ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠳᠠᠢᠯᠬᠤᠢ
2023-03-06 09:50:23
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


ᠦᠩᠭᠡᠷᠡᠭ᠌ᠰᠡᠨ ᠨᠢᠭᠡ ᠵᠢᠯ ᠤ᠋ᠨ ᠠᠵᠢᠯ ᠤ᠋ᠨ ᠡᠷᠭᠢᠴᠡᠭᠦᠯᠦᠯ 2022


2022 ᠣᠨ ᠪᠣᠯ ᠨᠠᠮ ᠪᠠ ᠤᠯᠤᠰ ᠤ᠋ᠨ ᠲᠡᠦᠬᠡᠨ ᠳᠡᠭᠡᠷᠡᠬᠢ ᠲᠦᠢᠯ ᠤ᠋ᠨ ᠴᠢᠬᠤᠯᠠ ᠨᠢᠭᠡ ᠵᠢᠯ ᠪᠣᠯᠤᠨ᠎ᠠ ᠃ ᠨᠠᠮ ᠤ᠋ᠨ ᠬᠤᠷᠢᠳᠤᠭᠠᠷ ᠶᠡᠭᠡ ᠬᠤᠷᠠᠯ ᠢᠯᠠᠯᠳᠠ ᠲᠠᠢ ᠪᠡᠷ ᠬᠤᠷᠠᠯᠳᠤᠵᠤ ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ ᠪᠡᠷ ᠪᠦᠳᠦᠭᠡᠨ ᠪᠠᠢᠭᠤᠯᠬᠤ ᠠᠤᠭ᠎ᠠ ᠲᠥᠰᠦᠪ ᠢ᠋ ᠵᠢᠷᠤᠭ᠍ᠯᠠᠪᠠ ᠃ ᠰᠠᠯᠬᠢ ᠳᠠᠪᠠᠯᠭᠠᠨ ᠶᠡᠬᠡᠲᠡᠶ ᠣᠯᠠᠨ ᠤᠯᠤᠰ ᠤ᠋ᠨ ᠣᠷᠴᠢᠨ ᠨᠦᠬᠦᠴᠡᠯ ᠪᠣᠯᠤᠨ ᠤᠯᠤᠰ ᠤ᠋ᠨ ᠳᠣᠲᠣᠭᠠᠳᠤ ᠶ᠋ᠢᠨ ᠥᠭᠡᠷᠡᠴᠢᠯᠡᠯᠲᠡ ᠬᠦᠭᠵᠢᠯᠳᠡ ᠲᠤᠭᠳᠠᠭᠤᠨ ᠤ᠋ ᠬᠠᠲᠠᠭᠤ ᠪᠡᠷᠬᠡ ᠡᠭᠦᠷᠭᠡ ᠶ᠋ᠢᠨ ᠡᠮᠦᠨ᠎ᠡ ᠂ ᠰᠢ ᠶ᠋ᠢᠨ ᠫᠢᠩ ᠨᠥᠬᠦᠷ ᠢ᠋ᠶ᠋ᠠᠷ ᠭᠤᠤᠯ ᠪᠤᠯᠭᠠᠭᠰᠠᠨ ᠨᠠᠮ ᠤ᠋ᠨ ᠲᠥᠪ ᠬᠤᠷᠢᠶ᠎ᠠ ᠪᠦᠬᠦ᠌ ᠤᠯᠤᠰ ᠤ᠋ᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠢ᠋ ᠪᠦᠯᠬᠦᠮᠳᠡᠭᠦᠯᠦᠨ ᠳᠠᠭᠠᠭᠤᠯᠵᠤ ᠬᠦᠴᠢᠷ ᠢ᠋ ᠰᠦᠷᠦᠨ ᠤᠷᠤᠭ᠍ᠰᠢᠯᠠᠵᠤ ᠂ ᠬᠢᠵᠢᠭ ᠢ᠋ ᠰᠡᠷᠭᠡᠢᠯᠡᠵᠥ᠍ ᠴᠢᠳᠠᠬᠤ ᠂ ᠠᠵᠤ ᠠᠬᠤᠶ ᠵᠢ ᠲᠣᠭ᠍ᠲᠠᠭᠤᠨ ᠪᠠᠢᠯᠭᠠᠬᠤ ᠂ ᠠᠮᠤᠷ ᠲᠦᠪᠱᠢᠨ ᠢ᠋ᠶ᠋ᠠᠷ ᠬᠥᠭ᠌ᠵᠢᠬᠦᠯᠬᠦ᠌ ᠱᠠᠭᠠᠷᠳᠠᠯᠭ᠎ᠠ ᠵᠢ ᠪᠦᠬᠦ᠌ ᠲᠠᠯ᠎ᠠ ᠪᠡᠷ ᠨᠠᠢᠳᠠᠪᠤᠷᠢᠵᠢᠭᠤᠯᠤᠨ ᠂ ᠬᠤᠷᠸ᠎ᠠ ᠲᠣᠬᠢᠷᠠᠭᠤᠯᠤᠯ ᠎ᠤᠨ ᠡᠷᠴᠢᠮ ᠢ᠋ ᠴᠢᠩᠭᠠᠷᠠᠭᠤᠯᠵᠤ ᠂ ᠠᠵᠤ ᠠᠬᠤᠶ ᠶ᠋ᠢᠨ ᠡᠷᠬᠢᠯᠳᠡ ᠵᠢ ᠲᠤᠭ᠍ᠲᠠᠭᠤᠨ ᠪᠠᠢᠯᠭᠠᠬᠤ ᠂ ᠬᠥᠭ᠌ᠵᠢᠯᠲᠡ ᠶ᠋ᠢᠨ ᠶᠠᠰᠤ ᠴᠢᠨᠠᠷ ᠢ᠋ ᠯᠠᠪᠲᠠᠭᠤᠨ ᠢ᠋ᠶ᠋ᠠᠷ ᠳᠡᠭᠡᠭ᠌ᠰᠢᠯᠡᠭᠦᠯᠬᠦ ᠂ ᠨᠡᠢᠭᠡᠮ ᠤ᠋ᠨ ᠶᠡᠭᠡ ᠲᠠᠯ᠎ᠠ ᠶ᠋ᠢᠨ ᠲᠣᠭ᠍ᠲᠠᠭᠤᠨ ᠪᠠᠢᠳᠠᠯ ᠢ᠋ ᠪᠠᠲᠤᠯᠠᠬᠤ ᠵᠢ ᠪᠡᠶᠡᠯᠡᠭᠦᠯᠵᠤ ᠂ ᠮᠠᠨ ᠤ᠋ ᠤᠯᠤᠰ ᠤ᠋ᠨ ᠬᠥᠭ᠌ᠵᠢᠯᠲᠡ ᠲᠦᠢᠯ ᠤ᠋ᠨ ᠬᠢᠯᠪᠠᠷ ᠪᠤᠰᠤ ᠱᠢᠨ᠎ᠡ ᠠᠮᠵᠢᠯᠲᠠ ᠪᠦᠲᠦᠮᠵᠢ ᠵᠢ ᠤᠯᠪᠠ ᠃


ᠪᠦᠬᠦ᠌ ᠵᠢᠯ ᠳ᠋ᠤ ᠤᠯᠤᠰ ᠤ᠋ᠨ ᠳᠣᠲᠣᠭᠠᠳᠤ ᠶ᠋ᠢᠨ ᠦᠢᠯᠡᠳᠪᠦᠷᠢᠯᠡᠯ ᠤ᠋ᠨ ᠶᠡᠷᠦᠩᠬᠡᠢ ᠥᠷᠲᠡᠭ 3% ᠪᠡᠷ ᠨᠡᠮᠡᠭ᠌ᠳᠡᠪᠡ ᠃

ᠬᠤᠳᠠ ᠪᠠᠯᠭᠠᠰᠤᠨ ᠳ᠋ᠤ ᠰᠢᠨ᠎ᠡ ᠪᠡᠷ ᠠᠵᠢᠯ ᠤᠯᠤᠭᠰᠠᠨ ᠬᠦᠮᠦᠨ 1206 ᠲᠦᠮᠡ ᠬᠦᠷᠪᠡ ᠃

ᠵᠢᠯ ᠤ᠋ᠨ ᠰᠡᠬᠦᠯᠴᠢ ᠵᠢᠨ ᠬᠤᠳᠠ ᠪᠠᠯᠭᠠᠰᠤᠨ ᠤ᠋ ᠪᠠᠢᠴᠠᠭᠠᠭᠰᠠᠨ ᠠᠵᠢᠯ ᠠᠯᠳᠠᠯᠲᠠ ᠶ᠋ᠢᠨ ᠨᠤᠷᠮ᠎ᠠ 5.5% ᠪᠣᠯᠲᠠᠯ᠎ᠠ ᠪᠠᠭᠤᠷᠠᠪᠠ ᠃

ᠰᠠᠭᠤᠭᠠᠯᠢ ᠠᠷᠠᠳ ᠤ᠋ᠨ ᠬᠡᠷᠡᠭ᠌ᠯᠡᠭᠡ ᠶ᠋ᠢᠨ ᠦᠨ᠎ᠡ ᠬᠠᠩᠰᠢ 2% ᠢ᠋ᠶ᠋ᠠᠷ ᠥᠰᠪᠡ ᠃

ᠡᠳ᠋ ᠪᠠᠷᠠᠭᠠᠨ ᠤ᠋ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠶᠡᠷᠦᠩᠬᠡᠶ ᠬᠡᠮᠵᠢᠶ᠎ᠠ 7.7% ᠪᠡᠷ ᠨᠡᠮᠡᠭ᠌ᠳᠡᠪᠡ ᠃

ᠡᠳ᠋ ᠤ᠋ᠨ ᠵᠠᠰᠠᠭ ᠤ᠋ᠨ ᠤᠯᠠᠭᠠᠨ ᠲᠤᠭ᠎ᠠ ᠶ᠋ᠢᠨ ᠨᠤᠷᠮ᠎ᠠ ᠵᠢ 2.8% ᠳ᠋ᠤ ᠬᠢᠵᠠᠭᠠᠷᠯᠠᠵᠤ ᠂ ᠲᠦᠪ ᠤ᠋ᠨ ᠡᠳ᠋ ᠤ᠋ᠨ ᠵᠠᠰᠠᠭ ᠤ᠋ᠨ ᠤᠷᠤᠯᠭ᠎ᠠ ᠵᠠᠷᠤᠯᠭ᠎ᠠ ᠲᠦᠰᠦᠪ ᠲᠠᠢ ᠨᠡᠢᠴᠡᠵᠦ ᠂ ᠵᠠᠷᠤᠯᠭ᠎ᠠ ᠵᠢᠭᠠᠬᠠᠨ ᠦᠯᠡᠳᠡᠪᠦᠷᠢ ᠲᠠᠢ ᠪᠤᠯᠪᠠ᠃

ᠤᠯᠠᠨ ᠤᠯᠤᠰ ᠤ᠋ᠨ ᠤᠷᠤᠯᠭ᠎ᠠ ᠵᠠᠷᠤᠯᠭ᠎ᠠ ᠵᠢᠨ ᠲᠡᠩᠴᠡᠬᠦᠷᠢᠳᠡᠢ ᠪᠠᠢᠬᠤ ᠵᠢ ᠪᠠᠳᠤᠯᠠᠵᠦ ᠂ ᠠᠷᠠᠳ ᠤ᠋ᠨ ᠵᠣᠭᠤᠰᠣᠨ ᠤ᠋ ᠭᠤᠪᠢᠭᠤᠯᠭ᠎ᠠ ᠶ᠋ᠢᠨ ᠨᠤᠷᠮ᠎ᠠ ᠪᠦᠬᠦ᠌ ᠪᠥᠮᠪᠥᠷᠴᠡᠭ ᠤ᠋ᠨ ᠭᠤᠤᠯ ᠪᠤᠯᠬᠤ ᠵᠣᠭᠤᠰᠣᠨ ᠤ᠋ ᠳᠣᠲᠣᠷ᠎ᠠ ᠬᠠᠷᠢᠴᠠᠩᠭᠤᠶ ᠪᠡᠷ ᠡᠷᠡᠬᠦᠯ ᠲᠣᠭ᠍ᠲᠠᠭᠤᠨ ᠪᠠᠢᠨ᠎ᠠ᠃

ᠠᠮᠤ ᠪᠤᠳᠠᠭᠠᠨ ᠤ᠋ ᠤᠨᠠᠯᠲᠠ 1.37 ᠲᠦᠮᠡᠨ ᠳ᠋ᠦᠩᠱᠢᠭᠤᠷ ᠵᠢᠩ ᠳ᠋ᠦ ᠬᠦᠷᠴᠦ ᠂ 74 ᠳ᠋ᠦᠩᠱᠢᠭᠤᠷ ᠵᠢᠩ ᠨᠡᠮᠡᠭᠳᠡᠪᠡ᠃

ᠠᠮᠢ ᠠᠬᠤᠢ ᠣᠷᠴᠢᠨ ᠲᠤᠭᠤᠷᠢᠨ ᠤ᠋ ᠶᠠᠰᠤ ᠴᠢᠨᠠᠷ ᠦᠷᠭᠦᠯᠵᠢᠯᠡᠨ ᠰᠠᠢᠵᠢᠷᠠᠪᠠ ᠃

ᠬᠦᠴᠢᠷ ᠢ᠋ ᠲᠤᠭᠤᠯᠤᠨ ᠪᠡᠷᠬᠡ ᠵᠢ ᠳᠠᠪᠠᠭ᠍ᠤ ᠳᠤᠮᠳᠠ ᠠᠵᠤ ᠠᠬᠤᠢ ᠶ᠋ᠢᠨ ᠶᠡᠭᠡ ᠲᠠᠯ᠎ᠠ ᠵᠢ ᠲᠣᠭ᠍ᠲᠠᠪᠤᠷᠢᠵᠢᠭᠤᠯᠵᠤ ᠂ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠣᠷᠴᠢᠨ ᠨᠥᠬᠦᠴᠡᠯ ᠳ᠋ᠦ ᠪᠦᠬᠦ᠌ ᠵᠢᠯ ᠤ᠋ᠨ ᠬᠥᠭ᠌ᠵᠢᠯᠲᠡ ᠶ᠋ᠢᠨ ᠭᠤᠤᠯ ᠪᠤᠯᠬᠤ ᠬᠠᠷᠠᠯᠲᠠ ᠡᠭᠦᠷᠭᠡ ᠵᠢ ᠦᠨᠳᠦᠰᠦᠨ ᠳ᠋ᠡᠭᠡᠨ ᠪᠡᠶᠡᠯᠡᠭᠦᠯᠵᠦ᠍ ᠂ ᠮᠠᠨ ᠤ᠋ ᠤᠯᠤᠰ ᠤ᠋ᠨ ᠠᠵᠤ ᠠᠬᠤᠶ ᠡᠷᠡᠰ ᠴᠢᠩᠭ᠎ᠠ ᠤᠶᠠᠨ ᠬᠠᠳᠠᠨ ᠴᠢᠨᠠᠷ ᠢ᠋ᠶ᠋ᠠᠨ ᠢᠯᠡᠷᠡᠭᠦᠯᠵᠡᠢ᠃

— ᠠᠵᠤ ᠠᠬᠤᠢᠯᠠᠯ ᠤ᠋ᠨ ᠦᠢᠯᠡᠳᠪᠦᠷᠢᠯᠡᠯ ᠡᠵᠡᠩᠨᠡᠯᠲᠡ ᠶ᠋ᠢᠨ ᠬᠦᠴᠢᠷᠳᠡᠯ ᠱᠢᠷᠦᠭᠦᠰᠦᠭ᠌ᠰᠡᠨ ᠪᠠᠢᠳᠠᠯ ᠳ᠋ᠦ ᠴᠢᠭ᠌ᠯᠡᠭᠦᠯᠵᠤ ᠂ ᠬᠦᠴᠢᠷᠳᠡᠯ ᠢ᠋ ᠨᠢ ᠱᠢᠢᠳᠪᠦᠷᠢᠯᠡᠨ ᠳᠡᠮᠵᠢᠬᠦ᠌ ᠡᠷᠴᠢᠮ ᠢ᠋ᠶ᠋ᠠᠨ ᠴᠢᠩᠭᠠᠷᠠᠭᠤᠯᠪᠠ᠃

— ᠪᠦᠳᠦᠮᠵᠢᠳᠡᠢ ᠬᠡᠷᠡᠭᠴᠡᠬᠡ ᠬᠦᠷᠦᠯᠴᠡᠬᠦ ᠦᠬᠡᠢ ᠲᠤᠪᠤᠢᠮ᠎ᠠ ᠵᠦᠷᠢᠴᠡᠯ ᠳ᠋ᠤ ᠴᠢᠭᠯᠡᠬᠦᠯᠵᠤ ᠂ ᠤᠯᠠᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭᠯᠡᠨ ᠂ ᠪᠡᠯᠡ ᠤᠷᠤᠭᠤᠯᠤᠯᠳᠠ ᠵᠢ ᠦᠷᠭᠡᠳᠬᠡᠵᠦ᠂ ᠬᠡᠷᠡᠭᠯᠡᠬᠡ ᠵᠢ ᠠᠬᠢᠭᠤᠯᠤᠨ᠂ ᠭᠠᠳᠠᠭᠠᠳᠦ ᠠᠷᠠᠯᠵᠢᠶ᠎ᠠ ᠵᠢ ᠲᠤᠭᠳᠠᠪᠤᠷᠢᠵᠢᠭᠤᠯᠪᠠ᠃

— ᠠᠵᠢᠯ ᠤᠯᠭᠤᠯᠳᠠ ᠵᠢᠨ ᠳᠠᠷᠤᠭᠠᠰᠤ ᠲᠤᠪᠤᠢᠮ᠎ᠠ ᠪᠤᠯᠤᠭᠰᠠᠨ ᠪᠠᠢᠳᠠᠯ ᠳ᠋ᠤ ᠴᠢᠭᠯᠡᠬᠦᠯᠵᠤ᠂ ᠠᠵᠢᠯ ᠤ᠋ᠨ ᠪᠠᠢᠷᠢ ᠵᠢ ᠲᠤᠭᠳᠠᠪᠤᠷᠢᠵᠢᠭᠤᠯᠤᠨ ᠠᠵᠢᠯ ᠤᠯᠭᠤᠯᠳᠠ ᠵᠢ ᠦᠷᠭᠡᠳᠬᠡᠬᠦ ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢ ᠴᠢᠩᠭᠠᠳᠬᠠᠪᠠ᠃

— ᠪᠦᠬᠦ ᠪᠦᠮᠪᠦᠷᠴᠡᠭ ᠤ᠋ᠨ ᠵᠤᠭᠤᠰᠤᠨ ᠤ᠋ ᠮᠠᠭᠤᠳᠠᠯᠳᠠ ᠭᠡᠳᠦ ᠦᠨᠳᠦᠷ ᠡᠴᠡ ᠪᠤᠯᠤᠭᠰᠠᠨ ᠨᠦᠯᠦᠭᠡ ᠳ᠋ᠦ ᠴᠢᠭᠯᠡᠬᠦᠯᠵᠤ ᠂ ᠠᠮᠤ ᠪᠤᠳᠠᠭ᠎ᠠ ᠪᠤᠯᠤᠨ ᠡᠨᠧᠷᠬᠢ ᠪᠡᠷ ᠭᠤᠤᠯ ᠪᠤᠯᠭᠠᠨ ᠬᠠᠩᠭᠠᠯᠭ᠎ᠠ ᠵᠢ ᠪᠠᠳᠤᠯᠠᠵᠦ ᠦᠨ᠎ᠡ ᠬᠠᠩᠰᠢ ᠵᠢ ᠲᠤᠭᠳᠠᠪᠤᠷᠢᠵᠢᠭᠤᠯᠪᠠ᠃

— ᠬᠡᠰᠡᠭ ᠤᠯᠠᠨ ᠲᠦᠮᠡᠨ ᠤ᠋ ᠠᠮᠢᠳᠤᠷᠠᠯ ᠤ᠋ᠨ ᠬᠦᠴᠢᠷᠳᠡᠯ ᠨᠡᠮᠡᠭᠳᠡᠭᠰᠡᠨ ᠪᠠᠢᠳᠠᠯ ᠳ᠋ᠦ ᠴᠢᠭᠯᠡᠬᠦᠯᠵᠤ᠂ ᠦᠨᠳᠦᠰᠦᠨ ᠠᠷᠠᠳ ᠤ᠋ᠨ ᠠᠮᠢᠳᠤᠷᠠᠯ ᠤ᠋ᠨ ᠪᠠᠳᠤᠯᠠᠭ᠎ᠠ ᠵᠢ ᠴᠢᠩᠭᠠᠳᠬᠠᠪᠠ᠃


ᠦᠩᠭᠡᠷᠡᠭ᠌ᠰᠡᠨ ᠲᠠᠪᠤᠨ ᠵᠢᠯ ᠤ᠋ᠨ ᠠᠵᠢᠯ ᠤ᠋ᠨ ᠡᠷᠭᠢᠴᠡᠭᠦᠯᠦᠯ 2018 ~ 2022


ᠥᠩᠭᠡᠷᠡᠭ᠌ᠰᠡᠨ ᠲᠠᠪᠤᠨ ᠵᠢᠯ ᠪᠣᠯ ᠲᠤᠢᠯ ᠤ᠋ᠨ ᠶᠡᠷᠦ᠍ ᠪᠤᠰᠤ ᠶ᠋ᠢᠨ ᠳᠠᠪᠤᠨ ᠵᠢᠯ ᠮᠥᠨ᠃ ᠰᠢ ᠵᠢᠨ ᠫᠢᠩ ᠨᠥᠬᠥᠷ ᠢ᠋ᠶ᠋ᠡᠷ ᠭᠣᠣᠯ ᠪᠣᠯᠭᠠᠭ᠍ᠰᠠᠨ ᠨᠠᠮ ᠤ᠋ᠨ ᠲᠥᠪ ᠬᠣᠷᠢᠶᠠᠨ ᠤ᠋ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠢᠳᠠ ᠳᠡᠯᠡᠬᠡᠢ ᠶ᠋ᠢᠨ ᠬᠤᠪᠢᠰᠤᠯᠲᠠ ᠂ ᠱᠢᠨ᠎ᠡ ᠲᠢᠲᠢᠮᠯᠢᠭ ᠠᠭᠤᠰᠭᠢᠨ ᠥᠷᠪᠢᠰᠤᠯ ᠎ᠤᠨ  ᠬᠢᠵᠢᠭ ᠤ᠋ᠨ ᠲᠠᠭᠠᠷᠢᠯᠳᠠ ᠂ ᠤᠯᠤᠰ ᠤ᠋ᠨ ᠳᠣᠲᠣᠭᠠᠳᠤ ᠶ᠋ᠢᠨ ᠠᠵᠤ ᠠᠬᠤᠢ ᠵᠢᠨ ᠮᠠᠭᠤᠳᠠᠯᠳᠠ ᠵᠡᠷᠭᠡ ᠤᠯᠠᠨ ᠳᠠᠪᠬᠤᠷ ᠱᠢᠯᠭᠠᠯᠲᠠ ᠵᠢ ᠳᠠᠭᠠᠭᠠᠵᠤ᠂ ᠲᠣᠭ᠍ᠲᠠᠭ᠍ᠰᠠᠨ ᠬᠤᠭᠤᠴᠠᠭᠠᠨ ᠳ᠋ᠦ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠢᠯᠠᠯᠲᠠ ᠵᠢ ᠣᠯᠵᠤ᠂ ᠲᠣᠭ᠍ᠲᠠᠭ᠍ᠰᠠᠨ ᠬᠤᠭᠤᠴᠠᠭᠠᠨ ᠳ᠋ᠦ ᠴᠢᠨᠡᠭᠡᠯᠢᠭ ᠨᠡᠢᠭᠡᠮ ᠢ᠋ ᠪᠦᠬᠦ᠌ ᠲᠠᠯ᠎ᠠ ᠪᠡᠷ ᠪᠠᠶᠡᠯᠡᠬᠦᠯᠦᠨ᠂ ᠨᠢᠭᠡᠳᠦᠭᠡᠷ ᠵᠠᠭᠤᠨ ᠵᠢᠯ ᠤ᠋ᠨ ᠲᠡᠮᠡᠴᠡᠬᠦ᠌ ᠬᠠᠷᠠᠯᠲᠠ ᠵᠢ ᠪᠡᠶᠡᠯᠡᠭᠦᠯᠵᠤ᠂ ᠬᠣᠶᠠᠳᠤᠭᠠᠷ ᠵᠠᠭᠤᠨ ᠵᠢᠯ ᠤ᠋ᠨ ᠲᠡᠮᠡᠴᠡᠬᠦ᠌ ᠬᠠᠷᠠᠯᠲᠠ ᠵᠢᠨ ᠱᠢᠨ᠎ᠡ ᠠᠶᠠᠨ ᠢ᠋ᠶ᠋ᠠᠨ ᠡᠬᠢᠯᠡᠭᠦᠯᠵᠡᠢ᠃

— ᠠᠵᠤ ᠠᠬᠤᠶ ᠶ᠋ᠢᠨ ᠬᠥᠭ᠌ᠵᠢᠯᠲᠡ ᠲᠠᠬᠢᠨ ᠱᠢᠨ᠎ᠡ ᠳᠡᠭ᠌ᠲᠡᠷ ᠲᠦ᠍ ᠭᠠᠷᠪᠠ

ᠤᠯᠤᠰ ᠤ᠋ᠨ ᠳᠣᠲᠣᠭᠠᠳᠤ ᠶ᠋ᠢᠨ ᠦᠢᠯᠡᠳᠪᠦᠷᠢᠯᠡᠯ ᠤ᠋ᠨ ᠶᠡᠷᠦᠩᠬᠡᠢ ᠥᠷᠲᠡᠭ 121 ᠲᠦᠮᠡᠨ ᠳ᠋ᠦᠩᠱᠢᠭᠤᠷ ᠲᠥᠭᠦᠷᠢᠭ ᠪᠣᠯᠵᠤ ᠨᠡᠮᠡᠭ᠌ᠳᠡᠨ ᠂ ᠲᠠᠪᠤᠨ ᠵᠢᠯ ᠳ᠋ᠦ ᠵᠢᠯ ᠳᠤᠮᠳᠠᠴᠢ ᠪᠡᠷ 5.2% ᠢ᠋ᠶ᠋ᠠᠷ ᠨᠡᠮᠡᠭ᠌ᠳᠡᠵᠦ᠍ ᠂ ᠠᠷᠪᠠᠨ ᠵᠢᠯ ᠳ᠋ᠦ 70 ᠲᠦᠮᠡᠨ ᠳ᠋ᠦᠩᠱᠢᠭᠤᠷ ᠲᠦᠬᠦᠷᠢᠭ ᠱᠢᠬᠠᠮ ᠨᠡᠮᠡᠭ᠌ᠳᠡᠨ ᠂ ᠵᠢᠯ ᠳᠤᠮᠳᠠᠴᠢ ᠪᠡᠷ 6.2% ᠢ᠋ᠶ᠋ᠠᠷ ᠨᠡᠮᠡᠭ᠌ᠳᠡᠪᠡ ᠃

ᠡᠳ᠋ ᠤ᠋ᠨ ᠵᠠᠰᠠᠭ ᠤ᠋ᠨ ᠣᠷᠣᠯᠭ᠎ᠠ 20.4 ᠲᠦᠮᠡᠨ ᠳ᠋ᠦᠩᠱᠢᠭᠤᠷ ᠲᠥᠭᠦᠷᠢᠭ ᠪᠣᠯᠵᠤ ᠨᠡᠮᠡᠭ᠌ᠳᠡᠪᠡ ᠃

ᠠᠮᠤ ᠪᠤᠳᠠᠭᠠᠨ ᠤ᠋ ᠤᠨᠠᠯᠲᠠ ᠵᠢᠯ ᠳᠠᠷᠠᠭᠠᠯᠠᠨ 1.3 ᠲᠦᠮᠡᠨ ᠳ᠋ᠦᠩᠱᠢᠭᠤᠷ ᠵᠢᠩ ᠡᠴᠡ ᠳᠡᠭᠡᠭ᠌ᠰᠢ ᠳ᠋ᠤ ᠲᠣᠭ᠍ᠲᠠᠪᠤᠷᠢᠵᠢᠪᠠ ᠃

ᠠᠵᠤ ᠦᠶ᠋ᠯᠡᠳᠪᠦᠷᠢ ᠶ᠋ᠢᠨ ᠨᠡᠮᠡᠭ᠌ᠳᠡᠯ ᠥᠷᠲᠡᠭ 40 ᠲᠦᠮᠡᠨ ᠳ᠋ᠦᠩᠱᠢᠭᠤᠷ ᠲᠥᠭᠥᠷᠢᠭ ᠢ᠋ ᠳᠠᠪᠠᠪᠠ ᠃

ᠬᠤᠳᠠ ᠪᠠᠯᠭᠠᠰᠤ ᠵᠢᠨ ᠰᠢᠨ᠎ᠠ ᠪᠡᠷ ᠠᠵᠢᠯ ᠤᠯᠤᠭ᠍ᠰᠠᠨ ᠬᠦᠮᠦᠨ ᠵᠢᠯ ᠳᠤᠮᠳᠠᠴᠢ ᠪᠡᠷ 1270 ᠲᠦᠮᠡ ᠭᠠᠷᠤᠶ ᠨᠡᠮᠡᠭ᠌ᠳᠡᠪᠡ ᠃

