ᠥᠪᠥᠷ ᠮᠣᠩᠭᠣᠯ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠳᠤᠭᠤᠢᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠶᠠᠷᠢᠯᠴᠠᠪᠠ
2023-03-07 09:53:14
ᠵᠣᠬᠢᠶᠠᠭ᠍ᠴᠢ᠄
​ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠣᠷᠣᠯᠴᠠᠵᠠᠢ

3 ᠰᠠᠷ᠎ᠠ᠎ᠶ᠋ᠢᠨ 6 ᠤ᠋ ᠡᠳᠦᠷ᠂ ᠥᠪᠥᠷ ᠮᠣᠩᠭᠣᠯ ᠳ᠋ᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠳᠤᠭᠤᠢᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ ᠤ᠋ᠨ ᠬᠡᠯᠲᠡᠰ᠎ᠦᠨ ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠪᠠᠶ ᠴᠢᠩ ᠶᠤᠸᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ ᠤ᠋ᠨ ᠪᠠᠢᠭ᠎ᠠ ᠡᠲᠡᠭᠡᠳ ᠢᠯᠭᠠᠯ᠎ᠤᠨ ᠳᠤᠭᠤᠢᠯᠠᠩ᠎ᠤᠨ ᠶᠠᠷᠢᠯᠴᠠᠬᠤ᠎ᠳᠤ ᠣᠷᠣᠯᠴᠠᠪᠠ᠃

ᠭᠡᠱᠢᠭᠦᠳ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠤ᠋ᠨ ᠪᠥᠬᠥ᠌ ᠠᠭᠤᠯᠭ᠎ᠠ ᠳ᠋ᠤ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠳᠤᠭᠤᠰᠢᠯᠠᠬᠳᠠᠵᠦ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠶ᠋ᠴᠡᠳ ᠢᠯᠡᠷᠡᠭᠦᠯᠵᠦ᠍᠂ ᠠᠮᠵᠢᠯᠲᠠ ᠪᠦᠲᠦᠮᠵᠢ ᠵᠢ ᠳ᠋ᠦᠩᠨᠡᠭᠰᠡᠨ ᠨᠢ ᠡᠷᠴᠢ ᠵᠣᠷᠢᠭ ᠢ᠋ ᠬᠥᠪᠴᠢᠯᠡᠵᠦ᠍᠂ ᠠᠵᠢᠯ᠎ᠢᠶᠡᠨ ᠲᠦᠯᠦᠪᠵᠢᠭᠦᠯᠦᠭᠰᠡᠨ ᠨᠢ ᠰᠡᠳᠭᠢᠮᠵᠢ ᠳᠤᠳᠤᠷᠬᠠᠢ ᠪᠠᠢᠵᠤ᠂ ᠬᠥᠮᠦᠰ᠎ᠢ ᠤᠷᠮᠠᠰᠢᠭᠤᠯᠤᠨ ᠵᠣᠷᠢᠭ᠍ᠵᠢᠭᠤᠯᠤᠬᠰᠠᠨ ᠬᠡᠭᠡᠨ ᠰᠠᠷᠠᠭᠤᠯ ᠢᠷᠡᠭᠡᠳᠦᠶ᠎ᠶ᠋ᠢ ᠵᠢᠷᠤᠭ᠍ᠯᠠᠵᠤ᠂ ᠠᠷᠠᠳ᠎ᠤᠨ ᠲᠥᠯᠥᠭᠡ ᠵᠢᠳᠬᠦᠬᠦ᠌ ᠴᠢᠩ ᠦᠨᠡᠨᠴᠢ ᠬᠠᠢᠷ᠎ᠠ ᠰᠡᠳᠭᠢᠯᠭᠡ᠎ᠶ᠋ᠢ ᠳᠠᠮᠵᠢᠭᠤᠯᠵᠤ᠂ ᠲᠣᠭ᠎ᠢ ᠥᠨᠳᠥᠷ ᠮᠠᠨᠳᠤᠭᠤᠯᠤᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠭ᠌ᠰᠡᠨ᠂ ᠬᠥᠮᠦᠰ᠎ᠦᠨ ᠰᠡᠳᠭᠢᠯ᠎ᠢ ᠨᠢᠭ᠍ᠲᠠᠷᠠᠭᠤᠯᠤᠭ᠍ᠰᠠᠨ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠰᠠᠢᠨ ᠢᠯᠡᠳᠭᠡᠯ ᠪᠤᠯᠤᠨ᠎ᠠ ᠭᠡᠵᠦ᠍ ᠰᠠᠨᠠᠯ ᠨᠢᠭᠡᠲᠡᠶ ᠦᠵᠡᠵᠡᠭᠡᠪᠡ᠃

