【 ᠬᠣᠶᠠᠷ ᠬᠤᠷᠠᠯ ᠎ᠤᠨ ᠬᠠᠯᠠᠮᠱᠢᠯ ᠦᠭᠡ】 ᠶᠠᠰᠤ ᠴᠢᠨᠠᠷ ᠢ᠋ ᠲᠡᠷᠢᠭᠦᠨ ᠳ᠋ᠤ ᠲᠠᠯᠪᠢᠵᠦ ᠦᠷ᠎ᠡ ᠠᠱᠢᠭ ᠢ᠋ ᠤᠷᠢᠳ ᠵᠢᠡᠷ ᠪᠤᠳᠤᠯᠬᠢᠯᠠᠶ᠎ᠠ
2023-03-08 11:05:31
ᠵᠣᠬᠢᠶᠠᠭ᠍ᠴᠢ᠄
ᠬᠠ ᠯᠢ ᠴᠢᠨ
ᠣᠩᠱᠢᠭ᠍ᠰᠠᠨ ᠣᠳᠠᠭ᠎ᠠ᠄
★★★☆☆

【ᠲᠠᠭᠤᠨ】

ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠮᠠᠯᠴᠢᠨ ᠢᠷᠡᠬᠦᠦ ᠥᠩᠭᠡᠷᠡᠭ᠌ᠰᠡᠨ ᠳ᠋ᠤ ᠦᠬᠡᠷ ᠵᠢᠡᠨ ᠠᠭᠤᠯᠠ ᠲᠠᠯ᠎ᠠ ᠪᠡᠷ ᠪᠡᠯᠴᠢᠬᠡᠷᠯᠡᠬᠦᠯᠦᠨ ᠮᠠᠯᠵᠢᠵᠦ ᠪᠠᠢᠭ᠍ᠰᠠᠨ ᠡᠴᠡ ᠪᠠᠨ ᠤᠳᠤ ᠬᠡᠪᠴᠢᠶᠡᠵᠢᠭᠦᠯᠦᠨ ᠲᠡᠵᠢᠭᠡᠵᠤ ᠡᠳ᠋ᠰᠢᠬᠦᠯᠤᠨ ᠪᠤᠯᠪᠠᠰᠤᠷᠠᠭᠤᠯᠬᠤ ᠶ᠋ᠢ ᠨᠢᠭᠡ ᠴᠤᠭ᠍ᠴᠠᠵᠢᠭᠤᠯᠵᠤ᠂ ᠰᠦᠷᠦᠭ ᠤ᠋ᠨ ᠬᠡᠪᠴᠢᠶ᠎ᠠ ᠪᠠᠨ ᠥᠷᠭᠡᠳᠭᠡᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠪᠡᠷ ᠳᠠᠮᠵᠢᠨ ᠤᠨᠴᠠᠯᠢᠬ᠍ᠳᠤ ᠡᠵᠡᠩᠨᠡᠯᠲᠡ ᠵᠢᠨ ᠱᠢᠨ᠎ᠡ ᠵᠠᠮ ᠢ᠋ ᠨᠡᠭᠡᠭᠡᠭᠰᠡᠨ ᠪᠠᠢᠨ᠎ᠠ᠃ ᠤᠳᠤ ᠴᠢᠶᠠᠨ ᠬᠠᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠵᠦᠩ ᠪᠥᠸᠧ ᠨᠦᠩ ᠬᠦᠪᠦᠷᠡᠯ ᠤ᠋ᠨ ᠦᠢᠯᠡᠳᠪᠦᠷᠢᠯᠡᠯ ᠤ᠋ᠨ ᠲᠤᠷᠱᠢᠯᠲᠠ ᠵᠢᠨ ᠲᠠᠰᠤᠭ ᠪᠠᠢᠭᠤᠯᠤᠭ᠍ᠳᠠᠬᠤ ᠶ᠋ᠢ ᠲᠠᠭᠠᠯᠳᠤᠨ ᠂ ᠲᠤᠬᠠᠢ ᠵᠢᠨ ᠭᠠᠵᠠᠷ ᠤ᠋ᠨ ᠮᠠᠯᠴᠢᠨ ᠲᠠᠷᠢᠶᠠᠴᠢᠨ ᠤ᠋ ᠤᠤᠯ ᠤ᠋ᠨ ᠠᠵᠤ ᠦᠢᠯᠡᠰ ᠤ᠋ᠨ ᠬᠥᠭ᠌ᠵᠢᠯᠲᠡ ᠵᠢᠨ《ᠬᠡᠪᠴᠢᠶ᠎ᠠ ᠪᠠᠭ᠎ᠠ ᠶᠠᠰᠤ ᠴᠢᠨᠠᠷ ᠠᠨᠠᠢ》ᠪᠠᠢᠳᠠᠯ ᠢ᠋ ᠬᠤᠪᠢᠷᠠᠭᠤᠯᠬᠤ ᠨᠢ ᠯᠠᠪᠲᠠᠢ᠃ 《ᠪᠢᠳᠡ ᠬᠦᠪᠦᠷᠡᠯ ᠤ᠋ᠨ ᠲᠤᠷᠱᠢᠯᠲᠠ ᠵᠢᠨ ᠲᠠᠰᠤᠭ ᠢ᠋ ᠠᠱᠢᠭ᠍ᠯᠠᠨ ᠰᠦ ᠰᠠᠢᠳᠠᠢ ᠰᠠᠭᠠᠯᠢ ᠵᠢᠨ ᠦᠨᠢᠶ᠎ᠡ ᠪᠣᠢᠵᠢᠭᠤᠯᠬᠤ ᠦᠷ᠎ᠡ ᠪᠦᠲᠦᠮᠵᠢ ᠪᠠᠨ ᠲᠦᠷᠭᠡᠳᠭᠡᠨ᠂ ᠥᠩᠭᠡᠷᠡᠭ᠌ᠰᠡᠨ ᠤ᠋ ᠲᠣᠭ᠎ᠠ ᠬᠡᠮᠵᠢᠶ᠎ᠡ ᠪᠡᠷ ᠭᠠᠷᠤᠯᠳᠠ ᠶ᠋ᠢ ᠰᠣᠯᠢᠬᠤ ᠵᠠᠭ᠍ᠪᠤᠷ ᠵᠢᠡᠨ ᠬᠤᠪᠢᠷᠠᠭᠤᠯᠵᠤ᠂ ᠨᠠᠩ ᠣᠯᠠᠨ ᠰᠠᠢᠨ ᠡᠬᠦᠯᠳᠡᠷ ᠤ᠋ᠨ ᠰᠠᠭᠠᠯᠢ ᠵᠢᠨ ᠦᠨᠢᠶ᠎ᠠ ᠲᠠᠵᠢᠬᠡᠵᠤ᠂ ᠪᠦᠬᠦᠯᠢ ᠴᠣᠭ᠍ᠴᠠ ᠵᠢᠨ ᠦᠷ᠎ᠡ ᠠᠱᠢᠭ ᠵᠢᠡᠨ ᠳᠡᠭᠡᠭ᠌ᠰᠢᠯᠡᠭᠦᠯᠤᠨ᠎ᠠ》 ᠭᠡᠵᠦ᠍ ᠢᠷᠡᠬᠦᠦ ᠬᠡᠯᠡᠨ᠎ᠠ ᠃

【ᠰᠢᠭᠦᠮᠵᠢ】

《ᠶᠠᠰᠤ ᠴᠢᠨᠠᠷ ᠢ᠋ ᠲᠡᠷᠢᠭᠦᠨ ᠳ᠋ᠤ ᠲᠠᠯᠪᠢᠵᠦ ᠦᠷ᠎ᠡ ᠠᠱᠢᠭ ᠢ᠋ ᠤᠷᠢᠳ ᠵᠢᠡᠷ ᠪᠤᠳᠤᠯᠬᠢᠯᠠᠬᠤ ᠶ᠋ᠢ ᠢᠮᠠᠭ᠍ᠲᠠ ᠪᠠᠷᠢᠮᠲᠠᠯᠠᠵᠤ᠂ ᠶᠠᠰᠤ ᠴᠢᠨᠠᠷ ᠤ᠋ᠨ ᠤᠬᠠᠮᠰᠠᠷ ᠵᠢᠡᠨ ᠶᠡᠬᠡ ᠪᠡᠷ ᠴᠢᠩᠭᠠᠳᠭᠠᠨ᠂ ᠶᠠᠰᠤ ᠴᠢᠨᠠᠷ ᠢ᠋ ᠠᠮᠢ ᠨᠠᠰᠤ ᠪᠠᠨ ᠰᠢᠬ ᠴᠢᠬᠤᠯᠠᠴᠢᠯᠠᠵᠦ᠂ ᠴᠢᠨᠠᠷ ᠰᠠᠢᠳᠠᠢ ᠪᠠᠢᠬᠤ ᠵᠢ ᠬᠦᠬᠡᠬᠡᠴᠡᠯᠳᠦᠬᠦ ᠬᠡᠷᠡᠭᠳᠡᠢ》ᠭᠡᠰᠡᠨ ᠶᠡᠷᠦᠩᠬᠡᠢ ᠱᠦᠵᠢ ᠰᠢ ᠵᠢᠨ ᠫᠢᠩ ᠤ᠋ᠨ ᠵᠢᠶᠠᠩᠰᠦ ᠵᠢᠨ ᠲᠥᠯᠥᠭᠡᠯᠡᠭ᠌ᠴᠢᠳ ᠤ᠋ᠨ ᠪᠦᠯᠬᠦᠮ ᠤ᠋ᠨ ᠬᠢᠨᠠᠨ ᠵᠥᠪᠯᠡᠬᠦ᠌ ᠳ᠋ᠤ ᠣᠷᠣᠯᠴᠠᠬᠤ ᠦᠶ᠎ᠠ ᠵᠢᠨ ᠴᠢᠬᠤᠯᠠ ᠶᠠᠷᠢᠶ᠎ᠠ ᠨᠢ ᠴᠢᠨᠠᠷ ᠰᠠᠢᠲᠠᠶ ᠬᠥᠭ᠌ᠵᠢᠯᠲᠡ ᠵᠢᠨ ᠡᠯᠪᠡᠭ ᠪᠠᠶᠠᠯᠢᠭ ᠠᠭᠤᠯᠤᠭ᠍ᠳᠠᠬᠤᠨ ᠢ᠋ ᠤᠯᠠᠮ ᠨᠢᠭᠡ ᠠᠯᠬᠤᠮ ᠪᠥᠬᠥ᠌ ᠲᠠᠯ᠎ᠠ ᠪᠠᠷ ᠭᠦᠨᠵᠡᠭᠡᠶ ᠲᠣᠳᠣᠷᠬᠠᠢᠯᠠᠨ ᠥᠭᠦᠯᠡᠵᠦ᠍᠂ ᠥᠪᠥᠷ ᠮᠣᠩᠭᠣᠯ ᠤ᠋ᠨ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠢᠨ ᠠᠵᠢᠯ ᠵᠢᠡᠨ ᠰᠠᠢᠲᠤᠷ ᠬᠢᠬᠦ᠌ ᠳ᠋ᠤ ᠦᠨᠳᠦᠰᠦᠨ ᠵᠢᠷᠤᠮᠯᠠᠯ ᠬᠠᠩᠭᠠᠪᠠ᠃

ᠮᠠᠨ ᠤ᠋ ᠤᠷᠤᠨ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠪᠣᠯᠤᠭ᠍ᠰᠠᠨ ᠤ᠋ ᠬᠤᠪᠢ ᠳ᠋ᠤ᠂ 《ᠲᠠᠷᠢᠶᠠᠨ ᠭᠠᠵᠡᠷ᠂ ᠤᠰᠤ᠂ ᠦᠷ᠎ᠠ ᠡᠬᠦᠯᠳᠡᠷ᠂ ᠠᠮᠤ ᠪᠤᠳᠠᠭ᠎ᠠ᠂ ᠮᠢᠬ᠎ᠠ᠂ ᠰᠦ》 ᠵᠢᠨ ᠠᠵᠢᠯ ᠢ᠋ ᠦᠨᠡᠨ ᠬᠦ᠌ ᠰᠠᠢᠳᠤᠷ ᠬᠢᠵᠦ᠍᠂ ᠲᠣᠭ᠎ᠠ ᠬᠡᠮᠵᠢᠶ᠎ᠡ ᠶ᠋ᠢ ᠲᠠᠰᠤᠷᠠᠯᠲᠠ ᠥᠬᠡᠶ ᠥᠷᠭᠡᠳᠭᠡᠵᠦ᠍᠂ ᠶᠠᠰᠤ ᠴᠢᠨᠠᠷ ᠢ᠋ ᠳᠡᠭᠡᠭ᠌ᠰᠢᠯᠡᠭᠦᠯᠦᠨ᠂ ᠤᠨᠠᠯᠲᠠ ᠭᠠᠷᠤᠯᠳᠠ ᠶ᠋ᠢ ᠨᠡᠮᠡᠭ᠌ᠳᠡᠭᠦᠯᠬᠦ᠌ ᠳ᠋ᠤ ᠡᠷᠬᠡᠪᠰᠢ ᠶᠠᠰᠤ ᠴᠢᠨᠠᠷ ᠢ᠋ ᠲᠡᠷᠢᠭᠦᠨ ᠳ᠋ᠤ ᠲᠠᠯᠪᠢᠵᠦ ᠦᠷ᠎ᠡ ᠠᠱᠢᠭ ᠢ᠋ ᠤᠷᠢᠳ ᠵᠢᠡᠷ ᠪᠤᠳᠤᠯᠬᠢᠯᠠᠬᠤ ᠶ᠋ᠢ ᠢᠮᠠᠭ᠍ᠲᠠ ᠪᠠᠷᠢᠮᠲᠠᠯᠠᠵᠤ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠬᠤ᠂ ᠮᠠᠯᠴᠢᠨ ᠲᠠᠷᠢᠶᠠᠴᠢᠨ ᠤ᠋ ᠣᠷᠣᠯᠭ᠎ᠠ᠎ᠶ᠋ᠢ ᠨᠡᠮᠡᠭ᠌ᠳᠡᠭᠦᠯᠬᠦ᠌ ᠭᠣᠸ᠋ᠯ ᠡᠭᠦᠷᠭᠡ᠎ᠶ᠋ᠢ ᠠᠬᠢᠭᠤᠯᠬᠤ ᠳ᠋ᠤ ᠠᠩᠬᠠᠷᠤᠯ ᠵᠢᠡᠨ ᠲᠥᠪᠯᠡᠷᠡᠭᠦᠯᠤᠨ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠪᠡᠷ ᠬᠥᠳᠡᠯᠭᠡᠭᠦᠷ ᠪᠣᠯᠭᠠᠬᠤ᠎ᠶ᠋ᠢ ᠰᠠᠢᠲᠤᠷ ᠬᠡᠷᠡᠭ᠌ᠯᠡᠵᠤ᠂ ᠤᠯᠤᠰ ᠤ᠋ᠨ 《ᠠᠮᠤ ᠵᠢᠨ ᠰᠡᠨᠭ》᠂ 《ᠮᠢᠬᠠᠨ ᠤ᠋ ᠬᠥᠮᠥᠷᠭᠡ》 ᠂ 《ᠰᠦ ᠶ᠋ᠢᠨ ᠰᠠᠪᠠ》 ᠶ᠋ᠢ ᠲᠣᠭ᠎ᠠ ᠬᠡᠮᠵᠢᠶ᠎ᠡ ᠪᠡᠷ ᠶᠡᠬᠡ ᠪᠥᠭᠡᠳ ᠴᠢᠨᠠᠷ ᠰᠠᠢᠲᠠᠶ ᠪᠥᠲᠥᠭᠡᠨ ᠪᠠᠢᠭᠤᠯᠵᠤ ᠂ ᠮᠠᠯᠴᠢᠨ ᠲᠠᠷᠢᠶᠠᠴᠢᠨ ᠤ᠋ ᠤᠷᠤᠯᠭ᠎ᠠ ᠶ᠋ᠢ ᠤᠯᠠᠮ ᠡᠴᠡ ᠤᠯᠠᠮ ᠨᠡᠮᠡᠭ᠌ᠳᠡᠭᠦᠯᠬᠦ᠌ ᠬᠡᠷᠡᠭ᠌ᠲᠡᠶ ᠃