ᠭᠠᠳᠠᠭᠠᠳᠤ ᠭᠤᠪᠢᠭᠤᠯᠭ᠎ᠠ ᠶ᠋ᠢᠨ ᠨᠥᠭᠡᠴᠡ 3 ᠲᠦᠮᠡᠨ ᠳ᠋ᠦᠩᠱᠢᠭᠤᠷ ᠳ᠋ᠣᠯᠯᠠᠷ ᠡᠴᠡ ᠳᠡᠭᠡᠭ᠌ᠰᠢ ᠳ᠋ᠦ ᠲᠣᠭ᠍ᠲᠠᠪᠤᠷᠢᠵᠢᠪᠠ ᠃

—  ᠶᠠᠳᠠᠭᠤ ᠡᠴᠡ ᠠᠩᠭᠢᠵᠢᠷᠠᠭᠤᠯᠬᠤ ᠪᠡᠷᠬᠡ ᠰᠡᠳᠦᠪ ᠢ᠋ ᠱᠢᠢᠳᠪᠦᠷᠢᠯᠡᠬᠦ᠌ ᠡᠭᠦᠷᠭᠡ ᠵᠢ ᠢᠯᠠᠯᠲᠠ ᠲᠠᠢ ᠪᠡᠷ ᠪᠡᠶᠡᠯᠡᠭᠦᠯᠪᠡ

ᠬᠥᠳᠡᠭᠡ ᠲᠣᠰᠭᠤᠨ ᠤ᠋ 1 ᠳ᠋ᠦᠩᠱᠢᠭᠤᠷ ᠱᠢᠬᠠᠮ ᠶᠠᠳᠠᠭᠤ ᠬᠦᠴᠢᠷᠳᠡᠯᠲᠠᠢ ᠬᠥᠮᠦᠨ ᠠᠮᠠ ᠵᠢ ᠶᠠᠳᠠᠭᠤ ᠡᠴᠡ ᠠᠩᠭᠢᠵᠢᠷᠠᠭᠤᠯᠪᠠ ᠃

ᠪᠦᠬᠦ᠌ ᠤᠯᠤᠰ ᠤ᠋ᠨ 832 ᠶᠠᠳᠠᠭᠤ ᠬᠦᠴᠢᠷᠳᠡᠯᠲᠠᠢ ᠱᠢᠶᠠᠨ ᠢ᠋ ᠴᠦᠮ ᠶᠠᠳᠠᠭᠤ ᠡᠴᠡ ᠠᠩᠭᠢᠵᠢᠷᠠᠭᠤᠯᠪᠠ ᠃

960 ᠭᠠᠷᠤᠶ ᠲᠦᠮᠡᠨ ᠶᠠᠳᠠᠭᠤ ᠬᠦᠴᠢᠷᠳᠡᠯᠲᠠᠢ ᠬᠥᠮᠦᠨ ᠠᠮᠠ ᠵᠢ ᠣᠨᠳᠤᠤ ᠭᠠᠵᠠᠷ ᠨᠡᠭᠦᠯᠭᠡᠪᠠ ᠃

ᠲᠦᠢᠯ ᠤ᠋ᠨ ᠶᠠᠳᠠᠭᠤ ᠬᠦᠴᠢᠷᠳᠡᠯᠲᠠᠢ ᠪᠠᠢᠬ᠍ᠰᠠᠨ ᠠᠰᠠᠭᠤᠳᠠᠯ ᠢ᠋ ᠲᠡᠤᠬᠡᠲᠦ ᠴᠢᠨᠠᠷᠲᠠᠶ ᠪᠡᠷ ᠱᠢᠢᠳᠪᠦᠷᠢᠯᠡᠪᠡ ᠃

— ᠱᠢᠨᠵᠢᠯᠡᠬᠦ᠌ ᠤᠬᠠᠭᠠᠨ ᠮᠡᠷᠭᠡᠵᠢᠯ ᠤ᠋ᠨ ᠱᠢᠨ᠎ᠡ ᠡᠭᠦᠳᠦᠯᠲᠡ ᠡᠯᠪᠡᠭ ᠪᠠᠶᠠᠯᠢᠭ ᠦᠷ᠎ᠡ ᠪᠦᠲᠦᠭᠡᠯ ᠤᠯᠪᠠ

ᠱᠢᠨ᠎ᠡ ᠬᠡᠯᠪᠡᠷᠢ ᠶ᠋ᠢᠨ ᠤᠯᠤᠰ᠎ᠲᠠᠶᠠᠭᠠᠷᠴᠢᠯᠠᠭᠰᠠᠨ ᠪᠠᠢᠭᠤᠯᠤᠮᠵᠢ ᠵᠢ ᠪᠠᠢᠭᠤᠯᠵᠦ ᠂ ᠤᠯᠤᠰ ᠤ᠋ᠨ ᠲᠤᠷᠱᠢᠯᠲᠠ ᠶ᠋ᠢᠨ ᠲᠠᠰᠤᠭ ᠢ᠋ ᠪᠠᠢᠭᠤᠯᠤᠨ ᠂ ᠪᠦᠬᠦ᠌ ᠤᠯᠤᠰ ᠤ᠋ᠨ ᠭᠣᠣᠯᠳᠠᠯᠭ᠎ᠠ ᠲᠠᠶ ᠲᠤᠷᠱᠢᠯᠲᠠ ᠶ᠋ᠢᠨ ᠲᠠᠰᠤᠭ ᠢ᠋ ᠲᠠᠬᠢᠨ ᠪᠠᠢᠭᠤᠯᠬᠤ ᠵᠢ ᠪᠦᠯᠦᠭ ᠬᠤᠪᠢᠶᠠᠨ ᠠᠬᠢᠭᠤᠯᠪᠠ ᠃

ᠵᠠᠷᠢᠮ ᠵᠠᠩᠭᠢᠯᠠᠭ᠎ᠠ ᠶ᠋ᠢᠨ ᠭᠣᠣᠯᠯᠠᠬᠤ ᠮᠡᠷᠭᠡᠵᠢᠯ ᠤ᠋ᠨ ᠪᠣᠭᠣᠮᠲᠠ ᠱᠢᠪᠲᠤᠯᠤᠯᠲᠠ ᠳ᠋ᠦ ᠱᠢᠨ᠎ᠡ ᠱᠢᠪᠲᠤᠯᠤᠯᠲᠠ ᠭᠠᠷᠭᠠᠵᠦ ᠂ ᠬᠥᠮᠦᠨ ᠰᠠᠭᠤᠯᠭᠠᠭ᠍ᠰᠠᠨ ᠰᠠᠨᠰᠠᠷ ᠤ᠋ᠨ ᠠᠶᠠᠯᠠᠯ ᠂ ᠰᠠᠷᠠᠨ ᠪᠦᠮᠪᠦᠷᠴᠡᠭ ᠭᠠᠯ ᠭᠠᠷᠠᠭ ᠤ᠋ᠨ ᠱᠢᠨᠵᠢᠯᠡᠬᠡᠨ᠂ ᠭᠦᠨ ᠳᠠᠯᠠᠢ ᠶ᠋ᠢᠨ ᠢᠷᠤᠭᠠᠷ ᠤ᠋ᠨ ᠬᠠᠢᠨ ᠬᠡᠮᠵᠢᠯᠲᠡ᠂ ᠲᠡᠰ ᠡᠴᠡ ᠳᠠᠪᠠᠭ᠍ᠰᠠᠨ ᠺᠣᠮᠫᠢᠦ᠋ᠲ᠋ᠧᠷ ᠂ ᠳᠠᠭᠠᠭᠤᠯᠢ ᠤᠳᠤᠨ ᠵᠠᠮᠴᠢᠯᠠᠭᠴᠢ᠂ ᠺᠸᠨᠠᠲ ᠵᠠᠩᠭᠢ᠂ ᠴᠥᠮ᠎ᠡ ᠶ᠋ᠢᠨ ᠴᠠᠬᠢᠯᠭᠠᠨ ᠤ᠋ ᠮᠡᠷᠭᠡᠵᠢᠯ᠂ ᠲᠤᠮᠤ ᠨᠢᠰᠭᠡᠯ ᠦᠢᠯᠡᠳᠬᠦ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠤ᠋ ᠱᠢᠨ᠎ᠡ ᠵᠢ ᠡᠭᠦᠳᠦᠭ᠌ᠰᠡᠨ ᠦᠷ᠎ᠡ ᠪᠦᠲᠦᠭᠡᠯ ᠵᠠᠯᠭᠠᠭ᠎ᠠ ᠪᠡᠷ ᠮᠡᠨᠳᠦᠯᠡᠪᠡ ᠃

ᠪᠦᠬᠦ᠌ ᠨᠡᠢᠭᠡᠮ ᠤ᠋ᠨ ᠰᠤᠳᠤᠯᠤᠨ ᠨᠡᠭᠡᠭᠡᠬᠦ᠌ ᠵᠠᠷᠤᠳᠠᠯ ᠤ᠋ᠨ ᠣᠷᠣᠭᠤᠯᠤᠯᠲᠠ ᠶ᠋ᠢᠨ ᠡᠷᠴᠢᠮ 2.1% ᠪᠠᠢᠭᠰᠠᠨ ᠡᠴᠡ ᠳᠡᠭᠡᠭᠰᠢᠯᠡᠭᠡᠳ 2.5% ᠪᠤᠯᠪᠠ ᠂ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠳᠠᠪᠱᠢᠯᠲᠠ ᠶ᠋ᠢᠨ ᠬᠤᠪᠢ ᠨᠡᠮᠡᠷᠢ ᠶ᠋ᠢᠨ ᠨᠣᠷᠮ᠎ᠠ 60% ᠵᠢ ᠳᠠᠪᠠᠵᠦ ᠂ ᠱᠢᠨ᠎ᠡ ᠵᠢ ᠡᠭᠦᠳᠬᠦ᠌ ᠪᠡᠷ ᠬᠥᠭ᠌ᠵᠢᠯᠲᠡ ᠵᠢ ᠲᠤᠯᠭᠠᠭᠤᠷᠢᠯᠠᠬᠤ ᠴᠢᠳᠠᠪᠤᠷᠢ ᠲᠠᠰᠤᠷᠠᠯᠳᠠ ᠦᠭᠡᠢ ᠴᠢᠩᠭᠠᠷᠠᠪᠠ ᠃

—  ᠠᠵᠤ ᠠᠬᠤᠶ ᠶ᠋ᠢᠨ ᠪᠦᠲᠦᠴᠡ ᠤᠯᠠᠮ ᠨᠢᠭᠡ ᠠᠯᠬᠤᠮ ᠱᠢᠯᠢᠳᠡᠭ᠌ᠵᠢᠪᠡ

ᠳᠡᠭᠡᠳᠦ ᠳᠡᠰ ᠤ᠋ᠨ ᠮᠡᠷᠭᠡᠵᠢᠯ ᠤ᠋ᠨ ᠦᠢᠯᠡᠳᠬᠦ᠌ ᠦᠢᠯᠡᠰ ᠂ ᠲᠣᠨᠤᠭ ᠲᠥᠬᠦᠭᠡᠷᠦᠮᠵᠢ ᠦᠢᠯᠡᠳᠬᠦ᠌ ᠦᠢᠯᠡᠰ ᠤ᠋ᠨ ᠨᠡᠮᠡᠭ᠌ᠳᠡᠯ ᠥᠷᠲᠡᠭ ᠵᠢᠯ ᠳᠤᠮᠳᠠᠴᠢ ᠪᠡᠷ ᠳᠤᠰ ᠳᠤᠰ 10.6% ᠪᠠ 7.9% ᠪᠡᠷ ᠨᠡᠮᠡᠭ᠌ᠳᠡᠵᠦ᠍ ᠂ ᠲᠤᠭᠠᠴᠢᠯᠠᠭᠰᠠᠨ ᠠᠵᠤ ᠠᠬᠤᠶ ᠳᠠᠰᠤᠷᠠᠯᠳᠠ ᠦᠬᠡᠢ ᠪᠤᠵᠠᠭᠠᠢ᠌ᠷᠠᠪᠠ ᠃ ᠱᠢᠨ᠎ᠡ ᠠᠵᠤ ᠦᠢᠯᠡᠰ ᠱᠢᠨ᠎ᠡ ᠡᠵᠡᠩᠨᠡᠯᠲᠡ ᠶ᠋ᠢᠨ ᠬᠡᠯᠪᠡᠷᠢ ᠪᠠᠢᠳᠠᠯ ᠱᠢᠨ᠎ᠡ ᠬᠡᠪ ᠵᠠᠭ᠍ᠪᠤᠷ ᠤ᠋ᠨ ᠨᠡᠮᠡᠭ᠌ᠳᠡᠯ ᠦᠷᠳᠡᠭ ᠤ᠋ᠨ ᠤᠯᠤᠰ ᠤ᠋ᠨ ᠳᠣᠲᠣᠭᠠᠳᠤ ᠶ᠋ᠢᠨ ᠦᠢᠯᠡᠳᠪᠦᠷᠢᠯᠡᠯ ᠤ᠋ᠨ ᠶᠡᠷᠤᠩᠬᠡᠢ ᠦᠷᠳᠡᠭ ᠲᠦ᠍ ᠡᠵᠡᠯᠡᠬᠦ᠌ ᠬᠤᠪᠢ ᠶ᠋ᠢᠨ ᠵᠢᠩ 17% ᠵᠢ ᠳᠠᠪᠠᠪᠠ ᠃

ᠣᠷᠣᠨ ᠪᠦᠰᠡ ᠶ᠋ᠢᠨ ᠵᠣᠬᠢᠴᠠᠩᠭᠤᠢ ᠬᠥᠭ᠌ᠵᠢᠯᠲᠡ ᠶ᠋ᠢᠨ ᠪᠠᠢᠯᠳᠤᠬᠤ ᠪᠤᠳᠤᠯᠭ᠎ᠠ ᠂ ᠣᠷᠣᠨ ᠪᠦᠰᠡ ᠶ᠋ᠢᠨ ᠴᠢᠬᠤᠯᠠ ᠶᠡᠬᠡ ᠪᠠᠢᠯᠳᠤᠬᠤ ᠪᠤᠳᠤᠯᠭ᠎ᠠ ᠵᠢ ᠭᠦᠨᠵᠡᠭᠡᠢ ᠬᠡᠷᠡᠭ᠌ᠵᠢᠭᠦᠯᠪᠡ ᠃

ᠪᠠᠢᠩᠭᠤ ᠰᠠᠭᠤᠭ᠎ᠠ ᠬᠥᠮᠦᠨ ᠠᠮᠠ ᠶ᠋ᠢᠨ ᠬᠤᠲᠠ ᠪᠠᠯᠭᠠᠰᠤᠵᠢᠯᠲᠠ ᠶ᠋ᠢᠨ ᠨᠣᠷᠮ᠎ᠠ 60.2% ᠪᠠᠢᠭ᠍ᠰᠠᠨ ᠡᠴᠡ 65.2% ᠪᠣᠯᠵᠤ ᠳᠡᠭᠡᠭ᠌ᠰᠢᠯᠡᠪᠡ ᠃ ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠪᠦᠬᠦ ᠳᠠᠯ᠎ᠠ ᠪᠡᠷ ᠬᠡᠷᠡᠭᠵᠢᠬᠦᠯᠪᠡ ᠃

—  ᠰᠠᠭᠤᠷᠢ ᠲᠦᠬᠦᠭᠡᠷᠦᠮᠵᠢ ᠵᠢ ᠨᠠᠩ ᠢᠯᠡᠭᠦᠦ ᠲᠡᠭᠦᠯᠳᠡᠷᠵᠢᠭᠦᠯᠪᠡ

ᠦᠶᠡᠷ ᠢ᠋ ᠰᠡᠷᠭᠡᠢᠯᠡᠵᠤ ᠭᠠᠩ ᠬᠠᠭ᠍ᠰᠠᠷᠠᠭᠠᠨ ᠲᠠᠶ ᠲᠡᠮᠡᠴᠡᠬᠦ᠌ ᠂ ᠤᠰᠤ ᠲᠠᠲᠠᠵᠤ ᠤᠰᠤ ᠲᠤᠬᠢᠷᠠᠭᠤᠯᠬᠤ ᠵᠡᠷᠭᠡ ᠴᠢᠬᠤᠯᠠ ᠶᠡᠬᠡ ᠤᠰᠤᠨ ᠠᠱᠢᠭ᠍ᠯᠠᠯᠲᠠ ᠶ᠋ᠢᠨ ᠪᠠᠷᠢᠯᠭ᠎ᠠ ᠶ᠋ᠢᠨ ᠠᠵᠢᠯ ᠢ᠋ ᠡᠬᠢᠯᠡᠭᠦᠯᠪᠡ ᠃

ᠲᠦᠷᠭᠡᠨ ᠤ᠋ ᠲᠡᠮᠦᠷ ᠵᠠᠮ ᠤ᠋ᠨ ᠡᠵᠡᠩᠨᠡᠯᠳᠡ ᠵᠢᠨ ᠤᠷᠲᠤ ᠶ᠋ᠢᠨ ᠬᠡᠮᠵᠢᠶ᠎ᠡ 2.5 ᠲᠦᠮᠡᠨ ᠺᠢᠯᠣᠮᠧᠲᠷ ᠪᠠᠢᠭ᠍ᠰᠠᠨ ᠡᠴᠡ 4.2 ᠲᠦᠮᠡᠨ ᠺᠢᠯᠣᠮᠧᠲᠷ ᠪᠣᠯᠵᠤ ᠨᠡᠮᠡᠭ᠌ᠳᠡᠪᠡ ᠂ ᠲᠦᠷᠭᠡᠨ ᠤ᠋ ᠵᠠᠰᠠᠮᠠᠯ ᠵᠠᠮ ᠤ᠋ᠨ ᠤᠷᠲᠤ 13.6 ᠲᠦᠮᠡᠨ ᠺᠢᠯᠣᠮᠧᠲᠷ ᠪᠠᠢᠭ᠍ᠰᠠᠨ ᠡᠴᠡ ᠨᠡᠮᠡᠭ᠌ᠳᠡᠭᠡᠳ 17.7 ᠲᠦᠮᠡᠨ ᠺᠢᠯᠣᠮᠧᠲᠷ ᠪᠣᠯᠵᠠᠢ ᠃

ᠱᠢᠨ᠎ᠡ ᠪᠡᠷ ᠪᠠᠢᠭᠤᠯᠤᠭ᠍ᠰᠠᠨ ᠪᠠ ᠥᠭᠡᠷᠡᠴᠢᠯᠡᠨ ᠪᠠᠢᠭᠤᠯᠤᠭ᠍ᠰᠠᠨ ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠤᠷᠲᠦ 125 ᠲᠦᠮᠡᠨ ᠺᠢᠯᠣᠮᠧᠲᠷ ᠲᠦ᠍ ᠬᠦᠷᠪᠡ ᠃

ᠰᠢᠨ᠎ᠡ ᠪᠡᠷ ᠪᠠᠢᠭᠤᠯᠤᠭᠰᠠᠨ ᠨᠢᠰᠭᠡᠯ ᠤ᠋ᠨ ᠪᠠᠭᠤᠳᠠᠯ ᠤ᠋ᠨ ᠪᠠᠭ᠍ᠲᠠᠭᠠᠮᠵᠢ 4 ᠳ᠋ᠦᠩᠱᠢᠭᠤᠷ ᠬᠥᠮᠦᠨ ᠤᠳᠠᠭ᠎ᠠ ᠳ᠋ᠦ ᠬᠦᠷᠴᠠᠢ ᠃

ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ ᠶ᠋ᠢᠨ ᠪᠠᠭ᠍ᠲᠠᠭᠠᠮᠵᠢ 40% ᠡᠴᠡ ᠳᠡᠭᠡᠭ᠌ᠰᠢ ᠨᠡᠮᠡᠭ᠌ᠳᠡᠪᠡ ᠃

ᠪᠤᠢ ᠪᠦᠬᠦᠢ ᠲᠤᠰᠬᠠᠢ ᠤᠷᠤᠨ ᠤ᠋ ᠳᠡᠰ ᠤ᠋ᠨ ᠬᠤᠳᠠ ᠳ᠋ᠤ ᠳᠡᠭᠡᠳᠦ ᠬᠤᠷᠳᠤᠴᠠᠳᠦ ᠰᠦᠯᠵᠢᠶ᠎ᠡ ᠵᠢ ᠪᠦᠷᠬᠦᠬᠦᠯᠬᠦ ᠪᠠ ᠪᠤᠢ ᠪᠦᠬᠦᠢ ᠵᠠᠰᠠᠭ ᠵᠠᠬᠢᠷᠭᠠᠨ ᠤ᠋ ᠲᠣᠰᠭᠣᠨ ᠳ᠋ᠤ ᠥᠷᠭᠡᠨ ᠪᠦᠰᠡᠲᠦ ᠰᠦᠯᠵᠢᠶ᠎ᠡ ᠵᠢ ᠨᠡᠪᠲᠡᠷᠡᠭᠦᠯᠬᠦ᠎ᠵᠢ ᠪᠡᠶᠡᠯᠡᠬᠦᠯᠪᠠ ᠃

— ᠥᠭᠡᠷᠡᠴᠢᠯᠡᠯᠲᠡ ᠨᠡᠭᠡᠭᠡᠯᠲᠡ ᠵᠢ ᠦᠷᠭᠦᠯᠵᠢᠯᠡᠨ ᠭᠦᠨᠵᠡᠭᠡᠢᠷᠡᠭᠦᠯᠪᠡ

ᠥᠭᠡᠷᠡᠴᠢᠯᠡᠯᠲᠡ ᠨᠡᠭᠡᠭᠡᠯᠲᠡ ᠵᠢ ᠪᠦᠬᠦ᠌ ᠲᠠᠯ᠎ᠠ ᠪᠡᠷ ᠭᠦᠨᠵᠡᠭᠡᠢᠷᠡᠭᠦᠯᠦᠨ ᠱᠢᠨ᠎ᠡ ᠬᠥᠭ᠌ᠵᠢᠯᠲᠡ ᠶ᠋ᠢᠨ ᠪᠠᠢᠷᠢᠱᠢᠯ ᠢ᠋ ᠪᠠᠢᠭᠤᠯᠬᠤ ᠵᠢ ᠠᠬᠢᠭᠤᠯᠵᠤ᠂ ᠬᠠᠩᠭᠠᠯᠭ᠎ᠠ ᠶ᠋ᠢᠨ ᠲᠠᠯ᠎ᠠ ᠶ᠋ᠢᠨ ᠪᠦᠲᠦᠴᠡ ᠶ᠋ᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ ᠬᠡᠷᠡᠭ᠌ᠵᠢᠭᠦᠯᠦᠨ᠂ ᠵᠠᠰᠠᠭ ᠢ᠋ ᠴᠣᠮᠬᠠᠳᠭᠠᠨ ᠡᠷᠬᠡ ᠵᠢ ᠳᠠᠯᠪᠢᠬᠤ᠂ ᠳᠠᠯᠪᠢᠬᠤ ᠬᠠᠮᠢᠶᠠᠷᠬᠤ ᠵᠢ ᠤᠶᠠᠯᠳᠤᠭᠤᠯᠬᠤ᠂ ᠦᠢᠯᠡᠴᠢᠯᠡᠭᠡ ᠵᠢ ᠱᠢᠯᠢᠳᠡᠭ᠌ᠵᠢᠭᠦᠯᠬᠦ᠌ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠢᠷᠡᠭᠦᠯᠵᠦ᠂ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢᠯᠡᠳᠳᠡ ᠰᠠᠢᠵᠢᠷᠠᠪᠠ᠃

《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠦᠳᠦᠬᠡᠨ ᠪᠠᠢᠭᠤᠯᠬᠤ ᠠᠵᠢᠯ ᠢ᠋ ᠯᠠᠪᠳᠠᠭᠤᠨ ᠪᠠᠲᠤᠲᠠᠶ ᠠᠬᠢᠭᠤᠯᠪᠠ ᠃

ᠣᠷᠣᠨ ᠪᠦᠰᠡ ᠶ᠋ᠢᠨ ᠪᠦᠬᠦ᠌ ᠲᠠᠯ᠎ᠠ ᠶ᠋ᠢᠨ ᠠᠵᠤ ᠠᠬᠤᠢ ᠶ᠋ᠢᠨ ᠬᠠᠨᠢᠲᠠᠨ ᠤ᠋ ᠬᠠᠷᠢᠯᠴᠠᠭ᠎ᠠ ᠶ᠋ᠢᠨ ᠬᠡᠯᠡᠯᠴᠡᠭᠡᠷ (RCEP) ᠬᠦᠴᠦᠨ ᠲᠡᠶ ᠪᠤᠯᠵᠦ᠍ ᠬᠡᠷᠡᠭ᠌ᠵᠢᠭᠦᠯᠦᠭ᠌ᠳᠡᠵᠦ ᠂ ᠪᠥᠬᠥ᠌ ᠳᠡᠯᠡᠬᠡᠶ ᠶ᠋ᠢᠨ ᠬᠠᠮᠤᠭ ᠤ᠋ᠨ ᠲᠣᠮᠣ ᠴᠢᠯᠥᠭᠡᠲᠦ ᠠᠷᠠᠯᠵᠢᠶᠠᠨ ᠤ᠋ ᠣᠷᠣᠨ ᠢ᠋ ᠪᠠᠢᠭᠤᠯᠪᠠ ᠃

ᠡᠳ᠋ ᠪᠠᠷᠠᠭ᠎ᠠ ᠶ᠋ᠢᠨ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠶᠡᠷᠦᠩᠬᠡᠶ ᠬᠡᠮᠵᠢᠶ᠎ᠠ ᠵᠢᠯ ᠳᠤᠮᠳᠠᠴᠢ ᠪᠡᠷ 8.6% ᠪᠡᠷ ᠨᠡᠮᠡᠭ᠌ᠳᠡᠨ ᠂ 40 ᠲᠦᠮᠡᠨ ᠳ᠋ᠦᠩᠱᠢᠭᠤᠷ ᠲᠥᠭᠥᠷᠢᠭ ᠢ᠋ ᠳᠠᠪᠠᠵᠦ ᠂ ᠣᠯᠠᠨ ᠵᠢᠯ ᠳᠠᠷᠠᠭᠠᠯᠠᠨ ᠳᠡᠯᠡᠬᠡᠶ ᠶ᠋ᠢᠨ ᠲᠡᠷᠢᠭᠦᠨ ᠳ᠋ᠤ ᠣᠷᠣᠵᠦ ᠂ ᠭᠠᠳᠠᠭᠠᠳᠤ ᠪᠠᠯᠠ ᠵᠢ ᠤᠷᠤᠭᠤᠯᠤᠨ ᠠᠪᠴᠢᠷᠠᠬᠤ ᠪᠠ ᠭᠠᠳᠠᠭᠠᠳᠤ ᠳ᠋ᠦ ᠪᠠᠯᠠ ᠣᠷᠣᠭᠤᠯᠬᠤ ᠲᠠᠯ᠎ᠠ ᠪᠡᠷ ᠳᠡᠯᠡᠬᠡᠶ ᠶ᠋ᠢᠨ ᠡᠮᠦᠨ᠎ᠡ ᠡᠩᠨᠡᠭᠡᠨ᠎ᠳᠦ ᠣᠷᠣᠪᠠ ᠃

— ᠠᠮᠢ ᠠᠬᠤᠢ ᠣᠷᠴᠢᠨ ᠲᠤᠭᠤᠷᠢᠨ ᠢᠯᠡᠳᠲᠡ ᠰᠠᠢᠵᠢᠷᠠᠪᠠ

ᠨᠢᠭᠡᠴᠢ ᠤᠯᠤᠰ ᠤ᠋ᠨ ᠳᠣᠲᠣᠭᠠᠳᠤ ᠶ᠋ᠢᠨ ᠦᠢᠯᠡᠳᠪᠦᠷᠢᠯᠡᠯ ᠤ᠋ᠨ ᠶᠡᠷᠤᠩᠬᠡᠢ ᠦᠷᠲᠡᠭ ᠤ᠋ᠨ ᠡᠨᠧᠷᠭᠢ ᠶ᠋ᠢᠨ ᠬᠤᠷᠣᠭ᠍ᠳᠠᠭᠤᠯᠤᠯ 8.1% ᠪᠡᠷ ᠪᠠᠭᠤᠷᠠᠵᠦ ᠂ ᠨᠡᠭᠦᠷᠡᠰᠦᠲᠥ᠋ᠷᠥᠭ᠌ᠴᠢ ᠶ᠋ᠢᠨ ᠳᠠᠪᠬᠤᠷ ᠢᠰᠦᠯ ᠤ᠋ᠨ ᠭᠠᠳᠠᠭ᠍ᠰᠢᠯᠠᠭᠤᠯᠤᠯᠲᠠ 14.1%  ᠪᠡᠷ ᠪᠠᠭᠤᠷᠠᠪᠠ ᠃

