ᠢᠲᠡᠭᠡᠯ ᠵᠤᠷᠢᠭ ᠳᠡᠭᠦᠯᠳᠡᠷ ᠵᠢᠡᠷ ᠢᠷᠡᠭᠡᠳᠦᠢ ᠶ᠋ᠢ ᠵᠣᠷᠢᠨ᠎ᠠ
2023-03-06 11:03:44
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

ᠢᠲᠡᠭᠡᠯ ᠵᠤᠷᠢᠭ

【ᠲᠠᠭᠤᠨ】

ᠡᠳ᠋ᠱᠢᠭᠦᠯᠵᠦ᠍ ᠪᠤᠯᠪᠠᠰᠤᠷᠠᠭᠤᠯᠬᠤ ᠦᠢᠯᠡᠳᠪᠤᠷᠢᠯᠡᠯ ᠡᠮᠬᠢ ᠴᠡᠭ᠌ᠴᠡ ᠲᠡᠶ ᠶᠠᠪᠤᠭᠳᠠᠨ᠂ᠡᠯ᠎ᠠ ᠭᠠᠵᠠᠷ ᠤ᠋ᠨ ᠠᠷᠠᠯᠵᠢᠶᠡᠴᠢᠳ ᠤ᠋ᠨ ᠤᠲᠠᠰᠤ ᠵᠢ ᠲᠤᠰᠤᠭᠠᠳ ᠵᠠᠪᠳᠤᠬᠤ ᠦᠭᠡᠢ ᠶᠠᠭᠠᠷᠠᠯᠳᠤᠵᠤ᠂ ᠪᠠᠷᠠᠭ᠎ᠠ ᠵᠥᠭᠡᠭᠡᠪᠦᠷᠢᠯᠡᠬᠦ᠌ ᠲᠡᠷᠭᠡ ᠬᠦᠰᠡᠬᠡ ᠣᠷᠣᠨ ᠭᠠᠷᠤᠨ ᠰᠦᠯᠵᠢᠯᠳᠦᠨ᠎ᠠ ᠁ ᠣᠳᠣᠬᠠᠨ ᠳ᠋ᠤ ᠬᠢᠩᠭᠠᠨ ᠠᠢᠮᠠᠭ ᠤ᠋ᠨ ᠵᠠᠯᠠᠢᠳ ᠬᠣᠱᠢᠭᠤᠨ ᠤ᠋ ᠸᠧᠢ ᠵᠢᠶᠠ ᠠᠮᠤ ᠪᠤᠳᠠᠭᠠᠨ ᠤ᠋ ᠦᠢᠯᠡᠰ ᠤ᠋ᠨ ᠬᠢᠵᠠᠭᠠᠷᠲᠤ ᠺᠣᠮᠫᠠᠨᠢ ᠵᠢᠨ ᠬᠢᠨ ᠪᠦᠬᠦ᠌ ᠬᠦᠴᠦᠨ ᠵᠢᠡᠷ ᠵᠢᠡᠨ ᠶᠠᠭᠠᠷᠠᠯᠲᠠᠢ ᠠᠵᠢᠯᠯᠠᠵᠤ ᠪᠠᠢᠨ᠎ᠠ᠃ 《ᠱᠢᠨ᠎ᠡ ᠵᠢᠯ ᠡᠴᠡ ᠡᠬᠢᠯᠡᠨ᠂ ᠪᠢᠳᠡ ᠵᠠᠯᠭᠠᠭ᠎ᠠ ᠪᠠᠷ ᠪᠥᠬᠥ᠌ ᠤᠯᠤᠰ ᠤ᠋ᠨ ᠡᠯ᠎ᠡ ᠭᠠᠵᠠᠷ ᠤ᠋ᠨ ᠵᠠᠬᠢᠶᠠᠯᠠᠭ᠎ᠠ ᠶ᠋ᠢ ᠲᠤᠰᠴᠠᠢ᠃ ᠣᠳᠣ ᠵᠠᠬ᠎ᠠ ᠳᠡᠯᠭᠡᠭᠦᠷ ᠠᠭᠠᠵᠢᠮ ᠵᠢᠡᠷ ᠰᠠᠢᠵᠢᠷᠠᠵᠤ᠂ ᠪᠦᠬᠦ᠌ ᠤᠯᠤᠰ ᠤ᠋ᠨ ᠬᠣᠶᠠᠷ ᠬᠤᠷᠠᠯ ᠡᠴᠡ ᠪᠠᠰᠠ ᠣᠯᠠᠨ ᠰᠠᠢᠨ ᠴᠢᠮᠡᠭᠡ ᠲᠤᠭᠤᠯᠳᠠᠯ᠎ᠠ᠂ ᠬᠤᠵᠢᠮ ᠤᠯᠠᠮ ᠰᠠᠢᠨ ᠪᠤᠯᠬᠤ ᠨᠢ ᠯᠠᠪᠳᠠᠢ!》 ᠭᠡᠵᠦ ᠺᠤᠮᠫᠠᠨᠢ ᠵᠢᠨ ᠳᠠᠭᠠᠭᠠᠮᠠᠯ ᠸᠧᠢ ᠵᠢᠶᠠᠨ ᠮᠢᠩ ᠢᠷᠡᠭᠡᠳᠦᠢ᠎ᠶ᠋ᠢᠨ ᠬᠥᠭ᠌ᠵᠢᠯᠲᠡ ᠳ᠋ᠡᠬᠡᠨ ᠢᠲᠡᠭᠡᠯ ᠲᠡᠭᠦᠯᠳᠡᠷ ᠪᠠᠢᠯ᠎ᠠ᠃

【ᠱᠢᠭᠦᠮᠵᠢ】

ᠬᠠᠪᠤᠷ ᠤ᠋ᠨ ᠡᠶᠡᠪᠡᠷᠭᠦᠦ ᠰᠠᠯᠬᠢ ᠬᠠᠴᠠᠷ ᠢ᠋ ᠢᠯᠪᠢᠨ᠂ ᠲᠦᠮᠡᠨ ᠪᠠᠢᠳᠠᠯ ᠰᠢᠨᠡᠳᠴᠦ᠂ 2023 ᠣᠨ ᠤ᠋ ᠪᠦᠬᠦ ᠤᠯᠤᠰ ᠤ᠋ᠨ ᠬᠣᠶᠠᠷ ᠬᠤᠷᠠᠯ ᠬᠦᠰᠢᠭᠡ ᠪᠡᠨ ᠰᠡᠬᠦᠪᠡ᠃ ᠭᠡᠷ ᠤ᠋ᠨ ᠶᠠᠪᠤᠳᠠᠯ᠂ ᠲᠥᠷᠥ ᠵᠢᠨ ᠶᠠᠪᠤᠳᠠᠯ᠂ ᠳᠡᠯᠡᠬᠡᠢ ᠳ᠋ᠠᠬᠢᠨ ᠤ᠋ ᠶᠠᠪᠤᠳᠠᠯ᠂ ᠡᠨᠳᠡ ᠬᠠᠷᠢᠯᠴᠠᠨ ᠠᠭᠤᠰᠤᠯᠴᠠᠨ᠎ᠠ; ᠢᠲᠡᠭᠡᠯ ᠵᠣᠷᠢᠭ᠂ ᠬᠦᠴᠦᠨ ᠴᠢᠳᠠᠯ᠂ ᠬᠠᠮᠲᠤ ᠵᠢᠨ ᠲᠠᠨᠢᠯᠲᠠ ᠡᠨᠳᠡ ᠨᠢᠭᠲᠠᠷᠠᠨ᠎ᠠ᠃ ᠡᠨᠡ ᠪᠣᠯ ᠳᠡᠯᠡᠬᠡᠢ ᠳ᠋ᠠᠬᠢᠨ ᠤ᠋ ᠠᠩᠬᠠᠷᠤᠯ ᠢ᠋ ᠲᠠᠲᠠᠭᠰᠠᠨ ᠴᠠᠭ ᠮᠥᠴᠡ᠂ ᠨᠡᠩ ᠴᠤ᠌ ᠰᠡᠳᠬᠢᠯ ᠵᠢᠡᠨ ᠨᠢᠭᠲᠠᠷᠠᠭᠤᠯᠤᠨ ᠬᠦᠴᠦᠨ ᠵᠢᠡᠨ ᠬᠠᠮᠲᠤᠳᠬᠠᠬᠤ ᠦᠪᠡᠳᠡᠭᠰᠢ ᠴᠤᠭᠯᠠᠭᠠᠨ ᠮᠥᠨ᠃