《ᠶᠡᠷᠦᠩᠬᠡᠢ ᠰᠠᠢᠳ ᠯᠢ ᠺᠸ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠪᠢᠳᠡᠨ᠎ᠦ ᠳᠠᠷᠠᠭᠠᠴᠢ᠎ᠶ᠋ᠢᠨ ᠠᠯᠬᠤᠮ᠎ᠤᠨ ᠠᠵᠢᠯ᠎ᠢᠶᠡᠨ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃ ᠮᠠᠨ᠎ᠤ ᠬᠣᠢᠱᠢᠳᠠ᠎ᠶ᠋ᠢᠨ ᠠᠵᠢᠯ᠎ᠤᠨ ᠰᠡᠳᠭᠢᠮᠵᠢ ᠵᠢ ᠨᠠᠩ ᠲᠣᠳᠣᠷᠬᠠᠶ ᠪᠣᠯᠭᠠᠵᠤ᠂ ᠡᠯ᠎ᠡ ᠵᠦᠶ᠋ᠯ᠎ᠦᠨ ᠬᠠᠷᠠᠯᠲᠠ ᠡᠭᠦᠷᠭᠡ᠎ᠶ᠋ᠢ ᠨᠠᠢᠳᠠᠪᠤᠷᠢᠵᠢᠭᠤᠯᠬᠤ ᠠᠷᠭ᠎ᠠ ᠵᠠᠮ᠎ᠢ ᠨᠠᠩ ᠲᠣᠳᠣᠷᠬᠠᠶ ᠪᠣᠯᠭᠠᠵᠠᠢ》 ᠭᠡᠵᠦ ᠰᠦᠨ ᡁᠢ ᠬᠣᠩ ᠭᠡᠱᠢᠭᠦᠨ ᠬᠡᠯᠡᠪᠡ᠃

ᠢᠯᠡᠳᠭᠡᠯ᠎ᠳᠦ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠴᠢᠨᠠᠷ ᠰᠠᠢᠲᠠᠢ ᠲᠡᠩᠴᠡᠭᠦᠷᠢᠲᠡᠢ ᠬᠥᠭ᠌ᠵᠢᠭᠦᠯᠬᠦ᠌ ᠪᠠ ᠬᠤᠳᠠ ᠬᠥᠳᠡᠭᠡ᠎ᠶ᠋ᠢ ᠨᠢᠭᠡ ᠴᠤᠬ᠍ᠴᠠᠵᠢᠭᠤᠯᠬᠤ ᠵᠢ ᠠᠬᠢᠭᠤᠯᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠢ ᠶᠡᠬᠡ᠎ᠪᠡᠷ ᠬᠥᠭ᠌ᠵᠢᠭᠦᠯᠵᠦ᠍᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠤᠨ᠎ᠠ ᠭᠡᠵᠦ ᠲᠤᠷᠠᠳᠪᠠ᠃ ᠡᠭᠦᠨ᠎ᠦ ᠲᠤᠬᠠᠶ᠂ ᠵᠢᠨ ᠵᠤᠸᠠᠩ ᠭᠡᠱᠢᠭᠦᠨ᠂ ᠰᠤᠷᠭᠠᠨ ᠬᠥᠮᠦᠵᠢᠯ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠪᠠᠷᠢᠮᠲᠠᠯᠠᠵᠤ᠂ ᠴᠢᠨᠠᠷ ᠰᠠᠢᠲᠠᠶ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠱᠢᠰᠲ᠋ᠧᠮ᠎ᠦᠨ ᠪᠠᠢᠭᠤᠯᠤᠯᠲᠠ᠎ᠳᠤ ᠬᠤᠪᠢ ᠨᠡᠮᠡᠷᠢ ᠪᠡᠨ ᠦᠵᠡᠭᠦᠯᠦᠨ᠎ᠡ ᠭᠡᠵᠦ᠍ ᠢᠯᠡᠳᠭᠡᠪᠡ᠃