ᠲᠤᠰᠬᠠᠢ ᠣᠷᠣᠨ ᠤ᠋ ᠲᠠᠰ ᠵᠢᠴᠢ ᠲᠡᠭᠦᠨ ᠡᠴᠡ ᠳᠡᠭᠡᠭ᠌ᠰᠢᠬᠢ ᠬᠤᠲᠠ ᠶ᠋ᠢᠨ ᠵᠢᠵᠢᠭ ᠮᠥᠬᠥᠯᠢᠭ᠌ᠲᠦ ᠪᠣᠳᠠᠰ (PM 2.5)  ᠤ᠋ᠨ ᠳᠤᠮᠳᠠᠴᠢ ᠥᠳᠭᠡᠴᠡ 27.5% ᠪᠡᠷ ᠪᠠᠭᠤᠷᠠᠵᠦ ᠂ ᠬᠦᠨᠳᠦ ᠪᠣᠬᠢᠷᠲᠤᠯ ᠲᠠᠢ ᠡᠳᠦᠷ ᠤ᠋ᠨ ᠲᠤᠭ᠎ᠠ  50%  ᠡᠴᠡ ᠳᠡᠭᠡᠭ᠌ᠰᠢ ᠪᠠᠭᠠᠰᠴᠤ᠌᠂ ᠪᠥᠬᠥ᠌ ᠤᠯᠤᠰ ᠤ᠋ᠨ ᠭᠠᠵᠠᠷ ᠳᠡᠭᠡᠷᠡᠬᠢ ᠤᠰᠤᠨ ᠤ᠋ ᠱᠢᠯᠢᠳᠡᠭ ᠰᠠᠢᠨ ᠤᠰᠤᠨ ᠴᠣᠭ᠍ᠴᠠ ᠶ᠋ᠢᠨ ᠬᠠᠷᠢᠴᠠᠯ 67.9% ᠪᠠᠢᠭ᠍ᠰᠠᠨ ᠡᠴᠡ  87.9%  ᠪᠣᠯᠲᠠᠯ᠎ᠠ ᠳᠡᠭᠡᠭ᠌ᠰᠢᠯᠡᠪᠠ᠃

ᠲᠦᠷᠦᠭᠦᠦ ᠪᠦᠯᠦᠭ ᠤ᠋ᠨ ᠤᠯᠤᠰ ᠤ᠋ᠨ ᠴᠡᠴᠡᠷᠯᠢᠭ ᠢ᠋ ᠭᠠᠷᠭᠠᠵᠦ ᠂ ᠡᠯ᠎ᠡ ᠱᠠᠲᠤᠨ ᠤ᠋ ᠡᠯ᠎ᠡ ᠲᠥᠷᠥᠯ ᠤ᠋ᠨ ᠪᠠᠢᠭᠠᠯᠢ ᠶ᠋ᠢᠨ ᠬᠠᠮᠠᠭᠠᠯᠠᠯᠲᠠ ᠶ᠋ᠢᠨ ᠭᠠᠵᠠᠷ ᠢ᠋ 9000 ᠭᠠᠷᠤᠶ ᠪᠠᠢᠭᠤᠯᠪᠠ ᠃

— ᠠᠷᠠᠳ ᠤ᠋ᠨ ᠠᠮᠢᠳᠤᠷᠠᠯ ᠤ᠋ᠨ ᠲᠦᠪᠱᠢᠨ ᠲᠠᠰᠤᠷᠠᠯᠲᠠ ᠦᠭᠡᠢ ᠳᠡᠭᠡᠭ᠌ᠰᠢᠯᠡᠪᠡ

ᠰᠠᠭᠤᠭᠠᠯᠢ ᠠᠷᠠᠳ ᠤ᠋ᠨ ᠣᠷᠣᠯᠭ᠎ᠠ ᠶ᠋ᠢᠨ ᠨᠡᠮᠡᠭ᠌ᠳᠡᠯ ᠢ᠋ ᠠᠵᠤ ᠠᠬᠤᠶ ᠶ᠋ᠢᠨ ᠨᠡᠮᠡᠭ᠌ᠳᠡᠯ ᠲᠠᠢ ᠦᠨᠳᠦᠰᠦᠨ ᠳ᠋ᠡᠭᠡᠨ ᠵᠢᠭ᠌ᠳᠡ ᠪᠠᠢᠯᠭᠠᠪᠠ ᠃

ᠰᠠᠭᠤᠭᠠᠯᠢ ᠠᠷᠠᠳ ᠤ᠋ᠨ ᠬᠡᠷᠡᠭ᠌ᠯᠡᠭᠡ ᠶ᠋ᠢᠨ ᠦᠨ᠎ᠡ ᠬᠠᠩᠰᠢ ᠵᠢᠯ ᠳᠤᠮᠳᠠᠴᠢ ᠪᠡᠷ 2.1% ᠪᠡᠷ ᠥᠰᠪᠡ ᠃

ᠱᠢᠨ᠎ᠡ ᠪᠡᠷ ᠨᠡᠮᠡᠭ᠌ᠳᠡᠭ᠌ᠰᠡᠨ ᠬᠥᠳᠡᠯᠮᠦᠷᠢ ᠬᠦᠴᠦᠨ ᠤ᠋ ᠰᠤᠷᠭᠠᠨ ᠬᠥᠮᠦᠵᠢᠯ ᠭᠥᠷᠳᠡᠬᠦ᠌ ᠳᠤᠮᠳᠠᠴᠢ ᠣᠨ ᠵᠢᠯ 13.5 ᠵᠢᠯ ᠪᠠᠢᠭ᠍ᠰᠠᠨ ᠡᠴᠡ 14 ᠵᠢᠯ ᠪᠣᠯᠵᠣ ᠳᠡᠭᠡᠭ᠌ᠰᠢᠯᠡᠪᠡ ᠃

ᠨᠠᠰᠤᠵᠢᠯ ᠤ᠋ᠨ ᠦᠨᠳᠦᠰᠦᠨ ᠠᠰᠠᠷᠠᠮᠵᠢ ᠶ᠋ᠢᠨ ᠲᠠᠭᠠᠳᠭᠠᠯ ᠳ᠋ᠦ ᠣᠷᠣᠯᠴᠠᠭ᠍ᠰᠠᠨ ᠬᠥᠮᠦᠨ ᠤ᠋ ᠲᠤᠭ᠎ᠠ 1.4 ᠳ᠋ᠦᠩᠱᠢᠭᠤᠷ ᠬᠦᠷᠴᠦ᠂ 10.5 ᠳ᠋ᠦᠩᠱᠢᠭᠤᠷ ᠬᠦᠮᠦᠨ ᠢ᠋ ᠬᠠᠮᠤᠷᠤᠨ᠂ ᠦᠨᠳᠦᠰᠦᠨ ᠡᠮᠴᠢᠯᠡᠬᠡᠨ ᠤ᠋ ᠳᠠᠭᠠᠳᠭᠠᠯ ᠤ᠋ᠨ ᠲᠦᠪᠱᠢᠨ ᠲᠣᠭ᠍ᠲᠠᠭᠤᠨ ᠵᠢᠡᠷ ᠳᠡᠭᠡᠭ᠌ᠰᠢᠯᠡᠪᠡ᠃

ᠣᠯᠠᠨ ᠵᠢᠯ ᠳ᠋ᠦ ᠳᠥᠭᠦᠮ ᠪᠦᠲᠥᠴᠡᠲᠦ ᠣᠷᠣᠨ ᠰᠠᠭᠤᠴᠠ ᠶ᠋ᠢᠨ ᠲᠣᠭᠤᠷᠢᠭ ᠤ᠋ᠨ 4200 ᠲᠦᠮᠡ ᠭᠠᠷᠤᠶ ᠢᠵᠢ ᠣᠷᠣᠨ ᠰᠠᠭᠤᠴᠠ ᠵᠢ ᠥᠭᠡᠷᠡᠴᠢᠯᠡᠨ ᠵᠠᠰᠠᠵᠤ ᠂ ᠳ᠋ᠦᠩᠱᠢᠭᠤᠷ ᠭᠠᠷᠤᠶ ᠬᠥᠮᠦᠨ ᠳᠥᠭᠦᠮ ᠪᠦᠲᠥᠴᠡᠲᠦ ᠣᠷᠣᠨ ᠰᠠᠭᠤᠴᠠ ᠡᠴᠡ ᠪᠠᠨ ᠠᠰᠠᠷ ᠲᠦ᠍ ᠨᠡᠭᠦᠵᠦ᠍ ᠠᠮᠤᠭᠤᠯᠠᠩ ᠰᠠᠭᠤᠴᠠ ᠲᠠᠢ ᠪᠤᠯᠪᠠ ᠃

ᠪᠢᠳᠡ ᠣᠯᠠᠨ ᠵᠢᠯ ᠨᠠᠷᠢᠨ ᠨᠢᠮᠪᠠᠶ ᠪᠡᠯᠡᠳᠭᠡᠯ ᠬᠢᠬᠦ᠌ ᠪᠡᠷ ᠲᠠᠮᠵᠢᠭᠠᠳ ᠠᠷᠪᠢᠴᠢ ᠭᠠᠮᠳᠡᠢ ᠂ ᠠᠮᠤᠷ ᠲᠦᠪᠱᠢᠨ ᠂ ᠭᠠᠢᠬᠠᠯᠳᠠᠢ ᠰᠠᠢᠬᠠᠨ ᠪᠡᠭᠡᠵᠢᠩ ᠤ᠋ᠨ ᠡᠪᠤᠯ ᠤ᠋ᠨ ᠤᠯᠠᠷᠢᠯ ᠤ᠋ᠨ ᠤᠯᠢᠮᠫᠢᠺ ᠤ᠋ᠨ ᠪᠡᠶ᠎ᠠ ᠶ᠋ᠢᠨ ᠲᠠᠮᠢᠷ ᠤ᠋ᠨ ᠴᠤᠭ᠍ᠯᠠᠭᠠᠨ ᠂ ᠵᠡᠮᠳᠡᠭ᠌ᠴᠤᠳ ᠤ᠋ᠨ ᠡᠪᠤᠯ ᠤ᠋ᠨ ᠤᠯᠠᠷᠢᠯ ᠤ᠋ᠨ ᠤᠯᠢᠮᠫᠢᠺ ᠤ᠋ᠨ ᠪᠡᠶ᠎ᠠ ᠶ᠋ᠢᠨ ᠲᠠᠮᠢᠷ ᠤ᠋ᠨ ᠴᠤᠭ᠍ᠯᠠᠭᠠᠨ ᠢ᠋ ᠠᠮᠵᠢᠯᠲᠠ ᠲᠠᠢ ᠡᠷᠬᠢᠯᠡᠵᠤ᠂ ᠣᠯᠢᠮᠫᠢᠺ ᠤ᠋ᠨ ᠪᠡᠶ᠎ᠡ ᠶ᠋ᠢᠨ ᠲᠠᠮᠢᠷ ᠤ᠋ᠨ ᠬᠥᠳᠡᠯᠭᠡᠭᠡᠨ ᠤ᠋ ᠬᠥᠭ᠌ᠵᠢᠯᠲᠡ ᠵᠢ ᠠᠬᠢᠭᠤᠯᠬᠤ ᠂ ᠳᠡᠯᠡᠬᠡᠶ ᠶ᠋ᠢᠨ ᠠᠷᠠᠳ ᠲᠦᠮᠡᠨ ᠤ᠋ ᠪᠦᠯᠬᠦᠮᠳᠡᠯ ᠨᠥᠬᠦᠷᠯᠡᠯ ᠢ᠋ ᠠᠬᠢᠭᠤᠯᠬᠤ ᠳ᠋ᠦ ᠴᠢᠬᠤᠯᠠ ᠬᠤᠪᠢ ᠨᠡᠮᠡᠷᠢ ᠦᠵᠡᠭᠦᠯᠪᠡ ᠃

ᠱᠢᠨ᠎ᠡ ᠲᠢᠳᠢᠮᠯᠢᠭ ᠠᠭᠤᠰᠬᠢᠨ ᠦᠷᠪᠢᠰᠤᠯ ᠤ᠋ᠨ ᠬᠢᠵᠢᠭ ᠡᠬᠦᠰᠦᠭ᠌ᠰᠡᠨ ᠭᠤᠷᠪᠠᠨ ᠵᠢᠯ ᠭᠠᠷᠤᠶ ᠶ᠋ᠢᠨ ᠲᠤᠷᠰᠢ ᠂ ᠰᠢ ᠶ᠋ᠢᠨ ᠫᠢᠩ ᠨᠥᠬᠦᠷ ᠵᠢᠡᠷ ᠭᠤᠣᠯ ᠪᠤᠯᠭᠠᠭᠰᠠᠨ ᠨᠠᠮ ᠤ᠋ᠨ ᠲᠥᠪ ᠬᠤᠷᠢᠶ᠎ᠠ ᠠᠷᠠᠳ ᠲᠦᠮᠡᠨ ᠢ᠋ ᠳᠡᠭᠡᠳᠦᠯᠡᠬᠦ ᠂ ᠠᠮᠢ ᠨᠠᠰᠤ ᠵᠢ ᠳᠡᠭᠡᠳᠦᠯᠡᠬᠦ᠌ ᠵᠢ ᠢᠮᠠᠭ᠍ᠲᠠ ᠪᠠᠷᠢᠮᠲᠠᠯᠠᠵᠦ᠍ ᠂ ᠡᠮᠴᠢᠯᠡᠬᠡᠨ ᠤ᠋ ᠡᠬᠢ ᠪᠠᠶᠠᠯᠢᠭ ᠪᠠ ᠡᠳ᠋ ᠪᠣᠳᠠᠰ ᠤ᠋ᠨ ᠪᠠᠲᠤᠯᠠᠭ᠎ᠠ ᠵᠢ ᠴᠢᠩᠭᠠᠳᠭᠠᠨ ᠂ ᠱᠢᠨ᠎ᠡ ᠲᠢᠳᠢᠮᠯᠢᠭ ᠠᠭᠤᠰᠬᠢᠨ ᠦᠷᠪᠢᠰᠤᠯ ᠳ᠋ᠤ ᠨᠡᠷᠪᠡᠭ᠌ᠳᠡᠭ᠌ᠰᠡᠳ ᠢ᠋ ᠪᠦᠬᠦ᠌ ᠬᠦᠴᠦᠨ ᠵᠢᠡᠷ ᠠᠪᠤᠷᠠᠨ ᠵᠠᠰᠠᠵᠤ ᠂ ᠠᠷᠠᠳ ᠤᠯᠠᠨ ᠤ᠋ ᠠᠮᠢ ᠨᠠᠰᠤᠨ ᠤ᠋ ᠠᠮᠤᠷ ᠲᠦᠪᠱᠢᠨ ᠪᠠ ᠪᠡᠶ᠎ᠡ ᠮᠠᠬᠠᠪᠣᠳ ᠤ᠋ᠨ ᠡᠷᠡᠭᠦᠯ ᠮᠡᠨᠳᠦ᠍ ᠵᠢ ᠪᠦᠲᠦᠮᠵᠢᠲᠡᠶ ᠬᠠᠮᠠᠭᠠᠯᠠᠵᠤ ᠂ ᠴᠠᠭ ᠪᠠ ᠪᠠᠢᠳᠠᠯ ᠳ᠋ᠦ ᠲᠤᠬᠢᠷᠠᠭᠤᠯᠦᠨ ᠰᠡᠷᠭᠡᠢᠯᠡᠨ ᠡᠵᠡᠮᠳᠡᠬᠦ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠤᠬᠢᠷᠠᠭᠤᠯᠤᠨ ᠱᠢᠯᠢᠳᠡᠭ᠌ᠵᠢᠭᠦᠯᠵᠦ᠍ ᠂ ᠪᠦᠬᠦ᠌ ᠤᠯᠤᠰ ᠤ᠋ᠨ ᠠᠷᠠᠳ ᠲᠦᠮᠡᠨ ᠱᠢᠨᠳᠠᠷᠠᠰᠢ ᠦᠬᠡᠢ ᠴᠢᠷᠮᠡᠢᠵᠤ ᠂ ᠴᠢᠬᠤᠯᠠ ᠶᠡᠭᠡ ᠱᠢᠢᠳᠪᠦᠷᠢᠯᠡᠭ᠌ᠴᠢ ᠴᠢᠨᠠᠷᠲᠠᠶ ᠢᠯᠠᠯᠲᠠ ᠵᠢ ᠤᠯᠪᠠ ᠃


ᠲᠠᠪᠤᠨ ᠵᠢᠯ ᠤ᠋ᠨ ᠲᠤᠷᠰᠢ᠂ ᠪᠢᠳᠡ ᠰᠢ ᠵᠢᠨ ᠫᠢᠩ ᠨᠥᠬᠦᠷ ᠶ᠋ᠢᠡᠷ ᠭᠤᠤᠯ ᠪᠤᠯᠭᠠᠭᠰᠠᠨ ᠨᠠᠮ ᠤ᠋ᠨ ᠲᠥᠪ ᠬᠤᠷᠢᠶᠠᠨ ᠤ᠋ ᠱᠢᠢᠳᠪᠦᠷᠢᠲᠦ ᠪᠣᠳᠤᠯᠭ᠎ᠠ ᠪᠠᠢᠷᠢᠯᠠᠭᠤᠯᠤᠯᠲᠠ ᠵᠢ ᠭᠦᠨᠵᠡᠭᠡᠶ ᠲᠤᠭᠤᠱᠢᠯᠠᠭᠤᠯᠵᠤ᠂ ᠭᠤᠤᠯᠳᠠᠭᠤ ᠳᠣᠤᠷᠠᠬᠢ ᠠᠵᠢᠯ ᠤ᠋ᠳ ᠢ᠋ ᠬᠢᠪᠡ  —


(ᠨᠢᠭᠡ)  ᠬᠤᠷᠸ᠎ᠠ ᠲᠤᠬᠢᠷᠠᠭᠤᠯᠤᠯ ᠡᠵᠡᠮᠳᠡᠯ ᠤ᠋ᠨ ᠱᠢᠨ᠎ᠡ ᠵᠢ ᠡᠭᠦᠳᠴᠦ᠍ ᠂ ᠠᠵᠤ ᠠᠬᠤᠶ ᠵᠢᠨ ᠡᠷᠬᠢᠯᠳᠡ ᠵᠢ ᠵᠦᠶ ᠵᠣᠬᠢᠰᠲᠠᠶ ᠬᠡᠪᠴᠢᠶᠡᠨ ᠳ᠋ᠦ ᠪᠠᠢᠯᠭᠠᠪᠠ

ᠡᠳ᠋ ᠤ᠋ᠨ ᠵᠠᠰᠠᠭ ᠤ᠋ᠨ ᠢᠳᠡᠪᠬᠢᠲᠡᠶ ᠲᠦᠷᠦ᠍ ᠵᠢᠨ ᠪᠤᠳᠤᠯᠭ᠎ᠠ ᠵᠢ ᠬᠡᠷᠡᠭ᠌ᠵᠢᠭᠦᠯᠬᠦ᠌ ᠵᠢ ᠪᠠᠷᠢᠮᠲᠠᠯᠠᠪᠠ ᠃

ᠲᠠᠪᠤᠨ ᠵᠢᠯ ᠳ᠋ᠤ ᠶᠡᠷᠦᠩᠬᠡᠶ ᠤᠯᠠᠭᠠᠨ ᠲᠤᠭ᠎ᠠ ᠵᠢᠨ ᠨᠤᠷᠮ᠎ᠠ ᠵᠢ 3% ᠵᠢᠨ ᠳᠣᠲᠣᠷ᠎ᠠ ᠬᠢᠵᠠᠭᠠᠷᠯᠠᠪᠠ ᠃

ᠵᠠᠰᠠᠭ ᠤ᠋ᠨ ᠤᠷᠳᠤᠨ ᠤ᠋ ᠦᠷᠢ ᠦᠭᠴᠡᠬᠡ ᠵᠢᠨ ᠨᠤᠷᠮ᠎ᠠ ᠵᠢ 50% ᠤᠷᠴᠢᠮ ᠳ᠋ᠤ ᠬᠢᠵᠠᠭᠠᠷᠯᠡᠪᠡ ᠃

ᠲᠠᠪᠤᠨ ᠵᠢᠯ ᠳ᠋ᠦ ᠨᠡᠢᠲᠡ 5.4 ᠲᠦᠮᠡᠨ ᠳ᠋ᠦᠩᠱᠢᠭᠤᠷ ᠲᠥᠭᠦᠷᠢᠭ ᠤ᠋ᠨ ᠭᠠᠢᠯᠢ ᠵᠢ ᠬᠥᠩᠭᠡᠯᠡᠨ ᠂ 2.8 ᠲᠦᠮᠡᠨ ᠳ᠋ᠦᠩᠱᠢᠭᠤᠷ ᠲᠥᠭᠦᠷᠢᠭ ᠤ᠋ᠨ ᠰᠦᠢᠳᠭᠡᠯ ᠢ᠋ ᠪᠠᠭᠤᠷᠠᠭᠤᠯᠪᠠ ᠃

ᠵᠢᠯ ᠳᠤᠮᠳᠠᠴᠢ ᠪᠡᠷ ᠱᠢᠨ᠎ᠡ ᠪᠡᠷ ᠨᠡᠮᠡᠭ᠌ᠳᠡᠭ᠌ᠰᠡᠨ ᠭᠠᠢᠯᠢ ᠳ᠋ᠦ ᠬᠤᠯᠪᠣᠭ᠍ᠳᠠᠬᠤ ᠠᠵᠤ ᠠᠬᠤᠢᠯᠠᠯ ᠪᠠ ᠬᠤᠪᠢ ᠵᠢᠨ ᠦᠢᠯᠡᠳᠪᠦᠷᠢ ᠬᠤᠳᠠᠯᠳᠤᠭᠠᠨ ᠤ᠋ ᠡᠷᠦᠬᠡ 1100 ᠲᠦᠮᠡ ᠵᠢ ᠳᠠᠪᠠᠪᠠ ᠃

ᠪᠦᠬᠦ᠌ ᠤᠯᠤᠰ ᠤ᠋ᠨ ᠡᠳ᠋ ᠤ᠋ᠨ ᠵᠠᠰᠠᠬ ᠤ᠋ᠨ ᠵᠠᠷᠤᠯᠭ᠎ᠠ ᠵᠢᠨ 70% ᠡᠴᠡ ᠳᠡᠬᠡᠭ᠌ᠰᠢᠬᠢ ᠵᠢ ᠠᠷᠠᠳ ᠤ᠋ᠨ ᠠᠮᠢᠳᠤᠷᠠᠯ ᠳ᠋ᠦ ᠬᠡᠷᠡᠭ᠌ᠯᠡᠪᠡ᠃

ᠵᠣᠭᠤᠰᠣᠨ ᠤ᠋ ᠯᠠᠪᠳᠠᠭᠤᠨ ᠲᠦᠷᠦ᠍ ᠵᠢᠨ ᠪᠤᠳᠤᠯᠭ᠎ᠠ ᠵᠢ ᠬᠡᠷᠡᠭ᠌ᠵᠢᠭᠦᠯᠬᠦ᠌ ᠵᠢ ᠪᠠᠷᠢᠮᠲᠠᠯᠠᠪᠠ᠃

ᠪᠠᠢᠳᠠᠯ ᠤ᠋ᠨ ᠬᠤᠪᠢᠷᠠᠯᠲᠠ ᠵᠢ ᠦᠨᠳᠦᠰᠦᠯᠡᠨ ᠲᠥᠷᠥ ᠵᠢᠨ ᠪᠣᠳᠣᠯᠭ᠎ᠠ ᠵᠢᠨ ᠡᠷᠴᠢᠮ ᠢ᠋ ᠠᠮᠢᠳᠤᠯᠢᠭ ᠡᠵᠡᠮᠳᠡᠵᠦ᠍ ᠂ ᠬᠥᠳᠡᠯᠦᠩᠭᠦᠶ ᠴᠢᠨᠠᠷ ᠢ᠋ ᠵᠦᠶ ᠵᠣᠬᠢᠰᠲᠠᠶ ᠪᠥᠭᠡᠳ ᠭᠦᠶ᠋ᠴᠡᠳ ᠪᠠᠢᠯᠭᠠᠬᠤ ᠵᠢ ᠪᠠᠲᠤᠯᠠᠨ ᠂ ᠬᠠᠳᠠᠭᠠᠯᠠᠮᠵᠢ ᠵᠢᠨ ᠪᠡᠯᠡᠳᠭᠡᠯ ᠮᠥᠩᠭᠥ ᠵᠢᠨ ᠨᠣᠷᠮ᠎ᠠ ᠵᠢ ᠪᠠᠭᠤᠷᠠᠭᠤᠯᠬᠤ ᠂ ᠳᠠᠬᠢᠨ ᠵᠢᠭᠡᠯᠡᠯᠭᠡ ᠥᠭ᠌ᠬᠦ ᠵᠡᠷᠭᠡ ᠲᠥᠷᠥ ᠵᠢᠨ ᠪᠣᠳᠣᠯᠭ᠎ᠠ ᠵᠢᠨ ᠪᠠᠭᠠᠵᠢ ᠵᠢ ᠰᠠᠢᠲᠤᠷ ᠬᠡᠷᠡᠭ᠌ᠯᠡᠵᠦ᠍ ᠂ ᠪᠣᠳᠠᠲᠤ ᠴᠣᠭ᠍ᠴᠠ ᠵᠢᠨ ᠠᠵᠤ ᠠᠬᠤᠶ ᠳ᠋ᠦ ᠪᠦᠲᠦᠮᠵᠢᠲᠡᠶ ᠳᠡᠮᠵᠢᠯᠭᠡ ᠦᠵᠡᠭᠦᠯᠬᠦ᠌ ᠵᠢ ᠴᠢᠩᠭᠠᠳᠭᠠᠨ ᠂ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ ᠪᠠᠯᠠ ᠬᠤᠷᠠᠮᠳᠤᠭᠤᠯᠬᠤ ᠳ᠋ᠦ ᠬᠦᠴᠢᠷᠲᠡᠶ ᠪᠠᠯᠠ ᠬᠤᠷᠠᠮᠳᠤᠭᠤᠯᠬᠤ ᠳ᠋ᠦ ᠦᠨᠡᠲᠡᠶ ᠪᠠᠢᠬᠤ ᠵᠡᠷᠭᠡ ᠠᠰᠠᠭᠤᠳᠠᠯ ᠢ᠋ ᠨᠠᠮᠳᠠᠭᠤᠯᠪᠠ ᠃

ᠠᠵᠢᠯ ᠣᠯᠭᠤᠯᠲᠠ ᠵᠢ ᠲᠡᠷᠢᠭᠦᠨ ᠳ᠋ᠦ ᠲᠠᠯᠪᠢᠬᠤ ᠲᠦᠷᠦ᠍ ᠵᠢᠨ ᠪᠤᠳᠤᠯᠭ᠎ᠠ ᠵᠢᠨ ᠤᠳᠤᠷᠢᠳᠤᠮᠵᠢ ᠵᠢ ᠴᠢᠩᠭᠠᠳᠭᠠᠪᠠ ᠃

ᠠᠵᠢᠯ ᠤᠯᠭᠤᠯᠲᠠ ᠵᠢ ᠲᠤᠭᠲᠠᠪᠤᠷᠢᠵᠢᠭᠤᠯᠬᠤ ᠵᠢ ᠠᠵᠤ ᠠᠬᠤᠢ ᠶ᠋ᠢᠨ ᠡᠷᠬᠢᠯᠳᠡ ᠵᠢᠨ ᠵᠦᠢ ᠵᠤᠬᠢᠰᠲᠠᠢ ᠤᠷᠤᠨ ᠵᠠᠢ ᠳ᠋ᠡᠬᠢ ᠵᠠᠡᠭᠭᠢᠯᠠᠭ᠎ᠠ ᠶ᠋ᠢᠨ ᠭᠦᠢᠴᠡᠳᠬᠡᠯ ᠲᠤᠭ᠎ᠠ ᠪᠤᠯᠭᠠᠪᠠ ᠃

ᠨᠠᠰᠤᠵᠢᠯ ᠤ᠋ᠨ ᠠᠰᠠᠷᠠᠮᠵᠢ ᠵᠢᠨ ᠳᠠᠭᠠᠳᠭᠠᠯ ᠤ᠋ᠨ ᠪᠠᠢᠭᠤᠯᠭ᠎ᠠ ᠨᠢᠭᠡᠴᠢ ᠵᠢᠨ ᠰᠦᠢᠳᠭᠡᠯ ᠲᠤᠱᠢᠶᠠᠬᠤ ᠬᠠᠷᠢᠴᠠᠯ ᠢ᠋ 20% ᠪᠠᠢᠭ᠍ᠰᠠᠨ ᠡᠴᠡ 16% ᠪᠣᠯᠭᠠᠨ ᠪᠠᠭᠤᠷᠠᠭᠤᠯᠪᠠ ᠃

ᠪᠦᠬᠦ᠌ ᠤᠯᠤᠰ ᠤ᠋ᠨ ᠨᠡᠢᠭᠡᠮ ᠤ᠋ᠨ ᠪᠠᠲᠤᠯᠠᠭ᠎ᠠ ᠵᠢᠨ ᠰᠠᠭᠤᠷᠢ ᠮᠥᠩᠭᠦ ᠵᠢ ᠲᠡᠭᠦᠯᠳᠡᠷᠵᠢᠭᠦᠯᠵᠦ᠍ ᠂ ᠨᠥᠭᠡᠴᠡᠯᠡᠯᠳᠡ ᠵᠢᠨ ᠬᠡᠪᠴᠢᠶ᠎ᠡ 1.8 ᠲᠦᠮᠡᠨ ᠳ᠋ᠦᠩᠱᠢᠭᠤᠷ ᠲᠥᠭᠦᠷᠢᠭ ᠪᠠᠢᠭ᠍ᠰᠠᠨ ᠡᠴᠡ 2.5 ᠲᠦᠮᠡᠨ ᠳ᠋ᠦᠩᠱᠢᠭᠤᠷ ᠲᠥᠭᠦᠷᠢᠭ᠎ᠡᠴᠡ ᠳᠡᠭᠡᠭ᠌ᠰᠢ ᠪᠣᠯᠵᠦ᠍ ᠨᠡᠮᠡᠭ᠌ᠳᠡᠪᠡ ᠃

