠭ᠌ᠵᠢᠭᠦᠯᠬᠦ᠌᠎ᠶ᠋ᠢ ᠲᠦᠷᠭᠡᠨ ᠪᠡᠶᠡᠯᠡᠭᠦᠯᠬᠦ᠌ ᠬᠡᠷᠡᠭ᠌ᠲᠡᠢ᠃ ᠱᠢᠨ᠎ᠡ ᠬᠡᠯᠪᠡᠷᠢ ᠵᠢᠨ ᠬᠤᠲᠠ ᠪᠠᠯᠭᠠᠰᠤᠵᠢᠯᠲᠠ᠎ᠵᠢᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠠᠬᠢᠭᠤᠯᠵᠤ᠂ ᠲᠠᠷᠢᠶᠠᠯᠠᠩ᠎ᠡᠴᠡ ᠱᠢᠯᠵᠢᠭ᠌ᠰᠡᠨ ᠬᠥᠮᠦᠨ ᠠᠮᠠ᠎ᠶ᠋ᠢ ᠬᠤᠲᠠ᠎ᠶ᠋ᠢᠨ ᠠᠷᠠᠳ ᠪᠣᠯᠭᠠᠬᠤ᠎ᠶ᠋ᠢ ᠡᠮᠬᠢ ᠵᠢᠷᠤᠮ᠎ᠲᠠᠶ᠎ᠪᠠᠷ ᠠᠬᠢᠭᠤᠯᠵᠤ᠂ ᠬᠥᠳᠡᠭᠡ ᠲᠣᠰᠭᠣᠨ᠎ᠤ ᠭᠠᠵᠠᠷ ᠱᠢᠷᠣᠢ᠎ᠶ᠋ᠢᠨ ᠡᠷᠭᠢᠯᠲᠡ᠎ᠶ᠋ᠢ ᠠᠬᠢᠭᠤᠯᠵᠤ᠂ ᠡᠬᠢ ᠪᠠᠶᠠᠯᠢᠭ᠎ᠢ ᠲᠤᠬᠢᠷᠠᠭᠤᠯᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ ᠂ ᠲᠠᠷᠢᠶᠠᠯᠠᠩ᠎ᠤᠨ ᠬᠥᠭ᠌ᠵᠢᠯᠲᠡ᠎ᠶ᠋ᠢᠨ ᠠᠷᠭ᠎ᠠ ᠮᠠᠶᠢᠭ᠎ᠢ ᠬᠤᠪᠢᠷᠠᠭᠤᠯᠬᠤ᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠬᠤᠳᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠪᠠᠷᠢᠮᠲᠠᠯᠠᠬᠤ ᠪᠣᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠡᠶᠡᠯᠡᠭᠦᠯᠬᠦ᠌ ᠦᠨᠳᠦᠰᠦᠨ ᠠᠷᠭ᠎ᠠ ᠵᠠᠮ ᠮᠥᠨ᠂ ᠬᠤᠳᠠ ᠬᠥᠳᠡᠭᠡ᠎ᠶ᠋ᠢᠨ ᠴᠢᠬᠤᠯᠠ ᠡᠯᠧᠮᠧᠨ᠋ᠲ᠎ᠦᠨ ᠱᠢᠯᠵᠢᠯᠲᠡ᠎ᠶ᠋ᠢ ᠱᠢᠯᠤᠭᠤᠳᠭᠠᠬᠤ ᠪᠣᠯ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠡᠶᠡᠯᠡᠭᠦᠯᠬᠦ᠌ ᠴᠢᠬᠤᠯᠠ ᠨᠥᠬᠥᠴᠡᠯ ᠮᠥᠨ᠃
ᠱᠢᠨ᠎ᠡ ᠴᠠᠭ ᠦᠶ᠎ᠡ᠎ᠳᠦ ᠰᠢᠨ᠎ᠡ ᠬᠡᠯᠪᠡᠷᠢ ᠵᠢᠨ ᠬᠣᠲᠠ ᠪᠠᠯᠭᠠᠰᠤᠵᠢᠯᠲᠠ᠎ᠶ᠋ᠢ ᠠᠬᠢᠭᠤᠯᠬᠤ᠎ᠳᠤ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠬᠤ ᠬᠡᠷᠡᠭᠳᠡᠢ
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠡᠯ᠎ᠡ ᠵᠦᠶ᠋ᠯ᠎ᠦᠨ ᠠᠵᠢᠯ᠎ᠢ ᠦᠷᠭᠦᠯᠵᠢᠯᠡᠨ ᠪᠦᠲᠦᠮᠵᠢᠲᠡᠶ ᠠᠬᠢᠭᠤᠯᠵᠤ᠂ ᠬᠣᠲᠠ ᠪᠠᠯᠭᠠᠰᠤᠵᠢᠯᠲᠠ᠎ᠶ᠋ᠢᠨ ᠲᠦᠪᠱᠢᠨ ᠪᠠ ᠶᠠᠰᠤ ᠴᠢᠨᠠᠷ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠢᠯᠠᠩᠭᠤᠶ᠎ᠠ ᠪᠥᠬᠥ᠌ ᠤᠯᠤᠰ᠎ᠲᠠᠶ ᠬᠠᠮᠲᠤ᠎ᠪᠠᠷ ᠴᠢᠨᠡᠭᠡᠯᠢᠭ ᠨᠡᠢᠭᠡᠮ᠎ᠢ ᠪᠥᠬᠥ᠌ ᠲᠠᠯ᠎ᠠ᠎ᠪᠠᠷ ᠪᠡᠶᠡᠯᠡᠭᠦᠯᠬᠦ᠌ ᠬᠠᠷᠠᠯᠲᠠ᠎ᠶ᠋ᠢ ᠪᠡᠶᠡᠯᠡᠭᠦᠯᠦᠭ᠌ᠰᠡᠨ᠎ᠦ ᠳᠠᠷᠠᠭ᠎ᠠ᠂ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠᠳ᠋ᠤ ᠬᠠᠨᠳᠤᠰᠢ᠎ᠶ᠋ᠢᠨ ᠴᠢᠨᠠᠷᠲᠠᠶ ᠱᠢᠨ᠎ᠡ ᠣᠨᠴᠠᠯᠢᠭ ᠢᠯᠡᠷᠡᠪᠡ᠃
ᠬᠤᠳᠠ ᠪᠠᠯᠭᠠᠰᠤᠵᠢᠯᠲᠠ ᠨᠢ ᠶᠠᠰᠤ ᠴᠢᠨᠠᠷ ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠱᠢᠨ᠎ᠡ ᠱᠠᠲᠤᠨ᠎ᠳᠤ ᠣᠷᠣᠪᠠ᠃ 2021 ᠣᠨ᠎ᠳᠤ ᠮᠠᠨ᠎ᠤ ᠣᠷᠣᠨ᠎ᠤ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠣᠲᠠ ᠪᠠᠯᠭᠠᠰᠤᠵᠢᠯᠲᠠ᠎ᠶ᠋ᠢᠨ ᠨᠣᠷᠮ᠎ᠠ 68.2 % ᠲᠤ ᠬᠦᠷᠴᠦ᠍᠂ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠵᠠᠭᠤᠨ᠎ᠦ ᠬᠠᠷᠢᠴᠠᠯ ᠵᠢᠡᠷ 3.5 ᠬᠤᠪᠢ ᠥᠨᠳᠥᠷ ᠪᠣᠯᠪᠠ; ᠮᠠᠯ ᠠᠵᠤ ᠠᠬᠤᠶ᠎ᠲᠠᠷᠢᠶᠠᠯᠠᠩ᠎ᠤᠨ ᠬᠥᠮᠦᠨ ᠠᠮᠠ᠎ᠶ᠋ᠢᠨ ᠬᠣᠲᠠ᠎ᠳᠤ ᠣᠷᠣᠬᠤ ᠬᠦᠰᠡᠯ ᠡᠷᠡᠮᠡᠯᠵᠡᠯ ᠪᠠᠭᠤᠷᠠᠵᠤ᠂ ᠠᠵᠤ ᠦᠢᠯᠡᠰ᠎ᠦᠨ ᠠᠵᠢᠯ ᠣᠯᠭᠣᠯᠲᠠ᠎ᠶ᠋ᠢ ᠱᠢᠩᠭᠡᠭᠡᠨ ᠠᠪᠬᠤ ᠴᠢᠳᠠᠪᠤᠷᠢ ᠴᠢᠩᠭ᠎ᠠ ᠪᠤᠰᠤ ᠪᠤᠯᠵᠦ᠂ ᠬᠥᠮᠦᠨ ᠠᠮᠠ᠎ᠶ᠋ᠢᠨ ᠨᠡᠮᠡᠭ᠌ᠳᠡᠯ ᠤᠳᠠᠭᠠᠱᠢᠷᠠᠵᠤ ᠂ ᠬᠣᠢᠱᠢᠳᠠ ᠮᠠᠨ᠎ᠤ ᠣᠷᠣᠨ᠎ᠤ ᠬᠣᠲᠠ ᠪᠠᠯᠭᠠᠰᠤᠵᠢᠯᠲᠠ ᠤᠳᠠᠭᠠᠱᠢᠷᠠᠬᠤ ᠨᠢ ᠵᠠᠢᠯᠠᠰᠢ ᠦᠭᠡᠶ ᠶᠤᠮ᠃ ᠡᠢᠮᠦ ᠡᠴᠡ ᠮᠠᠨ᠎ᠦ ᠣᠷᠣᠨ ᠰᠢᠨ᠎ᠠ ᠬᠡᠯᠪᠡᠷᠢ ᠵᠢᠨ ᠬᠣᠳᠠ ᠪᠠᠯᠭᠠᠰᠣᠵᠢᠯᠳᠠ ᠵᠢ ᠦᠷᠬᠦᠯᠵᠢᠯᠡᠨ ᠠᠬᠢᠭᠤᠯᠬᠤ ᠳᠦ᠂ ᠨᠡᠮᠡᠭᠳᠡᠬᠦᠯᠬᠦ ᠲᠠᠯ᠎ᠡ ᠪᠡᠷ ᠬᠦᠴᠦ ᠣᠷᠣᠭᠣᠯᠬᠣ ᠬᠡᠷᠡᠭᠳᠡᠢ ᠪᠦᠭᠡᠳ ᠰᠢᠨ᠎ᠡ ᠵᠢ ᠡᠬᠦᠳᠬᠦ ᠬᠦᠭᠵᠢᠯᠳᠡ ᠲᠤᠮᠳᠠ ᠬᠣᠳᠠ ᠪᠠᠯᠭᠠᠰᠣᠵᠢᠯᠳᠠ ᠵᠢᠨ ᠶᠠᠰᠣ ᠴᠢᠨᠠᠷ ᠢ ᠲᠡᠭᠡᠭᠰᠢᠯᠡᠬᠦᠯᠬᠦ ᠬᠡᠷᠡᠭᠳᠡᠢ᠃
ᠬᠣᠲᠠ ᠪᠠᠯᠭᠠᠰᠤᠵᠢᠯᠲᠠ᠎ᠶ᠋ᠢᠨ ᠣᠷᠣᠨ ᠵᠠᠶ᠎ᠶ᠋ᠢᠨ ᠬᠡᠯᠪᠡᠷᠢ ᠪᠠᠢᠳᠠᠯ ᠭᠦᠨᠵᠡᠭᠡᠶ ᠲᠣᠬᠢᠷᠠᠭᠤᠯᠤᠯᠲᠠ᠎ᠶ᠋ᠢᠨ ᠬᠤᠭᠤᠴᠠᠭᠠᠨ᠎ᠳᠤ ᠣᠷᠣᠪᠠ᠃ ᠣᠷᠣᠨ ᠪᠦᠰᠡ᠎ᠶ᠋ᠢᠨ ᠵᠣᠬᠢᠴᠠᠩᠭᠤᠢ ᠪᠠᠢᠬᠤ ᠲᠠᠯ᠎ᠠ᠎ᠠᠴᠠ ᠦᠵᠡᠪᠡᠯ ᠂ ᠬᠣᠲᠠ ᠪᠠᠯᠭᠠᠰᠤ ᠨᠢ ᠣᠷᠣᠨ ᠪᠦᠰᠡ᠎ᠶ᠋ᠢᠨ ᠬᠥᠭ᠌ᠵᠢᠯᠲᠡ ᠪᠠ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠳᠤ ᠭᠣᠣᠯ ᠦᠢᠯᠡᠳᠦᠯ ᠪᠠᠳᠠᠷᠠᠭᠤᠯᠵᠤ ᠂ ᠱᠢᠨ᠎ᠡ ᠬᠡᠯᠪᠡᠷᠢ ᠵᠢᠨ ᠬᠣᠲᠠ ᠪᠠᠯᠭᠠᠰᠤᠵᠢᠯᠲᠠ᠎ᠶ᠋ᠢ ᠠᠬᠢᠭᠤᠯᠬᠤ ᠪᠣᠯ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠪᠠᠢᠯᠳᠤᠬᠤ ᠪᠣᠳᠣᠯᠭ᠎ᠠ᠎ᠶ᠋ᠢᠨ ᠲᠦᠱᠢᠭ ᠲᠤᠯᠭᠠᠭᠤᠷᠢ ᠮᠥᠨ᠃ ᠬᠤᠳᠠ ᠪᠠᠯᠭᠠᠰᠤᠵᠢᠯᠳᠠ ᠵᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠪᠡᠷ ᠤᠳᠤᠷᠢᠳᠤᠮᠵᠢ ᠪᠣᠯᠭᠠᠨ ᠬᠤᠳᠠ ᠪᠠᠯᠭᠠᠰᠤᠨ᠎ᠤ ᠣᠷᠣᠨ ᠵᠠᠢ᠎ᠶ᠋ᠢᠨ ᠪᠠᠢᠷᠢᠱᠢᠭᠤᠯᠤᠯᠲᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠬᠤᠳᠠ᠎ᠶ᠋ᠢᠨ ᠰᠦᠷᠦᠭᠵᠢᠯ ᠪᠠ ᠬᠤᠳᠠ᠎ᠶ᠋ᠢᠨ ᠴᠠᠭᠠᠷᠢᠭᠲᠤ ᠲᠦᠱᠢᠭ᠌ᠯᠡᠨ ᠲᠤᠮᠤ ᠳᠤᠮᠳᠠ ᠵᠢᠵᠢᠭ ᠬᠤᠳᠠ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠱᠢᠶᠠᠨ ᠤ ᠬᠤᠳᠠ᠎ᠪᠠᠷ ᠭᠣᠣᠯ ᠠᠴᠢᠶᠠᠯᠠᠭ᠍ᠴᠢ ᠪᠣᠯᠭᠠᠭ᠍ᠰᠠᠨ ᠬᠤᠳᠠ ᠪᠠᠯᠭᠠᠰᠤᠵᠢᠯᠳᠠ ᠵᠢ ᠠᠬᠢᠭᠤᠯᠵᠤ᠂ ᠲᠤᠮᠤ ᠳᠤᠮᠳᠠ ᠵᠢᠵᠢᠭ ᠬᠤᠳᠠ ᠪᠠ ᠱᠢᠶᠠᠨ᠎ᠤ ᠬᠤᠳᠠ᠎ᠶ᠋ᠢᠨ ᠲᠤᠰ ᠲᠤᠰ᠎ᠤᠨ ᠬᠠᠷᠢᠴᠠᠭᠤᠯᠤᠭ᠍ᠰᠠᠨ ᠳᠠᠪᠠᠭᠤᠯᠢᠭ᠎ᠢ ᠪᠠᠳᠠᠷᠠᠭᠤᠯᠵᠤ᠂ ᠡᠬᠢ ᠪᠠᠶᠠᠯᠢᠭ᠎ᠢ ᠱᠢᠯᠢᠳᠡᠭ᠌ᠵᠢᠭᠦᠯᠦᠨ ᠲᠤᠬᠢᠷᠠᠭᠤᠯᠬᠤ᠎ᠶ᠋ᠢ ᠠᠬᠢᠭᠤᠯᠬᠤ᠎ᠶ᠋ᠢᠨ ᠤᠯᠠᠮ᠎ᠠᠴᠠ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠬᠤ ᠬᠡᠷᠡᠭᠳᠡᠢ᠃ ᠣᠢᠷ᠎ᠠ᠎ᠶ᠋ᠢᠨ ᠵᠢᠯ᠎ᠦᠨ ᠲᠤᠷᠰᠢ᠂ ᠣᠷᠣᠨ ᠪᠦᠰᠡ᠂ ᠬᠣᠲᠠ᠎ᠶ᠋ᠢᠨ ᠬᠣᠭᠣᠷᠣᠨᠳᠣᠬᠢ ᠬᠥᠮᠦᠨ ᠠᠮᠠ᠎ᠶ᠋ᠢᠨ ᠰᠢᠯᠵᠢᠯᠳᠡ ᠵᠢᠨ ᠨᠡᠮᠡᠭ᠌ᠳᠡᠬᠦ᠌᠎ᠶ᠋ᠢ ᠳᠠᠭᠠᠯᠳᠤᠨ᠂ ᠥᠪᠥᠷ ᠮᠣᠩᠭᠣᠯ᠎ᠤᠨ ᠬᠣᠲᠠ ᠪᠠᠯᠭᠠᠰᠤᠨ᠎ᠤ ᠪᠠᠢᠷᠢᠱᠢᠯ᠎ᠳᠤ ᠢᠯᠭᠠᠷᠠᠯ᠎ᠤᠨ ᠪᠠᠢᠳᠠᠯ ᠢᠯᠡᠷᠡᠵᠦ᠍᠂ ᠲᠥᠪ ᠬᠣᠲᠠ ᠪᠠ ᠬᠣᠲᠠ᠎ᠶ᠋ᠢᠨ ᠰᠦᠷᠦᠭᠵᠢᠯ ᠶᠠᠭ ᠬᠥᠭ᠌ᠵᠢᠯᠲᠡ᠎ᠶ᠋ᠢᠨ ᠬᠦᠴᠦᠨ ᠵᠦᠶ᠋ᠯ᠎ᠢ ᠠᠴᠢᠶᠠᠯᠠᠬᠤ ᠭᠤᠤᠯ ᠣᠷᠣᠨ ᠵᠠᠶ᠎ᠶ᠋ᠢᠨ ᠬᠡᠯᠪᠡᠷᠢ ᠪᠣᠯᠵᠣ᠂ ᠬᠥᠬᠡᠬᠣᠲᠠ ᠪᠤᠭᠤᠲᠤ ᠣᠷᠳᠣᠰ᠎ᠤᠨ ᠬᠣᠲᠠ᠎ᠶ᠋ᠢᠨ ᠰᠦᠷᠦᠭᠵᠢᠯ ᠪᠥᠬᠥ᠌ ᠣᠷᠣᠨ᠎ᠤ ᠬᠥᠮᠦᠨ ᠠᠮᠠ᠎ᠶ᠋ᠢᠨ ᠦᠶ᠋ᠯᠡᠳᠪᠦᠷᠢᠯᠡᠯ᠎ᠦᠨ ᠬᠦᠴᠦᠨ᠎ᠦ ᠪᠠᠢᠷᠢᠱᠢᠭᠤᠯᠤᠯᠲᠠ᠎ᠶ᠋ᠢᠨ ᠲᠥᠪ ᠪᠣᠯᠵᠣ᠂ 2020 ᠣᠨ᠎ᠳᠤ ᠬᠥᠬᠡᠬᠣᠲᠠ ᠪᠤᠭᠤᠲᠤ ᠣᠷᠳᠣᠰ᠎ᠤᠨ ᠬᠣᠲᠠ᠎ᠶ᠋ᠢᠨ ᠰᠦᠷᠦᠭᠵᠢᠯ᠎ᠦᠨ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠣᠲᠠ ᠪᠠᠯᠭᠠᠰᠤᠵᠢᠯᠲᠠ᠎ᠶ᠋ᠢᠨ ᠨᠣᠷᠮ᠎ᠠ 80.99% ᠳ᠋ᠤ ᠬᠦᠷᠴᠦ᠍᠂ ᠪᠥᠬᠥ᠌ ᠣᠷᠣᠨ᠎ᠤ ᠳᠤᠮᠳᠠᠴᠢ ᠲᠦᠪᠱᠢᠨ᠎ᠡᠴᠡ ᠵᠠᠭᠤᠨ᠎ᠦ ᠬᠠᠷᠢᠴᠠᠯ ᠵᠢᠡᠷ13.51 ᠬᠤᠪᠢ ᠥᠨᠳᠥᠷ ᠪᠣᠯᠪᠠ᠃ ᠬᠠᠲᠤᠨ ᠭᠤᠤᠯ᠎ᠤᠨ ᠤᠭᠠᠯᠵᠠᠨ ᠲᠤᠬᠤᠢ ᠵᠢᠨ ᠬᠣᠲᠠ᠎ᠶ᠋ᠢᠨ ᠲᠣᠭᠣᠷᠢᠭ᠎ᠤᠨ ᠬᠦᠭᠵᠢᠯᠳᠡ ᠵᠢᠨ ᠮᠠᠨ᠎ᠤ ᠤᠯᠤᠰ᠎ᠤᠨ ᠬᠣᠲᠠ ᠪᠠᠯᠭᠠᠰᠤᠵᠢᠯᠲᠠ᠎ᠶ᠋ᠢᠨ ᠪᠠᠢᠷᠢᠱᠢᠯ᠎ᠳᠠᠬᠢ ᠪᠠᠢᠷᠢ ᠰᠠᠭᠤᠷᠢ ᠲᠠᠰᠤᠷᠠᠯᠲᠠ ᠥᠬᠡᠶ ᠳᠡᠭᠡᠭ᠌ᠰᠢᠯᠡᠵᠦ᠍᠂ ᠬᠥᠮᠦᠨ ᠠᠮᠠ ᠵᠢᠴᠢ ᠦᠶ᠋ᠯᠡᠳᠪᠦᠷᠢᠯᠡᠯ᠎ᠦᠨ ᠬᠦᠴᠦᠨ ᠵᠦᠶ᠋ᠯ᠎ᠨᠢ ᠭᠤᠤᠯ ᠳᠠᠭᠠᠤ᠎ᠶ᠋ᠢᠨ ᠭᠤᠤᠯᠳᠠᠯᠭ᠎ᠠ᠎ᠲᠠᠶ ᠨᠡᠭᠡᠭᠡᠨ ᠬᠥᠭ᠌ᠵᠢᠭᠦᠯᠬᠦ᠌ ᠣᠷᠣᠨ ᠪᠦᠰᠡ ᠳᠠᠢᠰᠢ ᠦᠷᠭᠦᠯᠵᠢᠯᠡᠨ ᠲᠥᠪᠯᠡᠷᠡᠵᠦ ᠪᠠᠢᠨ᠎ᠠ᠃ ᠡᠢᠮᠦ᠍ ᠠᠬᠤᠢ ᠪᠠᠢᠳᠠᠯ᠎ᠤᠨ ᠳᠣᠣᠷ᠎ᠠ᠂ ᠱᠢᠨ᠎ᠡ ᠬᠡᠯᠪᠡᠷᠢ ᠵᠢᠨ ᠬᠤᠲᠠ ᠪᠠᠯᠭᠠᠰᠤᠵᠢᠯᠲᠠ ᠨᠢ ᠠᠵᠤ ᠠᠬᠤᠢ᠎ᠶ᠋ᠢᠨ ᠪᠤᠰᠤᠳᠴᠢ ᠵᠢᠮ᠎ᠡ ᠶᠣᠰᠣ᠎ᠶ᠋ᠢ ᠵᠢᠷᠤᠮᠯᠠᠨ᠂ ᠬᠤᠲᠠ᠎ᠶ᠋ᠢᠨ ᠬᠠᠷᠢᠴᠠᠭᠤᠯᠤᠭ᠍ᠰᠠᠨ ᠳᠠᠪᠠᠭᠤᠯᠢᠭ᠎ᠢ ᠪᠠᠳᠠᠷᠠᠭᠤᠯᠵᠤ᠂ ᠡᠯ᠎ᠡ ᠲᠦᠷᠦᠯ᠎ᠦᠨ ᠡᠯᠧᠮᠧᠨ᠋ᠲ᠎ᠦᠨ ᠵᠦᠢ ᠵᠣᠬᠢᠰᠲᠠᠢ᠎ᠪᠠᠷ ᠱᠢᠯᠵᠢᠬᠦ᠌ ᠪᠠ ᠥᠨᠳᠥᠷ ᠪᠦᠲᠦᠮᠵᠢᠲᠡᠢ᠎ᠪᠡᠷ ᠴᠤᠭ᠍ᠯᠠᠷᠠᠬᠤ᠎ᠶ᠋ᠢ ᠠᠬᠢᠭᠤᠯᠤᠨ᠂ ᠲᠥᠪ ᠬᠤᠲᠠ ᠪᠠ ᠬᠤᠲᠠ᠎ᠶ᠋ᠢᠨ ᠰᠦᠷᠦᠭᠵᠢᠯ᠎ᠦᠨ ᠠᠵᠤ ᠠᠬᠤᠢ ᠪᠠ ᠬᠥᠮᠦᠨ ᠠᠮᠠ᠎ᠶ᠋ᠢᠨ ᠳᠠᠭᠠᠭᠠᠴᠠ᠎ᠶ᠋ᠢᠨ ᠴᠢᠳᠠᠪᠤᠷᠢ᠎ᠶ᠋ᠢ ᠦᠷᠭᠦᠯᠵᠢᠯᠡᠨ ᠨᠡᠮᠡᠭ᠌ᠳᠡᠭᠦᠯᠵᠦ᠍ ᠂ ᠲᠤᠮᠤ ᠳᠤᠮᠳᠠ ᠵᠢᠵᠢᠭ ᠬᠤᠲᠠ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠠᠬᠢᠭᠤᠯᠤᠨ ᠂ ᠬᠤᠲᠠ ᠪᠠᠯᠭᠠᠰᠤᠵᠢᠯᠲᠠ᠎ᠶ᠋ᠢᠨ ᠦᠷ᠎ᠡ ᠪᠦᠲᠦᠮᠵᠢ᠎ᠶ᠋ᠢᠨ ᠬᠤᠪᠢᠰᠤᠯᠲᠠ᠎ᠶ᠋ᠢ ᠪᠡᠶᠡᠯᠡᠭᠦᠯᠬᠦ᠌ ᠬᠡᠷᠡᠭ᠌ᠲᠡᠢ᠃
ᠬᠤᠲᠠ ᠪᠠᠯᠭᠠᠰᠤᠵᠢᠯᠲᠠ ᠨᠢ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠡᠯᠪᠡᠷᠢᠲᠠᠢᠰᠢ ᠬᠤᠪᠢᠷᠠᠭᠤᠯᠬᠤ ᠬᠤᠭᠤᠴᠠᠭᠠᠨ᠎ᠳᠠᠭᠠᠨ ᠣᠷᠣᠪᠠ᠃ ᠢᠷᠡᠭᠡᠳᠦᠶ᠎ᠶ᠋ᠢᠨ ᠬᠡᠰᠡᠭ ᠬᠤᠭᠤᠴᠠᠭ᠎ᠠ ᠪᠣᠯ ᠮᠠᠨ᠎ᠤ ᠣᠷᠣᠨ᠎ᠤ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠃ ᠪᠥᠬᠥ᠌ ᠣᠷᠣᠨ᠎ᠤ ᠬᠠᠭᠠᠰ ᠢᠯᠡᠭᠦᠦ᠍ᠶ᠋ᠢᠨ ᠤᠯᠤᠰ᠎ᠤᠨ ᠭᠠᠵᠠᠷ ᠱᠢᠷᠣᠶ᠎ᠶ᠋ᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠣᠷᠣᠭᠤᠯᠵᠤ ᠂ ᠬᠣᠲᠠ ᠪᠠᠯᠭᠠᠰᠤᠨ᠎ᠤ ᠬᠥᠭ᠌ᠵᠢᠯᠲᠡ᠎ᠳᠦ ᠲᠤᠯᠭᠠᠷᠠᠵᠤ ᠪᠠᠢᠭ᠎ᠠ ᠡᠬᠢ ᠪᠠᠶᠠᠯᠢᠭ ᠣᠷᠴᠢᠨ ᠲᠣᠭᠣᠷᠢᠨ᠎ᠤ ᠬᠢᠵᠠᠭᠠᠷᠯᠠᠯ ᠨᠠᠩ ᠴᠢᠩᠭ᠎ᠠ ᠪᠣᠯᠪᠠ; ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠤᠷᠬᠢᠯᠬᠡᠮᠵᠢᠭᠳᠡᠯᠳᠦ ᠬᠦᠷᠬᠦ᠂ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠠᠵᠢᠯ᠎ᠢ ᠪᠦᠬᠦ᠌ ᠲᠠᠯ᠎ᠠ᠎ᠪᠠᠷ ᠠᠬᠢᠭᠤᠯᠵᠤ ᠂ ᠬᠤᠳᠠ ᠪᠠᠯᠭᠠᠰᠤᠨ᠎ᠤ ᠬᠥᠮᠦᠨ ᠠᠮᠠ ᠦᠷᠭᠦᠯᠵᠢᠯᠡᠨ ᠨᠡᠮᠡᠭ᠌ᠳᠡᠵᠦ᠍ ᠂ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠬᠤᠳᠠ ᠪᠠᠯᠭᠠᠰᠤᠨ᠎ᠤ ᠬᠥᠭ᠌ᠵᠢᠯᠲᠡ᠎ᠶ᠋ᠢᠨ ᠵᠠᠭ᠍ᠪᠤᠷ᠎ᠢ ᠬᠠᠢᠨ ᠰᠦᠪᠡᠭ᠌ᠴᠢᠯᠡᠬᠦ᠌ ᠨᠢ ᠤᠯᠠᠮ ᠲᠤᠯᠭᠠᠮ ᠪᠤᠯᠵᠤ ᠪᠠᠢᠨ᠎ᠠ; ᠬᠡᠷᠡᠭ᠌ᠯᠡᠭᠡᠨ ᠦ ᠲᠡᠰ ᠲᠡᠪᠱᠢᠯᠳᠡ ᠲᠦᠷᠭᠡᠳᠴᠦ᠍᠂ ᠠᠷᠠᠳ ᠤᠯᠠᠨ᠎ᠤ ᠦᠵᠡᠰᠭᠦᠯᠡᠩᠲᠦ ᠰᠠᠢᠬᠠᠨ ᠠᠮᠢ ᠠᠬᠤᠢ᠎ᠶ᠋ᠢᠨ ᠣᠷᠴᠢᠨ ᠨᠥᠬᠥᠴᠡᠯ᠎ᠦᠨ ᠲᠤᠬᠠᠢ ᠬᠡᠷᠡᠭ᠌ᠴᠡᠭᠡ ᠨᠡᠩ ᠲᠤᠯᠭᠠᠮ ᠪᠤᠯᠵᠤ ᠂ ᠪᠣᠬᠢᠷᠲᠤᠯ ᠦᠭᠡᠢ ᠬᠥᠭ᠌ᠵᠢᠯᠲᠡ ᠨᠢ ᠬᠤᠳᠠ ᠪᠠᠯᠭᠠᠰᠤᠵᠢᠯᠲᠠ ᠵᠢᠨ ᠦᠨᠳᠦᠰᠦᠨ ᠦᠷᠳᠡᠭ᠎ᠦᠨ ᠬᠥᠭᠡᠭᠡᠴᠡᠯᠳᠦᠯ ᠪᠣᠯᠪᠠ᠃ ᠱᠢᠨ᠎ᠡ ᠪᠠᠢᠳᠠᠯ ᠳᠤᠤᠷ᠎ᠠ᠂ ᠠᠮᠢ ᠠᠬᠤᠶ᠎ᠶ᠋ᠢᠨ ᠪᠣᠯᠪᠠᠰᠤᠨ᠎ᠤ ᠣᠢᠯᠠᠭᠠᠭ᠍ᠳᠠᠬᠤᠨ᠎ᠢ ᠬᠣᠲᠠ ᠪᠠᠯᠭᠠᠰᠤᠨ᠎ᠤ ᠲᠥᠯᠥᠪᠵᠢᠭᠦᠯᠭᠡ᠂ ᠪᠥᠲᠥᠭᠡᠨ ᠪᠠᠢᠭᠤᠯᠤᠯᠲᠠ᠂ ᠵᠠᠰᠠᠯᠲᠠ᠎ᠶ᠋ᠢᠨ ᠪᠥᠬᠥ᠌ ᠶᠠᠪᠤᠴᠠ᠎ᠳᠤ ᠪᠥᠬᠥ᠌ ᠲᠠᠯ᠎ᠠ᠎ᠪᠠᠷ ᠠᠭᠤᠰᠤᠯᠴᠠᠭᠤᠯᠵᠤ᠂ ᠪᠣᠬᠢᠷᠲᠤᠯ ᠥᠬᠡᠶ ᠦᠶ᠋ᠯᠡᠳᠪᠦᠷᠢᠯᠡᠯ᠎ᠦᠨ ᠠᠷᠭ᠎ᠠ ᠬᠡᠯᠪᠡᠷᠢ᠂ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠥᠬᠥ᠌ ᠲᠠᠯ᠎ᠠ᠎ᠪᠠᠷ ᠪᠠᠢᠭᠤᠯᠵᠤ᠂ ᠬᠣᠲᠠ ᠪᠠᠯᠭᠠᠰᠤ᠎ᠶ᠋ᠢ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠩᠭᠤᠶ᠎ᠪᠠᠷ ᠬᠠᠮᠲᠤ ᠣᠷᠣᠱᠢᠬᠤ ᠴᠢᠬᠤᠯᠠ ᠠᠴᠢᠶᠠᠯᠠᠪᠤᠷᠢ ᠪᠣᠯᠭᠠᠵᠤ᠂ ᠥᠨᠳᠥᠷ ᠲᠦᠪᠱᠢᠨ ᠪᠥᠬᠥᠶ ᠬᠠᠮᠠᠭᠠᠯᠠᠯᠲᠠ᠎ᠶ᠋ᠢᠨ ᠳᠤᠮᠳᠠ ᠬᠣᠲᠠ ᠪᠠᠯᠭᠠᠰᠤᠵᠢᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠵᠦ᠍᠂ ᠬᠣᠲᠠ ᠪᠠᠯᠭᠠᠰᠤᠵᠢᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠥᠨᠳᠥᠷ ᠲᠦᠪᠱᠢᠨ ᠪᠥᠬᠥᠶ ᠬᠠᠮᠠᠭᠠᠯᠠᠯᠲᠠ᠎ᠶ᠋ᠢ ᠠᠬᠢᠭᠤᠯᠵᠤ᠂ ᠬᠣᠲᠠ ᠪᠠᠯᠭᠠᠰᠤᠵᠢᠯᠲᠠ᠎ᠶ᠋ᠢᠨ ᠬᠥᠳᠡᠯᠭᠡᠬᠦ᠌ ᠬᠦᠴᠦᠨ᠎ᠦ ᠬᠤᠪᠢᠰᠤᠯᠲᠠ᠎ᠶ᠋ᠢ ᠪᠡᠶᠡᠯᠡᠭᠦᠯᠬᠦ᠌ ᠬᠡᠷᠡᠭ᠌ᠲᠡᠶ᠃
ᠬᠣᠲᠠ ᠪᠠᠯᠭᠠᠰᠤᠨ᠎ᠤ ᠨᠡᠢᠭᠡᠮ᠎ᠦᠨ ᠵᠠᠰᠠᠯᠲᠠ ᠭᠦᠨᠵᠡᠬᠡᠢᠷᠡᠯᠦᠨ ᠬᠤᠭᠤᠴᠠᠭᠠᠨ᠎ᠳᠤ ᠣᠷᠣᠪᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠨᠡᠢᠭᠡᠮ᠎ᠦᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌᠎ᠶ᠋ᠢ 《ᠤᠯᠤᠰ ᠤᠨ ᠠᠮᠤᠷ ᠲᠦᠪᠱᠢᠨ᠎ᠦ ᠱᠢᠰᠲ᠋ᠧᠮ ᠪᠣᠯᠤᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ 》᠎ᠶ᠋ᠢᠨ ᠴᠢᠬᠤᠯᠠ ᠭᠣᠭ᠍ᠴᠣᠭ᠎ᠠ ᠪᠣᠯᠭᠠᠵᠤ ᠂ 《 ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌ ᠨᠡᠢᠭᠡᠮ᠎ᠦᠨ ᠵᠠᠰᠠᠯᠲᠠ᠎ᠶ᠋ᠢᠨ ᠲᠦᠷᠢᠮ᠎ᠢ ᠪᠦᠷᠢᠨᠱᠢᠬᠦᠯᠵᠤ᠂ ᠨᠡᠢᠭᠡᠮ᠎ᠦᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ 》ᠭᠡᠵᠦ᠍ ᠴᠢᠬᠤᠯᠠᠴᠢᠯᠠᠪᠠ᠃ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ ᠨᠢ ᠤᠯᠤᠰ᠎ᠤᠨ ᠠᠮᠤᠷ ᠲᠦᠪᠱᠢᠨ᠂ ᠨᠡᠢᠭᠡᠮ᠎ᠦᠨ ᠠᠮᠤᠷ ᠲᠦᠪᠱᠢᠨ᠂ ᠤᠯᠠᠨ ᠨᠡᠢᠲᠡ᠎ᠶ᠋ᠢᠨ ᠠᠮᠤᠷ ᠲᠦᠪᠱᠢᠨ᠂ ᠵᠥᠷᠢᠴᠡᠯ᠎ᠢ ᠱᠢᠢᠳᠪᠦᠷᠢᠯᠡᠬᠦ᠌᠂ ᠦᠨᠳᠦᠰᠦᠨ ᠱᠠᠲᠤᠨ᠎ᠤ ᠵᠠᠰᠠᠯᠲᠠ ᠵᠡᠷᠭᠡ ᠬᠦᠷᠢᠶᠡᠨ᠎ᠦ ᠬᠠᠮᠲᠤ᠎ᠪᠠᠷ ᠪᠠᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠌᠎ᠲᠡᠶ ᠬᠣᠯᠪᠣᠭ᠍ᠳᠠᠵᠤ᠂ ᠮᠠᠨ᠎ᠤ ᠤᠯᠤᠰ᠎ᠤᠨ ᠣᠳᠣᠬᠠᠨ᠎ᠤ ᠬᠥᠭ᠌ᠵᠢᠯᠲᠡ᠎ᠶ᠋ᠢᠨ ᠱᠠᠲᠤᠨ᠎ᠳᠤ ᠲᠤᠯᠭᠠᠷᠠᠵᠤ ᠪᠠᠢᠭ᠎ᠠ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭ᠌ᠭᠦᠭ᠌ᠰᠡᠨ ᠪᠠᠢᠨ᠎ᠠ᠃ ᠬᠤᠳᠠ ᠪᠠᠯᠭᠠᠰᠤᠨ᠎ᠤ ᠬᠥᠮᠦᠨ ᠠᠮᠠ᠎ᠶ᠋ᠢᠨ ᠨᠡᠮᠡᠭ᠌ᠳᠡᠬᠦ᠌᠎ᠶ᠋ᠢ ᠲᠠᠭᠠᠯᠳᠤᠨ᠂ ᠨᠡᠢᠭᠡᠮ᠎ᠦᠨ ᠪᠦᠲᠦᠴᠡ᠎ᠶ᠋ᠢᠨ ᠬᠥᠭ᠌ᠵᠢᠯᠲᠡ᠎ᠳᠦ ᠢᠯᠡᠳᠲᠡ ᠬᠤᠪᠢᠷᠠᠯᠲᠠ ᠭᠠᠷᠴᠤ᠌ ᠂ ᠨᠡᠢᠭᠡᠮ᠎ᠦᠨ ᠵᠠᠰᠠᠯᠲᠠ᠎ᠶ᠋ᠢᠨ ᠪᠤᠳᠤᠯᠢᠶᠠᠨᠲᠤ ᠴᠢᠨᠠᠷ ᠢᠯᠡᠳᠲᠡ ᠨᠡᠮᠡᠭ᠌ᠳᠡᠵᠦ᠍ ᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠮᠦᠷᠦᠭᠡᠳᠦᠯ ᠡᠳᠦᠷ ᠢᠷᠡᠬᠦᠶ᠎ᠡ ᠲᠤᠪᠤᠢ᠌ᠮ᠎ᠠ ᠪᠤᠯᠵᠤ ᠪᠠᠢᠨ᠎ᠠ᠃ ᠡᠳᠡᠭᠡᠷ ᠨᠢ ᠴᠥᠮ ᠠᠮᠤᠷ ᠲᠦᠪᠱᠢᠨ ᠲᠡᠩᠴᠡᠭᠦᠷᠢᠲᠡᠢ ᠥᠨᠳᠥᠷ ᠪᠦᠲᠦᠮᠵᠢᠲᠡᠢ ᠬᠤᠳᠠ ᠪᠠᠯᠭᠠᠰᠤᠵᠢᠯᠲᠠ ᠵᠢᠨ ᠪᠠᠢᠷᠢᠱᠢᠯ ᠪᠠ ᠬᠤᠳᠠ᠎ᠶ᠋ᠢᠨ ᠣᠷᠴᠢᠨ ᠨᠥᠬᠥᠴᠡᠯ᠎ᠢ ᠪᠤᠢ ᠪᠣᠯᠭᠠᠬᠤ᠎ᠳᠤ ᠲᠤᠯᠭᠠᠮ ᠱᠠᠭᠠᠷᠳᠠᠯᠭ᠎ᠠ ᠳᠤᠷᠠᠳᠤᠭ᠍ᠰᠠᠨ ᠪᠠᠢᠨ᠎ᠠ᠃ ᠱᠢᠨ᠎ᠡ ᠬᠡᠯᠪᠡᠷᠢ᠎ᠶ᠋ᠢᠨ ᠬᠤᠳᠠ ᠪᠠᠯᠭᠠᠰᠤᠵᠢᠯᠳᠠ ᠨᠢ ᠡᠷᠬᠡᠪᠰᠢ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ ᠂ 《ᠠᠷᠠᠳ ᠲᠦᠮᠡᠨ᠎ᠦ ᠬᠤᠳᠠ᠎ᠶ᠋ᠢ ᠠᠷᠠᠳ ᠲᠦᠮᠡᠨ ᠪᠠᠢᠭᠤᠯᠬᠤ᠂ ᠠᠷᠠᠳ ᠲᠦᠮᠡᠨ᠎ᠦ ᠬᠤᠳᠠ ᠨᠢ ᠠᠷᠠᠳ ᠲᠦᠮᠡᠨ᠎ᠦ ᠲᠥᠯᠥᠭᠡ ᠪᠠᠢᠬᠤ 》 ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠬᠤᠳᠠ ᠪᠠᠯᠭᠠᠰᠤᠵᠢᠯᠳᠠ ᠵᠢ ᠠᠷᠠᠳ ᠲᠦᠮᠡᠨ᠎ᠦ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠰᠠᠢᠵᠢᠷᠠᠭᠤᠯᠬᠤ᠎ᠳᠤ ᠦᠨᠡᠨ ᠬᠦ᠌ ᠠᠱᠢᠭ᠍ᠲᠠᠢ ᠪᠣᠯᠭᠠᠬᠤ ᠬᠡᠷᠡᠭ᠌ᠲᠡᠢ; ᠡᠷᠬᠡᠪᠰᠢ ᠬᠣᠷᠢᠭ᠎ᠠ ᠱᠤᠭᠤᠮ᠎ᠤᠨ ᠰᠡᠳᠭᠢᠬᠦᠶ᠂ ᠱᠢᠰᠲ᠋ᠧᠮ᠎ᠦᠨ ᠦᠵᠡᠯᠲᠡ᠎ᠶ᠋ᠢ ᠪᠣᠶ ᠪᠣᠯᠭᠠᠵᠤ᠂ ᠬᠣᠲᠠ ᠪᠠᠯᠭᠠᠰᠤᠨ᠎ᠤ ᠨᠡᠢᠭᠡᠮ᠎ᠦᠨ ᠵᠠᠰᠠᠯᠲᠠ᠎ᠶ᠋ᠢᠨ ᠠᠷᠭ᠎ᠠ ᠬᠡᠯᠪᠡᠷᠢ᠎ᠶ᠋ᠢ ᠲᠦᠷᠭᠡᠨ ᠬᠤᠪᠢᠷᠠᠭᠤᠯᠵᠤ᠂ ᠦᠨᠳᠦᠰᠦᠨ ᠱᠠᠲᠤᠨ᠎ᠤ ᠰᠠᠭᠤᠷᠢ᠎ᠶ᠋ᠢ ᠴᠢᠩᠭᠠᠳᠭᠠᠵᠤ ᠂ ᠨᠡᠢᠭᠡᠮ ᠦᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭ᠌ᠲᠡᠶ᠃
ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠦᠨᠵᠡᠭᠡᠢᠷᠡᠨ ᠪᠣᠳᠠᠲᠠᠢᠵᠢᠬᠤ᠎ᠶ᠋ᠢ ᠠᠬᠢᠭᠤᠯᠬᠤ ᠬᠡᠷᠡᠭᠳᠡᠢ
ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠣᠵᠢᠯᠳᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠳᠤ᠂ ᠮᠠᠨ᠎ᠤ ᠣᠷᠣᠨ᠎ᠤ ᠬᠣᠲᠠ ᠪᠠᠯᠭᠠᠰᠣᠵᠢᠯᠳᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠣᠵᠢᠯᠳᠡ᠎ᠶ᠋ᠢᠨ ᠬᠥᠭ᠌ᠵᠢᠯᠲᠡ᠎ᠶ᠋ᠢᠨ ᠬᠠᠨᠳᠤᠰᠢ ᠪᠠ ᠵᠢᠮ᠎ᠡ ᠶᠣᠰᠣᠨ᠎ᠳᠤ ᠵᠣᠬᠢᠴᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠪᠡᠷ ᠭᠤᠤᠯ ᠰᠡᠳᠦᠪ ᠪᠣᠯᠭᠠᠨ ᠂ ᠭᠤᠤᠯᠳᠠᠯᠭ᠎ᠠ ᠵᠠᠩᠭᠢᠯᠠᠭ᠎ᠠ᠎ᠶ᠋ᠢ ᠡᠵᠡᠮᠳᠡᠵᠦ᠍ ᠂ ᠬᠣᠲᠠ ᠪᠠᠯᠭᠠᠰᠤ᠎ᠶ᠋ᠢᠨ ᠬᠥᠭ᠌ᠵᠢᠯᠲᠡ᠎ᠶ᠋ᠢᠨ ᠦᠷᠭᠦᠯᠵᠢᠯᠡᠬᠦ᠌ ᠴᠢᠨᠠᠷ᠂ ᠰᠠᠭᠤᠷᠢᠱᠢᠬᠤ᠎ᠳᠤ ᠲᠣᠬᠢᠷᠠᠮᠵᠢᠲᠠᠶ ᠴᠢᠨᠠᠷ᠎ᠢ ᠴᠢᠩᠭᠠᠳᠬᠠᠨ ᠂ ᠬᠣᠲᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠳᠤ ᠨᠡᠢᠴᠡᠭ᠌ᠰᠡᠨ ᠂ ᠥᠪᠥᠷ ᠮᠣᠩᠭᠣᠯ᠎ᠤᠨ ᠣᠨᠴᠠᠯᠢᠭ᠎ᠲᠠᠶ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠣᠵᠢᠯᠳᠡ᠎ᠶ᠋ᠢᠨ ᠵᠠᠮ᠎ᠢ ᠨᠡᠭᠡᠭᠡᠬᠦ ᠬᠡᠷᠡᠭᠳᠡᠢ᠃
ᠱᠢᠨ᠎ᠡ ᠬᠡᠯᠪᠡᠷᠢ ᠵᠢᠨ ᠬᠣᠲᠠ ᠪᠠᠯᠭᠠᠰᠤᠵᠢᠯᠲᠠ᠎ᠶ᠋ᠢᠨ ᠲᠡᠷᠢᠭᠦᠨ ᠴᠢᠬᠤᠯᠠ ᠡᠭᠦᠷᠭᠡ᠎ᠶ᠋ᠢ ᠰᠠᠢᠲᠤᠷ ᠨᠠᠢᠳᠠᠪᠤᠷᠢᠵᠢᠭᠤᠯᠤᠨ᠎ᠠ᠃ ᠶᠡᠷᠦᠩᠬᠡᠢ ᠱᠦᠵᠢ ᠰᠢ ᠵᠢᠨ ᠫᠢᠩ ᠂ ᠬᠥᠮᠦᠨ᠎ᠢᠶᠡᠷ ᠦᠨᠳᠦᠰᠦ ᠪᠣᠯᠭᠠᠵᠤ᠂ ᠬᠥᠮᠦᠨ᠎ᠢᠶᠡᠷ ᠭᠣᠣᠯ ᠪᠣᠯᠭᠠᠭ᠍ᠰᠠᠨ ᠬᠤᠳᠠ ᠪᠠᠯᠭᠠᠰᠤᠵᠢᠯᠳᠠ᠎ᠶ᠋ᠢ ᠠᠬᠢᠭᠤᠯᠵᠤ ᠂ ᠬᠤᠳᠠ ᠪᠠᠯᠭᠠᠰᠤᠨ᠎ᠳᠤ ᠲᠣᠭ᠍ᠲᠠᠭᠤᠨᠠᠵᠢᠯ ᠣᠯᠵᠦ ᠠᠮᠢᠳᠤᠷᠠᠨ ᠰᠠᠭᠤᠷᠢᠰᠢᠬᠤ ᠴᠢᠳᠠᠪᠤᠷᠢ᠎ᠲᠠᠶ ᠪᠠᠢᠩᠭᠤ ᠰᠠᠭᠤᠬᠤ ᠬᠥᠮᠦᠨ ᠠᠮᠠ᠎ᠶ᠋ᠢᠨ ᠡᠮᠬᠢ ᠵᠢᠷᠤᠮ᠎ᠲᠠᠶ᠎ᠪᠠᠷ ᠬᠤᠳᠠ᠎ᠶ᠋ᠢᠨ ᠠᠷᠠᠳ ᠪᠣᠯᠬᠤ᠎ᠶ᠋ᠢ ᠪᠡᠶᠡᠯᠡᠭᠦᠯᠬᠦ᠌᠎ᠶ᠋ᠢ ᠲᠡᠷᠢᠭᠦᠨ ᠴᠢᠬᠤᠯᠠ ᠡᠭᠦᠷᠭᠡ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠥᠪᠥᠷ ᠮᠣᠩᠭᠣᠯ᠎ᠤᠨ ᠪᠣᠳᠠᠲᠤ ᠪᠠᠢᠳᠠᠯ᠎ᠠᠴᠠ ᠦᠵᠡᠪᠡᠯ᠂ ᠬᠥᠮᠦᠨ ᠠᠮᠠ᠎ᠶ᠋ᠢᠨ ᠬᠣᠲᠠ᠎ᠶ᠋ᠢᠨ ᠠᠷᠠᠳ ᠪᠣᠯᠬᠤ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌᠎ᠪᠡᠷ ᠭᠤᠤᠯ ᠪᠤᠯᠭᠠᠵᠦ᠂ ᠡᠷᠦᠬᠡ ᠠᠮᠠ᠎ᠶ᠋ᠢᠨ ᠬᠠᠷᠢᠶ᠎ᠠ᠎ᠶ᠋ᠢᠨ ᠳᠦᠷᠢᠮ ᠪᠠ ᠣᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡ ᠬᠠᠩᠭᠠᠬᠤ ᠲᠣᠭ᠍ᠲᠠᠴᠠ᠎ᠶ᠋ᠢ ᠭᠦᠨᠵᠡᠭᠡᠢᠷᠡᠭᠦᠯᠬᠦ᠌᠎ᠪᠡᠷ ᠠᠷᠭ᠎ᠠ ᠵᠠᠮ ᠪᠣᠯᠭᠠᠵᠦ᠂ ᠮᠠᠯ ᠠᠵᠤ ᠠᠬᠤᠶ ᠲᠠᠷᠢᠶᠠᠯᠠᠩ ᠡᠴᠡ ᠱᠢᠯᠵᠢᠭ᠌ᠰᠡᠳᠦᠨ ᠬᠡᠷᠡᠭ᠌ᠴᠡᠭᠡ᠎ᠪᠡᠷ ᠬᠠᠮᠤᠭ᠎ᠤᠨ ᠲᠤᠯᠭᠠᠮ ᠪᠠᠢᠭ᠎ᠠ ᠠᠵᠢᠯ ᠣᠯᠭᠣᠯᠲᠠ᠂ ᠰᠤᠷᠭᠠᠨ ᠬᠦᠮᠦᠵᠢᠯ᠂ ᠡᠮ ᠡᠮᠨᠡᠯᠭᠡ᠂ ᠨᠡᠢᠭᠡᠮ᠎ᠦᠨ ᠪᠠᠲᠤᠯᠠᠭ᠎ᠠ ᠪᠠ ᠣᠷᠣᠨ ᠰᠠᠭᠤᠴᠠ ᠵᠡᠷᠭᠡ ᠬᠦᠷᠢᠶ᠎ᠡ᠎ᠳᠦ ᠠᠩᠬᠠᠷᠤᠯ ᠵᠢᠡᠨ ᠲᠦᠪᠯᠡᠷᠡᠬᠦᠯᠵᠦ᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡᠨ᠎ᠦ ᠪᠦᠲᠦᠮᠵᠢᠲᠡᠢ ᠬᠠᠩᠭᠠᠯᠭ᠎ᠠ᠎ᠶ᠋ᠢ ᠦᠨᠡᠨ ᠬᠦ᠌ ᠥᠷᠭᠡᠳᠭᠡᠵᠦ᠂ ᠮᠠᠯ ᠠᠵᠤ ᠠᠬᠤᠶ ᠲᠠᠷᠢᠶᠠᠯᠠᠩ᠎ᠡᠴᠡ ᠱᠢᠯᠵᠢᠭ᠌ᠰᠡᠨ ᠬᠥᠮᠦᠰ᠎ᠢ ᠬᠣᠲᠠ᠎ᠶ᠋ᠢᠨ ᠠᠷᠠᠳ ᠪᠣᠯᠭᠠᠬᠤ ᠵᠠᠮ᠎ᠢ ᠦᠨᠡᠨᠬᠦ᠌ ᠱᠢᠯᠤᠭᠤᠳᠭᠠᠵᠦ᠂ ᠬᠣᠲᠠ ᠤᠷᠤᠭ᠍ᠰᠠᠨ ᠲᠠᠷᠢᠶᠠᠯᠠᠬᠤ ᠮᠠᠯᠵᠢᠬᠤ ᠣᠷᠣᠨ᠎ᠤ ᠬᠥᠮᠦᠨ ᠠᠮᠠ᠎ᠶ᠋ᠢᠨ ᠬᠣᠲᠠ ᠪᠠᠯᠭᠠᠰᠤ᠎ᠳᠤ ᠲᠣᠭ᠍ᠲᠠᠪᠤᠷᠢᠲᠠᠶ ᠠᠵᠢᠯ ᠣᠯᠵᠤ ᠠᠮᠢᠳᠤᠷᠠᠬᠤ᠎ᠳᠤ ᠪᠠᠲᠤᠯᠠᠭ᠎ᠠ ᠬᠠᠩᠭᠠᠵᠦ᠂ ᠬᠣᠲᠠ ᠪᠠᠯᠭᠠᠰᠤᠨ ᠤ ᠬᠥᠭ᠌ᠵᠢᠯᠲᠡ᠎ᠶ᠋ᠢᠨ ᠪᠠᠭ᠍ᠲᠠᠭᠠᠮᠵᠢᠲᠤ ᠴᠢᠨᠠᠷ ᠪᠠ ᠭᠣᠣᠯᠴᠢ ᠴᠢᠨᠠᠷ ᠢ ᠨᠡᠮᠡᠭ᠌ᠳᠡᠭᠦᠯᠬᠦ ᠬᠡᠷᠡᠭᠳᠡᠢ᠃
ᠬᠣᠲᠠ᠎ᠶ᠋ᠢᠨ ᠰᠦᠷᠦᠭᠵᠢᠯ ᠪᠠ ᠣᠷᠣᠨ ᠪᠦᠰᠡ᠎ᠶ᠋ᠢᠨ ᠲᠦᠪ ᠬᠣᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠭᠣᠣᠯᠳᠠᠯᠭ᠎ᠠ᠎ᠲᠠᠶ ᠰᠠᠢᠲᠤᠷ ᠠᠳᠭᠤᠨ᠎ᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠂ ᠬᠣᠳᠠ᠎ᠶ᠋ᠢᠨ ᠰᠦᠷᠦᠭᠵᠢᠯ᠂ ᠬᠣᠳᠠ᠎ᠶ᠋ᠢᠨ ᠴᠠᠭᠠᠷᠢᠭ᠎ᠢᠶᠠᠷ ᠲᠦᠱᠢᠭ ᠪᠣᠯᠭᠠᠨ ᠲᠣᠮᠣ ᠳᠤᠮᠳᠠ ᠵᠢᠵᠢᠭ ᠬᠣᠳᠠ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠪᠠᠢᠷᠢᠱᠢᠯ᠎ᠢ ᠪᠣᠢ ᠪᠣᠯᠭᠠᠬᠤ ᠬᠡᠷᠡᠭ᠌ᠲᠡᠢ ᠭᠡᠵᠦ᠍ ᠱᠠᠭᠠᠷᠳᠠᠭ᠍ᠰᠠᠨ ᠨᠢ ᠬᠣᠳᠠ᠎ᠶ᠋ᠢᠨ ᠰᠦᠷᠦᠭᠵᠢᠯ ᠂ ᠬᠣᠳᠠ᠎ᠶ᠋ᠢᠨ ᠴᠠᠭᠠᠷᠢᠭ᠎ᠤᠨ ᠢᠷᠡᠭᠡᠳᠦᠢ᠎ᠶ᠋ᠢᠨ ᠬᠣᠳᠠ ᠪᠠᠯᠭᠠᠰᠤᠨ᠎ᠤ ᠪᠠᠢᠷᠢᠱᠢᠯ ᠪᠠ ᠬᠡᠯᠪᠡᠷᠢ ᠪᠠᠢᠳᠠᠯ᠎ᠤᠨ ᠬᠤᠪᠢᠰᠤᠯᠲᠠ᠎ᠶ᠋ᠢᠨ ᠶᠠᠪᠤᠴᠠ᠎ᠳᠤ ᠲᠤᠯᠭᠠᠭᠤᠷᠢᠯᠠᠬᠤ ᠴᠢᠨᠠᠷᠲᠠᠢ᠂ ᠬᠥᠳᠥᠯᠥᠨ ᠳᠠᠭᠠᠭᠤᠯᠬᠤ ᠴᠢᠨᠠᠷᠲᠠᠢ ᠦᠢᠯᠡᠳᠦᠯ ᠦᠵᠡᠭᠦᠯᠬᠦ᠌᠎ᠶ᠋ᠢ ᠬᠠᠷᠠᠭᠤᠯᠵᠤ ᠪᠠᠢᠨ᠎ᠠ᠃ ᠬᠥᠮᠦᠨ ᠠᠮᠠ ᠪᠠ ᠡᠯᠧᠮᠧᠨ᠋ᠲ᠎ᠦᠨ ᠬᠤᠳᠠ᠎ᠶ᠋ᠢᠨ ᠰᠦᠷᠦᠭᠵᠢᠯ ᠪᠠ ᠣᠷᠣᠨ ᠪᠦᠰᠡ᠎ᠶ᠋ᠢᠨ ᠲᠥᠪ ᠬᠤᠳᠠ ᠲᠡᠢᠰᠢ ᠤᠯᠠᠮ ᠲᠥᠪᠯᠡᠷᠡᠬᠦ᠌᠎ᠶ᠋ᠢ ᠠᠬᠢᠭᠤᠯᠬᠤ ᠪᠣᠯ ᠪᠠᠰᠠ ᠴᠤ᠌ ᠮᠠᠨ᠎ᠤ ᠣᠷᠣᠨ᠎ᠤ ᠪᠠᠷᠠᠭᠤᠨ ᠬᠡᠰᠡᠭ᠎ᠦᠨ ᠭᠠᠵᠠᠷ ᠣᠷᠣᠨ᠎ᠢ ᠶᠡᠬᠡᠪᠡᠷ ᠨᠡᠭᠡᠭᠡᠨ ᠬᠥᠭ᠌ᠵᠢᠭᠦᠯᠬᠦ᠌ ᠪᠠᠢᠯᠳᠤᠬᠤ ᠪᠤᠳᠤᠯᠭ᠎ᠠ ᠪᠠ ᠵᠡᠭᠦᠨ ᠬᠣᠢᠲᠤ᠎ᠶ᠋ᠢᠨ ᠬᠠᠭᠤᠴᠢᠨ ᠠᠵᠤ ᠦᠢᠯᠡᠳᠪᠦᠷᠢ᠎ᠶ᠋ᠢᠨ ᠰᠠᠭᠤᠷᠢᠨ ᠭᠠᠵᠠᠷ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢᠨ ᠦᠨᠳᠦᠰᠦᠨ ᠲᠦᠱᠢᠭ ᠲᠤᠯᠭᠠᠭᠤᠷᠢ ᠮᠥᠨ᠃ ᠮᠠᠨ᠎ᠤ ᠣᠷᠣᠨ ᠵᠡᠭᠦᠨᠰᠢ ᠪᠠᠷᠠᠭᠤᠨᠰᠢ ᠢᠪᠴᠦᠦ ᠣᠷᠳᠣ᠂ ᠭᠠᠵᠠᠷ ᠠᠭᠤᠳᠠᠮ ᠬᠥᠮᠦᠨ ᠴᠥᠭᠡᠨ ᠂ ᠬᠥᠮᠦᠨ ᠠᠮᠠ ᠲᠠᠷᠠᠬᠠᠶ ᠪᠤᠲᠠᠷᠬᠠᠶ ᠪᠠᠢᠵᠤ᠂ ᠬᠣᠲᠠ ᠪᠠᠯᠭᠠᠰᠤᠵᠢᠯᠲᠠ᠎ᠶ᠋ᠢᠨ ᠪᠠᠢᠷᠢᠱᠢᠭᠤᠯᠤᠯᠲᠠ ᠪᠠ ᠬᠡᠯᠪᠡᠷᠢ ᠪᠠᠢᠳᠠᠯ᠎ᠢ ᠱᠢᠯᠢᠳᠡᠭ᠌ᠵᠢᠭᠦᠯᠬᠦ᠌ ᠳᠤᠮᠳᠠ ᠵᠠᠷᠢᠮ ᠪᠤᠰᠤᠳᠴᠢ ᠪᠠᠭᠤᠷᠠᠶ ᠲᠠᠯ᠎ᠠ ᠪᠠ ᠬᠠᠲᠠᠭᠤ ᠴᠢᠩᠭ᠎ᠠ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠃ ᠡᠢᠮᠦᠷᠬᠦᠦ ᠣᠷᠣᠨ᠎ᠤ ᠪᠠᠢᠳᠠᠯ᠎ᠤᠨ ᠣᠨᠴᠠᠯᠢᠭ ᠨᠢ ᠪᠢᠳᠡᠨ᠎ᠢ ᠬᠣᠲᠠ᠎ᠶ᠋ᠢᠨ ᠰᠦᠷᠦᠭᠵᠢᠯ᠂ ᠶᠡᠬᠡ ᠬᠣᠲᠠ᠎ᠶ᠋ᠢᠨ ᠪᠦᠲᠦᠭᠡᠨ ᠪᠠᠢᠭᠤᠯᠤᠯᠲᠠ᠎ᠪᠠᠷ ᠳᠠᠮᠵᠢᠨ ᠳᠤᠮᠳᠠ ᠪᠠᠭ᠎ᠠ ᠬᠣᠲᠠ᠎ᠶ᠋ᠢᠨ ᠠᠵᠢᠯ ᠬᠤᠪᠢᠶᠠᠷᠢᠯᠠᠨ ᠬᠠᠮᠵᠢᠯᠴᠠᠬᠤ᠎ᠶ᠋ᠢ ᠳᠠᠢᠴᠢᠯᠠᠵᠤ᠂ ᠠᠮᠢ ᠠᠬᠤᠶ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠨᠡᠩ ᠰᠠᠢᠲᠤᠷ ᠠᠬᠢᠭᠤᠯᠬᠤ᠎ᠶ᠋ᠢ ᠱᠠᠭᠠᠷᠳᠠᠵᠤ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ᠂ ᠡᠬᠢ ᠪᠠᠶᠠᠯᠢᠭ᠎ᠤᠨ ᠡᠯᠧᠮᠧᠨ᠋ᠲ᠎ᠦᠨ ᠲᠤᠬᠢᠷᠠᠭᠤᠯᠤᠯᠳᠠ ᠪᠣᠯᠤᠨ ᠦᠢᠯᠡᠳᠪᠦᠷᠢᠯᠡᠯ᠎ᠦᠨ ᠬᠦᠴᠦᠨ᠎ᠦ ᠣᠷᠣᠨ ᠵᠠᠢ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠲᠥᠪᠯᠡᠷᠡᠭ᠌ᠰᠡᠨ ᠴᠤᠭ᠍ᠯᠠᠷᠠᠭ᠍ᠰᠠᠨ ᠡᠷᠴᠢᠮᠵᠢᠭ᠌ᠰᠡᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠵᠤ᠂ ᠦᠷᠢᠰᠦᠯᠳᠦᠬᠦ᠌ ᠬᠦᠴᠦᠨ᠎ᠲᠡᠶ ᠨᠡᠮᠡᠭ᠌ᠳᠡᠯ᠎ᠦᠨ ᠲᠤᠢᠯ᠎ᠢ ᠪᠦᠷᠢᠯᠳᠦᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠶᠡᠷᠦᠩᠬᠡᠶᠳᠦᠨᠢ ᠠᠪᠴᠤ᠌ ᠦᠵᠡᠪᠡᠯ ᠂ ᠣᠳᠣᠬᠠᠨ᠎ᠳᠤ ᠮᠠᠨ᠎ᠤ ᠣᠷᠣᠨ᠎ᠤ ᠬᠣᠲᠠ᠎ᠶ᠋ᠢᠨ ᠰᠦᠷᠦᠭᠵᠢᠯ ᠪᠠ ᠣᠷᠣᠨ ᠪᠦᠰᠡ᠎ᠶ᠋ᠢᠨ ᠲᠥᠪ ᠬᠣᠲᠠ᠎ᠶ᠋ᠢᠨ ᠪᠦᠲᠦᠭᠡᠨ ᠪᠠᠢᠭᠤᠯᠤᠯᠲᠠ᠎ᠳᠤ ᠪᠠᠰᠠ ᠵᠠᠷᠢᠮ ᠠᠰᠠᠭᠤᠳᠠᠯ ᠣᠷᠣᠱᠢᠵᠤ ᠪᠠᠢᠨ᠎ᠠ᠃ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ ᠬᠣᠲᠠ᠎ᠶ᠋ᠢᠨ ᠰᠦᠷᠦᠭᠵᠢᠯ᠎ᠦᠨ ᠠᠵᠤ ᠠᠬᠤᠶ᠎ᠶ᠋ᠢᠨ ᠶᠡᠷᠦᠩᠬᠡᠶ ᠬᠡᠪᠴᠢᠶ᠎ᠡ ᠨᠢ ᠪᠦᠬᠦ᠌ ᠤᠯᠤᠰ᠎ᠤᠨ ᠳᠤᠮᠳᠠ ᠳᠣᠣᠷ᠎ᠠ ᠤᠷᠤᠰᠭᠠᠯ᠎ᠤᠨ ᠲᠦᠪᠰᠢᠨ᠎ᠳᠦ ᠪᠠᠢᠵᠤ ᠂ ᠭᠣᠣᠯ ᠪᠣᠯᠬᠤ ᠬᠣᠲᠠ᠎ᠶ᠋ᠢᠨ ᠶᠡᠷᠦᠩᠬᠡᠢᠯᠡᠭ᠌ᠰᠡᠨ ᠥᠷᠢᠰᠥᠯᠳᠦᠬᠦ᠌ ᠬᠦᠴᠦᠨ ᠨᠢ ᠴᠥᠮ ᠪᠦᠬᠦ᠌ ᠤᠯᠤᠰ᠎ᠤᠨ ᠡᠮᠦᠨ᠎ᠡ 50 ᠬᠦᠴᠦᠷᠬᠡᠭ᠎ᠲᠦ ᠤᠷᠤᠵᠦ ᠴᠢᠳᠠᠬᠰᠠᠨ ᠦᠬᠡᠢ ; ᠤᠯᠠᠭᠠᠨᠬᠠᠳᠠ ᠂ ᠲᠦᠩᠯᠢᠶᠣᠤ ᠪᠣᠯ ᠬᠥᠮᠦᠨ ᠠᠮᠠ᠎ᠶ᠋ᠢᠨ ᠨᠡᠭᠦᠳᠡᠯᠯᠡᠬᠦ᠌ ᠬᠡᠯᠪᠡᠷᠢ᠎ᠶ᠋ᠢᠨ ᠬᠣᠲᠠ᠎ᠳᠤ ᠬᠠᠷᠢᠶᠠᠯᠠᠭ᠍ᠳᠠᠵᠤ ᠂ ᠳᠠᠢᠴᠢᠯᠠᠬᠤ ᠴᠢᠳᠠᠪᠤᠷᠢ ᠬᠦᠷᠦᠯᠴᠡᠬᠦ᠌ ᠦᠭᠡᠶ᠂ ᠲᠦᠪ ᠬᠣᠲᠠ ᠲᠣᠭᠣᠷᠢᠭ᠎ᠤᠨ ᠠᠵᠤ ᠠᠬᠤᠶ᠎ᠶ᠋ᠢᠨ ᠲᠥᠪ᠎ᠦᠨ ᠡᠭᠦᠷᠭᠡ ᠴᠢᠳᠠᠪᠤᠷᠢ ᠪᠣᠯᠤᠨ ᠣᠷᠣᠨ ᠪᠦᠰᠡ᠎ᠶ᠋ᠢᠨ ᠦᠢᠯᠡᠴᠢᠯᠡᠭᠡᠨ᠎ᠦ ᠡᠭᠦᠷᠭᠡ ᠴᠢᠳᠠᠪᠤᠷᠢ ᠨᠢ ᠲᠡᠢᠮᠦ᠍ ᠲᠣᠪᠣᠢᠮ᠎ᠠ ᠪᠢᠰᠢ ᠪᠠᠢᠨ᠎ᠠ᠃ ᠬᠥᠬᠡᠬᠣᠲᠠ ᠪᠤᠭᠤᠲᠤ ᠤᠷᠳᠤᠰ ᠤᠯᠠᠭᠠᠨᠴᠠᠪ᠎ᠤᠨ ᠬᠤᠳᠠ᠎ᠶ᠋ᠢᠨ ᠰᠦᠷᠦᠭᠵᠢᠯ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌ ᠠᠵᠠ ᠲᠣᠬᠢᠶᠠᠯ ᠪᠣᠯᠤᠨ ᠤᠯᠤᠰ᠎ᠤᠨ ᠬᠥᠬᠡᠬᠣᠲᠠ ᠪᠤᠭᠤᠲᠤ ᠤᠷᠳᠤᠰ ᠲᠡᠮᠡᠭᠡᠳᠦ ᠬᠤᠳᠠ᠎ᠶ᠋ᠢᠨ ᠰᠦᠷᠦᠭᠵᠢᠯ᠎ᠦᠨ ᠪᠦᠳᠦᠭᠡᠨ ᠪᠠᠢᠭᠤᠯᠤᠯᠲᠠ᠎ᠶ᠋ᠢᠨ ᠠᠵᠠ ᠲᠣᠬᠢᠶᠠᠯ᠎ᠢ ᠠᠮᠵᠢᠵᠤ ᠂ ᠬᠥᠬᠡᠬᠣᠲᠠ ᠪᠤᠭᠤᠲᠤ ᠤᠷᠳᠤᠰ ᠤᠯᠠᠭᠠᠨᠴᠠᠪ᠎ᠤᠨ ᠨᠢᠭᠡ ᠴᠤᠬ᠍ᠴᠠᠵᠢᠬ᠍ᠰᠠᠨ ᠬᠥᠭ᠌ᠵᠢᠯᠲᠡ᠎ᠶ᠋ᠢ ᠭᠦᠨᠵᠡᠭᠡᠢ ᠠᠬᠢᠭᠤᠯᠵᠤ᠂ ᠣᠷᠣᠨ᠎ᠤ ᠲᠥᠪ᠎ᠢ ᠬᠦᠴᠦᠷᠬᠡᠭ᠌ᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠶᠡᠷᠦᠩᠬᠡᠢᠯᠡᠭ᠌ᠰᠡᠨ ᠳᠠᠭᠠᠭᠠᠴᠠ᠎ᠶ᠋ᠢᠨ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠪᠦᠬᠦ᠌ ᠣᠷᠣᠨ᠎ᠤ ᠭᠣᠣᠯ ᠨᠡᠮᠡᠭ᠌ᠳᠡᠯ᠎ᠦᠨ ᠲᠤᠢᠯ᠎ᠢ ᠴᠣᠭ᠍ᠴᠠᠯᠠᠬᠤ ᠬᠡᠷᠡᠭ᠌ᠲᠡᠢ᠃ ᠤᠯᠠᠭᠠᠨᠬᠠᠳᠠ᠂ ᠲᠦᠩᠯᠢᠶᠣᠤ ᠬᠣᠲᠠ᠎ᠶ᠋ᠢᠨ᠎ᠬᠢᠨ ᠬᠣᠶᠠᠷ ᠬᠣᠲᠠ᠎ᠶ᠋ᠢᠨ ᠠᠵᠤ ᠦᠶ᠋ᠯᠡᠰ ᠬᠠᠷᠢᠴᠠᠩᠭᠤᠶ᠎ᠪᠠᠷ ᠲᠥᠪᠯᠡᠷᠡᠭ᠌ᠰᠡᠨ ᠂ ᠬᠥᠮᠦᠨ ᠠᠮᠠ ᠬᠠᠷᠢᠴᠠᠩᠭᠤᠶ᠎ᠪᠠᠷ ᠲᠥᠪᠯᠡᠷᠡᠭ᠌ᠰᠡᠨ᠂ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠰᠠᠭᠤᠷᠢ᠎ᠪᠠᠷ ᠨᠡᠯᠢᠶᠡᠳ ᠰᠠᠢᠨ ᠂ ᠬᠡᠪᠴᠢᠶ᠎ᠡ᠎ᠪᠡᠷ ᠨᠡᠯᠢᠶᠡᠳ ᠶᠡᠬᠡ ᠪᠠᠢᠬᠤ ᠳᠠᠪᠠᠭᠤᠯᠢᠭ ᠵᠢᠡᠨ ᠭᠦᠶ᠋ᠴᠡᠳ ᠠᠱᠢᠭ᠍ᠯᠠᠨ᠂ ᠠᠵᠤ ᠠᠬᠤᠶ᠎ᠶ᠋ᠢᠨ ᠬᠦᠴᠦᠨ ᠵᠦᠶ᠋ᠯ᠎ᠢ ᠲᠥᠪᠯᠡᠷᠡᠭᠦᠯᠬᠦ᠌ ᠴᠢᠳᠠᠪᠤᠷᠢ᠎ᠪᠠᠨ ᠨᠡᠮᠡᠭ᠌ᠳᠡᠭᠦᠯᠵᠦ᠍᠂ ᠠᠵᠤ ᠦᠶ᠋ᠯᠡᠰ᠎ᠢ ᠱᠢᠯᠢᠳᠡᠭ᠌ᠵᠢᠭᠦᠯᠦᠨ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠬᠡᠪᠴᠢᠶᠡᠵᠢᠭᠰᠡᠨ ᠠᠵᠤ ᠠᠬᠤᠶ ᠪᠠ ᠣᠷᠣᠨ ᠪᠦᠰᠡ᠎ᠶ᠋ᠢᠨ ᠠᠵᠤ ᠠᠬᠤᠶ᠎ᠶ᠋ᠢᠨ ᠦᠶ᠋ᠯᠡᠳᠦᠯ ᠢ ᠳᠡᠭᠡᠭ᠌ᠰᠢᠯᠡᠭᠦᠯᠬᠦ᠌ ᠬᠡᠷᠡᠭ᠌ᠲᠡᠶ᠃
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠂ ᠠᠷᠠᠳ ᠲᠦᠮᠡᠨ ᠦ ᠬᠣᠳᠠ᠎ᠵᠢ ᠠᠷᠠᠳ ᠲᠦᠮᠡᠨᠪᠠᠢᠭᠤᠯᠵᠦ ᠂ ᠠᠷᠠᠳᠲᠦᠮᠡᠨᠦ ᠬᠣᠳᠠ ᠨᠢ ᠠᠷᠠᠳ ᠲᠦᠮᠡᠨ᠎ᠦ ᠲᠥᠯᠥᠭᠡ ᠪᠠᠢᠬᠤ᠎ᠶ᠋ᠢ ᠪᠠᠷᠢᠮᠲᠠᠯᠠᠵᠤ ᠂ ᠬᠣᠳᠠ᠎ᠶ᠋ᠢᠨ ᠲᠥᠯᠥᠪᠵᠢᠭᠦᠯᠭᠡ ᠂ ᠪᠥᠳᠥᠭᠡᠨ ᠪᠠᠢᠭᠤᠯᠤᠯᠲᠠ ᠂ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ ᠭᠡᠵᠦ᠍ ᠵᠢᠭᠠᠵᠤ ᠭᠠᠷᠭᠠᠪᠠ᠃ ᠶᠡᠷᠦᠩᠬᠡᠶᠳᠦᠨᠢ ᠠᠪᠴᠤ᠌ ᠬᠡᠯᠡᠪᠡᠯ᠂ ᠣᠳᠣᠬᠠᠨ᠎ᠳᠤ ᠮᠠᠨ᠎ᠤ ᠣᠷᠣᠨ᠎ᠤ 《ᠲᠥᠯᠥᠪᠵᠢᠭᠦᠯᠭᠡ》᠂《ᠪᠦᠳᠦᠭᠡᠨ ᠪᠠᠢᠭᠤᠯᠤᠯᠲᠠ 》᠂ 《 ᠵᠠᠰᠠᠯᠲᠠ 》 ᠶ᠋ᠢᠨ ᠲᠦᠪᠱᠢᠨ ᠨᠢ ᠬᠣᠲᠠ ᠪᠠᠯᠭᠠᠰᠤᠨ᠎ᠤ ᠴᠢᠨᠠᠷ ᠰᠠᠢᠲᠠᠶ ᠬᠥᠭ᠌ᠵᠢᠯᠲᠡ ᠂ ᠴᠢᠨᠠᠷ ᠰᠠᠢᠲᠠᠶ ᠠᠮᠢᠳᠤᠷᠠᠯ ᠪᠠ ᠥᠨᠳᠥᠷ ᠪᠦᠲᠦᠮᠵᠢᠲᠡᠶ ᠵᠠᠰᠠᠯᠲᠠ᠎ᠶ᠋ᠢᠨ ᠱᠠᠭᠠᠷᠳᠠᠯᠭ᠎ᠠ᠎ᠲᠠᠶ ᠪᠠᠰᠠ ᠨᠢᠭᠡ ᠬᠡᠮᠵᠢᠶᠠᠨᠦ ᠵᠥᠷᠢᠶ᠎ᠡ᠎ᠲᠡᠶ ᠪᠠᠢᠨ᠎ᠠ᠃ ᠬᠤᠳᠠ ᠪᠠᠯᠭᠠᠰᠤᠨ᠎ᠤ ᠲᠥᠯᠥᠪᠵᠢᠭᠦᠯᠭᠡ ᠪᠦᠳᠦᠭᠡᠨ ᠪᠠᠢᠭᠤᠯᠤᠯᠲᠠ᠎ᠶ᠋ᠢᠨ ᠣᠯᠠᠩᠬᠢ᠎ᠶ᠋ᠢ ᠨᠢ ᠭᠠᠳᠠᠭ᠍ᠰᠢ ᠥᠷᠭᠡᠳᠭᠡᠬᠦ᠌ ᠪᠠ ᠪᠦᠳᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠱᠢᠨ᠎ᠡ᠎ᠪᠡᠷ ᠨᠡᠮᠡᠭ᠌ᠳᠡᠭᠦᠯᠬᠦ᠌᠎ᠪᠡᠷ ᠭᠣᠣᠯᠳᠠᠯᠭ᠎ᠠ ᠪᠣᠯᠭᠠᠵᠤ᠂ ᠬᠠᠭᠤᠴᠢᠨ ᠬᠤᠳᠠ᠎ᠶ᠋ᠢᠨ ᠲᠣᠭᠣᠷᠢᠭ᠎ᠢ ᠣᠷᠭᠠᠨᠢᠭ᠎ᠢᠶᠠᠷ ᠱᠢᠨᠡᠳᠭᠡᠬᠦ᠌ ᠪᠠ ᠶᠡᠷᠦᠩᠬᠡᠢᠯᠡᠨ ᠨᠡᠭᠡᠭᠡᠨ ᠠᠱᠢᠭ᠍ᠯᠠᠬᠤ᠎ᠶ᠋ᠢ ᠣᠮᠲᠣᠭᠠᠢᠯᠠᠭ᠍ᠰᠠᠨ ᠪᠠᠢᠨ᠎ᠠ᠃ ᠬᠣᠲᠠ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠶ᠋ᠢᠨ ᠠᠭᠤᠯᠭ᠎ᠠ ᠬᠢᠭᠡᠳ ᠰᠠᠭᠤᠭᠠᠯᠢ ᠠᠷᠠᠳ᠎ᠤᠨ ᠬᠡᠷᠡᠭ᠌ᠴᠡᠭᠡ ᠱᠠᠭᠠᠷᠳᠠᠯᠭ᠎ᠠ ᠰᠣᠯᠪᠢᠴᠠᠵᠤ ᠂ ᠰᠤᠷᠭᠠᠨ ᠬᠥᠮᠦᠵᠢᠯ ᠂ ᠡᠷᠡᠭᠦᠯ ᠬᠠᠮᠠᠭᠠᠯᠠᠯ ᠂ ᠰᠣᠶᠣᠯ᠂ ᠪᠡᠶ᠎ᠡ᠎ᠶ᠋ᠢᠨ ᠲᠠᠮᠢᠷ ᠵᠡᠷᠭᠡ ᠦᠨᠳᠦᠰᠦᠨ ᠣᠯᠠᠨ ᠨᠡᠢᠲᠡ᠎ᠶ᠋ᠢᠨ ᠦᠢᠯᠡᠴᠢᠯᠡᠭᠡ ᠢᠵᠢ ᠪᠦᠷᠢᠳᠦᠭᠡᠳᠦᠶ ᠪᠠᠢᠨ᠎ᠠ᠃ ᠬᠤᠲᠠ ᠪᠠᠯᠭᠠᠰᠤᠨ᠎ᠤ ᠵᠠᠰᠠᠯᠲᠠ᠎ᠶ᠋ᠢᠨ ᠱᠢᠰᠲ᠋ᠧᠮ ᠲᠡᠭᠦᠯᠳᠡᠷ ᠪᠤᠰᠤ᠂ ᠲᠣᠭ᠍ᠲᠠᠴᠠ ᠱᠢᠯᠤᠭᠤᠬᠠᠨ ᠪᠤᠰᠤ ᠂ ᠬᠤᠲᠠ ᠪᠠᠯᠭᠠᠰᠤᠨ᠎ᠤ ᠬᠠᠮᠢᠶᠠᠷᠤᠯᠲᠠ ᠱᠢᠰᠲ᠋ᠧᠮ᠎ᠲᠡᠶ ᠵᠢᠷᠤᠭ ᠲᠥᠯᠥᠪᠯᠡᠭᠡ ᠳᠤᠲᠠᠮᠠᠭ ᠂ ᠪᠠᠢᠭᠠᠯᠢ᠎ᠶ᠋ᠢᠨ ᠭᠠᠮᠱᠢᠭ ᠂ ᠬᠢᠵᠢᠭ᠎ᠦᠨ ᠪᠠᠢᠳᠠᠯ᠎ᠦᠨ ᠠᠶᠤᠯ ᠲᠦᠭ᠌ᠰᠢᠭᠦᠷᠢ ᠂ ᠬᠦᠨᠳᠦ ᠶᠡᠬᠡ ᠤᠯᠠᠨ ᠨᠡᠢᠲᠡ᠎ᠶ᠋ᠢᠨ ᠬᠡᠷᠡᠭ᠎ᠢ ᠰᠡᠷᠭᠡᠢᠯᠡᠨ ᠠᠷᠭᠠᠴᠠᠭᠠᠬᠤ ᠲᠦᠷᠢᠮ᠎ᠦᠨ ᠱᠢᠰᠲ᠋ᠧᠮ ᠪᠣᠯᠤᠨ ᠠᠵᠢᠯ᠎ᠤᠨ ᠲᠣᠭ᠍ᠲᠠᠴᠠ ᠳᠤᠲᠠᠭ᠍ᠳᠠᠵᠤ᠂ ᠬᠤᠲᠠ᠎ᠶ᠋ᠢᠨ ᠠᠷᠠᠳ᠎ᠢᠶᠠᠷ ᠭᠣᠣᠯ ᠪᠣᠯᠭᠠᠭ᠍ᠰᠠᠨ᠂ ᠤᠯᠠᠨ ᠡᠱᠢᠵᠢᠵᠦ ᠬᠠᠮᠲᠤ᠎ᠪᠠᠷ ᠵᠠᠰᠠᠬᠤ ᠪᠠᠢᠷᠢᠱᠢᠯ ᠬᠠᠷᠠᠬᠠᠨ ᠪᠦᠷᠢᠯᠳᠦᠭᠡᠳᠦᠢ ᠪᠠᠢᠭ᠍ᠰᠠᠭᠠᠷ᠃ ᠣᠲᠣ ᠦᠶ᠎ᠡ᠎ᠶ᠋ᠢᠨ ᠮᠡᠷᠭᠡᠵᠢᠯ᠎ᠦᠨ ᠠᠷᠭ᠎ᠠ ᠪᠠᠷᠢᠯ᠎ᠢ ᠬᠡᠷᠡᠭ᠌ᠯᠡᠬᠦ᠌ ᠲᠠᠯ᠎ᠠ᠎ᠪᠠᠷ ᠬᠦᠷᠦᠯᠴᠡᠬᠦ᠌ ᠥᠬᠡᠶ᠂ ᠬᠣᠲᠠ ᠪᠠᠯᠭᠠᠰᠤᠨ᠎ᠤ ᠵᠠᠰᠠᠯᠲᠠ᠎ᠶ᠋ᠢ ᠨᠠᠷᠢᠯᠢᠭ᠍ᠵᠢᠭᠤᠯᠬᠤ ᠲᠠᠯ᠎ᠠ᠎ᠪᠠᠷ ᠬᠦᠷᠦᠯᠴᠡᠬᠦ᠌ ᠥᠬᠡᠶ ᠪᠠᠢᠨ᠎ᠠ᠃
ᠣᠳᠣᠬᠢ ᠱᠠᠲᠤᠨ᠎ᠳᠤ ᠬᠣᠲᠠ ᠪᠠᠯᠭᠠᠰᠤᠨ᠎ᠤ 《ᠲᠥᠯᠥᠪᠵᠢᠭᠦᠯᠭᠡ 》 ᠂ 《ᠪᠦᠳᠦᠬᠡᠨ ᠪᠠᠢᠭᠤᠯᠤᠯᠲᠠ 》 ᠂ 《 ᠵᠠᠰᠠᠯᠲᠠ 》 ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍ ᠂ ᠬᠥᠮᠦᠰ᠎ᠦᠨ ᠣᠢᠯᠠᠭᠠᠯᠲᠠ᠎ᠶ᠋ᠢ ᠨᠠᠩ ᠠᠩᠬᠠᠷᠴᠤ᠌ ᠂ ᠦᠶ᠋ᠯᠡᠳᠪᠦᠷᠢᠯᠡᠯ᠂ ᠠᠮᠢᠳᠤᠷᠠᠯ ᠂ ᠠᠮᠢ ᠠᠬᠤᠶ ᠂ ᠠᠮᠤᠷ ᠲᠦᠪᠱᠢᠨ᠎ᠦ ᠬᠡᠷᠡᠭ᠌ᠴᠡᠭᠡ᠎ᠶ᠋ᠢ ᠰᠠᠢᠲᠤᠷ ᠨᠢᠭᠡᠳᠦᠯᠲᠡᠶ ᠲᠥᠯᠥᠪᠵᠢᠭᠦᠯᠵᠦ᠍ ᠂ ᠪᠣᠬᠢᠷᠲᠤᠯ ᠥᠬᠡᠶ ᠂ ᠣᠷᠣᠱᠢᠨ ᠰᠠᠭᠤᠷᠢᠱᠢᠬᠤ᠎ᠳᠤ ᠲᠣᠬᠢᠷᠠᠮᠵᠢᠲᠠᠶ ᠂ ᠤᠶᠠᠨ ᠬᠠᠲᠠᠨ ᠴᠢᠨᠠᠷ ᠂ ᠤᠶᠤᠨᠴᠢ ᠬᠣᠲᠠ᠎ᠶ᠋ᠢ ᠪᠠᠢᠭᠤᠯᠬᠤ ᠬᠡᠷᠡᠭ᠌ᠲᠡᠶ᠃ ᠨᠢᠭᠡ᠎ᠳᠦ᠂ ᠬᠤᠳᠠ ᠪᠠᠯᠭᠠᠰᠤᠨ᠎ᠤ ᠣᠷᠣᠨ ᠵᠠᠢ᠎ᠶ᠋ᠢᠨ ᠵᠠᠰᠠᠯᠲᠠ᠎ᠶ᠋ᠢ ᠴᠢᠩᠭᠠᠳᠭᠠᠵᠤ᠂ ᠢᠷᠡᠭᠡᠳᠦᠢ᠎ᠶ᠋ᠢᠨ ᠬᠥᠮᠦᠨ ᠠᠮᠠ᠎ᠶ᠋ᠢᠨ ᠬᠤᠪᠢᠷᠠᠯᠲᠠ᠎ᠶ᠋ᠢᠨ ᠬᠠᠨᠳᠤᠰᠢ᠎ᠶ᠋ᠢ ᠦᠨᠳᠦᠰᠦᠯᠡᠨ᠂ ᠬᠤᠳᠠ ᠪᠠᠯᠭᠠᠰᠤᠨ᠎ᠤ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ᠎ᠢ ᠴᠠᠭ ᠲᠤᠬᠠᠢᠳᠤᠨᠢ ᠰᠠᠢᠲᠤᠷ ᠰᠠᠬᠢᠵᠤ᠂ ᠬᠤᠳᠠ ᠪᠠᠯᠭᠠᠰᠤᠨ᠎ᠤ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ᠎ᠶ᠋ᠢᠨ ᠣᠷᠣᠨ ᠵᠠᠢ᠎ᠶ᠋ᠢ ᠰᠠᠢᠲᠤᠷ ᠲᠥᠯᠥᠪᠵᠢᠭᠦᠯᠬᠦ᠌ ᠬᠡᠷᠡᠭ᠌ᠲᠡᠢ᠃ ᠬᠣᠶᠠᠷ᠎ᠲᠤ᠂ ᠠᠵᠤ ᠦᠢᠯᠡᠰ᠎ᠦᠨ ᠳᠠᠭᠠᠭᠠᠬᠤ ᠴᠢᠳᠠᠪᠤᠷᠢ᠂ ᠰᠠᠭᠤᠷᠢ ᠪᠡᠯᠡᠳᠭᠡᠮᠵᠢ᠎ᠶ᠋ᠢᠨ ᠳᠠᠭᠠᠭᠠᠬᠤ ᠴᠢᠳᠠᠪᠤᠷ ᠂ ᠦᠢᠯᠡᠴᠢᠯᠡᠭᠡᠨ᠎ᠦ ᠳᠠᠭᠠᠭᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠪᠡᠷ ᠭᠣᠣᠯᠳᠠᠯᠭ᠎ᠠ ᠪᠣᠯᠭᠠᠨ᠂ ᠬᠣᠲᠠ᠎ᠶ᠋ᠢ ᠱᠢᠨᠡᠳᠭᠡᠬᠦ᠌ ᠪᠠ ᠬᠣᠲᠠ᠎ᠶ᠋ᠢᠨ ᠳᠤᠲᠠᠭᠤᠳᠠᠯ᠎ᠢ ᠨᠥᠬᠥᠪᠥᠷᠢᠯᠡᠬᠦ᠌᠎ᠶ᠋ᠢ ᠵᠡᠷᠭᠡ᠎ᠳᠦᠨᠢ ᠶᠠᠪᠤᠭᠤᠯᠬᠤ᠎ᠶ᠋ᠢ ᠪᠠᠷᠢᠮᠲᠠᠯᠠᠵᠤ ᠂ 《ᠬᠠᠲᠠᠭᠤ ᠬᠡᠷᠡᠭ᠌ᠰᠡᠯ 》 ᠪᠣᠯᠤᠨ 《ᠵᠥᠭᠡᠯᠡᠨ ᠬᠡᠷᠡᠭ᠌ᠰᠡᠯ 》 ᠦᠨ ᠪᠠᠢᠭᠤᠯᠤᠯᠲᠠ᠎ᠶ᠋ᠢ ᠴᠢᠩᠭᠠᠳᠭᠠᠨ᠂ ᠬᠣᠲᠠ ᠪᠠᠯᠭᠠᠰᠤ᠎ᠶ᠋ᠢᠨ ᠴᠢᠳᠠᠮᠵᠢ᠎ᠶ᠋ᠢᠨ ᠲᠡᠩᠴᠡᠭᠦᠷᠢᠰᠢᠬᠦ ᠪᠠ ᠲᠡᠭᠦᠯᠳᠡᠷᠵᠢᠬᠦ᠌᠎ᠶ᠋ᠢ ᠠᠬᠢᠭᠤᠯᠵᠤ ᠂ ᠬᠣᠲᠠ ᠪᠠᠯᠭᠠᠰᠤ᠎ᠶ᠋ᠢᠨ ᠴᠢᠳᠠᠮᠵᠢ᠎ᠶ᠋ᠢᠨ ᠳᠡᠰ ᠪᠣᠯᠤᠨ ᠶᠡᠷᠦᠩᠬᠡᠢᠯᠡᠭ᠌ᠰᠡᠨ ᠳᠠᠭᠠᠭᠠᠬᠤ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠬᠦ ᠬᠡᠷᠡᠭᠳᠡᠢ᠃ ᠭᠤᠷᠪᠠ᠎ᠳᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠠᠢᠰᠢ ᠬᠡᠯᠪᠡᠷᠢ᠎ᠪᠠᠨ ᠬᠤᠪᠢᠷᠠᠭᠤᠯᠬᠤ ᠱᠠᠭᠠᠷᠳᠠᠯᠭ᠎ᠠ᠎ᠲᠠᠶ ᠤᠶᠠᠯᠳᠤᠭᠤᠯᠤᠨ᠂ ᠪᠣᠬᠢᠷᠲᠤᠯ ᠥᠬᠡᠶ ᠬᠣᠲᠠ᠂ ᠪᠠᠭ᠎ᠠ ᠨᠡᠭᠦᠷᠡᠰᠦᠲᠥ᠋ᠷᠥᠭ᠌ᠴᠢᠲᠦ ᠨᠡᠢᠭᠡᠮ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ ᠬᠡᠷᠡᠭᠳᠡᠢ᠃ ᠳᠥᠷᠪᠡ᠎ᠳᠦ᠂ ᠬᠥᠭ᠌ᠵᠢᠯᠲᠡ ᠬᠢᠭᠡᠳ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠨ ᠂ ᠬᠣᠲᠠ ᠪᠠᠯᠭᠠᠰᠤ᠎ᠶ᠋ᠢᠨ ᠨᠡᠢᠭᠡᠮ᠎ᠦᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠣᠳᠣᠬᠢᠴᠢᠯᠠᠭ᠍ᠰᠠᠨ ᠬᠣᠲᠠ᠎ᠶ᠋ᠢᠨ ᠠᠮᠤᠷ ᠲᠦᠪᠱᠢᠨ᠎ᠦ ᠱᠢᠰᠲ᠋ᠧᠮ᠎ᠢ ᠲᠦᠷᠭᠡᠳᠭᠡᠨ ᠪᠠᠢᠭᠤᠯᠵᠤ ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠪᠠᠴᠢᠮ ᠪᠠᠢᠳᠠᠯ᠎ᠢ ᠠᠷᠭᠠᠴᠠᠭᠠᠬᠤ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠨ᠂ ᠬᠣᠲᠠ᠎ᠶ᠋ᠢᠨ ᠣᠯᠠᠨ ᠨᠡᠢᠲᠡ᠎ᠶ᠋ᠢᠨ ᠠᠮᠤᠷ ᠲᠦᠪᠱᠢᠨ᠎ᠦ ᠱᠢᠰᠲ᠋ᠧᠮ᠎ᠢ ᠪᠠᠢᠭᠤᠯᠵᠤ᠂ ᠶᠡᠷᠦᠩᠬᠡᠢᠯᠡᠭ᠌ᠰᠡᠨ ᠪᠠᠴᠢᠮ ᠪᠠᠢᠳᠠᠯ᠎ᠢ ᠠᠷᠭᠠᠴᠠᠭᠠᠬᠤ ᠱᠢᠰᠲ᠋ᠧᠮ᠎ᠢ ᠪᠦᠷᠢᠨᠱᠢᠭᠦᠯᠦᠨ᠂ ᠱᠢᠨ᠎ᠡ ᠬᠡᠯᠪᠡᠷᠢ᠎ᠶ᠋ᠢᠨ ᠣᠶᠤᠨᠴᠢ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠥᠷᠥᠯ ᠬᠤᠪᠢᠶᠠᠨ ᠠᠬᠢᠭᠤᠯᠵᠤ᠂ ᠬᠣᠲᠠ᠎ᠶ᠋ᠢᠨ ᠬᠠᠮᠢᠶᠠᠷᠤᠯᠲᠠ᠎ᠶ᠋ᠢ ᠬᠣᠲᠠ᠎ᠶ᠋ᠢᠨ ᠵᠠᠰᠠᠯᠲᠠ ᠲᠠᠢᠰᠢ ᠬᠤᠪᠢᠷᠠᠭᠤᠯᠬᠤ᠎ᠶ᠋ᠢ ᠠᠬᠢᠭᠤᠯᠤᠨ ᠂ ᠬᠣᠲᠠ ᠪᠠᠯᠭᠠᠰᠤ᠎ᠶ᠋ᠢᠨ ᠵᠠᠰᠠᠯᠲᠠ᠎ᠶ᠋ᠢᠨ ᠱᠢᠰᠲ᠋ᠧᠮ ᠪᠠ ᠵᠠᠰᠠᠯᠲᠠ ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭᠳᠡᠢ᠃
ᠱᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠵᠤ ᠬᠣᠲᠠ ᠬᠥᠳᠡᠭᠡ᠎ᠶ᠋ᠢᠨ ᠠᠭᠤᠰᠤᠯᠴᠠᠯ᠎ᠢ ᠠᠬᠢᠭᠤᠯᠬᠤ ᠬᠡᠷᠡᠭᠳᠡᠢ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠭᠡᠯ᠎ᠳᠦ ᠴᠢᠬᠤᠯᠠᠴᠢᠯᠠᠭ᠍ᠰᠠᠨ᠎ᠨᠢ ᠱᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠬᠣᠲᠠ ᠪᠠᠯᠭᠠᠰᠤᠵᠢᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ ᠂ ᠱᠢᠶᠠᠨ᠎ᠤ ᠬᠣᠲᠠ᠎ᠶ᠋ᠢᠨ ᠣᠳᠣᠬᠢᠴᠢᠯᠠᠯᠲᠠ᠎ᠶ᠋ᠢᠨ ᠪᠥᠬᠥ᠌ ᠲᠠᠯ᠎ᠠ᠎ᠳᠠᠬᠢ ᠪᠠᠢᠷᠢ ᠰᠠᠭᠤᠷᠢ ᠪᠠ ᠦᠶ᠋ᠯᠡᠳᠦᠯ᠎ᠢ ᠤᠯᠠᠮ ᠳᠣᠪᠣᠢᠯᠭᠠᠪᠠ᠃ ᠱᠢᠶᠠᠨ᠎ᠤ ᠬᠣᠲᠠ ᠪᠣᠯ ᠬᠣᠲᠠ ᠪᠠ ᠬᠥᠳᠡᠭᠡ᠎ᠶ᠋ᠢ ᠬᠣᠯᠪᠣᠬᠤ ᠬᠦᠶ᠋ᠰᠦ ᠂ ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠴᠢᠬᠤᠯᠠ ᠬᠦᠶ᠋ᠰᠦ ᠲᠠᠪᠴᠠᠩ ᠪᠤᠯᠤᠨ᠎ᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠴᠢᠬᠤᠯᠠ ᠮᠡᠳᠡᠭᠡ ᠵᠠᠩᠭᠢ᠎ᠶ᠋ᠢᠨ ᠪᠠᠯᠠ ᠮᠥᠩᠭᠥ᠌ ᠮᠡᠷᠭᠡᠵᠢᠯ᠎ᠦᠨ ᠡᠬᠢ ᠪᠤᠯᠠᠭ ᠮᠥᠨ᠃ ᠱᠢᠶᠠᠨ᠎ᠤ ᠬᠣᠲᠠ᠎ᠪᠠᠷ ᠠᠴᠢᠶᠠᠯᠠᠪᠤᠷᠢ ᠪᠣᠯᠭᠠᠨ ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ᠎ᠳᠤ ᠂ ᠱᠢᠶᠠᠨ ᠱᠢᠶᠠᠩ ᠲᠣᠰᠭᠣᠨ᠎ᠢ ᠨᠢᠭᠡᠳᠦᠯᠲᠡᠶ ᠲᠥᠯᠥᠪᠵᠢᠭᠦᠯᠦᠨ ᠬᠥᠭ᠌ᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠠᠵᠤ ᠦᠶ᠋ᠯᠡ ᠂ ᠰᠠᠭᠤᠷᠢ ᠲᠥᠬᠥᠭᠡᠷᠦᠮᠵᠢ᠂ ᠣᠯᠠᠨ ᠨᠡᠢᠲᠡ᠎ᠶ᠋ᠢᠨ ᠦᠶ᠋ᠯᠡᠴᠢᠯᠡᠭᠡ ᠵᠡᠷᠭᠡ ᠱᠢᠶᠠᠨ᠎ᠤ ᠬᠡᠪᠴᠢᠶᠡᠨ᠎ᠳᠦ ᠨᠢᠭᠡᠳᠦᠯᠲᠡᠶ ᠲᠥᠯᠥᠪᠵᠢᠭᠦᠯᠦᠨ ᠪᠠᠢᠷᠢᠱᠢᠭᠤᠯᠬᠤ᠎ᠶ᠋ᠢ ᠴᠢᠩᠭᠠᠳᠭᠠᠵᠤ᠂ ᠲᠠᠷᠢᠶᠠᠴᠢᠨ ᠡᠴᠡ ᠠᠵᠢᠯᠴᠢᠨ ᠲᠠᠷᠢᠶᠠᠴᠢᠨ᠎ᠤ ᠬᠣᠭᠣᠷᠣᠨᠳᠣ ᠡᠵᠡᠨ ᠮᠡᠳᠡᠵᠦ᠍ ᠰᠣᠩᠭᠣᠬᠤ᠂ ᠴᠢᠯᠥᠭᠡᠲᠡᠶ ᠬᠤᠪᠢᠷᠠᠭᠤᠯᠬᠤ᠂ ᠬᠣᠲᠠ ᠬᠥᠳᠡᠭᠡ᠎ᠶ᠋ᠢᠨ ᠬᠣᠭᠣᠷᠣᠨᠳᠣ ᠬᠤᠤᠰ ᠴᠢᠭ᠌ᠯᠡᠯ᠎ᠢᠶᠡᠷ ᠱᠢᠯᠵᠢᠬᠦ᠌᠎ᠶ᠋ᠢ ᠠᠬᠢᠭᠤᠯᠵᠦ᠍᠂ ᠱᠢᠶᠠᠨ᠎ᠤ ᠬᠤᠳᠠ᠎ᠶ᠋ᠢ ᠠᠵᠢᠯᠴᠢᠨ ᠲᠠᠷᠢᠶᠠᠴᠢᠨ᠎ᠲᠠᠶ ᠬᠣᠯᠪᠣᠭ᠍ᠰᠠᠨ᠂ ᠬᠣᠲᠠ ᠬᠥᠳᠡᠭᠡ᠎ᠶ᠋ᠢ ᠠᠭᠤᠰᠤᠯᠴᠠᠭᠤᠯᠤᠭ᠍ᠰᠠᠨ ᠴᠢᠬᠤᠯᠠ ᠬᠣᠯᠪᠣᠭᠠᠰᠤ ᠪᠣᠯᠭᠠᠬᠤ ᠬᠡᠷᠡᠭ᠌ᠲᠡᠶ᠃
ᠬᠣᠲᠠ ᠪᠠᠯᠭᠠᠰᠤᠵᠢᠯᠲᠠ᠎ᠶ᠋ᠢᠨ ᠤᠷᠮᠠᠱᠢᠭᠤᠯᠬᠤ ᠴᠢᠨᠠᠷᠲᠠᠶ ᠢᠵᠢ ᠪᠦᠷᠢᠳᠦᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠬᠦ ᠬᠡᠷᠡᠭᠳᠡᠢ᠃ ᠣᠢᠷ᠎ᠠ᠎ᠶ᠋ᠢᠨ ᠵᠢᠯ᠎ᠦᠨ ᠲᠤᠷᠰᠢ᠂ ᠮᠠᠨ᠎ᠤ ᠣᠷᠣᠨ ᠮᠠᠯ ᠠᠵᠤ ᠠᠬᠤᠶ᠎ᠲᠠᠷᠢᠶᠠᠯᠠᠩ ᠡᠴᠡ ᠱᠢᠯᠵᠢᠭ᠌ᠰᠡᠨ ᠬᠥᠮᠦᠨ ᠠᠮᠠ᠎ᠶ᠋ᠢ ᠬᠣᠲᠠ᠎ᠶ᠋ᠢᠨ ᠠᠷᠠᠳ ᠪᠣᠯᠭᠠᠬᠤ ᠱᠠᠩᠨᠠᠯ᠎ᠤᠨ ᠲᠣᠭ᠍ᠲᠠᠴᠠ᠎ᠶ᠋ᠢ ᠪᠠᠢᠭᠤᠯᠵᠤ᠂ ᠬᠣᠲᠠ ᠣᠷᠣᠵᠤ ᠡᠷᠦᠬᠡ ᠠᠮᠠ᠎ᠪᠠᠨ ᠣᠷᠣᠭᠤᠯᠤᠭ᠍ᠰᠠᠨ ᠬᠥᠮᠦᠨ ᠠᠮᠠ᠎ᠶ᠋ᠢᠨ ᠬᠣᠲᠠ ᠪᠠᠯᠭᠠᠰᠤ᠎ᠶ᠋ᠢᠨ ᠱᠢᠨ᠎ᠡ᠎ᠪᠡᠷ ᠨᠡᠮᠡᠭ᠌ᠳᠡᠭ᠌ᠰᠡᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠪᠠᠷᠢᠮᠵᠢᠶ᠎ᠠ ᠵᠡᠷᠭᠡ ᠤᠷᠮᠠᠱᠢᠭᠤᠯᠬᠤ ᠴᠢᠨᠠᠷᠲᠠᠶ ᠢᠵᠢ ᠪᠦᠷᠢᠳᠦᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠪᠡ᠂ ᠭᠡᠪᠡᠴᠦ᠍ 《ᠬᠥᠮᠦᠨ ᠪᠤᠯᠤᠨ ᠭᠠᠵᠠᠷ 》᠂ 《ᠬᠥᠮᠦᠨ ᠪᠤᠯᠤᠨ ᠤᠷᠤᠯᠭ᠎ᠠ》 ᠵᠢ ᠬᠣᠯᠪᠣᠭ᠍ᠳᠠᠭᠤᠯᠬᠤ ᠢᠵᠢ ᠪᠦᠷᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ᠎ᠢᠶᠠᠷ ᠬᠦᠷᠦᠯᠴᠡᠬᠦ᠌ ᠥᠬᠡᠶ ᠪᠠᠢᠬᠤ ᠠᠰᠠᠭᠤᠳᠠᠯ ᠮᠥᠨ ᠬᠦ᠌ ᠣᠷᠣᠱᠢᠵᠤ᠂ ᠣᠯᠠᠨ ᠡᠱᠢᠵᠢᠭ᠌ᠰᠡᠨ ᠮᠠᠯ ᠠᠵᠤ ᠠᠬᠤᠶ᠎ᠲᠠᠷᠢᠶᠠᠯᠠᠩ ᠡᠴᠠ ᠱᠢᠯᠵᠢᠭ᠌ᠰᠡᠨ ᠬᠥᠮᠦᠨ ᠠᠮᠠ᠎ᠶ᠋ᠢ ᠬᠣᠲᠠ᠎ᠶ᠋ᠢᠨ ᠠᠷᠠᠳ ᠪᠣᠯᠭᠠᠬᠤ ᠥᠪᠡᠷ᠎ᠦᠨ ᠥᠷᠲᠡᠭ᠎ᠢ ᠬᠤᠪᠢᠶᠠᠨ ᠡᠭᠦᠷᠭᠡᠯᠡᠬᠦ᠌ ᠲᠣᠭ᠍ᠲᠠᠴᠠ ᠮᠥᠨ ᠬᠦ᠌ ᠲᠡᠭᠦᠯᠳᠡᠷᠵᠢᠭᠡᠳᠦᠶ ᠪᠠᠢᠵᠤ᠂ ᠲᠥᠷᠥ᠎ᠶ᠋ᠢᠨ ᠪᠣᠳᠣᠯᠭ᠎ᠠ᠎ᠶ᠋ᠢᠨ ᠱᠢᠨ᠎ᠡ᠎ᠶ᠋ᠢ ᠡᠭᠦᠳᠦᠭ᠌ᠰᠡᠨ᠎ᠢᠶᠡᠷ ᠬᠦᠷᠦᠯᠴᠡᠬᠦ᠌ ᠥᠬᠡᠶ ᠪᠠᠢᠵᠤ᠂ ᠮᠠᠯ ᠠᠵᠤ ᠠᠬᠤᠶ᠎ᠲᠠᠷᠢᠶᠠᠯᠠᠩ ᠤᠨ ᠬᠥᠮᠦᠨ ᠠᠮᠠ᠎ᠶ᠋ᠢᠨ ᠬᠣᠲᠠ ᠣᠷᠣᠬᠤ ᠢᠳᠡᠪᠬᠢᠵᠢᠯ᠎ᠢ ᠨᠥᠯᠥᠭᠡᠯᠡᠪᠡ᠃ ᠮᠠᠯᠵᠢᠬᠤ ᠲᠠᠷᠢᠶᠠᠯᠠᠬᠤ ᠣᠷᠣᠨ᠎ᠤ 《 ᠭᠤᠷᠪᠠᠨ ᠡᠷᠬᠡ 》 ᠶ᠋ᠢ ᠰᠢᠯᠵᠢᠬᠦᠯᠦᠨ ᠦᠭᠬᠦ ᠲᠣᠭ᠍ᠲᠠᠴᠠ ᠪᠦᠷᠢᠨ ᠪᠤᠰᠤ ᠪᠠᠢᠵᠤ ᠂ ᠮᠠᠯᠴᠢᠨ ᠲᠠᠷᠢᠶᠠᠴᠢᠨ᠎ᠤ ᠬᠣᠲᠠ ᠣᠷᠣᠵᠤ ᠡᠷᠦᠬᠡ ᠠᠮᠠ ᠣᠷᠣᠬᠤ ᠬᠦᠰᠡᠯ ᠢ ᠨᠥᠯᠥᠭᠡᠯᠡᠪᠡ᠃ ᠬᠣᠲᠠ ᠪᠠᠯᠭᠠᠰᠣᠵᠢᠯᠳᠡ᠎ᠶ᠋ᠢᠨ ᠤᠷᠮᠠᠱᠢᠭᠤᠯᠬᠤ ᠴᠢᠨᠠᠷᠲᠠᠶ ᠢᠵᠢ ᠪᠦᠷᠢᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠵᠦ᠍᠂ ᠠᠳᠠᠯᠢ ᠪᠤᠰᠤ ᠭᠤᠤᠯ ᠴᠣᠭ᠍ᠴᠠ᠎ᠳᠤ ᠴᠢᠭ᠌ᠯᠡᠭᠦᠯᠦᠨ ᠵᠢᠷᠤᠭ᠍ᠯᠠᠨ ᠲᠥᠯᠥᠪᠯᠡᠬᠦ᠌ ᠪᠠ ᠲᠡᠭᠦᠯᠳᠡᠷᠵᠢᠭᠦᠯᠵᠦ᠍᠂ ᠠᠳᠠᠯᠢ ᠪᠤᠰᠤ ᠭᠤᠤᠯ ᠴᠣᠭ᠍ᠴᠠ᠎ᠶ᠋ᠢᠨ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠣᠵᠢᠯᠳᠡ᠎ᠶ᠋ᠢ ᠠᠬᠢᠭᠤᠯᠬᠤ ᠳᠤᠮᠳᠠᠬᠢ ᠰᠠᠨᠠᠭᠠᠴᠢᠯᠠᠭᠠᠲᠤ ᠴᠢᠨᠠᠷ᠎ᠢ ᠬᠥᠭ᠌ᠵᠢᠭᠡᠬᠦ ᠬᠡᠷᠡᠭᠳᠡᠢ᠃ ᠵᠠᠰᠠᠭ᠎ᠤᠨ ᠣᠷᠳᠣᠨ᠎ᠤ ᠲᠠᠯ᠎ᠠ᠎ᠠᠴᠠ ᠬᠣᠲᠠ ᠪᠠᠯᠭᠠᠰᠤ᠎ᠶ᠋ᠢᠨ ᠱᠢᠨ᠎ᠡ᠎ᠪᠡᠷ ᠨᠡᠮᠡᠭ᠌ᠳᠡᠭ᠌ᠰᠡᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠪᠴᠢᠶ᠎ᠡ᠂ ᠡᠳ᠋᠎ᠦᠨ ᠵᠠᠰᠠᠭ᠎ᠤᠨ ᠱᠢᠯᠵᠢᠭᠦᠯᠦᠨ ᠥᠭ᠌ᠬᠦ ᠪᠡᠯᠡ ᠮᠥᠩᠭᠥ᠎ᠶ᠋ᠢ ᠮᠠᠯ ᠠᠵᠤ ᠠᠬᠤᠶ᠎ᠲᠠᠷᠢᠶᠠᠯᠠᠩ ᠡᠴᠡ ᠱᠢᠯᠵᠢᠭ᠌ᠰᠡᠨ ᠬᠥᠮᠦᠨ ᠠᠮᠠ᠎ᠶ᠋ᠢᠨ ᠬᠡᠪᠴᠢᠶ᠎ᠡ᠎ᠯᠦᠭᠡ ᠬᠣᠯᠪᠣᠭ᠍ᠳᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠡᠶ; ᠤᠷᠮᠠᠱᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠱᠢᠨ᠎ᠡ᠎ᠶ᠋ᠢ ᠡᠭᠦᠳᠬᠦ᠌ ᠪᠠ ᠰᠦᠪᠡᠭ᠌ᠴᠢᠯᠡᠵᠦ᠍᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠵᠠᠷᠤᠳᠠᠯ᠎ᠤᠨ ᠪᠠᠲᠤᠯᠠᠭ᠎ᠠ᠂ ᠠᠵᠢᠯ ᠮᠡᠷᠭᠡᠵᠢᠯ᠎ᠦᠨ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠎ᠤᠨ ᠪᠠᠯᠠ ᠮᠥᠩᠭᠥ᠌ ᠵᠡᠷᠭᠡ᠎ᠶ᠋ᠢ ᠮᠠᠯ ᠠᠵᠤ ᠠᠬᠤᠶ ᠲᠠᠷᠢᠶᠠᠯᠠᠩ ᠡᠴᠡ ᠱᠢᠯᠵᠢᠭ᠌ᠰᠡᠨ ᠬᠥᠮᠦᠨ ᠠᠮᠠ᠎ᠶ᠋ᠢᠨ ᠬᠡᠪᠴᠢᠶ᠎ᠡ᠎ᠯᠦᠭᠡ ᠬᠣᠯᠪᠣᠭ᠍ᠳᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠠᠬᠢᠭᠤᠯᠤᠨ᠂ ᠮᠠᠯ ᠠᠵᠤ ᠠᠬᠤᠶ᠎ᠲᠠᠷᠢᠶᠠᠯᠠᠩ ᠡᠴᠡ ᠱᠢᠯᠵᠢᠭ᠌ᠰᠡᠨ ᠬᠥᠮᠦᠨ ᠠᠮᠠ᠎ᠶ᠋ᠢᠨ ᠰᠤᠷᠭᠠᠨ ᠬᠥᠮᠦᠵᠢᠯ᠂ ᠠᠵᠢᠯ ᠣᠯᠭᠣᠯᠲᠠ᠎ᠶ᠋ᠢᠨ ᠪᠣᠯᠪᠠᠰᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠨ ᠬᠠᠩᠭᠠᠨ᠎ᠠ᠃ ᠬᠣᠲᠠ᠎ᠳᠤ ᠣᠷᠣᠬᠤ ᠬᠦᠰᠡᠯ᠎ᠲᠡᠶ ᠮᠠᠯᠴᠢᠨ ᠲᠠᠷᠢᠶᠠᠴᠢᠳ᠎ᠲᠤ ᠴᠢᠭ᠌ᠯᠡᠭᠦᠯᠦᠨ᠂ ᠬᠣᠲᠠ ᠪᠠᠯᠭᠠᠰᠤ᠎ᠳᠤ ᠡᠷᠦᠬᠡ ᠠᠮᠠ ᠣᠷᠣᠭᠤᠯᠬᠤ ᠡᠯ᠎ᠡ ᠵᠦᠶ᠋ᠯ᠎ᠦᠨ ᠬᠢᠵᠠᠭᠠᠷᠯᠠᠯ᠎ᠢ ᠪᠥᠬᠥ᠌ ᠲᠠᠯ᠎ᠠ᠎ᠪᠠᠷ ᠬᠦᠴᠦᠨ ᠥᠬᠡᠶ ᠪᠣᠯᠭᠠᠵᠤ᠂ ᠨᠥᠬᠥᠴᠡᠯ ᠥᠬᠡᠶ᠎ᠪᠡᠷ ᠡᠷᠦᠬᠡ ᠠᠮᠠ ᠣᠷᠣᠭᠤᠯᠬᠤ᠎ᠶ᠋ᠢ ᠬᠡᠷᠡᠭ᠌ᠵᠢᠭᠦᠯᠵᠦ᠍᠂ ᠡᠷᠦᠬᠡ ᠠᠮᠠ ᠣᠷᠣᠭᠤᠯᠬᠤ ᠵᠠᠮ᠎ᠢ ᠱᠢᠯᠤᠭᠤᠳᠭᠠᠬᠤ ᠬᠡᠷᠡᠭᠳᠡᠢ᠃ ᠬᠣᠲᠠ ᠣᠷᠣᠵᠤ ᠡᠷᠦᠬᠡ ᠠᠮᠠ᠎ᠪᠠᠨ ᠣᠷᠣᠭᠤᠯᠤᠭ᠍ᠰᠠᠨ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠣᠷᠣᠨ᠎ᠤ 《ᠭᠤᠷᠪᠠᠨ ᠡᠷᠬᠡ》 (ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠡᠷᠬᠡ᠂ ᠣᠷᠣᠨ ᠰᠠᠭᠤᠴᠠ᠎ᠶ᠋ᠢᠨ ᠰᠠᠭᠤᠷᠢ ᠭᠠᠵᠠᠷ᠎ᠤᠨ ᠬᠡᠷᠡᠭ᠌ᠯᠡᠬᠦ᠌ ᠡᠷᠬᠡ᠂ ᠬᠠᠮᠲᠤ᠎ᠶ᠋ᠢᠨ ᠠᠱᠢᠭ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠡᠷᠬᠡ) ᠶ᠋ᠢ ᠬᠠᠮᠠᠭᠠᠯᠠᠬᠤ ᠲᠣᠭ᠍ᠲᠠᠴᠠ᠎ᠶ᠋ᠢ ᠪᠠᠢᠭᠤᠯᠵᠤ᠂ ᠬᠣᠲᠠ ᠣᠷᠣᠵᠤ ᠡᠷᠦᠬᠡ ᠠᠮᠠ᠎ᠪᠠᠨ ᠣᠷᠣᠭᠤᠯᠤᠭ᠍ᠰᠠᠨ ᠮᠠᠯᠴᠢᠨ ᠲᠠᠷᠢᠶᠠᠴᠢᠨ᠎ᠤ ᠰᠠᠢᠨ ᠳᠤᠷ᠎ᠠ᠎ᠠᠴᠠ᠎ᠪᠠᠨ 《ᠭᠤᠷᠪᠠᠨ ᠡᠷᠬᠡ》 ᠪᠠᠨ ᠲᠥᠯᠥᠪᠦᠷᠢ᠎ᠲᠡᠶ᠎ᠪᠡᠷ ᠱᠢᠯᠵᠢᠭᠦᠯᠦᠨ ᠥᠭ᠌ᠬᠦ᠎ᠶ᠋ᠢ ᠳᠡᠮᠵᠢᠵᠦ᠍ ᠬᠥᠲᠥᠯᠥᠨ ᠵᠢᠯᠣᠭᠣᠳᠴᠤ᠌᠂ ᠮᠠᠯᠴᠢᠨ ᠲᠠᠷᠢᠶᠠᠴᠢᠨ᠎ᠤ ᠬᠣᠲᠠ ᠤᠷᠤᠬᠰᠠᠨᠦ ᠲᠠᠷᠠᠭᠠᠬᠢ ᠵᠣᠪᠠᠨᠢᠯ᠎ᠢ᠎ᠨᠢ ᠱᠢᠶ᠋ᠳᠪᠦᠷᠢᠯᠡᠬᠦ ᠬᠡᠷᠡᠭᠳᠡᠢ᠃
(ᠵᠸ᠋ ᠱᠢᠶᠤᠤ ᠵᠢᠶᠦ᠋ᠨ᠄ ᠥᠪᠥᠷ ᠮᠣᠩᠭᠣᠯ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠲᠡᠭᠡᠳ᠎ᠦᠨ ᠬᠤᠯᠪᠤᠭ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠬᠡᠰᠢᠬᠦᠨ᠂ ᠳᠡᠳ᠋ ᠲᠡᠷᠢᠭᠦᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠡᠰᠢᠬᠦᠨ; ᠱᠢᠩ ᡁᠢ ᠼᠠᠩ᠄ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠠᠵᠤ ᠠᠬᠤᠢ᠎ᠶ᠋ᠢᠨ ᠤᠬᠠᠭᠠᠨ᠎ᠤ ᠵᠢᠭᠠᠨ ᠰᠤᠳᠤᠯᠬᠤ ᠬᠡᠯᠲᠡᠰ᠎ᠦᠨ ᠯᠧᠺᠲ᠋ᠣᠷ )