《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠦᠷᠦ᠍᠎ᠶ᠋ᠢᠨ ᠪᠤᠳᠤᠯᠭ᠎ᠠ ᠨᠢ ᠪᠡᠶ᠎ᠡ᠎ᠪᠡᠨ ᠳᠠᠭᠠᠭᠠᠵᠤ ᠬᠦᠴᠦᠷᠭᠡᠭᠵᠢᠬᠦ᠎ᠳᠦ ᠠᠩᠬᠠᠷᠤᠯ᠎ᠢᠶᠠᠨ ᠲᠥᠪᠯᠡᠷᠡᠭᠦᠯᠬᠦ᠌ ᠬᠡᠷᠡᠭ᠌ᠲᠡᠢ》᠂ 《ᠬᠣᠱᠢᠭᠤᠷᠠᠯ ᠮᠡᠷᠭᠡᠵᠢᠯ᠎ᠢ ᠰᠤᠳᠤᠯᠤᠨ ᠨᠡᠭᠡᠭᠡᠬᠦ᠌ ᠪᠠ ᠬᠡᠷᠡᠭ᠌ᠯᠡᠵᠦ᠍ ᠳᠡᠯᠭᠡᠷᠡᠭᠦᠯᠬᠦ᠌᠎ᠶ᠋ᠢ ᠲᠦᠷᠭᠡᠳᠭᠡᠬᠦ᠌ ᠬᠡᠷᠡᠭ᠌ᠲᠡᠢ》᠂ 《ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠪᠣᠯᠤᠨ ᠲᠣᠨᠣᠭ᠍ᠯᠠᠯ᠎ᠤᠨ ᠲᠤᠯᠭᠠᠭᠤᠷᠢᠯᠠᠯ᠎ᠢ ᠴᠢᠩᠭᠠᠳᠭᠠᠬᠤ ᠬᠡᠷᠡᠭ᠌ᠲᠡᠢ》᠁ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠱᠢᠨ᠎ᠡ᠎ᠶ᠋ᠢ ᠡᠭᠦᠳᠬᠦ᠌ ᠨᠢ ᠬᠥᠮᠦᠰ᠎ᠦᠨ ᠠᠩᠬᠠᠷᠤᠯ᠎ᠢ ᠶᠡᠬᠡᠳᠡ ᠲᠠᠲᠠᠭᠰᠠᠨ ᠬᠠᠯᠠᠮᠰᠢᠯ ᠦᠭᠡ ᠪᠤᠯᠪᠠ᠃
ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ᠎ᠦᠨ ᠬᠦᠴᠦᠨ ᠮᠥᠨ᠂ ᠱᠢᠨ᠎ᠡ᠎ᠶ᠋ᠢ ᠡᠭᠦᠳᠬᠦ᠌ ᠪᠣᠯ ᠨᠢᠭᠡᠳᠦᠭᠡᠷ ᠬᠥᠳᠡᠯᠭᠡᠭ᠌ᠴᠢ ᠬᠦᠴᠦᠨ ᠮᠥᠨ᠃ ᠴᠠᠩ ᠧ ᠰᠠᠷᠠᠨ ᠪᠥᠮᠪᠥᠷᠴᠡᠭ᠎ᠲᠦ ᠭᠠᠷᠴᠦ᠂ ᠳᠣᠬᠢᠭᠤᠷ ᠲᠤᠯᠤᠭᠠᠨ ᠣᠲᠣ ᠵᠠᠮᠴᠢ ᠲᠤᠤᠷ᠎ᠢ ᠪᠦᠷᠢᠯᠳᠦᠭᠦᠯᠵᠦ᠍᠂ ᠲᠢᠶᠠᠨ ᠸᠧᠨ ᠭᠠᠯ ᠭᠠᠷᠠᠭ᠎ᠢ ᠬᠠᠢᠨ ᠰᠢᠨᠵᠢᠯᠡᠵᠦ᠂ ᠵᠢᠶᠤᠤ ᠯᠦᠩ ᠲᠡᠯᠡᠶ᠎ᠳᠦ ᠣᠷᠣᠵᠤ ᠂ 8 ᠵᠢᠯ ᠳᠠᠷᠠᠭᠠᠯᠠᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢᠨ ᠬᠡᠮᠵᠢᠶ᠎ᠡ᠎ᠪᠡᠷ ᠪᠥᠬᠥ᠌ ᠳᠡᠯᠡᠬᠡᠶ᠎ᠳᠦ ᠲᠡᠷᠢᠭᠦᠯᠡᠪᠡ᠁ ᠣᠲᠣ ᠦᠶ᠎ᠡ᠎ᠶ᠋ᠢᠨ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠡᠯᠪᠡᠭ ᠦᠷ᠎ᠡ ᠪᠦᠲᠦᠭᠡᠯ ᠨᠢ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ ᠪᠡᠶᠡᠯᠡᠭᠦᠯᠬᠦ᠌ ᠪᠣᠯ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠠᠢᠯᠠᠰᠢ ᠥᠬᠡᠶ ᠵᠠᠮ ᠪᠠᠢᠵᠦ᠂ ᠡᠷᠬᠡᠪᠰᠢ ᠣᠷᠳᠣ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭ᠌ᠲᠡᠶ ᠭᠡᠳᠡᠭ᠎ᠢ ᠲᠠᠰᠤᠷᠠᠯᠲᠠ ᠦᠭᠡᠢ ᠭᠡᠷᠡᠴᠢᠯᠡᠪᠡ᠃
ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌ ᠪᠣᠯ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠬᠤᠯᠠ ᠲᠤᠯᠭᠠᠭᠤᠷᠢᠯᠠᠯ ᠮᠥᠨ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠨᠡ ᠬᠦ᠌ ᠬᠥᠯᠭᠡ ᠱᠢᠳᠠᠷ᠎ᠠ᠎ᠶ᠋ᠢ ᠰᠠᠢᠲᠤᠷ ᠲᠠᠯᠪᠢᠬᠤ᠎ᠳᠤ ᠥᠪᠥᠷ ᠮᠣᠩᠭᠣᠯ ᠪᠡᠶ᠎ᠡ ᠪᠠᠨ ᠳᠠᠭᠠᠭᠠᠨ ᠴᠢᠷᠮᠠᠢᠬᠤ ᠬᠡᠷᠡᠭᠲᠡᠢ᠃ ᠣᠷᠳᠣᠰ᠎ᠲᠤ᠂ ᠬᠠᠷ᠎ᠠ ᠨᠡᠭᠦᠷᠡᠰᠦ ᠨᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠦᠷᠭᠡᠳᠭᠡᠯ ᠳᠤᠤᠷ᠎ᠠ 《ᠤᠯᠠᠨ ᠶᠠᠩᠵᠤ ᠪᠡᠷ ᠬᠤᠪᠢᠷᠠᠬᠤ》 ᠪᠣᠯᠪᠠ; ᠪᠠᠶᠠᠨᠨᠠᠭᠤᠷ᠎ᠲᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠨᠡ ᠬᠦ᠌ ᠨᠦᠰᠡᠷ ᠬᠦᠨᠳᠦ 《ᠠᠯᠳᠠᠨ ᠲᠦᠯᠬᠢᠭᠦᠷ》 ᠨᠢ ᠠᠮᠤ ᠪᠤᠳᠠᠭ᠎ᠠ ᠡᠯᠪᠡᠭ ᠬᠤᠷᠢᠶᠠᠯᠲᠠ ᠤᠯᠬᠤ ᠡᠭᠦᠳᠡ᠎ᠶ᠋ᠢ ᠨᠡᠭᠡᠭᠡᠵᠦ᠍᠂ 《ᠠᠮᠤ ᠵᠢᠨ ᠰᠠᠩ》 ᠂ 《ᠮᠢᠬᠠᠨ᠎ᠤ ᠬᠥᠮᠥᠷᠭᠡ》 ᠂ 《ᠰᠦ ᠵᠢᠨ ᠬᠦᠨᠦᠭ》 ᠢ ᠪᠠᠲᠤ ᠰᠠᠬᠢᠬᠤ᠎ᠳᠤ ᠬᠦᠴᠦᠨ ᠨᠡᠮᠡᠷᠢᠯᠡᠪᠡ ᠁ ᠰᠢᠨ᠎ᠡ ᠵᠢ ᠡᠭᠦᠳᠬᠦ ᠪᠡᠷ ᠴᠢᠨᠠᠷ ᠰᠠᠢᠳᠠᠢ ᠬᠦᠭᠵᠢᠯᠳᠡ ᠵᠢ ᠠᠬᠢᠭᠤᠯᠵᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠨᠡ ᠬᠦ᠌ 《ᠵᠠᠩᠭᠢᠯᠠᠭ᠎ᠠ᠎ᠶ᠋ᠢᠨ ᠬᠤᠪᠢᠰᠤᠭ᠍ᠴᠢ ᠬᠡᠮᠵᠢᠭ᠌ᠳᠡᠬᠦᠨ》 ᠢ᠋ ᠬᠥᠭ᠌ᠵᠢᠯᠲᠡ᠎ᠶ᠋ᠢᠨ 《ᠬᠠᠮᠤᠭ᠎ᠤᠨ ᠶᠡᠬᠡ ᠨᠡᠮᠡᠭ᠌ᠳᠡᠯ》 ᠪᠣᠯᠭᠠᠨ ᠬᠤᠪᠢᠷᠠᠭᠤᠯᠪᠠᠯ᠂ ᠥᠪᠥᠷ ᠮᠣᠩᠭᠣᠯ᠎ᠤᠨ ᠬᠥᠭ᠌ᠵᠢᠯᠲᠡ ᠳᠠᠷᠤᠢ ᠬᠢᠵᠠᠭᠠᠯᠠᠰᠢ ᠦᠭᠡᠢ ᠳᠠᠯᠳᠠ ᠬᠦᠴᠦᠨ᠂ ᠬᠢᠵᠠᠭᠠᠯᠠᠰᠢ ᠦᠭᠡᠢ ᠠᠮᠢᠵᠢᠷᠠᠯ᠎ᠤᠨ ᠬᠦᠴᠦᠨ᠎ᠲᠡᠶ ᠪᠣᠯᠵᠦ ᠴᠢᠳᠠᠨ᠎ᠠ᠃
ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌᠎ᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠢᠳᠪᠦᠷᠢᠯᠡᠬᠦ᠌ ᠲᠥᠰᠦᠯ᠎ᠢ ᠥᠩᠭᠡᠷᠡᠭ᠌ᠰᠡᠨ᠎ᠦ ᠠᠯᠢ ᠴᠤ᠌ ᠦᠶ᠎ᠡ᠎ᠡᠴᠡ ᠨᠡᠩ ᠢᠯᠡᠭᠦᠦ ᠱᠠᠭᠠᠷᠳᠠᠵᠤ᠂ ᠱᠢᠨ᠎ᠡ᠎ᠶ᠋ᠢ ᠡᠭᠦᠳᠬᠦ᠌᠎ᠶ᠋ᠢᠨ ᠲᠤᠯᠭᠠᠭᠤᠷᠢᠯᠠᠨ ᠳᠠᠢᠴᠢᠯᠠᠬᠤ ᠴᠢᠳᠠᠪᠤᠷᠢ᠎ᠶ᠋ᠢ ᠨᠡᠩ ᠢᠯᠡᠭᠦᠦ ᠱᠠᠭᠠᠷᠳᠠᠨ᠎ᠠ᠃ ᠡᠨᠡ ᠬᠠᠪᠤᠷ᠎ᠠᠴᠠ ᠡᠬᠢᠯᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠯ᠎ᠠ᠎ᠪᠠᠷ ᠡᠮᠦᠨ᠎ᠡ᠎ᠨᠢ ᠬᠣᠱᠢᠭᠤᠷᠠᠵᠤ᠂ ᠵᠣᠷᠢᠭ᠍ᠲᠠᠶ᠎ᠪᠠᠷ ᠲᠦᠷᠦᠭᠦᠯᠡᠨ ᠬᠢᠵᠦ᠍᠂ ᠠᠰᠢᠭᠲᠠᠢ ᠱᠢᠲᠠᠷ᠎ᠠ ᠲᠠᠯᠪᠢᠵᠤ᠂ ᠰᠠᠨᠠᠭᠠᠴᠢᠯᠠᠭᠠᠲᠤ ᠲᠡᠢᠨ ᠬᠢᠵᠦ᠍᠂ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢ 《ᠠᠮᠢᠳᠤᠯᠢᠭᠵᠢᠭᠤᠯᠵᠤ》᠂ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ 《ᠬᠦᠴᠦᠷᠬᠡᠭ᠌ᠵᠢᠭᠦᠯᠵᠦ᠍》᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ ᠵᠠᠮ᠎ᠢᠶᠠᠷ ᠭᠦᠨᠵᠡᠭᠡᠶ ᠪᠥᠭᠡᠳ ᠪᠣᠳᠠᠲᠠᠶ ᠵᠠᠮᠨᠠᠪᠠᠯ᠂ ᠥᠪᠥᠷ ᠮᠣᠩᠭᠣᠯ ᠯᠠᠪᠲᠠᠶ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠤᠷᠤᠯᠳᠤᠭᠠᠨ᠎ᠤ ᠵᠠᠮ ᠳᠡᠭᠡᠷ᠎ᠡ ᠬᠥᠮᠦᠰ᠎ᠦᠨ ᠠᠩᠬᠠᠷᠤᠯ᠎ᠢ ᠲᠠᠲᠠᠭ᠍ᠰᠠᠨ ᠰᠠᠢᠨ ᠬᠢᠷᠢ ᠪᠦᠲᠦᠮᠵᠢ ᠣᠯᠵᠤ ᠴᠢᠳᠠᠨ᠎ᠠ᠃