ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠨ ᠲᠤᠭᠤᠱᠢᠯᠠᠭᠤᠯᠵᠤ᠂ ᠭᠤᠤᠯᠳᠠᠯᠭ᠎ᠠ᠎ᠲᠠᠶ ᠠᠵᠢᠯ᠎ᠵᠢᠡᠨ ᠰᠤᠳᠤᠯᠤᠨ ᠪᠠᠢᠷᠢᠯᠠᠭᠤᠯᠪᠠ᠃
ᠬᠤᠷᠠᠯ᠎ᠠᠴᠠ᠂ 2023 ᠣᠨ᠎ᠤ ᠪᠥᠬᠥ᠌ ᠤᠯᠤᠰ᠎ᠤᠨ ᠬᠣᠶᠠᠷ ᠬᠤᠷᠠᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠳᠠᠷᠠᠭ᠎ᠠ ᠬᠤᠷᠠᠯᠳᠤᠭᠤᠯᠤᠭ᠍ᠰᠠᠨ ᠠᠩᠬᠠᠳᠤᠭᠠᠷ ᠤᠳᠠᠭ᠎ᠠ᠎ᠶ᠋ᠢᠨ ᠪᠥᠬᠥ᠌ ᠤᠯᠤᠰ᠎ᠤᠨ ᠬᠣᠶᠠᠷ ᠬᠤᠷᠠᠯ ᠪᠣᠯᠤᠨ᠎ᠠ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠬᠤ᠂ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠬᠣᠶᠠᠷ ᠬᠤᠷᠠᠯ᠎ᠤᠨ ᠬᠤᠭᠤᠴᠠᠭᠠᠨ᠎ᠳᠤ᠂ ᠶᠡᠷᠦᠩᠬᠡᠶ ᠱᠦᠵᠢ ᠰᠢ ᠵᠢᠨ ᠫᠢᠩ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠨᠠᠮ ᠪᠠ ᠤᠯᠤᠰ᠎ᠤᠨ ᠠᠵᠢᠯ ᠦᠶ᠋ᠯᠡᠰ᠎ᠦᠨ ᠪᠥᠬᠥ᠌ ᠲᠠᠯ᠎ᠠ᠎ᠵᠢᠨ ᠦᠨᠳᠦᠷᠴᠡ ᠡᠴᠡ ᠠᠯᠢ ᠣᠯᠠᠨ ᠴᠢᠬᠤᠯᠠ ᠨᠤᠲᠠᠯᠠᠯᠲᠠ ᠪᠠ ᠱᠠᠭᠠᠷᠳᠠᠯᠭ᠎ᠠ ᠳᠤᠷᠠᠳᠴᠤ᠌᠂ ᠪᠢᠳᠡᠨ᠎ᠦ ᠡᠷᠡᠮᠡᠬᠡᠢᠯᠡᠨ ᠲᠡᠮᠡᠴᠡᠵᠦ᠍ ᠠᠭᠤᠤ ᠶᠡᠬᠡ ᠦᠶ᠋ᠯᠡᠰ᠎ᠢ ᠴᠣᠭ᠍ᠴᠠᠯᠠᠬᠤ᠎ᠳᠤ ᠦᠵᠡᠯ ᠰᠠᠨᠠᠭᠠᠨ᠎ᠤ ᠵᠢᠯᠣᠭᠣᠳᠣᠯᠭ᠎ᠠ᠂ ᠠᠵᠢᠯᠯᠠᠭᠠᠨ᠎ᠤ ᠵᠦᠭ᠌ᠯᠡᠭᠦᠷ ᠪᠠ ᠬᠦᠴᠦᠷᠬᠡᠭ ᠶᠡᠬᠡ ᠣᠶᠤᠨ ᠰᠠᠨᠠᠭᠠᠨ᠎ᠤ ᠬᠦᠴᠦᠨ ᠴᠢᠳᠠᠯ ᠬᠠᠩᠭᠠᠪᠠ᠃ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠢᠮᠠᠭ᠍ᠲᠠ ᠪᠠᠷᠢᠮᠲᠠᠯᠠᠨ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤᠪᠠ ᠶᠡᠷᠦᠩᠬᠡᠶ ᠱᠦᠵᠢ ᠰᠢ ᠵᠢᠨ ᠫᠢᠩ᠎ᠦᠨ ᠡᠮᠡᠭ᠌ᠲᠡᠢᠴᠦᠳ ᠬᠡᠦᠬᠡᠳ᠎ᠦᠨ ᠦᠶ᠋ᠯᠡᠰ᠎ᠦᠨ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠲᠠᠶ ᠤᠶᠠᠯᠳᠤᠭᠤᠯᠤᠨ᠂ ᠪᠦᠬᠦ᠌ ᠣᠷᠣᠨ᠎ᠤ ᠡᠮᠡᠭ᠌ᠲᠡᠢᠴᠦᠳ ᠬᠡᠦᠬᠡᠳ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠭᠢᠯᠭᠡ᠂ ᠲᠤᠯᠭᠠᠮᠰᠡᠳᠭᠢᠯᠭᠡ ᠪᠡᠨ ᠤᠯᠠᠮ ᠴᠢᠨᠠᠭ᠍ᠰᠢᠳᠠ ᠴᠢᠩᠭᠠᠳᠭᠠᠬᠤ ᠬᠡᠷᠡᠭ᠌ᠲᠡᠢ ᠬᠡᠵᠦ ᠴᠢᠬᠤᠯᠠᠴᠢᠯᠠᠪᠠ᠃
ᠬᠤᠷᠠᠯ᠎ᠠᠴᠠ᠂ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠱᠢᠨ᠎ᠡ ᠨᠢᠭᠡ ᠵᠢᠯ᠎ᠦᠨ ᠡᠮᠡᠭ᠌ᠲᠡᠢᠴᠦᠳ᠎ᠦᠨ ᠬᠣᠯᠪᠣᠭ᠎ᠠ ᠵᠢᠨ ᠠᠵᠢᠯ᠎ᠢ ᠲᠥᠯᠥᠪᠵᠢᠭᠦᠯᠦᠨ ᠠᠬᠢᠭᠤᠯᠬᠤ ᠳᠤᠮᠳᠠ ᠠᠭᠤᠰᠤᠯᠴᠠᠭᠤᠯᠵᠦ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ 《ᠲᠠᠪᠤᠨ ᠶᠡᠬᠡ ᠡᠭᠦᠷᠭᠡ》᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠬᠣᠶᠠᠷ ᠶᠡᠬᠡ ᠶᠠᠪᠤᠳᠠᠯ᠎ᠳᠤ ᠬᠦᠴᠦᠯᠡᠬᠦ᠌ ᠴᠡᠭᠵᠢᠡᠨ ᠲᠣᠳᠣᠷᠬᠠᠢᠯᠠᠵᠦ᠂ ᠱᠢᠪᠲᠤᠯᠤᠯᠲᠠ᠎ᠶ᠋ᠢᠨ ᠴᠡᠭ ᠵᠢᠡᠨ ᠤᠨᠤᠪᠴᠢᠲᠠᠢ ᠡᠷᠢᠵᠦ ᠤᠯᠤᠨ᠂ 《1235》 ᠬᠥᠭ᠌ᠵᠢᠯᠲᠡ᠎ᠶ᠋ᠢᠨ ᠰᠡᠳᠭᠢᠴᠡ ᠪᠠ ᠠᠵᠢᠯ᠎ᠤᠨ ᠡᠭᠦᠷᠭᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠠᠬᠢᠭᠤᠯᠬᠤ ᠬᠡᠷᠡᠭᠲᠡᠢ; ᠡᠮᠡᠭ᠌ᠲᠡᠢᠴᠦᠳ᠎ᠦᠨ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠥᠷᠭᠡᠨ ᠣᠯᠠᠨ ᠡᠮᠡᠭ᠌ᠲᠡᠢᠴᠦᠳ᠎ᠦᠨ ᠭᠠᠪᠢᠶ᠎ᠠ ᠪᠠᠢᠭᠤᠯᠵᠤ ᠦᠶ᠋ᠯᠡᠰ ᠪᠦᠲᠦᠭᠡᠬᠦ᠌᠎ᠶ᠋ᠢ ᠬᠥᠲᠥᠯᠥᠨ ᠳᠠᠭᠠᠭᠤᠯᠬᠤ ᠬᠡᠷᠡᠭᠲᠡᠢ; ᠡᠮᠡᠭ᠌ᠲᠡᠢᠴᠦᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠂ ᠬᠡᠷ᠎ᠤᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ ᠵᠢᠴᠢ ᠲᠤᠰ ᠪᠡᠶ᠎ᠡ᠎ᠶ᠋ᠢᠨ ᠥᠭᠡᠷᠡᠴᠢᠯᠡᠯᠲᠡ᠎ᠪᠡᠨ ᠭᠦᠨᠵᠡᠭᠡᠢᠷᠡᠭᠦᠯᠬᠦ᠌ ᠲᠠᠯ᠎ᠠ᠎ᠪᠠᠷ ᠬᠢ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠵᠢᠡᠨ ᠪᠦᠲᠦᠮᠵᠢᠲᠡᠶ ᠪᠠᠳᠠᠷᠠᠭᠤᠯᠵᠦ᠂ ᠪᠦᠬᠦ᠌ ᠣᠷᠣᠨ᠎ᠤ ᠥᠷᠭᠡᠨ ᠣᠯᠠᠨ ᠡᠮᠡᠭ᠌ᠲᠡᠢᠴᠦᠳ᠎ᠢ ᠪᠦᠯᠬᠦᠮᠳᠡᠭᠦᠯᠦᠨ ᠳᠠᠢᠴᠢᠯᠠᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠳ᠋ᠤ ᠤᠮᠠᠷᠠᠲᠤ ᠬᠢᠯᠢ᠎ᠶ᠋ᠢᠨ ᠡᠮᠡᠭ᠌ᠲᠡᠢᠴᠦᠳ᠎ᠦᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠬᠡᠵᠦ ᠴᠢᠬᠤᠯᠠᠴᠢᠯᠠᠪᠠ᠃