ᠠᠵᠢᠯ ᠠᠯᠳᠠᠯᠲᠠ ᠶ᠋ᠢᠨ ᠳᠠᠭᠠᠳᠬᠠᠯ ᠤ᠋ᠨ ᠰᠠᠭᠤᠷᠢ ᠮᠦᠡᠭᠬᠦ ᠵᠢ ᠠᠵᠢᠯ ᠤ᠋ᠨ ᠪᠠᠢᠷᠢ ᠵᠢ ᠲᠤᠭᠲᠠᠪᠤᠷᠢᠵᠢᠭᠤᠯᠵᠤ ᠪᠤᠴᠠᠭᠠᠬᠤ ᠂ ᠠᠵᠢᠯᠴᠢᠨ ᠢ᠋ ᠦᠯᠡᠳᠡᠭᠡᠬᠦ᠌ ᠪᠤᠯᠪᠠᠰᠤᠷᠠᠯ ᠤ᠋ᠨ ᠨᠥᠬᠦᠪᠥᠷᠢ ᠦᠭᠬᠦ ᠵᠡᠷᠭᠡ ᠲᠥᠷᠥ ᠵᠢᠨ ᠪᠣᠳᠣᠯᠭ᠎ᠠ ᠵᠢ ᠬᠡᠷᠡᠭ᠌ᠵᠢᠭᠦᠯᠪᠡ ᠃

ᠤᠯᠠᠨ ᠵᠢᠡᠷ ᠵᠢᠡᠨ ᠦᠢᠯᠡᠰ ᠪᠤᠰᠬᠠᠵᠤ ᠨᠡᠢᠳᠡ ᠪᠡᠷ ᠵᠢᠡᠨ ᠱᠢᠨ᠎ᠡ ᠵᠢ ᠡᠭᠦᠳᠬᠦ᠌ ᠵᠢ ᠦᠷᠭᠦᠯᠵᠢᠯᠡᠨ ᠠᠬᠢᠭᠤᠯᠪᠠ ᠃

ᠪᠠᠷᠠᠭᠠᠨ ᠤ᠋ ᠦᠨ᠎ᠡ ᠬᠠᠩᠰᠢ ᠵᠢᠨ ᠶᠡᠷᠦᠩᠬᠡᠶ᠎ᠳᠡᠭᠡᠨ ᠲᠣᠭ᠍ᠲᠠᠭᠤᠨ ᠪᠠᠢᠬᠤ ᠵᠢ ᠪᠠᠲᠤᠯᠠᠪᠠ ᠃

(ᠬᠤᠶᠠᠷ)  ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠢᠯᠠᠯᠳᠤᠭᠠᠨ ᠤ᠋ ᠢᠯᠠᠯᠳᠠ ᠵᠢ ᠲᠤᠭᠳᠠᠭᠰᠠᠨ ᠬᠤᠭᠤᠴᠠᠭᠠᠨ ᠳ᠋ᠤ ᠣᠯᠵᠤ᠂ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠲᠤᠯᠤᠭᠰᠠᠨ ᠳᠠᠢᠯᠠᠯᠳᠤᠭᠠᠨ ᠤ᠋ ᠦᠷ᠎ᠡ ᠪᠦᠲᠦᠭᠡᠯ ᠢ᠋ ᠪᠠᠬᠢᠵᠢᠭᠦᠯᠦᠨ ᠥᠷᠭᠡᠳᠭᠡᠪᠡ᠃

ᠤᠨᠢᠨ ᠲᠠᠬᠡᠷ᠎ᠠ ᠨᠢ ᠶᠠᠳᠠᠭᠤ ᠵᠢ ᠲᠡᠳᠬᠦᠬᠦ᠌ ᠵᠢ ᠪᠠᠷᠢᠮᠲᠠᠯᠠᠵᠤ ᠂ 《ᠭᠤᠷᠪᠠᠨ ᠣᠷᠣᠨ ᠭᠤᠷᠪᠠᠨ ᠵᠧᠦ》  ᠵᠡᠷᠭᠡ ᠣᠨᠴᠠ ᠶᠠᠳᠠᠭᠤ ᠬᠦᠴᠢᠷᠳᠡᠯᠲᠠᠢ ᠭᠠᠵᠠᠷ ᠣᠷᠣᠨ ᠳ᠋ᠦ ᠠᠩᠬᠠᠷᠤᠯ ᠶ᠋ᠢᠡᠨ ᠲᠥᠪᠯᠡᠷᠡᠭᠦᠯᠤᠨ ᠂ ᠲᠦᠷᠦ᠍ ᠵᠢᠨ ᠪᠤᠳᠤᠯᠭ᠎ᠠ ᠵᠢ ᠬᠡᠯᠪᠠᠢᠯᠭᠡᠬᠦ᠌ ᠳᠡᠮᠵᠢᠯᠭᠡ ᠪᠠᠨ ᠴᠢᠩᠭᠠᠷᠠᠭᠤᠯᠵᠤ ᠂ ᠶᠠᠳᠠᠭᠤ ᠡᠴᠡ ᠠᠡᠭᠬᠢᠵᠢᠷᠠᠭᠤᠯᠬᠤ ᠪᠤᠭᠤᠮᠳᠠ ᠰᠢᠪᠳᠤᠯᠬᠤ ᠪᠡᠯᠡ ᠤᠷᠤᠭᠤᠯᠤᠯᠲᠠ ᠵᠢ ᠤᠷᠢᠳ ᠶ᠋ᠢᠡᠷ ᠪᠠᠲᠤᠯᠠᠨ ᠂ ᠶᠠᠳᠠᠭᠤ ᠡᠴᠡ ᠠᠡᠭᠬᠢᠵᠢᠷᠠᠭᠤᠯᠬᠤ ᠬᠦᠴᠢᠷᠳᠡᠯᠲᠠᠢ ᠰᠢᠶᠠᠨ ᠪᠤᠯᠤᠨ ᠲᠤᠰᠬᠤᠨ ᠳ᠋ᠦ ᠫᠠᠢᠰᠠ ᠡᠯᠭᠦᠨ ᠳᠠᠢᠯᠠᠯᠳᠤᠭᠠᠨ ᠢ᠋ ᠱᠠᠯᠠᠪᠳᠠᠭᠤᠯᠪᠠ ᠃

ᠠᠵᠤ ᠦᠢᠯᠡᠰ ᠂ ᠠᠵᠢᠯ ᠤᠯᠭᠤᠯᠲᠠ ᠂ ᠠᠮᠢ ᠠᠬᠤᠢ ᠂ ᠰᠤᠷᠭᠠᠨ ᠬᠦᠮᠦᠵᠢᠯ ᠂ ᠡᠷᠡᠭᠦᠯ ᠮᠡᠨᠳᠦ ᠂ ᠨᠡᠢᠭᠡᠮ ᠤ᠋ᠨ ᠪᠠᠲᠤᠯᠠᠭ᠎ᠠ ᠵᠡᠷᠭᠡ ᠲᠠᠯ᠎ᠠ ᠪᠡᠷ ᠬᠠᠪᠰᠤᠷᠤᠨ ᠳᠡᠳᠭᠦᠬᠦ ᠵᠢ ᠭᠦᠨᠵᠡᠭᠡᠢ ᠬᠡᠷᠡᠭᠵᠢᠭᠦᠯᠵᠦ ᠂ ᠤᠨᠳᠤᠤ ᠭᠠᠵᠠᠷ ᠲᠦ᠍ ᠨᠡᠭᠦᠯᠭᠡᠭᠰᠡᠨ ᠤ᠋ ᠳᠠᠷᠠᠭᠠᠬᠢ ᠲᠡᠳᠭᠦᠨ ᠳᠡᠮᠵᠢᠬᠦ ᠡᠷᠴᠢᠮ ᠶ᠋ᠢᠡᠨ ᠴᠢᠩᠭᠠᠷᠠᠭᠤᠯᠵᠤ᠂ 《ᠬᠤᠶᠠᠷ ᠲᠦ᠍ ᠵᠣᠪᠠᠭ᠍ᠣ ᠦᠭᠡᠢ᠂ ᠭᠤᠷᠪᠠ ᠵᠢ ᠪᠠᠳᠤᠯᠠᠬᠤ》 ᠠᠰᠠᠭᠤᠳᠠᠯ ᠢ᠋ ᠭᠤᠤᠯᠳᠠᠯᠭ᠎ᠠ ᠲᠠᠢ ᠱᠢᠢᠳᠪᠦᠷᠢᠯᠡᠪᠡ ᠃

ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠲᠤᠯᠤᠭᠰᠠᠨ ᠳᠠᠢᠯᠠᠯᠳᠤᠭᠠᠨ ᠤ᠋ ᠦᠷ᠎ᠡ ᠪᠦᠲᠦᠭᠡᠯ ᠢ᠋ ᠪᠠᠬᠢᠵᠢᠭᠦᠯᠦᠨ ᠥᠷᠭᠡᠳᠭᠡᠬᠦ᠌ ᠵᠢ ᠬᠥᠳᠡᠭᠡ ᠲᠣᠰᠭᠤᠨ ᠢ᠋ ᠬᠥᠭ᠌ᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠤᠯᠭᠠᠭᠤᠯᠬᠤ ᠵᠢ ᠠᠬᠢᠭᠤᠯᠪᠠ ᠃

ᠱᠢᠯᠵᠢᠯᠲᠡ ᠵᠢᠨ ᠬᠤᠭᠤᠴᠠᠭᠠᠨ ᠳ᠋ᠦ ᠭᠤᠣᠯ ᠪᠣᠯᠬᠤ ᠬᠠᠪᠰᠤᠷᠤᠨ ᠲᠡᠳᠬᠦᠬᠦ᠌ ᠲᠥᠷᠥ ᠵᠢᠨ ᠪᠣᠳᠣᠯᠭ᠎ᠠ ᠵᠢ ᠶᠡᠷᠦᠩᠬᠡᠶ ᠳ᠋ᠡᠭᠡᠨ ᠲᠣᠭ᠍ᠲᠠᠭᠤᠨ ᠪᠠᠢᠯᠭᠠᠵᠦ᠍ ᠂ 《ᠳᠦᠷᠪᠡ ᠵᠢ ᠠᠪᠴᠤ ᠬᠠᠶᠠᠬᠤ ᠦᠭᠡᠢ》 ᠱᠠᠭᠠᠷᠳᠠᠯᠭ᠎ᠠ ᠵᠢ ᠴᠢᠡᠭᠭ᠎ᠠ ᠨᠠᠢᠳᠠᠪᠤᠷᠢᠵᠢᠭᠤᠯᠤᠨ ᠂ ᠳᠠᠬᠢᠨ ᠶᠠᠳᠠᠭᠤᠷᠠᠬᠤ ᠵᠢ ᠰᠡᠷᠭᠡᠢᠯᠡᠬᠦ ᠬᠦᠳᠡᠯᠦᠡᠭᠭᠦᠢ ᠬᠢᠨᠠᠨ ᠬᠡᠮᠵᠢᠯᠲᠡ ᠪᠠ ᠬᠠᠪᠰᠤᠷᠤᠨ ᠳᠡᠳᠬᠦᠬᠦ ᠲᠤᠭᠲᠠᠴᠠ ᠵᠢ ᠪᠠᠢᠭᠤᠯᠤᠨ ᠪᠦᠷᠢᠨᠰᠢᠭᠦᠯᠵᠦ ᠂ ᠬᠢᠵᠢᠭ ᠤ᠋ᠨ ᠪᠠᠢᠳᠠᠯ ᠂ ᠭᠠᠮᠰᠢᠭ ᠤ᠋ᠨ ᠪᠠᠢᠳᠠᠯ ᠵᠡᠷᠭᠡ ᠠᠰᠢᠭ ᠦᠭᠡᠢ ᠨᠦᠯᠦᠭᠡ ᠵᠢ ᠬᠦᠴᠦᠲᠡᠢ ᠠᠷᠭᠠᠴᠠᠭᠠᠵᠤ ᠂ ᠬᠡᠪᠴᠢᠶᠡᠲᠦ ᠴᠢᠨᠠᠷᠲᠠᠶ ᠲᠠᠬᠢᠨ ᠶᠠᠳᠠᠭᠤᠷᠠᠯ ᠦᠯᠦ᠍ ᠡᠬᠦᠰᠭᠦ ᠵᠢ ᠦᠨᠡᠨ ᠬᠦ᠌ ᠪᠠᠲᠤᠯᠠᠪᠠ᠃

ᠤᠯᠤᠰ ᠤ᠋ᠨ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠭᠦᠬᠦ ᠰᠢᠶᠠᠨ ᠢ᠋ 160 ᠲᠤᠭᠲᠠᠭᠠᠭᠰᠠᠨ ᠪᠦᠭᠡᠳ ᠲᠦᠪᠯᠡᠷᠡᠭᠦᠯᠦᠨ ᠳᠡᠮᠵᠢᠵᠦ ᠂ ᠣᠨᠳᠣᠤ ᠭᠠᠵᠠᠷ ᠲᠦ᠍ ᠨᠡᠭᠦᠯᠭᠡᠵᠦ᠍ ᠲᠥᠪᠯᠡᠷᠡᠭᠦᠯᠦᠨ ᠲᠥᠪᠬᠢᠨᠡᠭᠦᠯᠬᠦ᠌ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠵᠢ ᠳᠡᠮᠵᠢᠬᠦ᠌ ᠡᠷᠴᠢᠮ ᠶ᠋ᠢᠡᠨ ᠴᠢᠩᠭᠠᠷᠠᠭᠤᠯᠵᠤ ᠂ ᠵᠡᠭᠦᠨ ᠪᠠ ᠪᠠᠷᠠᠭᠤᠨ ᠪᠠᠶ᠎ᠠ ᠵᠢᠨ ᠭᠠᠵᠠᠷ ᠤᠷᠤᠨ ᠤ᠋ ᠬᠠᠮᠵᠢᠯᠴᠠᠭ᠎ᠠ ᠂ ᠠᠵᠢᠯ ᠲᠦᠷᠦᠯ ᠶ᠋ᠢᠡᠷ ᠳᠡᠮᠵᠢᠬᠦ ᠂ ᠴᠡᠭ ᠲᠤᠭᠲᠠᠭᠠᠨ ᠬᠠᠪᠰᠤᠷᠤᠨ ᠲᠡᠳᠭᠦᠬᠦ ᠵᠡᠷᠭᠡ ᠲᠤᠭᠲᠠᠴᠠ ᠵᠢ ᠪᠠᠷᠢᠮᠳᠠᠯᠠᠨ ᠲᠡᠭᠦᠯᠳᠡᠷᠵᠢᠭᠦᠯᠵᠦ ᠂ ᠡᠮᠴᠢᠯᠡᠭᠡᠨ ᠪᠠ ᠰᠤᠷᠭᠠᠨ ᠬᠦᠮᠦᠵᠢᠯ ᠤ᠋ᠨ 《ᠪᠦᠯᠬᠦᠮ ᠮᠠᠶᠢᠭ》 ᠤ᠋ᠨ ᠬᠠᠪᠰᠤᠷᠤᠨ ᠲᠡᠳᠭᠦᠬᠦ ᠺᠠᠳ᠋ᠷ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤ᠋ᠨ ᠤᠨᠴᠠ ᠲᠤᠮᠢᠯᠠᠭᠴᠢ ᠵᠢ ᠰᠠᠢᠳᠤᠷ ᠰᠤᠡᠭᠭᠤᠨ ᠲᠤᠮᠢᠯᠠᠵᠤ ᠬᠡᠷᠡᠭᠯᠡᠨ ᠂ ᠶᠠᠳᠠᠭᠤ ᠡᠴᠡ ᠠᠩᠭᠢᠵᠢᠷᠠᠬ᠍ᠰᠠᠨ ᠭᠠᠵᠠᠷ ᠣᠷᠣᠨ ᠤ᠋ ᠬᠦᠭ᠌ᠵᠢᠯᠳᠡ ᠪᠠᠨ ᠲᠦᠷᠭᠡᠳᠭᠡᠬᠦ᠌ ᠪᠠ ᠤᠯᠠᠨ ᠲᠦᠮᠡᠨ ᠤ᠋ ᠣᠷᠣᠯᠭ᠎ᠠ ᠵᠢ ᠲᠤᠬ᠍ᠳᠠᠭᠤᠨ ᠶ᠋ᠢᠡᠷ ᠨᠡᠮᠡᠭ᠌ᠳᠡᠬᠦᠯᠬᠦ᠌ ᠵᠢ ᠠᠬᠢᠭᠤᠯᠪᠠ ᠃

(ᠭᠤᠷᠪᠠ) ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶ᠋ᠢᠨ ᠭᠤᠭ᠍ᠴᠤᠭ᠎ᠠ ᠳ᠋ᠡᠬᠢ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌ ᠳ᠋ᠦ ᠠᠩᠬᠠᠷᠤᠯ ᠶ᠋ᠢᠡᠨ ᠲᠦᠪᠯᠡᠷᠡᠬᠦᠯᠵᠦ᠍ ᠂ ᠵᠠᠬ᠎ᠠ ᠳᠡᠯᠭᠡᠭᠦᠷ ᠤ᠋ᠨ ᠠᠮᠢᠵᠢᠷᠠᠯ ᠎ᠤᠨ  ᠬᠦᠴᠦᠨ ᠪᠠ ᠨᠡᠢᠭᠡᠮ ᠤ᠋ᠨ ᠪᠦᠲᠦᠭᠡᠯᠴᠢ ᠬᠦᠴᠦᠨ ᠢ᠋ ᠨᠡᠩ ᠶᠡᠭᠡ ᠪᠡᠷ ᠬᠥᠭ᠌ᠵᠢᠭᠡᠪᠡ

ᠵᠠᠰᠠᠭ ᠤ᠋ᠨ ᠣᠷᠳᠣᠨ ᠤ᠋ ᠡᠭᠦᠷᠭᠡ ᠴᠢᠳᠠᠪᠬᠢ ᠵᠢᠨ ᠬᠤᠪᠢᠷᠠᠭᠤᠯᠤᠯᠲᠠ ᠵᠢ ᠦᠷᠭᠦᠯᠵᠢᠯᠡᠨ ᠠᠬᠢᠭᠤᠯᠪᠠ ᠃

ᠤᠯᠠᠮ ᠨᠢᠭᠡ ᠠᠯᠬᠤᠮ ᠵᠠᠰᠠᠭ ᠢ᠋ ᠴᠣᠮᠬᠠᠳᠭᠠᠨ ᠡᠷᠬᠡ ᠵᠢ ᠳᠣᠷᠣᠭ᠍ᠰᠢ ᠪᠠᠭᠤᠯᠭᠠᠵᠤ ᠂ ᠵᠠᠬ᠎ᠠ ᠳᠡᠯᠭᠡᠭᠦᠷ ᠲᠦ᠍ ᠤᠷᠤᠬᠤ ᠵᠦᠪᠰᠢᠶᠡᠷᠡᠯ ᠢ᠋ ᠰᠤᠯᠠ ᠪᠤᠯᠭᠠᠨ ᠂ ᠵᠠᠬ᠎ᠠ ᠳᠡᠯᠭᠡᠭᠦᠷ ᠲᠦ᠍ ᠣᠷᠣᠬᠤ ᠵᠥᠪᠱᠢᠶᠡᠷᠡᠯ ᠤ᠋ᠨ ᠨᠠᠵᠠᠭᠠᠶ ᠲᠠᠯ᠎ᠠ ᠵᠢᠨ ᠨᠠᠷᠢᠨ ᠳᠠᠡᠭᠰᠠ ᠵᠢᠨ ᠲᠦᠷᠢᠮ ᠢ᠋ ᠪᠦᠬᠦ᠌ ᠲᠠᠯ᠎ᠠ ᠪᠡᠷ ᠬᠡᠷᠡᠭ᠌ᠵᠢᠬᠦᠯᠵᠦ ᠂ ᠨᠠᠷᠢᠨ ᠳᠠᠡᠭᠰᠠ ᠶ᠋ᠢᠨ ᠬᠠᠮᠢᠶᠠᠷᠤᠯᠲᠠ ᠶ᠋ᠢᠨ ᠠᠷᠭ᠎ᠠ ᠬᠡᠮᠵᠢᠶ᠎ᠡ ᠵᠢ ᠳᠦᠷᠢᠮ ᠢ᠋ ᠪᠠᠢᠭᠤᠯᠤᠭᠰᠠᠨ ᠡᠬᠢᠨ ᠤ᠋ ᠦᠶ᠎ᠡ ᠶ᠋ᠢᠨ ᠬᠢ ᠡᠴᠡ 64% ᠪᠡᠷ ᠬᠠᠰᠤᠵᠤ ᠂ ᠵᠠᠰᠠᠭ ᠵᠠᠬᠢᠷᠭᠠᠨ ᠤ᠋ ᠵᠦᠪᠰᠢᠶᠡᠷᠡᠯ ᠤ᠋ᠨ ᠵᠦᠢᠯᠡᠰ ᠢ᠋ ᠪᠦᠬᠦᠨ ᠢ᠋ ᠨᠠᠷᠢᠨ ᠳᠠᠡᠭᠰᠠ ᠶ᠋ᠢᠨ ᠬᠠᠮᠢᠶᠠᠷᠤᠯᠲᠠ ᠳ᠋ᠦ ᠤᠷᠤᠭᠤᠯᠪᠠ ᠃

ᠤᠯᠠᠨ ᠵᠢᠯ ᠤ᠋ᠨ ᠳᠤᠷᠰᠢ 1000 ᠭᠠᠷᠤᠢ ᠵᠦᠢᠯ ᠤ᠋ᠨ ᠵᠠᠰᠠᠬ ᠵᠠᠬᠢᠷᠭᠠᠨ ᠤ᠋ ᠵᠦᠪᠱᠢᠶᠡᠷᠡᠯ ᠤ᠋ᠨ ᠵᠦᠢᠯ ᠢ᠋ ᠬᠦᠴᠦᠨ ᠦᠬᠡᠢ ᠪᠤᠯᠭᠠᠭ᠍ᠰᠠᠨ ᠪᠠ ᠳᠤᠷᠤᠭ᠍ᠰᠢ ᠪᠠᠭᠤᠯᠭᠠᠵᠤ ᠂ 90% ᠡᠴᠡ ᠳᠡᠭᠡᠭᠰᠢ ᠪᠠᠭᠠᠰᠬᠠᠨ ᠂ ᠠᠵᠤ ᠦᠢᠯᠡᠳᠪᠦᠷᠢ ᠶ᠋ᠢᠨ ᠦᠢᠯᠡᠳᠬᠦᠨ ᠤ᠋ ᠦᠢᠯᠡᠳᠪᠦᠷᠢᠯᠡᠯ ᠤ᠋ᠨ ᠵᠦᠪᠰᠢᠶᠡᠷᠡᠯ ᠤ᠋ᠨ ᠦᠨᠡᠮᠯᠡᠯ ᠢ᠋ 60 ᠲᠦᠷᠦᠯ ᠪᠠᠢᠭᠰᠠᠨ ᠡᠴᠡ 10 ᠲᠦᠷᠦᠯ ᠪᠤᠯᠭᠠᠨ ᠪᠠᠭᠠᠰᠬᠠᠵᠤ ᠂ ᠪᠠᠷᠢᠯᠭ᠎ᠠ ᠶ᠋ᠢᠨ ᠪᠦᠲᠦᠭᠡᠨ ᠪᠠᠢᠭᠤᠯᠤᠯᠲᠠ ᠶ᠋ᠢᠨ ᠲᠦᠷᠦᠯ ᠵᠦᠢᠯ ᠤ᠋ᠨ ᠪᠦᠬᠦ ᠶᠠᠪᠤᠴᠠ ᠵᠢ ᠬᠢᠨᠠᠨ ᠵᠦᠪᠰᠢᠶᠡᠷᠡᠬᠦ ᠴᠠᠭ ᠢ᠋ 120 ᠠᠵᠢᠯᠯᠠᠬᠤ ᠡᠳᠦᠷ ᠡᠴᠡ ᠬᠡᠲᠦᠷᠡᠭᠦᠯᠬᠦ ᠦᠭᠡᠢ ᠪᠤᠯᠲᠠᠯ᠎ᠠ ᠪᠤᠭᠤᠨᠢᠰᠬᠠᠪᠠ ᠃

ᠲᠤᠭᠠᠴᠢᠯᠠᠭᠰᠠᠨ ᠵᠠᠰᠠᠭ ᠤ᠋ᠨ ᠤᠷᠳᠤᠨ ᠤ᠋ ᠪᠠᠢᠭᠤᠯᠤᠯᠲᠠ ᠵᠢ ᠲᠦᠷᠭᠡᠳᠬᠡᠵᠦ ᠂ 90% ᠡᠴᠡ ᠳᠡᠭᠡᠭ᠌ᠰᠢᠬᠢ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠵᠢ ᠰᠦᠯᠵᠢᠶᠡᠨ ᠳᠡᠭᠡᠷ᠎ᠡ ᠭᠦᠢᠴᠡᠳᠭᠡᠵᠦ᠍ ᠪᠤᠯᠬᠤ ᠂ ᠡᠷᠦᠬᠡ ᠠᠮᠠ ᠶ᠋ᠢᠨ ᠭᠡᠷᠡᠴᠢ ᠂ ᠨᠡᠢᠭᠡᠮ ᠤ᠋ᠨ ᠳᠠᠭᠠᠳᠬᠠᠯ ᠢ᠋ ᠰᠢᠯᠵᠢᠭᠦᠯᠦᠨ ᠬᠦᠯᠢᠶᠡᠨ ᠠᠪᠬᠤ ᠵᠡᠷᠭᠡ ᠤᠯᠠᠨ ᠲᠦᠮᠡᠨ ᠤ᠋ ᠪᠠᠢᠡᠭᠭᠤ ᠭᠦᠢᠴᠡᠳᠭᠡᠬᠦ 200 ᠭᠠᠷᠤᠢ ᠵᠦᠢᠯ ᠢ᠋ ᠮᠤᠵᠢ ᠠᠯᠤᠰᠯᠠᠨ ᠨᠡᠢᠳᠡᠮ ᠭᠦᠢᠴᠡᠳᠭᠡᠬᠦ ᠵᠢ ᠪᠡᠶᠡᠯᠡᠭᠦᠯᠪᠡ ᠃

ᠥᠭᠡᠷᠡᠴᠢᠯᠡᠯᠲᠡ ᠨᠢ ᠬᠥᠮᠦᠰ ᠤ᠋ᠨ ᠠᠷᠠᠯᠵᠢᠶ᠎ᠠ ᠬᠤᠳᠠᠯᠳᠤᠭ᠎ᠠ ᠬᠢᠵᠦ᠍ ᠠᠵᠤ ᠠᠬᠤᠢᠯᠠᠯ ᠡᠷᠬᠢᠯᠡᠬᠦ᠌ ᠳ᠋ᠦ ᠨᠠᠩ ᠤᠯᠠᠨ ᠳᠥᠭᠦᠮ ᠨᠦᠬᠦᠴᠡᠯ ᠪᠠ ᠤᠷᠤᠨ ᠵᠠᠢ ᠬᠠᠨᠭ᠌ᠭᠠᠵᠤ ᠂ ᠨᠢᠳᠤᠨᠤᠨ ᠤ᠋ ᠵᠢᠯ ᠤ᠋ᠨ ᠡᠴᠤᠰ ᠲᠦ᠍ ᠠᠵᠤ ᠠᠬᠤᠢᠯᠠᠯ ᠤ᠋ᠨ ᠲᠤᠭ᠎ᠠ 5200 ᠲᠦᠮᠡ  ᠵᠢ ᠳᠠᠪᠠᠵᠤ ᠂ ᠬᠤᠪᠢ ᠵᠢᠨ ᠦᠢᠯᠡᠳᠪᠦᠷᠢ ᠬᠤᠳᠠᠯᠳᠤᠭᠠᠨ ᠤ᠋ ᠡᠷᠦᠬᠡ 1.1 ᠳ᠋ᠦᠩᠱᠢᠭᠤᠷ ᠢ᠋ ᠳᠠᠪᠠᠵᠤ ᠂ ᠡᠵᠡᠡᠭᠨᠡᠯᠲᠡ ᠶ᠋ᠢᠨ ᠭᠤᠤᠯ ᠴᠤᠭᠴᠠ ᠵᠢᠨ ᠶᠡᠷᠦᠩᠬᠡᠢ ᠳᠤᠭ᠎ᠠ 1.6 ᠳ᠋ᠦᠡᠭ᠌ᠰᠢᠭᠤᠷ ᠢ᠋ ᠳᠠᠪᠠᠵᠤ ᠂ ᠠᠷᠪᠠᠨ ᠵᠢᠯ ᠤ᠋ᠨ ᠡᠮᠦᠨᠡᠬᠢ ᠵᠢᠨ 3 ᠳᠠᠬᠢᠨ ᠪᠤᠯᠵᠤ ᠂ ᠬᠥᠭ᠌ᠵᠢᠯᠲᠡ ᠵᠢᠨ ᠳᠣᠲᠣᠭᠠᠳᠤ ᠬᠥᠳᠡᠯᠭᠡᠭᠦ ᠬᠦᠴᠦᠨ ᠢᠯᠡᠳᠲᠡ ᠴᠢᠩᠭᠠᠷᠠᠪᠠ ᠃

ᠤᠯᠠᠨ ᠲᠦᠷᠦᠯ ᠤ᠋ᠨ ᠥᠮᠴᠢᠯᠡᠯ ᠤ᠋ᠨ ᠠᠵᠤ ᠠᠬᠤᠶ ᠵᠢᠨ ᠬᠠᠮᠲᠤ ᠪᠡᠷ ᠬᠥᠭ᠌ᠵᠢᠬᠦ᠌ ᠵᠢ ᠠᠬᠢᠭᠤᠯᠪᠠ ᠃

ᠡᠳ᠋ ᠤ᠋ᠨ ᠵᠠᠰᠠᠭ ᠭᠠᠢᠯᠢ ᠮᠥᠩᠭᠦᠨ ᠭᠦᠢᠯᠭᠡᠭᠡᠨ ᠤ᠋ ᠪᠠᠢᠭᠤᠯᠤᠮᠵᠢ ᠵᠢᠨ ᠥᠭᠡᠷᠡᠴᠢᠯᠡᠯᠲᠡ ᠵᠢ ᠠᠬᠢᠭᠤᠯᠪᠠ ᠃

(ᠲᠦᠷᠪᠡ) ᠱᠢᠨ᠎ᠡ ᠵᠢ ᠡᠭᠦᠳᠬᠦ᠌ ᠪᠡᠷ ᠬᠥᠭ᠌ᠵᠢᠯᠲᠡ ᠵᠢᠨ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ ᠵᠢ ᠭᠦᠨᠵᠡᠭᠡᠶ ᠬᠡᠷᠡᠭ᠌ᠵᠢᠭᠦᠯᠵᠦ᠍ ᠂ ᠠᠵᠤ ᠦᠢᠯᠡᠰ ᠤ᠋ᠨ ᠪᠦᠲᠦᠴᠡ ᠵᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌ ᠵᠢ ᠠᠬᠢᠭᠤᠯᠪᠠ

ᠱᠢᠨᠵᠢᠯᠡᠬᠦ᠌ ᠤᠬᠠᠭᠠᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠢᠨ ᠬᠥᠲᠥᠯᠥᠨ ᠳᠠᠭᠠᠭᠤᠯᠬᠤ ᠦᠢᠯᠡᠳᠦᠯ ᠢ᠋ ᠴᠢᠩᠭᠠᠷᠠᠭᠤᠯᠪᠠ ᠃

ᠤᠯᠤᠰ ᠤ᠋ᠨ ᠪᠠᠢᠯᠳᠤᠬᠤ ᠪᠣᠳᠣᠯᠭ᠎ᠠ ᠵᠢᠨ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠬᠦᠴᠦᠨ ᠢ᠋ ᠴᠢᠩᠭᠠᠳᠭᠠᠨ ᠂ ᠨᠢᠭᠡ ᠪᠦᠯᠦᠭ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠴᠢᠬᠤᠯᠠ ᠶᠡᠬᠡ ᠲᠥᠷᠥᠯ ᠵᠦᠢᠯ ᠢ᠋ ᠬᠡᠷᠡᠭ᠌ᠵᠢᠭᠦᠯᠵᠦ᠍ ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ ᠤ᠋ᠨ ᠪᠣᠭᠣᠮᠲᠠ ᠱᠢᠪᠲᠤᠯᠤᠯᠳᠠ ᠵᠢ ᠴᠢᠩᠭᠠᠳᠭᠠᠪᠠ ᠃

ᠰᠠᠭᠤᠷᠢ ᠰᠤᠳᠤᠯᠭᠠᠨ ᠪᠠ ᠬᠡᠷᠡᠭ᠌ᠯᠡᠭᠡᠨ ᠤ᠋ ᠰᠠᠭᠤᠷᠢ ᠰᠤᠳᠤᠯᠭᠠᠨ ᠢ᠋ ᠳᠡᠮᠵᠢᠵᠦ᠍ ᠂ ᠪᠦᠬᠦ᠌ ᠤᠯᠤᠰ ᠤ᠋ᠨ ᠰᠠᠭᠤᠷᠢ ᠰᠤᠳᠤᠯᠭᠠᠨ ᠤ᠋ ᠵᠠᠷᠤᠳᠠᠯ ᠢ᠋ ᠲᠠᠪᠤᠨ ᠵᠢᠯ ᠳ᠋ᠦ 1 ᠲᠠᠬᠢᠨ ᠨᠡᠮᠡᠭ᠌ᠳᠡᠭᠦᠯᠪᠡ ᠃

ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠵᠦᠢᠯᠡᠰ ᠪᠠ ᠵᠠᠷᠤᠳᠠᠯ ᠤ᠋ᠨ ᠬᠠᠮᠢᠶᠠᠷᠤᠯᠲᠠ ᠵᠢᠨ ᠳᠦᠷᠢᠮ ᠢ᠋ ᠥᠭᠡᠷᠡᠴᠢᠯᠡᠵᠦ᠍ ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠭ᠎ᠠ ᠨᠢᠭᠡᠴᠢ ᠪᠠ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠠᠵᠢᠯᠲᠠᠨ ᠳ᠋ᠦ ᠨᠡᠩ ᠶᠡᠬᠡ ᠡᠵᠡᠨ ᠮᠡᠳᠡᠬᠦ᠌ ᠡᠷᠬᠡ ᠤᠯᠭᠤᠪᠠ ᠃

ᠵᠠᠬ᠎ᠠ ᠳᠡᠯᠭᠡᠭᠦᠷᠴᠢᠯᠡᠭ᠌ᠰᠡᠨ ᠲᠣᠭ᠍ᠲᠠᠴᠠ ᠪᠡᠷ ᠠᠵᠤ ᠠᠬᠤᠢᠯᠠᠯ ᠤ᠋ᠨ ᠱᠢᠨ᠎ᠡ ᠵᠢ ᠡᠭᠦᠳᠬᠦ᠌ ᠵᠢ ᠤᠷᠮᠠᠱᠢᠭᠤᠯᠤᠨ ᠵᠣᠷᠢᠬ᠍ᠵᠢᠭᠤᠯᠵᠤ ᠂ ᠠᠵᠤ ᠠᠬᠤᠢᠯᠠᠯ ᠤ᠋ᠨ ᠰᠤᠳᠤᠯᠤᠨ ᠨᠡᠭᠡᠭᠡᠬᠦ᠌ ᠵᠠᠷᠤᠳᠠᠯ ᠤ᠋ᠨ ᠨᠡᠮᠡᠨ ᠪᠣᠳᠣᠵᠤ ᠰᠠᠭᠤᠯᠭᠠᠨ ᠬᠠᠰᠤᠬᠤ ᠬᠠᠷᠢᠴᠠᠯ ᠢ᠋ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠵᠦ᠍ ᠂ ᠦᠶ᠋ᠯᠡᠳᠬᠦ᠌ ᠦᠶ᠋ᠯᠡᠰ ᠤ᠋ᠨ ᠠᠵᠤ ᠠᠬᠤᠢᠯᠠᠯ ᠂ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠬᠡᠯᠪᠡᠷᠢ ᠵᠢᠨ ᠳᠤᠮᠳᠠ ᠪᠠᠭ᠎ᠠ ᠠᠵᠤ ᠠᠬᠤᠢᠯᠠᠯ ᠢ᠋ ᠲᠣᠰ ᠲᠣᠰ 50% ᠪᠠ 75% ᠪᠠᠢᠭ᠍ᠰᠠᠨ ᠡᠴᠡ ᠪᠦᠬᠦᠨ ᠢ᠋ 100% ᠪᠣᠯᠲᠠᠯ᠎ᠠ ᠳᠡᠭᠡᠭ᠌ᠰᠢᠯᠡᠭᠦᠯᠦᠭ᠌ᠰᠡᠨ ᠪᠥᠭᠡᠳ ᠱᠠᠲᠤᠴᠢ ᠴᠢᠨᠠᠷᠲᠠᠶ ᠪᠡᠷ ᠪᠣᠶ ᠪᠥᠬᠥᠶ ᠬᠡᠷᠡᠭ᠌ᠯᠡᠭᠡᠨ ᠤ᠋ ᠠᠵᠢᠯ ᠲᠥᠷᠥᠯ ᠬᠦᠷᠲᠡᠯ᠎ᠡ ᠥᠷᠭᠡᠳᠭᠡᠵᠦ᠍ ᠂ ᠱᠢᠨ᠎ᠡ ᠵᠢ ᠡᠭᠦᠳᠬᠦ᠌ ᠵᠢ ᠳᠡᠮᠵᠢᠬᠦ᠌ ᠡᠯ᠎ᠡ ᠲᠥᠷᠥᠯ ᠤ᠋ᠨ ᠭᠠᠢᠯᠢ ᠲᠠᠲᠠᠪᠤᠷᠢ ᠵᠢᠨ ᠬᠠᠷᠠᠭᠠᠯᠵᠠᠯ ᠤ᠋ᠨ ᠲᠥᠷᠥ ᠵᠢᠨ ᠪᠣᠳᠣᠯᠭ᠎ᠠ ᠵᠢᠨ ᠣᠨ ᠤ᠋ ᠬᠡᠪᠴᠢᠶ᠎ᠡ ᠨᠢᠭᠡᠨᠲᠡ ᠲᠦᠮᠡᠨ ᠳ᠋ᠦᠩᠱᠢᠭᠤᠷ ᠲᠥᠭᠥᠷᠢᠭ ᠢ᠋ ᠳᠠᠪᠠᠪᠠ ᠃

ᠠᠵᠤ ᠦᠢᠯᠡᠰ ᠤ᠋ᠨ ᠳᠤᠮᠳᠠ ᠳᠡᠭᠡᠳᠦ ᠳᠡᠰ ᠲᠡᠢᠰᠢ ᠳᠠᠪᠱᠢᠬᠤ ᠵᠢ ᠠᠬᠢᠭᠤᠯᠪᠠ ᠃

(ᠲᠠᠪᠤ) ᠤᠯᠤᠰ ᠤ᠋ᠨ ᠳᠣᠲᠣᠭᠠᠳᠤ ᠵᠢᠨ ᠪᠦᠲᠦᠮᠵᠢᠲᠡᠶ ᠬᠡᠷᠡᠭ᠌ᠴᠡᠭᠡ ᠵᠢ ᠥᠷᠭᠡᠳᠭᠡᠵᠦ᠍ ᠂ ᠣᠷᠣᠨ ᠪᠦᠰᠡ ᠵᠢᠨ ᠵᠣᠬᠢᠴᠠᠩᠭᠤᠶ ᠬᠥᠭ᠌ᠵᠢᠯᠲᠡ ᠪᠠ ᠱᠢᠨ᠎ᠡ ᠬᠡᠯᠪᠡᠷᠢ ᠵᠢᠨ ᠬᠤᠳᠠ ᠪᠠᠯᠭᠠᠰᠤᠵᠢᠯᠳᠠ ᠵᠢ ᠠᠬᠢᠭᠤᠯᠪᠡ

ᠬᠡᠷᠡᠭ᠌ᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠵᠢ ᠬᠦᠴᠦᠯᠡᠨ ᠥᠷᠭᠡᠳᠭᠡᠪᠡ ᠃

ᠣᠷᠣᠨ ᠪᠦᠰᠡ ᠵᠢᠨ ᠬᠥᠭ᠌ᠵᠢᠯᠲᠡ ᠵᠢᠨ ᠲᠡᠩᠴᠡᠭᠦᠷᠢᠲᠦ ᠴᠢᠨᠡᠷ ᠪᠠ ᠵᠣᠬᠢᠴᠠᠯᠳᠥ ᠴᠢᠨᠠᠷ ᠢ᠋ ᠴᠢᠩᠭᠠᠳᠭᠠᠪᠡ ᠃

ᠬᠥᠮᠦᠨ ᠶ᠋ᠢᠡᠷ ᠭᠤᠤᠯ ᠪᠤᠯᠭᠠᠭ᠍ᠰᠠᠨ ᠱᠢᠨ᠎ᠡ ᠬᠡᠯᠪᠡᠷᠢ ᠵᠢᠨ ᠬᠤᠳᠠ ᠪᠠᠯᠭᠠᠰᠤᠵᠢᠯᠳᠠ ᠵᠢ ᠦᠷᠭᠦᠯᠵᠢᠯᠡᠨ ᠠᠬᠢᠭᠤᠯᠪᠡ ᠃

(ᠵᠢᠷᠭᠤᠭ᠎ᠠ) ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠵᠤ ᠂ ᠬᠥᠳᠡᠭᠡ ᠲᠣᠰᠭᠤᠨ ᠢ᠋ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢ ᠶᠡᠭᠡ ᠪᠡᠷ ᠬᠡᠷᠡᠭ᠌ᠵᠢᠭᠦᠯᠪᠡ

ᠲᠠᠷᠢᠶᠠᠯᠠᠩ ᠤ᠋ᠨ ᠶᠡᠷᠦᠩᠬᠡᠢᠯᠡᠭ᠌ᠰᠡᠨ ᠥᠢᠯᠡᠳᠪᠦᠷᠢᠯᠡᠯ ᠤ᠋ᠨ ᠴᠢᠳᠠᠪᠤᠷᠢ ᠵᠢ ᠳᠡᠭᠡᠭ᠌ᠰᠢᠯᠡᠭᠦᠯᠪᠡ ᠃

ᠠᠮᠤ ᠪᠤᠳᠠᠭ᠎ᠠ ᠲᠠᠷᠢᠬᠤ ᠲᠠᠯᠠᠪᠠᠢ ᠵᠢ ᠲᠣᠭ᠍ᠲᠠᠪᠤᠷᠢᠵᠢᠭᠤᠯᠤᠨ ᠥᠷᠭᠡᠳᠭᠡᠪᠡ ᠃

ᠠᠮᠤ ᠪᠤᠳᠠᠭᠠᠨ ᠤ᠋ ᠦᠶ᠋ᠯᠡᠳᠪᠦᠷᠢᠯᠡᠯ ᠢ᠋ ᠳᠡᠮᠵᠢᠬᠦ᠌ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠪᠡ ᠃

ᠲᠠᠷᠢᠶᠠᠨ ᠭᠠᠵᠠᠷ ᠤ᠋ᠨ ᠬᠠᠮᠠᠭᠠᠯᠠᠯᠲᠠ ᠵᠢ ᠴᠢᠩᠭᠠᠳᠭᠠᠪᠠ ᠃

ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠤ᠋ ᠠᠵᠤ ᠦᠢᠯᠡᠰ ᠤ᠋ᠨ ᠪᠦᠰᠡ ᠵᠢᠨ ᠪᠦᠲᠦᠭᠡᠨ ᠪᠠᠢᠭᠤᠯᠤᠯᠲᠠ ᠵᠢ ᠠᠬᠢᠭᠤᠯᠪᠠ ᠃

ᠦᠷ᠎ᠡ ᠵᠢᠨ ᠦᠶ᠋ᠯᠡᠰ ᠂ ᠲᠠᠷᠢᠶᠠᠯᠠᠩ ᠤ᠋ᠨ ᠮᠠᠱᠢᠨ ᠵᠡᠷᠭᠡ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠠ ᠳᠡᠯᠭᠡᠷᠡᠭᠦᠯᠦᠨ ᠬᠡᠷᠡᠭ᠌ᠯᠡᠬᠦ᠌ ᠵᠢ ᠲᠦᠷᠭᠡᠳᠭᠡᠪᠡ ᠃

ᠠᠮᠤ ᠪᠤᠳᠠᠭᠠᠨ ᠤ᠋ ᠠᠮᠤᠷ ᠲᠦᠪᠱᠢᠨ᠎ᠳᠦ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠌ ᠵᠢ ᠪᠦᠬᠦ᠌ ᠲᠠᠯ᠎ᠠ ᠪᠡᠷ ᠨᠠᠢᠳᠠᠪᠤᠷᠢᠵᠢᠭᠤᠯᠵᠤ ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠤᠨᠠᠯᠲᠠ ᠵᠢ ᠲᠣᠭ᠍ᠲᠠᠪᠤᠷᠢᠵᠢᠭᠤᠯᠵᠤ ᠬᠠᠩᠭᠠᠯᠭ᠎ᠠ ᠵᠢ ᠪᠠᠲᠤᠯᠠᠬᠤ ᠵᠢ ᠴᠢᠩᠭᠠᠳᠭᠠᠵᠤ ᠂ ᠢᠮᠠᠭ᠍ᠲᠠ ᠴᠥᠬᠦᠷᠡᠰᠢ ᠦᠭᠡᠢ ᠪᠡᠷ 14 ᠳ᠋ᠥᠡᠭ᠌ᠰᠢᠭᠤᠷ ᠭᠠᠷᠥᠢ ᠳᠤᠮᠳᠠᠳᠤ ᠶ᠋ᠢᠨ ᠬᠥᠮᠦᠨ ᠤ᠋ ᠬᠤᠭᠤᠯᠠ ᠬᠥᠨᠡᠰᠥ ᠪᠠᠨ ᠥᠪᠡᠷ ᠤ᠋ᠨ ᠬᠥᠴᠥᠨ ᠳ᠋ᠡᠭᠡᠨ ᠪᠠᠲᠤ ᠲᠥᠱᠢᠭ᠌ᠯᠡᠨ ᠱᠢᠢᠳᠪᠤᠷᠢᠯᠡᠬᠦ᠌ ᠵᠢ ᠪᠠᠳᠤᠯᠠᠪᠠ ᠃

ᠬᠥᠳᠡᠭᠡ ᠲᠣᠰᠭᠤᠨ ᠤ᠋ ᠥᠭᠡᠷᠡᠴᠢᠯᠡᠯᠲᠡ ᠬᠥᠭ᠌ᠵᠢᠯᠲᠡ ᠵᠢ ᠯᠠᠪᠳᠠᠭᠤᠨ ᠪᠠᠲᠤᠲᠠᠶ ᠠᠬᠢᠭᠤᠯᠪᠡ ᠃

ᠬᠥᠳᠡᠭᠡ ᠲᠣᠰᠭᠣᠨ ᠤ᠋ ᠦᠨᠳᠦᠰᠦᠨ ᠡᠵᠡᠩᠨᠡᠯᠲᠡ ᠵᠢᠨ ᠳᠦᠷᠢᠮ ᠢ᠋ ᠪᠡᠬᠢᠵᠢᠭᠦᠯᠦᠨ ᠲᠡᠭᠦᠯᠳᠡᠷᠵᠢᠭᠦᠯᠪᠡ ᠃

ᠬᠥᠳᠡᠭᠡ ᠲᠣᠰᠭᠣᠨ ᠤ᠋ ᠪᠦᠲᠦᠭᠡᠨ ᠪᠠᠢᠭᠤᠯᠤᠯᠲᠠ ᠵᠢᠨ ᠠᠵᠢᠯᠯᠠᠭ᠎ᠠ ᠵᠢ ᠡᠬᠢᠯᠡᠭᠦᠯᠪᠡ ᠃

ᠬᠠᠩᠭᠠᠨ ᠪᠣᠷᠣᠯᠠᠭᠤᠯᠬᠤ ᠬᠤᠷᠱᠢᠶ᠎ᠠ ᠂ ᠬᠠᠮᠲᠤ ᠵᠢᠨ ᠤᠢ ᠮᠣᠳᠣᠨ ᠤ᠋ ᠡᠷᠬᠡ ᠂ ᠲᠠᠷᠢᠶᠠᠯᠠᠩ ᠤ᠋ᠨ ᠠᠳᠠᠷ ᠬᠠᠭᠠᠯᠪᠤᠷᠢᠯᠠᠯᠲᠠ ᠵᠡᠷᠭᠡ ᠵᠢᠨ ᠥᠭᠡᠷᠡᠴᠢᠯᠡᠯᠲᠡ ᠵᠢ ᠭᠦᠨᠵᠡᠭᠡᠢᠷᠡᠭᠦᠯᠪᠡ ᠃

ᠣᠨᠴᠠᠯᠢᠭ᠍ᠲᠤ ᠡᠬᠢ ᠪᠠᠶᠠᠯᠢᠭ ᠲᠦ᠍ ᠰᠠᠭᠤᠷᠢᠯᠠᠨ ᠬᠥᠳᠡᠭᠡ ᠲᠣᠰᠭᠣᠨ ᠤ᠋ ᠠᠵᠤ ᠦᠶ᠋ᠯᠡᠰ ᠢ᠋ ᠬᠥᠭ᠌ᠵᠢᠭᠦᠯᠵᠦ᠍ ᠂ ᠲᠠᠷᠢᠶᠠᠴᠢᠳ ᠤ᠋ᠨ ᠠᠵᠢᠯ ᠣᠯᠵᠤ ᠠᠵᠢᠯ ᠦᠢᠯᠡᠰ ᠪᠤᠰᠬᠠᠨ ᠣᠷᠣᠯᠭ᠎ᠠ ᠪᠠᠨ ᠨᠡᠮᠡᠭ᠌ᠳᠡᠭᠦᠯᠬᠦ᠌ ᠵᠢ ᠠᠬᠢᠭᠤᠯᠪᠠ ᠃

ᠬᠥᠯᠥᠰᠥᠨ ᠲᠠᠷᠢᠶᠠᠴᠢᠨ ᠤ᠋ ᠴᠠᠯᠢᠩ ᠢ᠋ ᠥᠷᠢᠲᠦᠬᠦ ᠠᠰᠠᠭᠤᠳᠠᠯ ᠢ᠋ ᠴᠡᠭᠴᠡᠯᠡᠨ ᠵᠠᠰᠠᠬᠤ ᠠᠵᠢᠯ ᠢ᠋ ᠦᠷᠭᠦᠯᠵᠢᠯᠡᠨ ᠴᠢᠩᠭᠠᠳᠬᠠᠪᠠ ᠃

(ᠲᠤᠯᠤᠭ᠎ᠠ)  ᠭᠠᠳᠠᠭᠠᠳᠤ ᠨᠡᠭᠡᠭᠡᠯᠳᠡ  ᠵᠢ ᠡᠷᠡᠰ ᠭᠤᠢᠪᠢᠰᠢ ᠥᠭᠡᠢ ᠥᠷᠭᠡᠳᠭᠡᠵᠦ᠍᠂ ᠬᠠᠷᠢᠯᠴᠠᠨ ᠠᠱᠢᠭᠳᠠᠢ ᠪᠠᠢᠵᠤ ᠬᠠᠮᠲᠤ ᠪᠡᠷ ᠠᠰᠢᠭ ᠬᠦᠷᠳᠡᠬᠦ᠌ ᠤᠯᠠᠨ ᠤᠯᠤᠰ ᠤ᠋ᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭ᠎ᠠ ᠵᠢ ᠭᠦᠨᠵᠡᠭᠡᠢᠷᠡᠭᠦᠯᠪᠡ

ᠭᠠᠳᠠᠭᠠᠳᠤ ᠤᠷᠤᠭᠤᠯᠤᠯᠳᠠ ᠭᠠᠷᠭᠠᠯᠳᠠ ᠶ᠋ᠢᠨ ᠲᠤᠭᠲᠠᠭᠤᠨ ᠤ᠋ ᠳᠤᠮᠳᠠ ᠴᠢᠨᠠᠷ ᠶ᠋ᠢᠡᠨ ᠳᠡᠭᠡᠭᠰᠢᠯᠡᠭᠦᠯᠬᠦ ᠵᠢ ᠠᠬᠢᠭᠤᠯᠪᠡ ᠃

ᠭᠠᠳᠠᠭᠠᠳᠤ ᠪᠡᠯᠡ ᠵᠢ ᠢᠳᠡᠪᠬᠢᠲᠡᠶ ᠪᠥᠭᠡᠳ ᠪᠦᠲᠦᠮᠵᠢᠲᠡᠶ ᠠᠱᠢᠭ᠍ᠯᠠᠪᠡ ᠃

《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠴᠢᠨᠠᠷ ᠰᠠᠢᠲᠠᠶ  ᠪᠦᠳᠦᠬᠡᠨ ᠪᠠᠢᠭᠤᠯᠬᠤ ᠵᠢ ᠠᠬᠢᠭᠤᠯᠪᠡ ᠃

(ᠨᠠᠢ᠍ᠮᠠ)  ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠲᠠ ᠵᠢ ᠴᠢᠩᠭᠠᠳᠭᠠᠵᠤ ᠂ ᠪᠤᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ ᠵᠢ ᠠᠬᠢᠭᠤᠯᠪᠡ

ᠪᠣᠬᠢᠷᠲᠤᠯ ᠢ᠋ ᠵᠠᠰᠠᠬᠤ ᠪᠠ ᠠᠮᠢ ᠠᠬᠤᠢ ᠵᠢᠨ ᠪᠦᠲᠦᠭᠡᠨ ᠪᠠᠢᠭᠤᠯᠤᠯᠲᠠ ᠵᠢ ᠴᠢᠩᠭᠠᠳᠭᠠᠪᠡ ᠃

ᠪᠣᠬᠢᠷᠲᠤᠯ ᠢ᠋ ᠨᠠᠷᠢᠯᠢᠬ ᠣᠨᠣᠴᠠᠲᠠᠶ ᠂ ᠱᠢᠨᠵᠢᠯᠡᠬᠦ᠌ ᠤᠬᠠᠭᠠᠨᠴᠢ ᠂ ᠬᠠᠤᠯᠢ ᠶᠣᠰᠣᠭᠠᠷ ᠵᠠᠰᠠᠬᠤ ᠵᠢ ᠪᠠᠷᠢᠮᠲᠠᠯᠠᠪᠠ ᠃

ᠣᠯᠠᠨ ᠪᠣᠬᠢᠷᠲᠤᠯ ᠪᠣᠳᠠᠰ ᠢ᠋ ᠬᠠᠮᠵᠢᠯᠴᠠᠨ ᠵᠠᠰᠠᠬᠤ ᠪᠠ ᠣᠷᠣᠨ ᠪᠦᠰᠡ ᠬᠠᠮᠲᠤᠷᠠᠨ ᠰᠡᠷᠭᠡᠢᠯᠡᠵᠦ᠍ ᠬᠠᠮᠲᠤᠷᠠᠨ ᠬᠢᠵᠠᠭᠠᠷᠯᠠᠬᠤ ᠵᠢ ᠴᠢᠬᠤᠯᠠᠴᠢᠯᠠᠵᠤ ᠂ ᠲᠤᠰᠭᠠᠶ ᠣᠷᠣᠨ ᠤ᠋ ᠲᠠᠰ ᠵᠢᠴᠢ ᠲᠡᠭᠦᠨ ᠡᠴᠡ ᠳᠡᠭᠡᠭ᠌ᠰᠢᠬᠢ ᠬᠣᠲᠠ ᠵᠢᠨ ᠠᠭᠠᠷ ᠤ᠋ᠨ ᠶᠠᠰᠤ ᠴᠢᠨᠠᠷ ᠱᠢᠯᠢᠳᠡᠭ ᠰᠠᠢᠨ ᠪᠣᠯᠤᠭ᠍ᠰᠠᠨ ᠡᠳᠦᠷ ᠤ᠋ᠨ ᠲᠣᠭ᠎ᠠ ᠵᠢᠨ ᠬᠠᠷᠢᠴᠠᠯ 86.5% ᠳ᠋ᠤ ᠬᠦᠷᠴᠦ᠍ ᠂ ᠵᠠᠭᠤᠨ ᠤ᠋ ᠬᠠᠷᠢᠴᠠᠯ ᠶ᠋ᠢᠡᠷ 4 ᠬᠤᠪᠢ ᠳᠡᠭᠡᠭ᠌ᠰᠢᠯᠡᠪᠡ ᠃

ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠡᠶ ᠪᠡᠷ ᠵᠠᠰᠠᠬᠤ ᠵᠢ ᠪᠠᠷᠢᠮᠲᠠᠯᠠᠵᠤ ᠂ ᠨᠢᠭᠡ ᠪᠦᠯᠦᠭ ᠴᠢᠬᠤᠯᠠ ᠶᠡᠬᠡ ᠠᠮᠢ ᠠᠬᠤᠢ ᠵᠢᠨ ᠢᠨᠵᠧᠨᠧᠷᠢᠩ ᠢ᠋ ᠬᠡᠷᠡᠭ᠌ᠵᠢᠭᠦᠯᠵᠦ᠍ ᠂ ᠭᠣᠣᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠵᠢᠨ ᠳᠦᠷᠢᠮ ᠂ ᠣᠢ ᠱᠢᠭᠤᠢ ᠵᠢᠨ ᠳᠠᠷᠤᠭ᠎ᠠ ᠵᠢᠨ ᠳᠦᠷᠢᠮ ᠢ᠋ ᠪᠦᠬᠦ᠌ ᠲᠠᠯ᠎ᠠ ᠪᠡᠷ ᠬᠡᠷᠡᠭ᠌ᠵᠢᠭᠦᠯᠪᠡ ᠃