ᠢᠯᠡᠳᠭᠡᠯ᠎ᠳᠦ ᠠᠷᠠᠳ᠎ᠲᠤ ᠠᠱᠢᠭ ᠬᠦᠷᠲᠡᠭᠡᠬᠦ᠌ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠯᠢ ᠣᠯᠠᠨ ᠱᠢᠨ᠎ᠡ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠭᠰᠡᠨ ᠨᠢ ᠱ᠌ᠢ ᠯᠸᠢ ᠭᠡᠱᠢᠭᠦᠨ᠎ᠦ ᠤᠷᠮ᠎ᠠ ᠵᠤᠷᠢᠭ᠎ᠢ᠎ᠶᠡᠬᠡ ᠪᠡᠷ ᠬᠦᠪᠴᠢᠯᠡᠪᠡ᠃ ᠲᠡᠷᠡ᠂ 《ᠡᠳᠡᠭᠡᠷ ᠵᠢᠯ᠎ᠦᠳ᠎ᠲᠦ᠂ ᠵᠠᠰᠠᠭ᠎ᠤᠨ ᠣᠷᠳᠣᠨ ᠡᠴᠡ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠳᠡᠮᠵᠢᠬᠦ᠌ ᠡᠷᠴᠢᠮ᠎ᠢᠶᠡᠨ ᠢᠮᠠᠭ᠍ᠲᠠ ᠴᠢᠩᠭᠠᠷᠠᠭᠤᠯᠤᠭ᠍ᠰᠠᠭᠠᠷ ᠢᠷᠡᠵᠠᠢ᠃ ᠮᠠᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯᠲᠠᠨ ᠠᠵᠤ ᠠᠬᠤᠢᠯᠠᠯᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠱᠢᠷᠭᠠᠭᠤ ᠬᠠᠲᠠᠭᠤᠵᠢᠯᠲᠠᠢ ᠲᠡᠮᠡᠴᠡᠵᠦ᠍᠂ ᠴᠥᠬᠥᠷᠡᠰᠢ ᠦᠭᠡᠢ ᠴᠢᠷᠮᠠᠢᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠵᠤ ᠠᠬᠤᠢ᠎ᠶ᠋ᠢᠨ ᠪᠦᠳᠦᠭᠡᠨ ᠪᠠᠢᠭᠤᠯᠤᠯᠲᠠ᠎ᠳᠤ ᠣᠷᠣᠯᠴᠠᠨ᠎ᠠ》 ᠬᠡᠪᠡ᠃

ᠭᠡᠱᠢᠭᠦᠳ᠂ ᠤᠯᠤᠰ ᠲᠦᠷᠦ᠍᠎ᠶ᠋ᠢᠨ ᠵᠥᠪᠯᠡᠯᠭᠡ ᠬᠢᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠦᠷᠦ᠍᠎ᠶ᠋ᠢᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠶᠠᠪᠤᠳᠠᠯ᠎ᠢ ᠵᠥᠪᠯᠡᠬᠦ᠌ ᠡᠭᠦᠷᠭᠡ ᠲᠤᠰᠢᠶᠠᠯ᠎ᠢᠶᠡᠨ ᠦᠨᠡᠨ ᠬᠦ᠌ ᠭᠦᠢᠴᠡᠳᠭᠡᠵᠦ᠍᠂ ᠬᠥᠭ᠌ᠵᠢᠯᠲᠡ᠎ᠳᠦ ᠰᠠᠢᠨ ᠰᠠᠨᠠᠭᠤᠯᠭ᠎ᠠ ᠳᠤᠷᠠᠳᠴᠤ᠌᠂ ᠠᠷᠠᠳ᠎ᠤᠨ ᠠᠮᠢᠳᠤᠷᠠᠯ᠎ᠳᠤ ᠰᠠᠢ᠌ᠨ ᠠᠷᠭ᠎ᠠ ᠪᠤᠳᠤᠯᠭ᠎ᠠ ᠳᠡᠪᠱᠢᠭᠦᠯᠵᠦ᠍᠂ ᠭᠣᠣᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠬᠥᠭ᠌ᠵᠢᠯᠲᠡ᠎ᠶ᠋ᠢᠨ ᠬᠠᠮᠲᠤᠷᠠᠯ ᠬᠦᠴᠦᠨ᠎ᠢ ᠪᠦᠬᠦ᠌ ᠲᠠᠯ᠎ᠠ᠎ᠪᠠᠷ ᠨᠢᠭ᠍ᠲᠠᠷᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠴᠢᠨᠠᠷ ᠰᠠᠢᠲᠠᠢ ᠭᠦᠢᠴᠡᠳᠭᠡᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠦᠨ᠎ᠡ ᠭᠡᠵᠦ᠍ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号