ᠭᠠᠭᠴᠠ ᠬᠦ᠌ ᠴᠢᠨᠠᠷ ᠰᠠᠢᠲᠠᠢ ᠬᠥᠭ᠌ᠵᠢᠯᠲᠡ ᠵᠢᠨ ᠵᠠᠮ ᠵᠢᠡᠷ ᠭᠤᠢᠪᠢᠰᠢ ᠦᠭᠡᠢ ᠵᠠᠮᠨᠠᠵᠤ᠂ ᠶᠠᠰᠤ ᠴᠢᠨᠠᠷ ᠪᠣᠯᠤᠨ ᠦᠷ᠎ᠡ ᠠᠱᠢᠭ ᠤ᠋ᠨ ᠲᠠᠯ᠎ᠠ ᠪᠠᠷ ᠬᠦᠴᠦ᠍ ᠣᠷᠣᠭᠤᠯᠪᠠᠯ ᠰᠠᠶᠢ ᠳᠠᠪᠠᠭᠤᠯᠢᠭ ᠢ᠋ ᠣᠯᠵᠤ᠂ ᠰᠠᠨᠠᠭᠠᠴᠢᠯᠠᠭᠠᠲᠤ ᠪᠠᠢᠷᠢ ᠶ᠋ᠢ ᠡᠵᠡᠯᠡᠵᠤ᠂ ᠢᠷᠡᠭᠡᠳᠦᠢ ᠪᠠᠨ ᠣᠯᠵᠤ ᠴᠢᠳᠠᠨ᠎ᠠ᠃ ᠶᠡᠷᠦᠨᠭᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠴᠢᠷᠮᠠᠢᠨ ᠪᠡᠶᠡᠯᠡᠭᠦᠯᠬᠦ᠌ ᠳ᠋ᠤ ᠡᠷᠬᠡᠪᠰᠢ ᠴᠢᠨᠠᠷ ᠰᠠᠢᠲᠠᠶ ᠬᠥᠭ᠌ᠵᠢᠯᠲᠡ ᠪᠡᠷ ᠵᠢᠯᠣᠭᠣᠳᠣᠯᠭ᠎ᠠ ᠪᠣᠯᠭᠠᠵᠤ᠂ ᠤᠯᠠᠮᠵᠢᠯᠠᠯᠲᠤ ᠠᠵᠤ ᠦᠢᠯᠡᠰ ᠢ᠋ 《ᠲᠤᠢᠯᠪᠤᠷᠢᠲᠠᠢ ᠥᠭᠡᠷᠡᠴᠢᠯᠡᠬᠦ》᠂ ᠱᠢᠨ᠎ᠡ ᠪᠡᠷ ᠮᠠᠨᠳᠤᠭᠰᠠᠨ ᠠᠵᠤ ᠦᠢᠯᠡᠰ ᠢ᠋ 《ᠪᠤᠵᠠᠭᠠᠢᠷᠠᠭᠤᠯᠤᠨ ᠬᠦᠴᠤᠷᠬᠡᠭᠵᠢᠬᠦᠯᠬᠦ》᠂ ᠲᠤᠯᠭᠠᠭᠤᠷᠢ ᠠᠵᠤ ᠦᠢᠯᠡᠰ ᠢ᠋ 《ᠬᠡᠯᠬᠢᠶᠡᠵᠢᠬᠦᠯᠵᠤ ᠪᠦᠯᠦᠭᠵᠢᠬᠦᠯᠬᠦ》  ᠵᠢ ᠠᠬᠢᠭᠤᠯᠬᠤ ᠬᠡᠷᠡᠭ᠌ᠲᠡᠶ᠃ ᠪᠦᠳᠦᠭᠦᠯᠢᠭ ᠬᠥᠭ᠌ᠵᠢᠯᠲᠡ ᠵᠢᠨ ᠵᠠᠭ᠍ᠪᠤᠷ ᠢ᠋ ᠡᠷᠡᠰ ᠲᠠᠶᠠᠭ᠍ᠳᠠᠵᠤ᠂ ᠱᠢᠨ᠎ᠡ ᠡᠨᠧᠷᠭᠢ ᠵᠢᠨ ᠨᠡᠭᠡᠭᠡᠨ ᠬᠥᠭ᠌ᠵᠢᠭᠦᠯᠦᠯᠲᠡ᠎ᠶ᠋ᠢ ᠠᠬᠢᠭᠤᠯᠤᠨ᠂ ᠨᠡᠭᠦᠷᠡᠰᠦ ᠶ᠋ᠢ ᠠᠷᠢᠭᠤᠨ ᠴᠡᠪᠡᠷ ᠥᠨᠳᠥᠷ ᠦᠷ᠎ᠡ ᠪᠦᠲᠦᠮᠵᠢᠲᠡᠶ ᠪᠡᠷ ᠠᠱᠢᠭ᠍ᠯᠠᠬᠤ᠎ᠶ᠋ᠢ ᠠᠬᠢᠭᠤᠯᠵᠤ᠂ ᠲᠣᠭ᠎ᠠ ᠬᠡᠮᠵᠢᠶ᠎ᠡ ᠶᠠᠰᠤ ᠴᠢᠨᠠᠷ ᠢ᠋ ᠵᠡᠷᠭᠡ ᠪᠡᠷ ᠴᠢᠬᠤᠯᠠᠴᠢᠯᠠᠨ ᠮᠠᠯ ᠠᠵᠤ ᠠᠬᠤᠶ ᠲᠠᠷᠢᠶᠠᠯᠠᠩ ᠪᠤᠯᠤᠨ ᠦᠶ᠋ᠯᠡᠴᠢᠯᠡᠭᠡᠨ ᠤ᠋ ᠦᠶ᠋ᠯᠡᠰ ᠤ᠋ᠨ ᠬᠥᠭ᠌ᠵᠢᠨ ᠪᠤᠵᠠᠭᠠᠢ᠌ᠷᠠᠬᠤ᠎ᠶ᠋ᠢ ᠠᠬᠢᠭᠤᠯᠬᠤ ᠬᠡᠷᠡᠭᠳᠠᠢ᠃

ᠤᠷᠢᠬᠠᠨ ᠬᠠᠪᠤᠷ ᠵᠢᠡᠷ ᠠᠶᠠᠨ ᠳ᠋ᠠᠭᠠᠨ ᠠᠬᠢᠨ ᠮᠤᠷᠳᠠᠵᠤ᠂ ᠬᠦᠰᠡᠯ ᠵᠡᠭᠦᠳᠦ᠍ ᠪᠡᠨ ᠲᠡᠷᠭᠡᠯᠱᠢᠭᠦᠯᠬᠦ᠌ ᠪᠡᠷ ᠡᠷᠡᠮᠡᠬᠡᠢᠯᠡᠨ ᠤᠷᠤᠭ᠍ᠰᠢᠯᠠᠨ᠎ᠠ᠃ ᠪᠢᠳᠡ ᠶᠠᠰᠤ ᠴᠢᠨᠠᠷ ᠢ᠋ ᠲᠡᠷᠢᠭᠦᠨ ᠳ᠋ᠤ ᠲᠠᠯᠪᠢᠵᠤ ᠦᠷ᠎ᠡ ᠠᠱᠢᠭ ᠢ᠋ ᠤᠷᠢᠳ ᠵᠢᠡᠷ ᠪᠤᠳᠤᠯᠬᠢᠯᠠᠬᠤ ᠶ᠋ᠢ ᠢᠮᠠᠭ᠍ᠲᠠ ᠪᠠᠷᠢᠮᠲᠠᠯᠠᠵᠤ᠂ ᠪᠦᠳᠦᠴᠡ ᠵᠢᠨ ᠲᠣᠬᠢᠷᠠᠭᠤᠯᠤᠯᠲᠠ ᠵᠢᠨ ᠡᠪᠡᠷᠱᠢᠶᠡᠯ ᠢ᠋ ᠳᠠᠪᠠᠨ᠂ ᠬᠥᠭ᠌ᠵᠢᠯᠲᠡ ᠵᠢᠨ ᠳᠤᠲᠠᠭᠤᠳᠠᠯ ᠵᠢᠡᠨ ᠨᠥᠬᠥᠪᠥᠷᠢᠯᠡᠵᠦ᠍᠂ ᠬᠥᠭ᠌ᠵᠢᠯᠲᠡ ᠵᠢᠨ ᠨᠡᠮᠡᠭ᠌ᠳᠡᠯ ᠤ᠋ᠨ ᠬᠡᠮᠵᠢᠶ᠎ᠡ ᠪᠠᠨ ᠱᠢᠯᠢᠳᠡᠭ᠌ᠵᠢᠭᠦᠯᠪᠡᠯ ᠯᠠᠪᠳᠠᠢ ᠬᠥᠭ᠌ᠵᠢᠯᠲᠡ ᠵᠢᠨ ᠶᠠᠰᠤ ᠴᠢᠨᠠᠷ ᠦᠷ᠎ᠡ ᠠᠱᠢᠭ ᠵᠢᠡᠨ ᠵᠡᠷᠬᠡ ᠪᠡᠷ ᠳᠡᠭᠡᠭ᠌ᠰᠢᠯᠡᠭᠦᠯᠵᠤ ᠴᠢᠳᠠᠬᠤ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠴᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号