ᠬᠤᠷᠠᠯ ᠤ᠋ᠨ ᠲᠠᠯᠠᠪᠠᠢ ᠳ᠋ᠤ ᠡᠷᠴᠢ ᠵᠣᠷᠢᠭ ᠬᠦᠪᠴᠢᠯᠡᠭᠳᠡᠨ᠂ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠬᠡᠯ ᠬᠥᠮᠦᠰ ᠢ᠋ ᠲᠤᠢᠯ ᠵᠢᠡᠷ ᠳᠣᠭᠳᠣᠯᠤᠭᠤᠯᠵᠤ᠂ ᠰᠢᠨ᠎ᠡ ᠠᠶᠠᠨ ᠵᠠᠮ ᠳ᠋ᠤ ᠢᠲᠡᠭᠡᠯ ᠵᠣᠷᠢᠭ ᠪᠠ ᠬᠦᠰᠡᠯ ᠡᠷᠡᠮᠡᠯᠵᠡᠯ ᠵᠢᠡᠷ ᠪᠢᠯᠬᠠᠮ᠎ᠠ ᠪᠠᠢᠯ᠎ᠠ᠃ ᠬᠦᠰᠡᠯ ᠨᠠᠢᠳᠠᠯᠭ᠎ᠠ ᠶ᠋ᠢ ᠡᠭᠦᠷᠭᠡᠯᠡᠭᠰᠡᠨ᠂ ᠬᠦᠰᠡᠯ ᠡᠷᠡᠮᠡᠯᠵᠡᠯ ᠢ᠋ ᠠᠴᠢᠶᠠᠯᠠᠭᠰᠠᠨ ᠲᠥᠯᠥᠭᠡᠯᠡᠭᠴᠢᠳ ᠭᠡᠰᠢᠭᠦᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠢᠳᠡᠪᠬᠢᠲᠡᠢ ᠪᠡᠷ ᠤᠷᠤᠭᠰᠢᠯᠠᠨ ᠲᠠᠪᠰᠢᠬᠤ᠂ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠬᠤ ᠤᠷᠠᠢ ᠳᠠᠭᠤᠨ ᠢ᠋ ᠳᠠᠮᠵᠢᠭᠤᠯᠵᠤ ᠪᠠᠢᠯ᠎ᠠ᠃ ᠡᠨᠡ ᠬᠦ᠌ ᠢᠳᠡ ᠬᠦᠴᠦᠲᠡᠢ ︽ᠢᠲᠡᠭᠡᠯ ᠤ᠋ᠨ ᠤᠷᠤᠰᠬᠠᠯ︾ ᠨᠢ ︽ᠬᠢᠷᠢ ᠪᠦᠲᠦᠮᠵᠢ ᠵᠢᠨ ᠬᠠᠭᠤᠳᠠᠰᠤ︾ ᠡᠴᠡ ᠢᠷᠡᠯᠲᠠ ᠲᠠᠢ᠂ ᠢᠳᠡ ᠬᠦᠴᠦᠲᠡᠢ ᠬᠦᠭᠵᠢᠯᠲᠡ ᠵᠢᠨ ᠶᠡᠬᠡ ᠬᠠᠨᠳᠤᠰᠢ ᠡᠴᠡ ᠢᠷᠡᠯᠲᠠ ᠲᠠᠢ᠂ ᠯᠠᠪᠳᠠᠭᠤᠨ ᠵᠢᠡᠷ ᠬᠤᠯᠠ ᠠᠶᠠᠯᠠᠬᠤ ᠭᠡᠭᠡᠨ ᠰᠠᠷᠠᠭᠤᠯ ᠢᠷᠡᠭᠡᠳᠦᠢ ᠡᠴᠡ ᠢᠷᠡᠯᠲᠡ ᠲᠠᠢ ᠶᠤᠮ ᠃

ᠬᠤᠷᠠᠯ ᠤ᠋ᠨ ᠲᠠᠯᠠᠪᠠᠢ ᠵᠢᠨ ᠭᠠᠳᠠᠨ᠎ᠠ᠂ ᠥᠷᠭᠡᠨ ᠠᠭᠤᠳᠠᠮ ᠤᠮᠠᠷᠠᠲᠤ ᠬᠢᠯᠢ ᠵᠢᠨ ᠡᠬᠡ ᠭᠠᠵᠠᠷ ᠲᠤ᠌ ᠰᠡᠬᠦᠢᠨ ᠰᠦᠨᠳᠡᠷᠯᠡᠭᠰᠡᠨ ᠠᠰᠠᠷ ᠲᠠᠭᠲᠤ ᠡᠴᠡ ᠲᠠᠷᠢᠶᠠᠨ ᠭᠠᠵᠠᠷ ᠬᠦᠷᠲᠡᠯ᠎ᠡ᠂ ᠬᠦᠭᠵᠢᠶᠡᠨᠳᠠᠢ ᠬᠢᠯᠢ ᠵᠢᠨ ᠪᠤᠭᠤᠮᠳᠠ ᠡᠴᠡ ᠶᠠᠭᠠᠷᠠᠯᠲᠠᠢ ᠪᠠᠷᠢᠯᠭ᠎ᠠ ᠵᠢᠨ ᠭᠠᠵᠠᠷ ᠬᠦᠷᠲᠡᠯ᠎ᠡ᠂ ᠥᠪᠥᠷ ᠮᠣᠩᠭᠤᠯ ᠤ᠋ᠨ ᠡᠯ᠎ᠡ ᠭᠠᠵᠠᠷ ᠡᠯ᠎ᠡ ᠠᠵᠢᠯ ᠲᠦᠷᠦᠯ ᠤ᠋ᠨ ᠬᠥᠮᠥᠰ ᠤᠷᠤᠭᠰᠢ ᠲᠡᠮᠡᠴᠡᠬᠦ ᠵᠣᠷᠢᠭ ᠰᠠᠨᠠᠭ᠎ᠠ᠂ ᠤᠷᠤᠭᠰᠢᠯᠠᠨ ᠭᠠᠪᠱᠢᠭᠠᠢᠯᠠᠬᠤ ᠡᠷᠴᠢ ᠵᠣᠷᠢᠭ᠂ ᠪᠣᠳᠠᠲᠠᠢ ᠠᠵᠢᠯᠯᠠᠬᠤ ᠤᠷᠮᠠᠰ ᠰᠡᠳᠬᠢᠯᠬᠡ ᠪᠡᠷ ᠪᠢᠯᠬᠠᠨ᠎ᠠ ᠃ ᠥᠭᠡᠳᠡᠷᠬᠡᠭ ᠪᠠᠶᠠᠰᠤᠩᠭᠤᠢ ᠰᠡᠳᠭᠢᠯ ᠤ᠋ᠨ ᠳᠠᠭᠤᠨ᠂ ᠳᠠᠪᠠᠭ᠎ᠠ ᠲᠠᠪᠠᠬᠤ ᠲᠡᠮᠡᠴᠡᠯ ᠤ᠋ᠨ ᠵᠤᠷᠢᠭ᠂ ᠱᠢᠨᠲᠠᠷᠠᠰᠢ ᠦᠭᠡᠢ ᠴᠢᠷᠮᠠᠢᠬᠤ ᠬᠦᠮᠦᠰ ᠤ᠋ᠨ ᠪᠠᠷ᠎ᠠ ᠨᠢ ᠡᠷᠡᠯᠬᠡᠭ᠌ᠯᠡᠨ ᠲᠡᠮᠡᠴᠡᠵᠦ᠍ ᠠᠶᠠᠨ ᠳ᠋ᠠᠭᠠᠨ ᠲᠠᠬᠢᠨ ᠮᠤᠷᠳᠠᠬᠤᠶ᠎ᠠ ᠪᠢᠳᠡᠨ ᠤ᠋ ᠤᠷᠤᠭ᠍ᠰᠢᠯᠠᠯᠲᠠ ᠵᠢᠨ ᠬᠥᠳᠡᠯᠭᠡᠭᠦ᠌ ᠬᠦᠴᠦᠨ ᠨᠡᠩ ᠬᠦᠴᠦᠷᠬᠡᠭ᠌᠂ ᠲᠡᠮᠡᠴᠡᠯ ᠤ᠋ᠨ ᠵᠣᠷᠢᠭ ᠨᠡᠩ ᠪᠠᠳᠠᠷᠠᠩᠭᠤᠢ᠂ ᠵᠠᠪᠠᠯ ᠢᠯᠠᠬᠤ ᠢᠲᠡᠭᠡᠯ ᠨᠡᠩ ᠪᠠᠲᠤ ᠪᠠᠢᠵᠤ᠂ ᠬᠦᠰᠡᠯ ᠵᠡᠭᠦᠳᠦ᠍᠎ᠪᠠᠨ ᠲᠡᠷᠭᠡᠯᠱᠢᠭᠦᠯᠬᠦ᠌ ᠠᠯᠬᠤᠭ᠎ᠠ ᠬᠤᠷᠢᠭ᠍ᠯᠠᠭ᠍ᠳᠠᠰᠢ ᠦᠭᠡᠢ ᠶᠤᠮ ᠭᠡᠵᠦ᠍ ᠪᠣᠷᠣᠭ᠍ᠵᠢᠭᠤᠨ ᠪᠥᠭᠡᠳ ᠬᠦᠴᠦᠲᠡᠢ ᠲᠤᠩᠬᠠᠭ᠍ᠯᠠᠨ᠎ᠠ᠃

ᠢᠲᠡᠭᠡᠯ ᠲᠡᠢ ᠪᠣᠯ ᠵᠣᠷᠢᠭ ᠲᠠᠢ᠂ ᠢᠲᠡᠭᠡᠯ ᠲᠡᠢ ᠪᠣᠯ ᠬᠦᠴᠦᠨ ᠲᠠᠢ ᠶᠤᠮ᠃ ᠢᠲᠡᠭᠡᠯ ᠵᠣᠷᠢᠭ ᠲᠡᠭᠦᠯᠳᠡᠷ ᠵᠢᠡᠷ ᠯᠠᠪᠳᠠᠭᠤᠨ ᠪᠠᠲᠤᠲᠠᠢ ᠡᠷᠡᠮᠡᠬᠡᠢᠯᠡᠨ ᠤᠷᠤᠭᠰᠢᠯᠠᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠶ᠋ᠢ ᠠᠬᠢᠭᠤᠯᠬᠤ ᠳ᠋ᠤ ᠥᠪᠥᠷ ᠮᠣᠩᠭᠣᠯ ᠤ᠋ᠨ ᠬᠤᠪᠢ ᠨᠡᠮᠡᠷᠢ ᠵᠢ ᠦᠵᠡᠭᠦᠯᠬᠦ ᠰᠦᠷ ᠳᠠᠯᠠᠢᠴᠠᠲᠠᠢ ᠦᠵᠡᠮᠵᠢ ᠰᠦᠮᠡᠢᠨ ᠰᠦᠮᠡᠢᠨ ᠬᠠᠷᠠᠭᠳᠠᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号