ᠣᠶ ᠱᠢᠭᠤᠶ ᠵᠢᠨ ᠪᠦᠷᠬᠦᠴᠡ ᠵᠢᠨ ᠨᠣᠷᠮ᠎ᠠ ᠂ ᠨᠤᠭᠤ ᠭᠠᠵᠠᠷ ᠤ᠋ᠨ ᠬᠠᠮᠠᠭᠠᠯᠠᠯᠲᠠ ᠵᠢᠨ ᠨᠣᠷᠮ᠎ᠠ ᠵᠢ ᠲᠣᠰ ᠲᠣᠰ 24% ᠪᠠ 50% ᠡᠴᠡ ᠳᠡᠭᠡᠭ᠌ᠰᠢ ᠬᠦᠷᠬᠡᠵᠤ ᠂ ᠬᠥᠷᠥᠰᠥ᠍ ᠱᠢᠷᠣᠶ ᠵᠢᠨ ᠢᠳᠡᠭ᠌ᠳᠡᠯ ᠂ ᠴᠥᠯᠯᠡᠷᠬᠡᠭ᠌ᠵᠢᠯ ᠂ ᠡᠯᠡᠰᠦᠷᠬᠡᠭ᠌ᠵᠢᠯ ᠤ᠋ᠨ ᠲᠠᠯᠠᠪᠠᠶ ᠵᠢ ᠲᠣᠰ ᠲᠣᠰ 10.6 ᠲᠦᠮᠡ ᠂ 3.8 ᠲᠦᠮᠡ ᠪᠠ 3.3 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠶ᠋ᠢᠡᠷ ᠴᠡᠪᠡᠷ ᠪᠠᠭᠠᠰᠭᠠᠪᠠ ᠃

ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ ᠵᠢ ᠪᠠᠭᠤᠷᠠᠭᠤᠯᠬᠤ ᠵᠢ ᠯᠠᠪᠳᠠᠭᠤᠨ ᠶ᠋ᠢᠡᠷ ᠠᠬᠢᠭᠤᠯᠪᠡ ᠃

ᠡᠨᠧᠷᠭᠢ ᠵᠢᠨ ᠪᠦᠲᠦᠴᠡ ᠵᠢ ᠱᠢᠯᠢᠳᠡᠭ᠌ᠵᠢᠭᠦᠯᠵᠦ᠍ ᠂ ᠬᠡᠲᠦ ᠳᠤᠤᠷ᠎ᠠ ᠭᠠᠳᠠᠭ᠍ᠰᠢᠯᠠᠭᠤᠯᠤᠯᠲᠠ ᠵᠢ ᠪᠡᠶᠡᠯᠡᠭᠦᠯᠵᠦ᠂ ᠨᠡᠭᠦᠷᠡᠰᠦ ᠴᠠᠬᠢᠯᠭᠠᠨ ᠤ᠋ ᠮᠠᠱᠢᠨ ᠴᠣᠭ᠍ᠴᠠᠯᠠᠪᠤᠷᠢ 10.5 ᠳ᠋ᠦᠩᠱᠢᠭᠤᠷ ᠺᠢᠯᠦᠸᠠᠲ ᠢ᠋ ᠳᠠᠪᠠᠵᠤ ᠂ ᠳᠠᠬᠢᠯᠳᠠ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠬᠡᠪᠴᠢᠶ᠎ᠡ 6.5 ᠳ᠋ᠦᠩᠱᠢᠭᠤᠷ ᠺᠢᠯᠦᠸᠠᠲ ᠪᠠᠢᠭ᠍ᠰᠠᠨ ᠡᠴᠡ 12 ᠳ᠋ᠦᠩᠱᠢᠭᠤᠷ ᠺᠢᠯᠦᠸᠠᠲ ᠡᠴᠡ ᠳᠡᠭᠡᠭ᠌ᠰᠢ ᠪᠣᠯᠲᠠᠯ᠎ᠠ ᠨᠡᠮᠡᠭ᠌ᠳᠡᠵᠦ᠍ ᠂ ᠴᠡᠪᠡᠷ ᠡᠨᠧᠷᠭᠢ ᠵᠢᠨ ᠬᠡᠷᠡᠭ᠌ᠯᠡᠭᠡ ᠵᠢᠨ ᠡᠵᠡᠯᠡᠬᠦ᠌ ᠬᠠᠷᠢᠴᠠᠯ 20.8% ᠪᠠᠢᠭ᠍ᠰᠠᠨ ᠡᠴᠡ 25% ᠡᠴᠡ ᠳᠡᠭᠡᠭ᠌ᠰᠢ ᠪᠣᠯᠲᠠᠯ᠎ᠠ ᠳᠡᠭᠡᠭ᠌ᠰᠢᠯᠡᠪᠡ ᠃

(ᠶᠢᠰᠦ) ᠠᠷᠠᠳ ᠤ᠋ᠨ ᠠᠮᠢᠳᠤᠷᠠᠯ ᠢ᠋ ᠦᠨᠡᠨ ᠬᠦ᠌ ᠪᠠᠲᠤᠯᠠᠨ ᠰᠠᠢᠵᠢᠷᠠᠭᠤᠯᠵᠤ ᠂ ᠨᠡᠢᠭᠡᠮ ᠤ᠋ᠨ ᠥᠢᠯᠡᠰ ᠤ᠋ᠨ ᠬᠥᠭ᠌ᠵᠢᠯᠲᠡ ᠵᠢ ᠲᠦᠷᠭᠡᠳᠭᠡᠪᠡ

ᠰᠤᠷᠭᠠᠨ ᠬᠥᠮᠦᠵᠢᠯ ᠤ᠋ᠨ ᠲᠦᠪ ᠭᠤᠤᠯᠴᠢ ᠪᠠᠢᠬᠤ ᠪᠠ ᠶᠠᠰᠤ ᠴᠢᠨᠠᠷ ᠢ᠋ ᠳᠡᠭᠡᠭ᠌ᠰᠢᠯᠡᠬᠦᠯᠬᠦ᠌ ᠵᠢ ᠠᠬᠢᠭᠤᠯᠪᠡ ᠃

ᠤᠯᠤᠰ ᠤ᠋ᠨ ᠳᠣᠲᠣᠭᠠᠳᠤ ᠵᠢᠨ ᠥᠢᠯᠡᠳᠪᠦᠷᠢᠯᠡᠯ ᠤ᠋ᠨ ᠶᠠᠷᠤᠩᠬᠡᠢ ᠦᠷᠳᠡᠭ ᠲᠦ᠍ ᠡᠵᠡᠯᠡᠬᠦ᠌ ᠡᠳ᠋ ᠤ᠋ᠨ ᠵᠠᠰᠠᠭ ᠤ᠋ᠨ ᠴᠢᠨᠠᠷᠲᠠᠶ ᠰᠤᠷᠭᠠᠨ ᠬᠥᠮᠦᠵᠢᠯ ᠤ᠋ᠨ ᠵᠠᠷᠤᠳᠠᠯ ᠤ᠋ᠨ ᠬᠠᠷᠢᠴᠠᠯ ᠢ᠋ ᠵᠢᠯ ᠪᠦᠷᠢ ᠴᠥᠮ 4% ᠡᠴᠡ ᠳᠡᠭᠡᠭ᠌ᠰᠢ ᠪᠠᠢᠯᠭᠠᠬᠤ ᠵᠢ ᠪᠠᠳᠤᠯᠠᠵᠤ ᠂ ᠰᠤᠷᠤᠭ᠍ᠴᠢ ᠵᠢᠨ ᠬᠦᠮᠦᠨ ᠳᠤᠮᠳᠠᠴᠢ ᠵᠢᠨ ᠵᠠᠷᠤᠳᠠᠯ ᠤ᠋ᠨ ᠪᠡᠯᠡ ᠤᠷᠤᠭᠤᠯᠤᠯᠳᠠ ᠶᠡᠭᠡ ᠬᠡᠮᠵᠢᠶ᠎ᠡ ᠪᠡᠷ ᠨᠡᠮᠡᠭ᠌ᠳᠡᠪᠡ ᠃

ᠱᠢᠮ᠎ᠡ ᠲᠡᠵᠢᠭᠡᠯ ᠢ᠋ ᠰᠠᠢᠵᠢᠷᠠᠭᠤᠯᠬᠤ ᠲᠥᠯᠥᠪᠯᠡᠭᠡ ᠵᠢ ᠦᠷᠭᠦᠯᠵᠢᠯᠡᠨ ᠬᠡᠷᠡᠭ᠌ᠵᠢᠭᠦᠯᠵᠦ᠍ ᠂ ᠵᠢᠯ ᠪᠦᠷᠢ 3700 ᠲᠦᠮᠡ ᠭᠠᠷᠤᠶ ᠰᠣᠷᠣᠭ᠍ᠴᠢ ᠳ᠋ᠦ ᠠᠱᠢᠭ ᠬᠦᠷᠲᠡᠭᠡᠪᠡ ᠃

《ᠰᠠᠭᠤᠷᠢ ᠵᠢ ᠴᠢᠩᠭᠠᠳᠭᠠᠬᠤ ᠲᠥᠯᠥᠪᠯᠡᠭᠡ》 ᠪᠠ ᠰᠠᠭᠤᠷᠢ ᠱᠢᠨᠵᠢᠯᠡᠭᠡᠨ ᠤ᠋ ᠣᠷᠣᠢᠯᠠᠭ᠍ᠰᠠᠨ ᠴᠢᠳᠠᠪᠤᠷᠢᠲᠠᠨ ᠢ᠋ ᠬᠥᠮᠦᠵᠢᠭᠦᠯᠬᠦ᠌ ᠲᠥᠯᠥᠪᠯᠡᠭᠡ ᠵᠢ ᠭᠦᠨᠵᠡᠭᠡᠢ ᠬᠡᠷᠡᠭ᠌ᠵᠢᠭᠦᠯᠵᠦ᠍ ᠂ ᠰᠠᠭᠤᠷᠢ ᠱᠢᠨᠵᠢᠯᠡᠭᠡᠨ ᠤ᠋ ᠣᠷᠣᠢᠯᠠᠭ᠍ᠰᠠᠨ ᠰᠤᠷᠤᠭ᠍ᠴᠢᠳ ᠢ᠋ ᠬᠥᠮᠦᠵᠢᠭᠦᠯᠬᠦ᠌ ᠰᠠᠭᠤᠷᠢᠨ ᠢ᠋ 288 ᠪᠠᠢᠭᠤᠯᠵᠤ ᠂ ᠳᠡᠯᠡᠬᠡᠢ ᠵᠢᠨ ᠲᠡᠷᠢᠭᠦᠨ ᠵᠡᠷᠭᠡ ᠵᠢᠨ ᠶᠡᠬᠡ ᠰᠤᠷᠭᠠᠭᠤᠯᠢ ᠪᠠ ᠲᠡᠷᠢᠭᠦᠨ ᠵᠡᠷᠭᠡ ᠵᠢᠨ ᠱᠢᠨᠵᠢᠯᠡᠭᠡᠨ ᠤ᠋ ᠰᠠᠯᠠᠭ᠎ᠠ ᠵᠢᠨ ᠪᠠᠢᠭᠤᠯᠤᠯᠲᠠ ᠵᠢ ᠦᠷᠭᠦᠯᠵᠢᠯᠡᠨ ᠠᠬᠢᠭᠤᠯᠪᠠ ᠃

ᠡᠮᠴᠢᠯᠡᠬᠡᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠴᠢᠳᠠᠪᠤᠷᠢ ᠵᠢ ᠳᠡᠭᠡᠭ᠌ᠰᠢᠯᠡᠭᠦᠯᠪᠡ ᠃

ᠦᠨᠳᠦᠰᠦᠨ ᠡᠮᠴᠢᠯᠡᠬᠡᠨ ᠤ᠋ ᠳᠠᠭᠠᠳᠭᠠᠯ ᠪᠠ ᠬᠦᠨᠳᠦ ᠡᠪᠡᠳᠴᠢᠨ ᠤ᠋ ᠳᠠᠭᠠᠳᠭᠠᠯ ᠤ᠋ᠨ ᠲᠦᠪᠱᠢᠨ ᠢ᠋ ᠦᠷᠭᠦᠯᠵᠢᠯᠡᠨ ᠳᠡᠭᠡᠭ᠌ᠰᠢᠯᠡᠭᠦᠯᠵᠦ᠍ ᠂ ᠬᠣᠲᠠ ᠬᠥᠳᠡᠭᠡ ᠵᠢᠨ ᠰᠠᠭᠤᠭᠠᠯᠢ ᠠᠷᠠᠳ ᠤ᠋ᠨ ᠡᠮᠴᠢᠯᠡᠬᠡᠨ ᠤ᠋ ᠳᠠᠭᠠᠳᠭᠠᠯ ᠤ᠋ᠨ ᠬᠥᠮᠦᠨ ᠳᠤᠮᠳᠠᠴᠢ ᠵᠢᠨ ᠡᠳ᠋ ᠤ᠋ᠨ ᠵᠠᠰᠠᠭ ᠤ᠋ᠨ ᠨᠥᠬᠥᠪᠥᠷᠢ ᠵᠢᠨ ᠪᠠᠷᠢᠮᠵᠢᠶ᠎ᠠ ᠵᠢ 450 ᠲᠥᠭᠥᠷᠢᠭ ᠪᠠᠢᠭ᠍ᠰᠠᠨ ᠡᠴᠡ 610 ᠲᠥᠭᠥᠷᠢᠭ ᠪᠣᠯᠭᠠᠨ ᠳᠡᠭᠡᠭ᠌ᠰᠢᠯᠡᠭᠦᠯᠪᠡ ᠃

ᠨᠡᠡᠭ ᠣᠯᠠᠨ ᠠᠷᠠᠳ ᠲᠦᠮᠡᠨ ᠤ᠋ ᠪᠠᠴᠢᠮ ᠬᠡᠷᠡᠭ᠌ᠰᠡᠬᠦ᠌ ᠡᠮ ᠤ᠋ᠨ ᠵᠦᠶ᠋ᠯ ᠢ᠋ ᠡᠮᠴᠢᠯᠡᠬᠡᠨ ᠤ᠋ ᠳᠠᠭᠠᠳᠭᠠᠯ ᠤ᠋ᠨ ᠲᠠᠩᠰᠠ ᠲᠠᠢᠯᠬᠤ ᠬᠡᠪᠴᠢᠶᠡᠨ ᠳ᠋ᠤ ᠣᠷᠣᠭᠤᠯᠪᠠ ᠃

ᠡᠮᠨᠡᠯᠭᠡ ᠳ᠋ᠦ ᠰᠠᠭᠤᠭ᠍ᠰᠠᠨ ᠵᠠᠷᠤᠳᠠᠯ ᠪᠠ ᠡᠭᠦᠳᠡᠨ ᠡᠮᠨᠡᠯᠭᠡ ᠵᠢᠨ ᠵᠠᠷᠤᠳᠠᠯ ᠢ᠋ ᠮᠤᠵᠢ ᠠᠯᠤᠰᠯᠠᠨ ᠱᠢᠭᠤᠳ ᠲᠠᠰᠤᠯᠤᠨ ᠪᠤᠳᠤᠬᠤ ᠪᠤᠯᠭᠠᠵᠥ᠍ ᠂ ᠠᠱᠢᠭ ᠬᠦᠷᠲᠡᠭᠡᠭ᠌ᠰᠡᠨ ᠬᠡᠮᠵᠢᠶ᠎ᠠ 5700 ᠲᠦᠮᠡ ᠭᠠᠷᠤᠶ  ᠬᠥᠮᠦᠨ ᠤᠳᠠᠭ᠎ᠠ ᠳ᠋ᠦ ᠬᠥᠷᠪᠡ ᠃

ᠡᠮ ᠤ᠋ᠨ ᠵᠥᠢᠯᠡᠰ ᠪᠠ ᠡᠮᠨᠡᠯᠭᠡ ᠵᠢᠨ ᠬᠡᠷᠡᠭ᠌ᠯᠡᠭᠡᠨ ᠤ᠋ ᠬᠤᠷᠤᠬ᠍ᠳᠠᠯ ᠮᠠᠲ᠋ᠧᠷᠢᠶᠠᠯ ᠢ᠋ ᠲᠥᠪᠯᠡᠷᠡᠭᠦᠯᠦᠨ ᠬᠡᠮᠵᠢᠶᠡᠵᠢᠬᠦᠯᠵᠦ᠍ ᠬᠤᠳᠠᠯᠳᠤᠨ ᠠᠪᠬᠤ ᠵᠢ ᠬᠡᠷᠡᠭ᠌ᠵᠢᠭᠦᠯᠵᠦ᠍ ᠂ ᠵᠠᠷᠤᠳᠠᠯ ᠤ᠋ᠨ ᠳᠠᠷᠤᠭᠠᠰᠤ ᠵᠢ ᠬᠥᠡᠭ᠌ᠭᠡᠷᠡᠭᠦᠯᠥᠭ᠌ᠰᠡᠨ ᠬᠡᠮᠵᠢᠶ᠎ᠠ 4000 ᠳ᠋ᠦᠩᠱᠢᠭᠤᠷ ᠲᠥᠭᠦᠷᠢᠭ ᠡᠴᠡ ᠲᠠᠪᠠᠪᠠ ᠃

ᠤᠯᠤᠰ ᠤ᠋ᠨ ᠠᠨᠠᠭᠠᠬᠤ ᠤᠬᠠᠭᠠᠨ ᠤ᠋ ᠲᠥᠪ ᠢ᠋ 13 ᠪᠠᠢᠭᠤᠯᠵᠤ ᠂ ᠤᠯᠤᠰ ᠤ᠋ᠨ ᠣᠷᠣᠨ ᠪᠦᠰᠡ ᠵᠢᠨ ᠡᠮᠴᠢᠯᠡᠭᠡᠨ ᠤ᠋ ᠲᠥᠪ ᠢ᠋ 76 ᠪᠠᠢᠷᠢᠯᠠᠭᠤᠯᠤᠨ ᠪᠠᠢᠭᠤᠯᠪᠠ ᠃

ᠠᠯᠪᠠᠨ ᠡᠴᠡ ᠪᠠᠢᠭᠤᠯᠤᠭ᠍ᠰᠠᠨ ᠡᠮᠨᠡᠯᠭᠡ ᠵᠢᠨ ᠬᠣᠷᠢᠶ᠎ᠠ ᠵᠢᠨ ᠶᠡᠷᠦᠩᠬᠡᠢᠯᠡᠭ᠌ᠰᠡᠨ ᠥᠭᠡᠷᠡᠴᠢᠯᠡᠯᠲᠡ ᠵᠢ ᠪᠥᠬᠥ᠌ ᠲᠠᠯ᠎ᠠ ᠪᠡᠷ ᠶᠠᠪᠤᠭᠤᠯᠵᠤ ᠂ ᠱᠢᠶᠠᠨ ᠤ᠋ ᠬᠡᠪᠴᠢᠶᠡᠨ ᠤ᠋ ᠡᠮᠴᠢᠯᠡᠭᠡᠨ ᠡᠷᠡᠭᠦᠯ ᠬᠠᠮᠠᠭᠠᠯᠠᠯ ᠤ᠋ᠨ ᠦᠶ᠋ᠯᠡᠴᠢᠯᠡᠭᠡᠨ ᠤ᠋ ᠴᠢᠳᠠᠪᠤᠷᠢ ᠵᠢ ᠦᠷᠭᠦᠯᠵᠢᠯᠡᠨ ᠳᠡᠭᠡᠭ᠌ᠰᠢᠯᠡᠭᠦᠯᠵᠦ᠍ ᠂ ᠱᠠᠲᠤ ᠬᠤᠪᠢᠶᠠᠨ ᠣᠨᠣᠱᠢᠯᠠᠨ ᠡᠮᠨᠡᠬᠦ᠌ ᠱᠢᠰᠲ᠋ᠧᠮ ᠢ᠋ ᠲᠡᠭᠦᠯᠳᠡᠷᠵᠢᠭᠦᠯᠪᠡ ᠃

ᠤᠯᠠᠨ ᠨᠡᠢᠲᠡ ᠵᠢᠨ ᠡᠷᠡᠭᠦᠯ ᠬᠠᠮᠠᠭᠠᠯᠠᠯ ᠤ᠋ᠨ ᠦᠨᠳᠦᠰᠦᠨ ᠦᠢᠯᠡᠴᠢᠯᠡᠭᠡᠨ ᠤ᠋ ᠵᠠᠷᠤᠳᠠᠯ ᠤ᠋ᠨ ᠬᠥᠮᠦᠨ ᠳᠤᠮᠳᠠᠴᠢ ᠵᠢᠨ ᠡᠳ᠋ ᠤ᠋ᠨ ᠵᠠᠰᠠᠭ ᠤ᠋ᠨ ᠨᠥᠬᠥᠪᠥᠷᠢ ᠵᠢᠨ ᠪᠠᠷᠢᠮᠵᠢᠶ᠎ᠠ ᠵᠢ 50 ᠲᠥᠭᠥᠷᠢᠭ ᠪᠠᠢᠭ᠍ᠰᠠᠨ ᠡᠴᠡ 84 ᠲᠥᠭᠥᠷᠢᠭ ᠪᠣᠯᠭᠠᠨ ᠳᠡᠭᠡᠭ᠌ᠰᠢᠯᠡᠭᠦᠯᠪᠡ ᠃

ᠨᠡᠢᠭᠡᠮ ᠤ᠋ᠨ ᠪᠠᠲᠤᠯᠠᠭ᠎ᠠ ᠪᠠ ᠦᠢᠯᠡᠴᠢᠯᠡᠭᠡ ᠵᠢ ᠴᠢᠩᠭᠠᠳᠭᠠᠪᠠ ᠃

ᠠᠷᠠᠳ ᠤᠯᠠᠨ ᠤ᠋ ᠤᠶᠤᠨ ᠤ᠋ ᠰᠣᠶᠣᠯ ᠤ᠋ᠨ ᠠᠮᠢᠳᠤᠷᠠᠯ ᠢ᠋ ᠪᠠᠶᠠᠯᠢᠬ᠍ᠵᠢᠭᠤᠯᠪᠠ ᠃

(ᠠᠷᠪᠠ)  ᠵᠠᠰᠠᠭ ᠤ᠋ᠨ ᠣᠷᠳᠣᠨ ᠤ᠋ ᠲᠤᠱᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠬᠦ᠌ ᠪᠠ ᠵᠠᠰᠠᠯᠳᠡ ᠵᠢᠨ ᠱᠢᠨ᠎ᠡ ᠵᠢ ᠡᠭᠦᠳᠬᠦ᠌ ᠵᠢ ᠠᠬᠢᠭᠤᠯᠵᠤ ᠂ ᠨᠡᠢᠭᠡᠮ ᠤ᠋ᠨ ᠶᠡᠭᠡ ᠲᠠᠯ᠎ᠠ ᠵᠢᠨ ᠲᠣᠭ᠍ᠲᠠᠭᠤᠨ ᠪᠠᠢᠳᠠᠯ ᠢ᠋ ᠪᠠᠲᠤᠯᠠᠪᠠ

ᠬᠠᠤᠯᠢᠵᠢᠯ ᠤ᠋ᠨ ᠵᠠᠰᠠᠭ ᠤ᠋ᠨ ᠣᠷᠳᠣᠨ ᠤ᠋ ᠪᠠᠢᠭᠤᠯᠤᠯᠲᠠ ᠵᠢ ᠴᠢᠩᠭᠠᠳᠭᠠᠵᠤ ᠂ ᠠᠵᠤ ᠠᠬᠤᠢ ᠨᠡᠢᠭᠡᠮ ᠤ᠋ᠨ ᠠᠵᠢᠯᠯᠠᠭ᠎ᠠ ᠵᠢ ᠬᠠᠤᠯᠢᠵᠢᠯ ᠤ᠋ᠨ ᠵᠠᠮ ᠶ᠋ᠢᠡᠷ ᠨᠡᠩ ᠰᠠᠢ᠌ᠨ ᠶᠠᠪᠤᠭᠤᠯᠪᠠ ᠃

ᠨᠡᠢᠭᠡᠮ ᠤ᠋ᠨ ᠵᠠᠰᠠᠯᠳᠠ ᠵᠢ ᠴᠢᠩᠭᠠᠳᠭᠠᠵᠤ ᠨᠡᠢᠭᠡᠮ ᠤ᠋ᠨ ᠵᠠᠰᠠᠯᠳᠠ ᠵᠢᠨ ᠱᠢᠨ᠎ᠡ ᠵᠢ ᠡᠭᠦᠳᠪᠡ ᠃

ᠲᠠᠪᠤᠨ ᠵᠢᠯ ᠤ᠋ᠨ ᠲᠤᠷᠰᠢ ᠂ ᠡᠯ᠎ᠡ ᠱᠠᠲᠤᠨ ᠤ᠋ ᠵᠠᠰᠠᠭ ᠤ᠋ᠨ ᠣᠷᠳᠣᠨ ᠨᠠᠮ ᠤ᠋ᠨ ᠲᠥᠪ ᠬᠤᠷᠢᠶ᠎ᠠ ᠵᠢᠨ ᠪᠦᠬᠦ᠌ ᠲᠠᠯ᠎ᠠ ᠪᠡᠷ ᠨᠠᠮ ᠢ᠋ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ ᠵᠢᠨ ᠪᠠᠢᠷᠢᠯᠠᠭᠤᠯᠤᠯᠲᠠ ᠵᠢ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠦ᠍ ᠂ 《ᠤᠭ ᠰᠠᠨᠠᠭ᠎ᠠ ᠪᠠᠨ ᠦᠯᠦ᠍ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠌》 ᠭᠤᠤᠯ ᠰᠡᠳᠦᠪᠲᠦ ᠬᠥᠮᠦᠵᠢᠯ ᠪᠠ ᠨᠠᠮ ᠤ᠋ᠨ ᠲᠡᠦᠬᠡ ᠵᠢᠨ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍ ᠂ ᠠᠭᠤᠦ ᠶᠡᠭᠡ ᠨᠠᠮ ᠪᠠᠢᠭᠤᠯᠬᠤ ᠵᠣᠷᠢᠭ ᠰᠠᠨᠠᠭ᠎ᠠ ᠵᠢ ᠪᠠᠳᠠᠷᠠᠭᠤᠯᠤᠨ ᠂ ᠲᠥᠪ ᠤ᠋ᠨ ᠨᠠᠢ᠍ᠮᠠᠨ ᠲᠣᠭ᠍ᠲᠠᠭᠠᠯ ᠤ᠋ᠨ ᠵᠣᠷᠢᠭ ᠰᠠᠨᠠᠭ᠎ᠠ ᠵᠢ ᠴᠢᠩᠭ᠎ᠠ ᠨᠠᠢᠳᠠᠪᠤᠷᠢᠵᠢᠭᠤᠯᠵᠦ᠍ ᠂ 《ᠳᠥᠷᠪᠡᠨ ᠰᠤᠷᠲᠠᠯ》 ᠢ᠋ ᠱᠢᠨᠳᠠᠷᠠᠰᠢ ᠦᠭᠡᠢ ᠵᠠᠯᠠᠷᠠᠭᠤᠯᠤᠨ ᠵᠠᠰᠠᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ᠋ ᠭᠤᠤᠯᠳᠠᠯᠭ᠎ᠠ ᠲᠠᠢ ᠵᠠᠯᠠᠷᠠᠭᠤᠯᠤᠨ ᠵᠠᠰᠠᠵᠤ ᠂ 《ᠭᠤᠷᠪᠠᠨ ᠵᠦᠢᠯ ᠤ᠋ᠨ ᠠᠯᠪᠠᠨ ᠤ᠋ ᠵᠠᠷᠤᠳᠠᠯ》 ᠢ᠋ ᠶᠡᠭᠡ ᠪᠡᠷ ᠪᠠᠭᠠᠰᠭᠠᠨ ᠬᠠᠰᠤᠪᠠ ᠃

ᠥᠩᠭᠡᠷᠡᠭ᠌ᠰᠡᠨ ᠲᠠᠪᠤᠨ ᠵᠢᠯ ᠳ᠋ᠦ ᠦᠨᠳᠦᠰᠦᠲᠡᠨ ᠂ ᠱᠠᠱᠢᠨ ᠰᠤᠷᠲᠠᠬᠤᠨ ᠂ ᠬᠠᠷᠢᠶᠠᠲᠤ ᠨᠠᠷ ᠤ᠋ᠨ ᠶᠠᠪᠤᠳᠠᠯ ᠵᠡᠷᠭᠡ ᠵᠢᠨ ᠠᠵᠢᠯ ᠢ᠋ ᠱᠢᠨ᠎ᠡ ᠵᠢ ᠡᠭᠦᠳᠦᠨ ᠲᠡᠭᠦᠯᠳᠡᠷᠵᠢᠭᠦᠯᠪᠡ ᠃ ᠠᠷᠠᠳ ᠤ᠋ᠨ ᠴᠡᠷᠢᠭ ᠠᠩᠭᠢ ᠳ᠋ᠠᠬᠢ ᠨᠠᠮ ᠤ᠋ᠨ ᠬᠠᠷᠢᠴᠠᠯᠠᠰᠢᠬᠦᠢ ᠤᠳᠤᠷᠢᠳᠤᠯᠭ᠎ᠠ ᠵᠢ ᠪᠠᠷᠢᠮᠲᠠᠯᠠᠵᠦ᠍ ᠂ ᠤᠯᠤᠰ ᠤ᠋ᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠵᠢᠨ ᠪᠠᠢᠭᠤᠯᠤᠯᠲᠠ ᠠᠯᠢ ᠤᠯᠠᠨ ᠴᠢᠬᠤᠯᠠ ᠶᠡᠭᠡ ᠱᠢᠨ᠎ᠡ ᠠᠮᠵᠢᠯᠲᠠ ᠪᠦᠲᠦᠮᠵᠢ ᠣᠯᠵᠤ ᠂ ᠠᠯᠢ ᠤᠯᠠᠨ ᠴᠢᠬᠤᠯᠠ ᠶᠡᠭᠡ ᠬᠤᠪᠢᠰᠤᠯᠲᠠ ᠭᠠᠷᠪᠠ ᠃ ᠱᠢᠶᠠᠩᠭᠠᠩ ᠣᠣᠮᠧᠨ ᠲᠠᠢᠸᠠᠨ ᠤ᠋ ᠠᠵᠢᠯ ᠱᠢᠨ᠎ᠡ ᠠᠬᠢᠴᠠ ᠲᠠᠢ ᠪᠣᠯᠪᠠ ᠃ ᠳᠤᠮᠳᠠᠳᠤ ᠤᠯᠤᠰ ᠤ᠋ᠨ ᠣᠨᠴᠠᠯᠢᠭ ᠲᠠᠢ ᠲᠤᠮᠤ ᠤᠯᠤᠰ ᠤ᠋ᠨ ᠭᠠᠳᠠᠭᠠᠳᠤ ᠬᠠᠷᠢᠯᠴᠠᠭ᠎ᠠ ᠵᠢ ᠪᠦᠬᠦ᠌ ᠲᠠᠯ᠎ᠠ ᠪᠡᠷ ᠠᠬᠢᠭᠤᠯᠪᠠ ᠃

ᠡᠳᠡᠭᠡᠷ ᠵᠢᠯ ᠤ᠋ᠳ ᠲᠦ᠍ ᠮᠠᠨ ᠤ᠋ ᠤᠯᠤᠰ ᠤ᠋ᠨ ᠬᠥᠭ᠌ᠵᠢᠯᠲᠡ ᠵᠢᠨ ᠣᠯᠤᠭ᠍ᠰᠠᠨ ᠠᠮᠵᠢᠯᠲᠠ ᠪᠦᠲᠦᠮᠵᠢ ᠪᠤᠯ ᠰᠢ ᠵᠢᠨ ᠫᠢᠩ ᠨᠥᠬᠦᠷ ᠶ᠋ᠢᠡᠷ ᠭᠤᠤᠯ ᠪᠤᠯᠭᠠᠭᠰᠠᠨ ᠨᠠᠮ ᠤ᠋ᠨ ᠲᠥᠪ ᠬᠤᠷᠢᠶᠠᠨ ᠤ᠋ ᠪᠠᠲᠤ ᠴᠢᠡᠭᠭ᠎ᠠ ᠤᠳᠤᠷᠢᠳᠤᠯᠭ᠎ᠠ ᠶ᠋ᠢᠨ ᠦᠷ᠎ᠡ ᠳ᠋ᠦᠩ ᠮᠥᠨ ᠂ ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠵᠢᠨ ᠱᠢᠨᠵᠢᠯᠡᠬᠦ᠌ ᠤᠬᠠᠭᠠᠨᠴᠢ ᠪᠡᠷ ᠵᠢᠯᠣᠭᠤᠳᠤᠭ᠍ᠰᠠᠨ ᠤ᠋ ᠦᠷ᠎ᠡ ᠳ᠋ᠦᠩ ᠮᠥᠨ ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ ᠤ᠋ᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠪᠦᠯᠬᠦᠮᠳᠡᠨ ᠲᠡᠮᠡᠴᠡᠭ᠌ᠰᠡᠨ ᠤ᠋ ᠦᠷ᠎ᠡ ᠳ᠋ᠦᠩ ᠮᠥᠨ᠃


ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠲᠤᠬᠠᠶ ᠰᠠᠨᠠᠭᠤᠯᠭ᠎ᠠ  2023


ᠡᠨᠡ ᠵᠢᠯ ᠪᠣᠯ ᠨᠠᠮ ᠤ᠋ᠨ ᠬᠤᠷᠢᠳᠤᠭᠠᠷ ᠶᠡᠭᠡ ᠬᠤᠷᠠᠯ ᠤ᠋ᠨ ᠵᠣᠷᠢᠭ ᠰᠠᠨᠠᠭ᠎ᠠ ᠵᠢ ᠪᠦᠬᠦ᠌ ᠲᠠᠯ᠎ᠠ ᠪᠡᠷ ᠲᠤᠭᠤᠱᠢᠯᠠᠭᠤᠯᠬᠤ ᠡᠬᠢᠯᠡᠯᠳᠡ ᠶ᠋ᠢᠨ ᠵᠢᠯ ᠮᠥᠨ᠃ ᠵᠠᠰᠠᠭ ᠤ᠋ᠨ ᠣᠷᠳᠣᠨ ᠤ᠋ ᠠᠵᠢᠯ ᠢ᠋ ᠰᠠᠢᠲᠤᠷ ᠬᠢᠬᠦ᠌ ᠳ᠋ᠤ ᠰᠢ ᠶ᠋ᠢᠨ ᠫᠢᠩ ᠨᠥᠬᠦᠷ ᠶ᠋ᠢᠡᠷ ᠭᠤᠣᠯ ᠪᠤᠯᠭᠠᠬ᠍ᠰᠠᠨ ᠨᠠᠮ ᠤ᠋ᠨ ᠲᠥᠪ ᠬᠤᠷᠢᠶᠠᠨ ᠤ᠋ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ ᠂ ᠰᠢ ᠶ᠋ᠢᠨ ᠫᠢᠩ ᠤ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠣᠯᠭᠠᠨ ᠂ ᠨᠠᠮ ᠤ᠋ᠨ ᠬᠤᠷᠢᠳᠤᠭᠠᠷ ᠶᠡᠭᠡ ᠬᠤᠷᠠᠯ ᠤ᠋ᠨ ᠵᠣᠷᠢᠭ ᠰᠠᠨᠠᠭ᠎ᠠ ᠵᠢ ᠪᠦᠬᠦ᠌ ᠲᠠᠯ᠎ᠠ ᠪᠡᠷ ᠲᠤᠭᠤᠱᠢᠯᠠᠭᠤᠯᠤᠨ ᠨᠠᠢᠳᠠᠪᠤᠷᠢᠵᠢᠭᠤᠯᠵᠦ᠍ ᠂ ᠲᠥᠪ ᠤ᠋ᠨ ᠠᠵᠤ ᠠᠬᠤᠢ ᠶ᠋ᠢᠨ ᠠᠵᠢᠯ ᠤ᠋ᠨ ᠬᠤᠷᠠᠯ ᠤ᠋ᠨ ᠪᠠᠢᠷᠢᠯᠠᠭᠤᠯᠤᠯᠲᠠ ᠶᠣᠰᠣᠭᠠᠷ ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠲᠣᠭ᠍ᠲᠠᠭᠤᠨ ᠤ᠋ ᠲᠤᠮᠳᠠ ᠤᠷᠤᠭ᠍ᠰᠢᠯᠠᠭᠤᠯᠬᠤ ᠠᠵᠢᠯ ᠤ᠋ᠨ ᠶᠡᠷᠦᠩᠭᠡᠢ ᠬᠥᠭ ᠠᠶᠠᠰ ᠢ᠋ ᠪᠠᠷᠢᠮᠲᠠᠯᠠᠨ᠂ ᠱᠢᠨ᠎ᠡ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ᠋ ᠪᠦᠷᠢᠨ ᠪᠦᠲᠦᠨ ᠂ ᠵᠦᠪ ᠣᠨᠣᠪᠴᠢᠲᠠᠶ᠂ ᠪᠦᠬᠦ᠌ ᠲᠠᠯ᠎ᠠ ᠪᠡᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ ᠶ᠋ᠢᠨ ᠪᠠᠢᠷᠢᠱᠢᠯ ᠢ᠋ ᠲᠦᠷᠭᠡᠳᠭᠡᠨ  ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ ᠵᠢ ᠬᠦᠴᠦᠯᠡᠨ ᠠᠬᠢᠭᠤᠯᠵᠤ᠂ ᠤᠯᠤᠰ ᠤ᠋ᠨ ᠳᠤᠳᠤᠭᠠᠳᠤ ᠭᠠᠳᠠᠭᠠᠳᠤ ᠬᠤᠶᠠᠷ ᠶᠡᠭᠡ ᠲᠠᠯ᠎ᠠ ᠵᠢ ᠨᠡᠩ ᠰᠠᠢᠳᠤᠷ ᠨᠢᠬᠡᠳᠦᠯᠳᠠᠢ ᠲᠦᠯᠦᠪᠯᠡᠨ ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠥ ᠪᠠ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠢ ᠨᠡᠩ ᠰᠠᠢᠲᠤᠷ ᠨᠢᠭᠡᠳᠦᠯᠲᠡᠶ ᠲᠥᠯᠥᠪᠯᠡᠵᠦ᠍ ᠂ ᠬᠥᠭ᠌ᠵᠢᠯᠲᠡ ᠪᠠ ᠠᠮᠤᠷ ᠲᠦᠪᠱᠢᠨ ᠢ᠋ ᠨᠡᠩ ᠰᠠᠢᠲᠤᠷ ᠨᠢᠭᠡᠳᠦᠯᠲᠡᠶ ᠲᠥᠯᠦᠪᠯᠡᠵᠦ᠍᠂ ᠥᠭᠡᠷᠡᠴᠢᠯᠡᠯᠲᠡ ᠨᠡᠭᠡᠭᠡᠯᠲᠡ ᠵᠢ ᠪᠦᠬᠦ᠌ ᠲᠠᠯ᠎ᠠ ᠪᠡᠷ ᠭᠦᠨᠵᠡᠭᠡᠢᠷᠡᠭᠦᠯᠤᠨ ᠂ ᠵᠠᠬ᠎ᠠ ᠳᠡᠯᠭᠡᠭᠦᠷ ᠤ᠋ᠨ ᠢᠲᠡᠭᠡᠯ ᠢ᠋ ᠶᠡᠭᠡ ᠪᠡᠷ ᠬᠦᠪᠴᠢᠯᠡᠵᠦ᠍ ᠂ ᠳᠣᠲᠣᠭᠠᠳᠤ ᠬᠡᠷᠡᠭ᠌ᠴᠡᠭᠡ ᠵᠢ ᠥᠷᠭᠡᠳᠭᠡᠬᠦ᠌ ᠪᠠᠢᠯᠳᠤᠬᠤ ᠪᠣᠳᠣᠯᠭ᠎ᠠ ᠵᠢ ᠬᠡᠷᠡᠭ᠌ᠵᠢᠭᠦᠯᠬᠦ᠌ ᠵᠢ ᠬᠠᠩᠭᠠᠯᠭ᠎ᠠ ᠶ᠋ᠢᠨ ᠲᠠᠯ᠎ᠠ ᠶ᠋ᠢᠨ ᠪᠦᠲᠦᠴᠡ ᠶ᠋ᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠢᠷᠡᠭᠦᠯᠬᠦ᠌᠎ᠯᠦᠭᠡ ᠣᠷᠭᠠᠨᠢᠭ ᠶ᠋ᠢᠡᠷ ᠤᠶᠠᠯᠳᠤᠭᠤᠯᠵᠤ ᠂ ᠨᠡᠮᠡᠭ᠌ᠳᠡᠯ ᠢ᠋ ᠲᠣᠭ᠍ᠲᠠᠭᠤᠨ ᠪᠠᠢᠯᠭᠠᠬᠤ᠂ ᠠᠵᠢᠯ ᠣᠯᠭᠤᠯᠲᠠ ᠵᠢ ᠲᠣᠭ᠍ᠲᠠᠭᠤᠨ ᠪᠠᠢᠯᠭᠠᠬᠤ ᠂ ᠪᠠᠷᠠᠭᠠᠨ ᠤ᠋ ᠦᠨ᠎ᠡ ᠬᠠᠩᠰᠢ ᠵᠢ ᠲᠣᠭ᠍ᠲᠠᠭᠤᠨ ᠪᠠᠢᠯᠭᠠᠬᠤ ᠠᠵᠢᠯ ᠢ᠋ ᠲᠣᠪᠤᠢᠯᠭᠠᠨ ᠰᠠᠢᠲᠤᠷ ᠬᠢᠵᠦ᠍ ᠂ ᠬᠦᠨᠳᠦ ᠶᠡᠭᠡ ᠠᠶᠤᠯ ᠲᠦᠭ᠌ᠰᠢᠭᠦᠷᠢ ᠵᠢ ᠪᠦᠲᠦᠮᠵᠢᠲᠡᠶ ᠰᠡᠷᠭᠡᠢᠯᠡᠨ ᠠᠷᠢᠯᠭᠠᠵᠤ ᠂ ᠠᠵᠤ ᠠᠬᠤᠢ ᠶ᠋ᠢᠨ ᠡᠷᠬᠢᠯᠳᠡ ᠵᠢᠨ ᠪᠦᠬᠦᠯᠢ ᠴᠣᠭ᠍ᠴᠠ ᠶ᠋ᠢᠨ ᠰᠠᠢᠵᠢᠷᠠᠯᠲᠠ ᠵᠢ ᠠᠬᠢᠭᠤᠯᠤᠨ ᠂ ᠶᠠᠰᠤ ᠴᠢᠨᠠᠷ ᠢ᠋ ᠪᠦᠲᠦᠮᠵᠢᠲᠡᠶ ᠳᠡᠭᠡᠭ᠌ᠰᠢᠯᠡᠭᠦᠯᠬᠦ᠌ ᠪᠠ ᠲᠤᠭ᠎ᠠ ᠬᠡᠮᠵᠢᠶ᠎ᠡ ᠵᠢ ᠵᠦᠶ ᠵᠣᠬᠢᠰᠲᠠᠶ ᠨᠡᠮᠡᠭ᠌ᠳᠡᠭᠦᠯᠬᠦ᠌ ᠵᠢ ᠪᠡᠶᠡᠯᠡᠭᠦᠯᠵᠦ᠍ ᠂ ᠠᠷᠠᠳ ᠤ᠋ᠨ ᠠᠮᠢᠳᠤᠷᠠᠯ ᠢ᠋ ᠦᠷᠭᠦᠯᠵᠢᠯᠡᠨ ᠰᠠᠢᠵᠢᠷᠠᠭᠤᠯᠵᠦ᠍ ᠂ ᠨᠡᠢᠭᠡᠮ ᠤ᠋ᠨ ᠶᠡᠭᠡ ᠲᠠᠯ᠎ᠠ ᠶ᠋ᠢᠨ ᠲᠣᠭ᠍ᠲᠠᠭᠤᠨ ᠪᠠᠢᠳᠠᠯ ᠢ᠋ ᠪᠠᠲᠤᠯᠠᠵᠤ ᠂ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ ᠪᠡᠷ ᠪᠦᠳᠦᠭᠡᠨ ᠪᠠᠢᠭᠤᠯᠬᠤ ᠳ᠋ᠤ ᠡᠬᠢᠯᠡᠯᠲᠡ ᠤᠷᠤᠭ᠍ᠰᠢᠲᠠᠢ ᠭᠠᠷᠤᠭ᠎ᠠ ᠰᠠᠢᠲᠠᠢ ᠪᠠᠢᠯᠭᠠᠬᠤ ᠬᠡᠷᠡᠭ᠌ᠳᠠᠢ ᠃


ᠡᠨᠡ ᠵᠢᠯ ᠤ᠋ᠨ ᠬᠥᠭ᠌ᠵᠢᠯᠲᠡ ᠶ᠋ᠢᠨ ᠭᠤᠤᠯ ᠪᠤᠯᠬᠤ ᠵᠢᠱ᠌ᠢᠭ᠌ᠰᠡᠨ ᠬᠠᠷᠠᠯᠲᠠ ᠬᠡᠪᠡᠯ ᠄


ᠤᠯᠤᠰ ᠤ᠋ᠨ ᠳᠣᠲᠣᠭᠠᠳᠤ ᠶ᠋ᠢᠨ ᠦᠢᠯᠡᠳᠪᠦᠷᠢᠯᠡᠯ ᠤ᠋ᠨ ᠶᠡᠷᠤᠩᠬᠡᠢ ᠦᠷᠲᠡᠭ ᠢ᠋ 5% ᠣᠷᠴᠢᠮ ᠨᠡᠮᠡᠭ᠌ᠳᠡᠭᠦᠯᠦᠨ᠎ᠡ ᠃

ᠬᠤᠳᠠ ᠪᠠᠯᠭᠠᠰᠤᠨ ᠳ᠋ᠤ ᠠᠵᠢᠯ ᠤᠯᠤᠬ᠍ᠰᠠᠨ ᠬᠦᠮᠦᠨ ᠢ᠋ 1200 ᠲᠦᠮᠡ ᠣᠷᠴᠢᠮ ᠱᠢᠨ᠎ᠡ ᠪᠡᠷ ᠨᠡᠮᠡᠭ᠌ᠳᠡᠬᠦᠯᠵᠦ᠍ ᠂ ᠬᠤᠳᠠ ᠪᠠᠯᠭᠠᠰᠤᠨ ᠤ᠋ ᠪᠠᠢᠴᠠᠭᠠᠭ᠍ᠰᠠᠨ ᠠᠵᠢᠯ ᠠᠯᠳᠠᠯᠲᠠ ᠶ᠋ᠢᠨ ᠨᠤᠷᠮ᠎ᠠ ᠵᠢ  5.5% ᠣᠷᠴᠢᠮ ᠪᠠᠢᠯᠭᠠᠨ᠎ᠠ ᠃

ᠰᠠᠭᠤᠭᠠᠯᠢ ᠠᠷᠠᠳ ᠤ᠋ᠨ ᠬᠡᠷᠡᠭ᠌ᠯᠡᠭᠡᠨ ᠤ᠋ ᠦᠨ᠎ᠡ ᠬᠠᠩᠰᠢ ᠶ᠋ᠢᠨ ᠥᠰᠥᠯᠲᠡ ᠶ᠋ᠢᠨ ᠬᠡᠮᠵᠢᠶ᠎ᠡ ᠵᠢ 3% ᠣᠷᠴᠢᠮ ᠪᠠᠢᠯᠭᠠᠨ᠎ᠠ ᠃

ᠰᠠᠭᠤᠭᠠᠯᠢ ᠠᠷᠠᠳ ᠤ᠋ᠨ ᠣᠷᠣᠯᠭ᠎ᠠ ᠶ᠋ᠢᠨ ᠨᠡᠮᠡᠭ᠌ᠳᠡᠯ ᠢ᠋ ᠠᠵᠤ ᠠᠬᠤᠶ ᠶ᠋ᠢᠨ ᠨᠡᠮᠡᠭ᠌ᠳᠡᠯ ᠲᠠᠢ ᠦᠨᠳᠦᠰᠦᠨ ᠳ᠋ᠡᠭᠡᠨ ᠵᠢᠭ᠌ᠳᠡ ᠪᠠᠢᠯᠭᠠᠨ᠎ᠠ ᠃

ᠭᠠᠳᠠᠭᠠᠳᠤ ᠣᠷᠣᠭᠤᠯᠤᠯᠲᠠ ᠭᠠᠷᠭᠠᠯᠲᠠ ᠶ᠋ᠢᠨ ᠲᠣᠭ᠍ᠲᠠᠭᠤᠨ ᠪᠠᠢᠳᠡᠯ ᠢ᠋ ᠠᠬᠢᠭᠤᠯᠤᠨ ᠶᠠᠰᠤ ᠴᠢᠨᠠᠷ ᠢ᠋ ᠳᠡᠭᠡᠭ᠌ᠰᠢᠯᠡᠭᠦᠯᠵᠦ᠍ ᠂ ᠤᠯᠤᠰ ᠤ᠋ᠨ ᠬᠤᠭᠤᠷᠣᠨᠳᠣᠬᠢ ᠣᠷᠣᠯᠭ᠎ᠠ ᠵᠠᠷᠤᠯᠭ᠎ᠠ ᠵᠢ ᠦᠨᠳᠦᠰᠦᠨ ᠳ᠋ᠡᠭᠡᠨ ᠲᠡᠩᠴᠡᠭᠦᠷᠢᠲᠡᠶ ᠪᠠᠢᠯᠭᠠᠨ᠎ᠠ ᠃

ᠠᠮᠤ ᠪᠤᠳᠠᠭᠠᠨ ᠤ᠋ ᠤᠨᠠᠯᠲᠠ ᠵᠢ 1.3 ᠲᠦᠮᠡᠨ ᠳ᠋ᠦᠩᠱᠢᠭᠤᠷ ᠵᠢᠩ ᠡᠴᠡ ᠳᠡᠭᠡᠭ᠌ᠰᠢ ᠪᠠᠢᠯᠭᠠᠨ᠎ᠠ ᠃

ᠨᠢᠭᠡᠴᠢ ᠤᠯᠤᠰ ᠤ᠋ᠨ ᠳᠣᠲᠣᠭᠠᠳᠤ ᠶ᠋ᠢᠨ ᠦᠢᠯᠡᠳᠪᠦᠷᠢᠯᠡᠯ ᠤ᠋ᠨ ᠶᠡᠷᠤᠩᠬᠡᠢ ᠥᠷᠲᠡᠭ ᠤ᠋ᠨ ᠡᠨᠧᠷᠭᠢ ᠶ᠋ᠢᠨ ᠬᠤᠷᠣᠭ᠍ᠳᠠᠭᠤᠯᠤᠯ ᠪᠣᠯᠤᠨ ᠭᠤᠣᠯ ᠪᠣᠯᠬᠤ ᠪᠣᠬᠢᠷᠲᠤᠯ ᠪᠣᠳᠠᠰ ᠤ᠋ᠨ ᠭᠠᠳᠠᠭ᠍ᠰᠢᠯᠠᠭᠤᠯᠤᠯᠳᠡ ᠶ᠋ᠢᠨ ᠬᠡᠮᠵᠢᠶ᠎ᠡ ᠵᠢ ᠦᠷᠭᠦᠯᠵᠢᠯᠡᠨ ᠪᠠᠭᠤᠷᠠᠭᠤᠯᠵᠤ ᠂ ᠴᠢᠯᠠᠭᠤᠵᠢᠮᠠᠯ ᠡᠨᠧᠷᠭᠢ ᠶ᠋ᠢᠨ ᠬᠡᠷᠡᠭ᠌ᠯᠡᠭᠡ ᠵᠢ ᠭᠤᠤᠯᠳᠠᠯᠭ᠎ᠠ ᠲᠠᠢ ᠪᠡᠷ ᠬᠢᠵᠠᠭᠠᠷᠯᠠᠵᠤ ᠂ ᠠᠮᠢ ᠠᠬᠤᠶ ᠤᠷᠴᠢᠨ ᠲᠤᠭᠤᠷᠢᠨ ᠤ᠋ ᠶᠠᠰᠤ ᠴᠢᠨᠠᠷ ᠢ᠋ ᠲᠣᠭ᠍ᠲᠠᠭᠤᠨ ᠶ᠋ᠢᠡᠷ ᠰᠠᠢᠵᠢᠷᠠᠭᠤᠯᠤᠨ᠎ᠠ ᠃

ᠲᠣᠭ᠍ᠲᠠᠭᠤᠨ ᠪᠠᠢᠯᠭᠠᠬᠤ ᠵᠢ ᠲᠡᠷᠢᠭᠦᠨ ᠳ᠋ᠤ ᠲᠠᠯᠪᠢᠬᠤ ᠂ ᠲᠣᠭ᠍ᠲᠠᠭᠤᠨ ᠤ᠋ ᠲᠤᠮᠳᠠ ᠤᠷᠤᠬ᠍ᠰᠢᠯᠠᠬᠤ ᠵᠢ ᠪᠠᠷᠢᠮᠲᠠᠯᠠᠨ ᠂ ᠲᠥᠷᠥ ᠶ᠋ᠢᠨ ᠪᠣᠳᠣᠯᠭ᠎ᠠ ᠶ᠋ᠢᠨ ᠦᠷᠬᠦᠯᠵᠢᠯᠡᠬᠦ᠌ ᠴᠢᠨᠠᠷ ᠪᠠ ᠬᠠᠨᠳᠤᠯᠭᠠᠳᠤ ᠴᠢᠨᠠᠷ ᠢ᠋ ᠪᠠᠳᠤᠯᠠᠵᠤ ᠂ ᠡᠯ᠎ᠡ ᠲᠥᠷᠥᠯ ᠤ᠋ᠨ ᠲᠥᠷᠥ ᠶ᠋ᠢᠨ ᠪᠣᠳᠣᠯᠭ᠎ᠠ ᠶ᠋ᠢᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭᠠᠳᠭᠠᠨ ᠂ ᠴᠢᠨᠠᠷ ᠰᠠᠢᠲᠠᠶ ᠬᠥᠭ᠌ᠵᠢᠯᠲᠡ ᠵᠢ ᠬᠠᠮᠲᠤ ᠪᠡᠷ ᠠᠬᠢᠭᠤᠯᠬᠤ ᠬᠠᠮᠳᠤᠷᠠᠯ ᠬᠦᠴᠦᠨ ᠢ᠋ ᠪᠦᠷᠢᠯᠳᠦᠬᠦᠯᠦᠨ᠎ᠠ ᠃

ᠢᠳᠡᠪᠬᠢᠲᠡᠶ ᠡᠳ᠋ ᠤ᠋ᠨ ᠵᠠᠰᠠᠭ ᠤ᠋ᠨ ᠲᠦᠷᠦ ᠶ᠋ᠢᠨ ᠪᠤᠳᠤᠯᠭ᠎ᠠ ᠵᠢᠨ ᠦᠷ᠎ᠠ ᠠᠰᠢᠭ ᠢ᠋ ᠬᠦᠴᠦᠯᠡᠨ ᠳᠡᠭᠡᠭ᠌ᠰᠢᠯᠡᠭᠦᠯᠤᠨ᠎ᠠ ᠃

ᠭᠠᠢᠯᠢ ᠰᠦᠢᠳᠭᠡᠯ ᠤ᠋ᠨ ᠬᠠᠷᠠᠭᠠᠯᠵᠠᠯ ᠤ᠋ᠨ ᠳᠦᠷᠦ ᠶ᠋ᠢᠨ ᠪᠤᠳᠤᠯᠭ᠎ᠠ ᠵᠢ ᠳᠡᠬᠦᠯᠳᠡᠷᠵᠢᠬᠦᠯᠦᠨ᠎ᠡ ᠃

ᠵᠣᠭᠤᠰᠣᠨ ᠤ᠋ ᠯᠠᠪᠳᠠᠭᠤᠨ ᠲᠦᠷᠦ ᠶ᠋ᠢᠨ ᠪᠤᠳᠤᠯᠭ᠎ᠠ ᠵᠢ ᠨᠠᠷᠢᠯᠢᠬ ᠣᠨᠤᠴᠠᠲᠠᠶ ᠪᠥᠭᠡᠳ ᠬᠦᠴᠦᠲᠡᠶ ᠪᠠᠢᠯᠭᠠᠨ᠎ᠠ ᠃

ᠠᠵᠤ ᠦᠢᠯᠡᠰ ᠤ᠋ᠨ ᠲᠦᠷᠦ ᠶ᠋ᠢᠨ ᠪᠤᠳᠤᠯᠭ᠎ᠠ ᠳ᠋ᠤ ᠬᠥᠭ᠌ᠵᠢᠯᠳᠡ ᠪᠠ ᠠᠮᠤᠷ ᠲᠦᠪᠱᠢᠨ ᠢ᠋ ᠵᠡᠷᠭᠡ ᠪᠡᠷ ᠴᠢᠬᠤᠯᠠᠴᠢᠯᠠᠨ᠎ᠠ ᠃

ᠱᠢᠨᠵᠢᠯᠡᠬᠦ᠌ ᠤᠬᠠᠭᠠᠨ ᠮᠡᠷᠭᠡᠵᠢᠯ ᠤ᠋ᠨ ᠲᠦᠷᠦ ᠶ᠋ᠢᠨ ᠪᠤᠳᠤᠯᠭ᠎ᠠ ᠳ᠋ᠤ ᠪᠡᠶ᠎ᠡ᠎ᠪᠠᠨ ᠳᠠᠭᠠᠭᠠᠵᠤ ᠥᠪᠡᠷ ᠢ᠋ ᠪᠡᠨ ᠬᠦᠴᠦᠷᠬᠡᠭ᠌ᠵᠢᠭᠦᠯᠬᠦ᠌ ᠳᠡᠭᠡᠷ᠎ᠡ ᠠᠩᠬᠠᠷᠤᠯ ᠶ᠋ᠢᠡᠨ ᠲᠥᠪᠯᠡᠷᠡᠭᠦᠯᠦᠨ᠎ᠡ ᠃

ᠨᠡᠢᠭᠡᠮ ᠤ᠋ᠨ ᠲᠦᠷᠦ ᠶ᠋ᠢᠨ ᠪᠤᠳᠤᠯᠭ᠎ᠠ ᠳ᠋ᠤ ᠠᠷᠠᠳ ᠤ᠋ᠨ ᠠᠮᠢᠳᠤᠷᠠᠯ ᠢ᠋ ᠪᠠᠲᠤᠯᠠᠬᠤ ᠬᠤᠷᠢᠭ᠎ᠠ ᠱᠤᠭᠤᠮ ᠢ᠋ ᠪᠠᠲᠤ ᠰᠠᠬᠢᠨ᠎ᠠ ᠃


ᠡᠨᠡ ᠵᠢᠯ ᠤ᠋ᠨ ᠠᠵᠢᠯ ᠤ᠋ᠨ ᠭᠤᠤᠯᠳᠠᠯᠭ᠎ᠠ


(ᠨᠢᠭᠡ)  ᠤᠯᠤᠰ ᠤ᠋ᠨ ᠳᠣᠲᠣᠭᠠᠳᠤ  ᠬᠡᠷᠡᠭ᠌ᠴᠡᠭᠡ ᠵᠢ ᠬᠦᠴᠦᠯᠡᠨ ᠥᠷᠭᠡᠳᠭᠡᠨ᠎ᠡ

ᠬᠡᠷᠡᠭ᠌ᠯᠡᠭᠡ ᠵᠢ ᠰᠡᠷᠭᠦᠭᠡᠬᠦ᠌ ᠪᠠ ᠥᠷᠭᠡᠳᠭᠡᠬᠦ᠌ ᠵᠢ ᠲᠡᠷᠢᠭᠦᠨ ᠪᠠᠢᠷᠢᠨ ᠳ᠋ᠤ ᠲᠠᠯᠪᠢᠨ᠎ᠠ ᠃

ᠬᠤᠳᠠ ᠬᠥᠳᠡᠭᠡ ᠶ᠋ᠢᠨ ᠰᠠᠭᠤᠭᠠᠯᠢ ᠠᠷᠠᠳ ᠤ᠋ᠨ ᠣᠷᠣᠯᠭ᠎ᠠ ᠵᠢ ᠤᠯᠠᠨ ᠠᠷᠭ᠎ᠠ ᠵᠠᠮ ᠶ᠋ᠢᠡᠷ ᠨᠡᠮᠡᠭ᠌ᠳᠡᠭᠦᠯᠦᠨ᠎ᠡ ᠃

ᠠᠮᠢᠳᠤᠷᠠᠯ ᠪᠠ ᠦᠢᠯᠡᠴᠢᠯᠡᠭᠡᠨ ᠤ᠋ ᠬᠡᠷᠡᠭ᠌ᠯᠡᠭᠡ ᠵᠢ ᠰᠡᠷᠭᠦᠭᠡᠬᠦ᠌ ᠵᠢ ᠠᠬᠢᠭᠤᠯᠤᠨ᠎ᠠ ᠃

ᠡᠨᠡ ᠵᠢᠯ ᠣᠷᠣᠨ ᠨᠤᠲᠤᠭ ᠤ᠋ᠨ ᠵᠠᠰᠠᠭ ᠤ᠋ᠨ ᠣᠷᠳᠣᠨ ᠤ᠋ ᠲᠤᠰᠭᠠᠶ ᠵᠢᠭᠡᠯᠡᠯᠭᠡ ᠶ᠋ᠢᠨ ᠲᠡᠮᠳᠡᠭ᠌ᠲᠦ᠍ ᠵᠢ 3.8 ᠲᠦᠮᠡᠨ ᠳ᠋ᠦᠩᠱᠢᠭᠤᠷ ᠲᠥᠭᠦᠷᠢᠭ ᠲᠣᠬᠢᠷᠠᠭᠤᠯᠤᠨ᠎ᠠ ᠃

ᠬᠤᠳᠠ ᠵᠢ ᠰᠢᠨᠡᠳᠬᠡᠬᠦ ᠠᠵᠢᠯᠯᠠᠭ᠎ᠠ ᠵᠢ ᠶᠠᠪᠤᠭᠳᠠᠭᠤᠯᠤᠨ᠎ᠠ ᠃

(ᠬᠤᠶᠠᠷ) ᠣᠳᠣᠬᠢᠴᠢᠯᠠᠭ᠍ᠰᠠᠨ ᠠᠵᠤ ᠦᠢᠯᠡᠰ ᠤ᠋ᠨ ᠱᠢᠰᠲ᠋ᠧᠮ ᠢ᠋ ᠲᠦᠷᠭᠡᠳᠭᠡᠨ ᠪᠠᠢᠭᠤᠯᠤᠨ᠎ᠠ

ᠦᠢᠯᠡᠳᠬᠦ᠌ ᠦᠢᠯᠡᠰ ᠤ᠋ᠨ ᠭᠤᠣᠯᠳᠠᠯᠭ᠎ᠠ ᠲᠠᠢ ᠠᠵᠤ ᠦᠢᠯᠡᠰ ᠤ᠋ᠨ ᠬᠡᠯᠬᠢᠶ᠎ᠡ ᠶ᠋ᠢᠨ ᠲᠣᠭᠤᠷᠢᠨ ᠳ᠋ᠤ ᠂ ᠳᠦᠪᠯᠡᠷᠡᠭᠰᠡᠨ ᠰᠢᠯᠢᠳᠡᠭ ᠡᠬᠢ ᠪᠠᠶᠠᠯᠢᠭ ᠤ᠋ᠨ ᠬᠠᠮᠳᠤᠷᠠᠯ ᠬᠦᠴᠦᠨ ᠶ᠋ᠢᠡᠷ ᠵᠠᠩᠭᠢᠯᠠᠭ᠎ᠠ ᠶ᠋ᠢᠨ ᠭᠤᠣᠯᠯᠠᠬᠤ ᠮᠡᠷᠭᠡᠵᠢᠯ ᠤ᠋ᠨ ᠪᠤᠭᠤᠮᠳᠠ ᠰᠢᠪᠳᠤᠯᠤᠯᠳᠠ ᠵᠢ ᠠᠬᠢᠭᠤᠯᠤᠨ᠎ᠠ ᠃

ᠤᠯᠠᠮᠵᠢᠯᠠᠯᠲᠤ ᠠᠵᠤ ᠦᠢᠯᠡᠰ ᠪᠠ ᠳᠤᠮᠳᠠ ᠪᠠᠭ᠎ᠠ ᠠᠵᠤ ᠠᠬᠤᠢᠯᠠᠯ ᠤ᠋ᠨ ᠲᠤᠭᠠᠴᠢᠯᠠᠭᠰᠠᠨ ᠲᠡᠢᠰᠢ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠭᠡᠨ᠎ᠡ ᠃

ᠬᠤᠱᠢᠭᠤᠷᠠᠯ ᠮᠡᠷᠭᠡᠵᠢᠯ ᠤ᠋ᠨ ᠰᠤᠳᠤᠯᠤᠨ ᠨᠡᠭᠡᠭᠡᠯᠲᠡ ᠪᠠ ᠬᠡᠷᠡᠭ᠌ᠯᠡᠯᠲᠡ ᠳᠡᠯᠭᠡᠷᠡᠭᠦᠯᠦᠯᠲᠡ ᠵᠢ ᠲᠦᠷᠭᠡᠳᠭᠡᠨ᠎ᠡ ᠃

ᠳᠤᠭᠠᠴᠢᠯᠠᠭᠰᠠᠨ ᠠᠵᠤ ᠠᠬᠤᠶ ᠵᠢ ᠶᠡᠭᠡ ᠪᠡᠷ ᠬᠥᠭ᠌ᠵᠢᠭᠦᠯᠵᠦ᠍ ᠂ ᠪᠠᠢᠩᠭᠤᠵᠢᠭᠤᠯᠤᠭ᠍ᠰᠠᠨ ᠬᠢᠨᠠᠯᠲᠠ ᠬᠠᠮᠢᠶᠠᠷᠤᠯᠲᠠ ᠶ᠋ᠢᠨ ᠲᠦᠪᠱᠢᠨ ᠢ᠋ ᠳᠡᠭᠡᠭ᠌ᠰᠢᠯᠡᠭᠦᠯᠦᠨ ᠂ ᠲᠠᠪᠴᠠᠩ ᠤ᠋ᠨ ᠠᠵᠤ ᠠᠬᠤᠶ ᠶ᠋ᠢᠨ ᠬᠥᠭ᠌ᠵᠢᠯᠲᠡ ᠵᠢ ᠳᠡᠮᠵᠢᠨ᠎ᠡ ᠃

(ᠭᠤᠷᠪᠠ) 《ᠬᠤᠶᠠᠷ ᠢ᠋ ᠭᠤᠢᠪᠢᠰᠢ ᠦᠭᠡᠢ ᠪᠠᠷᠢᠮᠳᠠᠯᠠᠬᠤ》 ᠵᠢ ᠦᠨᠡᠨ ᠬᠦ᠌ ᠨᠠᠢᠳᠠᠪᠤᠷᠢᠵᠢᠭᠤᠯᠤᠨ᠎ᠠ

ᠤᠯᠤᠰ ᠤ᠋ᠨ ᠥᠮᠴᠢᠯᠡᠯ ᠤ᠋ᠨ ᠬᠦᠷᠦᠩᠭᠡ ᠪᠠ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠥᠭᠡᠷᠡᠴᠢᠯᠡᠯᠲᠡ ᠵᠢ ᠭᠦᠨᠵᠡᠭᠡᠢᠷᠡᠭᠦᠯᠦᠨ᠎ᠡ ᠃

ᠠᠷᠠᠳ ᠡᠴᠡ ᠡᠵᠡᠩᠨᠡᠭ᠌ᠰᠡᠨ ᠠᠵᠤ ᠠᠬᠤᠢᠯᠠᠯ ᠤ᠋ᠨ ᠥᠮᠴᠢᠯᠡᠬᠦ᠌ ᠡᠷᠬᠡ ᠪᠠ ᠠᠵᠤ ᠠᠬᠤᠢᠯᠠᠯᠲᠠᠨ ᠤ᠋ ᠡᠷᠬᠡ ᠠᠱᠢᠭ ᠢ᠋ ᠬᠠᠤᠯᠢ ᠶᠣᠰᠣᠭᠠᠷ ᠬᠠᠮᠠᠭᠠᠯᠠᠵᠤ ᠂ ᠠᠷᠠᠳ ᠡᠴᠡ ᠡᠵᠡᠩᠨᠡᠭ᠌ᠰᠡᠨ ᠠᠵᠤ ᠠᠬᠤᠶ ᠪᠣᠯᠤᠨ ᠠᠷᠠᠳ ᠡᠴᠡ ᠡᠵᠡᠩᠨᠡᠭ᠌ᠰᠡᠨ ᠠᠵᠤ ᠠᠬᠤᠢᠯᠠᠯ ᠤ᠋ᠨ ᠬᠥᠭ᠌ᠵᠢᠨ ᠪᠤᠵᠠᠭᠠᠢᠷᠠᠬᠤ ᠵᠢ ᠵᠣᠷᠢᠬ᠍ᠵᠢᠭᠤᠯᠤᠨ ᠳᠡᠮᠵᠢᠵᠦ᠍ ᠂ ᠳᠤᠮᠳᠠ ᠪᠠᠭ᠎ᠠ ᠵᠢᠵᠢᠭ ᠠᠵᠤ ᠠᠬᠤᠢᠯᠠᠯ ᠪᠣᠯᠤᠨ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠬᠥᠭ᠌ᠵᠢᠯᠲᠡ ᠵᠢ ᠳᠡᠮᠵᠢᠨ᠎ᠡ ᠃

(ᠳᠥᠷᠪᠡ) ᠭᠠᠳᠠᠭᠠᠳᠤ ᠪᠡᠯᠡ ᠵᠢ ᠨᠠᠩ ᠶᠡᠭᠡ ᠤᠷᠤᠭᠤᠯᠤᠨ ᠠᠪᠴᠢᠷᠠᠵᠤ ᠠᠱᠢᠭ᠍ᠯᠠᠨ᠎ᠠ

ᠤᠳᠤ ᠦᠶ᠎ᠡ ᠶ᠋ᠢᠨ ᠦᠢᠯᠡᠴᠢᠯᠡᠭᠡᠨ ᠤ᠋ ᠦᠢᠯᠡᠰ ᠤ᠋ᠨ ᠬᠦᠷᠢᠶ᠎ᠡ ᠴᠠᠷᠠᠭ᠎ᠠ ᠳ᠋ᠠᠬᠢ ᠨᠡᠭᠡᠭᠡᠯᠳᠡ ᠶ᠋ᠢᠨ ᠡᠷᠴᠢᠮ ᠢ᠋ ᠴᠢᠩᠭᠠᠷᠠᠭᠤᠯᠤᠨ᠎ᠠ ᠃

(CPTPP) ᠵᠡᠷᠬᠡ ᠥᠨᠳᠥᠷ ᠪᠠᠷᠢᠮᠵᠢᠶᠠᠲᠤ ᠠᠵᠤ ᠠᠬᠤᠶ ᠠᠷᠠᠯᠵᠢᠶᠠᠨ ᠤ᠋ ᠬᠡᠯᠡᠯᠴᠡᠭᠡᠷ ᠲᠦ᠍ ᠤᠷᠤᠬᠤ ᠵᠢ ᠢᠳᠡᠪᠬᠢᠳᠠᠢ ᠠᠬᠢᠭᠤᠯᠤᠨ᠎ᠠ ᠃

ᠭᠠᠳᠠᠭᠠᠳᠤ ᠪᠡᠯᠡ ᠶ᠋ᠢᠨ ᠳᠦᠯᠦᠭᠡᠯᠡᠬᠦ ᠴᠢᠨᠠᠷᠳᠠᠢ ᠲᠦᠷᠦᠯ ᠵᠦᠢᠯ ᠢ᠋ ᠨᠤᠳᠤᠭᠰᠢᠭᠤᠯᠵᠤ ᠪᠦᠳᠦᠭᠡᠨ ᠪᠠᠢᠭᠤᠯᠬᠤ ᠵᠢ ᠠᠬᠢᠭᠤᠯᠤᠨ᠎ᠠ ᠃

(ᠲᠠᠪᠤ)  ᠠᠵᠤ ᠠᠬᠤᠶ ᠮᠥᠩᠭᠦᠨ ᠭᠦᠢᠯᠭᠡᠭᠡᠨ ᠤ᠋ ᠬᠦᠨᠳᠦ ᠶᠡᠭᠡ ᠠᠶᠤᠯ ᠲᠦᠭ᠌ᠰᠢᠭᠦᠷᠢ ᠵᠢ ᠪᠦᠲᠦᠮᠵᠢᠲᠡᠶ ᠰᠡᠷᠭᠡᠢᠯᠡᠨ ᠠᠷᠢᠯᠭᠠᠨ᠎ᠠ

ᠮᠥᠩᠭᠦᠨ ᠭᠦᠢᠯᠭᠡᠭᠡᠨ ᠤ᠋ ᠪᠠᠢᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠍ ᠂ ᠤᠷᠤᠨ ᠪᠦᠰᠡ ᠶ᠋ᠢᠨ ᠴᠢᠨᠠᠷᠳᠠᠢ ᠂ ᠰᠢᠰᠲᠧᠮ ᠤ᠋ᠨ ᠴᠢᠨᠠᠷᠲᠠᠢ ᠮᠥᠩᠭᠦᠨ ᠭᠦᠢᠯᠭᠡᠭᠡᠨ ᠤ᠋ ᠠᠶᠤᠯ ᠳᠦᠭᠰᠢᠬᠦᠷᠢ ᠵᠢ ᠰᠡᠷᠭᠡᠢᠯᠡᠨ᠎ᠡ ᠃

ᠭᠡᠷ ᠭᠠᠵᠠᠷ ᠤ᠋ᠨ ᠬᠦᠷᠦᠩᠭᠡ ᠶ᠋ᠢᠨ ᠰᠢᠯᠢᠳᠡᠭ ᠲᠠᠭᠠᠭᠤᠯᠤᠭᠴᠢ ᠠᠵᠤ ᠠᠬᠤᠢᠯᠠᠯ ᠤ᠋ᠨ ᠠᠶᠤᠯ ᠳᠦᠭᠰᠢᠬᠦᠷᠢ ᠵᠢ ᠪᠦᠳᠦᠮᠵᠢᠳᠡᠢ ᠰᠡᠷᠬᠡᠢᠯᠡᠨ ᠠᠷᠢᠯᠭᠠᠵᠤ ᠂ ᠡᠳ᠋ ᠭᠦᠷᠦᠩᠬᠡ ᠶ᠋ᠢᠨ ᠦᠷᠢᠳᠦᠯ ᠤ᠋ᠨ ᠪᠠᠢᠳᠠᠯ ᠢ᠋ ᠰᠠᠢᠵᠢᠷᠠᠭᠤᠯᠤᠨ ᠂ ᠡᠮᠬᠢ ᠵᠠᠮᠪᠠᠷᠠᠭ᠎ᠠ ᠦᠭᠡᠢ ᠪᠡᠷ ᠦᠷᠭᠡᠳᠬᠡᠬᠦ ᠵᠢ ᠰᠡᠷᠬᠡᠢᠯᠡᠨ᠎ᠡ ᠃

ᠣᠷᠣᠨ ᠨᠤᠲᠤᠭ ᠤ᠋ᠨ ᠵᠠᠰᠠᠭ ᠤ᠋ᠨ ᠣᠷᠳᠣᠨ ᠤ᠋ ᠥᠷᠢ ᠥᠭ᠌ᠴᠡᠭᠡ ᠶ᠋ᠢᠨ ᠠᠶᠤᠯ ᠲᠦᠭ᠌ᠰᠢᠭᠦᠷᠢ ᠵᠢ ᠰᠡᠷᠭᠡᠢᠯᠡᠨ ᠠᠷᠢᠯᠭᠠᠵᠤ ᠂ ᠦᠷᠢ ᠦᠭᠴᠡᠭᠡᠨ ᠤ᠋ ᠬᠤᠭᠤᠴᠠᠭ᠎ᠠ ᠶ᠋ᠢᠨ ᠬᠢᠵᠠᠭᠠᠷᠯᠠᠯ ᠤ᠋ᠨ ᠪᠦᠳᠦᠴᠡ ᠵᠢ ᠰᠢᠯᠢᠳᠡᠭᠵᠢᠬᠦᠯᠵᠦ ᠂ ᠬᠦᠦ ᠮᠦᠩᠬᠦ ᠶ᠋ᠢᠨ ᠳᠠᠷᠤᠭᠠᠰᠤ ᠵᠢ ᠪᠠᠭᠤᠷᠠᠭᠤᠯᠤᠨ᠎ᠠ᠃

(ᠵᠢᠷᠭᠤᠭ᠎ᠠ) ᠠᠮᠤ ᠪᠤᠳᠠᠭᠠᠨ ᠤ᠋ ᠦᠢᠯᠡᠳᠪᠦᠷᠢᠯᠡᠯ ᠢ᠋ ᠲᠣᠭ᠍ᠲᠠᠪᠤᠷᠢᠵᠢᠭᠤᠯᠬᠤ ᠪᠠ ᠬᠥᠳᠡᠭᠡ ᠲᠣᠰᠭᠤᠨ ᠢ᠋ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ

ᠮᠢᠩᠭᠠᠨ ᠳ᠋ᠦᠩᠱᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ᠌ ᠴᠢᠳᠠᠪᠤᠷᠢ ᠵᠢ ᠨᠡᠮᠡᠭ᠌ᠳᠡᠭᠦᠯᠬᠦ᠌ ᠱᠢᠨ᠎ᠡ ᠨᠢᠭᠡᠨ ᠡᠭᠡᠯᠵᠢ ᠶ᠋ᠢᠨ ᠠᠵᠢᠯᠯᠠᠭ᠎ᠠ ᠵᠢ ᠬᠡᠷᠡᠭ᠌ᠵᠢᠭᠦᠯᠦᠨ᠎ᠡ ᠃

ᠦᠷ᠎ᠡ ᠶ᠋ᠢᠨ ᠦᠢᠯᠡᠰ ᠢ᠋ ᠬᠦᠭᠵᠢᠬᠦᠯᠦᠨ ᠮᠠᠨᠳᠤᠭᠤᠯᠬᠤ ᠠᠵᠢᠯᠯᠠᠭ᠎ᠠ ᠵᠢ ᠬᠦᠨᠵᠡᠭᠡᠢᠷᠡᠭᠦᠯᠦᠨ ᠬᠡᠷᠡᠭᠵᠢᠬᠦᠯᠦᠨ᠎ᠡ ᠃

ᠬᠦᠳᠡᠭᠡ ᠳᠤᠰᠬᠤᠨ ᠤ᠋ ᠦᠪᠡᠷᠮᠢᠴᠡ ᠤᠨᠴᠠᠯᠢᠭ ᠲᠠᠢ ᠠᠵᠤ ᠦᠢᠯᠡᠰ ᠢ᠋ ᠬᠦᠭᠵᠢᠬᠦᠯᠵᠤ ᠂ ᠲᠠᠷᠢᠶᠠᠴᠢᠳ ᠤ᠋ᠨ ᠣᠷᠣᠯᠭ᠎ᠠ ᠪᠠᠨ ᠨᠡᠮᠡᠭ᠌ᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠳᠭᠡᠨ᠎ᠡ᠃

ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠳᠦᠭᠡᠯ ᠢ᠋ ᠪᠠᠬᠢᠵᠢᠭᠦᠯᠦᠨ ᠥᠷᠭᠡᠳᠭᠡᠨ᠎ᠡ ᠃

(ᠳᠣᠯᠤᠭ᠎ᠠ) ᠬᠥᠭ᠌ᠵᠢᠯᠲᠡ ᠶ᠋ᠢᠨ ᠠᠷᠭ᠎ᠠ ᠬᠡᠯᠪᠡᠷᠢ ᠵᠢᠨ ᠪᠤᠬᠢᠷᠳᠤᠯ ᠦᠭᠡᠢ ᠳᠡᠢᠰᠢ ᠬᠤᠪᠢᠷᠠᠬᠤ ᠵᠢ ᠠᠬᠢᠭᠤᠯᠤᠨ᠎ᠠ  

ᠴᠢᠬᠤᠯᠠ ᠶᠡᠭᠡ ᠠᠮᠢ ᠠᠬᠤᠶ ᠶ᠋ᠢᠨ ᠰᠢᠰᠲᠧᠮ ᠢ᠋ ᠬᠠᠮᠠᠭᠠᠯᠠᠵᠤ ᠰᠡᠷᠬᠦᠬᠡᠬᠦ ᠴᠢᠬᠤᠯᠠ ᠶᠡᠬᠡ ᠢᠨᠵᠧᠨᠧᠷᠢᠩ ᠢ᠋ ᠦᠷᠭᠦᠯᠵᠢᠯᠡᠨ ᠬᠡᠷᠡᠭ᠌ᠵᠢᠭᠦᠯᠦᠨ᠎ᠡ ᠃

ᠨᠡᠭᠦᠷᠡᠰᠦ ᠵᠢ ᠴᠡᠪᠡᠷ ᠪᠦᠭᠡᠳ ᠦᠨᠳᠦᠷ ᠪᠦᠳᠦᠮᠵᠢᠳᠡᠢ ᠪᠡᠷ ᠠᠰᠢᠭᠯᠠᠬᠤ ᠪᠠ ᠮᠡᠷᠭᠡᠵᠢᠯ ᠤ᠋ᠨ ᠰᠤᠳᠤᠯᠤᠨ ᠨᠡᠭᠡᠭᠡᠬᠦ ᠵᠢ ᠠᠬᠢᠭᠤᠯᠤᠨ᠎ᠠ ᠃

ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ ᠳ᠋ᠡᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ ᠶ᠋ᠢᠨ ᠭᠠᠳᠠᠭ᠍ᠰᠢᠯᠠᠭᠤᠯᠤᠯᠲᠠ ᠵᠢ ᠪᠠᠭᠠᠰᠬᠠᠬᠤ ᠵᠢ ᠠᠬᠢᠭᠤᠯᠤᠨ᠎ᠠ ᠃

(ᠨᠠᠢ᠍ᠮᠠ) ᠦᠨᠳᠦᠰᠦᠨ ᠠᠷᠠᠳ ᠤ᠋ᠨ ᠠᠮᠢᠳᠤᠷᠠᠯ ᠢ᠋ ᠪᠠᠲᠤᠯᠠᠵᠤ ᠨᠡᠢᠭᠡᠮ ᠤ᠋ᠨ ᠠᠵᠢᠯ ᠦᠢᠯᠡᠰ ᠢ᠋ ᠬᠥᠭ᠌ᠵᠢᠭᠦᠯᠦᠨ᠎ᠡ

ᠤᠷᠤᠨ ᠰᠠᠭᠤᠴᠠ ᠶ᠋ᠢᠨ ᠵᠠᠢᠯᠠᠰᠢ ᠦᠬᠡᠢ ᠴᠢᠨᠠᠷᠳᠠᠢ ᠪᠠ ᠰᠠᠢᠵᠢᠷᠠᠭᠤᠯᠬᠤ ᠴᠢᠨᠠᠷᠳᠠᠢ ᠬᠡᠷᠡᠭ᠌ᠴᠡᠭᠡ ᠵᠢ ᠳᠡᠮᠵᠢᠵᠦ ᠂ ᠰᠢᠨ᠎ᠡ ᠪᠡᠷ ᠨᠡᠮᠡᠭᠳᠡᠭᠰᠡᠨ ᠬᠤᠳᠠ ᠶ᠋ᠢᠨ ᠠᠷᠠᠳ ᠂ ᠵᠠᠯᠠᠭᠤ ᠬᠦᠮᠦᠰ ᠵᠡᠷᠭᠡ ᠶ᠋ᠢᠨ ᠤᠷᠤᠨ ᠰᠠᠭᠤᠴᠠ ᠶ᠋ᠢᠨ ᠠᠰᠠᠭᠤᠳᠠᠯ ᠢ᠋ ᠰᠠᠢᠳᠤᠷ ᠰᠢᠢᠳᠪᠦᠷᠢᠯᠡᠨ᠎ᠡ ᠃

ᠠᠯᠪᠠᠨ ᠵᠢᠷᠤᠮ ᠤ᠋ᠨ ᠰᠤᠷᠭᠠᠨ ᠬᠥᠮᠦᠵᠢᠯ ᠤ᠋ᠨ ᠴᠢᠨᠠᠷ ᠰᠠᠢᠲᠠᠶ ᠪᠦᠬᠡᠳ ᠲᠡᠩᠴᠡᠭᠦᠷᠢᠲᠡᠶ ᠬᠥᠭ᠌ᠵᠢᠯᠲᠡ ᠪᠠ ᠬᠤᠲᠠ ᠬᠥᠳᠡᠭᠡ ᠶ᠋ᠢᠨ ᠨᠢᠭᠡ ᠴᠣᠭ᠍ᠴᠠᠵᠢᠭᠤᠯᠤᠯᠲᠠ ᠵᠢ ᠠᠬᠢᠭᠤᠯᠤᠨ᠎ᠠ ᠃

ᠴᠢᠨᠠᠷ ᠰᠠᠢᠲᠠᠶ ᠡᠮᠴᠢᠯᠡᠭᠡᠨ ᠤ᠋ ᠡᠬᠢ ᠪᠠᠶᠠᠯᠢᠭ ᠤ᠋ᠨ ᠬᠡᠪᠴᠢᠶ᠎ᠡ ᠵᠢ ᠥᠷᠭᠡᠳᠭᠡᠵᠦ᠍ ᠳᠣᠷᠣᠭ᠍ᠰᠢ ᠪᠠᠭᠤᠯᠭᠠᠬᠤ ᠪᠠ ᠣᠷᠣᠨ ᠪᠦᠰᠡ ᠳ᠋ᠤ ᠲᠡᠩᠴᠡᠭᠦᠷᠢᠲᠡᠶ ᠪᠠᠢᠷᠢᠯᠠᠭᠤᠯᠬᠤ ᠵᠢ ᠠᠬᠢᠭᠤᠯᠤᠨ᠎ᠠ ᠃

ᠨᠠᠰᠤᠵᠢᠯ ᠤ᠋ᠨ ᠠᠰᠠᠷᠠᠮᠵᠢ ᠶ᠋ᠢᠨ ᠦᠢᠯᠡᠴᠢᠯᠡᠭᠡ ᠪᠠᠳᠤᠯᠠᠭ᠎ᠠ ᠵᠢ ᠴᠢᠩᠭᠠᠳᠭᠠᠵᠤ ᠂ ᠦᠷᠡᠵᠢᠯ ᠢ᠋ ᠳᠡᠮᠵᠢᠬᠦ᠌ ᠲᠦᠷᠦ ᠶ᠋ᠢᠨ ᠪᠤᠳᠤᠯᠭ᠎ᠠ ᠶ᠋ᠢᠨ ᠱᠢᠰᠲ᠋ᠧᠮ ᠢ᠋ ᠳᠡᠬᠦᠯᠳᠡᠷᠵᠢᠬᠦᠯᠦᠨ᠎ᠡ ᠃

ᠠᠶᠤᠯᠭᠦᠢ ᠦᠢᠯᠡᠳᠪᠦᠷᠢᠯᠡᠯ ᠤ᠋ᠨ ᠬᠢᠨᠠᠯᠲᠠ ᠬᠠᠮᠢᠶᠠᠷᠤᠯᠲᠠ ᠪᠠ ᠭᠠᠮᠱᠢᠭ ᠢ᠋ ᠰᠡᠷᠭᠡᠢᠯᠡᠵᠤ ᠭᠠᠮᠱᠢᠭ ᠢ᠋ ᠪᠠᠭᠠᠰᠭᠠᠬᠤ ᠪᠠ ᠭᠠᠮᠱᠢᠭ ᠡᠴᠡ ᠠᠪᠤᠷᠠᠬᠤ ᠠᠵᠢᠯ ᠢ᠋ ᠴᠢᠩᠭᠠᠳᠭᠠᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠮᠦᠩᠭᠦᠨᠬᠤᠸᠠᠷ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号