ᠶᠠᠩ ᠸᠧᠢ ᠳ᠋ᠦᠩ ᠶᠠᠷᠢᠶ᠎ᠠ ᠲᠠᠯᠪᠢᠵᠤ ᠯᠢ ᠢᠦᠢ ᠭᠠᠩ ᠡᠷᠬᠢᠯᠡᠵᠦ᠍ ᠶᠠᠨᠭ᠌ ᠵᠢᠶᠸ ᠦᠭᠡ ᠬᠡᠯᠡᠵᠡᠢ
3 ᠰᠠᠷ᠎ᠠ᠎ᠶ᠋ᠢᠨ 4 ᠤ᠋ ᠡᠳᠦᠷ᠂ ᠪᠦᠬᠦ᠌ ᠣᠷᠣᠨ᠎ᠤ ᠤᠳᠤᠷᠢᠳᠭᠤ ᠺᠠᠳ᠋ᠷᠴᠤᠳ᠎ᠤᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ᠎ᠶ᠋ᠢᠨ ᠰᠤᠷᠤᠯᠭ᠎ᠠ ᠲᠡᠭᠦᠰᠭᠦ ᠶᠣᠰᠣᠯᠠᠯ ᠶᠠᠪᠤᠭ᠍ᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ ᠶᠠᠩ ᠸᠧᠢ ᠳ᠋ᠦᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢ ᠢᠦᠢ ᠭᠠᠩ ᠰᠤᠷᠤᠯᠭ᠎ᠠ ᠲᠡᠭᠦᠰᠬᠦ ᠶᠤᠰᠤᠯᠠᠯ᠎ᠢ ᠡᠷᠬᠢᠯᠡᠪᠡ᠃
ᠶᠠᠩ ᠸᠧᠶ ᠳ᠋ᠦᠩ᠂ ᠰᠤᠷᠤᠯᠴᠠᠵᠤ ᠰᠤᠳᠤᠯᠤᠨ ᠶᠠᠷᠢᠯᠴᠠᠬᠤ᠎ᠪᠠᠷ ᠳᠡᠮᠵᠢᠨ᠂ ᠣᠯᠠᠨ᠎ᠢᠶᠠᠷ᠎ᠢᠶᠠᠨ 《ᠬᠣᠶᠠᠷ᠎ᠢ ᠲᠣᠭ᠍ᠲᠠᠭᠠᠭᠰᠠᠨ》 ᠲᠤᠬᠠᠶ ᠣᠢᠯᠠᠭᠠᠯᠲᠠ᠎ᠪᠠᠨ ᠤᠯᠠᠮ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠲᠤᠬᠠᠶ ᠲᠠᠨᠢᠯᠲᠠ᠎ᠪᠠᠨ ᠳᠡᠭᠡᠭ᠌ᠰᠢᠯᠡᠭᠦᠯᠵᠦ᠍᠂ ᠣᠳᠣᠬᠢᠴᠢᠯᠠᠭ᠍ᠰᠠᠨ ᠥᠪᠥᠷ ᠮᠣᠩᠭᠣᠯ᠎ᠢ ᠪᠥᠲᠥᠭᠡᠨ ᠪᠠᠢᠭᠤᠯᠬᠤ ᠬᠠᠷᠢᠭᠤᠴᠠᠯᠭᠠᠲᠤ ᠰᠡᠳᠭᠢᠯᠭᠡ ᠡᠭᠦᠷᠭᠡᠲᠦ ᠪᠣᠳᠣᠯ᠎ᠢᠶᠠᠨ ᠴᠢᠩᠭᠠᠳᠭᠠᠪᠠ᠃ ᠰᠣᠷᠣᠭ᠍ᠰᠠᠨ᠎ᠢᠶᠠᠨ ᠬᠡᠷᠡᠭ᠌ᠯᠡᠬᠦ᠌᠎ᠶ᠋ᠢ ᠪᠠᠷᠢᠮᠲᠠᠯᠠᠵᠤ᠂ ᠤᠬᠠᠮᠰᠠᠷ᠎ᠡᠴᠡ᠎ᠪᠠᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠦᠶ᠋ᠯᠡᠳᠦᠯᠭᠡ᠎ᠪᠡᠨ ᠵᠢᠯᠣᠭᠣᠳᠣᠭᠤᠯᠵᠤ᠂ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠪᠤᠵᠠᠭᠠᠢᠷᠠᠭᠤᠯᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠬᠦᠴᠦ᠍᠎ᠪᠡᠨ ᠲᠥᠪᠯᠡᠷᠡᠭᠦᠯᠦᠨ ᠪᠦᠯᠬᠦᠮᠳᠡᠨ ᠲᠡᠮᠡᠴᠡᠬᠦ᠌᠂ ᠨᠡᠢᠭᠡᠮ᠎ᠦᠨ ᠵᠠᠰᠠᠯᠲᠠ᠎ᠶ᠋ᠢ ᠲᠡᠭᠦᠯᠳᠡᠷᠵᠢᠭᠦᠯᠬᠦ᠌᠂ ᠨᠠᠮ᠎ᠤᠨ ᠤᠳᠤᠷᠢᠳᠤᠯᠭ᠎ᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠬᠤ ᠳᠡᠭᠡᠷ᠎ᠡ ᠬᠦᠴᠦ᠍ ᠲᠠᠯᠪᠢᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢ ᠬᠦᠴᠦᠯᠡᠨ ᠠᠬᠢᠭᠤᠯᠬᠤ ᠬᠡᠷᠡᠭ᠌ᠲᠡᠶ ᠭᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠦᠨ ᠳᠠᠷᠤᠭ᠎ᠠ ᠶᠠᠩ ᠵᠢᠶᠸ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠶ᠃