— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ ᠲᠤᠬᠠᠶ ᠥᠭᠦᠯᠡᠬᠦ᠌ ᠨᠢ
ᠨᠠᠮ᠎ᠤᠨ ᠬᠣᠷᠢᠳᠤᠭᠠᠷ ᠶᠡᠬᠡ ᠬᠤᠷᠠᠯ ᠤᠯᠤᠰ ᠲᠦᠷᠦ᠍᠎ᠶ᠋ᠢᠨ ᠲᠠᠯ᠎ᠠ᠎ᠪᠠᠷ᠂ ᠤᠨᠤᠯ᠎ᠤᠨ ᠲᠠᠯ᠎ᠠ᠎ᠪᠠᠷ᠂ ᠦᠢᠯᠡᠳᠦᠯᠭᠡ᠎ᠶ᠋ᠢᠨ ᠲᠠᠯ᠎ᠠ᠎ᠪᠠᠷ ᠠᠯᠢ ᠤᠯᠠᠨ ᠴᠢᠬᠤᠯᠠ ᠶᠡᠬᠡ ᠦᠷ᠎ᠡ ᠪᠦᠲᠦᠭᠡᠯ ᠣᠯᠵᠠᠢ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠪᠦᠬᠦ᠌ ᠨᠠᠮ᠎ᠤᠨ ᠲᠡᠷᠢᠭᠦᠨ ᠴᠢᠬᠤᠯᠠ ᠤᠯᠤᠰ ᠲᠦᠷᠦ᠍᠎ᠶ᠋ᠢᠨ ᠡᠭᠦᠷᠭᠡ ᠮᠥᠨ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠪᠦᠬᠦᠳᠡ ᠬᠤᠷᠠᠯ᠎ᠡᠴᠡ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠦᠷᠭᠦᠯᠵᠢᠯᠡᠨ ᠭᠦᠨᠵᠡᠭᠡᠢᠷᠡᠭᠦᠯᠬᠦ᠌ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠌᠂《ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ》᠂ 《ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠡᠨ ᠬᠦ᠌ ᠪᠣᠳᠠᠲᠠᠢ ᠳ᠋ᠦ ᠨᠠᠢᠳᠠᠪᠤᠷᠢᠵᠢᠭᠤᠯᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ᠃
ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠠᠬᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠲᠣᠳᠣᠷᠬᠠᠢᠯᠠᠪᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠱᠢᠯᠠᠭᠤᠯᠬᠤ ᠨᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌᠎ᠲᠡᠶ ᠬᠣᠯᠪᠣᠭ᠍ᠳᠠᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠢᠷᠡᠭᠡᠳᠦᠶ ᠬᠤᠪᠢ ᠵᠠᠶᠠᠭ᠎ᠠ᠎ᠲᠠᠶ ᠬᠣᠯᠪᠣᠭ᠍ᠳᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠲᠠᠶ ᠬᠣᠯᠪᠣᠭ᠍ᠳᠠᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠢᠴᠢᠯᠠᠨ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠭᠦᠯᠵᠦ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯᠵᠢᠡᠨ ᠪᠠᠲᠤᠳᠭᠠᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌ ᠳ᠋ᠤ᠂ ᠴᠢᠬᠤᠯᠠ ᠶᠡᠬᠡ ᠪᠣᠳᠠᠲᠤ ᠠᠴᠢ ᠬᠣᠯᠪᠣᠭ᠍ᠳᠠᠯ ᠪᠠ ᠠᠯᠤᠰ ᠬᠡᠲᠦ᠍᠎ᠶ᠋ᠢᠨ ᠲᠡᠦᠬᠡᠲᠦ ᠠᠴᠢ ᠬᠣᠯᠪᠣᠭ᠍ᠳᠠᠯ᠎ᠲᠠᠶ ᠶᠤᠮ᠃ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠨᠢᠭᠡᠨ ᠦᠷᠭᠦᠯᠵᠢᠯᠡᠨ ᠠᠬᠢᠭᠤᠯᠬᠤ᠂ ᠲᠠᠰᠤᠷᠠᠯᠲᠠ ᠦᠭᠡᠢ ᠭᠦᠨᠵᠡᠭᠡᠢᠷᠡᠭᠦᠯᠬᠦ᠌ ᠶᠠᠪᠤᠴᠠ ᠮᠥᠨ᠂ ᠨᠢᠭᠡᠨᠲᠡ ᠪᠠᠢᠭ᠎ᠠ ᠠᠵᠢᠯ᠎ᠤᠨ ᠰᠠᠭᠤᠷᠢᠨ ᠳᠡᠭᠡᠷ᠎ᠡ ᠠᠱᠢᠭ᠍ᠲᠠᠢ ᠪᠠᠢᠳᠠᠯ᠎ᠢ ᠠᠮᠵᠢᠨ ᠠᠬᠢᠭᠤᠯᠵᠤ᠂ ᠦᠷᠭᠦᠯᠵᠢᠯᠡᠨ ᠦᠨᠡᠨ ᠬᠦ᠌ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠌᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠦᠵᠡᠯ ᠰᠠᠨᠠᠭ᠎ᠠ᠎ᠶ᠋ᠢ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍᠂ ᠬᠦᠴᠦᠨ ᠴᠢᠳᠠᠯ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠲᠣᠭ᠍ᠲᠠᠭᠠᠭ᠍ᠰᠠᠨ ᠡᠯ᠎ᠡ ᠵᠦᠢᠯ᠎ᠦᠨ ᠡᠭᠦᠷᠭᠡ ᠳᠡᠭᠡᠷ᠎ᠡ ᠨᠢᠭ᠍ᠲᠠᠷᠠᠭᠤᠯᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃ ᠠᠴᠢᠶᠠᠯᠠᠪᠤᠷᠢ᠎ᠶ᠋ᠢ ᠪᠠᠶᠠᠯᠢᠭ᠍ᠵᠢᠭᠤᠯᠤᠨ᠂ ᠠᠷᠭ᠎ᠠ ᠪᠠᠷᠢᠯ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠠᠷᠠᠳ ᠤᠯᠠᠨ᠎ᠤ ᠦᠵᠡᠵᠦ᠍ ᠰᠣᠨᠢᠷᠬᠠᠬᠤ ᠳᠤᠷᠠᠲᠠᠢ ᠬᠡᠯᠪᠡᠷᠢ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠠᠢᠭᠤᠯᠭ᠎ᠠ᠎ᠳᠤ ᠣᠷᠣᠭᠤᠯᠬᠤ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠳᠦ ᠣᠷᠣᠭᠤᠯᠬᠤ᠂ ᠬᠤᠳᠠ ᠬᠥᠳᠡᠭᠡ ᠨᠡᠢᠭᠡᠮ ᠲᠣᠭᠣᠷᠢᠭ᠎ᠲᠤ ᠣᠷᠣᠭᠤᠯᠬᠤ᠂ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠂ ᠴᠡᠷᠢᠭ᠎ᠦᠨ ᠬᠤᠸᠠᠷᠠᠨ᠎ᠳᠤ ᠣᠷᠣᠭᠤᠯᠬᠤ᠂ ᠡᠯ᠎ᠡ ᠲᠦᠷᠦᠯ᠎ᠦᠨ ᠱᠢᠨ᠎ᠡ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ ᠪᠠ ᠱᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠎ᠳᠤ ᠣᠷᠣᠭᠤᠯᠬᠤ᠂ ᠰᠦᠯᠵᠢᠶᠡᠨ ᠦᠷᠳᠡᠭᠡ᠎ᠳᠦ ᠣᠷᠣᠭᠤᠯᠬᠤ᠎ᠶ᠋ᠢ ᠠᠬᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠥᠮᠦᠰ᠎ᠦᠨ ᠰᠡᠳᠭᠢᠯ᠎ᠳᠦ ᠦᠨᠡᠨ ᠬᠦ᠌ ᠬᠠᠳᠠᠩᠱᠢᠭᠤᠯᠬᠤ ᠬᠡᠷᠡᠭ᠌ᠲᠡᠢ᠃
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠰᠤᠷᠤᠯᠴᠠᠵᠤ᠂ ᠪᠦᠬᠦ᠌ ᠲᠠᠯ᠎ᠠ᠎ᠪᠠᠷ ᠡᠵᠡᠮᠱᠢᠵᠦ᠍᠂ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ ᠲᠠᠯ᠎ᠠ᠎ᠪᠠᠷ᠂ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠦᠷᠭᠦᠯᠵᠢᠯᠡᠨ ᠰᠠᠢᠲᠤᠷ ᠳᠠᠭᠠᠭᠤᠯᠤᠨ ᠦᠯᠢᠭᠡᠷ ᠳᠠᠭᠤᠷᠢᠶᠠᠯ ᠪᠣᠯᠬᠤ ᠬᠡᠷᠡᠭ᠌ᠲᠡᠢ᠃ ᠨᠡᠩ ᠥᠷᠭᠡᠨ ᠬᠠᠷᠠᠭ᠎ᠠ᠂ ᠡᠯᠪᠡᠭ ᠪᠠᠶᠠᠯᠢᠭ ᠠᠮᠢᠳᠤᠯᠢᠭ ᠦᠢᠯᠡᠳᠦᠯᠭᠡ᠎ᠲᠡᠶ ᠤᠶᠠᠯᠳᠤᠭᠤᠯᠵᠤ᠂ ᠱᠢᠨ᠎ᠡ ᠴᠠᠭ ᠦᠶ᠎ᠡ᠎ᠶ᠋ᠢᠨ ᠠᠷᠪᠠᠨ ᠵᠢᠯ᠎ᠦᠨ ᠠᠭᠤᠤ ᠶᠡᠬᠡ ᠬᠤᠪᠢᠰᠤᠯᠲᠠ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠲᠤᠬᠠᠢ ᠦᠨᠳᠦᠰᠦᠨ ᠪᠤᠳᠤᠯᠭ᠎ᠠ ᠴᠢᠭ᠌ᠯᠡᠯᠲᠡ ᠪᠣᠯᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢᠨ ᠲᠡᠦᠬᠡᠨ ᠯᠣᠭᠢᠭ᠂ ᠤᠨᠤᠯ᠎ᠤᠨ ᠯᠣᠭᠢᠭ᠂ ᠦᠢᠯᠡᠳᠦᠯᠭᠡ᠎ᠶ᠋ᠢᠨ ᠯᠣᠭᠢᠭ᠎ᠢ ᠭᠦᠨᠵᠡᠭᠡᠢ ᠣᠢᠯᠠᠭᠠᠵᠤ᠂ ᠶᠠᠭᠤ ᠪᠤᠯᠬᠤ᠂ ᠶᠠᠭᠤ ᠬᠢᠬᠦ᠌᠂ ᠶᠠᠭᠠᠬᠢᠵᠤ ᠬᠢᠬᠦ ᠵᠢ ᠳᠤᠲᠤᠷ᠎ᠠ ᠪᠠᠨ ᠲᠤᠳᠤᠷᠬᠠᠢ ᠪᠠᠢᠯᠭᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ ᠳ᠋ᠤ᠌ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠬᠦ ᠬᠡᠷᠡᠭ᠌ᠲᠡᠢ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠶᠢᠷᠲᠢᠨᠴᠦ᠍᠎ᠶ᠋ᠢᠨ ᠦᠵᠡᠯᠲᠡ᠂ ᠠᠷᠭ᠎ᠠ᠎ᠶ᠋ᠢᠨ ᠤᠨᠤᠯ ᠪᠣᠯᠤᠨ ᠲᠡᠭᠦᠨ᠎ᠳᠦ ᠲᠤᠭᠤᠱᠢᠯᠠᠭ᠍ᠳᠠᠵᠤ ᠪᠠᠢᠭ᠎ᠠ ᠵᠣᠭ᠍ᠰᠣᠯᠲᠠ ᠦᠵᠡᠯᠲᠡ ᠠᠷᠭ᠎ᠠ᠎ᠶ᠋ᠢ ᠪᠣᠯᠪᠠᠰᠤᠷᠠᠩᠭᠤᠢ ᠡᠵᠡᠮᠱᠢᠵᠦ᠍᠂ ᠪᠠᠢᠳᠠᠯ᠎ᠢ ᠮᠠᠭᠠᠳᠯᠠᠵᠤ᠂ ᠠᠰᠠᠭᠤᠳᠠᠯ᠎ᠢ ᠰᠤᠳᠤᠯᠤᠨ ᠱᠢᠢᠳᠪᠦᠷᠢᠯᠡᠬᠦ᠌ ᠬᠡᠷᠡᠭ᠌ᠲᠡᠢ᠃ ᠱᠢᠨ᠎ᠡ ᠴᠠᠭ ᠦᠶ᠎ᠡ ᠱᠢᠨ᠎ᠡ ᠠᠶᠠᠨ᠎ᠳᠤ ᠡᠷᠬᠡᠪᠰᠢ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ ᠪᠣᠯᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠂ ᠪᠠᠢᠯᠳᠤᠬᠤ ᠪᠤᠳᠤᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠪᠠᠢᠯᠳᠤᠬᠤ ᠪᠤᠳᠤᠯᠭ᠎ᠠ᠎ᠶ᠋ᠢᠨ ᠢᠲᠡᠭᠡᠯ᠎ᠢᠶᠡᠨ ᠪᠠᠲᠤᠳᠭᠠᠬᠤ ᠬᠡᠷᠡᠭ᠌ᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠤᠨᠤᠯ ᠪᠣᠯᠤᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢᠨ ᠬᠠᠷᠢᠴᠠᠭ᠎ᠠ᠎ᠶ᠋ᠢ ᠭᠦᠨᠵᠡᠭᠡᠢ ᠡᠵᠡᠮᠳᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ ᠪᠣᠯᠤᠨ ᠵᠠᠢᠯᠠᠰᠢ ᠦᠭᠡᠢ ᠴᠢᠨᠠᠷ᠎ᠢ ᠭᠦᠨᠵᠡᠭᠡᠢ ᠣᠢᠯᠠᠭᠠᠬᠤ ᠬᠡᠷᠡᠭ᠌ᠲᠡᠢ᠃ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢᠨ ᠪᠡᠷᠬᠡ ᠬᠠᠲᠠᠭᠤᠵᠢᠯᠲᠤ ᠴᠢᠨᠠᠷ ᠪᠠ ᠪᠤᠳᠤᠯᠢᠶᠠᠨᠲᠤ ᠴᠢᠨᠠᠷ᠎ᠢ ᠭᠦᠨᠵᠡᠭᠡᠢ ᠲᠠᠨᠢᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠡᠷᠡᠰ ᠪᠠᠲᠤ ᠴᠢᠨᠠᠷ᠎ᠢᠶᠠᠨ ᠴᠢᠩᠭᠠᠳᠭᠠᠬᠤ ᠬᠡᠷᠡᠭ᠌ᠲᠡᠢ᠃ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠂ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠂ ᠴᠢᠬᠤᠯᠠ ᠶᠡᠬᠡ ᠠᠷᠭ᠎ᠠ ᠬᠡᠮᠵᠢᠶ᠎ᠡ᠎ᠶ᠋ᠢ ᠪᠦᠬᠦᠯᠢ ᠴᠣᠭ᠍ᠴᠠ᠎ᠪᠠᠷ ᠨᠢ ᠡᠵᠡᠮᠳᠡᠵᠦ᠍᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ᠎ᠢᠶᠡᠨ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠵᠤ ᠪᠠᠢᠭᠠᠳ ᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠲᠥᠰᠦᠯ᠂ ᠪᠣᠳᠠᠲᠠᠢ ᠠᠷᠭ᠎ᠠ ᠬᠡᠮᠵᠢᠶ᠎ᠡ᠎ᠶ᠋ᠢ ᠰᠠᠢᠲᠤᠷ ᠲᠣᠭ᠍ᠲᠠᠭᠠᠵᠤ᠂ ᠰᠠᠢᠲᠤᠷ ᠬᠡᠷᠡᠭ᠌ᠵᠢᠭᠦᠯᠵᠦ᠍᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠢᠭᠡ ᠨᠢᠭᠡ ᠵᠤᠷᠪᠤᠰ ᠨᠢᠭᠡ ᠨᠢᠭᠡ ᠠᠯᠬᠤᠮ᠎ᠢᠶᠠᠷ ᠦᠨᠡᠨ ᠬᠦ᠌ ᠪᠣᠳᠠᠲᠠᠢ ᠳ᠋ᠦ ᠨᠠᠢᠳᠠᠪᠤᠷᠢᠵᠢᠭᠤᠯᠬᠤ ᠬᠡᠷᠡᠭ᠌ᠲᠡᠢ᠃
ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠵᠢᠷᠤᠭ᠍ᠯᠠᠭ᠍ᠰᠠᠨ ᠠᠤᠭ᠎ᠠ ᠵᠢᠷᠤᠭ ᠲᠥᠰᠦᠪ᠎ᠢ ᠰᠠᠢ᠌ᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠳᠤ᠂ ᠡᠯ᠎ᠡ ᠱᠠᠲᠤᠨ᠎ᠤ ᠤᠳᠤᠷᠢᠳᠭᠤ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠱᠠᠭᠠᠷᠳᠠᠨ᠎ᠠ᠃ ᠡᠯ᠎ᠡ ᠱᠠᠲᠤᠨ᠎ᠤ ᠤᠳᠤᠷᠢᠳᠭᠤ ᠺᠠᠳ᠋ᠷ ᠨᠠᠮᠤᠨᠵᠢᠡᠨ ᠲᠥᠯᠥᠭᠡ ᠠᠮᠢ ᠪᠡᠶ᠎ᠡ ᠪᠠᠨ ᠵᠤᠷᠢᠭᠤᠯᠵᠤ᠂ ᠥᠷᠯᠥᠭᠡ ᠦᠳᠡᠰᠢ᠎ᠶ᠋ᠢ ᠲᠡᠮᠡᠴᠡᠨ ᠠᠵᠢᠯᠯᠠᠵᠤ᠂ ᠴᠠᠭ ᠢᠮᠠᠭ᠍ᠲᠠ ᠰᠡᠳᠭᠢᠯ ᠠᠮᠤᠷ ᠦᠭᠡᠢ ᠪᠠᠢᠬᠤ ᠬᠠᠷᠢᠭᠤᠴᠠᠯᠭᠠᠲᠤ ᠰᠡᠳᠭᠢᠯᠭᠡ᠂ ᠢᠳᠡᠪᠬᠢᠲᠡᠢ ᠪᠡᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠵᠣᠷᠢᠭ ᠰᠠᠨᠠᠭ᠎ᠠ᠎ᠪᠠᠷ ᠨᠠᠮ ᠪᠣᠯᠤᠨ ᠠᠷᠠᠳ ᠲᠦᠮᠡᠨ᠎ᠦ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠬᠦ᠌ ᠬᠡᠷᠡᠭ᠌ᠲᠡᠢ᠃ ᠠᠵᠢᠯ ᠬᠢᠵᠦ᠍ ᠦᠢᠯᠡᠰ ᠪᠤᠰᠭᠠᠬᠤ᠎ᠳᠤ ᠠᠱᠢᠭ᠍ᠲᠠᠢ ᠰᠠᠢ᠌ᠨ ᠰᠠᠢᠬᠠᠨ ᠣᠷᠴᠢᠨ ᠨᠦᠬᠦᠴᠡᠯ᠎ᠢ ᠢᠳᠡᠪᠬᠢᠲᠡᠢ ᠪᠤᠢ ᠪᠣᠯᠭᠠᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠭ᠌ᠴᠢᠳᠦ ᠦᠮᠦᠭ ᠪᠤᠯᠵᠤ᠂ ᠠᠵᠢᠯ ᠬᠢᠭ᠌ᠴᠢᠳᠦ ᠲᠦᠱᠢᠭ ᠪᠤᠯᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍ ᠴᠢᠳᠠᠮᠠᠭᠠᠢ ᠪᠡᠷ ᠵᠢᠳᠬᠦᠯ ᠴᠢᠷᠮᠠᠢᠯᠭ᠎ᠠ ᠭᠠᠷᠭᠠᠬᠤ ᠺᠠᠳ᠋ᠷ᠎ᠢ ᠴᠢᠳᠠᠮᠠᠭᠠᠢ᠎ᠪᠠᠷ ᠢᠯᠡᠷᠡᠭᠦᠯᠵᠦ᠍᠂ ᠬᠥᠮᠦᠵᠢᠭᠦᠯᠵᠦ᠍᠂ ᠬᠡᠷᠡᠭ᠌ᠯᠡᠵᠦ᠍᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠬᠠᠷᠱᠢᠯᠠᠬᠤ ᠡᠯ᠎ᠡ ᠵᠦᠢᠯ᠎ᠦᠨ ᠬᠦᠴᠦᠨ ᠵᠦᠢᠯ᠎ᠢ ᠬᠦᠴᠦᠯᠡᠨ ᠠᠷᠢᠯᠭᠠᠵᠤ᠂ ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠬᠦ᠌᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌᠂ ᠴᠢᠳᠠᠮᠠᠭᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌᠎ᠶ᠋ᠢ ᠬᠡᠪ ᠵᠠᠩᠱᠢᠯ ᠪᠣᠯᠭᠠᠬᠤ ᠬᠡᠷᠡᠭ᠌ᠲᠡᠢ᠃ ᠡᠷᠬᠡᠪᠰᠢ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠳᠡᠪᠬᠢᠲᠡᠢ ᠠᠷᠭᠠᠴᠠᠭᠠᠵᠤ᠂ ᠱᠢᠷᠭᠠᠭᠤ ᠲᠡᠮᠡᠴᠡᠯ᠎ᠳᠦ ᠲᠦᠱᠢᠭ᠌ᠯᠡᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠨᠡᠭᠡᠭᠡᠬᠦ᠌ ᠬᠡᠷᠡᠭ᠌ᠲᠡᠢ᠃
ᠡᠨᠡ ᠵᠢᠯ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠬᠢᠯᠡᠯᠲᠡ᠎ᠶ᠋ᠢᠨ ᠵᠢᠯ ᠮᠥᠨ᠂ ᠡᠬᠢᠯᠡᠯᠲᠡ ᠨᠢ ᠪᠦᠬᠦ᠌ ᠲᠠᠯ᠎ᠠ᠎ᠳᠤ ᠬᠣᠯᠪᠣᠭ᠍ᠳᠠᠵᠤ᠂ ᠡᠬᠢᠯᠡᠯᠲᠡ ᠨᠢ ᠬᠣᠵᠢᠮ᠎ᠤᠨ ᠶᠠᠪᠤᠴᠠ᠎ᠶ᠋ᠢ ᠲᠣᠭ᠍ᠲᠠᠭᠠᠨ᠎ᠠ᠃ ᠴᠠᠭ ᠬᠥᠮᠦᠨ᠎ᠢ ᠬᠦᠯᠢᠶᠡᠬᠦ᠌ ᠦᠭᠡᠢ᠂ ᠠᠵᠠ ᠲᠣᠬᠢᠶᠠᠯ ᠬᠥᠮᠦᠨ᠎ᠢ ᠬᠦᠯᠢᠶᠡᠬᠦ᠌ ᠦᠭᠡᠢ᠂ ᠬᠥᠭ᠌ᠵᠢᠯᠲᠡ ᠬᠥᠮᠦᠨ᠎ᠢ ᠬᠦᠯᠢᠶᠡᠬᠦ᠌ ᠦᠭᠡᠢ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠤᠨ᠂ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ 《ᠭᠤᠷᠪᠠᠨ ᠡᠷᠬᠡᠪᠰᠢ》 ᠶ᠋ᠢ ᠪᠠᠲᠤ ᠴᠡᠭᠡᠵᠢᠯᠡᠨ᠂ ᠢᠲᠡᠭᠡᠯ ᠲᠡᠭᠦᠯᠳᠡᠷ᠎ᠢᠶᠡᠷ ᠥᠪᠡᠷ᠎ᠢ᠎ᠪᠡᠨ ᠬᠦᠴᠦᠷᠬᠡᠭ᠌ᠵᠢᠭᠦᠯᠵᠦ᠍᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠡᠷᠡᠰ ᠱᠢᠭᠤᠷᠬᠠᠢ᠎ᠪᠠᠷ ᠤᠷᠤᠭ᠍ᠰᠢᠯᠠᠨ ᠲᠠᠪᠱᠢᠵᠤ᠂ ᠡᠷᠡᠯᠬᠡᠭ᠌ᠯᠡᠨ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠨᠡᠢᠭᠡᠮ ᠵᠢᠷᠤᠮᠲᠤ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠬᠠᠮᠲᠤ᠎ᠪᠠᠷ ᠲᠡᠮᠡᠴᠡᠵᠡᠭᠡᠶ᠎ᠡ᠃
(ᠱᠢᠨᠬᠤᠸᠠ ᠬᠣᠷᠢᠶᠠᠨ᠎ᠤ ᠪᠡᠭᠡᠵᠢᠩ᠎ᠤᠨ 3 ᠰᠠᠷ᠎ᠠ᠎ᠶ᠋ᠢᠨ 3 ᠤ᠋ ᠴᠠᠬᠢᠯᠭᠠᠨ ᠮᠡᠳᠡᠭᠡ ᠡᠴᠡ)