ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ᠃ 3 ᠰᠠᠷ᠎ᠠ᠎ᠶ᠋ᠢᠨ 5 ᠤ᠋ ᠡᠳᠦᠷ ᠂ ᠶᠡᠷᠦᠩᠬᠡᠢ ᠱᠦᠵᠢ ᠰᠢ ᠵᠢᠨ ᠫᠢᠩ᠎ᠦᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠤᠯᠠᠮ ᠲᠣᠳᠣᠷᠬᠠᠢ ᠵᠢᠭᠠᠵᠤ ᠂ ᠴᠢᠬᠤᠯᠠ ᠵᠢᠷᠤᠮᠯᠠᠯ ᠬᠠᠩᠭᠠᠪᠠ᠃
ᠣᠳᠣᠬᠠᠨ᠎ᠳᠤ ᠂ ᠲᠥᠪ᠎ᠡᠴᠡ ᠣᠷᠣᠨ ᠨᠤᠲᠤᠭ ᠬᠦᠷᠲᠡᠯ᠎ᠡ ᠂ ᠪᠦᠬᠦ᠌ ᠤᠯᠤᠰ᠎ᠢᠶᠠᠷ᠎ᠢᠶᠠᠨ ᠴᠥᠮ ᠠᠵᠤ ᠠᠬᠤᠢ ᠪᠠ ᠬᠥᠭ᠌ᠵᠢᠯᠲᠡ᠎ᠵᠢ ᠬᠥᠭᠡᠭᠡᠴᠡᠯᠳᠦᠵᠦ᠍ ᠂ ᠲᠡᠷᠢᠭᠦᠨ᠎ᠦ ᠬᠢ ᠪᠣᠯᠬᠤ᠎ᠪᠠᠷ ᠴᠢᠷᠮᠠᠢᠵᠤ ᠪᠠᠢᠨ᠎ᠠ᠃ ᠱᠢᠨ᠎ᠡ ᠬᠠᠷᠠᠯᠲᠠ ᠱᠢᠨ᠎ᠡ ᠡᠭᠦᠷᠭᠡ ᠱᠢᠨ᠎ᠡ ᠱᠠᠭᠠᠷᠳᠠᠯᠭ᠎ᠠ᠎ᠶ᠋ᠢᠨ ᠡᠮᠦᠨ᠎ᠡ ᠂ ᠭᠠᠭ᠍ᠴᠠ ᠬᠦ᠌ ᠲᠡᠷᠢᠭᠦᠨ ᠴᠢᠬᠤᠯᠠ ᠡᠭᠦᠷᠭᠡ᠎ᠶ᠋ᠢ ᠪᠠᠲᠤ ᠡᠵᠡᠮᠳᠡᠵᠦ᠍ ᠂ ᠬᠥᠭ᠌ᠵᠢᠯᠲᠡ᠎ᠶ᠋ᠢ ᠲᠦᠷᠭᠡᠳᠭᠡᠬᠦ᠌ ᠂ ᠬᠥᠭ᠌ᠵᠢᠯᠲᠡ᠎ᠶ᠋ᠢ ᠶᠡᠬᠡᠪᠡᠷ ᠠᠳᠭᠤᠬᠤ ᠣᠢᠯᠠᠭᠠᠭ᠍ᠳᠠᠬᠤᠨ᠎ᠢ ᠪᠤᠢ ᠪᠣᠯᠭᠠᠵᠤ ᠂ ᠬᠣᠴᠣᠷᠬᠤ ᠦᠭᠡᠢ ᠂ ᠵᠣᠷᠢᠭ᠍ᠲᠠᠢ᠎ᠪᠠᠷ ᠲᠦᠷᠦᠭᠦᠯᠡᠬᠦ᠌ ᠣᠷᠭᠢᠯᠤᠮ᠎ᠠ ᠰᠡᠳᠭᠢᠯᠭᠡ᠎ᠶ᠋ᠢ ᠪᠠᠷᠢᠮᠲᠠᠯᠠᠵᠤ ᠂ 《 ᠶᠠᠰᠤ ᠴᠢᠨᠠᠷ 》 ᠂ 《 ᠲᠣᠭ᠎ᠠ ᠬᠡᠮᠵᠢᠶ᠎ᠡ 》 ᠵᠢ ᠨᠢᠭᠡᠳᠭᠡᠬᠦ᠌ ᠶᠡᠬᠡ ᠶᠠᠪᠤᠳᠠᠯ᠎ᠢ ᠰᠠᠢᠲᠤᠷ ᠬᠢᠪᠠᠯ ᠰᠠᠶᠢ ᠴᠢᠨᠠᠷ ᠰᠠᠢᠲᠠᠢ ᠬᠥᠭ᠌ᠵᠢᠯᠲᠡ᠎ᠶ᠋ᠢᠨ ᠤᠷᠤᠯᠳᠤᠭᠠᠨ᠎ᠤ ᠵᠠᠮ ᠳᠡᠭᠡᠷ᠎ᠡ ᠬᠦᠴᠦᠨ᠎ᠢᠶᠡᠨ ᠬᠤᠷᠠᠮᠳᠤᠭᠤᠯᠤᠨ ᠱᠢᠪᠲᠤᠯᠤᠯᠲᠠ ᠭᠠᠷᠭᠠᠵᠤ ᠴᠢᠳᠠᠨ᠎ᠠ᠃
ᠡᠨᠡ ᠵᠢᠯ ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ᠎ᠬᠢᠨ ᠪᠤᠭᠤᠲᠤ ᠬᠣᠲᠠ᠎ᠳᠤ 《ᠤᠯᠤᠰ᠎ᠤᠨ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ》 ᠪᠠᠢᠭᠤᠯᠬᠤ ᠰᠠᠨᠠᠭᠤᠯᠭ᠎ᠠ ᠭᠠᠷᠭᠠᠪᠠ᠃ ᠳᠡᠯᠡᠬᠡᠢ᠎ᠶ᠋ᠢᠨ ᠲᠡᠷᠢᠭᠦᠨ᠎ᠦ ᠲᠦᠪᠱᠢᠨ ᠵᠢᠡᠷ ᠪᠠᠷᠢᠮᠵᠢᠶᠠᠯᠠᠨ᠂ ᠡᠬᠢ ᠪᠠᠶᠠᠯᠢᠭ᠎ᠤᠨ ᠳᠠᠪᠠᠭᠤᠯᠢᠭ᠎ᠢᠶᠠᠨ ᠪᠠᠳᠠᠷᠠᠭᠤᠯᠵᠤ ᠂ ᠬᠣᠪᠣᠷ ᠱᠢᠷᠣᠢ᠎ᠶ᠋ᠢᠨ ᠠᠵᠤ ᠦᠢᠯᠡᠰ᠎ᠢ ᠳᠡᠯᠡᠬᠡᠢ᠎ᠶ᠋ᠢᠨ ᠬᠣᠪᠣᠷ ᠱᠢᠷᠣᠢ᠎ᠶ᠋ᠢᠨ ᠬᠦᠷᠢᠶᠡᠨ᠎ᠦ ᠬᠠᠮᠤᠭ᠎ᠤᠨ ᠡᠮᠦᠨ᠎ᠡ ᠡᠨᠭᠨᠡᠭᠡ᠎ᠳᠦ ᠬᠦᠷᠭᠡᠬᠦ᠎ᠳᠦ ᠂ ᠪᠢᠳᠡ ᠴᠢᠨᠠᠷ ᠰᠠᠢᠲᠠᠢ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ᠎ᠢᠶᠡᠨ ᠲᠥᠪᠯᠡᠷᠡᠭᠦᠯᠵᠦ᠍ ᠂ ᠨᠡᠩ ᠣᠷᠭᠢᠯᠤᠮ᠎ᠠ ᠬᠠᠯᠠᠭᠤᠨ ᠰᠡᠳᠭᠢᠯᠭᠡ ᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠎ᠢᠶᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ ᠂ ᠱᠢᠨ᠎ᠡ᠎ᠶ᠋ᠢ ᠡᠭᠦᠳᠦᠨ ᠱᠢᠪᠲᠤᠯᠤᠯᠲᠠ ᠭᠠᠷᠭᠠᠵᠦ ᠂ ᠨᠡᠩ ᠱᠢᠨ᠎ᠡ ᠨᠡᠩ ᠥᠨᠳᠥᠷ ᠬᠠᠷᠠᠯᠲᠠ ᠲᠡᠢᠰᠢ ᠲᠤᠮᠤ ᠠᠯᠬᠤᠮ᠎ᠢᠶᠠᠷ ᠤᠷᠤᠭ᠍ᠰᠢᠯᠠᠬᠤ ᠬᠡᠷᠡᠭ᠌ᠲᠡᠢ᠃ ᠬᠡᠯᠡᠯᠭᠡᠨ ᠦᠭᠡᠢ ᠂ ᠪᠢᠳᠡᠨ᠎ᠳᠦ ᠬᠣᠪᠣᠷ ᠱᠢᠷᠣᠢ ᠯᠠ ᠪᠠᠢᠬᠤ ᠪᠢᠰᠢ ᠂ ᠥᠪᠥᠷ ᠮᠣᠩᠭᠣᠯ᠎ᠤᠨ ᠭᠠᠵᠠᠷ ᠨᠤᠳᠤᠭ ᠠᠭᠤᠳᠠᠮ ᠂ ᠡᠬᠢ ᠪᠠᠶᠠᠯᠢᠭ ᠡᠯᠪᠡᠭ ᠪᠠᠢᠵᠤ ᠂ ᠬᠦᠰᠡᠯ ᠡᠷᠡᠮᠡᠯᠵᠡᠯ᠎ᠢᠶᠡᠷ ᠪᠢᠯᠬᠠᠮ᠎ᠠ ᠂ ᠶᠡᠬᠡ ᠦᠢᠯᠡᠰ᠎ᠢ ᠪᠦᠲᠦᠭᠡᠵᠦ᠍ ᠪᠣᠯᠬᠤ ᠰᠠᠢᠬᠠᠨ ᠭᠠᠵᠠᠷ ᠪᠢᠯᠡ᠃ ᠠᠵᠠ ᠲᠣᠬᠢᠶᠠᠯ᠎ᠢ ᠠᠮᠵᠢᠬᠤ ᠳᠤᠮᠳᠠ ᠳᠠᠪᠠᠭᠤᠯᠢᠭ᠎ᠢᠶᠠᠨ ᠪᠠᠳᠠᠷᠠᠭᠤᠯᠵᠤ ᠂ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ ᠂ ᠳᠤᠲᠠᠭᠤᠳᠠᠯ᠎ᠢᠶᠠᠨ ᠨᠥᠬᠥᠪᠥᠷᠢᠯᠡᠪᠡᠯ᠂ ᠳᠠᠪᠠᠭᠤᠯᠢᠭ᠎ᠢᠶᠠᠨ ᠠᠮᠵᠢᠯᠳᠠ ᠪᠣᠯᠭᠠᠨ ᠬᠤᠪᠢᠷᠠᠭᠤᠯᠵᠤ ᠂ ᠳᠠᠯᠳᠠ ᠬᠦᠴᠦᠨ᠎ᠢᠶᠡᠨ ᠪᠣᠳᠠᠲᠤ ᠬᠦᠴᠦᠨ ᠪᠣᠯᠭᠠᠨ ᠬᠤᠪᠢᠷᠠᠭᠤᠯᠵᠤ ᠂ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠤᠷᠳᠤᠴᠠ᠎ᠶ᠋ᠢ ᠲᠦᠷᠭᠡᠳᠭᠡᠵᠦ᠍ ᠴᠢᠳᠠᠨ᠎ᠠ᠃
ᠵᠢᠯ᠎ᠦᠨ ᠠᠵᠢᠯ ᠬᠠᠪᠤᠷ ᠳᠠᠭᠠᠨ᠂ ᠠᠯᠢᠪᠠ ᠠᠵᠢᠯ ᠡᠬᠢᠯᠡᠯᠳᠡ ᠳ᠋ᠡᠭᠡᠨ ᠭᠡᠳᠡᠭᠴᠢᠯᠡᠨ ᠪᠥᠬᠥ᠌ ᠤᠯᠤᠰ᠎ᠤᠨ ᠬᠣᠶᠠᠷ ᠬᠤᠷᠠᠯ᠎ᠤᠨ ᠤᠷᠢᠬᠠᠨ ᠰᠠᠯᠬᠢᠨ᠎ᠤ ᠡᠷᠴᠢᠨ᠎ᠳᠦ ᠂ ᠪᠢᠳᠡ ᠨᠠᠩ ᠥᠨᠳᠥᠷ ᠵᠣᠭ᠍ᠰᠣᠴᠠ ᠂ ᠨᠠᠩ ᠥᠷᠭᠡᠨ ᠬᠠᠷᠠᠭᠠᠰᠤ ᠂ ᠨᠠᠩ ᠶᠡᠬᠡ ᠪᠠᠢᠷᠢᠱᠢᠯ᠎ᠢᠶᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠪᠡᠨ ᠪᠤᠵᠠᠭᠠᠢᠷᠠᠭᠤᠯᠵᠤ ᠂ ᠡᠳ᠋ ᠬᠥᠷᠥᠩᠭᠡ᠎ᠪᠡᠨ ᠬᠤᠷᠠᠮᠳᠤᠭᠤᠯᠵᠤ ᠂ ᠶᠡᠬᠡ ᠲᠠᠯ᠎ᠠ᠎ᠳᠤ ᠦᠶ᠋ᠯᠡᠴᠢᠯᠡᠬᠦ᠌ ᠳᠤᠮᠳᠠ ᠨᠠᠩ ᠣᠯᠠᠨ ᠬᠥᠭ᠌ᠵᠢᠯᠲᠡ᠎ᠶ᠋ᠢᠨ ᠣᠷᠣᠨ ᠵᠠᠶ ᠣᠯᠵᠤ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠬᠢᠴᠠ ᠳᠤᠮᠳᠠ ᠨᠠᠩ ᠰᠦᠷ ᠳᠠᠯᠠᠢᠴᠠᠲᠠᠶ ᠥᠪᠥᠷ ᠮᠣᠩᠭᠣᠯ᠎ᠤᠨ ᠬᠦᠴᠦᠨ ᠴᠢᠳᠠᠯ᠎ᠢᠶᠠᠨ ᠡᠷᠭᠦᠶ᠎ᠡ᠃